ᠬᠥᠯᠤᠨ ᠪᠤᠶᠢᠷ ᠬᠤᠳᠠ ᠶᠢᠨ ᠭᠡᠭᠡᠷ᠎ᠠ ᠶᠢᠨ ᠭᠠᠯ ᠤᠨ ᠢᠷᠡᠯᠳᠠ ᠶᠢᠨ ᠬᠠᠮᠢᠶᠠᠷᠤᠯᠳᠠ ᠶᠢᠨ ᠠᠷᠭ᠎ᠠ
ᠨᠡᠶᠢᠲᠡᠯᠡᠭᠰᠡᠨ ᠴᠠᠭ᠄
2019/5/10
                                         ᠬᠥᠯᠤᠨ ᠵᠠᠰᠠᠭ ᠠᠯᠪᠠᠨ ᠲᠠᠷᠬᠠᠭᠠᠡᠡᠰᠡᠨ  ﹇2017﹈ 72 ᠲᠤᠭᠠᠳᠥ                                              2017 ᠤᠨ ᠤ 8 ᠰᠠᠷ᠎ᠠ ᠶᠢᠨ 7 ᠤ ᠡᠳᠤᠷ               ᠬᠡᠭᠡᠷ᠎ᠠ ᠶᠢᠨ ᠭᠠᠯ ᠤᠨ ᠢᠷᠡᠯᠳᠠ ᠶᠢᠨ ᠬᠠᠮᠢᠶᠠᠷᠤᠯᠳᠠ ᠶᠢᠨ ᠠᠵᠢᠯ ᠢ ᠠᠯᠬᠤᠮ ᠴᠢᠨ᠋ᠬᠠᠰᠢᠳᠠ ᠴᠢᠩᠭᠠᠷᠠᠭᠤᠯᠵᠥ᠂ ᠤᠢ ᠰᠢᠭᠤᠢ ᠲᠠᠯ᠎ᠠ ᠨᠤᠳᠤᠭ ᠤᠨ ᠭᠠᠯ ᠤᠨ ᠠᠶᠤᠯ ᠤᠨ ᠲᠠᠯᠳᠠ ᠭᠡᠮ ᠢ ᠢᠳᠡᠪᠬᠢᠳᠡᠢ ᠠᠷᠢᠯᠭᠠᠨ᠂ ᠤᠢ ᠰᠢᠭᠤᠢ ᠲᠠᠯ᠎ᠠ ᠨᠤᠳᠤᠭ ᠤᠨ ᠭᠠᠯ ᠲᠦᠢᠮᠡᠷ ᠡᠬᠦᠰᠬᠦ ᠶᠢ ᠪᠥᠳᠤᠮᠵᠢᠳᠡᠢ ᠰᠠᠷᠭᠡᠶᠢᠯᠡᠨ ᠡᠵᠡᠮᠳᠡᠵᠥ᠂ ᠤᠢ ᠰᠢᠭᠤᠢ ᠲᠠᠯ᠎ᠠ ᠨᠤᠳᠤᠭ ᠤᠨ ᠡᠬᠢ ᠪᠠᠶᠠᠯᠢᠭ ᠤᠨ ᠬᠤᠬᠢᠷᠡᠯ ᠢ ᠬᠠᠮᠤᠭ ᠶᠡᠭᠡ ᠬᠡᠮᠵᠢᠶ᠎ᠠ ᠪᠠᠷ ᠪᠠᠭᠠᠰᠬᠠᠵᠥ᠂ ᠠᠮᠢ ᠠᠬᠤᠢ ᠶᠢᠨ ᠠᠮᠤᠷ ᠲᠥᠪᠰᠢᠨ ᠪᠠ ᠠᠷᠠᠤᠨ ᠤᠯᠠᠨ ᠤ ᠠᠮᠢ ᠨᠠᠰᠥ ᠡᠳ᠋ ᠬᠥᠷᠤᠩᠭᠡ ᠶᠢᠨ ᠠᠮᠤᠷ ᠲᠥᠪᠰᠢᠨ ᠢ ᠪᠠᠳᠤᠯᠬᠠᠥ ᠶᠢᠨ ᠲᠤᠰᠠᠳᠠ᠂ ᠲᠥᠷᠥ ᠶᠢᠨ ᠶᠠᠪᠤᠳᠡᠯ ᠤᠨ ᠬᠤᠷᠢᠶᠠᠨ ᠤ ᠨᠠᠶᠢᠳᠠᠯᠡᠭᠰᠡᠨ ︽ᠪᠥᠬᠦᠳᠠ ᠨᠠᠶᠢᠷᠠᠮᠳ᠋ᠬᠠᠥ ᠲᠤᠮᠳᠠᠳᠥ ᠠᠷᠠᠤᠨ ᠤᠯᠤᠰ ᠤᠨ ᠤᠢ ᠰᠢᠭᠤᠢ ᠶᠢᠨ ᠬᠠᠤᠯᠢ︾ ︽ᠪᠥᠬᠦᠳᠠ ᠨᠠᠶᠢᠷᠠᠮᠳ᠋ᠬᠠᠥ ᠲᠤᠮᠳᠠᠳᠥ ᠠᠷᠠᠤᠨ ᠤᠯᠤᠰ ᠤᠨ ᠲᠠᠯ᠎ᠠ ᠨᠤᠳᠤᠭ ᠤᠨ ᠬᠠᠤᠯᠢ︾ ︽ᠤᠯᠤᠰ ᠤᠨ ᠤᠢ ᠰᠢᠭᠤᠢ ᠶᠢᠨ ᠭᠠᠯ ᠢ ᠰᠡᠷᠭᠡᠶᠢᠯᠡᠬᠦ ᠲᠥᠷᠢᠮ︾ ︽ᠤᠯᠤᠰ ᠤᠨ ᠲᠠᠯ᠎ᠠ ᠨᠤᠳᠤᠭ ᠤᠨ ᠭᠠᠯ ᠢ ᠰᠡᠷᠭᠡᠶᠢᠯᠡᠬᠦ ᠲᠥᠷᠢᠮ︾ ︽ᠦᠪᠤᠷ ᠮᠤᠩᠭᠤᠯ ᠤᠨ ᠦᠪᠡᠷᠳᠡᠬᠡᠨ ᠵᠠᠰᠬᠠᠥ ᠤᠷᠤᠨ ᠤ ᠤᠢ ᠰᠢᠭᠤᠢ ᠲᠠᠯ᠎ᠠ ᠨᠤᠳᠤᠭ ᠤᠨ ᠭᠠᠯ ᠢ ᠰᠡᠷᠭᠡᠶᠢᠯᠡᠬᠦ ᠲᠥᠷᠢᠮ︾ ᠪᠠ ︽ᠤᠯᠤᠰ ᠤᠨ ᠤᠢ ᠰᠢᠭᠤᠢ ᠶᠢᠨ ᠭᠠᠯ ᠢ ᠰᠡᠷᠭᠡᠶᠢᠯᠡᠬᠦ ᠵᠢᠯᠤᠭᠤᠤᠬᠠᠥ ᠬᠡᠯᠳᠡᠰ᠂ ᠤᠯᠤᠰ ᠤᠨ ᠤᠢ ᠰᠢᠭᠤᠢ ᠶᠢᠨ ᠲᠤᠪᠴᠢᠶ᠎ᠠ ᠶᠢᠨ ᠭᠠᠯ ᠤᠨ ᠢᠷᠡᠯᠳᠠ ᠶᠢᠨ ᠬᠠᠮᠢᠶᠠᠷᠤᠯᠳᠠ ᠶᠢᠨ ᠠᠵᠢᠯ ᠢ ᠠᠯᠬᠤᠮ ᠴᠢᠨ᠋ᠬᠠᠰᠢᠳᠠ ᠴᠢᠩᠳᠠᠯᠬᠠᠥ ᠲᠤᠬᠠᠢ ᠰᠠᠨᠠᠯ︾ ︵ᠤᠯᠤᠰ ᠤᠨ ᠤᠢ ᠰᠡᠷᠭᠡᠶᠢᠯᠡᠯᠳᠡ ﹇2011﹈14 ᠲᠤᠭᠠᠳᠥ ᠵᠢᠴᠢ ︽ᠦᠪᠤᠷ ᠮᠤᠩᠭᠤᠯ ᠤᠨ ᠦᠪᠡᠷᠳᠡᠬᠡᠨ ᠵᠠᠰᠬᠠᠥ ᠤᠷᠤᠨ ᠤ ᠤᠢ ᠰᠢᠭᠤᠢ ᠲᠠᠯ᠎ᠠ ᠨᠤᠳᠤᠭ ᠤᠨ ᠭᠠᠯ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠭᠡᠮᠵᠢᠯᠡᠬᠦ ᠠᠷᠭ᠎ᠠ︾ ︵ᠦᠪᠤᠷ ᠵᠠᠰᠠᠭ ᠲᠠᠷᠠᠡᠭᠠᠡᠡᠰᠡ ﹇2015﹈ 66 ᠲᠤᠭᠠᠳᠥ︶ ᠵᠡᠷᠭᠡ ᠬᠠᠮᠢᠶ᠎ᠠ ᠪᠥᠬᠦᠢ ᠲᠤᠡᠡᠳᠠᠭᠠᠯ ᠢ ᠦᠡᠳᠤᠰᠤᠯᠡᠵᠥ᠂ ᠪᠤᠳᠠᠳᠡᠢ ᠪᠠᠶᠢᠳᠡᠯ ᠲᠠᠢ ᠤᠶᠠᠯᠳᠤᠭᠤᠯᠤᠨ ᠲᠤᠰ ᠠᠷᠭ᠎ᠠ ᠶᠢ ᠲᠤᠡᠡᠳᠠᠭᠠᠪᠠ᠃       ᠨᠢᠭᠡᠳᠤᠭᠡᠷ ᠵᠤᠷᠪᠤᠰ   ᠬᠥᠯᠤᠨ ᠪᠤᠶᠢᠷ ᠬᠤᠳᠠ ᠶᠢᠨ ᠵᠠᠰᠠᠭ ᠵᠠᠬᠢᠷᠭᠠᠨ ᠤ ᠤᠷᠤᠨ ᠬᠡᠪᠴᠢᠶᠡᠨ ᠲᠤᠳᠤᠷ᠎ᠠ᠂ ᠤᠢ ᠰᠢᠭᠤᠢ ᠲᠠᠯ᠎ᠠ ᠨᠤᠳᠤᠭ ᠤᠨ ᠭᠠᠯ ᠢ ᠰᠡᠷᠭᠡᠶᠢᠯᠡᠬᠦ ᠤᠷᠤᠨ ᠬᠡᠪᠴᠢᠶᠡᠨ ᠲᠤᠳᠤᠷ᠎ᠠ ︵ᠬᠤᠳᠠ ᠪᠠᠯᠭᠠᠰᠤᠨ ᠤ ᠬᠤᠳᠠ ᠶᠢᠨ ᠬᠡᠪᠴᠢᠶᠡᠨ ᠠᠴᠠ ᠭᠠᠳᠠᠨ᠎ᠠ︶ ᠤᠢ ᠰᠢᠭᠤᠢ᠂ ᠮᠠᠯ ᠠᠵᠥ ᠠᠬᠤᠢ᠂ ᠲᠡᠷᠢᠶᠠᠯᠠᠩ ᠵᠡᠷᠭᠡ ᠡᠯ᠎ᠠ ᠲᠥᠷᠤᠯ ᠤᠨ ᠬᠡᠬᠡᠷ᠎ᠠ ᠭᠠᠳᠠᠨ᠎ᠠ ᠠᠵᠢᠯᠯᠠᠵᠥ ᠦᠢᠯᠡᠤᠡᠪᠤᠷᠢᠯᠡᠵᠥ ᠪᠠᠶᠢᠭ᠎ᠠ ᠨᠢᠭᠡᠴᠨ ᠪᠠ ᠬᠤᠪᠢ ᠬᠥᠮᠤᠨ ᠳᠤ ᠲᠤᠰ ᠠᠷᠭ᠎ᠠ ᠶᠢ ᠲᠤᠬᠢᠷᠠᠭᠤᠯᠤᠨ ᠬᠡᠷᠩᠵᠢᠭᠦᠯᠤᠨ᠎ᠠ᠃       ᠬᠤᠶᠠᠳᠤᠭᠠᠷ ᠵᠤᠷᠪᠤᠰ   ᠲᠤᠰ ᠠᠷᠭ᠎ᠠ ᠳᠤ ᠲᠤᠷᠠᠳᠤᠡᠡᠰᠡᠨ ᠬᠡᠭᠡᠷ᠎ᠡ ᠶᠢᠨ ᠭᠠᠯ ᠤᠨ ᠢᠷᠡᠯᠳᠠ ᠬᠡᠳᠡᠭ ᠨᠢ ᠤᠢ ᠰᠢᠭᠤᠢ ᠲᠠᠯ᠎ᠠ ᠨᠤᠳᠤᠭ ᠤᠨ ᠭᠠᠯ ᠲᠦᠢᠮᠡᠷ ᠡᠭᠦᠰᠬᠦ ᠪᠤᠯᠤᠯᠴᠠᠭ᠎ᠠ ᠲᠠᠢ ᠤᠴᠢ ᠶᠢ ᠬᠡᠯᠡᠨ᠎ᠠ᠃       ᠭᠤᠷᠪᠠᠳᠤᠭᠠᠷ ᠵᠤᠷᠪᠤᠰ   ᠬᠡᠭᠡᠷ᠎ᠡ ᠶᠢᠨ ᠭᠠᠯ ᠤᠨ ᠢᠷᠡᠯᠳᠠ ᠶᠢᠨ ᠬᠠᠮᠢᠶᠠᠷᠤᠯᠳᠠ ᠶᠢ ᠬᠠᠤᠯᠢ ᠶᠤᠰᠤᠭᠠᠷ ᠬᠠᠮᠢᠶᠠᠷᠬᠤ᠂ ᠶᠡᠷᠤᠩᠬᠡᠶᠢᠯᠡᠨ ᠵᠠᠰᠬᠠᠥ᠂ ᠰᠠᠯᠠᠭ᠎ᠠ ᠮᠥᠴᠢᠷ ᠬᠢᠨᠠᠯᠳᠠ ᠲᠠᠯᠪᠢᠬᠤ᠂ ᠭᠤᠤᠯᠳᠠᠯᠭ᠎ᠠ ᠶᠢ ᠲᠤᠪᠤᠶᠢᠯᠭᠠᠬᠤ᠂ ᠲᠠᠷᠬᠠᠭᠠᠬᠤ ᠬᠤᠷᠢᠡᠡᠯᠬᠠᠥ ᠶᠢ ᠤᠶᠠᠯᠳᠤᠭᠤᠯᠵᠤ᠂ ᠤᠯᠠᠨ ᠲᠥᠮᠡᠨ ᠳᠤ ᠲᠥᠰᠢᠭᠯᠡᠬᠦ ᠵᠡᠷᠴᠢᠮ ᠢ ᠪᠠᠷᠢᠮᠳᠠᠯᠠᠨ᠎ᠠ᠃       ᠲᠥᠷᠪᠡᠳᠤᠭᠡᠷ ᠵᠤᠷᠪᠤᠰ   ᠬᠤᠰᠢᠭᠤ ᠬᠤᠳᠠ ᠲᠤᠭᠤᠷᠢᠭ ᠠᠴᠠ ᠲᠡᠭᠡᠭᠰᠢᠬᠢ ᠤᠷᠤᠨ ᠨᠤᠳᠤᠭ ᠤᠨ ᠠᠷᠠᠤᠨ ᠤᠨ ᠵᠠᠰᠠᠭ ᠤᠨ ᠤᠷᠳᠤᠨ ᠤ ᠤᠢ ᠰᠢᠭᠤᠢ ᠶᠢᠨ ᠭᠤᠤᠯᠴᠢᠯᠡᠨ ᠬᠠᠮᠢᠶᠠᠷᠬᠤ ᠰᠠᠯᠠᠭ᠎ᠠ ᠮᠥᠴᠢᠷ᠂ ᠬᠤᠳᠠ ᠶᠢᠨ ᠰᠢᠭᠤᠤᠨ ᠬᠠᠷᠢᠶ᠎ᠠ ᠤᠢ ᠰᠢᠭᠤᠢ ᠶᠢᠨ ᠵᠢᠷᠭᠤᠭᠠᠨ ᠲᠤᠪᠴᠢᠶ᠎ᠠ ᠠᠴᠠ ᠲᠤᠰ ᠵᠠᠰᠠᠭ ᠵᠠᠬᠢᠷᠭᠠᠨ ᠤ ᠤᠷᠤᠨ ᠬᠡᠪᠴᠢᠶ᠎ᠠ᠂ ᠠᠵᠢᠯ ᠶᠡᠪᠤᠭᠤᠯᠵᠥ ᠪᠠᠶᠢᠭ᠎ᠠ ᠭᠠᠵᠠᠷ ᠤᠨ ᠤᠢ ᠰᠢᠭᠤᠢ ᠶᠢᠨ ᠡᠬᠢ ᠪᠠᠶᠠᠯᠢᠭ ᠤᠨ ᠲᠠᠷᠬᠠᠭᠠᠯᠲᠠ ᠶᠢᠨ ᠪᠠᠶᠢᠳᠡᠯ ᠪᠤᠯᠤᠨ ᠤᠢ ᠰᠢᠭᠤᠢ ᠲᠠᠯ᠎ᠠ ᠨᠤᠳᠤᠭ ᠤᠨ ᠭᠠᠯ ᠲᠥᠢᠮᠡᠷ ᠡᠭᠦᠰᠬᠦ ᠵᠢᠮ᠎ᠡ ᠶᠤᠰᠥ ᠶᠢ ᠦᠡᠳᠤᠰᠤᠯᠠᠵᠥ᠂ ᠤᠢ ᠰᠢᠭᠤᠢ ᠲᠠᠯ᠎ᠠ ᠨᠤᠳᠤᠭ ᠤᠨ ᠭᠠᠯ ᠢ ᠰᠠᠷᠭᠡᠶᠢᠯᠡᠬᠦ ᠤᠷᠤᠨ ᠬᠤᠪᠢᠶᠠᠷᠢᠯᠡᠨ ᠲᠤᠡᠡᠳᠠᠭᠠᠵᠥ᠂ ᠤᠢ ᠰᠢᠭᠤᠢ ᠲᠠᠯ᠎ᠠ ᠨᠤᠳᠤᠭ ᠤᠨ ᠭᠠᠯ ᠢ ᠰᠡᠷᠭᠡᠶᠢᠯᠡᠬᠦ ᠬᠤᠭᠤᠴᠠᠭ᠎ᠠ ᠶᠢ ᠲᠤᠡᠡᠳᠠᠭᠠᠵᠥ᠂ ᠨᠡᠶᠢᠭᠡᠮ ᠨᠡᠶᠢᠳᠠ ᠳᠤ ᠨᠠᠶᠢᠳᠠᠯᠠᠨ᠎ᠠ᠃ ᠪᠥᠬᠦ ᠵᠢᠯ ᠳᠡᠭᠡᠨ ᠭᠠᠯ ᠰᠡᠷᠭᠡᠶᠢᠯᠡᠵᠥ ᠬᠤᠶᠠᠷ ᠤᠯᠠᠷᠢᠯ ᠳᠤ ᠭᠤᠤᠯᠳᠠᠯᠭ᠎ᠠ ᠲᠠᠢ ᠠᠤᠬᠠᠤᠨ᠎ᠠ᠃ ᠵᠢᠯ ᠪᠥᠷᠢ ᠶᠢᠨ 3 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠤᠷ ᠪᠤᠯᠳᠠᠯ᠎ᠠ ᠬᠠᠪᠤᠷ ᠤᠨ ᠤᠯᠠᠷᠢᠯ ᠤᠨ ᠤᠢ ᠰᠢᠭᠤᠢ ᠲᠠᠯ᠎ᠠ ᠨᠤᠳᠤᠭ ᠤᠨ ᠭᠠᠯ ᠢ ᠰᠠᠷᠭᠡᠶᠢᠯᠡᠬᠦ ᠬᠤᠭᠤᠴᠠᠭ᠎ᠠ᠂ 9 ᠰᠠᠷ᠎ᠠ ᠶᠢᠨ 15 ᠤ ᠡᠳᠤᠷ ᠠᠴᠠ 11ᠰᠠᠷ᠎ᠠ ᠶᠢᠨ 15 ᠤ ᠡᠳᠤᠷ ᠪᠤᠯᠳᠠᠯ᠎ᠠ ᠨᠠᠮᠤᠷ ᠤᠨ ᠤᠯᠠᠷᠢᠯ ᠤᠨ ᠤᠢ ᠰᠢᠭᠤᠢ ᠲᠠᠯ᠎ᠠ ᠨᠤᠳᠤᠭ ᠤᠨ ᠭᠠᠯ ᠢ ᠰᠡᠷᠭᠡᠶᠢᠯᠡᠬᠦ ᠬᠤᠭᠤᠴᠠᠭ᠎ᠠ ᠪᠤᠯᠤᠨ᠎ᠠ᠃ ᠡᠯ᠎ᠠ ᠬᠤᠰᠢᠭᠤ ᠬᠤᠳᠠ ᠶᠢᠨ ᠠᠷᠠᠤᠨ ᠤᠨ ᠵᠠᠰᠠᠭ ᠤᠨ ᠤᠷᠳᠤᠨ ᠪᠠ ᠬᠤᠳᠠ ᠶᠢᠨ ᠰᠢᠭᠤᠤᠨ ᠬᠠᠷᠢᠶ᠎ᠠ ᠤᠢ ᠰᠢᠭᠤᠢ ᠶᠢᠨ ᠵᠢᠷᠭᠤᠭᠠᠨ ᠲᠤᠪᠴᠢᠶ᠎ᠠ ᠠᠴᠠ ᠲᠤᠰ ᠵᠠᠰᠠᠭ ᠵᠠᠬᠢᠷᠭᠠᠨ ᠤ ᠤᠷᠤᠨ ᠪᠠ ᠠᠵᠢᠯ ᠶᠠᠪᠤᠭᠤᠯᠵᠥ ᠪᠠᠶᠢᠭ᠎ᠠ ᠭᠠᠵᠠᠷ ᠤᠨ ᠪᠠᠶᠢᠭᠠᠯᠢ ᠶᠢᠨ ᠠᠭᠤᠷ ᠠᠮᠢᠰᠬᠤᠯ ᠤᠨ ᠨᠥᠬᠦᠴᠡᠯ ᠪᠠ ᠭᠠᠯ ᠲᠥᠢᠮᠡᠷ ᠡᠭᠦᠰᠬᠦ ᠵᠢᠮ᠎ᠡ ᠶᠤᠰᠥ ᠶᠢ ᠦᠡᠳᠤᠰᠤᠯᠠᠵᠥ᠂ ᠭᠠᠯ ᠢ ᠰᠡᠷᠭᠡᠶᠢᠯᠡᠬᠦ ᠬᠤᠭᠤᠴᠠᠭᠠᠨ ᠳᠤ ᠤᠷᠢᠳᠠᠪᠡᠷ ᠤᠷᠤᠬᠤ ᠪᠤᠶᠤ ᠭᠠᠯ ᠢ ᠰᠠᠷᠭᠡᠶᠢᠯᠡᠬᠦ ᠬᠤᠭᠤᠴᠠᠭ᠎ᠠ ᠶᠢ ᠤᠷᠳᠤᠤᠬᠠᠡᠨ᠎ᠠ᠃       ᠲᠠᠪᠤᠳᠤᠭᠠᠷ ᠵᠤᠷᠪᠤᠰ   ᠡᠯ᠎ᠠ ᠬᠤᠰᠢᠭᠤ ᠬᠤᠳᠠ ᠲᠤᠭᠤᠷᠢᠭ ᠤᠨ ᠠᠷᠠᠤᠨ ᠤᠨ ᠵᠠᠰᠠᠭ ᠤᠨ ᠤᠷᠳᠤᠨ ᠪᠠ ᠬᠤᠳᠠ ᠶᠢᠨ ᠰᠢᠭᠤᠤᠨ ᠬᠠᠷᠢᠶ᠎ᠠ ᠤᠢ ᠰᠢᠭᠤᠢ ᠶᠢᠨ ᠵᠢᠷᠭᠤᠭᠠᠨ ᠲᠤᠪᠴᠢᠶ᠎ᠠ ᠦᠡᠳᠤᠷ ᠲᠤᠯᠠᠭᠠᠨ᠂ ᠭᠠᠨᠭ᠌ ᠬᠠᠭᠤᠷᠠᠢ᠂ ᠶᠡᠭᠡ ᠰᠠᠯᠬᠢ ᠵᠡᠷᠭᠡ ᠭᠠᠯ ᠤᠨ ᠠᠶᠤᠯ ᠦᠡᠳᠤᠷ ᠪᠠᠶᠢᠬᠤ ᠠᠭᠤᠷ ᠠᠮᠢᠰᠬᠤᠯ ᠢ ᠦᠡᠳᠤᠰᠤᠯᠡᠵᠥ᠂ ᠤᠢ ᠰᠢᠭᠤᠢ ᠲᠠᠯ᠎ᠠ ᠨᠤᠳᠤᠭ ᠤᠨ ᠦᠡᠳᠤᠷ ᠭᠠᠯ ᠤᠨ ᠠᠶᠤᠯ ᠤᠨ ᠬᠤᠭᠤᠴᠠᠭ᠎ᠠ ᠶᠢ ᠲᠤᠡᠡᠳᠠᠭᠠᠬᠤ ᠶᠢᠨ ᠬᠠᠮᠳᠥ ᠦᠡᠳᠤᠷ ᠭᠠᠯ ᠤᠨ ᠠᠶᠤᠯ ᠤᠨ ᠰᠡᠷᠡᠮᠵᠢ ᠶᠢᠨ ᠮᠡᠳᠡᠭᠡ ᠨᠠᠶᠢᠳᠡᠯᠡᠨ᠎ᠠ᠃ ᠦᠡᠳᠤᠷ ᠭᠠᠯ ᠤᠨ ᠠᠶᠤᠯ ᠤᠨ ᠬᠤᠭᠤᠴᠠᠭᠠᠨ ᠳᠤ ᠲᠠᠪᠤᠨ ᠲᠡᠰ ᠠᠴᠠ ᠲᠡᠭᠡᠭᠰᠢᠬᠢ ᠰᠠᠯᠬᠢ ︵ᠲᠠᠪᠤᠨ ᠲᠡᠰ ᠤᠨ ᠰᠠᠯᠬᠢ ᠶᠢ ᠪᠠᠭᠳᠠᠭᠠᠨ᠎ᠠ︶ ᠰᠠᠯᠬᠢᠯᠠᠬᠤ ᠦᠶ᠎ᠡ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠡᠷᠡᠰ ᠬᠤᠷᠢᠡᠡᠯᠠᠨ᠎ᠠ᠃       ᠵᠢᠷᠭᠤᠳᠤᠭᠠᠷ ᠵᠤᠷᠪᠤᠰ   ᠬᠡᠬᠡᠷ᠎ᠡ ᠶᠢᠨ ᠭᠠᠯ ᠤᠨ ᠢᠷᠡᠯᠳᠠ ᠶᠢᠨ ᠬᠠᠮᠢᠶᠠᠷᠤᠯᠳᠠ ᠶᠢᠨ ᠠᠵᠢᠯ ᠳᠤ ᠡᠯ᠎ᠠ ᠱᠠᠳᠤᠨ ᠤ ᠠᠷᠠᠤᠨ ᠤᠨ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠲᠠᠷᠤᠭ᠎ᠠ ᠶᠢᠨ ᠬᠠᠷᠢᠭᠤᠴᠠᠯᠭ᠎ᠠ ᠶᠢᠨ ᠲᠥᠷᠢᠮ ᠰᠠᠯᠠᠭ᠎ᠠ ᠮᠥᠴᠢᠷ᠂ ᠨᠢᠭᠡᠴᠢ ᠪᠠ ᠭᠠᠯ ᠬᠡᠷᠡᠭᠯᠡᠬᠦ ᠬᠠᠷᠢᠭᠤᠴᠠᠯᠭ᠎ᠠ ᠶᠢᠨ ᠨᠢᠭᠡᠴᠢ ︵ᠬᠤᠪᠢ ᠬᠥᠮᠤᠨ︶ ᠶᠢᠨ ᠭᠤᠤᠯ ᠤᠳᠤᠷᠢᠳᠤᠯᠭ᠎ᠠ ︵ᠬᠠᠷᠢᠭᠤᠴᠠᠯᠭᠠᠲᠠᠨ︶ ᠶᠢᠨ ᠬᠠᠷᠢᠭᠤᠴᠠᠯᠭ᠎ᠠ ᠶᠢᠨ ᠲᠥᠷᠢᠮ ᠢ ᠬᠡᠷᠩᠵᠢᠬᠦᠯᠤᠨ᠎ᠠ᠃       ︵ᠨᠢᠭᠡ︶ ᠡᠯ᠎ᠠ ᠱᠠᠳᠤᠨ ᠤ ᠠᠷᠠᠤᠨ ᠤᠨ ᠵᠠᠰᠠᠭ ᠤᠨ ᠤᠷᠳᠤᠨ ᠠᠴᠠ ᠲᠤᠰ ᠵᠠᠰᠠᠭ ᠵᠠᠬᠢᠷᠭᠠᠨ ᠤ ᠬᠡᠪᠴᠢᠶᠡᠨ ᠲᠤᠳᠤᠷᠠᠬᠢ ᠤᠢ ᠰᠢᠭᠤᠢ ᠲᠠᠯ᠎ᠠ ᠨᠤᠳᠤᠭ ᠤᠨ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢᠨ ᠤᠷᠤᠨ ᠢᠯᠭᠠᠨ ᠲᠤᠡᠡᠳᠠᠭᠠᠵᠥ᠂ ᠤᠢ ᠰᠥᠭᠤᠢ ᠲᠠᠯ᠎ᠠ ᠨᠤᠳᠤᠭ ᠤᠨ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢᠨ ᠨᠢᠭᠡᠴᠢ ᠶᠢ ᠲᠤᠭᠲᠠᠭᠠᠨ᠂ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢᠨ ᠪᠢᠴᠢᠭ ᠲᠤᠡᠡᠳᠠᠨ᠎ᠠ᠃       ︵ᠬᠤᠶᠠᠷ︶ ᠤᠢ ᠰᠢᠭᠤᠢ᠂ ᠤᠢ ᠮᠤᠳᠥ᠂ ᠤᠶᠢᠳᠥ ᠭᠠᠵᠠᠷ ᠪᠠ ᠪᠠᠶᠢᠭᠠᠯᠢᠭ ᠪᠡᠯᠴᠢᠭᠡᠷ᠂ ᠲᠡᠷᠢᠮᠡᠯ ᠪᠡᠯᠴᠢᠭᠡᠷ ᠡᠵᠡᠩᠨᠡᠵᠥ ᠪᠠᠶᠢᠭ᠎ᠠ ᠨᠢᠭᠡᠴᠢ ᠪᠤᠯᠤᠨ ᠬᠤᠪᠢ ᠬᠥᠮᠤᠨ ᠤᠢ ᠰᠢᠭᠤᠢ ᠲᠠᠯ᠎ᠠ ᠨᠤᠳᠤᠭ ᠤᠨ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢᠨ ᠲᠥᠷᠢᠮ ᠢ ᠨᠠᠶᠢᠳᠠᠪᠤᠷᠢᠵᠢᠭᠤᠯᠵᠥ᠂ ᠬᠠᠷᠢᠭᠤᠴᠬᠠᠥ ᠬᠥᠮᠤᠨ ᠢᠶᠠᠨ ᠲᠤᠡᠡᠳᠠᠭᠠᠬᠤ ᠬᠡᠷᠡᠭᠳᠡᠢ᠃       ︵ᠭᠤᠷᠪᠠ︶ ᠢᠷᠭᠡᠨ ᠤ ᠬᠡᠷᠡᠭ ᠤᠨ ᠠᠵᠢᠯᠯᠠᠭᠠᠨ ᠤ ᠴᠢᠳᠠᠪᠤᠷᠢ ᠦᠭᠡᠢ ᠪᠠ ᠢᠷᠭᠡᠨ ᠤ ᠬᠡᠷᠡᠭ ᠤᠨ ᠠᠵᠢᠯᠯᠭᠠᠨ ᠤ ᠴᠢᠳᠠᠪᠤᠷᠢ ᠬᠢᠵᠠᠭᠠᠷᠯᠠᠭᠳᠠᠭᠰᠠᠳ ᠤᠨ ᠬᠠᠷᠠᠭᠠᠯᠵᠡᠨ ᠬᠠᠮᠠᠭᠠᠯᠬᠠᠴᠢ ᠠᠴᠠ ᠬᠠᠷᠠᠭᠠᠯᠵᠠᠨ ᠬᠠᠮᠠᠭᠠᠯᠬᠠᠥ ᠬᠠᠷᠢᠭᠤᠴᠠᠯᠭ᠎ᠠ ᠪᠠᠨ ᠬᠥᠢᠴᠡᠤᠡᠭᠡᠵᠥ᠂ ᠬᠠᠷᠠᠭᠠᠯᠵᠡᠨ ᠬᠠᠮᠠᠭᠠᠯᠠᠭᠳᠠᠭᠴᠢ ᠶᠢᠨ ᠭᠠᠯ ᠤᠷᠤᠯᠳᠤᠵᠥ ᠲᠤᠶᠢᠮᠡᠷ ᠲᠠᠯᠪᠢᠬᠤ ᠶᠢ ᠰᠡᠷᠭᠡᠶᠢᠯᠡᠨ ᠬᠤᠷᠢᠡᠡᠯᠬᠠᠥ ᠭᠡᠷᠡᠭᠳᠡᠢ᠃       ︵ᠲᠥᠷᠪᠡ︶ ᠬᠤᠰᠢᠭᠤ ᠬᠤᠳᠠ ᠲᠤᠭᠤᠷᠢᠭ ᠠᠴᠠ ᠲᠡᠭᠡᠭᠰᠢᠬᠢ ᠠᠷᠠᠤᠨ ᠤᠨ ᠵᠠᠰᠠᠭ ᠤᠨ ᠤᠷᠳᠤᠨ᠂ ᠬᠤᠳᠠ ᠶᠢᠨ ᠰᠢᠭᠤᠤᠨ ᠬᠠᠷᠢᠶ᠎ᠠ ᠤᠢ ᠰᠢᠭᠤᠢ ᠶᠢᠨ ᠵᠢᠷᠭᠤᠭᠠᠨ ᠲᠤᠪᠴᠢᠶ᠎ᠠ ᠵᠢᠴᠢ ᠬᠤᠯᠪᠤᠡᠡᠳᠡᠯ ᠪᠥᠬᠦᠢ ᠨᠢᠭᠡᠴᠢ ᠠᠴᠠ ᠤᠢ ᠰᠢᠭᠤᠢ ᠲᠠᠯ᠎ᠠ ᠨᠤᠳᠤᠭ ᠤᠨ ᠭᠠᠯ ᠲᠥᠢᠮᠡᠷ ᠢ ᠪᠠᠴᠢᠮ ᠠᠷᠭᠠᠴᠠᠭᠠᠬᠤ ᠲᠥᠰᠤᠯ ᠤᠨ ᠰᠤᠷᠢᠯᠳᠠ ᠶᠢ ᠵᠤᠬᠢᠶᠠᠨ ᠪᠠᠶᠢᠭᠤᠯᠤᠨ ᠦᠷᠨᠢᠭᠦᠯᠬᠦ ᠬᠡᠷᠡᠭᠳᠡᠢ᠃       ᠶᠢᠰᠤᠳᠤᠭᠡᠷ ᠵᠤᠷᠪᠤᠰ   ᠡᠯ᠎ᠠ ᠱᠠᠳᠤᠨ ᠤ ᠠᠷᠠᠤᠨ ᠤᠨ ᠵᠠᠰᠠᠭ ᠤᠨ ᠤᠷᠳᠤᠨ ᠤ ᠤᠢ ᠰᠢᠭᠤᠢ ᠲᠠᠯ᠎ᠠ ᠨᠤᠳᠤᠭ ᠤᠨ ᠭᠠᠯ ᠢ ᠰᠠᠷᠭᠡᠶᠢᠯᠡᠬᠦ ᠵᠢᠯᠤᠭᠤᠤᠬᠠᠥ ᠠᠯᠪᠠᠨ ᠭᠡᠷ ᠪᠠ ᠴᠠᠭ ᠠᠭᠤᠷ ᠤᠨ ᠰᠠᠯᠠᠭ᠎ᠠ ᠮᠥᠴᠢᠷ ᠠᠴᠠ ᠤᠢ ᠰᠢᠭᠤᠢ ᠲᠠᠯ᠎ᠠ ᠨᠤᠳᠤᠭ ᠤᠨ ᠭᠠᠯ ᠤᠨ ᠠᠶᠤᠯ ᠢ ᠬᠢᠨᠡᠨ ᠪᠠᠶᠢᠴᠠᠭᠠᠬᠤ ᠪᠠ ᠤᠷᠢᠤᠡᠴᠢᠯᠡᠨ ᠮᠡᠳᠡᠭᠡᠯᠡᠬᠦ ᠠᠵᠢᠯ ᠢ ᠴᠢᠩᠭᠠᠤᠬᠠᠡᠵᠥ᠂ ᠭᠠᠯ ᠢ ᠰᠡᠷᠭᠡᠶᠢᠯᠡᠬᠦ ᠬᠤᠭᠤᠴᠠᠭᠠᠨ ᠳᠤ ᠤᠢ ᠰᠢᠭᠤᠢ ᠲᠠᠯ᠎ᠠ ᠨᠤᠳᠤᠭ ᠤᠨ ᠭᠠᠯ ᠤᠨ ᠠᠶᠤᠯ ᠤᠨ ᠤᠷᠢᠤᠡᠴᠢᠯᠬᠠᠰᠡᠨ ᠰᠠᠷᠡᠮᠵᠢ ᠶᠢᠨ ᠮᠡᠳᠡᠭᠡ ᠵᠠᠩᠬᠢ ᠶᠢ ᠡᠳᠤᠷ ᠪᠥᠷᠢ ᠨᠠᠶᠢᠳᠡᠯᠠᠨ᠎ᠠ᠃       ᠠᠷᠪᠠᠳᠤᠭᠠᠷ ᠵᠤᠷᠪᠤᠰ   ᠭᠠᠯ ᠢ ᠰᠡᠷᠭᠡᠶᠢᠯᠡᠬᠦ ᠬᠤᠭᠤᠴᠠᠭᠠᠨ ᠳᠤ ᠬᠤᠰᠢᠭᠤ ᠬᠤᠳᠠ ᠲᠤᠭᠤᠷᠢᠭ ᠠᠴᠠ ᠲᠡᠭᠡᠭᠰᠢᠬᠢ ᠠᠷᠠᠤᠨ ᠤᠨ ᠵᠠᠰᠠᠭ ᠤᠨ ᠤᠷᠳᠤᠨ ᠤ ᠤᠢ ᠰᠢᠭᠤᠢ ᠲᠠᠯ᠎ᠠ ᠨᠤᠳᠤᠭ ᠤᠨ ᠭᠠᠯ ᠢ ᠰᠡᠷᠭᠡᠶᠢᠯᠡᠬᠦ ᠵᠢᠯᠤᠭᠤᠤᠬᠠᠥ ᠪᠠᠶᠢᠭᠤᠯᠤᠮᠵᠢ᠂ ᠬᠤᠯᠪᠤᠡᠡᠳᠡᠯ ᠪᠥᠬᠦᠢ ᠰᠠᠯᠠᠭ᠎ᠠ ᠮᠥᠴᠢᠷ ᠢ ᠵᠤᠬᠢᠶᠡᠨ ᠪᠠᠶᠢᠭᠤᠯᠵᠥ ᠤᠢ ᠰᠢᠭᠤᠢ ᠲᠠᠯ᠎ᠠ ᠨᠤᠳᠤᠭ ᠤᠨ ᠭᠠᠯ ᠢ ᠰᠠᠷᠭᠡᠶᠢᠯᠡᠬᠦ ᠤᠷᠤᠨ ᠲᠤᠳᠤᠷᠠᠬᠢ ᠬᠤᠯᠪᠤᠡᠡᠳᠡᠯ ᠪᠥᠬᠦᠢ ᠨᠢᠭᠡᠴᠢ ᠶᠢᠨ ᠤᠢ ᠰᠢᠭᠤᠢ ᠲᠠᠯ᠎ᠠ ᠨᠤᠳᠤᠭ ᠤᠨ ᠭᠠᠯ ᠢ ᠰᠠᠷᠭᠡᠶᠢᠯᠡᠬᠦ ᠵᠤᠬᠢᠶᠡᠨ ᠪᠠᠶᠢᠭᠤᠯᠤᠯᠳᠠ ᠶᠢᠨ ᠪᠠᠶᠢᠭᠤᠯᠤᠯᠳᠠ᠂ ᠭᠠᠯ ᠢ ᠰᠠᠷᠭᠡᠶᠢᠯᠡᠬᠦ ᠬᠠᠷᠢᠭᠤᠴᠠᠯᠭ᠎ᠠ ᠶᠢᠨ ᠲᠥᠷᠢᠮ ᠤᠨ ᠨᠠᠶᠢᠳᠠᠪᠤᠷᠢᠵᠢᠭᠤᠯᠤᠯᠳᠠ᠂ ᠭᠠᠯ ᠢ ᠰᠠᠷᠭᠡᠶᠢᠯᠡᠬᠦ ᠲᠥᠬᠦᠭᠡᠷᠤᠮᠵᠢ ᠶᠢᠨ ᠪᠥᠳᠤᠭᠡᠨ ᠪᠠᠶᠢᠭᠤᠯᠤᠯᠳᠠ ᠵᠡᠷᠭᠡ ᠪᠠᠶᠢᠳᠡᠯ ᠳᠤ ᠪᠠᠶᠢᠴᠠᠭᠠᠯᠳᠠ ᠬᠢᠬᠦ ᠬᠡᠷᠡᠭᠳᠡᠢ᠃ ᠪᠠᠶᠢᠴᠠᠭᠠᠯᠳᠠ ᠶᠢᠨ ᠲᠤᠮᠳᠠ ᠢᠯᠡᠷᠡᠭᠰᠡᠨ ᠤᠢ ᠰᠢᠭᠤᠢ ᠲᠠᠯ᠎ᠠ ᠨᠤᠳᠤᠭ ᠤᠨ ᠭᠠᠯ ᠲᠦᠢᠮᠡᠷ ᠤᠨ ᠲᠠᠯᠳᠠ ᠬᠡᠮ ᠢ ᠬᠤᠰᠢᠭᠤ ᠬᠤᠳᠠ ᠲᠤᠭᠤᠷᠢᠭ ᠠᠴᠠ ᠲᠡᠭᠡᠭᠰᠢᠬᠢ ᠤᠷᠤᠨ ᠨᠤᠳᠤᠭ ᠤᠨ ᠠᠷᠠᠤᠨ ᠤᠨ ᠵᠠᠰᠠᠭ ᠤᠨ ᠤᠷᠳᠤᠨ ᠤ ᠤᠢ ᠰᠢᠭᠤᠢ ᠶᠢᠨ ᠭᠤᠤᠯᠴᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠤᠡᠡᠳᠡᠯ ᠪᠥᠬᠦᠢ ᠨᠢᠭᠡᠴᠢ ᠳᠤ ᠤᠢ ᠰᠢᠭᠤᠢ ᠲᠠᠯ᠎ᠠ ᠨᠤᠳᠤᠭ ᠤᠨ ᠭᠠᠯ ᠲᠦᠢᠮᠡᠷ ᠤᠨ ᠲᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠢ ᠴᠠᠭ ᠲᠤᠬᠠᠢ ᠳᠤᠨᠢ ᠪᠠᠭᠤᠯᠭᠠᠵᠥ᠂ ᠲᠤᠡᠡᠳ᠋ᠬᠠᠰᠡᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠪᠠᠷ ᠵᠡᠷᠯᠢᠡᠡᠳᠡᠵᠥ᠂ ᠲᠠᠯᠳᠠ ᠬᠡᠮ ᠢ ᠦᠭᠡᠶᠢᠰᠭᠡᠨ ᠠᠷᠢᠯᠭᠠᠬᠤ ᠬᠡᠷᠡᠭᠳᠡᠢ᠃       ᠪᠠᠶᠢᠴᠠᠭᠠᠡᠡᠳ᠋ᠬᠠᠥ ᠨᠢᠭᠡᠴᠨ ᠠᠴᠠ ᠡᠷᠬᠡᠪᠰᠢ ᠢᠳᠡᠪᠬᠢᠳᠡᠢ ᠬᠠᠮᠵᠢᠯᠴᠠᠵᠥ᠂ ᠪᠠᠶᠢᠴᠠᠭᠠᠬᠤ ᠠᠵᠢᠯᠯᠠᠭ᠎ᠠ ᠶᠢ ᠬᠠᠷᠰᠢᠯᠡᠨ ᠰᠠᠭᠠᠲᠠᠭᠠᠵᠤ ᠪᠤᠯᠬᠤ ᠦᠭᠡᠢ᠃       ᠠᠷᠪᠠᠨ ᠨᠢᠭᠡᠳᠤᠭᠡᠷ ᠵᠤᠷᠪᠤᠰ   ᠡᠯ᠎ᠠ ᠱᠠᠳᠤᠨ ᠤ ᠠᠷᠠᠤᠨ ᠤᠨ ᠵᠠᠰᠠᠭ ᠤᠨ ᠤᠷᠳᠤᠨ ᠤ ᠤᠢ ᠰᠢᠭᠤᠢ ᠶᠢᠨ ᠭᠠᠯ ᠢ ᠰᠡᠷᠭᠡᠶᠢᠯᠡᠬᠦ ᠵᠢᠯᠤᠭᠤᠤᠬᠠᠥ ᠪᠠᠶᠢᠭᠤᠯᠤᠮᠵᠢ ᠪᠠ ᠣᠢ  ᠰᠢᠭᠤᠢ ᠶᠢᠨ ᠭᠤᠤᠯᠴᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠤᠢ ᠰᠢᠭᠤᠶ ᠲᠠᠯ᠎ᠠ ᠨᠤᠳᠤᠭ ᠤᠨ ᠭᠠᠯ ᠢ ᠰᠠᠷᠭᠡᠶᠢᠯᠡᠬᠦ ᠤᠷᠤᠨ ᠤ ᠵᠠᠮ ᠬᠠᠷᠢᠯᠴᠠᠭ᠎ᠠ ᠶᠢᠨ ᠨᠡᠪᠳᠡᠷᠡᠯ ᠵᠠᠮ ᠪᠠ ᠰᠠᠭᠤᠭᠠᠯᠢ ᠠᠷᠠᠤᠨ ᠤᠨ ᠲᠤᠭᠤᠷᠢᠭ ᠲᠤ ᠭᠠᠯ ᠤᠨ ᠢᠷᠡᠯᠳᠠ ᠶᠢᠨ ᠬᠠᠮᠢᠶᠠᠷᠤᠯᠳᠠ ᠶᠢᠨ ᠤᠬᠠᠭᠤᠯᠭ᠎ᠠ ᠶᠢᠨ ᠫᠠᠶᠢᠰᠨ ᠵᠡᠷᠭᠡ ᠰᠡᠷᠡᠮᠵᠢ ᠶᠢᠨ ᠢᠯᠡᠷᠬᠡᠶᠢᠯᠡᠯ ᠪᠤᠰᠬᠠᠵᠥ᠂ ᠡᠯ᠎ᠠ ᠵᠥᠢᠯ ᠤᠨ ᠤᠬᠠᠭᠤᠯᠭ᠎ᠠ ᠶᠢᠨ ᠵᠠᠭᠤᠴᠢᠯᠠᠭᠤᠷ ᠪᠠ ᠬᠥᠮᠤᠵᠢᠯ ᠤᠨ ᠠᠷᠭ᠎ᠠ ᠬᠡᠷᠡᠭᠯᠡᠭᠦᠷ ᠢᠶᠠᠷ ᠭᠠᠯ ᠢ ᠰᠡᠷᠭᠡᠶᠢᠯᠡᠬᠦ ᠤᠬᠠᠭᠤᠯᠭ᠎ᠠ ᠬᠢᠵᠥ᠂ ᠤᠢ ᠰᠢᠭᠤᠢ ᠲᠠᠯ᠎ᠠ ᠨᠤᠳᠤᠭ ᠤᠨ ᠭᠠᠯ ᠢ ᠰᠡᠷᠭᠡᠶᠢᠯᠡᠬᠦ ᠮᠡᠳᠡᠯᠭᠡ ᠶᠢ ᠲᠥᠭᠡᠮᠡᠯᠵᠢᠭᠦᠯᠵᠥ᠂ ᠠᠮᠤᠷ ᠲᠥᠪᠰᠢᠨ ᠭᠠᠯ ᠬᠡᠷᠡᠭᠯᠡᠬᠦ ᠦᠵᠡᠯ ᠤᠬᠠᠮᠰᠡᠷ ᠢ ᠴᠢᠩᠳᠠᠯᠠᠨ᠎ᠠ᠃       ᠡᠯ᠎ᠠ ᠭᠠᠵᠠᠷ ᠤᠷᠤᠨ ᠤᠢ ᠰᠢᠭᠤᠢ ᠲᠠᠯ᠎ᠠ ᠨᠤᠳᠤᠭ ᠤᠨ ᠭᠠᠯ ᠢ ᠰᠡᠷᠭᠡᠶᠢᠯᠡᠬᠦ ᠤᠬᠠᠭᠤᠯᠭ᠎ᠠ ᠬᠥᠮᠤᠵᠢᠯ ᠢ ᠤᠶᠢᠳᠥ ᠲᠠᠷᠢᠶᠠᠯᠠᠬᠤ ᠮᠠᠯᠵᠢᠬᠤ ᠤᠷᠤᠨ ᠤ ᠨᠠᠶᠢᠭᠡᠮ ᠲᠤᠭᠤᠷᠢᠭ᠂ ᠰᠤᠷᠭᠠᠭᠤᠯᠢ ᠶᠢᠨ ᠬᠥᠷᠢᠶᠡᠨ ᠳᠤ ᠤᠷᠤᠭᠤᠯᠬᠤ ᠠᠵᠢᠯᠯᠠᠭ᠎ᠠ ᠶᠢ ᠦᠷᠭᠡᠨ ᠲᠡᠯᠭᠡᠷᠡᠩᠬᠦᠢ ᠦᠷᠨᠢᠭᠦᠯᠵᠥ᠂ ᠪᠥᠬᠦ ᠠᠷᠠᠤᠨ ᠤᠨ ᠤᠢ ᠰᠢᠭᠤᠢ ᠲᠠᠯ᠎ᠠ ᠨᠤᠳᠤᠭ ᠤᠨ ᠭᠠᠯ ᠢ ᠰᠡᠷᠭᠡᠶᠢᠯᠡᠬᠦ ᠦᠵᠡᠯ ᠤᠬᠠᠮᠰᠡᠷ ᠢ ᠨᠡᠮᠩᠳᠡᠭᠦᠯᠤᠨ᠎ᠠ᠃       ᠠᠷᠪᠠᠨ ᠬᠤᠶᠠᠳᠤᠭᠠᠷ ᠵᠤᠷᠪᠤᠰ   ᠭᠠᠯ ᠢ ᠰᠡᠷᠭᠡᠶᠢᠯᠡᠬᠦ ᠬᠤᠭᠤᠴᠠᠭᠠᠨ ᠳᠤ᠂ ᠡᠯ᠎ᠠ ᠬᠤᠰᠢᠭᠤ ᠬᠤᠳᠠ ᠲᠤᠭᠤᠷᠢᠭ ᠤᠨ ᠤᠢ ᠰᠢᠭᠤᠢ ᠶᠢᠨ ᠭᠤᠤᠯᠴᠢᠯᠡᠨ ᠬᠠᠮᠢᠶᠠᠷᠬᠤ ᠰᠠᠯᠠᠭ᠎ᠠ ᠮᠥᠴᠢᠷ ᠪᠤᠯᠤᠨ ᠬᠤᠳᠠ ᠶᠢᠨ ᠰᠢᠭᠤᠤᠨ ᠬᠠᠷᠢᠶ᠎ᠠ ᠤᠢ ᠰᠢᠭᠤᠢ ᠶᠢᠨ ᠵᠢᠷᠭᠤᠭᠠᠨ ᠲᠤᠪᠴᠢᠶ᠎ᠠ ᠨᠢ ᠦᠪᠡᠷᠳᠡᠭᠡᠨ ᠵᠠᠰᠬᠠᠥ ᠤᠷᠤᠨ ᠤ ᠠᠷᠠᠤᠨ ᠤᠨ ᠵᠠᠰᠠᠭ ᠤᠨ ᠤᠷᠳᠤᠨ ᠤ ᠵᠥᠪᠰᠢᠶᠠᠷᠡᠯ ᠢᠶᠠᠷ ᠲᠥᠷ ᠴᠠᠭ ᠤᠨ ᠭᠠᠯ ᠢ ᠰᠡᠷᠭᠡᠶᠢᠯᠡᠭᠦ ᠪᠠᠶᠢᠴᠠᠭᠠᠬᠤ ᠦᠷᠳᠡᠭᠡ ᠪᠠᠶᠢᠭᠤᠯᠵᠥ ᠪᠤᠯᠤᠨ᠎ᠠ᠂ ᠤᠢ ᠰᠢᠭᠤᠢ ᠲᠠᠯ᠎ᠠ ᠨᠤᠳᠤᠭ ᠤᠨ ᠭᠠᠯ ᠢ ᠰᠡᠷᠬᠡᠶᠢᠯᠡᠬᠦ ᠤᠷᠤᠨ ᠳᠤ ᠤᠷᠤᠵᠥ ᠢᠷᠡᠭᠰᠡᠨ ᠲᠡᠷᠭᠡ ᠤᠨᠤᠭ᠎ᠠ ᠪᠠ ᠬᠥᠮᠤᠨ ᠳᠤ ᠭᠠᠯ ᠢ ᠰᠡᠷᠭᠡᠶᠢᠯᠡᠬᠦ ᠠᠮᠤᠷ ᠲᠥᠪᠰᠢᠨ ᠤ ᠪᠠᠶᠢᠴᠠᠭᠠᠯᠳᠠ ᠪᠠ ᠭᠠᠯ ᠢ ᠰᠡᠷᠭᠡᠶᠢᠯᠡᠬᠦ ᠤᠬᠠᠭᠤᠯᠭ᠎ᠠ ᠬᠢᠨ᠎ᠠ᠃ ᠤᠷᠤᠵᠥ ᠭᠠᠷᠬᠤ ᠲᠡᠷᠭᠡ ᠤᠨᠤᠭ᠎ᠠ ᠵᠢᠴᠢ ᠶᠠᠪᠤᠭᠤᠯ ᠬᠥᠮᠤᠨ ᠡᠷᠭᠡᠪᠰᠢ ᠬᠤᠰᠢᠭᠤ ᠬᠤᠳᠠ ᠲᠤᠭᠤᠷᠢᠭ ᠠᠴᠠ ᠲᠡᠭᠡᠭᠰᠢᠬᠢ ᠤᠢ ᠰᠢᠭᠤᠢ ᠲᠠᠯ᠎ᠠ ᠨᠤᠳᠤᠭ ᠤᠨ ᠭᠠᠯ ᠢ ᠰᠡᠷᠭᠡᠶᠢᠯᠡᠬᠦ ᠭᠤᠤᠯᠴᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠬᠤᠳᠠ ᠶᠢᠨ ᠰᠢᠭᠤᠤᠨ ᠬᠠᠷᠢᠶ᠎ᠠ ᠤᠢ ᠰᠢᠭᠤᠢ ᠶᠢᠨ ᠵᠢᠷᠭᠤᠭᠠᠨ ᠲᠤᠪᠴᠢᠶ᠎ᠠ ᠶᠢᠨ ᠭᠠᠷ ᠤᠨ ᠦᠰᠦᠭ ᠵᠢᠷᠤᠭᠰᠠᠨ ᠭᠠᠯ ᠢ ᠰᠡᠷᠭᠡᠶᠢᠯᠡᠬᠦ ᠨᠠᠪᠳᠡᠷᠡᠬᠦ ᠦᠨᠡᠮᠯᠡᠯ ᠲᠠᠢ ᠪᠠᠶᠢᠪᠠᠯ ᠰᠡᠶ᠋ᠢ ᠵᠠᠮ ᠦᠩᠭᠡᠷᠡᠵᠥ ᠪᠤᠯᠤᠨ᠎ᠠ ᠃ ᠠᠭᠤᠯᠠᠨ ᠳᠤ ᠭᠠᠷᠪᠡᠯ ᠭᠠᠯ ᠠᠪᠴᠥ ᠭᠠᠷᠬᠤ ᠦᠭᠡᠢ᠂ ᠬᠡᠬᠡᠷ᠎ᠠ ᠪᠠᠶᠢᠪᠠᠯ ᠲᠠᠮᠠᠬᠢ ᠲᠠᠳ᠋ᠬᠠᠥ ᠦᠭᠡᠢ ᠪᠠᠶᠢᠬᠤ ᠲᠤᠡᠡᠳᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠳᠡᠢ᠃       ᠠᠷᠪᠠᠨ ᠭᠤᠷᠪᠠᠳᠤᠭᠠᠷ ᠵᠤᠷᠪᠤᠰ   ᠭᠠᠯ ᠢ ᠰᠡᠷᠭᠡᠶᠢᠯᠡᠬᠦ ᠬᠤᠭᠤᠴᠠᠭᠠᠨ ᠳᠤ᠂ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠤᠷᠤᠨ ᠳᠤ ᠡᠷᠬᠡᠪᠰᠢ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠰᠡᠷᠡᠮᠵᠢᠯᠡᠭᠦᠯᠦᠨ ᠤᠬᠠᠭᠤᠯᠬᠤ ᠫᠠᠶᠢᠰᠠ ᠳᠡᠮᠲᠡᠭ ᠲᠠᠯᠪᠢᠬᠤ ᠶᠢᠨ ᠬᠠᠮᠲᠤ᠂ ᠲᠡᠭᠦᠨ ᠤ ᠡᠵᠡᠩᠨᠡᠯᠲᠡ ᠶᠢᠨ ᠬᠡᠪᠴᠢᠶᠡᠨ ᠳᠤ ᠤᠷᠤᠭᠰᠠᠳ ᠲᠤ ᠭᠠᠯ ᠢ ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠬᠢᠨ᠎ᠡ︔ ᠭᠠᠯ ᠢ ᠰᠡᠷᠭᠡᠶᠢᠯᠡᠬᠦ ᠤᠷᠤᠨ ᠳᠤ ᠤᠷᠤᠭᠰᠠᠨ ᠡᠯ᠎ᠡ ᠵᠦᠢᠯ ᠤᠨ ᠮᠠᠰᠢᠨ ᠲᠡᠷᠭᠡ ᠡᠷᠬᠡᠪᠰᠢ ᠲᠤᠭᠲᠠᠭᠠᠯ ᠶᠤᠰᠤᠭᠠᠷ ᠭᠠᠯ ᠢ ᠰᠡᠷᠭᠡᠶᠢᠯᠡᠬᠦ ᠲᠤᠨᠤᠭ ᠲᠦᠬᠦᠭᠡᠷᠦᠮᠵᠢ ᠤᠭᠰᠠᠷᠠᠵᠤ᠂ ᠭᠠᠯ ᠢ ᠤᠨᠲᠠᠷᠠᠭᠠᠬᠤ ᠬᠡᠷᠡᠭᠰᠡᠯ ᠲᠤᠬᠢᠷᠠᠭᠤᠯᠬᠤ ᠬᠡᠷᠡᠭᠲᠡᠢ᠃       ᠠᠷᠪᠠᠨ ᠳᠦᠷᠪᠡᠳᠦᠭᠡᠷ ᠵᠤᠷᠪᠤᠰ   ᠭᠠᠯ ᠢ ᠰᠡᠷᠭᠡᠶᠢᠯᠡᠬᠦ ᠬᠤᠭᠤᠴᠠᠭᠠᠨ ᠳᠤ᠂ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠤᠷᠤᠨ ᠳᠤ ᠤᠷᠤᠬᠤ ᠬᠠᠮᠢᠶᠠᠷᠤᠯᠲᠠ ᠶᠢᠨ ᠳᠦᠷᠢᠮ ᠢ ᠡᠷᠡᠰ ᠬᠡᠷᠡᠭᠵᠢᠭᠦᠯᠦᠨ᠎ᠡ᠃       ︵ᠨᠢᠭᠡ︶ ᠠᠯᠪᠠᠨ ᠶᠠᠪᠤᠳᠠᠯ ᠢᠶᠠᠷ ᠪᠠ ᠵᠦᠢ ᠶᠤᠰᠤᠨ ᠤ ᠤᠴᠢᠷ ᠰᠢᠯᠲᠠᠭᠠᠨ ᠲᠠᠢ ᠪᠠᠷ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠤᠷᠤᠨ ᠳᠤ ᠤᠷᠤᠬᠤ ᠨᠢᠭᠡᠴᠢ ᠪᠠ ᠬᠤᠪᠢ ᠬᠦᠮᠦᠨ᠂ ᠡᠷᠬᠡᠪᠰᠢ ᠭᠠᠯ ᠢ ᠰᠡᠷᠭᠡᠶᠢᠯᠡᠬᠦ ᠨᠡᠪᠲᠡᠷᠡᠬᠦ ᠦᠨᠡᠮᠯᠡᠯ ᠪᠠᠶᠢᠬᠤ ᠬᠡᠷᠡᠭᠲᠡᠢ᠂ ᠦᠨᠡᠮᠯᠡᠯ ᠦᠭᠡᠢ ᠬᠦᠮᠦᠰ ᠤᠭᠲᠤ ᠤᠷᠤᠵᠤ ᠪᠤᠯᠬᠤ ᠦᠭᠡᠢ᠃       ︵ᠬᠤᠶᠠᠷ︶ ᠡᠯ᠎ᠡ ᠬᠤᠰᠢᠭᠤ ᠬᠤᠲᠠ ᠲᠤᠭᠤᠷᠢᠭ ᠤᠨ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠬᠤᠲᠠ ᠶᠢᠨ ᠰᠢᠭᠤᠳ ᠬᠠᠷᠢᠶ᠎ᠠ ᠤᠢ ᠰᠢᠭᠤᠢ ᠶᠢᠨ ᠵᠢᠷᠭᠤᠭᠠᠨ ᠲᠤᠪᠴᠢᠶ᠎ᠠ ᠠᠴᠠ ᠭᠠᠷ ᠤᠨ ᠦᠰᠦᠭ ᠵᠢᠷᠤᠵᠤ ᠲᠠᠷᠬᠠᠭᠠᠭᠰᠠᠨ ᠭᠠᠯ ᠢ ᠰᠡᠷᠭᠡᠶᠢᠯᠡᠬᠦ ᠨᠡᠪᠲᠡᠷᠡᠬᠦ ᠦᠨᠡᠮᠯᠡᠯ ᠢ ᠬᠦᠯᠦᠨ ᠪᠤᠶᠢᠷ ᠬᠤᠲᠠ ᠳᠠᠶᠠᠭᠠᠷ ᠨᠡᠶᠢᠳᠡᠮ ᠬᠡᠷᠡᠭᠯᠡᠨ᠎ᠡ᠃ ᠠᠶᠠᠨᠴᠢᠳ ᠤᠨ ᠲᠡᠭᠡᠭᠡᠪᠦᠷᠢ ᠶᠢᠨ ᠺᠤᠮᠫᠠᠨᠢ ᠵᠡᠷᠭᠡ ᠠᠵᠢᠯᠯᠠᠭᠠᠨ ᠤ ᠬᠦᠷᠢᠶ᠎ᠠ ᠴᠠᠷᠠᠭ᠎ᠠ ᠨᠢ ᠬᠠᠷᠢᠴᠠᠩᠭᠤᠢ ᠲᠤᠭᠲᠠᠪᠤᠷᠢ ᠲᠠᠢ ᠲᠡᠷᠭᠡ ᠤᠳ ᠤᠯᠠᠷᠢᠯ ᠤᠨ ᠴᠢᠨᠠᠷᠲᠠᠢ ᠭᠠᠯ ᠢ ᠰᠡᠷᠭᠡᠶᠢᠯᠡᠬᠦ ᠨᠡᠪᠲᠡᠷᠡᠬᠦ ᠦᠨᠡᠮᠯᠡᠯ ᠭᠦᠢᠴᠡᠳᠭᠡᠵᠦ᠂ ᠭᠠᠯ ᠢ ᠰᠡᠷᠭᠡᠶᠢᠯᠡᠬᠦ ᠨᠡᠪᠲᠡᠷᠡᠬᠦ ᠦᠨᠡᠮᠯᠡᠯ ᠤᠨ ᠴᠠᠭ ᠤᠨ ᠬᠢᠵᠠᠭᠠᠷ ᠨᠢ ᠬᠠᠮᠤᠭ ᠠᠷᠪᠢᠨ ᠳᠠᠭᠠᠨ 15 ᠡᠳᠦᠷ ᠠᠴᠠ ᠬᠡᠲᠦᠷᠡᠵᠦ ᠪᠤᠯᠬᠤ ᠦᠭᠡᠢ᠃       ︵ᠭᠤᠷᠪᠠ︶ ᠡᠯ᠎ᠡ ᠱᠠᠲᠤᠨ ᠤ ᠭᠠᠯ ᠢ ᠰᠡᠷᠭᠡᠶᠢᠯᠡᠬᠦ ᠵᠢᠯᠤᠭᠤᠳᠬᠤ ᠭᠠᠵᠠᠷ ᠠᠴᠠ ᠤᠢ ᠰᠢᠭᠤᠢ ᠶᠢᠨ ᠳᠤᠲᠤᠭᠠᠳᠤ ᠶᠢ ᠬᠠᠮᠠᠭᠠᠯᠠᠬᠤ ᠲᠤᠪᠴᠢᠶ᠎ᠠ᠂ ᠵᠡᠪᠰᠡᠭᠲᠦ ᠴᠠᠭᠳᠠᠭ᠎ᠠ ᠶᠢᠨ ᠤᠢ ᠰᠢᠭᠤᠢ ᠶᠢᠨ ᠴᠡᠷᠢᠭ ᠠᠩᠭᠢ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ ᠠᠭᠤᠯᠠ ᠴᠡᠪᠡᠷᠯᠡᠬᠦ᠂ ᠭᠤᠤ ᠴᠡᠪᠡᠷᠯᠡᠬᠦ᠂ ᠭᠤᠤᠯ ᠤᠨ ᠲᠤᠬᠤᠢ ᠴᠡᠪᠡᠷᠯᠡᠬᠦ ᠠᠵᠢᠯ ᠢ ᠶᠠᠪᠤᠭᠳᠠᠭᠤᠯᠵᠤ᠂ ᠭᠠᠯ ᠢ ᠰᠡᠷᠭᠡᠶᠢᠯᠡᠬᠦ ᠤᠷᠤᠨ ᠤ ᠰᠤᠯᠠ ᠬᠦᠮᠦᠰ ᠪᠠ ᠭᠠᠯ ᠢ ᠰᠡᠷᠭᠡᠶᠢᠯᠡᠬᠦ ᠳᠦᠷᠢᠮ ᠲᠤᠭᠲᠠᠭᠠᠯ ᠠᠴᠠ ᠵᠦᠷᠢᠴᠡᠭᠰᠡᠨ ᠠᠵᠢᠯ ᠤᠨ ᠴᠡᠭ ᠢ ᠴᠡᠪᠡᠷᠯᠡᠨ ᠭᠠᠷᠭᠠᠵᠤ᠂ ᠭᠠᠯ ᠤᠨ ᠠᠶᠤᠯ ᠤᠨ ᠳᠠᠯᠳᠠ ᠭᠡᠮ ᠢ ᠪᠠᠭᠠᠰᠬᠠᠨ᠎ᠠ᠃       ︵ᠳᠦᠷᠪᠡ︶ ᠡᠯ᠎ᠡ ᠬᠤᠰᠢᠭᠤ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠢ ᠰᠢᠭᠤᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠠ ᠬᠤᠲᠠ ᠶᠢᠨ ᠰᠢᠭᠤᠳ ᠬᠠᠷᠢᠶ᠎ᠠ ᠤᠢ ᠰᠢᠭᠤᠢ ᠶᠢᠨ ᠵᠢᠷᠭᠤᠭᠠᠨ ᠲᠤᠪᠴᠢᠶ᠎ᠠ ᠪᠤᠳᠠᠳᠤ ᠬᠡᠷᠡᠭᠴᠡᠭᠡ ᠪᠠᠨ ᠦᠨᠳᠦᠰᠦᠯᠡᠨ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠵᠦᠪᠰᠢᠶᠡᠷᠡᠭᠦᠯᠦᠭᠰᠡᠨ ᠤ ᠳᠠᠷᠠᠭ᠎ᠠ ᠤᠶᠢᠲᠤ ᠤᠷᠤᠨ ᠪᠠ ᠮᠠᠯᠵᠢᠬᠤ ᠤᠷᠤᠨ ᠤ ᠵᠠᠮ ᠬᠠᠷᠢᠯᠴᠠᠭᠠᠨ ᠤ ᠴᠢᠬᠤᠯᠠ ᠵᠠᠮ ᠳᠤ ᠲᠦᠷ ᠴᠠᠭ ᠤᠨ ᠴᠢᠨᠠᠷᠲᠠᠢ ᠭᠠᠯ ᠢ ᠰᠡᠷᠭᠡᠶᠢᠯᠡᠬᠦ ᠪᠠᠶᠢᠴᠠᠭᠠᠯᠲᠠ ᠶᠢᠨ ᠦᠷᠲᠡᠭᠡ ᠪᠠᠶᠢᠭᠤᠯᠵᠤ ᠪᠤᠯᠤᠨ᠎ᠠ᠂ ᠲᠤᠰᠬᠠᠢ ᠲᠤᠰᠢᠶᠠᠯᠲᠤ ᠪᠠ ᠲᠤᠰᠢᠶᠠᠯ ᠬᠠᠪᠰᠤᠷᠭᠠᠭᠰᠠᠨ ᠪᠠᠶᠢᠴᠠᠭᠠᠭᠴᠢ ᠲᠤᠬᠢᠷᠠᠭᠤᠯᠤᠨ᠎ᠠ᠃ ᠪᠠᠶᠢᠴᠠᠭᠠᠭᠴᠢ ᠶᠢᠨ ᠡᠭᠦᠷᠭᠡ ᠬᠠᠷᠢᠭᠤᠴᠠᠯᠭ᠎ᠠ᠄       1.ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠬᠠᠤᠯᠢ ᠳᠦᠷᠢᠮ᠂ ᠲᠦᠷᠦ ᠶᠢᠨ ᠪᠤᠳᠤᠯᠭ᠎ᠠ ᠪᠠ ᠡᠯ᠎ᠡ ᠲᠦᠷᠦᠯ ᠤᠨ ᠳᠦᠷᠢᠮ ᠲᠤᠭᠲᠠᠭᠠᠯ ᠢ ᠤᠬᠠᠭᠤᠯᠤᠨ᠎ᠠ︔       2.ᠢᠷᠡᠵᠦ ᠤᠴᠢᠬᠤ ᠶᠠᠪᠤᠭᠤᠯ ᠬᠦᠮᠦᠨ ᠪᠠ ᠲᠡᠷᠭᠡ ᠤᠨᠤᠭ᠎ᠠ ᠳᠤ ᠭᠠᠯ ᠢ ᠰᠡᠷᠭᠡᠶᠢᠯᠡᠬᠦ ᠪᠠᠶᠢᠴᠠᠭᠠᠯᠲᠠ ᠬᠢᠵᠦ᠂ ᠭᠠᠯ ᠢ ᠰᠡᠷᠭᠡᠶᠢᠯᠡᠬᠦ ᠲᠤᠭᠲᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠬᠤᠷᠢᠭᠯᠠᠬᠤ ᠶᠢᠨ ᠬᠠᠮᠲᠤ ᠲᠤᠭᠲᠠᠭᠠᠯ ᠢᠶᠠᠷ ᠰᠢᠢᠳᠪᠦᠷᠢᠯᠡᠨ᠎ᠡ︔       3.ᠲᠤᠶᠢᠮᠠᠷ ᠤᠨ ᠪᠠᠶᠢᠳᠠᠯ ᠢ ᠤᠯᠵᠤ ᠮᠡᠳᠡᠭᠰᠡᠨ ᠳᠠᠷᠤᠢ ᠳᠤᠨᠢ ᠮᠡᠳᠡᠭᠦᠯᠬᠦ ᠶᠢᠨ ᠬᠠᠮᠲᠤ᠂ ᠭᠠᠯ ᠤᠨᠲᠠᠷᠠᠭᠠᠬᠤ ᠶᠢ ᠪᠦᠬᠦ ᠬᠦᠴᠦᠨ ᠢᠶᠠᠷ ᠵᠤᠬᠢᠶᠠᠨ ᠪᠠᠶᠢᠭᠤᠯᠤᠨ᠎ᠠ︔       4.ᠭᠠᠯ ᠢ ᠰᠡᠷᠭᠡᠶᠢᠯᠡᠬᠦ ᠪᠠᠶᠢᠴᠠᠭᠠᠭᠴᠢ ᠶᠢᠨ ᠰᠠᠬᠢᠯᠭ᠎ᠠ ᠳᠦᠷᠢᠮ ᠢ ᠡᠷᠡᠰ ᠵᠢᠷᠤᠮᠯᠠᠵᠤ᠂ ᠦᠨᠡᠮᠯᠡᠯ ᠢᠶᠠᠷ ᠠᠵᠢᠯ ᠤᠨ ᠪᠠᠶᠢᠷᠢ ᠳᠤ ᠭᠠᠷᠴᠤ᠂ ᠪᠤᠯᠪᠠᠰᠤᠨ ᠢᠶᠠᠷ ᠵᠢᠵᠢᠭᠦᠷᠯᠡᠵᠦ᠂ ᠶᠤᠰᠤᠷᠬᠠᠭ ᠢᠶᠠᠷ ᠪᠠᠶᠢᠴᠠᠭᠠᠨ᠎ᠠ᠃       ︵ᠲᠠᠪᠤ︶ ᠭᠠᠯ ᠢ ᠰᠡᠷᠭᠡᠶᠢᠯᠡᠬᠦ ᠤᠷᠤᠨ ᠳᠤ ᠤᠷᠤᠭᠰᠠᠨ ᠵᠢᠭᠤᠯᠴᠢᠯᠠᠭᠰᠠᠳ ᠲᠤ ᠬᠠᠮᠢᠶᠠᠷᠤᠯᠲᠠ ᠪᠠᠨ ᠴᠢᠩᠭᠠᠳᠬᠠᠵᠤ᠂ ᠭᠠᠯ ᠢ ᠰᠡᠷᠭᠡᠶᠢᠯᠡᠬᠦ ᠤᠬᠠᠭᠤᠯᠭ᠎ᠠ ᠰᠤᠷᠭᠠᠨ ᠬᠦᠮᠦᠵᠢᠯ ᠬᠢᠬᠦ ᠶᠢᠨ ᠬᠠᠮᠲᠤ᠂ ᠲᠤᠭᠲᠠᠭᠰᠠᠨ ᠬᠡᠪᠴᠢᠶᠡᠨ ᠳᠤ ᠬᠢᠵᠠᠭᠠᠷᠯᠠᠨ᠎ᠠ᠃       ᠠᠷᠪᠠᠨ ᠲᠠᠪᠤᠳᠤᠭᠠᠷ ᠵᠤᠷᠪᠤᠰ   ᠭᠠᠯ ᠢ ᠰᠡᠷᠭᠡᠶᠢᠯᠡᠬᠦ ᠬᠤᠭᠤᠴᠠᠭᠠᠨ ᠳᠤ ᠭᠡᠭᠡᠷ᠎ᠠ ᠶᠢᠨ ᠭᠠᠯ ᠤᠨ ᠢᠷᠡᠯᠳᠠ ᠶᠢᠨ ᠬᠠᠮᠢᠶᠠᠷᠤᠯᠳᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠳᠡᠢ᠃       ︵ᠨᠢᠭᠡ︶ ᠬᠡᠬᠡᠷ᠎ᠠ ᠭᠠᠳᠠᠨ᠎ᠠ ᠲᠠᠮᠠᠬᠢ ᠲᠠᠳ᠋ᠬᠠᠥ᠂ ᠭᠠᠯ ᠨᠤᠴᠤᠭᠠᠵᠥ ᠲᠤᠯᠠᠭᠠᠴᠬᠠᠥ᠂ ᠬᠡᠭᠡᠷ᠎ᠡ ᠲᠤᠭᠤᠭᠠᠯᠠᠬᠤ ᠶᠢ ᠬᠤᠷᠢᠡᠡᠯᠠᠨ᠎ᠠ︔ ᠭᠠᠯ ᠢ ᠰᠡᠷᠭᠡᠶᠢᠯᠡᠬᠦ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠠᠷ ᠲᠡᠯᠪᠡᠴᠡᠬᠦ ᠪᠠ ᠦᠨᠡᠨ ᠰᠤᠮᠤᠨ ᠤ ᠰᠤᠷᠢᠯᠳᠠ ᠬᠢᠬᠦ ᠶᠢ ᠬᠤᠷᠢᠡᠡᠯᠠᠨ᠎ᠠ︔ ᠤᠩᠭᠤᠨ ᠳᠤ ᠴᠠᠭᠠᠰᠤ ᠰᠢᠳᠠᠭᠠᠬᠤ᠂ ᠫᠤᠤᠵᠢᠩ ᠲᠠᠯᠪᠢᠬᠤ᠂ ᠲᠡᠭᠳᠡᠭᠦᠷ ᠳ᠋ᠧᠩᠯᠥ ᠲᠠᠯᠪᠢᠬᠤ ᠶᠢ ᠬᠤᠷᠢᠡᠡᠯᠠᠨ᠎ᠠ︔ ᠠᠳᠠᠷ ᠰᠢᠳᠠᠭᠠᠬᠤ᠂ ᠭᠤᠤᠷᠰᠥ ᠰᠢᠳᠠᠭᠠᠬᠤ᠂ ᠡᠰᠢ ᠰᠥᠷᠡᠯ ᠰᠢᠳᠠᠭᠠᠬᠤ᠂ ᠲᠠᠷᠢᠶᠠᠨ ᠭᠠᠵᠠᠷ ᠰᠢᠳᠠᠭᠠᠬᠤ᠂ ᠪᠡᠯᠴᠢᠭᠡᠷ ᠰᠢᠳᠠᠭᠠᠬᠤ ᠶᠢ ᠬᠤᠷᠢᠡᠡᠯᠠᠨ᠎ᠠ︔ ᠡᠪᠡᠤᠡᠴᠢᠨ ᠬᠤᠷᠤᠬᠠᠢ ᠬᠤᠯᠤᠭᠠᠨ᠎ᠠ ᠶᠢᠨ ᠬᠥᠨᠤᠭᠡᠯ᠂ ᠬᠥᠯᠳᠡᠭᠦᠤ ᠶᠢᠨ ᠬᠥᠨᠤᠭᠡᠯ ᠵᠡᠷᠭᠡ ᠤᠡᠴᠠᠭᠠᠢ ᠪᠠᠶᠢᠳᠡᠯ ᠳᠤ ᠬᠡᠬᠡᠷ᠎ᠡ ᠭᠠᠳᠠᠨ᠎ᠠ ᠦᠨᠡᠡᠬᠦ ᠭᠠᠯ ᠬᠡᠷᠩᠯᠡᠬᠦ ᠴᠢᠬᠤᠯᠠᠳᠡᠢ ᠪᠠᠶᠢᠪᠡᠯ᠂ ᠬᠤᠰᠢᠭᠤ ᠬᠤᠳᠠ ᠲᠤᠭᠤᠷᠢᠭ ᠤᠨ ᠠᠷᠠᠤᠨ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠬᠦ ᠶᠢᠨ ᠬᠠᠮᠳᠥ ᠱᠠᠭᠠᠷᠳᠡᠯᠭ᠎ᠠ ᠶᠤᠰᠤᠭᠠᠷ ᠭᠠᠯ ᠢ ᠰᠡᠷᠭᠡᠶᠢᠯᠡᠬᠦ ᠠᠷᠭ᠎ᠠ ᠬᠡᠮᠵᠢᠶ᠎ᠡ ᠠᠪᠴᠥ᠂ ᠭᠠᠯ ᠠᠯᠳ᠋ᠬᠠᠥ ᠶᠢ ᠴᠢᠩᠭ᠎ᠠ ᠰᠡᠷᠭᠡᠶᠢᠯᠡᠨ᠎ᠡ︔ ᠤᠢ ᠰᠢᠭᠤᠢ ᠲᠠᠯ᠎ᠠ ᠨᠤᠳᠤᠭ ᠤᠨ ᠭᠠᠯ ᠢ ᠰᠡᠷᠭᠡᠶᠢᠯᠡᠬᠦ ᠤᠷᠤᠨ ᠳᠤ ᠦᠨᠡᠨ ᠰᠤᠮᠤᠨ ᠤ ᠰᠤᠷᠢᠯᠳᠠ᠂ ᠲᠡᠯᠪᠡᠴᠡᠬᠦ ᠵᠡᠷᠭᠡ ᠠᠵᠢᠯᠯᠠᠭ᠎ᠠ ᠬᠢᠬᠦ ᠴᠢᠬᠤᠯᠠᠲᠠᠢ ᠪᠠᠶᠢᠪᠠᠯ᠂ ᠡᠷᠬᠡᠪᠰᠢ ᠦᠪᠡᠷᠳᠡᠭᠡᠨ ᠵᠠᠰᠬᠠᠥ ᠤᠷᠤᠨ ᠤ ᠠᠷᠠᠤᠨ ᠤᠨ ᠵᠠᠰᠠᠭ ᠤᠨ ᠤᠷᠳᠤᠨ ᠤ ᠤᠢ ᠰᠢᠭᠤᠢ ᠶᠢᠨ ᠭᠤᠤᠯᠴᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠬᠦᠯᠬᠦ ᠶᠢᠨ ᠬᠠᠮᠳᠥ ᠵᠤᠬᠢᠰᠳᠡᠢ ᠭᠠᠯ ᠢ ᠰᠡᠷᠭᠡᠶᠢᠯᠡᠬᠦ ᠠᠷᠭ᠎ᠠ ᠬᠡᠮᠵᠢᠶ᠎ᠠ ᠠᠪᠠᠨ᠋ᠥ ᠬᠡᠷᠡᠭᠳᠡᠢ᠃ ᠲᠤᠮᠳᠡᠳᠥ ᠤᠯᠤᠰ ᠤᠨ ᠠᠷᠠᠤᠨ ᠤᠨ ᠴᠢᠯᠤᠭᠡᠯᠡᠬᠦ ᠴᠡᠷᠢᠭ ᠪᠤᠯᠤᠨ ᠲᠤᠮᠳᠠᠳᠥ ᠤᠯᠤᠰ ᠤᠨ ᠠᠷᠠᠤᠨ ᠤᠨ ᠵᠠᠪᠰᠡᠭᠳᠥ ᠴᠬᠠᠳᠠᠭ᠎ᠠ ᠶᠢᠨ ᠴᠡᠷᠢᠭ ᠠᠩᠬᠢ ᠠᠴᠠ ᠭᠡᠨᠡᠤᠡᠳᠠ ᠶᠢᠨ ᠬᠡᠷᠡᠭ ᠢ ᠰᠢᠢᠳᠪᠦᠷᠢᠯᠡᠬᠦ ᠪᠠ ᠪᠤᠰᠤᠤᠨ ᠪᠠᠴᠢᠮ ᠡᠭᠦᠷᠭᠡ ᠭᠥᠢᠴᠡᠤᠡᠭᠦ ᠳᠡᠭᠡᠨ ᠤᠢ ᠰᠢᠭᠤᠢ ᠲᠠᠯ᠎ᠠ ᠨᠤᠳᠤᠭ ᠤᠨ ᠭᠠᠯ ᠢ ᠰᠠᠷᠭᠡᠶᠢᠯᠡᠬᠦ ᠤᠷᠤᠨ ᠳᠤ ᠤᠷᠤᠬᠤ ᠴᠢᠬᠤᠯᠡᠳᠡᠢ ᠪᠠᠶᠢᠪᠠᠯ᠂ ᠲᠡᠭᠦᠨ ᠤ ᠲᠡᠭᠡᠳᠥ ᠱᠠᠳᠤᠨ ᠤ ᠭᠤᠤᠯᠴᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠶᠢᠨ ᠬᠠᠮᠳᠥ ᠵᠤᠬᠢᠰᠳᠡᠢ ᠭᠠᠯ ᠢ ᠰᠡᠷᠭᠡᠶᠢᠯᠡᠬᠦ ᠠᠷᠭ᠎ᠠ ᠬᠡᠮᠵᠢᠶ᠎ᠠ ᠠᠪᠠᠨ᠋ᠥ ᠬᠡᠷᠡᠭᠳᠡᠢ᠃         ︵ᠬᠤᠶᠠᠷ︶ ᠭᠠᠯ ᠢ ᠰᠠᠷᠭᠡᠶᠢᠯᠡᠬᠦ ᠲᠤᠰᠡᠭᠠᠷᠯᠬᠠᠥ ᠪᠥᠰᠨ ᠶᠢ ᠰᠢᠳᠠᠭᠠᠬᠤ ᠳᠤ ᠡᠷᠬᠡᠪᠰᠢ ᠲᠤᠤᠷᠠᠬᠢ ᠲᠤᠡᠡᠳᠠᠭᠠᠯ ᠢ ᠬᠡᠷᠩᠵᠢᠭᠦᠯᠬᠦ ᠬᠡᠷᠩᠳᠡᠢ᠄       1᠂ ᠭᠠᠯ ᠢ ᠰᠡᠷᠭᠡᠶᠢᠯᠡᠬᠦ ᠲᠤᠰᠠᠭᠠᠷᠯᠬᠠᠥ ᠪᠥᠰᠨ ᠶᠢ ᠰᠢᠳᠠᠭᠠᠬᠤ᠂ ᠦᠢᠯᠡᠳᠪᠦᠷᠢᠯᠡᠯ ᠤᠨ ᠴᠢᠨᠠᠷᠳᠡᠢ ᠭᠠᠯ ᠬᠡᠷᠡᠭᠯᠡᠬᠦ ᠳᠤ᠂ ᠬᠤᠰᠢᠭᠤ ᠬᠤᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠢ ᠰᠢᠭᠤᠢ ᠶᠢᠨ ᠭᠤᠤᠯᠴᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠳᠡᠢ᠂ ᠵᠥᠪᠰᠢᠶᠡᠷᠡᠯ ᠢᠶᠠᠷ ᠦᠢᠯᠡᠤᠡᠪᠤᠷᠢᠯᠡᠯ ᠤᠨ ᠴᠢᠨᠠᠷᠳᠡᠢ ᠭᠠᠯ ᠬᠡᠷᠡᠭᠯᠡᠬᠦ ᠳᠤ ᠭᠠᠯ ᠢ ᠰᠡᠷᠭᠡᠶᠢᠯᠡᠬᠦ ᠲᠤᠰᠠᠭᠠᠷᠯᠬᠠᠥ ᠪᠥᠰᠨ ᠭᠠᠷᠭᠠᠵᠥ᠂ ᠭᠠᠯ ᠤᠨᠲᠠᠷᠠᠭᠠᠬᠤ ᠬᠥᠮᠤᠨ ᠲᠤᠬᠢᠷᠠᠭᠤᠯᠬᠤ ᠬᠡᠷᠡᠭᠳᠡᠢ᠃       2᠂ ᠭᠠᠯ ᠨᠤᠴᠤᠭᠠᠬᠤ ᠬᠥᠮᠤᠨ ᠢᠶᠠᠨ ᠲᠠᠪᠳᠡᠨ ᠪᠤᠯᠪᠠᠰᠤᠷᠠᠭᠤᠯᠵᠥ᠂ ᠭᠠᠯ ᠤᠨᠲᠠᠷᠠᠭᠠᠬᠤ ᠡᠩᠨᠡᠭᠡ ᠶᠢ ᠭᠥᠢᠴᠡᠤᠨ ᠵᠤᠬᠢᠶᠠᠨ ᠪᠠᠶᠢᠭᠤᠯᠵᠥ᠂ ᠭᠠᠯ ᠤᠨᠲᠠᠷᠠᠭᠠᠬᠤ ᠪᠠᠭᠠᠵᠢ ᠲᠤᠬᠢᠷᠠᠭᠤᠯᠤᠨ᠎ᠠ᠃       3᠂ ᠲᠥᠷᠪᠡᠨ ᠲᠡᠰ ᠤᠨ ᠰᠠᠯᠬᠢ ︵ᠲᠥᠷᠪᠡᠨ ᠲᠡᠰ ᠢ ᠪᠠᠭᠳᠠᠭᠠᠨ᠎ᠠ︶ ᠠᠴᠠ ᠲᠤᠷᠤᠡᠡᠰᠢ ᠴᠠᠭ ᠠᠭᠤᠷ ᠪᠠᠶᠢᠪᠠᠯ ᠭᠠᠯ ᠬᠡᠷᠡᠭᠯᠡᠵᠥ ᠪᠤᠯᠤᠨ᠎ᠠ᠃       4᠂ ᠭᠠᠯ ᠬᠡᠷᠡᠭᠯᠡᠬᠦ ᠠᠴᠠ ᠡᠮᠤᠨ᠎ᠠ ᠨᠢᠭᠡ ᠡᠳᠤᠷ ᠲᠤ᠂ ᠬᠤᠰᠢᠭᠤ ᠬᠤᠳᠠ ᠪᠤᠶᠥ ᠭᠠᠵᠠᠷ ᠤᠷᠤᠨ ᠤ ᠤᠢ ᠰᠢᠭᠤᠢ ᠲᠠᠯ᠎ᠠ ᠨᠤᠳᠤᠭ ᠤᠨ ᠭᠠᠯ ᠢ ᠰᠠᠷᠬᠡᠶᠢᠯᠡᠬᠦ ᠠᠯᠪᠠᠨ ᠬᠡᠷ ᠠᠴᠠ ᠭᠠᠯ ᠬᠡᠷᠡᠭᠯᠡᠬᠦ ᠪᠠᠶᠢᠳᠡᠯ ᠢᠶᠠᠨ ᠵᠠᠷᠬᠡᠯᠡᠳᠡᠭᠡ ᠭᠠᠵᠠᠷ ᠤᠷᠤᠨ ᠳᠤ ᠮᠡᠳᠡᠭᠳᠡᠬᠦ ᠶᠢᠨ ᠬᠠᠮᠳᠥ ᠬᠤᠳᠠ ᠶᠢᠨ ᠤᠢ ᠰᠢᠭᠤᠢ ᠲᠠᠯ᠎ᠠ ᠨᠤᠳᠤᠭ ᠤᠨ ᠭᠠᠯ ᠢ ᠰᠡᠷᠭᠡᠶᠢᠯᠡᠬᠦ ᠠᠯᠪᠠᠨ ᠭᠡᠷ ᠲᠤ ᠮᠠᠳᠡᠭᠦᠯᠤᠨ ᠲᠠᠩᠰᠠᠯᠠᠭᠤᠯᠤᠨ᠎ᠠ᠃       ︵ᠭᠤᠷᠪᠠ︶ ᠡᠯ᠎ᠠ ᠱᠠᠳᠤᠨ ᠤ ᠠᠷᠠᠤᠨ ᠤᠨ ᠵᠠᠰᠠᠭ ᠤᠨ ᠤᠷᠳᠤᠨ ᠤ ᠤᠢ ᠰᠢᠭᠤᠢ ᠲᠠᠯ᠎ᠠ ᠨᠤᠳᠤᠭ ᠤᠨ ᠭᠠᠯ ᠢ ᠰᠡᠷᠭᠡᠶᠢᠯᠡᠬᠦ ᠵᠢᠯᠤᠭᠤᠤᠬᠠᠥ ᠪᠠᠶᠢᠭᠤᠯᠤᠮᠵᠢ ᠪᠤᠯᠤᠨ ᠤᠢ ᠰᠢᠭᠤᠢ ᠶᠢᠨ ᠭᠤᠤᠯᠴᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠤᠶᠢᠳᠥ ᠤᠷᠤᠨ᠂ ᠮᠠᠯᠵᠢᠬᠤ ᠤᠷᠤᠨ ᠪᠠ ᠲᠠᠷᠢᠶᠠᠯᠬᠠᠥ ᠤᠷᠤᠨ ᠤ ᠰᠠᠭᠤᠭᠠᠯᠢ ᠠᠷᠠᠤᠨ ᠤᠨ ᠲᠤᠭᠤᠷᠢᠭ ᠂ ᠵᠢᠭᠤᠯᠴᠢᠯᠡᠯ ᠤᠨ ᠦᠵᠡᠮᠵᠢ ᠶᠢᠨ ᠤᠷᠤᠨ ᠪᠠ ᠦᠢᠯᠡᠤᠡᠪᠤᠷᠢᠯᠡᠯ ᠤᠨ ᠠᠵᠢᠯᠯᠠᠬᠤ ᠴᠡᠭ ᠵᠡᠷᠭᠡ ᠴᠢᠬᠤᠯᠠ ᠭᠠᠵᠠᠷ ᠤᠷᠤᠨ ᠤ ᠳᠤᠯᠠᠭᠠᠯᠠᠬᠤ᠂ ᠭᠡᠷᠡᠯᠲᠦᠭᠦᠯᠬᠦ᠂ ᠬᠤᠭᠤᠯᠨ ᠬᠢᠬᠦ ᠵᠡᠷᠭᠡ ᠦᠢᠯᠡᠤᠡᠪᠤᠷᠢᠯᠡᠯ ᠤᠨ ᠪᠤᠰᠥ ᠴᠢᠨᠠᠷᠳᠡᠢ ᠭᠠᠯ ᠬᠡᠷᠡᠭᠯᠡᠬᠦ ᠠᠵᠢᠯᠯᠠᠭ᠎ᠠ ᠶᠢ ᠲᠥᠷᠢᠮᠵᠢᠭᠦᠯᠵᠥ᠂ ᠭᠠᠯ ᠲᠥᠢᠮᠡᠷ ᠤᠨ ᠲᠠᠯᠳᠠ ᠬᠡᠮ ᠢ ᠬᠠᠮᠤᠭ ᠶᠡᠭᠡ ᠬᠡᠮᠵᠢᠶ᠎ᠠ ᠪᠠᠷ ᠪᠠᠭᠠᠰᠬᠠᠨ᠎ᠠ᠃ ᠭᠠᠯ ᠰᠡᠷᠭᠡᠶᠢᠯᠡᠬᠦ ᠤᠷᠤᠨ ᠤ ᠭᠠᠴᠠᠭ᠎ᠠ ᠲᠤᠰᠬᠤᠨ᠂ ᠰᠠᠭᠤᠭᠠᠯᠢ ᠠᠷᠠᠤᠨ ᠤᠨ ᠲᠤᠭᠤᠷᠢᠭ᠂ ᠬᠢᠯᠢ ᠶᠢᠨ ᠬᠠᠮᠠᠭᠠᠯᠠᠯᠳᠠ ᠶᠢᠨ ᠴᠡᠷᠢᠭ ᠠᠩᠬᠢ᠂ ᠪᠠᠷᠢᠯᠭ᠎ᠠ ᠶᠢᠨ ᠭᠠᠵᠠᠷ᠂ ᠴᠡᠷᠢᠭ ᠤᠨ ᠬᠤᠸᠡᠷᠡᠨ᠂ ᠦᠢᠯᠡᠤᠡᠪᠤᠷᠢᠯᠡᠯ ᠤᠨ ᠠᠵᠢᠯᠯᠬᠠᠥ ᠴᠡᠭ᠂ ᠲᠤᠰᠤᠨ ᠤ ᠬᠥᠮᠤᠷᠭᠡ᠂ ᠬᠥᠮᠤᠷᠭᠡ᠂ ᠮᠤᠩᠭᠤᠯ ᠭᠡᠷ ᠵᠡᠷᠭᠡ ᠬᠡᠬᠡᠷ᠎ᠡ ᠭᠠᠳᠠᠨ᠎ᠠ ᠠᠮᠢᠳᠤᠷᠡᠯ ᠤᠨ ᠭᠠᠯ ᠬᠡᠷᠡᠭᠯᠡᠬᠦ ᠤᠷᠴᠢᠨ ᠲᠤᠭᠤᠷᠢᠨ ᠳᠤ 10—30 ᠮᠧᠲᠷ ᠠᠴᠠ ᠲᠡᠭᠡᠭᠰᠢᠬᠢ ᠭᠠᠯ ᠢ ᠰᠠᠷᠭᠡᠶᠢᠯᠡᠬᠦ ᠲᠤᠰᠠᠭᠠᠷᠯᠬᠠᠥ ᠪᠥᠰᠨ ᠪᠠᠶᠢᠭᠤᠯᠬᠤ ᠪᠤᠶᠥ ᠬᠥᠷᠢᠶ᠎ᠠ ᠬᠡᠷᠡᠮ ᠵᠡᠷᠭᠡ ᠪᠤᠰᠤᠤᠨ ᠲᠤᠰᠠᠭᠠᠷᠯᠬᠠᠥ ᠪᠥᠰᠨ ᠪᠠᠶᠢᠭᠤᠯᠬᠤ ᠠᠷᠭ᠎ᠠ ᠠᠪᠴᠥ᠂ ᠭᠠᠯ ᠢ ᠰᠡᠷᠭᠡᠶᠢᠯᠡᠬᠦ ᠪᠥᠷᠢᠨ ᠪᠢᠳᠠᠭᠦᠮᠵᠢᠯᠡᠭᠰᠡᠨ ᠦᠢᠯᠡᠤᠡᠪᠤᠷᠢᠯᠡᠯ ᠠᠮᠢᠳᠤᠷᠡᠯ ᠤᠨ ᠭᠠᠯ ᠬᠡᠷᠡᠭᠯᠡᠬᠦ ᠬᠤᠭ ᠨᠤᠪᠰᠢ ᠶᠢ ᠰᠢᠢᠳᠪᠦᠷᠢᠯᠡᠬᠦ ᠴᠡᠭ ︵ᠦᠨᠡᠰᠤᠨ ᠬᠠᠶᠢᠷᠴᠠᠭ᠂ ᠦᠨᠡᠰᠤᠨ ᠲᠠᠳᠠᠭᠠᠯ᠂ ᠦᠨᠡᠰᠤᠨ ᠨᠥᠬᠡ︶ ᠲᠤ ᠭᠠᠯ ᠤᠡᠳᠠᠷᠠᠭᠠᠬᠤ ᠪᠠᠭᠠᠵᠢ ᠲᠥᠭᠦᠷᠵᠢᠭᠦᠯᠤᠨ᠎ᠠ᠃       ︵ᠲᠥᠷᠪᠡ︶ ᠭᠡᠭᠡᠷ᠎ᠠ ᠭᠠᠳᠠᠨ᠎ᠠ ᠲᠠᠷᠠᠬᠠᠢ ᠰᠠᠭᠤᠵᠥ ᠪᠠᠶᠢᠭ᠎ᠠ ᠮᠠᠯᠵᠢᠬᠤ ᠡᠷᠤᠬᠡ᠂ ᠲᠠᠷᠢᠶᠠᠯᠬᠠᠥ ᠡᠷᠤᠬᠡ ᠪᠤᠯᠤᠨ ᠬᠡᠬᠡᠷ᠎ᠠ ᠭᠠᠳᠠᠨ᠎ᠠ ᠦᠢᠯᠡᠤᠡᠪᠤᠷᠢᠯᠡᠯ ᠡᠷᠬᠢᠯᠡᠵᠥ ᠪᠠᠶᠢᠭ᠎ᠠ ᠴᠡᠭ ᠵᠢᠴᠢ ᠬᠠᠮᠢᠶᠡᠷᠤᠨ ᠬᠠᠮᠠᠭᠠᠯᠬᠠᠥ ᠦᠷᠳᠡᠭᠡ᠂ ᠪᠠᠷᠠᠯᠬᠠᠥ ᠴᠠᠮᠬᠠᠭ ᠵᠡᠷᠭᠡ ᠵᠢᠵᠢᠭᠦᠷᠯᠡᠬᠦ ᠴᠡᠭ ᠤᠨ ᠤᠶᠢᠷ᠎ᠠ ᠬᠠᠪᠢ ᠪᠠᠷ ᠴᠢᠩᠭ᠎ᠠ ᠬᠢᠵᠠᠭᠠᠷᠯᠬᠠᠥ ᠠᠷᠭ᠎ᠠ ᠬᠡᠮᠵᠢᠶ᠎ᠠ ᠠᠪᠴᠥ᠂ ᠬᠡᠬᠡᠷ᠎ᠡ ᠭᠠᠳᠠᠨ᠎ᠠ ᠲᠠᠷᠠᠬᠠᠢ ᠰᠠᠭᠤᠵᠥ ᠪᠠᠶᠢᠭ᠎ᠠ ᠮᠠᠯᠵᠢᠬᠤ ᠡᠷᠤᠬᠡ᠂ ᠲᠠᠷᠢᠶᠠᠯᠬᠠᠥ ᠡᠷᠤᠬᠡ᠂ ᠦᠢᠯᠡᠤᠡᠪᠤᠷᠢᠯᠡᠯ ᠡᠷᠬᠢᠯᠡᠵᠥ ᠪᠠᠶᠢᠭ᠎ᠠ ᠴᠡᠭ ᠤᠨ ᠲᠥᠷᠪᠡᠨ ᠬᠠᠪᠢ ᠪᠠᠷ 10—30 ᠮᠧᠲᠷ ᠠᠴᠠ ᠲᠡᠭᠡᠭᠰᠢᠬᠢ ᠭᠠᠯ ᠢ ᠰᠠᠷᠭᠡᠶᠢᠯᠡᠬᠦ ᠲᠤᠰᠠᠭᠠᠷᠯᠬᠠᠥ ᠪᠥᠰᠨ ᠪᠤᠶᠥ ᠬᠥᠷᠢᠶ᠎ᠠ ᠬᠡᠷᠡᠮ ᠵᠡᠷᠭᠡ ᠪᠤᠰᠤᠤᠨ ᠲᠤᠰᠠᠭᠠᠷᠯᠬᠠᠥ ᠪᠥᠰᠨ ᠪᠠᠶᠢᠭᠤᠯᠬᠤ ᠠᠷᠭ᠎ᠠ ᠬᠡᠮᠵᠢᠶ᠎ᠠ ᠠᠪᠠᠨ᠋ᠥ ᠶᠢᠨ ᠬᠠᠮᠳᠥ᠂ ᠮᠠᠯᠵᠢᠬᠤ ᠡᠷᠤᠬᠡ᠂ ᠲᠠᠷᠢᠶᠠᠯᠬᠠᠥ ᠡᠷᠤᠬᠡ ᠪᠠ ᠦᠢᠯᠡᠤᠡᠪᠤᠷᠢᠯᠡᠯ ᠡᠷᠬᠢᠯᠡᠵᠥ ᠪᠠᠶᠢᠭ᠎ᠠ ᠴᠡᠭ ᠨᠢᠭᠡᠪᠤᠷᠢ ᠶᠢᠨ ᠬᠡᠷᠡᠭᠯᠡᠵᠥ ᠪᠠᠶᠢᠭ᠎ᠠ ᠵᠤᠤᠬᠠᠨ ᠠᠮᠠᠰᠠᠷ᠂ ᠬᠤᠯᠠᠩ᠂ ᠫᠢᠰᠢᠩ᠂ ᠵᠠᠯᠯᠬᠠᠰᠡᠨ ᠭᠠᠯ ᠵᠡᠷᠭᠡ ᠭᠠᠯ ᠬᠡᠷᠡᠭᠯᠡᠬᠦ ᠲᠥᠭᠦᠭᠡᠷᠤᠮᠵᠢ ᠡᠷᠬᠡᠪᠰᠢ ᠱᠠᠭᠠᠷᠳᠡᠯᠭ᠎ᠠ ᠳᠤ ᠨᠠᠶᠢᠴᠡᠵᠥ᠂ ᠭᠠᠯ ᠢ ᠰᠠᠷᠭᠡᠶᠢᠯᠡᠬᠦ ᠪᠥᠷᠢᠨ ᠪᠢᠳᠠᠬᠦᠮᠵᠢᠯᠡᠭᠰᠡᠨ ᠲᠤᠡᠡᠳ᠋ᠬᠠᠰᠡᠨ ᠦᠢᠯᠡᠤᠡᠪᠤᠷᠢᠯᠡᠯ ᠠᠮᠢᠳᠤᠷᠡᠯ ᠤᠨ ᠭᠠᠯ ᠬᠡᠷᠡᠭᠯᠡᠬᠦ ᠬᠤᠭ ᠨᠤᠪᠰᠢ ᠶᠢ ᠰᠢᠢᠳᠪᠦᠷᠢᠯᠡᠬᠦ ᠴᠡᠭ ︵ᠦᠨᠡᠰᠤᠨ ᠬᠠᠶᠢᠷᠴᠠᠭ᠂ ᠦᠨᠡᠰᠤᠨ ᠲᠠᠳᠠᠭᠠᠯ᠂ ᠦᠨᠡᠰᠤᠨ ᠨᠥᠬᠡ︶ ᠢ ᠡᠷᠬᠡᠪᠰᠢ ᠪᠠᠶᠢᠭᠤᠯᠵᠥ᠂ ᠭᠠᠯ ᠲᠠᠢ ᠦᠨᠡᠰᠤ ᠬᠠᠶ᠋ᠬᠠᠥ ᠶᠢ ᠴᠢᠩᠭ᠎ᠠ ᠬᠤᠷᠢᠡᠡᠯᠠᠵᠥ᠂ ᠭᠠᠯ ᠤᠨ ᠤᠴᠢ ᠶᠢ ᠪᠥᠷᠢᠮᠤᠰᠤᠨ ᠤᠨᠲᠠᠷᠠᠭᠠᠬᠤ ᠬᠡᠷᠡᠭᠳᠡᠢ᠃       ︵ᠲᠠᠪᠤ︶ ᠲᠡᠮᠤᠷ ᠵᠠᠮ᠂ ᠵᠠᠰᠠᠮᠡᠯ ᠵᠠᠮ᠂ ᠴᠡᠬᠢᠯᠭᠠᠨ ᠬᠥᠴᠤᠨ ᠪᠠ ᠴᠠᠬᠢᠯᠭᠠᠨ ᠬᠤᠯᠪᠤᠭ᠎ᠠ ᠶᠢᠨ ᠬᠡᠯᠬᠢᠶ᠎ᠠ᠂ ᠴᠢᠯᠠᠭᠤᠨ ᠲᠤᠰᠥ ᠰᠢᠲᠠᠮᠠᠬᠠᠢ ᠬᠡᠢ ᠶᠢᠨ ᠬᠤᠭᠤᠯᠠᠢ ᠵᠡᠷᠭᠡ ᠪᠠᠷᠢᠯᠭ᠎ᠠ ᠨᠢ ᠤᠢ ᠰᠢᠭᠤᠢ ᠲᠠᠯ᠎ᠠ ᠨᠤᠳᠤᠭ ᠤᠨ ᠭᠠᠯ ᠲᠦᠢᠮᠡᠷ ᠤᠨ ᠠᠶᠤᠯᠳᠡᠢ ᠬᠡᠰᠡᠭ ᠭᠠᠵᠠᠷ ᠲᠤ ᠪᠠᠶᠢᠭ᠎ᠠ ᠪᠤᠯ᠂ ᠬᠠᠷᠢᠭᠤᠴᠠᠯᠭ᠎ᠠ ᠶᠢᠨ ᠨᠢᠭᠡᠴᠢ ᠠᠴᠠ ᠭᠠᠯ ᠢ ᠰᠡᠷᠭᠡᠶᠢᠯᠡᠬᠦ ᠲᠤᠰᠠᠭᠠᠷᠯᠬᠠᠥ ᠪᠥᠰᠨ ᠪᠠᠶᠢᠭᠤᠯᠵᠥ᠂ ᠭᠠᠯ ᠤᠨ ᠢᠷᠡᠯᠳᠠ ᠶᠢ ᠰᠠᠶᠢᠳᠤᠷ ᠬᠠᠮᠢᠶᠠᠷᠬᠤ ᠶᠢᠨ ᠬᠠᠮᠳᠥ ᠲᠤᠡᠡᠳ᠋ᠬᠠᠰᠡᠨ ᠬᠤᠭᠤᠴᠠᠭᠠᠨ ᠳᠤ ᠬᠥᠮᠤᠨ ᠢᠶᠠᠨ ᠵᠤᠬᠢᠶᠡᠨ ᠪᠠᠶᠢᠭᠤᠯᠵᠥ ᠴᠬᠠᠳᠡᠨ ᠪᠠᠶᠢᠴᠠᠭᠠᠵᠥ ᠰᠠᠬᠢᠨ ᠬᠠᠮᠠᠭᠠᠯᠠᠵᠥ᠂ ᠲᠤᠡᠡᠳ᠋ᠬᠠᠰᠡᠨ ᠬᠤᠭᠤᠴᠠᠭᠠᠨ ᠳᠤ ᠬᠡᠯᠬᠢᠶ᠎ᠠ ᠪᠠ ᠬᠤᠭᠤᠯᠡᠢ ᠶᠢᠨ ᠠᠮᠤᠷ ᠲᠥᠪᠰᠢᠨ ᠤ ᠪᠠᠶᠢᠴᠠᠭᠠᠯᠳᠠ ᠬᠢᠵᠥ᠂ ᠲᠥᠬᠦᠬᠡᠷᠤᠮᠵᠢ ᠶᠢᠨ ᠤᠶᠢᠷ᠎ᠠ ᠬᠠᠪᠢ ᠶᠢᠨ ᠰᠢᠳᠠᠮᠬᠠᠡᠢ ᠪᠤᠳᠡᠰ ᠢ ᠴᠠᠭ ᠲᠤᠬᠠᠢ ᠳᠤᠨᠢ ᠴᠡᠪᠡᠷᠯᠡᠨ᠂ ᠤᠢ ᠰᠢᠭᠤᠢ ᠲᠠᠯ᠎ᠠ ᠨᠤᠳᠤᠭ ᠤᠨ ᠭᠠᠯ ᠲᠥᠢᠮᠡᠷ ᠤᠨ ᠲᠠᠯᠳᠠ ᠬᠡᠮ ᠢ ᠠᠷᠢᠯᠭᠠᠬᠤ ᠬᠡᠷᠡᠭᠳᠡᠢ᠃       ︵ᠵᠢᠷᠭᠤᠭ᠎ᠠ︶ ᠭᠠᠯ ᠢ ᠰᠡᠷᠭᠡᠶᠢᠯᠡᠬᠦ ᠤᠷᠤᠨ ᠳᠤ ᠮᠠᠰᠢᠨ ᠲᠡᠷᠭᠡ᠂ ᠲᠧᠷᠠᠺᠲ᠋ᠤᠷ᠂ ᠮᠤᠲ᠋ᠥᠷ ᠵᠡᠷᠭᠡ ᠮᠠᠰᠢᠨ ᠲᠡᠷᠭᠡ ᠵᠢᠯᠤᠭᠤᠤᠡᠴᠥ ᠪᠠᠶᠢᠭ᠎ᠠ ᠬᠥᠮᠤᠰ ᠲᠡᠷᠭᠡᠨ ᠭᠠᠳᠠᠨ᠎ᠠ ᠭᠠᠯ ᠤᠨ ᠤᠴᠢ ᠰᠢᠳᠡᠬᠦ ᠶᠢ ᠬᠤᠷᠢᠡᠡᠯᠠᠨ᠎ᠠ᠃       ᠠᠷᠪᠠᠨ ᠵᠢᠷᠭᠤᠳᠤᠭᠠᠷ ᠵᠤᠷᠪᠤᠰ   ᠤᠢ ᠰᠢᠭᠤᠢ ᠲᠠᠯ᠎ᠠ ᠨᠤᠳᠤᠭ ᠤᠨ ᠭᠠᠯ ᠲᠥᠢᠮᠡᠷ ᠢ ᠤᠷᠢᠤᠡᠴᠢᠯᠡᠨ ᠰᠡᠷᠭᠡᠶᠢᠯᠡᠬᠦ ᠤᠨᠲᠠᠷᠠᠭᠠᠬᠤ ᠲᠤᠮᠳᠠ ᠲᠤᠪᠤᠶᠢᠮ᠎ᠠ ᠬᠢᠷᠢ ᠪᠥᠳᠤᠮᠵᠢ ᠭᠠᠷᠭᠠᠡᠡᠰᠡᠨ ᠨᠢᠭᠡᠴᠢ ᠪᠠ ᠬᠤᠪᠢ ᠬᠥᠮᠤᠨ ᠳᠤ ᠤᠯᠤᠰ ᠤᠨ ᠬᠠᠮᠢᠶ᠎ᠠ ᠪᠥᠬᠦᠢ ᠲᠤᠡᠡᠳᠠᠭᠠᠯ ᠶᠤᠰᠤᠭᠠᠷ ᠬᠥᠬᠢᠬᠦᠯᠤᠨ ᠰᠠᠶᠢᠰᠢᠶ᠋ᠬᠠᠥ ᠪᠠ ᠱᠠᠩᠨᠠᠯ ᠤᠯᠭᠤᠨ᠎ᠠ᠃       ᠠᠷᠪᠠᠨ ᠲᠤᠯᠤᠳᠤᠭᠠᠷ ᠵᠤᠷᠪᠤᠰ   ᠲᠤᠰ ᠠᠷᠭ᠎ᠠ ᠶᠢ ᠵᠥᠷᠢᠴᠡᠵᠥ ᠬᠡᠬᠡᠷ᠎ᠡ ᠭᠠᠳᠠᠨ᠎ᠠ ᠭᠠᠯ ᠬᠡᠷᠡᠭᠯᠡᠭᠰᠡᠳ ᠢ ᠲᠥᠷᠥ ᠶᠢᠨ ᠶᠠᠪᠤᠳᠡᠯ ᠤᠨ ᠬᠤᠷᠢᠶᠠᠨ ᠤ ᠨᠠᠶᠢᠳᠡᠯᠡᠭᠰᠡᠨ ︽ᠪᠥᠭᠦᠳᠠ ᠨᠠᠶᠢᠷᠠᠮᠳ᠋ᠬᠠᠥ ᠲᠤᠮᠳᠠᠳᠥ ᠠᠷᠠᠤᠨ ᠤᠯᠤᠰ ᠤᠨ ᠤᠢ ᠰᠢᠭᠤᠢ ᠶᠢᠨ ᠬᠠᠤᠯᠢ︾ ︽ᠪᠥᠬᠦᠳᠡ ᠨᠠᠶᠢᠷᠠᠮᠳ᠋ᠬᠠᠥ ᠲᠤᠮᠳᠠᠳᠥ ᠠᠷᠠᠤᠨ ᠤᠯᠤᠰ ᠤᠨ ᠲᠠᠯ᠎ᠠ ᠨᠤᠳᠤᠭ ᠤᠨ ᠬᠠᠤᠯᠢ︾ ︽ᠤᠯᠤᠰ ᠤᠨ ᠤᠢ ᠰᠢᠭᠤᠢ ᠶᠢᠨ ᠭᠠᠯ ᠢ ᠰᠠᠷᠭᠡᠶᠢᠯᠡᠬᠦ ᠲᠥᠷᠢᠮ︾᠂ ︽ᠤᠯᠤᠰ ᠤᠨ ᠲᠠᠯ᠎ᠠ ᠨᠤᠳᠤᠭ ᠤᠨ ᠭᠠᠯ ᠢ ᠰᠠᠷᠭᠡᠶᠢᠯᠡᠬᠦ ᠲᠥᠷᠢᠮ︾᠂ ︽ᠦᠪᠤᠷ ᠮᠤᠩᠭᠤᠯ ᠤᠨ ᠦᠪᠡᠷᠳᠡᠭᠡᠨ ᠵᠠᠰᠬᠠᠥ ᠤᠷᠤᠨ ᠤ ᠤᠢ ᠰᠢᠭᠤᠢ ᠲᠠᠯ᠎ᠠ ᠨᠤᠳᠤᠭ ᠤᠨ ᠭᠠᠯ ᠢ ᠰᠡᠷᠭᠡᠶᠢᠯᠡᠬᠦ ᠲᠥᠷᠢᠮ︾ ᠵᠡᠷᠭᠡ ᠲᠤᠡᠡᠳᠠᠭᠠᠯ ᠶᠤᠰᠤᠭᠠᠷ ᠲᠤᠷᠭᠠᠵᠥ᠂ ᠶᠠᠯ᠎ᠠ ᠪᠥᠷᠢᠯᠳᠤᠭ᠍ᠰᠡᠨ ᠪᠤᠯ ᠬᠠᠤᠯᠢ ᠶᠤᠰᠤᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠃       ᠠᠷᠪᠠᠨ ᠨᠠᠢᠮᠠᠳᠤᠭᠠᠷ ᠵᠤᠷᠪᠤᠰ   ᠲᠤᠰ ᠠᠷᠭ᠎ᠠ ᠶᠢ ᠨᠠᠶᠢᠳᠠᠯᠡᠭᠰᠡᠨ ᠡᠳᠤᠷ ᠠᠴᠠ ᠡᠬᠢᠯᠡᠨ 30 ᠡᠳᠤᠷ ᠤᠨ ᠲᠠᠷᠠᠭ᠎ᠠ ᠬᠡᠷᠩᠵᠢᠭᠦᠯᠤᠨ᠎ᠠ᠃    
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ