ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠲᠤᠭᠲᠠᠴᠠ ᠶᠢ ᠲᠡᠭᠦᠯᠳᠡᠷᠵᠢᠭᠦᠯᠬᠦ ᠲᠤᠬᠠᠢ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2018/2/2
                                 ᠬᠦᠯᠦᠨ ᠵᠠᠰᠠᠭ ᠠᠯᠪᠠᠨ ᠲᠠᠷᠬᠠᠭᠠᠭᠰᠠᠨ ﹇2017﹈ 84 ᠲᠤᠭᠠᠲᠤ                              2017 ᠤᠨ ᠤ 8 ᠰᠠᠷ᠎ᠠ ᠶᠢᠨ15 ᠤ ᠡᠳᠦᠷᠡᠯ᠎ᠡ ᠬᠤᠰᠢᠭᠤ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ᠂ ᠬᠤᠲᠠ ᠶᠢᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠬᠦᠯᠦᠨ ᠪᠤᠶᠢᠷ ᠬᠤᠲᠠ ᠳᠤ ᠰᠠᠭᠤᠭ᠎ᠠ ᠬᠤᠯᠪᠤᠭᠳᠠᠯ ᠪᠦᠬᠦᠢ ᠨᠢᠭᠡᠴᠡ ᠳᠤ᠄       ︽ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠲᠤᠭᠲᠠᠴᠠ ᠶᠢ ᠲᠡᠭᠦᠯᠳᠡᠷᠵᠢᠭᠦᠯᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠦᠷᠦ ᠠᠯᠪᠠᠨ ᠲᠠᠷᠬᠠᠭᠠᠭᠰᠠᠨ ︿2016﹀ 31 ᠲᠤᠭᠠᠲᠤ︶ ᠪᠠ ︽ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠲᠤᠭᠲᠠᠴᠠ ᠶᠢ ᠲᠡᠭᠦᠯᠳᠡᠷᠵᠢᠭᠦᠯᠬᠦ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠦᠪᠦᠷ ᠵᠠᠰᠠᠭ ᠠᠯᠪᠠᠨ ᠲᠠᠷᠬᠠᠭᠠᠭᠰᠠᠨ ︿2016﹀ 183 ᠲᠤᠭᠠᠲᠤ︶ ᠤᠨ ᠵᠤᠷᠢᠭ ᠰᠠᠨᠠᠭ᠎ᠠ ᠶᠢ ᠲᠤᠤᠱᠯᠠᠭᠤᠯᠣᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠲᠤᠭᠲᠠᠴᠠ ᠶᠢ ᠠᠯᠬᠤᠮ ᠴᠢᠨᠠᠭᠰᠢᠲᠠ ᠲᠡᠭᠦᠯᠳᠡᠷᠵᠢᠭᠦᠯᠵᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠭᠡᠬᠦ ᠶᠢᠨ ᠲᠤᠰᠠᠳᠠ᠂ ᠬᠤᠲᠠ ᠶᠢᠨ ᠵᠠᠰᠠᠭ ᠤᠨ ᠤᠷᠳᠤᠨ ᠠᠴᠠ ᠰᠤᠳᠤᠯᠤᠭᠠᠳ᠂ ᠳᠤᠤᠷᠠᠬᠢ ᠮᠠᠲᠦ ᠬᠡᠷᠡᠭᠵᠢᠭᠦᠯᠬᠦ ᠰᠠᠨᠠᠯ ᠢ ᠲᠤᠭᠲᠠᠭᠠᠪᠠ᠄       ᠨᠢᠭᠡ᠂ ᠶᠡᠷᠦᠩᠬᠡᠢ ᠱᠠᠭᠠᠷᠳᠠᠯᠭ᠎ᠠ       ︵ᠨᠢᠭᠡ︶ ᠵᠢᠯᠤᠭᠤᠳᠬᠤ ᠦᠵᠡᠯ ᠰᠠᠨᠠᠭ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯᠳᠤᠭᠠᠨ᠂ ᠳᠦᠷᠪᠡᠳᠦᠭᠡᠷ ᠪᠦᠭᠦᠳᠡ ᠬᠤᠷᠠᠯᠳᠤᠭᠠᠨ᠂ ᠲᠠᠪᠤᠳᠤᠭᠠᠷ ᠪᠦᠭᠦᠳᠡ ᠬᠤᠷᠠᠯᠳᠤᠭᠠᠨ᠂ ᠵᠢᠷᠭᠤᠳᠤᠭᠠᠷ ᠪᠦᠭᠦᠳᠡ ᠬᠤᠷᠠᠯᠳᠤᠭᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠠ ᠦᠪᠦᠷ ᠮᠤᠩᠭᠤᠯ ᠢ ᠰᠢᠨᠵᠢᠯᠡᠨ ᠪᠠᠶᠢᠴᠠᠭᠠᠬᠤ ᠳᠤ ᠶᠠᠷᠢᠭᠰᠠᠨ ᠴᠢᠬᠤᠯᠠ ᠶᠡᠷᠢᠶ᠎ᠠ ᠶᠢᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢᠨ᠎ᠡ ᠶᠢ ᠡᠭᠦᠳᠬᠦ᠂ ᠵᠤᠬᠢᠴᠠᠩᠭᠤᠢ ᠪᠠᠶᠢᠯᠭᠠᠬᠤ᠂ ᠪᠤᠬᠢᠷᠳᠤᠯ ᠦᠭᠡᠢ ᠪᠠᠶᠢᠬᠤ᠂ ᠴᠢᠯᠦᠭᠡᠲᠡᠢ ᠶᠠᠪᠤᠯᠴᠠᠬᠤ᠂ ᠬᠠᠮᠲᠤ ᠪᠠᠷ ᠡᠳ᠋ᠯᠡᠬᠦ ᠬᠦᠭᠵᠢᠯᠲᠡ ᠶᠢᠨ ᠤᠨᠤᠯᠵᠢᠬᠤᠨ ᠢ ᠪᠠᠲᠤ ᠪᠠᠬᠢ ᠪᠤᠢ ᠪᠤᠯᠭᠠᠵᠤ᠂ ᠬᠦᠭᠵᠢᠯᠲᠡ ᠶᠢ ᠠᠬᠢᠭᠤᠯᠬᠤ ᠬᠢᠭᠡᠳ ᠠᠮᠢ ᠠᠬᠤᠢ ᠶᠢ ᠬᠠᠮᠠᠭᠠᠯᠠᠬᠤ ᠶᠢᠨ ᠬᠠᠷᠢᠴᠠᠭ᠎ᠠ ᠶᠢ ᠵᠦᠪ ᠪᠠᠷ ᠰᠢᠢᠳᠪᠦᠷᠢᠯᠡᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠲᠤᠭᠲᠠᠴᠠ ᠶᠢ ᠠᠯᠬᠤᠮ ᠴᠢᠨᠠᠭᠰᠢᠲᠠ ᠲᠡᠭᠦᠯᠳᠡᠷᠵᠢᠭᠦᠯᠵᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠲᠦᠷᠭᠡᠳᠭᠡᠨ ᠠᠬᠢᠭᠤᠯᠤᠨ᠎ᠠ᠃       ︵ᠬᠤᠶᠠᠷ︶ ᠦᠨᠳᠦᠰᠦᠨ ᠵᠠᠷᠴᠢᠮ᠃ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠢ ᠰᠢᠨᠵᠢᠯᠡᠨ ᠪᠠᠶᠢᠴᠠᠭᠠᠬᠤ ᠳᠤ ᠳᠤᠷᠠᠳᠤᠭᠰᠠᠨ ︽ᠦᠪᠦᠷ ᠮᠤᠩᠭᠤᠯ ᠵᠤᠷᠢᠭᠲᠠᠢ ᠪᠠᠷ ᠤᠷᠢᠳᠠᠪᠠᠷ ᠬᠡᠷᠡᠭᠵᠢᠭᠦᠯᠦᠨ ᠤᠷᠢᠳᠠᠪᠠᠷ ᠲᠤᠷᠰᠢᠵᠤ᠂ ᠠᠮᠢ ᠠᠬᠤᠢ ᠶᠢᠨ ᠪᠤᠯᠪᠠᠰᠤᠨ ᠤ ᠳᠦᠷᠢᠮ ᠤᠨ ᠪᠠᠶᠢᠭᠤᠯᠤᠯᠲᠠ ᠪᠠ ᠦᠭᠡᠷᠡᠴᠢᠯᠡᠯᠲᠡ ᠶᠢ ᠢᠳᠡᠪᠬᠢᠲᠡᠢ ᠪᠠᠷ ᠠᠬᠢᠭᠤᠯᠬᠤ ᠬᠡᠷᠡᠭᠲᠡᠢ︾ ᠭᠡᠬᠦ ᠱᠠᠭᠠᠷᠳᠠᠯᠭ᠎ᠠ ᠪᠠᠷ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠲᠤᠬᠠᠢ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠢᠳᠪᠦᠷᠢᠲᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶᠢᠷᠡᠭᠦᠯᠦᠨ ᠲᠤᠤᠱᠯᠠᠭᠤᠯᠤᠨ᠎ᠠ᠃ ᠵᠠᠰᠠᠭ ᠤᠨ ᠤᠷᠳᠤᠨ ᠭᠤᠤᠯᠯᠠᠬᠤ ᠪᠠ ᠨᠡᠶᠢᠭᠡᠮ ᠤᠷᠤᠯᠴᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠤᠯᠠᠨ ᠡᠰᠢᠵᠢᠭᠰᠡᠨ ᠠᠮᠢ ᠠᠬᠤᠢ ᠶᠢᠨ ᠨᠦᠬᠦᠪᠦᠷᠢ ᠶᠢᠨ ᠲᠤᠭᠲᠠᠴᠠ ᠶᠢ ᠪᠠᠶᠢᠭᠤᠯᠤᠨ᠎ᠠ︔ ᠡᠷᠬᠡ ᠠᠰᠢᠭ ᠢ ᠪᠠᠲᠤᠯᠠᠬᠤ ᠪᠠ ᠬᠠᠷᠢᠭᠤᠴᠠᠯᠭ᠎ᠠ ᠶᠢ ᠴᠢᠩᠳᠠᠯᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠠᠰᠢᠭ  ᠬᠦᠷᠲᠡᠭᠰᠡᠳ ᠵᠠᠷᠤᠳᠠᠯ ᠲᠤᠰᠢᠶᠠᠬᠤ ᠪᠠ ᠬᠠᠮᠠᠭᠠᠯᠠᠭᠴᠢᠳ ᠵᠦᠢ ᠵᠤᠬᠢᠰᠲᠠᠢ ᠨᠦᠬᠦᠪᠦᠷᠢ ᠤᠯᠬᠤ ᠶᠠᠪᠤᠭᠳᠠᠯ ᠤᠨ ᠲᠤᠭᠲᠠᠴᠠ ᠶᠢ ᠪᠠᠶᠢᠭᠤᠯᠤᠨ᠎ᠠ︔ ᠲᠤᠷᠰᠢᠯᠲᠠ ᠬᠢᠵᠦ ᠰᠢᠪᠲᠤᠯᠬᠤ ᠬᠢᠭᠡᠳ ᠪᠦᠬᠦᠯᠢ ᠴᠤᠭᠴᠠ ᠪᠠᠷ ᠨᠢ ᠠᠬᠢᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠪᠦᠬᠦ ᠬᠦᠷᠢᠶ᠎ᠡ ᠴᠠᠷᠠᠭ᠎ᠠ ᠶᠢᠨ ᠠᠮᠢ ᠠᠬᠤᠢ ᠶᠢᠨ ᠨᠦᠬᠦᠪᠦᠷᠢ ᠶᠢᠨ ᠲᠤᠭᠲᠠᠴᠠ ᠶᠢ ᠪᠠᠶᠢᠭᠤᠯᠤᠨ᠎ᠠ︔ ᠳᠦᠷᠢᠮ ᠢ ᠲᠡᠭᠦᠰᠵᠢᠭᠦᠯᠬᠦ ᠬᠢᠭᠡᠳ ᠪᠠᠶᠢᠭᠤᠯᠤᠯ ᠲᠤᠭᠲᠠᠴᠠ ᠶᠢᠨ ᠰᠢᠨ᠎ᠡ ᠶᠢ ᠡᠭᠦᠳᠬᠦ  ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠠᠮᠢ ᠠᠬᠤᠢ ᠶᠢᠨ ᠨᠦᠬᠦᠪᠦᠷᠢ ᠶᠢᠨ ᠶᠠᠪᠤᠭᠳᠠᠯ ᠤᠨ ᠪᠠᠲᠤᠯᠠᠭ᠎ᠠ ᠶᠢᠨ ᠲᠤᠭᠲᠠᠴᠠ ᠶᠢ ᠪᠠᠶᠢᠭᠤᠯᠤᠨ᠎ᠠ᠃       ︵ᠭᠤᠷᠪᠠ︶ ᠭᠤᠤᠯ ᠬᠠᠷᠠᠯᠲᠠ᠃ 2020 ᠤᠨ ᠪᠤᠯᠲᠠᠯ᠎ᠠ᠂ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠡᠯᠡᠰᠦᠨ ᠴᠦᠯ᠂ ᠭᠤᠤᠯ ᠮᠦᠷᠡᠨ᠂ ᠲᠠᠷᠢᠶᠠᠨ ᠭᠠᠵᠠᠷ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠨᠡᠭᠡᠭᠡᠯᠲᠡ ᠬᠤᠷᠢᠭᠠᠲᠠᠢ ᠤᠷᠤᠨ ᠪᠦᠰᠡ᠂ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠤᠷᠤᠨ ᠵᠡᠷᠭᠡ ᠴᠢᠬᠤᠯᠠ ᠤᠷᠤᠨ ᠪᠦᠰᠡ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠨᠦᠬᠦᠪᠦᠷᠢ ᠶᠢᠨ ᠲᠦᠪᠰᠢᠨ ᠢ ᠠᠵᠤ ᠠᠬᠤᠢ ᠨᠡᠶᠢᠭᠡᠮ ᠤᠨ ᠬᠦᠭᠵᠢᠯᠲᠡ ᠯᠦᠭᠡ ᠬᠠᠷᠢᠯᠴᠠᠨ ᠵᠤᠬᠢᠴᠠᠭᠤᠯᠬᠤ ᠶᠢ ᠲᠦᠯᠬᠢᠨ ᠠᠬᠢᠭᠤᠯᠤᠨ᠎ᠠ︔ ᠭᠠᠵᠠᠷ ᠤᠷᠤᠨ ᠠᠯᠤᠰᠯᠠᠭᠰᠠᠨ᠂ ᠰᠠᠪᠠ ᠭᠠᠵᠠᠷ ᠠᠯᠤᠰᠯᠠᠭᠰᠠᠨ ᠨᠦᠬᠦᠪᠦᠷᠢ ᠶᠢᠨ ᠲᠤᠷᠰᠢᠯᠲᠠ ᠶᠢᠨ ᠴᠡᠭ ᠢ ᠴᠢᠷᠮᠠᠶᠢᠨ ᠪᠠᠶᠢᠭᠤᠯᠵᠤ᠂ ᠤᠯᠠᠨ ᠡᠰᠢᠵᠢᠭᠰᠡᠨ ᠨᠦᠬᠦᠪᠦᠷᠢ ᠶᠢᠨ ᠲᠤᠭᠲᠠᠴᠠ ᠶᠢ ᠠᠩᠬ᠎ᠠ ᠠᠯᠬᠤᠮ ᠪᠠᠶᠢᠭᠤᠯᠤᠨ᠎ᠠ︔ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠰᠢᠨ᠎ᠡ ᠱᠠᠲᠤᠨ ᠳᠤ ᠭᠠᠷᠭᠠᠵᠤ᠂ ᠬᠦᠯᠦᠨ ᠪᠤᠶᠢᠷ ᠢᠶᠠᠨ ᠪᠦᠬᠦ ᠤᠯᠤᠰ ᠤᠨ ᠦᠷᠬᠦᠯᠵᠢᠯᠡᠬᠦᠶᠢᠴᠡ ᠬᠦᠭᠵᠢᠯᠲᠡ ᠶᠢᠨ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠤᠷᠤᠨ ᠪᠤᠯᠭᠠᠨ ᠴᠤᠭᠴᠠᠯᠠᠵᠤ᠂ ᠬᠦᠯᠦᠨ ᠪᠤᠶᠢᠷ ᠤᠨ ᠤᠢ ᠰᠢᠭᠤᠢ ᠶᠢ ᠨᠡᠩ ᠢᠭᠴᠤ ᠰᠠᠬᠤᠯᠢᠭ᠂ ᠲᠠᠯ᠎ᠠ ᠨᠤᠲᠤᠭ ᠢ ᠨᠡᠩ ᠨᠤᠮᠢᠨ ᠨᠤᠭᠤᠭᠠᠨ᠂ ᠠᠭᠠᠷ ᠲᠡᠭᠷᠢ ᠶᠢ ᠨᠡᠩ ᠴᠡᠩᠬᠡᠷ ᠴᠡᠯᠮᠡᠭ᠂ ᠭᠤᠤᠯ ᠮᠦᠷᠡᠨ ᠢ ᠨᠡᠩ ᠴᠡᠪᠡᠷ ᠲᠤᠩᠭᠠᠯᠠᠭ ᠪᠤᠯᠭᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢ ᠪᠠᠶᠢᠭᠤᠯᠤᠨ᠎ᠠ᠃       ᠬᠤᠶᠠᠷ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ      ︵ᠳᠦᠷᠪᠡ︶ ᠤᠢ ᠰᠢᠭᠤᠢ᠃ ᠤᠶᠢᠲᠤ ᠭᠠᠵᠠᠷ ᠪᠠ ᠤᠢ ᠰᠢᠭᠤᠢ ᠶᠢᠨ ᠠᠮᠢ ᠠᠬᠤᠢ ᠶᠢᠨ ᠤᠯᠠᠭᠠᠨ ᠱᠤᠭᠤᠮ ᠢ ᠬᠤᠪᠢᠶᠠᠷᠢᠯᠠᠨ ᠲᠤᠭᠲᠠᠭᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠤᠶᠢᠲᠤ ᠤᠷᠤᠨ ᠤ ᠨᠡᠶᠢᠲᠡᠯᠢᠭ ᠬᠤᠰᠢᠭᠤ ᠬᠤᠲᠠ ᠶᠢ ᠤᠯᠤᠰ ᠪᠤᠶᠤ ᠦᠪᠡᠷᠲᠡᠭᠡᠨ ᠵᠠᠰᠠᠬᠤ ᠤᠷᠤᠨ ᠤ ᠠᠮᠢ ᠠᠬᠤᠢ ᠶᠢᠨ  ᠨᠦᠬᠦᠪᠦᠷᠢ ᠶᠢᠨ ᠲᠤᠭᠲᠠᠴᠠ ᠶᠢᠨ ᠲᠤᠷᠰᠢᠯᠲᠠ ᠶᠢᠨ ᠴᠡᠭ ᠲᠤ ᠤᠷᠤᠭᠤᠯᠬᠤ ᠪᠠᠷ ᠢᠳᠡᠪᠬᠢᠲᠡᠢ ᠴᠢᠷᠮᠠᠶᠢᠨ᠎ᠠ︔ ᠪᠠᠷᠢᠮᠵᠢᠶ᠎ᠠ ᠳᠤ ᠨᠡᠶᠢᠴᠡᠬᠦ ᠨᠢᠭᠡᠨᠲᠡ ᠵᠠᠰᠠᠭᠰᠠᠨ ᠡᠯᠡᠰᠦᠷᠬᠡᠭ ᠭᠠᠵᠠᠷ᠂ ᠰᠡᠷᠭᠡᠶᠢᠯᠡᠨ ᠬᠠᠮᠠᠭᠠᠯᠠᠯᠲᠠ ᠶᠢᠨ ᠤᠢ᠂ ᠭᠤᠤᠯᠳᠠᠯᠭ᠎ᠠ ᠲᠠᠢ ᠤᠷᠤᠨ ᠪᠦᠰᠡ ᠶᠢᠨ ᠨᠤᠭᠤᠭᠠᠷᠠᠭᠤᠯᠤᠯᠲᠠ ᠵᠡᠷᠭᠡ ᠨᠡᠶᠢᠲᠡ ᠶᠢᠨ ᠠᠰᠠᠷᠠᠮᠵᠢ ᠶᠢᠨ ᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠤᠰ ᠤᠨ ᠨᠡᠶᠢᠲᠡ ᠶᠢᠨ ᠠᠰᠠᠷᠠᠮᠵᠢ ᠶᠢᠨ ᠤᠢ ᠶᠢᠨ ᠬᠦᠷᠢᠶ᠎ᠡ ᠬᠡᠪᠴᠢᠶᠡᠨ ᠳᠤ ᠤᠷᠤᠭᠤᠯᠬᠤ ᠪᠠᠷ ᠢᠳᠡᠪᠬᠢᠲᠡᠢ ᠴᠢᠷᠮᠠᠶᠢᠨ᠎ᠠ︔ ᠪᠦᠬᠦ ᠬᠤᠲᠠ ᠶᠢᠨ ᠪᠤᠢ ᠪᠦᠬᠦᠢ ᠨᠡᠶᠢᠲᠡ ᠶᠢᠨ ᠠᠰᠠᠷᠠᠮᠵᠢ ᠶᠢᠨ ᠤᠢ᠂ ᠪᠠᠶᠢᠭᠠᠯᠢ ᠶᠢᠨ ᠤᠢ ᠶᠢ ᠤᠯᠤᠰ ᠪᠠ ᠦᠪᠡᠷᠲᠡᠭᠡᠨ ᠵᠠᠰᠠᠬᠤ ᠤᠷᠤᠨ ᠤ ᠨᠦᠬᠦᠪᠦᠷᠢ ᠶᠢᠨ ᠬᠦᠷᠢᠶ᠎ᠡ ᠬᠡᠪᠴᠢᠶᠡᠨ ᠳᠤ ᠤᠷᠤᠭᠤᠯᠤᠨ᠎ᠠ᠃ ᠪᠠᠶᠢᠭᠠᠯᠢ ᠶᠢᠨ ᠤᠢ ᠶᠢ ᠬᠤᠳᠠᠯᠳᠤᠭᠠᠨ ᠤ ᠴᠢᠨᠠᠷᠲᠠᠢ ᠪᠠᠷ ᠤᠭᠲᠤᠯᠬᠤ ᠶᠢ ᠪᠦᠬᠦ ᠲᠠᠯ᠎ᠠ ᠪᠠᠷ ᠵᠤᠭᠰᠤᠭᠠᠵᠤ᠂ ᠮᠤᠳᠤ ᠤᠭᠲᠤᠯᠬᠤ ᠶᠢ ᠵᠤᠭᠰᠤᠭᠠᠬᠤ ᠨᠦᠬᠦᠪᠦᠷᠢ ᠶᠢᠨ ᠤᠯᠤᠰ ᠤᠨ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠤᠨ᠎ᠠ᠃ ᠦᠪᠡᠷᠲᠡᠭᠡᠨ ᠵᠠᠰᠠᠬᠤ ᠤᠷᠤᠨ ᠤ ᠨᠢᠭᠡᠳᠦᠯᠲᠡᠢ ᠲᠤᠬᠢᠷᠠᠭᠤᠯᠭ᠎ᠠ ᠪᠠᠷ᠂ ᠮᠠᠨ ᠤ ᠬᠤᠲᠠ ᠶᠢᠨ ᠤᠯᠤᠰ ᠤᠨ ᠬᠠᠳᠠᠭᠠᠯᠠᠮᠵᠢ ᠶᠢᠨ ᠤᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠤᠨ᠎ᠠ᠃ ᠬᠠᠤᠯᠢ ᠶᠤᠰᠤᠭᠠᠷ ᠤᠢ ᠰᠢᠭᠤᠢ ᠶᠢ ᠵᠠᠰᠠᠵᠤ᠂ ᠤᠢ ᠰᠢᠭᠤᠢ ᠶᠢ ᠡᠪᠳᠡᠵᠦ ᠠᠲᠠᠷ ᠬᠠᠭᠠᠯᠪᠤᠷᠢᠯᠠᠬᠤ᠂ ᠳᠤᠷ᠎ᠠ ᠪᠠᠷ ᠤᠭᠲᠤᠯᠵᠤ ᠬᠤᠯᠠᠭᠠᠶᠢᠯᠠᠨ ᠤᠭᠲᠤᠯᠬᠤ᠂ ᠳᠤᠷ᠎ᠠ ᠪᠠᠷ ᠠᠩᠨᠠᠬᠤ ᠵᠡᠷᠭᠡ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠬᠦᠨᠳᠦ ᠴᠤᠬᠢᠯᠲᠠ ᠦᠭᠭᠦᠨ᠎ᠡ᠃ ᠵᠠᠰᠠᠭ ᠤᠨ ᠤᠷᠳᠤᠨ ᠠᠴᠠ ᠬᠤᠳᠠᠯᠳᠤᠨ ᠠᠪᠬᠤ ᠠᠷᠭ᠎ᠠ ᠬᠡᠯᠪᠡᠷᠢ ᠶᠢ ᠠᠪᠴᠤ᠂ ᠪᠠᠶᠢᠭᠠᠯᠢ ᠶᠢᠨ ᠤᠢ ᠶᠢ ᠬᠠᠮᠢᠶᠠᠷᠤᠨ ᠬᠠᠮᠠᠭᠠᠯᠠᠬᠤ᠂ ᠤᠢ ᠰᠢᠭᠤᠢ ᠶᠢ ᠡᠵᠡᠩᠨᠡᠬᠦ ᠵᠡᠷᠭᠡ ᠦᠢᠯᠡᠳᠪᠦᠷᠢᠯᠡᠯ ᠤᠨ ᠡᠭᠦᠷᠭᠡ ᠶᠢ ᠪᠡᠶᠡᠯᠡᠭᠦᠯᠵᠦ᠂ ᠭᠠᠯ ᠰᠡᠷᠭᠡᠶᠢᠯᠡᠬᠦ᠂ ᠭᠠᠯ ᠤᠨᠲᠠᠷᠠᠭᠠᠬᠤ᠂ ᠤᠶᠢᠲᠤ ᠤᠷᠤᠨ ᠤ ᠭᠠᠯ ᠤᠨᠲᠠᠷᠠᠭᠠᠬᠤ ᠵᠡᠷᠭᠡ  ᠦᠢᠯᠡᠴᠢᠯᠡᠭᠡᠨ ᠢ ᠬᠠᠮᠲᠤ ᠳᠤᠨᠢ ᠵᠠᠰᠠᠭ ᠤᠨ ᠤᠷᠳᠤᠨ ᠤ ᠬᠤᠳᠠᠯᠳᠤᠨ ᠠᠪᠬᠤ ᠬᠡᠪᠴᠢᠶᠡᠨ ᠳᠤ ᠤᠷᠤᠭᠤᠯᠤᠨ᠎ᠠ᠃ ᠦᠪᠦᠷ ᠮᠤᠩᠭᠤᠯ ᠤᠨ ᠶᠡᠭᠡ ᠬᠢᠩᠭᠠᠨ ᠳᠠᠪᠠᠭᠠᠨ ᠤ ᠪᠠᠯᠠᠷᠯᠢᠭ ᠤᠶᠢᠲᠤ ᠤᠷᠤᠨ ᠳᠤ ᠤᠯᠤᠰ ᠤᠨ ᠴᠡᠴᠡᠷᠯᠢᠭ ᠪᠠᠶᠢᠭᠤᠯᠬᠤ ᠶᠢ ᠢᠳᠡᠪᠬᠢᠲᠡᠢ ᠪᠠᠷ ᠠᠬᠢᠭᠤᠯᠤᠨ᠎ᠠ᠃ ︵ᠬᠤᠲᠠ ᠶᠢᠨ ᠤᠢ ᠰᠢᠭᠤᠢ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠵᠠᠮ ᠲᠡᠭᠡᠭᠡᠪᠦᠷᠢ ᠶᠢᠨ ᠲᠤᠪᠴᠢᠶ᠎ᠠ᠂ ᠦᠪᠦᠷ ᠮᠤᠩᠭᠤᠯ ᠤᠨ ᠶᠡᠭᠡ ᠬᠢᠩᠭᠠᠨ ᠳᠠᠪᠠᠭᠠᠨ ᠤ ᠭᠤᠤᠯᠳᠠᠯᠭ᠎ᠠ ᠲᠠᠢ ᠤᠯᠤᠰ ᠤᠨ ᠦᠮᠴᠢᠯᠡᠯᠲᠦ ᠤᠢ ᠰᠢᠭᠤᠢ ᠶᠢᠨ ᠬᠠᠮᠢᠶᠠᠷᠤᠯᠲᠠ ᠶᠢᠨ ᠲᠤᠪᠴᠢᠶ᠎ᠠ ᠬᠠᠷᠢᠭᠤᠴᠠᠨ᠎ᠠ︶       ︵ᠲᠠᠪᠤ︶ ᠨᠤᠲᠤᠭ ᠪᠡᠯᠴᠢᠭᠡᠷ᠃ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠤᠭᠲᠠᠭᠠᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠪᠦᠬᠦ ᠬᠤᠲᠠ ᠶᠢᠨ ᠦᠨᠳᠦᠰᠦᠨ ᠨᠤᠲᠤᠭ ᠪᠡᠯᠴᠢᠭᠡᠷ ᠤᠨ ᠲᠠᠷᠬᠠᠯᠲᠠ ᠶᠢᠨ ᠵᠢᠷᠤᠭ ᠢ ᠲᠤᠭᠲᠠᠭᠠᠵᠤ᠂ ᠨᠤᠲᠤᠭ ᠪᠡᠯᠴᠢᠭᠡᠷ ᠤᠨ ᠤᠯᠠᠭᠠᠨ ᠱᠤᠭᠤᠮ ᠢ ᠬᠤᠪᠢᠶᠠᠷᠢᠯᠠᠨ ᠲᠤᠭᠲᠠᠭᠠᠬᠤ ᠠᠵᠢᠯ ᠢ ᠵᠤᠬᠢᠬᠤ ᠴᠠᠭ ᠲᠤ ᠡᠬᠢᠯᠡᠭᠦᠯᠦᠨ᠎ᠡ᠃ ᠨᠤᠲᠤᠭ ᠪᠡᠯᠴᠢᠭᠡᠷ ᠤᠨ ᠡᠷᠬᠡ ᠶᠢ ᠨᠤᠲᠠᠯᠠᠵᠤ ᠳᠠᠭᠠᠭᠠᠴᠢᠯᠠᠭᠤᠯᠬᠤ ᠠᠵᠢᠯ ᠢ ᠢᠳᠡᠪᠬᠢᠲᠡᠢ ᠪᠠᠷ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠶᠠᠪᠤᠭᠳᠠᠯ ᠤᠨ ᠲᠤᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠱᠠᠲᠤᠴᠢ ᠴᠢᠨᠠᠷᠲᠠᠢ ᠪᠠᠷ ᠪᠡᠯᠴᠢᠭᠡᠷᠯᠡᠬᠦ ᠶᠢ ᠵᠤᠭᠰᠤᠭᠠᠬᠤ᠂ ᠰᠡᠯᠭᠦᠨ ᠮᠠᠯᠵᠢᠬᠤ᠂ ᠤᠷᠤᠨ ᠬᠤᠪᠢᠶᠠᠨ ᠡᠭᠡᠯᠵᠢᠯᠡᠨ ᠮᠠᠯᠵᠢᠬᠤ᠂ ᠪᠡᠯᠴᠢᠭᠡᠷ ᠮᠠᠯ ᠢ ᠲᠡᠩᠴᠡᠭᠦᠷᠢᠲᠡᠢ ᠪᠠᠶᠢᠯᠭᠠᠬᠤ ᠳᠦᠷᠢᠮ ᠵᠢᠴᠢ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ᠂  ᠨᠤᠲᠤᠭ ᠪᠡᠯᠴᠢᠭᠡᠷ ᠤᠨ ᠠᠮᠢ ᠠᠬᠤᠢ ᠶᠢᠨ ᠬᠢᠨᠠᠨ ᠬᠡᠮᠵᠢᠵᠦ ᠦᠨᠡᠯᠡᠨ ᠵᠢᠱᠢᠬᠦ᠂ ᠬᠠᠳᠤᠯᠠᠩ ᠲᠠᠯᠠᠪᠠᠢ ᠶᠢᠨ ᠡᠭᠡᠯᠵᠢᠯᠡᠨ ᠬᠠᠳᠤᠬᠤ ᠬᠢᠭᠡᠳ ᠡᠪᠡᠰᠦᠨ ᠭᠠᠷᠤᠯᠲᠠ ᠶᠢᠨ ᠪᠦᠰᠡ ᠶᠢᠨ ᠬᠠᠮᠠᠭᠠᠯᠠᠯᠲᠠ ᠵᠡᠷᠭᠡ ᠤᠯᠠᠨ ᠲᠦᠷᠦᠯ ᠤᠨ ᠳᠦᠷᠢᠮ ᠢ ᠦᠷᠬᠦᠯᠵᠢᠯᠡᠨ ᠬᠡᠷᠡᠭᠵᠢᠭᠦᠯᠬᠦ ᠪᠠ ᠲᠡᠭᠦᠯᠳᠡᠷᠵᠢᠭᠦᠯᠦᠨ᠎ᠡ᠃ ᠨᠢᠭᠡᠨᠲᠡ ᠡᠷᠬᠡ ᠶᠢ ᠨᠤᠲᠠᠯᠠᠵᠤ ᠳᠠᠭᠠᠭᠠᠴᠢᠯᠠᠭᠤᠯᠤᠭᠰᠠᠨ ᠪᠡᠯᠴᠢᠭᠡᠷ ᠲᠤ ︽ᠬᠦᠯᠦᠨ ᠪᠤᠶᠢᠷ ᠬᠤᠲᠠ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠦᠭᠴᠦ ᠱᠠᠩᠨᠠᠬᠤ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠬᠦ ᠲᠦᠰᠦᠯ ︵2016 —2020 ᠤᠨ︶︾ ᠶᠤᠰᠤᠭᠠᠷ ᠪᠦᠷᠢᠨ ᠪᠦᠷᠬᠦᠭᠦᠯᠬᠦ ᠶᠢ ᠬᠡᠷᠡᠭᠵᠢᠭᠦᠯᠵᠦ᠂ ᠮᠠᠯᠴᠢᠨ ᠡᠷᠦᠬᠡ ᠶᠢᠨ ᠮᠡᠳᠡᠭᠡ ᠵᠠᠩᠭᠢ ᠶᠢ ᠪᠢᠴᠢᠵᠦ ᠤᠷᠤᠭᠤᠯᠬᠤ ᠠᠵᠢᠯ ᠢ ᠴᠠᠭ ᠲᠤᠬᠠᠢ ᠳᠤᠨᠢ ᠪᠡᠶᠡᠯᠡᠭᠦᠯᠵᠦ᠂ ᠨᠦᠬᠦᠪᠦᠷᠢ ᠮᠦᠩᠭᠦ ᠶᠢ ᠴᠠᠭ ᠲᠤᠬᠠᠢ ᠳᠤᠨᠢ ᠤᠯᠭᠤᠵᠤ ᠨᠠᠶᠢᠳᠠᠪᠤᠷᠢᠵᠢᠭᠤᠯᠤᠨ᠎ᠠ᠃ ᠮᠠᠨ ᠤ ᠬᠤᠲᠠ ᠶᠢᠨ ᠲᠡᠵᠢᠭᠡᠯ ᠡᠪᠡᠰᠦᠨ ᠤ ᠮᠠᠯ ᠠᠵᠤ ᠠᠬᠤᠢ ᠶᠢᠨ ᠲᠤᠷᠰᠢᠯᠲᠠ ᠬᠢᠬᠦ ᠪᠠ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠠᠮᠢ ᠠᠬᠤᠢ ᠶᠢᠨ ᠲᠡᠵᠢᠭᠡᠯ ᠡᠪᠡᠰᠦᠨ ᠤ ᠮᠠᠯ ᠠᠵᠤ ᠠᠬᠤᠢ ᠶᠢᠨ ᠲᠤᠷᠰᠢᠯᠲᠠ ᠶᠢᠨ ᠤᠷᠤᠨ ᠪᠦᠰᠡ ᠶᠢ ᠰᠦᠪᠡᠭᠴᠢᠯᠡᠨ ᠪᠠᠶᠢᠭᠤᠯᠤᠨ᠎ᠠ᠃ ᠨᠦᠬᠦᠴᠡᠯ ᠳᠤ ᠨᠡᠶᠢᠴᠡᠬᠦ ᠮᠠᠯ ᠦᠭᠡᠢ ᠡᠷᠦᠬᠡ᠂ ᠶᠠᠳᠠᠭᠤ ᠬᠦᠴᠢᠷᠳᠡᠯᠲᠡᠢ ᠡᠷᠦᠬᠡ ᠶᠢ ᠲᠤᠬᠠᠢ ᠶᠢᠨ ᠭᠠᠵᠠᠷ ᠤᠨ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠬᠤ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠤ ᠤᠷᠢᠳᠠᠪᠠᠷ ᠲᠤᠬᠢᠷᠠᠭᠤᠯᠵᠤ᠂ ᠵᠠᠰᠠᠭ ᠤᠨ ᠤᠷᠳᠤᠨ ᠠᠴᠠ ᠨᠤᠲᠤᠭ ᠪᠡᠯᠴᠢᠭᠡᠷ ᠤᠨ ᠬᠠᠮᠢᠶᠠᠷᠤᠯᠲᠠ ᠬᠠᠮᠠᠭᠠᠯᠠᠯᠲᠠ ᠶᠢ ᠬᠤᠳᠠᠯᠳᠤᠨ ᠠᠪᠬᠤ ᠵᠡᠷᠭᠡ ᠦᠢᠯᠡᠴᠢᠯᠡᠭᠡ ᠶᠢ ᠰᠦᠪᠡᠭᠴᠢᠯᠡᠨ ᠪᠠᠶᠢᠭᠤᠯᠤᠨ᠎ᠠ᠃ ᠮᠠᠨ ᠤ ᠬᠤᠲᠠ ᠶᠢᠨ ᠨᠤᠲᠤᠭ ᠪᠡᠯᠴᠢᠭᠡᠷ ᠤᠨ ᠲᠠᠯᠠᠪᠠᠢ ᠪᠠᠷ ᠨᠡᠯᠢᠶᠡᠳ ᠶᠡᠭᠡ ᠪᠠᠶᠢᠳᠠᠭ ᠵᠠᠷᠢᠮ ᠬᠤᠰᠢᠭᠤ ᠬᠤᠲᠠ ᠲᠤᠭᠤᠷᠢᠭ ᠢ ᠮᠠᠯᠯᠠᠬᠤ ᠪᠠᠨ ᠪᠤᠯᠢᠵᠤ ᠡᠪᠡᠰᠦᠵᠢᠭᠦᠯᠬᠦ ᠢᠨᠵᠧᠨᠧᠷᠢᠩ ᠤᠨ ᠬᠦᠷᠢᠶ᠎ᠡ ᠬᠡᠪᠴᠢᠶᠡᠨ ᠳᠤ ᠤᠷᠤᠭᠤᠯᠬᠤ ᠪᠠᠷ ᠢᠳᠡᠪᠬᠢᠲᠡᠢ ᠴᠢᠷᠮᠠᠶᠢᠨ᠎ᠠ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠵᠠᠮ ᠲᠡᠭᠡᠭᠡᠪᠦᠷᠢ ᠶᠢᠨ ᠲᠤᠪᠴᠢᠶ᠎ᠠ᠂ ᠬᠦᠭᠵᠢᠭᠦᠯᠦᠯᠲᠡ ᠦᠭᠡᠷᠡᠴᠢᠯᠡᠯᠲᠠ ᠶᠢᠨ ᠵᠦᠪᠯᠡᠯ ᠬᠠᠷᠢᠭᠤᠴᠠᠨ᠎ᠠ︶        ︵ᠵᠢᠷᠭᠤᠭ᠎ᠠ︶ ᠨᠤᠭᠤ ᠭᠠᠵᠠᠷ᠃ ᠨᠤᠭᠤ ᠭᠠᠵᠠᠷ ᠤᠨ ᠤᠯᠠᠭᠠᠨ ᠱᠤᠭᠤᠮ ᠢ ᠴᠠᠭ ᠲᠤᠨᠢ ᠲᠤᠬᠢᠷᠠᠭᠤᠯᠵᠤ ᠬᠤᠪᠢᠶᠠᠷᠢᠯᠠᠨ ᠲᠤᠭᠲᠠᠭᠠᠵᠤ ᠡᠬᠢᠯᠡᠭᠦᠯᠬᠦ ᠪᠠ ᠴᠢᠬᠤᠯᠠ ᠨᠤᠭᠤ ᠭᠠᠵᠠᠷ ᠤᠨ ᠴᠠᠳᠢᠭ ᠲᠤ ᠤᠷᠤᠭᠤᠯᠬᠤ ᠠᠵᠢᠯ ᠢ ᠲᠤᠭᠲᠠᠭᠠᠨ᠎ᠠ᠃ ᠬᠦᠯᠦᠨ ᠨᠠᠭᠤᠷ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳᠠᠬᠢ ᠤᠯᠤᠰ ᠤᠨ ᠨᠤᠭᠤ ᠭᠠᠵᠠᠷ ᠤᠨ ᠠᠮᠢ ᠠᠬᠤᠢ ᠶᠢᠨ ᠦᠷ᠎ᠡ ᠠᠰᠢᠭ ᠤᠨ ᠨᠦᠬᠦᠪᠦᠷᠢ ᠶᠢᠨ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠢᠶᠠᠷ ᠶᠠᠪᠤᠭᠳᠠᠭᠤᠯᠵᠤ᠂ ᠬᠦᠯᠦᠨ ᠨᠠᠭᠤᠷ ᠤᠨ ᠠᠮᠢ ᠠᠬᠤᠢ ᠶᠢᠨ ᠤᠷᠴᠢᠨ ᠲᠤᠭᠤᠷᠢᠨ ᠤ ᠶᠡᠷᠦᠩᠬᠡᠶᠢᠯᠡᠨ ᠵᠠᠰᠠᠯᠲᠠ ᠶᠢᠨ ᠰᠢᠷᠢᠰ ᠢᠨᠵᠧᠨᠧᠷᠢᠩ ᠢ ᠲᠦᠷᠭᠡᠳᠭᠡᠨ ᠠᠬᠢᠭᠤᠯᠵᠤ᠂ ᠪᠤᠶᠢᠷ ᠨᠠᠭᠤᠷ ᠵᠡᠷᠭᠡ ᠨᠠᠭᠤᠷ ᠴᠦᠭᠦᠷᠦᠮ ᠪᠠ ᠰᠠᠪᠠ ᠭᠠᠵᠠᠷ ᠤᠨ ᠳᠤᠲᠤᠭᠠᠳᠤ ᠳᠠᠬᠢ ᠤᠰᠤᠨ ᠰᠢᠰᠲ᠋ᠧᠮ ᠤᠨ ᠠᠮᠢ ᠠᠬᠤᠢ ᠶᠢᠨ ᠵᠠᠰᠠᠨ ᠰᠡᠷᠭᠦᠭᠡᠯᠲᠡ ᠵᠢᠴᠢ ᠬᠠᠮᠢᠶᠠᠷᠤᠨ ᠬᠠᠮᠠᠭᠠᠯᠠᠯᠲᠠ ᠶᠢ ᠬᠠᠮᠲᠤ ᠳᠤᠨᠢ ᠲᠦᠯᠬᠢᠨ ᠠᠬᠢᠭᠤᠯᠤᠨ᠎ᠠ᠃ ᠬᠤᠢ ᠭᠤᠤᠯ ᠤᠯᠤᠰ ᠤᠨ ᠳᠡᠰ ᠤᠨ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢ ᠤᠯᠤᠰ ᠤᠨ ᠨᠤᠭᠤ ᠭᠠᠵᠠᠷ ᠤᠨ ᠠᠮᠢ ᠠᠬᠤᠢ ᠶᠢᠨ ᠦᠷ᠎ᠡ ᠠᠰᠢᠭ ᠤᠨ ᠨᠦᠬᠦᠪᠦᠷᠢ ᠶᠢᠨ ᠲᠤᠷᠰᠢᠯᠲᠠ ᠶᠢᠨ ᠴᠡᠭ ᠲᠤ ᠤᠷᠤᠭᠤᠯᠬᠤ ᠪᠠᠷ ᠴᠢᠷᠮᠠᠶᠢᠨ᠎ᠠ᠃ ᠬᠡᠷᠦᠯᠦᠨ᠂ ᠬᠦᠷᠢᠶᠡᠲᠦ ᠵᠡᠷᠭᠡ 2 ᠬᠡᠰᠡᠭ ᠬᠤᠰᠢᠭᠤ ᠰᠢᠶᠠᠨ ᠤ ᠳᠡᠰ ᠤᠨ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢ ᠦᠪᠡᠷᠲᠡᠭᠡᠨ ᠵᠠᠰᠠᠬᠤ ᠤᠷᠤᠨ ᠤ ᠳᠡᠰ ᠤᠨ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠪᠤᠯᠭᠠᠨ ᠳᠡᠰ ᠲᠡᠪᠰᠢᠭᠦᠯᠬᠦ ᠪᠠᠷ ᠴᠢᠷᠮᠠᠶᠢᠨ᠎ᠠ᠃ ᠨᠤᠭᠤ ᠭᠠᠵᠠᠷ ᠤᠨ ᠴᠡᠴᠡᠷᠯᠢᠭ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠪᠠᠶᠢᠭᠤᠯᠵᠤ᠂ ᠨᠤᠭᠤ ᠭᠠᠵᠠᠷ ᠤᠨ ᠴᠡᠴᠡᠷᠯᠢᠭ᠂ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠬᠠᠮᠠᠭᠠᠯᠠᠯᠲᠠ ᠬᠠᠮᠢᠶᠠᠷᠤᠯᠲᠠ ᠶᠢᠨ ᠲᠤᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠭᠤᠤᠯᠳᠠᠯᠭ᠎ᠠ ᠲᠠᠢ ᠨᠤᠭᠤ ᠭᠠᠵᠠᠷ ᠤᠨ ᠶᠡᠷᠦᠩᠬᠡᠶᠢᠯᠡᠨ ᠵᠠᠰᠠᠬᠤ ᠠᠵᠢᠯ ᠤᠨ ᠵᠠᠭᠪᠤᠷ ᠢ ᠰᠦᠪᠡᠭᠴᠢᠯᠡᠵᠦ᠂ ᠤᠯᠤᠰ᠂ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠪᠡᠯᠡ ᠮᠦᠩᠭᠦ ᠪᠠᠷ ᠮᠠᠨ ᠤ ᠬᠤᠲᠠ ᠶᠢᠨ ᠤᠯᠤᠰ ᠤᠨ ᠨᠤᠭᠤ ᠭᠠᠵᠠᠷ ᠤᠨ ᠴᠡᠴᠡᠷᠯᠢᠭ᠂ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠪᠦᠲᠦᠭᠡᠨ ᠪᠠᠶᠢᠭᠤᠯᠤᠯᠲᠠ ᠶᠢ ᠳᠡᠮᠵᠢᠭᠦᠯᠬᠦ ᠪᠠᠷ ᠢᠳᠡᠪᠬᠢᠲᠡᠢ ᠴᠢᠷᠮᠠᠶᠢᠨ᠎ᠠ᠃ ︵ᠬᠤᠲᠠ ᠶᠢᠨ ᠤᠢ ᠰᠢᠭᠤᠢ ᠶᠢᠨ ᠲᠤᠪᠴᠢᠶ᠎ᠠ᠂ ᠤᠷᠴᠢᠨ ᠠᠬᠤᠢ ᠶᠢᠨ ᠬᠠᠮᠠᠭᠠᠯᠠᠯᠲᠠ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠵᠠᠮ ᠲᠡᠭᠡᠭᠡᠪᠦᠷᠢ ᠶᠢᠨ ᠲᠤᠪᠴᠢᠶ᠎ᠠ᠂ ᠬᠦᠯᠦᠨ ᠨᠠᠭᠤᠷ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠬᠠᠮᠢᠶᠠᠷᠤᠯᠲᠠ ᠶᠢᠨ ᠲᠤᠪᠴᠢᠶ᠎ᠠ ᠬᠠᠷᠢᠭᠤᠴᠠᠨ᠎ᠠ︶       ︵ᠳᠤᠯᠤᠭ᠎ᠠ︶ ᠡᠯᠡᠰᠦᠨ ᠴᠦᠯ᠃ ᠵᠠᠰᠠᠭᠰᠠᠨ ᠦᠷ᠎ᠡ ᠪᠦᠲᠦᠮᠵᠢ ᠪᠠᠨ ᠪᠠᠲᠤᠳᠬᠠᠵᠤ᠂ ᠨᠡᠶᠢᠭᠡᠮ ᠤᠨ ᠬᠦᠴᠦᠨ ᠤ ᠡᠯᠡᠰᠦᠨ ᠴᠦᠯ ᠤᠨ ᠰᠡᠷᠭᠡᠶᠢᠯᠡᠨ ᠵᠠᠰᠠᠬᠤ ᠳᠤ ᠤᠷᠤᠯᠴᠠᠬᠤ ᠶᠢ ᠵᠤᠷᠢᠭᠵᠢᠭᠤᠯᠤᠨ᠎ᠠ᠃ ᠵᠠᠰᠠᠭ ᠤᠨ ᠤᠷᠳᠤᠨ ᠡᠯᠡᠰᠦᠨ ᠴᠦᠯ ᠢ ᠵᠠᠰᠠᠬᠤ ᠦᠢᠯᠡᠴᠢᠯᠡᠭᠡ ᠬᠤᠳᠠᠯᠳᠤᠨ ᠠᠪᠬᠤ ᠲᠤᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠬᠦᠯᠦᠨ ᠪᠤᠶᠢᠷ ᠤᠨ ᠡᠯᠡᠰᠦᠨ ᠴᠦᠯ ᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠤᠮᠠᠷᠠᠲᠤ ᠶᠢᠨ ᠭᠤᠷᠪᠠᠨ ᠤᠷᠤᠨ ᠤ  ᠬᠠᠯᠬᠠᠪᠴᠢ ᠤᠢ ᠶᠢᠨ ᠢᠨᠵᠧᠨᠧᠷᠢᠩ ᠢ ᠶᠠᠪᠤᠭᠳᠠᠭᠤᠯᠵᠤ᠂ ᠡᠯᠡᠰᠦᠷᠬᠡᠭ ᠭᠠᠵᠠᠷ ᠤᠨ ᠣᠢ ᠡᠪᠡᠰᠦ ᠶᠢᠨ ᠤᠷᠭᠤᠮᠠᠯ ᠤᠨ ᠬᠤᠴᠢᠯᠭ᠎ᠠ ᠶᠢ ᠢᠳᠡᠭ ᠢᠳᠡᠭ ᠢᠶᠠᠷ ᠰᠡᠷᠭᠦᠭᠡᠵᠦ᠂ ᠵᠢᠯ ᠪᠦᠷᠢ 45 ᠮᠤ᠋ ᠡᠯᠡᠰᠦ ᠶᠢ ᠵᠠᠰᠠᠬᠤ ᠪᠠ ᠤᠯᠤᠭᠰᠠᠨ ᠦᠷ᠎ᠡ ᠪᠦᠲᠦᠮᠵᠢ ᠪᠠᠨ ᠪᠠᠲᠤᠳᠬᠠᠨ᠎ᠠ᠃ ᠰᠢᠨ᠎ᠡ ᠪᠠᠷᠭᠤ ᠵᠡᠭᠦᠨ ᠬᠤᠰᠢᠭᠤ ᠵᠡᠷᠭᠡ ᠤᠯᠤᠰ ᠤᠨ ᠡᠯᠡᠰᠦᠷᠬᠡᠭᠵᠢᠭᠰᠡᠨ ᠭᠠᠵᠠᠷ ᠰᠢᠷᠤᠢ ᠶᠢᠨ ᠪᠢᠲᠡᠭᠦᠮᠵᠢᠯᠡᠨ ᠴᠠᠭᠠᠵᠠᠯᠠᠬᠤ ᠬᠠᠮᠠᠭᠠᠯᠠᠯᠲᠠ ᠶᠢᠨ ᠤᠷᠤᠨ ᠪᠦᠰᠡ ᠶᠢᠨ ᠲᠦᠷᠦᠯ ᠵᠦᠢᠯ ᠢ ᠰᠠᠶᠢᠲᠤᠷ ᠭᠦᠢᠴᠡᠳᠭᠡᠨ᠎ᠡ᠃ ︵ᠬᠤᠲᠠ ᠶᠢᠨ ᠤᠢ ᠰᠢᠭᠤᠢ ᠶᠢᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠵᠠᠮ ᠲᠡᠭᠡᠭᠡᠪᠦᠷᠢ ᠶᠢᠨ ᠲᠤᠪᠴᠢᠶ᠎ᠠ ᠬᠠᠷᠢᠭᠤᠴᠠᠨ᠎ᠠ︶       ︵ᠨᠠᠢᠮᠠ︶ ᠭᠤᠤᠯ ᠮᠦᠷᠡᠨ᠃ ᠤᠰᠤᠨ ᠤ ᠠᠮᠢ ᠠᠬᠤᠢ ᠶᠢᠨ ᠪᠤᠯᠪᠠᠰᠤᠨ ᠤ ᠲᠤᠷᠰᠢᠯᠲᠠ ᠶᠢᠨ ᠴᠡᠭ ᠤᠨ ᠬᠤᠲᠠ ᠶᠢᠨ ᠠᠵᠢᠯ ᠢ ᠪᠦᠬᠦ ᠬᠦᠴᠦᠨ ᠢᠶᠠᠷ ᠠᠬᠢᠭᠤᠯᠤᠨ᠎ᠠ᠃ ᠨᠤᠨ ᠮᠦᠷᠡᠨ ᠤ ᠰᠠᠪᠠ ᠭᠠᠵᠠᠷ᠂ ᠡᠷᠭᠦᠨ᠎ᠡ ᠭᠤᠤᠯ ᠤᠨ ᠰᠠᠪᠠ ᠭᠠᠵᠠᠷ ᠢ ᠤᠯᠤᠰ ᠤᠨ ᠰᠠᠪᠠ ᠭᠠᠵᠠᠷ ᠤᠨ ᠨᠦᠬᠦᠪᠦᠷᠢ ᠶᠢᠨ ᠬᠦᠷᠢᠶ᠎ᠡ ᠬᠡᠪᠴᠢᠶ᠎ᠡ ᠳᠤ ᠤᠷᠤᠭᠤᠯᠬᠤ ᠪᠠᠷ ᠢᠳᠡᠪᠬᠢᠲᠡᠢ ᠴᠢᠷᠮᠠᠶᠢᠵᠤ᠂ ᠴᠠᠭ ᠲᠤᠨᠢ ᠲᠤᠬᠢᠷᠠᠭᠤᠯᠤᠨ ᠳᠡᠭᠡᠳᠦ ᠳᠤᠤᠷᠠᠳᠤ ᠤᠷᠤᠰᠬᠠᠯ ᠯᠤᠭ᠎ᠠ ᠶᠢᠨ ᠰᠢᠰᠲ᠋ᠧᠮᠴᠢᠯᠡᠨ ᠬᠠᠮᠵᠢᠯᠴᠠᠬᠤ᠂ ᠠᠵᠢᠯ ᠦᠢᠯᠡᠰ ᠢ ᠰᠢᠯᠵᠢᠭᠦᠯᠬᠦ᠂ ᠴᠢᠳᠠᠪᠤᠷᠢᠲᠠᠨ ᠢ ᠬᠦᠮᠦᠵᠢᠭᠦᠯᠬᠦ᠂ ᠬᠦᠷᠢᠶᠡᠯᠡᠩ ᠲᠤᠭᠤᠷᠢᠭ ᠢ ᠬᠠᠮᠲᠤᠪᠠᠷ ᠪᠠᠶᠢᠭᠤᠯᠬᠤ ᠵᠡᠷᠭᠡ ᠠᠵᠢᠯ ᠢ ᠦᠷᠨᠢᠭᠦᠯᠵᠦ᠂ ᠨᠦᠬᠦᠪᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ ᠬᠦᠷᠦᠰᠦ ᠰᠢᠷᠤᠢ ᠶᠢ ᠬᠠᠮᠠᠭᠠᠯᠠᠬᠤ ᠨᠦᠬᠦᠪᠦᠷᠢ ᠶᠢᠨ ᠵᠠᠷᠤᠳᠠᠯ ᠬᠤᠷᠢᠶᠠᠬᠤ ᠡᠷᠴᠢᠮ ᠢ ᠴᠢᠩᠭᠠᠷᠠᠭᠤᠯᠤᠨ᠎ᠠ᠃ ︵ᠬᠤᠲᠠ ᠶᠢᠨ ᠤᠰᠤᠨ ᠠᠰᠢᠭᠯᠠᠯᠲᠠ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠤᠷᠴᠢᠨ ᠠᠬᠤᠢ ᠶᠢᠨ ᠬᠠᠮᠠᠭᠠᠯᠠᠯᠲᠠ ᠶᠢᠨ ᠲᠤᠪᠴᠢᠶ᠎ᠠ᠂ ᠠᠵᠤ ᠠᠬᠤᠢ ᠮᠡᠳᠡᠭᠡ ᠵᠠᠩᠭᠢᠴᠢᠯᠠᠯᠲᠠ ᠶᠢᠨ ᠵᠦᠪᠯᠡᠯ᠂ ᠵᠠᠮ ᠲᠡᠭᠡᠭᠡᠪᠦᠷᠢ ᠶᠢᠨ ᠲᠤᠪᠴᠢᠶ᠎ᠠ᠂ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠬᠠᠷᠢᠭᠤᠴᠠᠨ᠎ᠠ︶       ︵ᠶᠢᠰᠦ︶ ᠲᠠᠷᠢᠶᠠᠨ ᠭᠠᠵᠠᠷ᠃ ᠡᠭᠦᠷᠢᠳᠡ ᠶᠢᠨ ᠴᠢᠨᠠᠷᠲᠠᠢ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠠᠵᠠᠷ ᠰᠢᠷᠤᠢ ᠶᠢ ᠲᠡᠭᠰᠢᠯᠡᠬᠦ᠂ ᠦᠢᠯᠡᠳᠪᠦᠷᠢ ᠠᠭᠤᠷᠬᠠᠢ ᠶᠢᠨ ᠬᠠᠶᠠᠭᠳᠠᠭᠰᠠᠨ ᠭᠠᠵᠠᠷ ᠢ ᠰᠡᠷᠭᠦᠭᠡᠨ ᠬᠠᠭᠠᠯᠪᠤᠷᠢᠯᠠᠬᠤ ᠵᠡᠷᠭᠡ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠲᠠᠷᠢᠶᠠᠨ ᠭᠠᠵᠠᠷ ᠤᠨ ᠡᠵᠡᠯᠡᠬᠦ ᠨᠦᠬᠦᠪᠦᠷᠢ ᠶᠢᠨ ᠲᠡᠩᠴᠡᠭᠦᠷᠢᠲᠡᠢ ᠪᠠᠶᠢᠯᠭᠠᠬᠤ ᠳᠦᠷᠢᠮ ᠢ ᠲᠡᠭᠦᠰᠵᠢᠭᠦᠯᠦᠨ᠎ᠡ᠃ ᠳᠠᠪᠠᠭᠠᠨ ᠤ  ᠵᠡᠭᠦᠨᠳᠡᠬᠢ ᠭᠠᠵᠠᠷ ᠤᠷᠤᠨ ᠤ ᠬᠠᠷ᠎ᠠ ᠬᠦᠷᠦᠰᠦᠲᠦ ᠭᠠᠵᠠᠷ ᠤᠨ ᠬᠠᠮᠠᠭᠠᠯᠠᠯᠲᠠ ᠶᠢ ᠭᠤᠤᠯᠳᠠᠭᠤᠯᠤᠨ ᠴᠢᠩᠭᠠᠳᠬᠠᠵᠤ᠂ ᠬᠠᠷ᠎ᠠ ᠬᠦᠷᠦᠰᠦᠲᠦ ᠭᠠᠵᠠᠷ ᠢ ᠬᠠᠮᠠᠭᠠᠯᠠᠵᠤ ᠠᠰᠢᠭᠯᠠᠬᠤ ᠢᠨᠵᠧᠨᠧᠷᠢᠩ ᠢ ᠦᠷᠬᠦᠯᠵᠢᠯᠡᠨ ᠨᠠᠶᠢᠳᠠᠪᠤᠷᠢᠵᠢᠭᠤᠯᠵᠤ᠂ ᠠᠷᠤᠨ ᠬᠤᠰᠢᠭᠤᠨ ᠤ ᠬᠠᠷ᠎ᠠ ᠬᠦᠷᠦᠰᠦᠲᠦ ᠭᠠᠵᠠᠷ ᠢ ᠬᠠᠮᠠᠭᠠᠯᠠᠵᠤ ᠠᠰᠢᠭᠯᠠᠬᠤ ᠲᠤᠷᠰᠢᠯᠲᠠ ᠶᠢᠨ ᠴᠡᠭ ᠢ ᠠᠬᠢᠭᠤᠯᠤᠨ᠎ᠠ᠃ ᠮᠠᠨ ᠤ ᠬᠤᠲᠠ ᠶᠢᠨ 65 ᠲᠦᠮᠡᠨ ᠮᠤ᠋ ᠲᠠᠷᠢᠶᠠᠨ ᠭᠠᠵᠠᠷ ᠲᠤ ᠡᠭᠡᠯᠵᠢᠯᠡᠨ ᠲᠠᠷᠢᠬᠤ ᠪᠠ ᠰᠡᠯᠭᠦᠨ ᠲᠠᠷᠢᠬᠤ ᠲᠤᠷᠰᠢᠯᠲᠠ ᠶᠢᠨ ᠴᠡᠭ ᠢ ᠰᠠᠶᠢᠲᠤᠷ ᠶᠠᠪᠤᠭᠳᠠᠭᠤᠯᠵᠤ᠂ ᠬᠦᠷᠦᠰᠦ ᠰᠢᠷᠤᠢ ᠶᠢ ᠰᠠᠶᠢᠵᠢᠷᠠᠭᠤᠯᠬᠤ᠂ ᠲᠠᠷᠢᠶᠠᠨ ᠭᠠᠵᠠᠷ ᠢ ᠰᠢᠮᠡᠯᠢᠭᠵᠢᠭᠦᠯᠬᠦ ᠡᠭᠡᠯᠵᠢᠯᠡᠨ ᠲᠠᠷᠢᠬᠤ ᠵᠠᠭᠪᠤᠷ ᠢ ᠰᠦᠪᠡᠭᠴᠢᠯᠡᠨ ᠬᠡᠷᠡᠭᠵᠢᠭᠦᠯᠦᠨ᠎ᠡ᠃ ᠰᠢᠨ᠎ᠡ ᠨᠢᠭᠡᠨ ᠡᠭᠡᠯᠵᠢ ᠶᠢᠨ ᠲᠠᠷᠢᠶᠠᠯᠠᠬᠤ ᠶᠢ ᠪᠤᠯᠢᠵᠤ ᠤᠶᠢᠵᠢᠭᠤᠯᠬᠤ ᠪᠠ ᠡᠪᠡᠰᠦᠵᠢᠭᠦᠯᠬᠦ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠤᠯᠬᠤ ᠪᠠᠷ ᠢᠳᠡᠪᠬᠢᠲᠡᠢ ᠴᠢᠷᠮᠠᠶᠢᠵᠤ᠂ ᠮᠠᠨ ᠤ ᠬᠤᠲᠠ ᠶᠢᠨ ᠴᠢᠬᠤᠯᠠ ᠤᠰᠤᠨ ᠰᠤᠷᠪᠤᠯᠵᠢ ᠶᠢᠨ ᠭᠠᠵᠠᠷ ᠲᠠᠬᠢ 15 —25 ᠭᠷᠡᠳᠦ᠋ᠰ ᠤᠨ ᠨᠠᠯᠠᠤ ᠲᠠᠷᠢᠶᠠᠨ ᠭᠠᠵᠠᠷ᠂ 25 ᠭᠷᠡᠳᠦ᠋ᠰ ᠠᠴᠠ ᠳᠡᠭᠡᠭᠰᠢᠬᠢ ᠨᠠᠯᠠᠤ ᠲᠠᠷᠢᠶᠠᠨ ᠭᠠᠵᠠᠷ ᠪᠠ ᠬᠦᠨᠳᠦ ᠨᠤᠴᠢᠲᠠᠢ ᠪᠤᠬᠢᠷᠲᠤᠭᠰᠠᠨ ᠲᠠᠷᠢᠶᠠᠨ ᠭᠠᠵᠠᠷ ᠢ  ᠴᠦᠮ ᠲᠠᠷᠢᠶᠠᠯᠠᠬᠤ ᠶᠢ ᠪᠤᠯᠢᠵᠤ ᠤᠶᠢᠵᠢᠭᠤᠯᠬᠤ ᠪᠠ ᠡᠪᠡᠰᠦᠵᠢᠭᠦᠯᠬᠦ ᠬᠦᠷᠢᠶ᠎ᠡ ᠬᠡᠪᠴᠢᠶᠠᠨ ᠳᠤ ᠠᠯᠬᠤᠮ ᠠᠯᠬᠤᠮ ᠢᠶᠠᠷ ᠤᠷᠤᠭᠤᠯᠵᠤ᠂ ᠦᠨᠳᠦᠰᠦᠨ ᠲᠠᠷᠢᠶᠠᠨ ᠭᠠᠵᠠᠷ ᠤᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠵᠦᠢ ᠵᠤᠬᠢᠰᠲᠠᠢ ᠲᠤᠬᠢᠷᠠᠭᠤᠯᠤᠨ᠎ᠠ᠃ ᠬᠦᠷᠦᠰᠦ ᠰᠢᠷᠣᠢ ᠶᠢ ᠰᠢᠨᠵᠢᠯᠡᠵᠦ ᠵᠤᠷ ᠨᠠᠶᠢᠷᠠᠭᠤᠯᠤᠨ ᠪᠤᠷᠳᠤᠭᠤᠷ ᠤᠷᠤᠭᠤᠯᠬᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠵᠡᠷᠭᠡ ᠲᠦᠷᠦᠯ ᠵᠦᠢᠯ ᠢ ᠤᠯᠬᠤ ᠪᠠᠷ ᠢᠳᠡᠪᠬᠢᠲᠡᠢ ᠴᠢᠷᠮᠠᠶᠢᠨ᠎ᠠ᠃ ︵ᠬᠤᠲᠠ ᠶᠢᠨ ᠤᠯᠤᠰ ᠤᠨ ᠨᠤᠲᠤᠭ ᠳᠡᠪᠢᠰᠭᠡᠷ ᠤᠨ ᠡᠬᠢ ᠪᠠᠶᠠᠯᠢᠭ ᠤᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠤᠷᠴᠢᠨ ᠠᠬᠤᠢ ᠶᠢᠨ ᠬᠠᠮᠠᠭᠠᠯᠠᠯᠲᠠ ᠶᠢᠨ ᠲᠤᠪᠴᠢᠶ᠎ᠠ᠂ ᠤᠰᠤᠨ ᠠᠰᠢᠭᠯᠠᠯᠲᠠ ᠶᠢᠨ ᠲᠤᠪᠴᠢᠶ᠎ᠠ᠂ ᠤᠢ ᠰᠢᠭᠤᠢ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠵᠠᠮ ᠲᠡᠭᠡᠭᠡᠪᠦᠷᠢ ᠶᠢᠨ ᠲᠤᠪᠴᠢᠶ᠎ᠠ᠂ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠬᠠᠷᠢᠭᠤᠴᠠᠨ᠎ᠠ︶       ᠭᠤᠷᠪᠠ᠂ ᠪᠠᠶᠢᠭᠤᠯᠤᠯ ᠲᠤᠭᠲᠠᠴᠠ ᠶᠢᠨ ᠰᠢᠨ᠎ᠡ ᠶᠢ ᠡᠭᠦᠳᠬᠦ ᠶᠢ ᠠᠬᠢᠭᠤᠯᠤᠨ᠎ᠠ       ︵ᠠᠷᠪᠠ︶ ᠪᠠᠶᠢᠭᠠᠯᠢ ᠶᠢᠨ ᠡᠬᠢ ᠪᠠᠶᠠᠯᠢᠭ ᠤᠨ ᠬᠦᠷᠦᠩᠭᠡ ᠶᠢᠨ ᠦᠷᠢᠲᠦᠯ ᠤᠨ ᠬᠦᠰᠦᠨᠦᠭᠲᠦ ᠪᠠᠶᠢᠭᠤᠯᠬᠤ ᠶᠢ ᠠᠬᠢᠭᠤᠯᠤᠨ᠎ᠠ᠃ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠡᠯᠡᠰᠦᠨ ᠴᠦᠯ᠂ ᠭᠤᠤᠯ ᠮᠦᠷᠡᠨ᠂ ᠲᠠᠷᠢᠶᠠᠨ ᠭᠠᠵᠠᠷ ᠵᠡᠷᠭᠡ ᠪᠠᠶᠢᠭᠠᠯᠢ ᠶᠢᠨ ᠠᠮᠢ ᠠᠬᠤᠢ ᠶᠢᠨ ᠤᠷᠤᠨ ᠵᠠᠢ ᠪᠠ ᠠᠭᠤᠷᠬᠠᠢ ᠶᠢᠨ ᠭᠠᠷᠤᠯᠲᠠ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠬᠦᠷᠦᠩᠭᠡ ᠳᠤ ᠡᠷᠬᠡ ᠪᠠᠷᠢᠬᠤ ᠶᠢ ᠵᠦᠪᠰᠢᠶᠡᠷᠡᠬᠦ ᠳᠠᠩᠰᠠᠯᠠᠯ ᠬᠢᠨ᠎ᠡ᠃ ᠬᠤᠰᠢᠭᠤ ᠬᠤᠲᠠ ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠦᠷᠦᠩᠭᠡ ᠶᠢᠨ ᠲᠠᠷᠬᠠᠯᠲᠠ ᠶᠢᠨ ᠪᠠᠶᠢᠳᠠᠯ ᠳᠤ ᠨᠡᠶᠢᠳᠡᠮ ᠪᠠᠶᠢᠴᠠᠭᠠᠯᠲᠠ ᠬᠢᠭᠰᠡᠨ ᠰᠠᠭᠤᠷᠢᠨ ᠳᠡᠭᠡᠷ᠎ᠡ᠂ ᠠᠮᠢ ᠠᠬᠤᠢ ᠶᠢᠨ ᠤᠯᠠᠭᠠᠨ ᠱᠤᠭᠤᠮ ᠤᠨ ᠬᠤᠪᠢᠶᠠᠷᠢᠯᠠᠨ ᠲᠤᠭᠲᠠᠭᠠᠬᠤ ᠠᠵᠢᠯ ᠢ ᠦᠷᠬᠦᠯᠵᠢᠯᠡᠨ ᠠᠬᠢᠭᠤᠯᠵᠤ᠂ ᠤᠢ ᠰᠢᠭᠤᠢ᠂ ᠨᠤᠲᠤᠭ ᠪᠡᠯᠴᠢᠭᠡᠷ᠂ ᠭᠠᠵᠠᠷ ᠰᠢᠷᠤᠢ᠂ ᠤᠰᠤᠨ ᠰᠤᠷᠪᠤᠯᠵᠢ᠂ ᠠᠭᠤᠷᠬᠠᠢ ᠶᠢᠨ ᠭᠠᠷᠤᠯᠲᠠ ᠪᠠ ᠠᠭᠠᠷ ᠮᠠᠨᠳᠠᠯ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠬᠦᠷᠦᠩᠭᠡ ᠶᠢᠨ ᠦᠷᠢᠲᠦᠯ ᠤᠨ ᠬᠦᠰᠦᠨᠦᠭᠲᠦ ᠨᠠᠶᠢᠷᠠᠭᠤᠯᠤᠨ ᠵᠤᠬᠢᠶᠠᠬᠤ ᠠᠵᠢᠯ ᠢ ᠢᠳᠡᠭ ᠢᠳᠡᠭ ᠢᠶᠠᠷ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠦᠩᠭᠡ ᠶᠢᠨ ᠳ᠋ᠠᠶᠢᠲ᠋ᠠ ᠬᠦᠮᠦᠷᠭᠡ ᠶᠢ ᠪᠠᠶᠢᠭᠤᠯᠤᠨ᠎ᠠ᠃ ᠤᠯᠤᠰ ᠪᠠ ᠦᠪᠡᠷᠲᠡᠭᠡᠨ ᠵᠠᠰᠠᠬᠤ ᠤᠷᠤᠨ ᠤ ᠨᠢᠭᠡᠳᠦᠯᠲᠡᠢ ᠪᠠᠶᠢᠷᠢᠯᠠᠭᠤᠯᠤᠯᠲᠠ ᠪᠠᠷ᠂ ᠮᠠᠨ ᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠦᠷᠦᠩᠭᠡ ᠳᠤ ᠲᠤᠰᠢᠶᠠᠯ ᠠᠴᠠ ᠰᠠᠯᠬᠤ ᠬᠢᠨᠠᠨ ᠪᠤᠳᠤᠯᠲᠠ ᠬᠢᠬᠦ ᠲᠤᠷᠰᠢᠯᠲᠠ ᠶᠢᠨ ᠴᠡᠭ ᠤᠨ ᠠᠵᠢᠯ ᠢ ᠰᠠᠶᠢᠲᠤᠷ ᠬᠢᠨ᠎ᠡ᠃ ᠦᠪᠡᠷᠲᠡᠭᠡᠨ ᠵᠠᠰᠠᠬᠤ ᠤᠷᠤᠨ ᠲᠠᠢ ᠬᠠᠮᠵᠢᠯᠴᠠᠨ ᠠᠮᠢ ᠠᠬᠤᠢ ᠶᠢᠨ ᠤᠷᠴᠢᠨ ᠲᠤᠭᠤᠷᠢᠨ ᠤ ᠬᠤᠬᠢᠷᠠᠯ ᠢ ᠲᠦᠯᠦᠬᠦ ᠳᠦᠷᠢᠮ ᠤᠨ ᠦᠭᠡᠷᠡᠴᠢᠯᠡᠯᠲᠠ ᠶᠢᠨ ᠲᠤᠷᠰᠢᠯᠲᠠ ᠶᠢᠨ ᠴᠡᠭ ᠵᠡᠷᠭᠡ ᠠᠵᠢᠯ ᠢ ᠦᠷᠨᠢᠭᠦᠯᠦᠨ᠎ᠡ᠃ ︵ᠬᠤᠲᠠ ᠶᠢᠨ ᠤᠢ ᠰᠢᠭᠤᠢ ᠶᠢᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠤᠰᠤᠨ ᠠᠰᠢᠭᠯᠠᠯᠲᠠ ᠶᠢᠨ ᠲᠤᠪᠴᠢᠶ᠎ᠠ᠂ ᠤᠯᠤᠰ ᠤᠨ ᠨᠤᠲᠤᠭ ᠳᠡᠪᠢᠰᠭᠡᠷ ᠤᠨ ᠡᠬᠢ ᠪᠠᠶᠠᠯᠢᠭ ᠤᠨ ᠲᠤᠪᠴᠢᠶ᠎ᠠ᠂ ᠤᠷᠴᠢᠨ ᠠᠬᠤᠢ ᠶᠢᠨ ᠬᠠᠮᠠᠭᠠᠯᠠᠯᠲᠠ ᠶᠢᠨ ᠲᠤᠪᠴᠢᠶ᠎ᠠ᠂ ᠲᠤᠭ᠎ᠠ ᠪᠦᠷᠢᠳᠭᠡᠯ ᠤᠨ ᠲᠤᠪᠴᠢᠶ᠎ᠠ᠂ ᠬᠢᠨᠠᠨ ᠪᠤᠳᠤᠬᠤ ᠲᠤᠪᠴᠢᠶ᠎ᠠ᠂ ᠵᠠᠮ ᠲᠡᠭᠡᠭᠡᠪᠦᠷᠢ ᠶᠢᠨ ᠲᠤᠪᠴᠢᠶ᠎ᠠ ᠬᠠᠷᠢᠭᠤᠴᠠᠨ᠎ᠠ︶       ︵ᠠᠷᠪᠠᠨ ᠨᠢᠭᠡ︶ ᠲᠤᠭᠲᠠᠭᠤᠨ ᠤᠷᠤᠭᠤᠯᠤᠯᠲᠠ ᠶᠢᠨ ᠲᠤᠭᠲᠠᠴᠠ ᠶᠢ ᠪᠠᠶᠢᠭᠤᠯᠤᠨ᠎ᠠ᠃ ᠤᠯᠠᠨ ᠠᠷᠭ᠎ᠠ ᠵᠠᠮ ᠢᠶᠠᠷ ᠪᠡᠯᠡ ᠮᠦᠩᠭᠦ ᠬᠤᠷᠠᠮᠳᠤᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠤᠷᠤᠭᠤᠯᠤᠯᠲᠠ ᠶᠢ ᠨᠡᠮᠡᠭᠳᠡᠭᠦᠯᠦᠨ᠎ᠡ᠃ ᠲᠦᠪ ᠪᠠ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠠᠴᠠ ᠮᠠᠨ ᠤ ᠬᠤᠲᠠ ᠶᠢᠨ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠦ ᠤᠷᠤᠨ᠂ ᠠᠮᠢ ᠠᠬᠤᠢ ᠶᠢᠨ ᠤᠯᠠᠨ ᠶᠠᠩᠵᠤᠲᠤ ᠴᠢᠨᠠᠷᠲᠠᠢ ᠤᠷᠢᠳᠠᠪᠠᠷ ᠬᠠᠮᠠᠭᠠᠯᠠᠬᠤ ᠤᠷᠤᠨ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳᠠᠬᠢ ᠰᠢᠯᠵᠢᠭᠦᠯᠦᠨ ᠦᠭᠬᠦ ᠡᠷᠴᠢᠮ ᠢ ᠴᠢᠩᠭᠠᠷᠠᠭᠤᠯᠬᠤ ᠪᠠᠷ ᠢᠳᠡᠪᠬᠢᠲᠡᠢ ᠴᠢᠷᠮᠠᠶᠢᠨ᠎ᠠ᠃ ᠲᠦᠪ ᠤᠨ ᠲᠦᠰᠦᠪᠯᠡᠭᠰᠡᠨ ᠪᠡᠯᠡ ᠮᠦᠩᠭᠦ ᠶᠢᠨ ᠮᠠᠨ ᠤ ᠬᠤᠲᠠ ᠶᠢᠨ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠦ ᠤᠷᠤᠨ ᠳᠠᠬᠢ ᠰᠠᠭᠤᠷᠢ ᠪᠡᠯᠡᠳᠭᠡᠮᠵᠢ ᠪᠠ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠭᠦᠯᠬᠦ ᠪᠠᠷ ᠢᠳᠡᠪᠬᠢᠲᠡᠢ ᠴᠢᠷᠮᠠᠶᠢᠵᠤ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠤᠷᠢᠳᠠᠪᠠᠷ ᠳᠡᠮᠵᠢᠭᠦᠯᠦᠨ᠎ᠡ᠃ ᠮᠠᠨ ᠤ ᠬᠤᠲᠠ ᠶᠢᠨ ᠤᠷᠤᠨ ᠨᠤᠲᠤᠭ ᠤᠨ ᠠᠮᠢ ᠠᠬᠤᠢ ᠶᠢᠨ ᠦᠷ᠎ᠡ ᠠᠰᠢᠭ ᠤᠨ ᠨᠦᠬᠦᠪᠦᠷᠢ ᠶᠢᠨ ᠰᠠᠭᠤᠷᠢ ᠮᠦᠩᠭᠦ ᠶᠢ ᠰᠦᠪᠡᠭᠴᠢᠯᠡᠨ ᠪᠠᠶᠢᠭᠤᠯᠤᠨ᠎ᠠ᠃ ᠠᠭᠤᠷᠬᠠᠢ ᠶᠢᠨ ᠭᠠᠵᠠᠷ ᠰᠢᠨᠵᠢᠯᠡᠭᠡᠨ ᠤ ᠤᠷᠴᠢᠨ ᠠᠬᠤᠢ ᠶᠢ ᠰᠠᠶᠢᠵᠢᠷᠠᠭᠤᠯᠵᠤ᠂ ᠵᠠᠰᠠᠬᠤ ᠡᠷᠴᠢᠮ ᠢᠶᠠᠨ ᠨᠡᠮᠡᠭᠳᠡᠭᠦᠯᠵᠦ᠂ ᠲᠡᠤᠬᠡ ᠠᠴᠠ ᠦᠯᠡᠳᠡᠭᠡᠭᠰᠡᠨ ᠠᠭᠤᠷᠬᠠᠢ ᠶᠢᠨ ᠭᠠᠵᠠᠷ ᠰᠢᠨᠵᠢᠯᠡᠭᠡᠨ ᠤ ᠤᠷᠴᠢᠨ ᠠᠬᠤᠢ ᠶᠢ ᠵᠠᠰᠠᠬᠤ ᠢᠨᠵᠧᠨᠧᠷᠢᠩ ᠢ ᠦᠷᠭᠦᠯᠵᠢᠯᠡᠨ ᠶᠠᠪᠤᠭᠳᠠᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠶᠢ ᠪᠡᠯᠡ ᠮᠦᠩᠭᠦ ᠬᠤᠪᠢᠶᠠᠷᠢᠯᠠᠬᠤ ᠲᠠᠢ ᠬᠤᠯᠪᠤᠭᠳᠠᠭᠤᠯᠬᠤ ᠬᠦᠬᠢᠭᠦᠯᠦᠯ ᠬᠦᠯᠢᠶᠡᠰᠦᠯᠡᠯ ᠤᠨ ᠲᠤᠭᠲᠠᠴᠠ ᠶᠢ ᠲᠡᠭᠦᠰᠵᠢᠭᠦᠯᠵᠦ᠂ ᠪᠡᠯᠡ ᠮᠦᠩᠭᠦ ᠬᠡᠷᠡᠭᠯᠡᠬᠦ ᠬᠢᠨᠠᠯᠲᠠ ᠪᠠᠶᠢᠴᠠᠭᠠᠯᠲᠠ ᠶᠢ ᠴᠢᠩᠭᠠᠳᠬᠠᠨ᠎ᠠ᠃ ᠭᠠᠳᠠᠭᠰᠢ ᠴᠠᠬᠢᠯᠭᠠᠨ ᠬᠦᠷᠭᠡᠬᠦ ᠠᠮᠢ ᠠᠬᠤᠢ ᠶᠢᠨ ᠨᠦᠬᠦᠪᠦᠷᠢ ᠶᠢᠨ ᠲᠤᠷᠰᠢᠯᠲᠠ ᠶᠢᠨ ᠴᠡᠭ ᠢ ᠤᠯᠬᠤ ᠪᠠᠷ ᠴᠢᠷᠮᠠᠶᠢᠨ᠎ᠠ᠃ ︵ᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ᠂ ᠤᠷᠤᠨ ᠨᠤᠲᠤᠭ ᠤᠨ ᠭᠠᠶᠢᠯᠢ ᠶᠢᠨ ᠲᠤᠪᠴᠢᠶ᠎ᠠ᠂ ᠣᠢ ᠰᠢᠭᠤᠢ ᠶᠢᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠤᠰᠤᠨ ᠠᠰᠢᠭᠯᠠᠯᠲᠠ ᠶᠢᠨ ᠲᠤᠪᠴᠢᠶ᠎ᠠ᠂ ᠤᠯᠤᠰ ᠤᠨ ᠨᠤᠲᠤᠭ ᠳᠡᠪᠢᠰᠭᠡᠷ ᠤᠨ ᠡᠬᠢ ᠪᠠᠶᠠᠯᠢᠭ ᠤᠨ ᠲᠤᠪᠴᠢᠶ᠎ᠠ᠂ ᠤᠷᠴᠢᠨ ᠠᠬᠤᠢ ᠶᠢᠨ ᠬᠠᠮᠠᠭᠠᠯᠠᠯᠲᠠ ᠶᠢᠨ ᠲᠤᠪᠴᠢᠶ᠎ᠠ᠂ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠬᠠᠷᠢᠭᠤᠴᠠᠨ᠎ᠠ︶       ︵ᠠᠷᠪᠠᠨ ᠬᠤᠶᠠᠷ︶ ᠠᠮᠢ ᠠᠬᠤᠢ ᠶᠢᠨ ᠨᠦᠬᠦᠪᠦᠷᠢ ᠶᠢᠨ ᠵᠠᠬ᠎ᠠ ᠳᠡᠯᠭᠡᠭᠦᠷᠴᠢᠯᠡᠭᠰᠡᠨ ᠲᠤᠭᠲᠠᠴᠠ ᠶᠢ ᠪᠠᠶᠢᠭᠤᠯᠤᠨ᠎ᠠ᠃ ᠠᠮᠢ ᠠᠬᠤᠢ ᠶᠢᠨ ᠪᠦᠲᠦᠭᠡᠭᠳᠡᠭᠦᠨ ᠤ ᠦᠨ᠎ᠡ ᠬᠠᠩᠰᠢ ᠶᠢᠨ ᠪᠦᠷᠢᠯᠳᠦᠯ ᠤᠨ ᠲᠤᠭᠲᠠᠴᠠ ᠢ ᠲᠡᠭᠦᠰᠵᠢᠭᠦᠯᠵᠦ᠂ ᠬᠠᠮᠠᠭᠠᠯᠠᠭᠴᠢᠳ ᠲᠤ ᠠᠮᠢ ᠠᠬᠤᠢ ᠶᠢᠨ ᠪᠦᠲᠦᠭᠡᠭᠳᠡᠭᠦᠨ ᠤ ᠠᠷᠠᠯᠵᠢᠶ᠎ᠠ ᠪᠠᠷ ᠳᠠᠮᠵᠢᠭᠤᠯᠤᠨ ᠦᠷ᠎ᠡ ᠠᠰᠢᠭ ᠬᠦᠷᠲᠡᠭᠡᠨ᠎ᠡ᠃ ᠡᠨᠧᠷᠭᠢ ᠬᠡᠷᠡᠭᠯᠡᠬᠦ ᠡᠷᠬᠡ᠂ ᠤᠰᠤ ᠬᠡᠷᠡᠭᠯᠡᠬᠦ ᠡᠷᠬᠡ᠂ ᠪᠤᠬᠢᠷᠲᠤᠯ ᠭᠠᠳᠠᠭᠰᠢᠯᠠᠭᠤᠯᠬᠤ ᠡᠷᠬᠡ᠂ ᠨᠡᠭᠦᠷᠡᠰᠦᠳᠦ᠋ᠷᠦᠭᠴᠢ ᠭᠠᠳᠠᠭᠰᠢᠯᠠᠭᠤᠯᠬᠤ ᠡᠷᠬᠡ ᠶᠢᠨ ᠠᠩᠬᠠᠨ ᠤ ᠬᠤᠪᠢᠶᠠᠷᠢᠯᠠᠯᠲᠠ ᠶᠢᠨ ᠳᠦᠷᠢᠮ ᠪᠠ ᠠᠷᠠᠯᠵᠢᠶᠠᠯᠠᠬᠤ ᠲᠠᠪᠴᠡᠩ ᠪᠠᠶᠢᠭᠤᠯᠬᠤ ᠶᠢ ᠠᠬᠢᠭᠤᠯᠤᠨ᠎ᠠ᠃ ᠭᠤᠤᠯᠳᠠᠯᠭ᠎ᠠ ᠲᠠᠢ ᠰᠠᠪᠠ ᠭᠠᠵᠠᠷ᠂ ᠭᠤᠤᠯᠳᠠᠯᠭ᠎ᠠ ᠲᠠᠢ ᠤᠷᠤᠨ ᠪᠦᠰᠡ ᠶᠢᠨ ᠪᠤᠬᠢᠷᠲᠤᠯ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠶᠢ ᠠᠬᠢᠭᠤᠯᠵᠤ᠂ ᠪᠤᠬᠢᠷᠲᠤᠯ ᠭᠠᠳᠠᠭᠰᠢᠯᠠᠭᠤᠯᠬᠤ ᠡᠷᠬᠡ ᠶᠢᠨ ᠦᠷᠢᠰᠦᠯᠳᠦᠭᠡᠨ ᠤ ᠦᠨ᠎ᠡ ᠬᠠᠩᠰᠢ ᠪᠠᠷ ᠠᠷᠠᠯᠵᠢᠶᠠᠯᠠᠬᠤ ᠵᠠᠬ᠎ᠠ ᠳᠡᠯᠭᠡᠭᠦᠷ ᠤᠨ ᠲᠤᠭᠲᠠᠴᠠ ᠶᠢ ᠪᠠᠶᠢᠭᠤᠯᠵᠤ᠂ ᠪᠤᠬᠢᠷᠲᠤᠯ ᠭᠠᠳᠠᠭᠰᠢᠯᠠᠭᠤᠯᠬᠤ ᠡᠷᠬᠡ ᠪᠠᠷ ᠢᠶᠠᠨ ᠪᠠᠷᠢᠴᠠᠭᠠᠯᠠᠵᠤ ᠳᠠᠨᠵᠢᠯᠠᠨ ᠪᠡᠯᠡ ᠲᠤᠬᠢᠷᠠᠭᠤᠯᠭ᠎ᠠ ᠬᠢᠬᠦ ᠪᠦᠲᠦᠭᠡᠭᠳᠡᠭᠦᠨ ᠢ ᠢᠳᠡᠭ ᠢᠳᠡᠭ ᠢᠶᠠᠷ ᠬᠡᠷᠡᠭᠵᠢᠭᠦᠯᠦᠨ᠎ᠡ᠃ ᠮᠠᠨ ᠤ ᠬᠤᠲᠠ ᠶᠢᠨ ᠨᠡᠭᠦᠷᠡᠰᠦᠳᠦ᠋ᠷᠦᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠵᠠᠰᠠᠭ ᠤᠨ ᠤᠷᠳᠤᠨ ᠬᠢᠭᠡᠳ ᠨᠡᠶᠢᠭᠡᠮ ᠤᠨ ᠬᠦᠷᠦᠩᠭᠡ ᠬᠠᠮᠲᠤᠷᠠᠨ ᠠᠮᠢ ᠠᠬᠤᠢ ᠶᠢᠨ ᠨᠦᠬᠦᠪᠦᠷᠢ ᠶᠢᠨ ᠵᠠᠭᠪᠤᠷ ᠦᠷᠨᠢᠭᠦᠯᠬᠦ ᠶᠢ ᠰᠦᠪᠡᠭᠴᠢᠯᠡᠵᠦ᠂ ᠬᠦᠴᠦᠨ ᠴᠢᠳᠠᠪᠤᠷᠢ ᠲᠠᠢ ᠭᠤᠷᠪᠠᠳᠡᠬᠢ ᠡᠲᠡᠭᠡᠳ ᠤᠨ ᠠᠮᠢ ᠠᠬᠤᠢ ᠶᠢᠨ ᠨᠦᠬᠦᠪᠦᠷᠢ ᠶᠢᠨ ᠠᠷᠠᠯᠵᠢᠶ᠎ᠠ ᠶᠢᠨ ᠵᠠᠬ᠎ᠠ ᠳᠡᠯᠭᠡᠭᠦᠷ ᠲᠤ ᠤᠷᠤᠬᠤ ᠶᠢ ᠵᠤᠷᠢᠭᠵᠢᠭᠤᠯᠵᠤ᠂ ᠭᠤᠷᠪᠠᠳᠡᠬᠢ ᠡᠲᠡᠭᠡᠳ ᠤᠨ ᠦᠨᠡᠯᠡᠨ ᠵᠢᠱᠢᠬᠦ᠂ ᠪᠠᠶᠢᠴᠠᠭᠠᠨ ᠬᠡᠮᠵᠢᠬᠦ᠂ ᠦᠢᠯᠡᠴᠢᠯᠡᠬᠦ ᠪᠠ ᠠᠮᠢ ᠠᠬᠤᠢ ᠶᠢᠨ ᠬᠤᠬᠢᠷᠠᠭᠳᠠᠭᠰᠠᠨ ᠭᠠᠵᠠᠷ ᠤᠷᠤᠨ ᠤ ᠤᠷᠴᠢᠨ ᠲᠤᠭᠤᠷᠢᠨ ᠢᠶᠠᠨ ᠰᠡᠷᠭᠦᠭᠡᠨ ᠵᠠᠰᠠᠬᠤ ᠶᠢ ᠢᠳᠡᠪᠬᠢᠲᠡᠢ ᠪᠠᠷ ᠠᠬᠢᠭᠤᠯᠤᠨ᠎ᠠ᠃ ︵ᠬᠤᠲᠠ ᠶᠢᠨ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠤᠪᠴᠢᠶ᠎ᠠ᠂ ᠣᠢ ᠰᠢᠭᠤᠢ ᠶᠢᠨ ᠲᠤᠪᠴᠢᠶ᠎ᠠ᠂ ᠤᠰᠤᠨ ᠠᠰᠢᠭᠯᠠᠯᠲᠠ ᠶᠢᠨ ᠲᠤᠪᠴᠢᠶ᠎ᠠ᠂ ᠤᠷᠴᠢᠨ ᠠᠬᠤᠢ ᠶᠢᠨ ᠬᠠᠮᠠᠭᠠᠯᠠᠯᠲᠠ ᠶᠢᠨ ᠲᠤᠪᠴᠢᠶ᠎ᠠ ᠬᠠᠷᠢᠭᠤᠴᠠᠨ᠎ᠠ︶       ︵ᠠᠷᠪᠠᠨ ᠭᠤᠷᠪᠠ︶ ᠢᠵᠢ ᠪᠦᠷᠢᠳᠦᠭᠰᠡᠨ ᠳᠦᠷᠢᠮ ᠤᠨ ᠲᠤᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠦᠷ᠎ᠡ ᠠᠰᠢᠭ ᠢ ᠦᠨᠡᠯᠡᠨ ᠵᠢᠱᠢᠬᠦ ᠶᠢ ᠴᠢᠩᠭᠠᠳᠬᠠᠵᠤ᠂ ᠠᠮᠢ ᠠᠬᠤᠢ ᠶᠢᠨ ᠤᠷᠴᠢᠨ ᠲᠤᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠬᠢᠭᠡᠳ ᠦᠨᠡᠯᠡᠨ ᠵᠢᠱᠢᠬᠦ ᠭᠦᠢᠴᠡᠳᠭᠡᠯ ᠲᠤᠭ᠎ᠠ ᠶᠢᠨ ᠲᠤᠭᠲᠠᠯᠴᠠᠭ᠎ᠠ ᠶᠢ ᠲᠡᠭᠦᠰᠵᠢᠭᠦᠯᠵᠦ᠂ ᠠᠮᠢ ᠠᠬᠤᠢ ᠶᠢᠨ ᠦᠢᠯᠡᠴᠢᠯᠡᠭᠡᠨ ᠤ ᠦᠷᠲᠡᠭ ᠤᠨ ᠦᠨᠡᠯᠡᠨ ᠵᠢᠱᠢᠬᠦ ᠪᠠᠶᠢᠭᠤᠯᠤᠮᠵᠢ ᠶᠢ ᠢᠳᠡᠪᠬᠢᠲᠡᠢ ᠪᠠᠷ ᠪᠤᠶᠢᠵᠢᠭᠤᠯᠵᠤ᠂ ᠠᠮᠢ ᠠᠬᠤᠢ ᠶᠢᠨ ᠤᠷᠴᠢᠨ ᠲᠤᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠬᠢᠭᠡᠳ ᠦᠨᠡᠯᠡᠨ ᠵᠢᠱᠢᠬᠦ ᠶᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃ ᠮᠠᠨ ᠤ ᠬᠤᠲᠠ ᠶᠢᠨ ᠠᠮᠢ ᠠᠬᠤᠢ ᠶᠢᠨ ᠪᠤᠯᠪᠠᠰᠤᠨ ᠤ ᠶᠡᠷᠦᠩᠬᠡᠶᠢᠯᠡᠨ ᠦᠨᠡᠯᠡᠬᠦ ᠭᠦᠢᠴᠡᠳᠭᠡᠯ ᠲᠤᠭ᠎ᠠ ᠶᠢᠨ ᠲᠤᠭᠲᠠᠯᠴᠠᠭ᠎ᠠ ᠪᠠ ᠪᠤᠬᠢᠷᠲᠤᠯ ᠦᠭᠡᠢ ᠬᠦᠭᠵᠢᠯᠲᠡ ᠶᠢᠨ ᠪᠦᠷᠢᠳᠭᠡᠬᠦ ᠭᠦᠢᠴᠡᠳᠭᠡᠯ ᠲᠤᠭ᠎ᠠ ᠶᠢᠨ ᠲᠤᠭᠲᠠᠯᠴᠠᠭ᠎ᠠ ᠶᠢ ᠪᠠᠶᠢᠭᠤᠯᠵᠤ᠂ ᠪᠠᠶᠢᠴᠠᠭᠠᠨ ᠦᠨᠡᠯᠡᠨ ᠵᠢᠱᠢᠬᠦ ᠭᠦᠢᠴᠡᠳᠭᠡᠯ ᠲᠤᠭ᠎ᠠ ᠶᠢᠨ ᠲᠤᠭᠲᠠᠯᠴᠠᠭ᠎ᠠ ᠶᠢ ᠲᠡᠭᠦᠰᠵᠢᠭᠦᠯᠦᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠤᠨᠤᠯ ᠪᠠ ᠠᠮᠢ ᠠᠬᠤᠢ ᠶᠢᠨ ᠦᠢᠯᠡᠴᠢᠯᠡᠭᠡᠨ ᠤ ᠦᠷᠲᠡᠭ ᠵᠡᠷᠭᠡ ᠰᠡᠳᠦᠪ ᠤᠨ ᠰᠤᠳᠤᠯᠭᠠᠨ ᠢ ᠭᠦᠨᠵᠡᠭᠡᠶᠢᠷᠡᠭᠦᠯᠦᠨ᠎ᠡ᠃ ︵ᠬᠤᠲᠠ ᠶᠢᠨ ᠤᠷᠴᠢᠨ ᠠᠬᠤᠢ ᠶᠢᠨ ᠬᠠᠮᠠᠭᠠᠯᠠᠯᠲᠠ ᠶᠢᠨ ᠲᠤᠪᠴᠢᠶ᠎ᠠ᠂ ᠲᠤᠭ᠎ᠠ ᠪᠦᠷᠢᠳᠭᠡᠯ ᠤᠨ ᠲᠤᠪᠴᠢᠶ᠎ᠠ᠂ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠬᠠᠷᠢᠭᠤᠴᠠᠨ᠎ᠠ︶       ︵ᠠᠷᠪᠠᠨ ᠳᠦᠷᠪᠡ︶ ᠤᠨᠤᠴᠠᠲᠠᠢ ᠪᠠᠷ ᠶᠠᠳᠠᠭᠤ ᠶᠢ ᠲᠡᠳᠭᠦᠬᠦ᠂ ᠤᠨᠤᠴᠠᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠶᠢ ᠬᠠᠪᠰᠤᠷᠤᠨ ᠠᠬᠢᠭᠤᠯᠤᠨ᠎ᠠ᠃ ᠤᠯᠤᠰ ᠪᠠ ᠦᠪᠡᠷᠲᠡᠭᠡᠨ ᠵᠠᠰᠠᠬᠤ ᠤᠷᠤᠨ ᠤ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠤᠨ ᠲᠦᠷᠦᠯ ᠵᠦᠢᠯ ᠪᠠ ᠪᠡᠯᠡ ᠮᠦᠩᠭᠦ ᠶᠢ ᠤᠨᠤᠴᠠᠲᠠᠢ ᠪᠠᠷ ᠶᠠᠳᠠᠭᠤ ᠶᠢ ᠲᠡᠳᠭᠦᠬᠦ᠂ ᠤᠨᠤᠴᠠᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠶᠢᠨ ᠱᠠᠭᠠᠷᠳᠠᠯᠭ᠎ᠠ ᠶᠤᠰᠤᠭᠠᠷ ᠶᠠᠳᠠᠭᠤ ᠬᠦᠴᠢᠷᠳᠡᠯᠲᠡᠢ ᠭᠠᠵᠠᠷ ᠤᠷᠤᠨ ᠲᠡᠰᠢ ᠬᠡᠯᠪᠡᠶᠢᠯᠭᠡᠵᠦ᠂ ᠳᠠᠩᠰᠠ ᠪᠠᠶᠢᠭᠤᠯᠤᠨ ᠺᠠᠷᠲ ᠵᠤᠬᠢᠶᠠᠭᠰᠠᠨ ᠶᠠᠳᠠᠭᠤ ᠬᠦᠴᠢᠷᠳᠡᠯᠲᠡᠢ ᠬᠦᠮᠦᠨ ᠠᠮᠠ ᠲᠡᠰᠢ ᠬᠡᠯᠪᠡᠶᠢᠯᠭᠡᠨ᠎ᠡ᠃ ᠶᠠᠳᠠᠭᠤ ᠬᠦᠴᠢᠷᠳᠡᠯᠲᠡᠢ ᠭᠠᠵᠠᠷ ᠤᠷᠤᠨ ᠤ ᠠᠮᠢ ᠠᠬᠤᠢ ᠶᠢᠨ ᠶᠡᠷᠦᠩᠬᠡᠶᠢᠯᠡᠭᠰᠡᠨ ᠨᠦᠬᠦᠪᠦᠷᠢ ᠶᠢᠨ ᠲᠤᠷᠰᠢᠯᠲᠠ ᠶᠢᠨ ᠴᠡᠭ ᠢ ᠪᠠᠶᠢᠭᠤᠯᠵᠤ᠂ ᠪᠡᠯᠡ ᠮᠦᠩᠭᠦ ᠬᠡᠷᠡᠭᠯᠡᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠪᠠ ᠠᠮᠢ ᠠᠬᠤᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠪᠡᠯᠡ ᠮᠦᠩᠭᠦ ᠶᠢ ᠠᠰᠢᠭᠯᠠᠨ᠂ ᠲᠤᠬᠠᠢ ᠶᠢᠨ ᠭᠠᠵᠠᠷ ᠤᠨ ᠬᠦᠳᠡᠯᠮᠦᠷᠢᠯᠡᠬᠦ ᠴᠢᠳᠠᠯ ᠲᠠᠢ ᠵᠠᠷᠢᠮ ᠶᠠᠳᠠᠭᠤ ᠬᠦᠴᠢᠷᠳᠡᠯᠲᠡᠢ ᠬᠦᠮᠦᠨ ᠠᠮᠠ ᠶᠢ ᠠᠮᠢ ᠠᠬᠤᠢ ᠶᠢᠨ ᠬᠠᠮᠠᠭᠠᠯᠠᠭᠴᠢ ᠪᠤᠯᠭᠠᠬᠤ ᠶᠢ ᠠᠬᠢᠭᠤᠯᠤᠨ᠎ᠠ᠃ ᠶᠠᠳᠠᠭᠤ ᠬᠦᠴᠢᠷᠳᠡᠯᠲᠡᠢ ᠭᠠᠵᠠᠷ ᠤᠷᠤᠨ ᠳᠤ ᠤᠰᠤ ᠴᠠᠬᠢᠯᠭᠠᠨ᠂ ᠠᠭᠤᠷᠬᠠᠢ ᠶᠢᠨ ᠭᠠᠷᠤᠯᠲᠠ᠂ ᠭᠡᠷᠡᠯ ᠴᠡᠨᠡᠭ ᠤᠨ ᠡᠬᠢ ᠪᠠᠶᠠᠯᠢᠭ ᠲᠤ ᠨᠡᠭᠡᠭᠡᠯᠲᠡ ᠬᠢᠬᠦ ᠳᠤ ᠬᠠᠮᠲᠤ ᠶᠢᠨ ᠭᠠᠵᠠᠷ ᠰᠢᠷᠤᠢ ᠶᠢ ᠡᠵᠡᠯᠡᠨ ᠬᠡᠷᠡᠭᠯᠡᠭᠰᠡᠨ ᠪᠠᠶᠢᠪᠠᠯ᠂ ᠤᠤᠯ ᠤᠨ ᠰᠠᠭᠤᠭᠠᠯᠢ ᠠᠷᠠᠳ ᠲᠤ ᠬᠠᠮᠲᠤ ᠶᠢᠨ ᠰᠲ᠋ᠤᠺ ᠤᠨ ᠡᠷᠬᠡ ᠶᠢᠨ ᠠᠷᠭ᠎ᠠ ᠮᠠᠶ᠋ᠢᠭ ᠢᠶᠠᠷ ᠨᠦᠬᠦᠪᠦᠷᠢ ᠦᠭᠬᠦ ᠶᠢ ᠲᠤᠷᠰᠢᠨ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠢ ᠬᠦᠮᠦᠨ ᠠᠮᠠ ᠳᠤ ᠡᠬᠢ ᠪᠠᠶᠠᠯᠢᠭ ᠤᠨ ᠨᠡᠭᠡᠭᠡᠯᠲᠡ ᠬᠢᠭᠰᠡᠨ ᠠᠰᠢᠭ ᠤᠷᠤᠯᠭ᠎ᠠ ᠶᠢ ᠬᠦᠷᠲᠡᠭᠡᠨ᠎ᠡ᠃ ᠶᠠᠳᠠᠭᠤ ᠬᠦᠴᠢᠷᠳᠡᠯᠲᠡᠢ ᠬᠦᠮᠦᠨ ᠠᠮᠠ ᠶᠢ ᠬᠦᠲᠦᠯᠦᠨ ᠵᠢᠯᠤᠭᠤᠳᠴᠤ ᠪᠠᠶᠢᠭᠠᠳ ᠤᠢ ᠰᠢᠭᠤᠢ᠂ ᠡᠪᠡᠰᠦᠨ ᠤ ᠦᠢᠯᠡᠰ᠂ ᠵᠢᠭᠤᠯᠴᠢᠯᠠᠯ ᠵᠡᠷᠭᠡ ᠠᠮᠢ ᠠᠬᠤᠢ ᠶᠢᠨ ᠠᠵᠤ ᠦᠢᠯᠡᠰ ᠢ ᠬᠦᠭᠵᠢᠭᠦᠯᠵᠦ᠂ ᠡᠳ᠋ ᠬᠦᠷᠦᠩᠭᠡ ᠶᠢᠨ ᠠᠰᠢᠭ ᠤᠷᠤᠯᠭ᠎ᠠ ᠪᠠᠷ ᠶᠠᠳᠠᠭᠤ ᠶᠢ ᠲᠡᠳᠭᠦᠬᠦ ᠲᠤᠭᠲᠠᠴᠠ ᠶᠢ ᠶᠡᠬᠡᠪᠡᠷ ᠬᠡᠷᠡᠭᠵᠢᠭᠦᠯᠦᠨ᠎ᠡ᠃ ᠭᠡᠷᠡᠯ ᠴᠡᠨᠡᠭ ᠢ ᠬᠦᠭᠵᠢᠭᠦᠯᠦᠨ ᠶᠠᠳᠠᠭᠤ ᠶᠢ ᠲᠡᠳᠭᠦᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠎ᠡ᠃ ︵ᠬᠤᠲᠠ ᠶᠢᠨ ᠶᠠᠳᠠᠭᠤ ᠶᠢ ᠲᠡᠳᠭᠦᠬᠦ ᠠᠯᠪᠠᠨ ᠭᠡᠷ᠂ ᠡᠳ᠋ ᠤᠨ ᠵᠠᠰᠠᠭ ᠤᠨ ᠲᠤᠪᠴᠢᠶ᠎ᠠ᠂ ᠤᠢ ᠰᠢᠭᠤᠢ ᠶᠢᠨ ᠲᠤᠪᠴᠢᠶ᠎ᠠ᠂ ᠤᠰᠤᠨ ᠠᠰᠢᠭᠯᠠᠯᠲᠠ ᠶᠢᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠬᠠᠷᠢᠭᠤᠴᠠᠨ᠎ᠠ︶       ︵ᠠᠷᠪᠠᠨ ᠲᠠᠪᠤ︶ ᠬᠠᠤᠯᠢ ᠳᠦᠷᠢᠮ ᠤᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠤᠨ᠎ᠠ᠃ ᠤᠯᠤᠰ ᠤᠨ ᠭᠤᠤᠯ ᠴᠤᠭᠴᠠ ᠶᠢᠨ ᠴᠢᠳᠠᠮᠵᠢᠲᠦ ᠤᠷᠤᠨ ᠤ ᠲᠦᠯᠦᠪᠵᠢᠭᠦᠯᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠮᠢ ᠠᠬᠤᠢ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠮᠠᠨ ᠤ ᠬᠤᠲᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠲᠤᠭᠲᠠᠴᠠ ᠳᠤ ᠬᠠᠤᠯᠢ ᠲᠤᠭᠲᠠᠭᠠᠬᠤ ᠠᠵᠢᠯ ᠪᠠ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ︾᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠯᠪᠠᠨ ᠵᠢᠷᠤᠮ ᠤᠨ ᠮᠤᠳᠤ ᠲᠠᠷᠢᠬᠤ ᠳᠦᠷᠢᠮ︾ ᠪᠠ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠷᠦᠰᠦ ᠰᠢᠷᠤᠢ ᠶᠢ ᠬᠠᠮᠠᠭᠠᠯᠠᠬᠤ ᠨᠦᠬᠦᠪᠦᠷᠢ ᠶᠢᠨ ᠰᠦᠢᠳᠭᠡᠯ ᠬᠤᠷᠢᠶᠠᠵᠤ ᠬᠡᠷᠡᠭᠯᠡᠬᠦ ᠶᠢᠨ ᠬᠡᠷᠡᠭᠵᠢᠭᠦᠯᠬᠦ ᠠᠷᠭ᠎ᠠ︾ ᠵᠡᠷᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠦᠷᠭᠡᠳᠭᠡᠨ ᠠᠬᠢᠭᠤᠯᠤᠨ᠎ᠠ᠃ ︽ᠬᠦᠯᠦᠨ ᠪᠤᠶᠢᠷ ᠬᠤᠲᠠ ᠶᠢᠨ ᠭᠠᠵᠠᠷ ᠳᠤᠤᠷᠠᠬᠢ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠠᠷᠭ᠎ᠠ︾᠂ ︽ᠬᠦᠯᠦᠨ ᠪᠤᠶᠢᠷ ᠬᠤᠲᠠ ᠶᠢᠨ ᠤᠷᠤᠨ ᠨᠤᠲᠤᠭ ᠤᠨ ᠤᠯᠤᠰ ᠤᠨ ᠦᠮᠴᠢᠯᠡᠯᠲᠦ ᠤᠢ ᠰᠢᠭᠤᠢ ᠶᠢᠨ ᠡᠬᠢ ᠪᠠᠶᠠᠯᠢᠭ ᠢ ᠦᠨ᠎ᠡ ᠲᠦᠯᠦᠪᠦᠷᠢ ᠲᠠᠢ ᠪᠠᠷ ᠬᠡᠷᠡᠭᠯᠡᠬᠦ ᠶᠢᠨ ᠬᠡᠷᠡᠭᠵᠢᠭᠦᠯᠬᠦ ᠠᠷᠭ᠎ᠠ︾ ᠶᠢ ᠲᠤᠭᠲᠠᠭᠠᠵᠤ᠂ ︽ᠬᠦᠯᠦᠨ ᠪᠤᠶᠢᠷ ᠬᠤᠲᠠ ᠶᠢᠨ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠤᠷᠤᠭᠤᠯᠤᠨ᠎ᠠ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠤᠰᠤᠨ ᠠᠰᠢᠭᠯᠠᠯᠲᠠ ᠶᠢᠨ ᠲᠤᠪᠴᠢᠶ᠎ᠠ᠂ ᠤᠢ ᠰᠢᠭᠤᠢ ᠶᠢᠨ ᠲᠤᠪᠴᠢᠶ᠎ᠠ᠂ ᠤᠷᠴᠢᠨ ᠠᠬᠤᠢ ᠶᠢᠨ ᠬᠠᠮᠠᠭᠠᠯᠠᠯᠲᠠ ᠶᠢᠨ ᠲᠤᠪᠴᠢᠶ᠎ᠠ᠂ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠬᠠᠷᠢᠭᠤᠴᠠᠨ᠎ᠠ︶       ︵ᠠᠷᠪᠠᠨ ᠵᠢᠷᠭᠤᠭ᠎ᠠ︶ ᠠᠮᠢ ᠠᠬᠤᠢ ᠶᠢᠨ ᠬᠠᠮᠠᠭᠠᠯᠠᠯᠲᠠ ᠶᠢᠨ ᠤᠯᠠᠨ ᠤᠯᠤᠰ ᠤᠨ ᠬᠠᠷᠢᠯᠴᠠᠭ᠎ᠠ ᠬᠠᠮᠲᠤᠷᠠᠯᠴᠠᠭ᠎ᠠ ᠶᠢᠨ ᠲᠤᠭᠲᠠᠴᠠ ᠶᠢ ᠪᠠᠶᠢᠭᠤᠯᠤᠨ᠎ᠠ᠃ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠮᠲᠤᠷᠠᠯᠴᠠᠭ᠎ᠠ ᠶᠢ ᠲᠡᠭᠦᠰᠵᠢᠭᠦᠯᠵᠦ᠂ ᠤᠷᠤᠰ ᠮᠤᠩᠭᠤᠯ ᠯᠤᠭ᠎ᠠ ᠶᠢᠨ ᠤᠯᠤᠰ ᠠᠯᠤᠰᠯᠠᠭᠰᠠᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠮᠲᠤᠷᠠᠯᠴᠠᠬᠤ ᠲᠤᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠢ ᠰᠢᠭᠤᠢ᠂ ᠲᠠᠯ᠎ᠠ ᠨᠤᠲᠤᠭ᠂ ᠨᠤᠭᠤ ᠭᠠᠵᠠᠷ ᠵᠡᠷᠭᠡ ᠠᠮᠢ ᠠᠬᠤᠢ ᠶᠢᠨ ᠰᠢᠰᠲ᠋ᠧᠮ ᠢ ᠬᠠᠮᠲᠤᠪᠠᠷ ᠬᠠᠮᠠᠭᠠᠯᠠᠨ᠎ᠠ᠃ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠪᠠ ᠤᠢ ᠰᠢᠭᠤᠢ ᠶᠢᠨ ᠬᠦᠨᠦᠭᠡᠯᠲᠦ ᠠᠮᠢᠳᠤ ᠪᠤᠳᠠᠰ ᠢ ᠰᠡᠷᠭᠡᠶᠢᠯᠡᠬᠦ ᠬᠠᠮᠲᠤᠷᠠᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠤᠷᠴᠢᠨ ᠠᠬᠤᠢ ᠶᠢ ᠬᠢᠨᠡᠨ ᠡᠷᠬᠡᠰᠢᠶᠡᠬᠦ ᠮᠡᠳᠡᠭᠡ ᠵᠠᠩᠭᠢ ᠶᠢᠨ ᠲᠠᠪᠴᠠᠩ ᠢ ᠰᠤᠳᠤᠯᠤᠨ ᠪᠠᠶᠢᠭᠤᠯᠵᠤ᠂ ᠤᠷᠴᠢᠨ ᠠᠬᠤᠢ ᠶᠢ ᠨᠦᠯᠦᠭᠡᠯᠡᠬᠦ ᠦᠨᠡᠯᠡᠯᠲᠡ ᠪᠠ ᠵᠠᠭᠠᠭ ᠠᠯᠤᠰᠯᠠᠭᠰᠠᠨ ᠤᠷᠴᠢᠨ  ᠠᠬᠤᠢ ᠶᠢ ᠨᠦᠯᠦᠭᠡᠯᠡᠬᠦ ᠦᠨᠡᠯᠡᠨ ᠵᠢᠱᠢᠯᠲᠡ ᠶᠢ ᠴᠢᠩᠭᠠᠳᠬᠠᠨ᠎ᠠ᠃ ᠳᠤᠮᠳᠠᠳᠤ ᠮᠤᠩᠭᠤᠯ ᠤᠷᠤᠰ ᠤᠨ ᠳᠠᠭᠤᠷ ᠤᠯᠠᠨ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠬᠤᠯᠪᠤᠭᠠᠲᠤ ᠵᠦᠪᠯᠡᠯ ᠤᠨ ᠬᠤᠷᠠᠯ ᠪᠠ ᠳᠤᠮᠳᠠᠳᠤ ᠮᠤᠩᠭᠤᠯ ᠤᠨ ᠬᠢᠯᠢ ᠶᠢᠨ ᠤᠷᠤᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠬᠠᠮᠲᠤᠷᠠᠨ ᠰᠡᠷᠭᠡᠶᠢᠯᠡᠬᠦ ᠬᠤᠷᠠᠯ ᠤᠨ ᠡᠯ᠎ᠡ ᠲᠦᠷᠦᠯ ᠤᠨ ᠬᠡᠯᠡᠯᠴᠡᠭᠡᠷ ᠵᠦᠪᠳᠡᠯᠴᠡᠭᠡ ᠵᠢᠴᠢ ᠬᠤᠷᠠᠯ ᠤᠨ ᠲᠤᠪᠴᠢ ᠶᠢ ᠨᠠᠶᠢᠳᠠᠪᠤᠷᠢᠵᠢᠭᠤᠯᠵᠤ᠂ ᠤᠷᠤᠰ ᠤᠨ ᠭᠠᠳᠠᠷ ᠪᠠᠶᠢᠭᠠᠯ ᠬᠢᠯᠢ ᠬᠢᠵᠠᠭᠠᠷ ᠤᠷᠤᠨ ᠲᠠᠢ ᠬᠠᠮᠲᠤ ᠡᠷᠭᠦᠨ᠎ᠡ ᠭᠤᠤᠯ ᠤᠨ ᠤᠰᠤ ᠶᠢᠨ ᠪᠤᠵᠠᠷᠲᠤᠯ ᠢ ᠵᠠᠰᠠᠬᠤ᠂ ᠰᠡᠷᠭᠡᠶᠢᠯᠡᠬᠦ ᠪᠠ ᠬᠠᠮᠲᠤᠷᠠᠨ ᠬᠢᠨᠠᠨ ᠬᠡᠮᠵᠢᠬᠦ ᠠᠵᠢᠯ ᠢ ᠴᠢᠩᠭᠠᠳᠬᠠᠨ᠎ᠠ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠡ᠂ ᠭᠠᠳᠠᠭᠠᠳᠤ ᠶᠠᠪᠤᠳᠠᠯ ᠤᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠤᠰᠤᠨ ᠠᠰᠢᠭᠯᠠᠯᠲᠠ ᠶᠢᠨ ᠲᠤᠪᠴᠢᠶ᠎ᠠ᠂ ᠤᠢ ᠰᠢᠭᠤᠢ ᠶᠢᠨ ᠲᠤᠪᠴᠢᠶ᠎ᠠ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠤᠪᠴᠢᠶ᠎ᠠ᠂ ᠬᠦᠯᠦᠨ ᠨᠠᠭᠤᠷ ᠤᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠲᠠ ᠶᠢᠨ ᠲᠤᠪᠴᠢᠶ᠎ᠠ ᠬᠠᠷᠢᠭᠤᠴᠠᠨ᠎ᠠ︶       ︵ᠠᠷᠪᠠᠨ ᠳᠤᠯᠤᠭ᠎ᠠ︶ ᠪᠦᠲᠦᠮᠵᠢᠲᠡᠢ ᠬᠢᠨᠠᠨ ᠬᠠᠮᠢᠶᠠᠷᠤᠯᠲᠠ ᠶᠢᠨ ᠲᠤᠭᠲᠠᠴᠠ ᠶᠢ ᠪᠠᠶᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠠᠵᠢᠯ ᠳᠠᠬᠢ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠳᠬᠠᠵᠤ᠂ ᠪᠡᠯᠡ ᠮᠦᠩᠭᠦ ᠶᠢᠨ ᠬᠢᠨᠠᠨ ᠬᠠᠮᠢᠶᠠᠷᠤᠯᠲᠠ ᠪᠠᠨ ᠴᠢᠩᠭᠠᠷᠠᠭᠤᠯᠵᠤ᠂ ᠨᠦᠬᠦᠪᠦᠷᠢ ᠶᠢᠨ ᠪᠡᠯᠡ ᠮᠦᠩᠭᠦ ᠶᠢᠨ ᠬᠡᠷᠡᠭᠯᠡᠯᠲᠡ ᠶᠢᠨ ᠬᠦᠷᠢᠶ᠎ᠡ ᠬᠡᠪᠴᠢᠶ᠎ᠡ ᠪᠠ ᠬᠡᠷᠡᠭᠴᠡᠭᠡ ᠶᠢ ᠴᠢᠩᠳᠠᠯᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠪᠡᠯᠡ ᠮᠦᠩᠭᠦ ᠶᠢᠨ ᠬᠡᠷᠡᠭᠯᠡᠯᠲᠡ ᠶᠢᠨ ᠵᠠᠯᠠᠷᠠᠭᠤᠯᠬᠤ ᠲᠤᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠮᠢ ᠠᠬᠤᠢ ᠶᠢᠨ ᠨᠦᠬᠦᠪᠦᠷᠢ ᠶᠢᠨ ᠪᠡᠯᠡ ᠮᠦᠩᠭᠦ ᠶᠢᠨ ᠲᠤᠰᠬᠠᠢ ᠵᠤᠭᠤᠰ ᠢ ᠲᠤᠰᠬᠠᠢ ᠬᠡᠷᠡᠭᠯᠡᠬᠦ ᠪᠦᠭᠡᠳ ᠪᠤᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠶᠢ ᠪᠠᠲᠤᠯᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠪᠡᠯᠡ ᠮᠦᠩᠭᠦ ᠶᠢ ᠦᠨᠡᠨ ᠬᠦ ᠠᠮᠢ ᠠᠬᠤᠢ ᠶᠢ ᠨᠦᠬᠦᠪᠦᠷᠢᠯᠡᠬᠦ ᠳᠤ ᠬᠡᠷᠡᠭᠯᠡᠬᠦ ᠶᠢ ᠪᠠᠲᠤᠯᠠᠨ᠎ᠠ︔ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠪᠡᠯᠡ ᠮᠦᠩᠭᠦ ᠶᠢ ᠢᠯᠡ ᠪᠠᠶᠢᠯᠭᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠪᠡᠯᠡ ᠮᠦᠩᠭᠦ ᠶᠢᠨ ᠮᠡᠳᠡᠭᠡ ᠵᠠᠩᠭᠢ ᠶᠢ ᠢᠯᠡ ᠪᠠᠶᠢᠯᠭᠠᠬᠤ ᠳᠦᠷᠢᠮ ᠢ ᠲᠡᠭᠦᠯᠳᠡᠷᠵᠢᠭᠦᠯᠵᠦ᠂ ᠡᠯ᠎ᠡ ᠱᠠᠲᠤᠨ ᠤ ᠵᠠᠰᠠᠭ ᠤᠨ ᠤᠷᠳᠤᠨ ᠠᠴᠠ ᠠᠮᠢ ᠠᠬᠤᠢ ᠶᠢᠨ ᠨᠦᠬᠦᠪᠦᠷᠢ ᠶᠢᠨ ᠪᠡᠯᠡ ᠮᠦᠩᠭᠦ ᠶᠢᠨ ᠬᠤᠪᠢᠶᠠᠷᠢᠯᠠᠯᠲᠠ᠂ ᠬᠡᠷᠡᠭᠯᠡᠯᠲᠡ ᠶᠢᠨ ᠪᠠᠶᠢᠳᠠᠯ ᠢ ᠱᠠᠲᠤ ᠬᠤᠪᠢᠶᠠᠨ ᠨᠡᠶᠢᠲᠡᠯᠡᠬᠦ ᠶᠢ ᠬᠡᠷᠡᠭᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠪᠡᠯᠡ ᠮᠦᠩᠭᠦ ᠶᠢ ᠡᠵᠡᠯᠡᠨ ᠬᠡᠷᠡᠭᠯᠡᠬᠦ᠂ ᠰᠢᠯᠵᠢᠭᠦᠯᠵᠦ ᠬᠡᠷᠡᠭᠯᠡᠬᠦ ᠶᠢ ᠡᠷᠡᠰ ᠲᠡᠪᠴᠢᠨ᠎ᠡ᠃ ᠨᠤᠲᠤᠭ ᠪᠡᠯᠴᠢᠭᠡᠷ ᠤᠨ ᠡᠪᠡᠰᠦ ᠮᠠᠯ ᠬᠤᠶᠠᠷ ᠢ ᠲᠡᠩᠴᠡᠭᠦᠷᠢᠲᠡᠢ ᠪᠠᠶᠢᠯᠭᠠᠬᠤ᠂ ᠨᠤᠲᠤᠭ ᠪᠡᠯᠴᠢᠭᠡᠷ ᠢ ᠡᠷᠭᠢᠯᠳᠦᠭᠦᠯᠦᠨ ᠰᠢᠯᠵᠢᠭᠦᠯᠬᠦ᠂ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠬᠦ᠂ ᠬᠠᠤᠯᠢ ᠬᠡᠷᠡᠭᠵᠢᠭᠦᠯᠬᠦ ᠡᠩᠨᠡᠭᠡ ᠵᠡᠷᠭᠡ ᠶᠢᠨ ᠬᠢᠨᠠᠨ ᠬᠠᠮᠢᠶᠠᠷᠬᠤ ᠲᠤᠭᠲᠠᠴᠠ ᠶᠢ ᠪᠠᠶᠢᠭᠤᠯᠤᠨ ᠲᠡᠭᠦᠰᠵᠢᠭᠦᠯᠦᠨ᠎ᠡ᠃ ︵ᠡᠯ᠎ᠡ ᠬᠤᠰᠢᠭᠤ ᠬᠤᠲᠠ ᠲᠤᠭᠤᠷᠢᠭ ᠤᠨ ᠵᠠᠰᠠᠭ ᠤᠨ ᠤᠷᠳᠤᠨ᠂ ᠬᠤᠲᠠ ᠶᠢᠨ ᠬᠢᠨᠠᠨ ᠪᠤᠳᠤᠬᠤ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠬᠠᠷᠢᠭᠤᠴᠠᠨ᠎ᠠ︶       ᠳᠦᠷᠪᠡ᠂ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠨ᠎ᠠ       ︵ᠠᠷᠪᠠᠨ ᠨᠠᠢᠮᠠ︶ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠤᠨ᠎ᠠ᠃ ᠬᠤᠲᠠ ᠶᠢᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠺᠤᠮᠢᠰ ᠤᠨ ᠤᠳᠤᠷᠢᠳᠤᠯᠭ᠎ᠠ ᠳᠤᠤᠷ᠎ᠠ᠂ ᠦᠪᠡᠷᠲᠡᠭᠡᠨ ᠵᠠᠰᠠᠬᠤ ᠤᠷᠤᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠺᠤᠮᠢᠰ ᠤᠨ ᠡᠯ᠎ᠡ ᠲᠦᠷᠦᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠣᠨ ᠬᠡᠷᠡᠭᠵᠢᠭᠦᠯᠦᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠰᠠᠯᠠᠭ᠎ᠠ ᠮᠦᠴᠢᠷ ᠤᠨ ᠬᠤᠭᠤᠷᠤᠨᠳᠤᠬᠢ ᠵᠤᠬᠢᠴᠠᠭᠤᠯᠬᠤ ᠲᠤᠭᠲᠠᠴᠠ ᠶᠢ ᠪᠠᠶᠢᠭᠤᠯᠵᠤ᠂ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢᠨ ᠦᠨᠡᠯᠡᠨ ᠵᠢᠱᠢᠯᠲᠡ ᠶᠢ ᠵᠤᠬᠢᠶᠠᠨ ᠪᠠᠶᠢᠭᠤᠯᠤᠨ ᠦᠷᠨᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠲᠤᠭᠲᠠᠴᠠ ᠶᠢᠨ ᠪᠠᠶᠢᠭᠤᠯᠤᠯᠲᠠ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠡᠬᠢ ᠪᠠᠶᠠᠯᠢᠭ ᠤᠨ ᠠᠮᠢ ᠠᠬᠤᠢ ᠶᠢᠨ ᠦᠷᠲᠡᠭ ᠲᠠᠬᠢ ᠵᠦᠢ ᠵᠤᠬᠢᠰᠲᠠᠢ ᠦᠨᠡᠯᠡᠨ ᠵᠢᠱᠢᠯᠲᠡ ᠶᠢ ᠦᠷᠨᠢᠭᠦᠯᠵᠦ᠂ ᠰᠢᠨᠵᠢᠯᠡᠬᠦ ᠤᠬᠠᠭᠠᠨᠴᠢ ᠵᠦᠢ ᠵᠤᠬᠢᠰᠲᠠᠢ ᠰᠢᠯᠭᠠᠨ ᠬᠢᠨᠠᠵᠤ ᠦᠨᠡᠯᠡᠬᠦ ᠲᠤᠭᠲᠠᠯᠴᠠᠭ᠎ᠠ ᠶᠢ ᠲᠤᠭᠲᠠᠭᠠᠵᠤ᠂ ᠡᠯ᠎ᠡ ᠲᠦᠷᠦᠯ ᠤᠨ ᠡᠭᠦᠷᠭᠡ ᠶᠢ ᠨᠢᠭᠡᠳᠦᠯᠲᠡᠢ ᠲᠦᠯᠦᠪᠯᠡᠨ ᠠᠬᠢᠭᠤᠯᠬᠤ ᠪᠠ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠠᠴᠠ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠲᠤᠭᠲᠠᠴᠠ ᠶᠢ ᠲᠡᠭᠦᠯᠳᠡᠷᠵᠢᠭᠦᠯᠬᠦ ᠶᠢ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠴᠢᠬᠤᠯᠠ ᠭᠠᠷᠳᠠᠴᠠ ᠪᠤᠯᠭᠠᠵᠤ᠂ ᠡᠳᠦᠷ ᠳᠤᠲᠤᠮ ᠤᠨ ᠴᠢᠬᠤᠯᠠ ᠵᠦᠪᠯᠡᠬᠦ ᠵᠦᠢᠯ ᠳᠡᠭᠡᠨ ᠤᠷᠤᠭᠤᠯᠵᠤ᠂ ᠦᠨᠡᠨ ᠬᠦ ᠰᠠᠶᠢᠲᠤᠷ ᠠᠳᠬᠤᠵᠤ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠨᠢᠭᠲᠠ ᠬᠠᠮᠵᠢᠯᠴᠠᠨ᠂ ᠬᠦᠴᠦ ᠪᠠᠨ ᠬᠠᠮᠲᠤᠳᠬᠠᠨ ᠠᠵᠢᠯᠯᠠᠵᠤ᠂ ᠪᠤᠳᠠᠲᠠᠢ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠨᠠᠷᠢᠯᠢᠭᠵᠢᠭᠤᠯᠵᠤ᠂ ᠬᠠᠮᠢᠶ᠎ᠠ ᠪᠦᠬᠦᠢ ᠠᠵᠢᠯ ᠢ ᠰᠠᠶᠢᠲᠤᠷ  ᠬᠢᠬᠦ ᠬᠡᠷᠡᠭᠲᠡᠢ᠃ ᠤᠯᠤᠰ ᠪᠠ ᠦᠪᠡᠷᠲᠡᠭᠡᠨ ᠵᠠᠰᠠᠬᠤ ᠤᠷᠤᠨ ᠤ ᠠᠵᠢᠯ ᠲᠦᠷᠦᠯ ᠨᠢᠭᠡᠲᠡᠢ ᠰᠠᠯᠠᠭ᠎ᠠ ᠮᠦᠴᠢᠷ ᠲᠠᠢ ᠢᠳᠡᠪᠬᠢᠲᠡᠢ ᠪᠠᠷ ᠨᠡᠪᠲᠡᠷᠡᠯᠴᠡᠨ ᠬᠠᠷᠢᠯᠴᠠᠵᠦ ᠠᠵᠢᠯ ᠢᠶᠠᠨ ᠬᠠᠷᠢᠭᠤ ᠮᠡᠳᠡᠭᠦᠯᠵᠦ᠂ ᠲᠦᠷᠦᠯ ᠵᠦᠢᠯ᠂ ᠪᠡᠯᠡ ᠮᠦᠩᠭᠦ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠤᠯᠬᠤ ᠪᠠᠷ ᠴᠢᠷᠮᠠᠶᠢᠬᠤ ᠬᠡᠷᠡᠭᠲᠡᠢ᠃       ︵ᠠᠷᠪᠠ ᠶᠢᠰᠦ︶ ᠰᠢᠪᠠᠳᠠᠨ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠡᠯ᠎ᠡ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠳᠠᠬᠢ ᠵᠢᠯᠤᠭᠤᠳᠤᠯᠭ᠎ᠠ ᠪᠠ ᠬᠢᠨᠠᠯᠲᠠ ᠪᠠᠨ ᠦᠨᠡᠨ ᠬᠦ ᠴᠢᠩᠭᠠᠳᠬᠠᠵᠤ᠂ ᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ᠂ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠠᠴᠠ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠪᠡᠯᠡ ᠮᠦᠩᠭᠦ ᠶᠢᠨ ᠬᠡᠷᠡᠭᠯᠡᠯᠲᠡ ᠳᠠᠬᠢ ᠦᠷ᠎ᠡ ᠪᠦᠲᠦᠮᠵᠢ ᠶᠢᠨ ᠦᠨᠡᠯᠡᠯᠲᠡ ᠶᠢ ᠴᠢᠩᠭᠠᠳᠬᠠᠵᠤ᠂ ᠲᠤᠰ ᠰᠠᠨᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠪᠠᠶᠢᠴᠠᠭᠠᠯᠲᠠ ᠪᠠ ᠮᠦᠷᠳᠡᠨ ᠵᠠᠳᠠᠯᠤᠯᠲᠠ ᠶᠠᠪᠤᠭᠳᠠᠭᠤᠯᠵᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠵᠢᠯ ᠪᠦᠷᠢ ᠲᠤᠭᠲᠠᠭᠰᠠᠨ ᠬᠤᠭᠤᠴᠠᠭ᠎ᠠ ᠲᠠᠢ ᠪᠠᠷ ᠬᠤᠲᠠ ᠶᠢᠨ ᠵᠠᠰᠠᠭ ᠤᠨ ᠤᠷᠳᠤᠨ ᠳᠤ ᠮᠡᠳᠡᠭᠦᠯᠦᠨ᠎ᠡ᠃ ᠬᠢᠨᠠᠨ ᠪᠤᠳᠤᠬᠤ᠂ ᠬᠢᠨᠠᠨ ᠪᠠᠶᠢᠴᠠᠭᠠᠬᠤ ᠰᠠᠯᠠᠭ᠎ᠠ ᠮᠦᠴᠢᠷ ᠠᠴᠠ ᠬᠠᠤᠯᠢ ᠶᠤᠰᠤᠭᠠᠷ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠬᠦ ᠬᠡᠷᠡᠭᠲᠡᠢ᠃ ᠤᠷᠴᠢᠨ ᠠᠬᠤᠢ ᠶᠢᠨ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠠᠵᠢᠯ ᠢ ᠦᠨᠡᠨ ᠬᠦ ᠰᠠᠶᠢᠲᠤᠷ ᠬᠢᠵᠦ᠂ ᠱᠠᠭᠠᠷᠳᠠᠨ ᠪᠠᠶᠢᠴᠠᠭᠠᠬᠤ ᠠᠵᠢᠯᠯᠠᠭ᠎ᠠ ᠪᠠ ᠦᠷ᠎ᠡ ᠳ᠋ᠦᠩ ᠢ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠠᠵᠢᠯ ᠲᠠᠢ ᠤᠷᠭᠠᠨᠢᠭ ᠢᠶᠠᠷ ᠤᠶᠠᠯᠳᠤᠭᠤᠯᠬᠤ ᠬᠡᠷᠡᠭᠲᠡᠢ᠃ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠠᠨᠠᠢ ᠪᠤᠯ᠂ ᠬᠠᠷᠢᠭᠤᠴᠠᠯᠭ᠎ᠠ ᠨᠡᠬᠡᠮᠵᠢᠯᠡᠬᠦ ᠲᠤᠭᠲᠠᠴᠠ ᠶᠢ ᠬᠡᠷᠡᠭᠵᠢᠭᠦᠯᠦᠨ᠎ᠡ᠃       ︵ᠬᠤᠷᠢ︶ ᠶᠠᠷᠢᠶ᠎ᠠ ᠬᠡᠯᠡᠯᠴᠡᠭᠡᠨ ᠤ ᠤᠬᠠᠭᠤᠯᠤᠯ ᠢ ᠴᠢᠩᠭᠠᠳᠬᠠᠨ᠎ᠠ᠃ ᠰᠤᠨᠢᠨ ᠮᠡᠳᠡᠭᠡᠨ ᠤ ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠳᠤ ᠲᠦᠰᠢᠭᠯᠡᠨ᠂ ᠨᠡᠶᠢᠲᠡᠯᠢᠭ ᠵᠢᠱᠢᠶ᠎ᠡ ᠪᠠᠷ ᠳᠠᠭᠤᠷᠢᠶᠠᠯ ᠦᠵᠡᠭᠦᠯᠬᠦ᠂ ᠦᠵᠡᠰᠭᠦᠯᠡᠩ ᠢᠶᠠᠷ ᠦᠵᠡᠭᠦᠯᠦᠯᠭᠡ ᠬᠢᠬᠦ᠂ ᠲᠤᠷᠰᠢᠯᠭ᠎ᠠ ᠪᠠᠨ ᠰᠤᠯᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠦᠵᠡᠰᠭᠦᠯᠡᠩ ᠰᠠᠶᠢᠬᠠᠨ ᠢᠶᠠᠷ ᠦᠨᠢᠷ ᠤᠨᠤᠯᠵᠢᠬᠤᠨ ᠢ ᠪᠠᠲᠤ ᠪᠤᠢ ᠪᠤᠯᠭᠠᠵᠤ᠂ ᠨᠡᠶᠢᠭᠡᠮ ᠳᠠᠶᠠᠭᠠᠷ ᠢ ᠬᠦᠲᠦᠯᠦᠨ ᠵᠢᠯᠤᠭᠤᠳᠴᠤ ᠪᠠᠶᠢᠭᠠᠳ ᠠᠮᠢ ᠠᠬᠤᠢ ᠶᠢᠨ ᠦᠢᠯᠡᠳᠬᠦᠨ ᠢ ᠦᠨ᠎ᠡ ᠦᠷᠲᠡᠭ ᠲᠠᠢ ᠪᠠᠶᠢᠯᠭᠠᠬᠤ᠂ ᠠᠮᠢ ᠠᠬᠤᠢ ᠶᠢ ᠬᠠᠮᠠᠭᠠᠯᠠᠬᠤ ᠳᠤ ᠬᠦᠮᠦᠨ ᠪᠦᠬᠦᠨ ᠬᠠᠷᠢᠭᠤᠴᠠᠯᠭ᠎ᠠ ᠲᠠᠢ ᠪᠠᠶᠢᠬᠤ ᠦᠵᠡᠯ ᠤᠬᠠᠮᠰᠠᠷ ᠢ ᠪᠤᠢ ᠪᠤᠯᠭᠠᠵᠤ᠂ ᠠᠮᠢ ᠠᠬᠤᠢ ᠶᠢ ᠡᠪᠳᠡᠬᠦ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠬᠤᠷᠢᠭᠯᠠᠨ᠂ ᠤᠷᠴᠢᠨ ᠲᠤᠭᠤᠷᠢᠨ ᠢ ᠬᠢᠮᠠᠭᠠᠳᠠᠬᠤ᠂ ᠠᠮᠢ ᠠᠬᠤᠢ ᠶᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ