ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠤᠯᠤᠰ ᠪᠠ ᠤᠷᠤᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2017/7/31
                                    ᠬᠦᠯᠦᠨ ᠵᠠᠰᠠᠭ ᠲᠠᠷᠬᠠᠭᠠᠭᠰᠠᠨ ﹇2017﹈ 58 ᠲᠤᠭᠠᠲᠤ                      2017 ᠤᠨ ᠤ 5 ᠰᠠᠷ᠎ᠠ ᠶᠢᠨ12 ᠤ ᠡᠳᠦᠷᠡᠯ᠎ᠡ ᠬᠤᠰᠢᠭᠤ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ᠂ ᠬᠤᠲᠠ ᠶᠢᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠬᠦᠯᠦᠨ ᠪᠤᠶᠢᠷ ᠬᠤᠲᠠ ᠳᠤ ᠰᠠᠭᠤᠭ᠎ᠠ ᠬᠤᠯᠪᠤᠭᠳᠠᠯ ᠪᠦᠬᠦᠢ ᠨᠢᠭᠡᠴᠡ ᠳᠤ᠄       ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ︽ᠤᠯᠤᠰ ᠪᠠ ᠤᠷᠤᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠲᠤᠬᠠᠢ ᠰᠠᠨᠠᠯ︾ ︵ᠦᠪᠦᠷ ᠵᠠᠰᠠᠭ ᠲᠠᠷᠬᠠᠭᠠᠭᠰᠠᠨ ︿2017﹀ 9 ᠳ᠋ᠦ᠋ᠭᠡᠷ᠂ ᠳᠤᠤᠷ᠎ᠠ ︽ᠰᠠᠨᠠᠯ︾ ᠭᠡᠵᠦ ᠳᠦᠭᠦᠮᠴᠢᠯᠡᠨ᠎ᠡ︶ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠪᠠ ᠤᠷᠤᠨ ᠨᠤᠲᠤᠭ ᠤᠨ ᠭᠠᠶᠢᠯᠢ ᠲᠠᠲᠠᠪᠤᠷᠢ ᠶᠢᠨ ᠬᠠᠮᠲᠤᠷᠠᠯᠴᠠᠭ᠎ᠠ ᠶᠢ ᠠᠯᠬᠤᠮ ᠴᠢᠨᠠᠭᠰᠢᠳᠠ ᠴᠢᠩᠭᠠᠳᠬᠠᠵᠤ᠂ ᠭᠠᠶᠢᠯᠢ ᠲᠠᠲᠠᠪᠤᠷᠢ ᠶᠢ ᠬᠠᠮᠲᠤᠪᠠᠷ ᠵᠠᠰᠠᠬᠤ ᠶᠢ ᠬᠦᠴᠦᠯᠡᠨ ᠠᠬᠢᠭᠤᠯᠵᠤ᠂ ᠭᠠᠶᠢᠯᠢ ᠲᠠᠲᠠᠪᠤᠷᠢᠯᠠᠵᠤ ᠬᠠᠮᠢᠶᠠᠷᠬᠤ ᠪᠠᠶᠢᠭᠤᠯᠤᠯ ᠤᠨ ᠦᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ︽ᠵᠠᠰᠠᠭ ᠤᠨ ᠤᠷᠳᠤᠨ ᠠᠴᠠ ᠭᠤᠤᠯ ᠤᠳᠤᠷᠢᠳᠴᠤ᠂ ᠰᠠᠯᠠᠭ᠎ᠠ ᠮᠦᠴᠢᠷ ᠤᠳ ᠬᠠᠮᠵᠢᠯᠴᠠᠵᠤ᠂ ᠨᠡᠶᠢᠭᠡᠮ ᠨᠡᠶᠢᠲᠡ ᠶᠢ ᠤᠷᠤᠯᠴᠠᠭᠤᠯᠤᠭᠰᠠᠨ︾ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠪᠠ ᠭᠠᠶᠢᠯᠢ ᠲᠠᠲᠠᠪᠤᠷᠢᠯᠠᠬᠤ ᠶᠢ ᠳᠡᠮᠵᠢᠵᠦ ᠬᠠᠮᠠᠭᠠᠯᠠᠬᠤ ᠰᠢᠰᠲ᠋ᠧᠮ ᠢ ᠪᠦᠲᠦᠭᠡᠨ ᠪᠠᠶᠢᠭᠤᠯᠬᠤ ᠶᠢᠨ ᠲᠤᠰᠠᠳᠠ᠂ ᠲᠤᠤᠷᠠᠬᠢ ᠮᠡᠲᠦ ᠰᠠᠨᠠᠯ ᠢ ᠳᠤᠷᠠᠳᠪᠠ᠃       ᠨᠢᠭᠡ᠂ ᠶᠡᠷᠦᠩᠬᠡᠢ ᠬᠠᠷᠠᠯᠲᠠ       ᠡᠯ᠎ᠡ ᠱᠠᠲᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠤ ᠤᠳᠤᠷᠢᠳᠤᠯᠭ᠎ᠠ ᠳᠤᠤᠷ᠎ᠠ᠂ ᠪᠦᠬᠦ ᠬᠤᠲᠠ ᠶᠢᠨ ᠡᠯ᠎ᠡ ᠱᠠᠲᠤᠨ ᠤ ᠤᠯᠤᠰ ᠤᠨ ᠭᠠᠶᠢᠯᠢ᠂ ᠤᠷᠤᠨ ᠨᠤᠲᠤᠭ ᠤᠨ ᠭᠠᠶᠢᠯᠢ ᠶᠢᠨ ᠪᠠᠶᠢᠭᠤᠯᠭ᠎ᠠ ᠵᠢᠴᠢ ᠬᠤᠯᠪᠤᠭᠳᠠᠯ ᠪᠦᠬᠦᠢ ᠠᠵᠤ ᠠᠬᠤᠢ ᠶᠢᠨ ᠬᠠᠮᠢᠶᠠᠷᠥᠯᠲᠠ ᠶᠢᠨ ᠰᠠᠯᠠᠭ᠎ᠠ ᠮᠦᠴᠢᠷ ᠬᠠᠮᠲᠤᠷᠠᠨ ᠠᠵᠢᠯᠯᠠᠵᠤ᠂ ᠦᠢᠯᠡᠴᠢᠯᠡᠭᠡ ᠶᠢ ᠭᠦᠨᠴᠡ ᠠᠭᠤᠰᠤᠯᠴᠠᠭᠤᠯᠬᠤ᠂ ᠲᠠᠲᠠᠪᠤᠷᠢᠯᠠᠵᠤ ᠬᠠᠮᠢᠶᠠᠷᠬᠤ ᠨᠡᠶᠢᠯᠡᠮᠡᠯ ᠬᠦᠴᠦᠨ ᠢ ᠨᠡᠮᠡᠭᠳᠡᠭᠦᠯᠬᠦ᠂ ᠬᠤᠯᠪᠤᠭᠠᠯᠠᠨ ᠬᠠᠤᠯᠢ ᠬᠡᠷᠡᠭᠵᠢᠭᠦᠯᠬᠦ ᠶᠢ ᠴᠢᠩᠭᠠᠷᠠᠭᠤᠯᠬᠤ᠂ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠬᠠᠷᠠᠯᠲᠠ ᠱᠠᠭᠠᠷᠳᠠᠯᠭ᠎ᠠ ᠶᠢ ᠦᠷᠭᠡᠳᠭᠡᠬᠦ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠮᠲᠤᠷᠠᠯᠴᠠᠭ᠎ᠠ ᠶᠢᠨ ᠬᠡᠯᠪᠡᠷᠢ ᠶᠢ ᠰᠢᠨᠡᠳᠭᠡᠨ᠂ ᠬᠦᠷᠢᠶ᠎ᠡ ᠴᠠᠷ᠎ᠠ ᠶᠢ ᠦᠷᠭᠡᠳᠭᠡᠵᠦ᠂ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠬᠦ ᠶᠢ ᠪᠡᠶᠡᠯᠡᠭᠦᠯᠵᠦ᠂ ᠤᠯᠤᠰ ᠪᠠ ᠤᠷᠤᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠳᠡᠰ ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃ ᠭᠠᠶᠢᠯᠢ ᠲᠠᠲᠠᠪᠤᠷᠢ ᠶᠢ ᠬᠠᠮᠲᠤᠪᠠᠷ ᠵᠠᠰᠠᠬᠤ ᠪᠠᠶᠢᠷᠢᠰᠢᠯ ᠢ ᠬᠦᠴᠦᠯᠡᠨ ᠪᠠᠶᠢᠭᠤᠯᠵᠤ᠂ ᠭᠠᠶᠢᠯᠢ ᠲᠠᠲᠠᠪᠤᠷᠢᠯᠠᠵᠤ ᠬᠠᠮᠢᠶᠠᠷᠬᠤ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠭᠠᠶᠢᠯᠢ ᠲᠠᠲᠠᠪᠤᠷᠢᠯᠠᠵᠤ ᠬᠠᠮᠢᠶᠠᠷᠬᠤ  ᠴᠢᠳᠠᠪᠬᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠭᠠᠶᠢᠯᠢ ᠲᠤᠰᠢᠶᠠᠬᠤ ᠦᠢᠯᠡᠴᠢᠯᠡᠭᠡ ᠶᠢ ᠰᠢᠯᠢᠳᠡᠭᠵᠢᠭᠦᠯᠵᠦ᠂ ᠭᠠᠶᠢᠯᠢ ᠲᠠᠲᠠᠪᠤᠷᠢᠯᠠᠬᠤ ᠲᠤᠰᠢᠶᠠᠬᠤ ᠦᠪᠡᠷ ᠤᠨ ᠦᠷᠲᠡᠭ ᠢ ᠪᠠᠭᠤᠷᠠᠭᠤᠯᠵᠤ᠂ ᠭᠠᠶᠢᠯᠢ ᠶᠢᠨ ᠬᠠᠤᠯᠢ ᠶᠢᠨ ᠵᠢᠷᠤᠮᠯᠡᠨ ᠳᠠᠭᠠᠬᠤ ᠬᠡᠮᠵᠢᠶ᠎ᠡ ᠪᠠ ᠭᠠᠶᠢᠯᠢ ᠲᠤᠰᠢᠶᠠᠭᠴᠢ ᠶᠢᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠲᠦᠷᠭᠡᠨ ᠪᠦᠭᠡᠳ ᠡᠷᠡᠭᠦᠯ ᠢᠶᠠᠷ ᠬᠦᠭᠵᠢᠬᠦ ᠶᠢ ᠢᠳᠡᠪᠬᠢᠲᠡᠢ ᠪᠠᠷ ᠳᠡᠮᠵᠢᠨ᠎ᠡ᠃       ᠬᠤᠶᠠᠷ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ       ︽ᠰᠠᠨᠠᠯ︾ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠬᠦᠯᠦᠨ ᠪᠤᠶᠢᠷ ᠬᠤᠲᠠ ᠶᠢᠨ ᠤᠯᠤᠰ ᠪᠠ ᠤᠷᠤᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠤᠳᠤᠷᠢᠳᠬᠤ ᠳᠤᠭᠤᠶᠢᠯᠠᠩ ᠪᠠᠶᠢᠭᠤᠯᠤᠨ᠎ᠠ᠃ ᠬᠦᠯᠦᠨ ᠪᠤᠶᠢᠷ ᠬᠤᠲᠠ ᠶᠢᠨ ᠤᠯᠤᠰ ᠪᠠ ᠤᠷᠤᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠠᠵᠢᠯ ᠤᠨ ᠲᠦᠯᠦᠪᠵᠢᠭᠦᠯᠭᠡ ᠪᠠ ᠲᠦᠰᠦᠯ ᠢ ᠬᠢᠨᠠᠨ ᠲᠤᠭᠲᠠᠭᠠᠬᠤ᠂ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠳᠠᠬᠢ ᠵᠢᠯᠤᠭᠤᠳᠤᠯᠭ᠎ᠠ᠂ ᠱᠠᠭᠠᠷᠳᠠᠨ ᠪᠠᠶᠢᠴᠠᠭᠠᠯᠲᠠ ᠶᠢ ᠴᠢᠩᠭᠠᠳᠬᠠᠬᠤ᠂ ᠴᠢᠬᠤᠯᠠ ᠬᠦᠷᠢᠶ᠎ᠡ ᠴᠠᠷ᠎ᠠ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠴᠢᠬᠤᠯᠠ ᠶᠡᠭᠡ ᠠᠬᠢᠭᠤᠯᠬᠤ ᠬᠡᠷᠡᠭ ᠶᠠᠪᠤᠳᠠᠯ ᠢ ᠨᠢᠭᠡᠳᠦᠯᠲᠡᠢ ᠲᠦᠯᠦᠪᠯᠡᠨ ᠰᠤᠳᠤᠯᠬᠤ᠂ ᠠᠵᠢᠯ ᠤᠨ ᠠᠬᠢᠭᠤᠯᠤᠯᠲᠠ ᠳᠤᠮᠳᠠ ᠲᠤᠯᠭᠠᠷᠠᠭᠰᠠᠨ ᠭᠤᠤᠯᠳᠠᠯᠭ᠎ᠠ ᠲᠠᠢ ᠬᠦᠴᠢᠷᠳᠡᠯ ᠲᠠᠢ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠬᠦ ᠵᠡᠷᠭᠡ ᠶᠢ ᠬᠠᠷᠢᠭᠤᠴᠠᠨ᠎ᠠ᠃ ᠤᠳᠤᠷᠢᠳᠬᠤ ᠳᠤᠭᠤᠶᠢᠯᠠᠩ ᠶᠢᠨ ᠠᠯᠪᠠᠨ ᠭᠡᠷ ᠢ ᠬᠤᠲᠠ ᠶᠢᠨ ᠤᠯᠤᠰ ᠤᠨ ᠭᠠᠶᠢᠯᠢ ᠶᠢᠨ ᠲᠤᠪᠴᠢᠶ᠎ᠠ᠂ ᠬᠤᠲᠠ ᠶᠢᠨ ᠤᠷᠤᠨ ᠨᠤᠲᠤᠭ ᠤᠨ ᠭᠠᠶᠢᠯᠢ ᠶᠢᠨ ᠲᠤᠪᠴᠢᠶ᠎ᠠ ᠳᠤ ᠪᠠᠶᠢᠭᠤᠯᠵᠤ᠂ ᠡᠳᠦᠷ ᠲᠤᠲᠤᠮ‌‍ᠤᠨ ᠵᠤᠬᠢᠶᠠᠨ ᠪᠠᠶᠢᠭᠤᠯᠬᠤ ᠵᠤᠬᠢᠴᠠᠭᠤᠯᠬᠤ ᠠᠵᠢᠯ᠂ ᠡᠯ᠎ᠡ ᠨᠢᠭᠡᠴᠡ ᠂ ᠡᠯ᠎ᠡ ᠰᠠᠯᠠᠭ᠎ᠠ ᠮᠦᠴᠢᠷ ᠤᠨ ᠤᠯᠤᠰ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠠᠵᠢᠯ ᠤᠨ ᠪᠠᠶᠢᠳᠠᠯ ᠳᠤ ᠬᠢᠨᠠᠯᠲᠠ ᠲᠠᠯᠪᠢᠬᠤ ᠪᠠ ᠪᠠᠶᠢᠴᠠᠭᠠᠬᠤ᠂ ᠤᠷᠤᠨ ᠨᠤᠲᠤᠭ ᠤᠨ ᠨᠠᠮ ᠤᠨ ᠬᠤᠷᠢᠶ᠎ᠡ᠂ ᠵᠠᠰᠠᠭ ᠤᠨ ᠤᠷᠳᠤᠨ ᠪᠠ ᠡᠯ᠎ᠡ ᠡᠭᠦᠷᠭᠡ ᠴᠢᠳᠠᠪᠤᠷᠢᠲᠤ ᠨᠢᠭᠡᠴᠡ ᠶᠢᠨ ᠬᠤᠯᠪᠤᠭᠳᠠᠯ ᠪᠦᠬᠦᠢ ᠠᠵᠢᠯ ᠤᠨ ᠬᠡᠷᠡᠭ ᠶᠠᠪᠤᠳᠠᠯ ᠢ ᠵᠤᠬᠢᠴᠠᠭᠤᠯᠬᠤ᠂ ᠲᠤᠭᠲᠠᠮᠠᠯ ᠪᠤᠰᠤ ᠬᠤᠭᠤᠴᠠᠭ᠎ᠠ ᠪᠠᠷ ᠤᠳᠤᠷᠢᠳᠬᠤ ᠳᠤᠭᠤᠶᠢᠯᠠᠩ ᠳᠤ ᠤᠯᠤᠰ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠠᠵᠢᠯ ᠤᠨ ᠠᠬᠢᠴᠠ ᠶᠢ ᠮᠡᠳᠡᠭᠦᠯᠬᠦ ᠵᠡᠷᠭᠡ ᠶᠢ ᠬᠠᠷᠢᠭᠤᠴᠠᠨ᠎ᠠ᠃       ᠭᠤᠷᠪᠠ᠂ ᠠᠵᠢᠯ ᠤᠨ ᠱᠠᠭᠠᠷᠳᠠᠯᠭ᠎ᠠ       ᠤᠯᠤᠰ ᠪᠠ ᠤᠷᠤᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠠᠵᠢᠯ ᠢ ᠴᠢᠩᠭᠠᠳᠬᠠᠬᠤ ᠪᠤᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠳᠦᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ ᠵᠠᠰᠠᠭ ᠤᠨ ᠤᠷᠳᠤᠨ ᠤ ᠰᠢᠢᠳᠪᠦᠷᠢᠲᠤ ᠪᠤᠳᠤᠯᠭ᠎ᠠ ᠶᠢᠨ ᠪᠠᠶᠢᠷᠢᠯᠠᠭᠤᠯᠤᠯᠲᠠ ᠳᠠᠬᠢ ᠴᠢᠬᠤᠯᠠ ᠦᠭᠡᠷᠡᠴᠢᠯᠡᠯᠲᠡ ᠶᠢᠨ ᠠᠭᠤᠯᠭ᠎ᠠ ᠶᠤᠰᠤᠭᠠᠷ᠂ ᠪᠦᠬᠦ ᠬᠤᠲᠠ ᠶᠢᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠲᠡᠭᠡᠭᠰᠢᠯᠡᠭᠦᠯᠵᠦ᠂ ᠠᠵᠤ ᠠᠬᠤᠢ ᠶᠢᠨ ᠬᠦᠭᠵᠢᠯᠲᠡ ᠶᠢ ᠠᠬᠢᠭᠤᠯᠬᠤ ᠪᠦᠲᠦᠮᠵᠢᠲᠡᠢ ᠠᠷᠭ᠎ᠠ ᠵᠠᠮ ᠪᠤᠯᠤᠨ᠎ᠠ᠂ ᠡᠯ᠎ᠡ ᠨᠢᠭᠡᠴᠡ ᠪᠠ ᠰᠠᠯᠠᠭ᠎ᠠ ᠮᠦᠴᠢᠷ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠠᠵᠤ ᠠᠬᠤᠢ ᠶᠢᠨ  ᠡᠭᠦᠷᠭᠡ ᠴᠢᠳᠠᠪᠤᠷᠢᠲᠤ ᠨᠢᠭᠡᠴᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠢᠭᠡᠳᠦᠯᠲᠡᠢ ᠪᠠᠷ ᠪᠠᠶᠢᠷᠢᠯᠠᠭᠤᠯᠵᠤ᠂ ᠰᠢᠰᠲ᠋ᠧᠮ ᠲᠠᠢ ᠪᠠᠷ ᠴᠤᠮᠬᠠᠳᠬᠠᠵᠤ᠂ ᠭᠠᠶᠢᠯᠢ ᠲᠠᠲᠠᠪᠤᠷᠢᠯᠠᠵᠤ ᠬᠠᠮᠢᠶᠠᠷᠬᠤ ᠪᠠᠶᠢᠭᠤᠯᠤᠯ ᠪᠠ ᠲᠠᠲᠠᠪᠤᠷᠢᠯᠠᠵᠤ ᠬᠠᠮᠢᠶᠠᠷᠬᠤ ᠴᠢᠳᠠᠪᠤᠷᠢ ᠶᠢᠨ ᠤᠳᠤᠬᠢᠴᠢᠯᠠᠯᠲᠠ ᠶᠢ ᠲᠠᠰᠤᠷᠠᠯᠲᠠ ᠦᠭᠡᠢ ᠠᠬᠢᠭᠤᠯᠤᠨ᠂ ᠭᠠᠶᠢᠯᠢ ᠲᠠᠲᠠᠪᠤᠷᠢ ᠶᠢᠨ ᠰᠠᠭᠤᠷᠢ ᠶᠢᠨ ᠴᠢᠨᠠᠷᠲᠠᠢ᠂ ᠲᠤᠯᠭᠠᠭᠤᠷᠢ ᠶᠢᠨ ᠴᠢᠨᠠᠷᠲᠠᠢ᠂ ᠪᠠᠲᠤᠯᠠᠭ᠎ᠠ ᠶᠢᠨ ᠴᠢᠨᠠᠷᠲᠠᠢ ᠦᠢᠯᠡᠳᠦᠯ ᠢ ᠠᠯᠬᠤᠮ ᠴᠢᠨᠠᠭᠰᠢᠲᠠ ᠴᠢᠩᠭᠠᠷᠠᠭᠤᠯᠤᠨ᠎ᠠ᠃       ︵ᠨᠢᠭᠡ︶ ᠠᠵᠢᠯ ᠬᠤᠪᠢᠶᠠᠨ ᠬᠠᠷᠢᠭᠤᠴᠠᠵᠤ᠂ ᠨᠢᠭᠡᠳᠦᠯᠲᠡᠢ ᠲᠦᠯᠦᠪᠯᠡᠨ ᠠᠬᠢᠭᠤᠯᠤᠨ᠎ᠠ᠃ ᠤᠯᠤᠰ ᠪᠠ ᠤᠷᠤᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠠᠵᠢᠯ ᠪᠤᠯ ᠨᠢᠭᠡ ᠵᠦᠢᠯ ᠤᠨ ᠰᠢᠰᠲ᠋ᠧᠮ ᠲᠠᠢ ᠢᠨᠵᠧᠨᠧᠷᠢᠭ ᠪᠠᠶᠢᠵᠤ᠂ ᠡᠯ᠎ᠡ ᠱᠠᠲᠤᠨ ᠤ ᠨᠢᠭᠡᠴᠡ ᠬᠠᠷᠢᠯᠴᠠᠨ ᠨᠡᠪᠲᠡᠷᠡᠯᠴᠡᠨ ᠵᠤᠬᠢᠴᠠᠭᠤᠯᠬᠤ ᠪᠠᠨ ᠴᠢᠩᠭᠠᠳᠬᠠᠵᠤ᠂ ᠰᠡᠳᠭᠢᠯ ᠨᠢᠭᠡᠳᠭᠡᠨ ᠬᠦᠴᠦ ᠪᠠᠨ  ᠲᠦᠪᠯᠡᠷᠡᠭᠦᠯᠦᠨ᠂ ᠴᠤᠭ ᠢᠶᠠᠷ ᠠᠳᠬᠤᠵᠤ ᠬᠠᠮᠲᠤ ᠬᠠᠮᠢᠶᠠᠷᠤᠭᠰᠠᠨ᠂ ᠬᠦᠨᠳᠡᠯᠡᠨ ᠭᠤᠯᠳᠤ ᠪᠠᠷ ᠬᠤᠯᠪᠤᠭᠠᠯᠠᠨ ᠬᠦᠳᠡᠯᠦᠯᠴᠡᠭᠰᠡᠨ ᠤᠯᠤᠰ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠠᠵᠢᠯ ᠤᠨ ᠪᠠᠶᠢᠷᠢᠰᠢᠯ ᠢ ᠪᠤᠢ ᠪᠤᠯᠭᠠᠨ᠎ᠠ᠃       ︵ᠬᠤᠶᠠᠷ︶ ᠢᠳᠡᠪᠬᠢᠲᠡᠢ ᠪᠠᠷ ᠬᠢᠵᠦ᠂ ᠰᠠᠶᠢᠨ ᠪᠦᠲᠦᠮᠵᠢ ᠤᠯᠤᠨ᠎ᠠ᠃ ︽ᠰᠠᠨᠠᠯ︾ ᠨᠢ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠤᠯᠤᠰ ᠪᠠ ᠤᠷᠤᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠠᠵᠢᠯ ᠳᠠᠬᠢ ᠴᠢᠬᠤᠯᠠᠴᠢᠯᠠᠯ ᠢ ᠭᠦᠢᠴᠡᠳ ᠢᠯᠡᠷᠡᠭᠦᠯᠵᠦ᠂ ᠭᠠᠶᠢᠯᠢ ᠲᠠᠲᠠᠪᠤᠷᠢᠯᠠᠵᠤ ᠬᠠᠮᠢᠶᠠᠷᠬᠤ ᠪᠠᠶᠢᠭᠤᠯᠤᠯ ᠤᠨ ᠦᠭᠡᠷᠡᠴᠢᠯᠡᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠪᠠ ᠤᠳᠬ᠎ᠠ ᠠᠭᠤᠯᠭ᠎ᠠ ᠲᠠᠢ᠃ ᠡᠯ᠎ᠡ ᠱᠠᠳᠤᠨ ᠤ ᠵᠠᠰᠠᠭ ᠤᠨ ᠤᠷᠳᠤᠨ ᠠᠴᠠ ᠭᠠᠶᠢᠯᠢ ᠲᠠᠲᠠᠪᠤᠷᠢᠯᠠᠬᠤ ᠠᠵᠢᠯ ᠳᠠᠬᠢ ᠵᠤᠷᠢᠭᠵᠢᠭᠤᠯᠤᠯ ᠪᠠ ᠬᠠᠪᠰᠤᠷᠤᠯᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢ ᠪᠠᠲᠤᠯᠠᠵᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠤᠨ ᠭᠠᠶᠢᠯᠢ ᠲᠠᠲᠠᠪᠤᠷᠢᠯᠠᠵᠤ ᠬᠠᠮᠢᠶᠠᠷᠬᠤ ᠤᠳᠤᠬᠢᠴᠢᠯᠠᠯᠲᠠ ᠶᠢ ᠲᠦᠷᠭᠡᠨ ᠪᠡᠶᠡᠯᠡᠭᠦᠯᠬᠦ ᠶᠢ  ᠳᠡᠮᠵᠢᠨ ᠠᠬᠢᠭᠤᠯᠤᠨ᠎ᠠ᠃       ︵ᠭᠤᠷᠪᠠ︶ ᠢᠳᠡᠪᠬᠢᠲᠡᠢ ᠪᠠᠷ ᠤᠬᠠᠭᠤᠯᠵᠤ᠂ ᠪᠦᠬᠦ ᠲᠠᠯ᠎ᠠ ᠪᠠᠷ ᠳᠡᠯᠭᠡᠷᠡᠭᠦᠯᠦᠨ᠎ᠡ᠃ ᠡᠯ᠎ᠡ ᠱᠠᠳᠤᠨ ᠤ ᠵᠠᠰᠠᠭ ᠤᠨ ᠤᠷᠳᠤᠨ ᠠᠴᠠ ︽ᠰᠠᠨᠠᠯ︾ ᠤᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠶᠢᠨ ᠤᠬᠠᠭᠤᠯᠭ᠎ᠠ ᠶᠢ ᠬᠦᠴᠦᠯᠡᠨ ᠦᠷᠨᠢᠭᠦᠯᠵᠦ᠂ ᠦᠭᠡᠷᠡᠴᠢᠯᠡᠯᠲᠠ ᠶᠢᠨ ᠦᠷ᠎ᠡ ᠪᠦᠲᠦᠭᠡᠯ ᠢ ᠲᠠᠨᠢᠯᠴᠠᠭᠤᠯᠵᠤ᠂ ᠳᠠᠭᠤᠷᠢᠶᠠᠵᠤ ᠪᠤᠯᠬᠤ ᠳᠡᠯᠭᠡᠷᠡᠭᠦᠯᠵᠦ ᠪᠤᠯᠬᠤ ᠲᠤᠷᠰᠢᠯᠭ᠎ᠠ ᠶᠢ ᠤᠯᠤᠰ ᠪᠠ ᠤᠷᠤᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠴᠠᠭ ᠲᠤᠬᠠᠢ ᠳᠤᠨᠢ ᠮᠡᠳᠡᠭᠦᠯᠵᠦ᠂ ᠪᠦᠬᠦ ᠬᠤᠲᠠ ᠳᠤ ᠪᠦᠬᠦ ᠲᠠᠯ᠎ᠠ ᠪᠠᠷ  ᠳᠡᠯᠭᠡᠷᠡᠭᠦᠯᠦᠨ᠎ᠡ᠃ ᠨᠡᠶᠢᠳᠡᠯᠢᠭ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠵᠦ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠢᠳᠡᠪᠬᠢᠲᠡᠢ ᠪᠠᠷ ᠰᠤᠩᠭᠤᠨ ᠭᠠᠷᠭᠠᠵᠤ᠂ ︽ᠠᠳᠠᠯᠢᠳᠬᠠᠬᠤ᠂ ᠰᠤᠷᠤᠯᠴᠠᠬᠤ᠂ ᠠᠮᠵᠢᠬᠤ᠂  ᠬᠠᠪᠰᠤᠷᠬᠤ᠂ ᠳᠠᠪᠠᠭ᠋ᠤ︾ ᠭᠦᠨ ᠵᠤᠵᠠᠭᠠᠨ ᠤᠷᠴᠢᠨ ᠲᠤᠭᠤᠷᠢᠨ ᠢ ᠪᠦᠷᠢᠯᠳᠦᠭᠦᠯᠵᠦ᠂ ᠪᠦᠬᠦ ᠬᠤᠲᠠ ᠶᠢᠨ ᠭᠠᠶᠢᠯᠢ ᠲᠠᠲᠠᠪᠤᠷᠢᠯᠠᠵᠤ ᠬᠠᠮᠢᠶᠠᠷᠬᠤ ᠪᠠᠶᠢᠭᠤᠯᠤᠯ ᠤᠨ ᠦᠭᠡᠷᠡᠴᠢᠯᠡᠯᠲᠡ ᠶᠢ ᠲᠠᠰᠤᠷᠠᠯᠲᠠ ᠦᠭᠡᠢ ᠬᠦᠨᠵᠡᠭᠡᠶᠢᠷᠡᠭᠦᠯᠬᠦ ᠶᠢ ᠠᠬᠢᠭᠤᠯᠤᠨ᠎ᠠ᠃  
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ