︵2004 ᠤᠨ ᠤ 3 ᠰᠠᠷ᠎ᠠ ᠶᠢᠨ 26 ᠤ ᠡᠳᠦᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠠᠯ ᠤᠨ ᠨᠠᠢᠮᠠᠳᠤᠭᠠᠷ ᠤᠳᠠᠭᠠᠨ ᠤ ᠬᠤᠷᠠᠯ ᠠᠴᠠ ᠪᠠᠲᠤᠯᠠᠪᠠ 2016 ᠤᠨ ᠤ 9 ᠰᠠᠷ᠎ᠠ ᠶᠢᠨ 29 ᠤ | ᠡᠳᠦᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠠᠯ ᠤᠨ ᠬᠤᠷᠢᠨ ᠵᠢᠷᠭᠤᠳᠤᠭᠠᠷ ᠤᠳᠠᠭᠠᠨ ᠤ ᠬᠤᠷᠠᠯ ᠠᠴᠠ ᠵᠠᠰᠠᠪᠤᠷᠢ ᠤᠷᠤᠭᠤᠯᠪᠠ︶ | ᠨᠢᠭᠡᠳᠦᠭᠡᠷ ᠪᠦᠯᠦᠭ ᠶᠡᠷᠦᠩᠬᠡᠢ ᠵᠠᠷᠴᠢᠮ | ᠨᠢᠭᠡᠳᠦᠭᠡᠷ ᠵᠤᠷᠪᠤᠰ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠢ ᠪᠦᠲᠦᠮᠵᠢᠲᠡᠢ ᠪᠠᠷ ᠰᠡᠷᠭᠡᠶᠢᠯᠡᠬᠦ ᠪᠠ ᠤᠨᠲᠠᠷᠠᠭᠠᠵᠤ᠂ ᠠᠷᠠᠳ ᠤᠯᠠᠨ ᠤ ᠠᠮᠢ | ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠵᠤ᠂ ᠤᠢ ᠰᠢᠭᠤᠢ ᠲᠠᠯ᠎ᠠ ᠨᠤᠲᠤᠭ ᠤᠨ ᠡᠬᠢ ᠪᠠᠶᠠᠯᠢᠭ ᠢ ᠬᠠᠮᠠᠭᠠᠯᠠᠵᠤ᠂ ᠠᠮᠢ ᠠᠬᠤᠢ ᠶᠢᠨ ᠠᠮᠤᠷ | ᠲᠦᠪᠰᠢᠨ ᠢ ᠰᠠᠬᠢᠨ ᠬᠠᠮᠠᠭᠠᠯᠠᠬᠤ ᠶᠢᠨ ᠲᠤᠰᠠᠳᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠤᠢ ᠰᠢᠭᠤᠢ ᠶᠢᠨ ᠭᠠᠯ ᠢ ᠰᠡᠷᠭᠡᠶᠢᠯᠡᠬᠦ ᠳᠦᠷᠢᠮ︾ ︽ᠲᠠᠯ᠎ᠠ | ᠨᠤᠲᠤᠭ ᠤᠨ ᠭᠠᠯ ᠢ ᠰᠡᠷᠭᠡᠶᠢᠯᠡᠬᠦ ᠳᠦᠷᠢᠮ︾ ᠵᠡᠷᠭᠡ ᠤᠯᠤᠰ ᠤᠨ ᠬᠠᠮᠢᠶ᠎ᠠ ᠪᠦᠬᠦᠢ ᠬᠠᠤᠯᠢ ᠳᠦᠷᠢᠮ ᠢ ᠦᠨᠳᠦᠰᠦᠯᠡᠨ᠂ ᠦᠪᠡᠷᠲᠡᠭᠡᠨ ᠵᠠᠰᠠᠬᠤ ᠤᠷᠤᠨ ᠤ ᠪᠤᠳᠠᠳᠤ | ᠪᠠᠶᠢᠳᠠᠯ ᠲᠠᠢ ᠤᠶᠠᠯᠳᠤᠭᠤᠯᠵᠤ᠂ ᠲᠤᠰ ᠲᠤᠭᠲᠠᠭᠠᠯ ᠢ ᠲᠤᠭᠲᠠᠭᠠᠪᠠ᠃ | ᠬᠤᠶᠠᠳᠤᠭᠠᠷ ᠵᠤᠷᠪᠤᠰ ᠲᠤᠰ ᠳᠦᠷᠢᠮ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠠᠬᠢ ᠤᠢ ᠰᠢᠭᠤᠢ᠂ ᠤᠢ | ᠮᠣᠳᠣ᠂ ᠤᠶᠢᠲᠤ ᠭᠠᠵᠠᠷ ᠪᠣᠯᠤᠨ ᠪᠠᠶᠢᠭᠠᠯᠢᠯᠢᠭ ᠲᠠᠯ᠎ᠠ ᠨᠤᠲᠤᠭ᠂ ᠲᠠᠷᠢᠮᠠᠯ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠪᠠ ᠤᠨᠲᠠᠷᠠᠭᠠᠬᠤ ᠳᠤ ᠲᠣᠬᠢᠷᠠᠨ᠎ᠠ᠂ | ᠭᠡᠪᠡᠴᠦ ᠬᠤᠳᠠ ᠶᠢᠨ ᠲᠣᠭᠤᠷᠢᠭ ᠪᠠᠭᠲᠠᠬᠤ ᠥᠬᠡᠶ᠃ | ᠭᠤᠷᠪᠠᠳᠤᠭᠠᠷ ᠵᠤᠷᠪᠤᠰ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠳᠤ ᠰᠡᠷᠭᠡᠶᠢᠯᠡᠬᠦ ᠪᠠᠷ ᠭᠤᠣᠯ ᠪᠣᠯᠭᠠᠬᠤ᠂ ᠢᠳᠡᠪᠬᠢᠲᠡᠢ ᠪᠠᠷ | ᠤᠨᠲᠠᠷᠠᠭᠠᠬᠤ᠂ ᠰᠢᠨᠵᠢᠯᠡᠬᠦ ᠤᠬᠠᠭᠠᠨᠴᠢ ᠪᠠᠷ ᠠᠪᠤᠷᠠᠬᠤ᠂ ᠬᠥᠮᠦᠨ ᠢᠶᠠᠷ ᠦᠨᠳᠦᠰᠦ ᠪᠣᠯᠭᠠᠬᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮ ᠢ ᠪᠠᠷᠢᠮᠲᠠᠯᠠᠨ᠎ᠠ | ᠃ | ᠳᠦᠷᠪᠡᠳᠦᠭᠡᠷ ᠵᠤᠷᠪᠤᠰ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠢ ᠤᠷᠢᠳᠴᠢᠯᠠᠨ ᠰᠡᠷᠭᠡᠶᠢᠯᠡᠬᠦ᠂ ᠤᠢ ᠰᠢᠭᠤᠢ ᠲᠠᠯ᠎ᠠ ᠨᠤᠲᠤᠭ ᠤᠨ ᠡᠬᠢ | ᠪᠠᠶᠠᠯᠢᠭ ᠢ ᠬᠠᠮᠠᠭᠠᠯᠠᠬᠤ ᠪᠤᠯ ᠠᠷᠠᠳ ᠢᠷᠭᠡᠨ ᠨᠢᠭᠡᠪᠦᠷᠢ ᠶᠢᠨ ᠡᠭᠦᠷᠭᠡ ᠪᠤᠯᠤᠨ᠎ᠠ᠃ | ᠲᠠᠪᠤᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠤᠢ ᠰᠢᠭᠤᠢ ᠲᠠᠯ᠎ᠠ ᠨᠤᠲᠤᠭ ᠤᠨ | ᠭᠠᠯ ᠢ ᠰᠡᠷᠭᠡᠶᠢᠯᠡᠬᠦ ᠲᠥᠯᠥᠪᠵᠢᠭᠦᠯᠭᠡ ᠶᠢ ᠤᠯᠤᠰ ᠠᠷᠠᠳ ᠤᠨ ᠠᠵᠤ ᠠᠬᠤᠢ ᠬᠢᠭᠡᠳ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠦᠯᠦᠪᠵᠢᠭᠦᠯᠭᠡ᠂ ᠣᠨ ᠤ | ᠲᠥᠯᠥᠪᠯᠡᠭᠡ ᠵᠢᠴᠢ ᠤᠢ ᠰᠢᠭᠤᠢ᠂ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠲᠦᠷᠦᠯ ᠤᠨ ᠬᠥᠭᠵᠢᠯᠲᠡ ᠶᠢᠨ ᠲᠦᠯᠦᠪᠵᠢᠭᠦᠯᠭᠡ ᠳᠤ ᠣᠷᠣᠭᠤᠯᠬᠤ ᠶᠢᠨ | ᠬᠠᠮᠲᠤ ᠲᠤᠬᠠᠢ ᠶᠢᠨ ᠭᠠᠵᠠᠷ ᠤᠨ ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠤᠭᠲᠠᠯᠴᠠᠭ᠎ᠠ ᠶᠢᠨ ᠪᠠᠶᠢᠭᠤᠯᠤᠯᠲᠠ ᠳᠤ ᠣᠷᠣᠭᠤᠯᠵᠤ᠂ ᠤᠢ ᠰᠢᠭᠤᠢ | ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠢ ᠠᠵᠤ ᠠᠬᠤᠢ ᠨᠡᠶᠢᠭᠡᠮ ᠤᠨ ᠬᠥᠭᠵᠢᠯᠲᠡ ᠯᠦᠭᠡ ᠵᠣᠬᠢᠴᠠᠭᠤᠯᠬᠤ ᠶᠢ ᠪᠠᠲᠤᠯᠠᠬᠤ ᠬᠡᠷᠡᠭᠲᠡᠢ᠃ | ᠵᠢᠷᠭᠤᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠣᠢ ᠰᠢᠭᠤᠶ ᠲᠠᠯ᠎ᠠ ᠨᠤᠲᠤᠭ ᠤᠨ | ᠭᠠᠯ ᠢ ᠰᠡᠷᠭᠡᠶᠢᠯᠡᠬᠦ ᠵᠢᠯᠣᠭᠤᠳᠬᠤ ᠪᠠᠢᠭᠤᠯᠤᠮᠵᠢ ᠪᠠᠶᠢᠭᠤᠯᠵᠤ᠂ ᠲᠤᠰ ᠵᠠᠰᠠᠭ ᠵᠠᠬᠢᠷᠭᠠᠨ ᠤ ᠣᠷᠣᠨ ᠤ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ | ᠠᠵᠢᠯ ᠢ ᠵᠣᠬᠢᠶᠠᠨ ᠪᠠᠢᠭᠤᠯᠬᠤ᠂ ᠵᠣᠬᠢᠴᠠᠭᠤᠯᠬᠤ ᠪᠠ ᠵᠢᠯᠣᠭᠤᠳᠬᠤ ᠶᠢ ᠬᠠᠷᠢᠭᠤᠴᠠᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠲᠤᠰ ᠵᠠᠰᠠᠭ ᠵᠠᠬᠢᠷᠭᠠᠨ ᠤ ᠣᠷᠣᠨ ᠤ ᠪᠠᠨ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠳᠤ ᠬᠢᠨᠠᠯᠲᠠ ᠲᠠᠯᠪᠢᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ | ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ | ᠳᠣᠯᠣᠳᠤᠭᠠᠷ ᠵᠤᠷᠪᠤᠰ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠳᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ | ᠵᠠᠬᠢᠷᠭᠠᠨ ᠤ ᠳᠠᠷᠤᠭ᠎ᠠ ᠶᠢᠨ ᠬᠠᠷᠢᠭᠤᠴᠠᠬᠤ ᠳᠦᠷᠢᠮ ᠪᠠ ᠰᠠᠯᠠᠭ᠎ᠠ ᠮᠥᠴᠢᠷ᠂ ᠨᠢᠭᠡᠴᠢ ᠶᠢᠨ ᠭᠤᠤᠯ ᠤᠳᠤᠷᠢᠳᠤᠯᠭ᠎ᠠ ᠶᠢᠨ ᠬᠠᠷᠢᠭᠤᠴᠠᠬᠤ ᠳᠦᠷᠢᠮ ᠢ | ᠬᠡᠷᠡᠭᠵᠢᠭᠦᠯᠦᠨ᠎ᠡ᠃ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠢᠨᠠᠨ ᠰᠢᠯᠭᠠᠬᠤ | ᠲᠤᠭᠲᠠᠯᠴᠠᠭ᠎ᠠ ᠳᠤ ᠤᠷᠤᠭᠤᠯᠤᠨ᠎ᠠ᠃ | ᠨᠠᠢᠮᠠᠳᠤᠭᠠᠷ ᠵᠤᠷᠪᠤᠰ ᠤᠢ ᠰᠢᠭᠤᠶ᠂ ᠤᠢ ᠮᠣᠳᠣ᠂ ᠤᠶᠢᠲᠤ ᠭᠠᠵᠠᠷ ᠪᠠ ᠪᠠᠶᠢᠭᠠᠯᠢᠯᠢᠭ ᠲᠠᠯ᠎ᠠ ᠨᠤᠲᠤᠭ᠂ ᠲᠠᠷᠢᠮᠠᠯ ᠪᠡᠯᠴᠢᠭᠡᠷ ᠤᠨ ᠡᠵᠡᠩᠨᠡᠯᠲᠡ ᠶᠢᠨ | ᠨᠢᠭᠡᠴᠢ ᠪᠠ ᠬᠤᠪᠢ ᠬᠥᠮᠥᠨ ᠡᠵᠡᠩᠨᠡᠯᠲᠡ ᠶᠢᠨ ᠬᠡᠪᠴᠢᠶᠡᠨ ᠳᠣᠲᠣᠷ᠎ᠠ ᠪᠠᠨ ᠤᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢ ᠡᠭᠦᠷᠭᠡᠯᠡᠬᠦ | ᠬᠡᠷᠡᠭᠲᠡᠶ᠃ | ᠶᠢᠰᠦᠳᠦᠭᠡᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠤᠢ ᠰᠢᠭᠤᠢ ᠲᠠᠯ᠎ᠠ ᠨᠤᠲᠤᠭ ᠤᠨ | ᠭᠠᠯ ᠢ ᠰᠡᠷᠭᠡᠶᠢᠯᠡᠬᠦ ᠲᠤᠰᠬᠠᠢ ᠵᠠᠷᠤᠳᠠᠯ ᠢ ᠠᠳᠠᠯᠢ ᠱᠠᠲᠤᠨ ᠤ ᠵᠠᠰᠠᠭ ᠤᠨ ᠲᠥᠰᠦᠪ ᠲᠤ ᠣᠷᠣᠭᠤᠯᠵᠤ᠂ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ | ᠠᠵᠢᠯ ᠢᠶᠠᠨ ᠦᠷᠨᠢᠭᠦᠯᠬᠦ ᠶᠢ ᠪᠠᠲᠤᠯᠠᠬᠤ ᠬᠡᠷᠡᠭᠲᠡᠢ᠃ ᠣᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠲᠤᠰᠬᠠᠢ ᠵᠠᠷᠤᠳᠠᠯ ᠢ ᠭᠤᠣᠯᠳᠠᠭᠤ ᠤᠬᠠᠭᠤᠯᠭ᠎ᠠ | ᠬᠥᠮᠦᠵᠢᠯ᠂ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠢᠭᠤᠯᠤᠯᠲᠠ ᠪᠠ ᠬᠠᠮᠠᠭᠠᠯᠠᠯᠲᠠ᠂ ᠭᠠᠯ ᠤᠨᠲᠠᠷᠠᠭᠠᠬᠤ ᠡᠩᠨᠡᠭᠡᠨ ᠤ ᠪᠣᠯᠪᠠᠰᠤᠷᠠᠯ ᠪᠠ ᠲᠣᠨᠤᠭ ᠲᠥᠬᠦᠭᠡᠷᠦᠮᠵᠢ᠂ | ᠲᠣᠭᠤᠷᠢᠨ ᠪᠠᠢᠴᠠᠭᠠᠬᠤ ᠪᠠ ᠵᠢᠵᠢᠭᠦᠷᠯᠡᠬᠦ᠂ ᠭᠠᠯ ᠤᠨᠲᠠᠷᠠᠭᠠᠬᠤ ᠪᠠ ᠭᠠᠮᠰᠢᠭ ᠤᠨ ᠳᠠᠷᠠᠭᠠᠬᠢ ᠰᠢᠢᠳᠪᠦᠷᠢᠯᠡᠯᠲᠡ ᠳᠤ ᠬᠡᠷᠡᠭᠯᠡᠨ᠎ᠡ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠣᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠢ | ᠤᠷᠢᠳᠴᠢᠯᠠᠨ ᠰᠡᠷᠭᠡᠶᠢᠯᠡᠬᠦ ᠪᠠ ᠤᠨᠲᠠᠷᠠᠭᠠᠬᠤ ᠨᠥᠭᠡᠴᠡ ᠮᠥᠩᠭᠦ ᠲᠤᠬᠢᠷᠠᠭᠤᠯᠬᠤ ᠬᠡᠷᠡᠭᠲᠡᠢ᠃ | ᠠᠷᠪᠠᠳᠤᠭᠠᠷ ᠵᠤᠷᠪᠤᠰ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠤᠢ ᠰᠢᠭᠤᠢ᠂ ᠤᠢ ᠮᠣᠳᠣ᠂ ᠤᠶᠢᠲᠤ ᠭᠠᠵᠠᠷ ᠪᠠ ᠪᠠᠶᠢᠭᠠᠯᠢᠯᠢᠭ | ᠲᠠᠯ᠎ᠠ ᠨᠤᠲᠤᠭ᠂ ᠲᠠᠷᠢᠮᠠᠯ ᠪᠡᠯᠴᠢᠭᠡᠷ ᠤᠨ ᠡᠵᠡᠩᠨᠡᠯᠲᠡ ᠶᠢᠨ ᠨᠢᠭᠡᠴᠢ ᠪᠠ ᠬᠤᠪᠢ ᠬᠥᠮᠥᠨ ᠤ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠤᠨ ᠳᠠᠭᠠᠳᠬᠠᠯ ᠳᠤ | ᠣᠷᠣᠯᠴᠠᠬᠤ ᠶᠢ ᠵᠣᠷᠢᠭᠵᠢᠭᠤᠯᠤᠨ ᠳᠠᠮᠵᠢᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠪᠠ ᠭᠠᠮᠰᠢᠭ ᠤᠨ ᠲᠠᠷᠠᠭ᠎ᠠ ᠥᠪᠡᠷ ᠢ ᠪᠠᠨ ᠠᠪᠤᠷᠠᠨ | ᠲᠤᠰᠠᠯᠠᠬᠤ ᠴᠢᠳᠠᠪᠤᠷᠢ ᠢ ᠨᠢ ᠳᠡᠭᠡᠭᠰᠢᠯᠡᠭᠦᠯᠦᠨ᠎ᠡ᠃ | ᠠᠷᠪᠠᠨ ᠨᠢᠭᠡᠳᠦᠭᠡᠷ ᠵᠤᠷᠪᠤᠰ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠬᠤᠶᠠᠷ ᠠᠴᠠ ᠳᠡᠭᠡᠭᠰᠢᠬᠢ ᠵᠠᠰᠠᠭ ᠵᠠᠬᠢᠷᠭᠠᠨ ᠤ ᠣᠷᠣᠨ | ᠪᠦᠰᠡ ᠳᠤ ᠬᠤᠯᠪᠣᠭᠳᠠᠬᠤ ᠳᠤ ᠬᠦᠷᠪᠡᠯ᠂ ᠬᠠᠮᠢᠶ᠎ᠠ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠣᠢ ᠰᠢᠭᠤᠶ ᠲᠠᠯ᠎ᠠ ᠨᠤᠲᠤᠭ ᠤᠨ | ᠭᠠᠯ ᠢ ᠰᠡᠷᠭᠡᠶᠢᠯᠡᠬᠦ ᠬᠠᠮᠲᠤᠷᠠᠨ ᠰᠡᠷᠭᠡᠶᠢᠯᠡᠬᠦ ᠲᠣᠭᠲᠠᠴᠠ ᠶᠢ ᠪᠠᠶᠢᠭᠤᠯᠵᠤ᠂ ᠬᠠᠮᠲᠤᠷᠠᠨ ᠰᠡᠷᠭᠡᠶᠢᠯᠡᠬᠦ ᠣᠷᠣᠨ ᠪᠦᠰᠡ ᠶᠢ ᠲᠣᠭᠲᠠᠭᠠᠨ᠂ ᠬᠠᠮᠲᠤᠷᠠᠨ ᠰᠡᠷᠭᠡᠶᠢᠯᠡᠬᠦ | ᠵᠣᠬᠢᠶᠠᠨ ᠪᠠᠶᠢᠭᠤᠯᠤᠯᠲᠠ ᠪᠠ ᠬᠠᠮᠲᠤᠷᠠᠨ ᠰᠡᠷᠭᠡᠶᠢᠯᠡᠬᠦ ᠳᠦᠷᠢᠮ ᠢ ᠪᠠᠶᠢᠭᠤᠯᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠬᠡᠷᠡᠭᠲᠡᠶ᠃ | ᠠᠷᠪᠠᠨ ᠬᠤᠶᠠᠳᠤᠭᠠᠷ ᠵᠤᠷᠪᠤᠰ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠤᠨ ᠳᠤᠮᠳᠠ ᠢᠯᠡᠳᠲᠡ ᠠᠮᠵᠢᠯᠲᠠ ᠣᠯᠤᠭᠰᠠᠨ ᠨᠢᠭᠡᠴᠢ | ᠪᠠ ᠬᠤᠪᠢ ᠬᠥᠮᠥᠨ ᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠬᠦ ᠪᠠ ᠱᠠᠩᠨᠠᠯ ᠬᠦᠷᠲᠡᠭᠡᠨ᠎ᠡ | ᠃ | ᠬᠦᠨᠳᠦ ᠶᠡᠭᠡ᠂ ᠣᠨᠴᠠᠭᠠᠢ ᠬᠦᠨᠳᠦ ᠶᠡᠭᠡ ᠣᠢ ᠰᠢᠭᠤᠶ ᠲᠠᠯ᠎ᠠ ᠨᠤᠲᠤᠭ ᠤᠨ ᠲᠦᠢᠮᠡᠷ ᠢ ᠤᠨᠲᠠᠷᠠᠭᠠᠬᠤ ᠶᠠᠪᠤᠴᠠ ᠳᠤ ᠳᠤᠪᠤᠶᠢᠮ᠎ᠠ ᠢᠯᠡᠷᠡᠯ ᠲᠠᠢ ᠨᠢᠭᠡᠴᠢ | ᠪᠠ ᠬᠤᠪᠢ ᠬᠥᠮᠦᠨ ᠢ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠠᠴᠠ ᠲᠡᠷᠡ ᠳᠣᠤᠷ᠎ᠠ ᠨᠢ ᠰᠠᠶᠢᠰᠢᠶᠠᠨ ᠬᠥᠬᠢᠭᠦᠯᠬᠦ ᠪᠠ | ᠱᠠᠩᠨᠠᠵᠤ ᠪᠣᠯᠤᠨ᠎ᠠ᠃ | ᠬᠤᠶᠠᠳᠤᠭᠠᠷ ᠪᠦᠯᠦᠭ ᠤᠢ ᠰᠢᠭᠤᠶ ᠲᠠᠯ᠎ᠠ ᠨᠤᠲᠤᠭ ᠤᠨ ᠭᠠᠯ ᠢ | ᠰᠡᠷᠭᠡᠶᠢᠯᠡᠬᠦ ᠵᠣᠬᠢᠶᠠᠨ ᠪᠠᠢᠭᠤᠯᠤᠯᠲᠠ | ᠠᠷᠪᠠᠨ ᠭᠤᠷᠪᠠᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠲᠠᠯ᠎ᠠ | ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠠᠴᠠ ᠲᠤᠰᠬᠠᠢ ᠲᠤᠰᠢᠶᠠᠯᠲᠤ ᠳᠡᠳ᠋ ᠵᠢᠯᠤᠭᠤᠳᠤᠭᠴᠢ ᠲᠣᠬᠢᠷᠠᠭᠤᠯᠵᠤ᠂ ᠬᠡᠷᠡᠭ ᠡᠷᠬᠢᠯᠡᠬᠦ | ᠪᠠᠶᠢᠭᠤᠯᠤᠮᠵᠢ ᠶᠢ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠠᠶᠢᠭᠤᠯᠵᠤ᠂ | ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠡᠳᠦᠷ ᠲᠣᠲᠤᠮ ᠤᠨ ᠠᠵᠢᠯ ᠢ ᠬᠠᠷᠢᠭᠤᠴᠠᠭᠤᠯᠬᠤ ᠬᠡᠷᠡᠭᠲᠡᠢ᠃ | ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠡᠭᠦᠷᠭᠡ ᠲᠠᠢ ᠰᠤᠮᠤ ᠰᠢᠶᠠᠩ ᠪᠠᠯᠭᠠᠰᠤ ᠪᠣᠯᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠨᠢ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠪᠠᠶᠢᠭᠤᠯᠵᠤ᠂ ᠲᠤᠰᠬᠠᠶ ᠲᠤᠰᠢᠶᠠᠯᠲᠤ ᠪᠤᠶᠤ ᠲᠤᠰᠢᠶᠠᠯ ᠬᠠᠪᠰᠤᠷᠭᠠᠭᠰᠠᠨ | ᠠᠵᠢᠯᠲᠠᠨ ᠲᠣᠬᠢᠷᠠᠭᠤᠯᠵᠤ᠂ ᠲᠤᠰ ᠵᠠᠰᠠᠭ ᠵᠠᠬᠢᠷᠭᠠᠨ ᠤ ᠣᠷᠣᠨ ᠤ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠢ ᠬᠠᠷᠢᠭᠤᠴᠠᠭᠤᠯᠬᠤ ᠬᠡᠷᠡᠭᠲᠡᠶ᠃ | | ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠤᠯᠤᠰ ᠤᠨ ᠥᠮᠴᠢᠯᠡᠯᠳᠤ ᠤᠢ ᠰᠢᠭᠤᠢ ᠶᠢᠨ ᠬᠠᠮᠢᠶᠠᠷᠤᠯᠲᠠ ᠶᠢᠨ ᠲᠣᠪᠴᠢᠶ᠎ᠠ ᠵᠢᠴᠢ ᠲᠡᠭᠦᠨ ᠤ | ᠬᠠᠷᠢᠶ᠎ᠠ ᠤᠯᠤᠰ ᠤᠨ ᠥᠮᠴᠢᠯᠡᠯᠳᠤ ᠤᠢ ᠰᠢᠭᠤᠢ ᠶᠢᠨ ᠲᠣᠪᠴᠢᠶ᠎ᠠ ᠶᠢᠨ ᠤᠢ ᠰᠢᠭᠤᠢ ᠶᠢᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠨᠢ ᠡᠵᠡᠩᠨᠡᠯᠲᠡ | ᠬᠠᠮᠢᠶᠠᠷᠤᠯᠲᠠ ᠶᠢᠨ ᠢᠶᠠᠨ ᠬᠡᠪᠴᠢᠶᠡᠨ ᠳᠠᠬᠢ ᠭᠠᠯ ᠢ ᠰᠡᠷᠭᠡᠶᠢᠯᠡᠬᠦ ᠠᠵᠢᠯ ᠢ ᠬᠠᠷᠢᠭᠤᠴᠠᠨ᠎ᠠ᠃ | ᠠᠷᠪᠠᠨ ᠳᠥᠷᠪᠡᠳᠦᠭᠡᠷ ᠵᠤᠷᠪᠤᠰ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ | ᠵᠢᠯᠣᠭᠤᠳᠬᠤ ᠪᠠᠶᠢᠭᠤᠯᠤᠮᠵᠢ ᠨᠢ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄ | ︵ᠨᠢᠭᠡ︶ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠬᠠᠤᠯᠢ ᠴᠠᠭᠠᠵᠠ᠂ ᠬᠠᠤᠯᠢ | ᠲᠣᠭᠲᠠᠭᠠᠯ᠂ ᠳᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠢ︔ | ︵ᠬᠤᠶᠠᠷ︶ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠲᠥᠯᠥᠪᠵᠢᠭᠦᠯᠭᠡ ᠶᠢ ᠨᠠᠶᠢᠳᠠᠪᠤᠷᠢᠵᠢᠭᠤᠯᠵᠤ᠂ ᠠᠵᠢᠯ ᠤᠨ ᠲᠥᠯᠥᠪᠯᠡᠭᠡ ᠪᠠ ᠠᠷᠭ᠎ᠠ | ᠬᠡᠮᠵᠢᠶ᠎ᠡ ᠲᠣᠭᠲᠠᠭᠠᠨ᠂ ᠭᠠᠯ ᠲᠦᠢᠮᠡᠷ ᠢ ᠣᠷᠢᠳᠴᠢᠯᠠᠨ ᠰᠡᠷᠭᠡᠶᠢᠯᠡᠬᠦ᠂ ᠤᠨᠲᠠᠷᠠᠭᠠᠨ ᠠᠪᠤᠷᠠᠬᠤ ᠵᠢᠴᠢ ᠲᠡᠭᠦᠨ ᠤ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠦᠨ᠎ᠡ︔ | | ︵ᠭᠤᠷᠪᠠ︶ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠬᠠᠮᠢᠶ᠎ᠠ ᠪᠦᠬᠦᠢ | ᠭᠠᠵᠠᠷ ᠣᠷᠣᠨ᠂ ᠰᠠᠯᠠᠭ᠎ᠠ ᠮᠥᠴᠢᠷ ᠪᠠ ᠨᠢᠭᠡᠴᠢ ᠶᠢ ᠰᠢᠮᠳᠠᠭᠤᠯᠵᠤ ᠪᠠᠢᠭᠠᠳ ᠭᠠᠯ ᠰᠡᠷᠭᠡᠶᠢᠯᠡᠬᠦ ᠪᠡᠯᠡᠳᠬᠡᠮᠵᠢ᠂ ᠲᠦᠬᠦᠭᠡᠷᠦᠮᠵᠢ ᠵᠢᠴᠢ ᠭᠠᠯ ᠤᠨᠲᠠᠷᠠᠭᠠᠬᠤ ᠡᠳ᠋ | ᠪᠣᠳᠠᠰ ᠤᠨ ᠬᠠᠮᠢᠶᠠᠷᠤᠯᠲᠠ ᠪᠣᠯᠤᠨ ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ︔ | ︵ᠳᠥᠷᠪᠡ︶ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠤᠬᠠᠭᠤᠯᠭ᠎ᠠ ᠬᠥᠮᠦᠵᠢᠯ᠂ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ | ᠰᠢᠨᠵᠢᠯᠡᠬᠦ ᠤᠬᠠᠭᠠᠨ ᠤ ᠰᠤᠳᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠡᠷᠢᠭᠦᠨ ᠤ ᠮᠡᠷᠭᠡᠵᠢᠯ ᠪᠣᠯᠤᠨ ᠲᠦᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠵᠦ᠂ ᠤᠢ | ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠲᠤᠰᠬᠠᠢ ᠮᠡᠷᠭᠡᠵᠢᠯ ᠤᠨ ᠠᠵᠢᠯᠲᠠᠨ ᠢ ᠪᠣᠯᠪᠠᠰᠤᠷᠠᠭᠤᠯᠤᠨ᠎ᠠ︔ | ︵ᠲᠠᠪᠤ︶ ᠲᠤᠰ ᠱᠠᠲᠤᠨ ᠤ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠤᠨ ᠪᠠᠴᠢᠮ ᠪᠠᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠴᠠᠭ ᠲᠤᠬᠠᠢ | ᠳᠤᠨᠢ ᠡᠬᠢᠯᠡᠭᠦᠯᠵᠦ᠂ ᠭᠠᠯ ᠤᠨᠲᠠᠷᠠᠭᠠᠬᠤ ᠲᠥᠰᠦᠯ ᠲᠣᠭᠲᠠᠭᠠᠨ᠂ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠢ ᠤᠨᠲᠠᠷᠠᠭᠠᠬᠤ ᠶᠢ ᠨᠢᠭᠡᠳᠦᠯᠲᠡᠢ ᠵᠣᠬᠢᠶᠠᠨ | ᠪᠠᠶᠢᠭᠤᠯᠬᠤ ᠪᠠ ᠵᠢᠯᠣᠭᠤᠳᠤᠨ᠎ᠠ︔ | ︵ᠵᠢᠷᠭᠤᠭ᠎ᠠ︶ ᠭᠠᠯ ᠤᠨ ᠪᠠᠶᠢᠳᠠᠯ ᠢ ᠬᠢᠨᠠᠨ ᠬᠡᠮᠵᠢᠬᠦ᠂ ᠭᠠᠯ ᠤᠨ ᠠᠶᠤᠯ ᠢ ᠵᠢᠱᠢᠬᠦ᠂ ᠤᠷᠢᠳᠴᠢᠯᠠᠨ ᠮᠡᠳᠡᠭᠡᠯᠡᠬᠦ ᠪᠠ ᠭᠠᠯ ᠲᠦᠢᠮᠡᠷ ᠢ ᠲᠣᠬᠢᠷᠠᠭᠤᠯᠬᠤ᠂ | ᠪᠦᠷᠢᠳᠬᠡᠬᠦ᠂ ᠳᠠᠩᠰᠠ ᠡᠪᠬᠡᠮᠡᠯ ᠪᠠᠶᠢᠭᠤᠯᠬᠤ ᠠᠵᠢᠯ ᠢ ᠬᠠᠷᠢᠭᠤᠴᠠᠵᠤ᠂ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠤᠨ ᠪᠠᠶᠢᠳᠠᠯ ᠤᠨ ᠮᠡᠳᠡᠭᠡ ᠵᠠᠩᠭᠢ ᠵᠢᠴᠢ | ᠬᠠᠮᠢᠶ᠎ᠠ ᠪᠦᠬᠦᠢ ᠵᠦᠢᠯ ᠢ ᠴᠠᠭ ᠲᠤᠬᠠᠢ ᠳᠤᠨᠢ ᠱᠠᠲᠤ ᠳᠠᠷᠠᠭᠠᠯᠠᠨ ᠳᠡᠭᠡᠭᠰᠢ ᠮᠡᠳᠡᠭᠦᠯᠬᠦ ᠪᠠ ᠳᠣᠷᠣᠭᠰᠢ ᠤᠯᠠᠮᠵᠢᠯᠠᠬᠤ ᠬᠡᠷᠡᠭᠲᠡᠢ︔ ︵ᠲᠤᠯᠤᠭ᠎ᠠ︶ ᠭᠠᠵᠠᠷ | ᠣᠷᠣᠨ ᠤ ᠬᠤᠭᠤᠷᠣᠨᠳᠣᠬᠢ᠂ ᠰᠠᠯᠠᠭ᠎ᠠ ᠮᠥᠴᠢᠷ ᠤᠨ ᠬᠤᠭᠤᠷᠣᠨᠳᠣᠬᠢ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠬᠠᠮᠢᠶ᠎ᠠ ᠪᠦᠬᠦᠢ ᠬᠦᠨᠳᠦ ᠶᠡᠭᠡ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ᠥᠪᠥᠷ ᠮᠣᠩᠭᠤᠯ ᠤᠨ ᠶᠡᠭᠡ ᠬᠢᠩᠭᠠᠨ ᠳᠠᠪᠠᠭᠠᠨ ᠤ ᠤᠯᠤᠰ ᠤᠨ ᠦᠮᠴᠢᠯᠡᠯᠲᠦ ᠣᠢ ᠰᠢᠭᠤᠶ ᠶᠢᠨ ᠬᠠᠮᠢᠶᠠᠷᠤᠯᠲᠠ ᠶᠢᠨ ᠲᠣᠪᠴᠢᠶ᠎ᠠ ᠵᠢᠴᠢ ᠲᠡᠭᠦᠨ ᠤ | ᠬᠠᠷᠢᠶ᠎ᠠ ᠤᠯᠤᠰ ᠤᠨ ᠦᠮᠴᠢᠯᠡᠯᠲᠦ ᠣᠢ ᠰᠢᠭᠤᠶ ᠶᠢᠨ ᠲᠣᠪᠴᠢᠶ᠎ᠠ ᠶᠢᠨ ᠣᠢ ᠰᠢᠭᠤᠶ ᠶᠢᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠨᠢ ᠡᠮᠦᠨᠡᠬᠢ | ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ | ᠵᠢᠯᠣᠭᠤᠳᠬᠤ ᠪᠠᠶᠢᠭᠤᠯᠤᠮᠵᠢ ᠨᠢ ᠵᠡᠪᠰᠡᠭᠲᠦ ᠴᠠᠭᠳᠠᠭ᠎ᠠ ᠶᠢᠨ ᠤᠢ ᠰᠢᠭᠤᠢ ᠶᠢᠨ ᠴᠡᠷᠢᠭ ᠠᠩᠭᠢ ᠪᠠ ᠠᠭᠠᠷ ᠤᠨ ᠤᠢ ᠰᠢᠭᠤᠢ ᠶᠢ ᠬᠠᠮᠠᠭᠠᠯᠠᠬᠤ ᠥᠷᠲᠡᠭᠡ ᠶᠢ | ᠵᠢᠯᠣᠭᠤᠳᠤᠨ ᠳᠠᠶᠢᠴᠢᠯᠠᠵᠤ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠥᠷᠨᠢᠭᠦᠯᠵᠦ ᠪᠣᠯᠤᠨ᠎ᠠ᠃ | ᠠᠷᠪᠠᠨ ᠲᠠᠪᠤᠳᠤᠭᠠᠷ ᠵᠤᠷᠪᠤᠰ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠣᠷᠣᠨ ᠤ ᠣᠢ ᠰᠢᠭᠤᠶ ᠶᠢᠨ ᠲᠠᠯᠠᠪᠠᠢ᠂ ᠲᠠᠷᠢᠶᠠᠯᠠᠩ ᠤᠨ | ᠲᠠᠯᠠᠪᠠᠢ᠂ ᠮᠠᠯᠵᠢᠯ ᠤᠨ ᠲᠠᠯᠠᠪᠠᠢ᠂ ᠲᠡᠮᠦᠷ ᠵᠠᠮ ᠵᠢᠴᠢ ᠪᠤᠰᠤᠳ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠴᠡᠷᠢᠭ ᠠᠩᠭᠢ᠂ ᠭᠠᠴᠠᠭ᠎ᠠ ᠲᠣᠰᠬᠤᠨ ᠵᠡᠷᠭᠡ | ᠳᠤ ᠵᠤᠬᠢᠴᠠᠭᠰᠠᠨ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠣᠬᠢᠶᠠᠨ ᠪᠠᠶᠢᠭᠤᠯᠤᠯᠲᠠ ᠪᠠᠶᠢᠭᠤᠯᠵᠤ᠂ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢᠨ | ᠣᠷᠣᠨ ᠤ ᠳᠣᠲᠣᠷᠠᠬᠢ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠢ ᠬᠠᠷᠢᠭᠤᠴᠠᠬᠤ ᠬᠡᠷᠡᠭᠲᠡᠶ᠃ | ᠠᠷᠪᠠᠨ ᠵᠢᠷᠭᠤᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠤᠢ ᠰᠢᠭᠤᠢ ᠲᠠᠯ᠎ᠠ ᠨᠤᠲᠤᠭ ᠤᠨ ᠭᠠᠯ | ᠤᠨᠲᠠᠷᠠᠭᠠᠬᠤ ᠲᠤᠰᠬᠠᠢ ᠮᠡᠷᠭᠡᠵᠢᠯ ᠤᠨ ᠡᠩᠨᠡᠭᠡ ᠪᠠᠶᠢᠭᠤᠯᠬᠤ ᠬᠡᠷᠡᠭᠲᠡᠢ᠃ | ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠡᠭᠦᠷᠭᠡ ᠲᠠᠢ ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠢ | ᠰᠢᠭᠤᠢ ᠲᠠᠯ᠎ᠠ ᠨᠤᠲᠤᠭ ᠤᠨ ᠭᠠᠯ ᠤᠨᠲᠠᠷᠠᠭᠠᠬᠤ ᠬᠠᠭᠠᠰ ᠲᠤᠰᠬᠠᠢ ᠮᠡᠷᠭᠡᠵᠢᠯ ᠤᠨ ᠡᠩᠨᠡᠭᠡ ᠪᠤᠶᠤ ᠤᠯᠠᠨ ᠲᠦᠮᠡᠨ ᠤ ᠭᠠᠯ ᠤᠨᠲᠠᠷᠠᠭᠠᠬᠤ ᠡᠩᠨᠡᠭᠡ ᠶᠢ ᠵᠣᠬᠢᠶᠠᠨ | ᠪᠠᠶᠢᠭᠤᠯᠬᠤ ᠬᠡᠷᠡᠭᠲᠡᠢ᠃ ᠭᠠᠴᠠᠭ᠎ᠠ ᠲᠣᠰᠬᠤᠨ ᠬᠡᠷᠡᠭᠴᠡᠭᠡ ᠪᠠᠨ ᠦᠨᠳᠦᠰᠦᠯᠡᠨ ᠣᠯᠠᠨ ᠲᠦᠮᠡᠨ ᠤ ᠭᠠᠯ ᠤᠨᠲᠠᠷᠠᠭᠠᠬᠤ ᠡᠩᠨᠡᠭᠡ ᠶᠢ ᠵᠣᠬᠢᠶᠠᠨ ᠪᠠᠶᠢᠭᠤᠯᠵᠤ | ᠪᠣᠯᠤᠨ᠎ᠠ᠃ | ᠤᠯᠤᠰ ᠤᠨ ᠦᠮᠴᠢᠯᠡᠯᠲᠦ ᠣᠢ ᠰᠢᠭᠤᠶ ᠶᠢᠨ ᠲᠣᠪᠴᠢᠶ᠎ᠠ ᠪᠠ ᠣᠢ ᠰᠢᠭᠤᠶ ᠶᠢᠨ ᠲᠠᠯᠠᠪᠠᠢ᠂ ᠲᠠᠷᠢᠶᠠᠯᠠᠩ ᠤᠨ ᠲᠠᠯᠠᠪᠠᠢ᠂ ᠮᠠᠯᠵᠢᠯ ᠤᠨ ᠲᠠᠯᠠᠪᠠᠢ᠂ ᠪᠠᠶᠢᠭᠠᠯᠢ | ᠶᠢᠨ ᠬᠠᠮᠠᠭᠠᠯᠠᠯᠲᠠ ᠶᠢᠨ ᠣᠷᠣᠨ᠂ ᠣᠢ ᠰᠢᠭᠤᠶ ᠶᠢᠨ ᠴᠡᠴᠡᠷᠯᠢᠭ᠂ ᠵᠢᠭᠤᠯᠴᠢᠯᠠᠯ ᠤᠨ ᠣᠷᠣᠨ᠂ ᠠᠯᠳᠠᠷᠲᠤ ᠦᠵᠡᠮᠵᠢ ᠶᠢᠨ ᠣᠷᠣᠨ᠂ ᠦᠶᠯᠡᠳᠪᠦᠷᠢ ᠠᠭᠤᠷᠬᠠᠶ ᠶᠢᠨ | ᠠᠵᠤ ᠠᠬᠤᠢᠯᠠᠯ᠂ ᠬᠡᠭᠡᠷ᠎ᠡ ᠭᠠᠳᠠᠨᠠᠬᠢ ᠪᠠᠷᠢᠯᠭ᠎ᠠ ᠶᠢᠨ ᠠᠵᠤ ᠠᠬᠤᠶᠢᠯᠠᠯ ᠵᠡᠷᠭᠡ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠭᠤᠤᠯᠳᠠᠯᠭ᠎ᠠ ᠲᠠᠢ | ᠨᠢᠭᠡᠴᠢ ᠠᠴᠠ ᠣᠢ ᠰᠢᠭᠤᠶ ᠲᠠᠯ᠎ᠠ ᠨᠤᠲᠤᠭ ᠤᠨ ᠭᠠᠯ ᠤᠨᠲᠠᠷᠠᠭᠠᠬᠤ ᠲᠤᠰᠬᠠᠶ ᠮᠡᠷᠭᠡᠵᠢᠯ᠂ ᠬᠠᠭᠠᠰ ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠬᠤ | ᠬᠡᠷᠡᠭᠲᠡᠶ᠃ | ᠤᠢ ᠰᠢᠭᠤᠢ ᠲᠠᠯ᠎ᠠ ᠨᠤᠲᠤᠭ ᠤᠨ ᠭᠠᠯ ᠤᠨᠲᠠᠷᠠᠭᠠᠬᠤ ᠡᠩᠨᠡᠭᠡᠨ ᠤ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃ | ᠠᠷᠪᠠᠨ ᠳᠣᠯᠣᠳᠤᠭᠠᠷ ᠵᠤᠷᠪᠤᠰ ᠤᠢ ᠰᠢᠭᠤᠢ ᠲᠠᠯ᠎ᠠ ᠨᠤᠲᠤᠭ ᠤᠨ ᠭᠠᠯ ᠤᠨᠲᠠᠷᠠᠭᠠᠬᠤ ᠲᠤᠰᠬᠠᠢ ᠮᠡᠷᠭᠡᠵᠢᠯ᠂ ᠬᠠᠭᠠᠰ ᠲᠤᠰᠬᠠᠢ ᠮᠡᠷᠭᠡᠵᠢᠯ ᠤᠨ ᠡᠩᠨᠡᠭᠡ | ᠪᠠ ᠤᠯᠠᠨ ᠲᠦᠮᠡᠨ ᠤ ᠭᠠᠯ ᠤᠨᠲᠠᠷᠠᠭᠠᠬᠤ ᠡᠩᠨᠡᠭᠡ ᠳᠤ ᠭᠠᠯ ᠤᠨᠲᠠᠷᠠᠭᠠᠬᠤ ᠪᠠᠭᠠᠵᠢ ᠬᠡᠷᠡᠭᠰᠡᠯ ᠪᠠ ᠲᠣᠨᠤᠭ ᠲᠥᠬᠦᠭᠡᠷᠦᠮᠵᠢ ᠲᠣᠬᠢᠷᠠᠭᠤᠯᠬᠤ ᠶᠢᠨ ᠬᠠᠮᠲᠤ ᠭᠠᠯ | ᠰᠡᠷᠭᠡᠶᠢᠯᠡᠬᠦ ᠭᠠᠯ ᠤᠨᠲᠠᠷᠠᠭᠠᠬᠤ ᠪᠣᠯᠪᠠᠰᠤᠷᠠᠭᠤᠯᠤᠯ ᠪᠠ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠬᠦ ᠬᠡᠷᠡᠭᠲᠡᠢ᠃ ᠡᠯ᠎ᠡ ᠱᠠᠲᠤᠨ ᠤ ᠡᠯ᠎ᠡ ᠲᠥᠷᠥᠯ ᠤᠨ | ᠤᠢ ᠰᠢᠭᠤᠢ ᠲᠠᠯ᠎ᠠ ᠨᠤᠲᠤᠭ ᠤᠨ ᠭᠠᠯ ᠤᠨᠲᠠᠷᠠᠭᠠᠬᠤ ᠡᠩᠨᠡᠭᠡ ᠨᠢ ᠲᠤᠬᠠᠢ ᠶᠢᠨ ᠭᠠᠵᠠᠷ ᠤᠨ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ | ᠪᠠᠶᠢᠭᠤᠯᠤᠮᠵᠢ ᠶᠢᠨ ᠵᠢᠯᠣᠭᠤᠳᠤᠯᠭ᠎ᠠ᠂ ᠰᠢᠯᠵᠢᠭᠦᠯᠦᠯᠲᠡ ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠬᠦᠯᠢᠶᠡᠬᠦ ᠬᠡᠷᠡᠭᠲᠡᠢ᠃ | ᠠᠷᠪᠠᠨ ᠨᠠᠢᠮᠠᠳᠤᠭᠠᠷ ᠵᠤᠷᠪᠤᠰ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠲᠣᠭᠤᠷᠢᠨ ᠬᠠᠮᠠᠭᠠᠯᠠᠭᠴᠢᠳ ᠲᠤ ᠬᠤᠰᠢᠭᠤ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠠᠴᠠ ᠭᠠᠯ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠦᠨᠡᠮᠯᠡᠯ ᠬᠢᠨᠠᠨ ᠤᠯᠭᠤᠵᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ | ᠬᠠᠮᠢᠶᠠᠷᠤᠨ᠂ ᠭᠠᠯ ᠤᠨ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠭᠠᠯ ᠢ ᠰᠡᠷᠭᠡᠶᠢᠯᠡᠬᠦ ᠮᠡᠳᠡᠯᠭᠡ ᠶᠢ ᠤᠬᠠᠭᠤᠯᠤᠨ᠂ ᠬᠠᠮᠢᠶ᠎ᠠ ᠪᠦᠬᠦᠢ ᠰᠠᠯᠠᠭ᠎ᠠ ᠮᠥᠴᠢᠷ ᠢ | ᠬᠠᠮᠵᠢᠨ ᠣᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠤᠨ ᠬᠡᠷᠡᠭ ᠢ ᠪᠠᠶᠢᠴᠠᠭᠠᠬᠤ ᠬᠡᠷᠡᠭᠲᠡᠶ᠃ | ᠭᠤᠷᠪᠠᠳᠤᠭᠠᠷ ᠪᠦᠯᠦᠭ ᠤᠢ ᠰᠢᠭᠤᠢ ᠲᠠᠯ᠎ᠠ ᠨᠤᠲᠤᠭ ᠤᠨ ᠭᠠᠯ | ᠲᠦᠢᠮᠡᠷ ᠤᠨ ᠤᠷᠢᠳᠴᠢᠯᠠᠨ ᠰᠡᠷᠭᠡᠶᠢᠯᠡᠯᠲᠡ | ᠠᠷᠪᠠ ᠶᠢᠰᠦᠳᠦᠭᠡᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠤᠢ ᠰᠢᠭᠤᠢ ᠲᠠᠯ᠎ᠠ | ᠨᠤᠲᠤᠭ ᠤᠨ ᠭᠠᠯ ᠢ ᠰᠡᠷᠭᠡᠶᠢᠯᠡᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠠᠭᠠᠨ ᠮᠡᠳᠡᠭᠦᠯᠵᠦ | ᠵᠥᠪᠰᠢᠶᠡᠷᠡᠭᠦᠯᠦᠭᠰᠡᠨ ᠤ ᠲᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ | ᠬᠤᠷᠢᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠬᠤᠰᠢᠭᠤ ᠰᠢᠶᠠᠨ ︵ᠬᠤᠳᠠ᠂ ᠲᠣᠭᠤᠷᠢᠭ︶ ᠢᠶᠠᠷ ᠨᠢᠭᠡᠴᠢ ᠪᠣᠯᠭᠠᠨ ᠤᠢ ᠰᠢᠭᠤᠢ᠂ ᠲᠠᠯ᠎ᠠ ᠨᠤᠲᠤᠭ ᠤᠨ ᠭᠠᠯ ᠤᠨ ᠠᠶᠤᠯ ᠤᠨ ᠣᠷᠣᠨ | ᠬᠤᠪᠢᠶᠠᠷᠢᠯᠠᠯ ᠲᠠᠰ ᠢ ᠲᠣᠭᠲᠠᠭᠠᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ | ᠵᠠᠬᠢᠷᠭᠠᠨ ᠤ ᠣᠷᠣᠨ ᠤ ᠬᠡᠪᠴᠢᠶᠡᠨ ᠳᠠᠬᠢ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠣᠷᠣᠨ ᠢ ᠬᠤᠪᠢᠶᠠᠷᠢᠯᠠᠨ ᠲᠤᠭᠲᠠᠭᠠᠬᠤ ᠬᠡᠷᠡᠭᠲᠡᠢ᠃ | ᠥᠪᠥᠷ ᠮᠣᠩᠭᠤᠯ ᠤᠨ ᠶᠡᠭᠡ ᠬᠢᠩᠭᠠᠨ ᠳᠠᠪᠠᠭᠠᠨ ᠤ ᠤᠯᠤᠰ ᠤᠨ ᠦᠮᠴᠢᠯᠡᠯᠲᠦ ᠤᠢ ᠰᠢᠭᠤᠢ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠡᠵᠡᠩᠨᠡᠯᠲᠡ | ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠪᠠᠨ ᠭᠠᠯ ᠢ ᠰᠡᠷᠭᠡᠶᠢᠯᠡᠬᠦ ᠣᠷᠣᠨ ᠢ ᠬᠤᠪᠢᠶᠠᠷᠢᠯᠠᠨ ᠲᠣᠭᠲᠠᠭᠠᠬᠤ ᠬᠡᠷᠡᠭᠲᠡᠢ᠃ | ᠤᠢ ᠰᠢᠭᠤᠢ ᠲᠠᠯ᠎ᠠ ᠨᠤᠲᠤᠭ ᠤᠨ ᠭᠠᠯ ᠤᠨ ᠠᠶᠤᠯ ᠤᠨ ᠣᠷᠣᠨ ᠬᠤᠪᠢᠶᠠᠷᠢᠯᠠᠯ ᠲᠠᠰ ᠪᠣᠯᠤᠨ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ | ᠣᠷᠣᠨ ᠢ ᠨᠡᠶᠢᠭᠡᠮ ᠳᠤ ᠨᠡᠶᠢᠲᠡᠯᠡᠬᠦ ᠬᠡᠷᠡᠭᠲᠡᠢ᠃ | ᠬᠤᠷᠢᠨ ᠨᠢᠭᠡᠳᠦᠭᠡᠷ ᠵᠤᠷᠪᠤᠰ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠨᠢᠭᠡᠴᠢ ᠶᠢ ᠵᠣᠬᠢᠶᠠᠨ | ᠪᠠᠶᠢᠭᠤᠯᠤᠨ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠲᠥᠯᠥᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ᠂ ᠳᠣᠣᠷᠠᠬᠢ ᠤᠢ ᠰᠢᠭᠤᠢ ᠲᠠᠯ᠎ᠠ ᠨᠤᠲᠤᠭ ᠤᠨ | ᠭᠠᠯ ᠢ ᠰᠡᠷᠭᠡᠶᠢᠯᠡᠬᠦ ᠰᠠᠭᠤᠷᠢ ᠪᠦᠲᠦᠭᠡᠨ ᠪᠠᠶᠢᠭᠤᠯᠤᠯᠲᠠ ᠶᠢ ᠬᠢᠬᠦ ᠬᠡᠷᠡᠭᠲᠡᠢ᠄ | ︵ᠨᠢᠭᠡ︶ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠣᠷᠣᠨ ᠤ ᠤᠯᠤᠰ ᠤᠨ ᠬᠢᠯᠢ ᠶᠢᠨ ᠳᠣᠲᠣᠷ᠎ᠠ ᠲᠠᠯ᠎ᠠ ᠵᠢᠴᠢ ᠤᠢ ᠰᠢᠭᠤᠢ ᠮᠠᠯᠵᠢᠬᠤ | ᠣᠷᠣᠨ ᠤ ᠲᠥᠪᠯᠡᠷᠡᠭᠰᠡᠨ ᠰᠠᠭᠤᠭᠠᠯᠢ ᠠᠷᠠᠳ ᠤᠨ ᠴᠡᠭ᠂ ᠠᠵᠤ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ᠂ ᠰᠠᠩ ᠬᠥᠮᠥᠷᠭᠡ᠂ ᠰᠤᠷᠭᠠᠭᠤᠯᠢ᠂ ᠴᠡᠷᠢᠭ | ᠠᠩᠭᠢ ᠶᠢᠨ ᠬᠤᠸᠠᠷᠠᠨ᠂ ᠴᠢᠬᠤᠯᠠ ᠪᠡᠯᠡᠳᠬᠡᠮᠵᠢ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠯᠳᠠᠷᠲᠤ ᠬᠠᠭᠤᠴᠢᠳ ᠪᠣᠯᠤᠨ ᠬᠤᠪᠢᠰᠬᠠᠯ ᠤᠨ ᠳᠤᠷᠠᠰᠬᠠᠯᠲᠤ | ᠭᠠᠵᠠᠷ ᠤᠨ ᠤᠶᠢᠷ᠎ᠠ ᠬᠠᠪᠢ ᠳᠤ ᠭᠠᠯ ᠢ ᠰᠡᠷᠭᠡᠶᠢᠯᠡᠬᠦ ᠲᠤᠰᠠᠭᠠᠷᠯᠠᠬᠤ ᠪᠦᠰᠡ ᠪᠠᠶᠢᠷᠢᠯᠠᠭᠤᠯᠬᠤ ᠪᠤᠶᠤ ᠭᠠᠯ ᠢ ᠰᠡᠷᠭᠡᠶᠢᠯᠡᠬᠦ ᠣᠢ ᠶᠢᠨ ᠪᠦᠰᠡ ᠪᠠᠶᠢᠭᠤᠯᠤᠨ᠎ᠠ︔ | ︵ᠬᠤᠶᠠᠷ︶ ᠭᠠᠯ ᠢ ᠰᠡᠷᠭᠡᠶᠢᠯᠡᠬᠦ ᠵᠠᠮ ᠲᠡᠭᠡᠭᠡᠪᠦᠷᠢ ᠶᠢᠨ ᠪᠠᠭᠠᠵᠢ᠂ ᠭᠠᠯ ᠤᠨᠲᠠᠷᠠᠭᠠᠬᠤ ᠲᠣᠨᠣᠭᠯᠠᠯ ᠪᠠᠭᠠᠵᠢ ᠬᠡᠷᠡᠭᠰᠡᠯ᠂ ᠪᠠᠷᠠᠯᠠᠬᠤ ᠪᠠ ᠮᠡᠳᠡᠭᠡ ᠬᠤᠯᠪᠣᠭᠠᠨ | ᠤ ᠪᠡᠯᠡᠳᠭᠡᠮᠵᠢ ᠲᠥᠬᠦᠭᠡᠷᠦᠮᠵᠢ ᠵᠡᠷᠭᠡ ᠶᠢ ᠲᠤᠬᠢᠷᠠᠭᠤᠯᠤᠨ᠎ᠠ︔ | ︵ᠭᠤᠷᠪᠠ︶ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠣᠷᠣᠨ ᠳᠤ ᠭᠠᠯ ᠢ ᠰᠡᠷᠭᠡᠶᠢᠯᠡᠬᠦ ᠪᠠᠷᠠᠯᠠᠬᠤ ᠴᠠᠮᠬᠠᠭ ᠪᠠᠶᠢᠭᠤᠯᠤᠨ᠎ᠠ︔ | ︵ᠳᠥᠷᠪᠡ︶ ᠭᠠᠯ ᠢ ᠰᠡᠷᠭᠡᠶᠢᠯᠡᠬᠦ ᠭᠤᠣᠯᠳᠠᠯᠭ᠎ᠠ ᠲᠠᠢ ᠭᠠᠵᠠᠷ ᠣᠷᠣᠨ ᠳᠤ ᠭᠠᠯ ᠢ ᠰᠡᠷᠭᠡᠶᠢᠯᠡᠬᠦ ᠮᠠᠰᠢᠨ ᠮᠧᠬᠠᠨᠢᠭ ᠤᠨ ᠥᠷᠲᠡᠭᠡ ᠪᠠᠶᠢᠭᠤᠯᠵᠤ᠂ ᠭᠠᠯ ᠢ | ᠰᠡᠷᠭᠡᠶᠢᠯᠡᠬᠦ ᠵᠠᠮ ᠵᠠᠰᠠᠵᠤ᠂ ᠭᠠᠯ ᠢ ᠰᠡᠷᠭᠡᠶᠢᠯᠡᠬᠦ ᠡᠳ᠋ ᠪᠣᠳᠠᠰ ᠤᠨ ᠬᠠᠳᠠᠭᠠᠯᠠᠮᠵᠢ ᠶᠢᠨ ᠬᠥᠮᠥᠷᠭᠡ ᠪᠠᠶᠢᠭᠤᠯᠵᠤ᠂ ᠴᠢᠬᠤᠯᠠ ᠪᠦᠬᠦᠢ ᠭᠠᠯ ᠢ ᠰᠡᠷᠭᠡᠶᠢᠯᠡᠬᠦ ᠡᠳ᠋ ᠪᠣᠳᠠᠰ | ᠢ ᠨᠦᠬᠡᠴᠡᠯᠡᠨ᠎ᠡ︔ ︵ᠲᠠᠪᠤ︶ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠭᠤᠣᠯᠳᠠᠯᠭ᠎ᠠ ᠲᠠᠢ ᠣᠷᠣᠨ ᠳᠤ᠂ ᠭᠠᠯ ᠤᠨ ᠠᠶᠤᠯ ᠢ ᠬᠢᠨᠠᠨ | ᠬᠡᠮᠵᠢᠵᠦ ᠰᠡᠷᠡᠮᠵᠢᠯᠡᠭᠦᠯᠬᠦ ᠰᠢᠰᠲ᠋ᠧᠮ ᠪᠠ ᠤᠷᠢᠳᠴᠢᠯᠠᠨ ᠮᠡᠳᠡᠭᠡᠯᠡᠬᠦ ᠥᠷᠲᠡᠭᠡ ᠴᠡᠭ ᠪᠠᠶᠢᠭᠤᠯᠤᠨ᠎ᠠ︔ | ︵ᠵᠢᠷᠭᠤᠭ᠎ᠠ︶ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠮᠡᠳᠡᠭᠡ ᠵᠠᠩᠭᠢ ᠶᠢᠨ ᠰᠦᠯᠵᠢᠶ᠎ᠡ ᠪᠠ ᠵᠢᠯᠣᠭᠤᠳᠬᠤ ᠰᠢᠰᠲ᠋ᠧᠮ ᠢ ᠪᠠᠶᠢᠭᠤᠯᠤᠨ᠎ᠠ︔ | | ︵ᠲᠤᠯᠤᠭ᠎ᠠ︶ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠲᠦᠭᠰᠢᠭᠦᠷᠢ ᠮᠡᠳᠡᠭᠦᠯᠬᠦ ᠳ᠋ᠢᠶᠠᠩᠬᠤᠸᠠ 12119 ᠶᠢ ᠨᠡᠪᠲᠡᠷᠡᠭᠦᠯᠦᠨ᠎ᠡ ᠃ | ᠬᠤᠷᠢᠨ ᠬᠤᠶᠠᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠢ ᠰᠢᠭᠤᠶ ᠲᠠᠯ᠎ᠠ ᠨᠤᠲᠤᠭ | ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠨᠢ ᠣᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠦᠯ ᠢ ᠨᠠᠶᠢᠷᠠᠭᠤᠯᠤᠨ ᠵᠣᠬᠢᠶᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠳᠡᠭᠡᠷ᠎ᠡ ᠨᠢᠭᠡ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | ᠤᠯᠤᠰ ᠤᠨ ᠦᠮᠴᠢᠯᠡᠯᠲᠦ ᠣᠢ ᠰᠢᠭᠤᠶ ᠶᠢᠨ ᠲᠣᠪᠴᠢᠶ᠎ᠠ ᠪᠠ ᠣᠢ ᠰᠢᠭᠤᠶ ᠶᠢᠨ ᠲᠠᠯᠠᠪᠠᠢ᠂ ᠲᠠᠷᠢᠶᠠᠯᠠᠩ ᠤᠨ ᠲᠠᠯᠠᠪᠠᠢ᠂ ᠮᠠᠯᠵᠢᠯ ᠤᠨ ᠲᠠᠯᠠᠪᠠᠢ᠂ ᠪᠠᠶᠢᠭᠠᠯᠢ | ᠶᠢᠨ ᠬᠠᠮᠠᠭᠠᠯᠠᠯᠲᠠ ᠶᠢᠨ ᠣᠷᠣᠨ᠂ ᠣᠢ ᠰᠢᠭᠤᠶ ᠶᠢᠨ ᠴᠡᠴᠡᠷᠯᠢᠭ᠂ ᠵᠢᠭᠤᠯᠴᠢᠯᠠᠯ ᠤᠨ ᠣᠷᠣᠨ᠂ ᠠᠯᠳᠠᠷᠲᠤ ᠦᠵᠡᠮᠵᠢ ᠶᠢᠨ ᠣᠷᠣᠨ᠂ ᠦᠶᠯᠡᠳᠪᠦᠷᠢ ᠠᠭᠤᠷᠬᠠᠶ ᠶᠢᠨ | ᠠᠵᠤ ᠠᠬᠤᠢᠯᠠᠯ ᠵᠡᠷᠭᠡ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠭᠤᠤᠯᠳᠠᠯᠭ᠎ᠠ ᠲᠠᠢ ᠨᠢᠭᠡᠴᠢ ᠣᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠤᠨ | ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠲᠣᠭᠲᠠᠭᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠢ ᠰᠢᠭᠤᠶ ᠲᠠᠯ᠎ᠠ ᠨᠤᠲᠤᠭ ᠤᠨ ᠭᠠᠯ ᠢ | ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠡᠭᠦᠷᠭᠡ ᠲᠠᠢ ᠰᠤᠮᠤ | ᠰᠢᠶᠠᠩ ᠪᠠᠯᠭᠠᠰᠤ ᠪᠣᠯᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠵᠣᠬᠢᠶᠠᠨ ᠪᠠᠶᠢᠭᠤᠯᠤᠨ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠤᠨ ᠪᠠᠴᠢᠮ | ᠪᠠᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠶᠢ ᠲᠣᠭᠲᠠᠭᠠᠬᠤ ᠬᠡᠷᠡᠭᠲᠡᠢ᠃ | ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠠᠵᠢᠯ ᠢ ᠬᠠᠮᠵᠢᠨ ᠰᠠᠶᠢᠲᠤᠷ ᠬᠢᠬᠦ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠨᠢᠭᠡᠴᠢ ᠠᠴᠠ ᠤᠢ ᠰᠢᠭᠤᠢ ᠲᠠᠯ᠎ᠠ | ᠨᠤᠲᠤᠭ ᠤᠨ ᠭᠠᠯ ᠲᠦᠢᠮᠡᠷ ᠤᠨ ᠪᠠᠴᠢᠮ ᠪᠠᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠣᠷᠢᠯᠲᠠ ᠶᠢ ᠵᠢᠯ ᠪᠦᠷᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ | ᠃ | ᠬᠤᠷᠢᠨ ᠭᠤᠷᠪᠠᠳᠤᠭᠠᠷ ᠵᠤᠷᠪᠤᠰ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠤᠢ | ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢᠨ ᠣᠷᠣᠨ ᠢ ᠬᠤᠪᠢᠶᠠᠷᠢᠯᠠᠨ ᠲᠣᠭᠲᠠᠭᠠᠵᠤ᠂ ᠤᠢ ᠰᠢᠭᠤᠢ ᠲᠠᠯ᠎ᠠ ᠨᠤᠲᠤᠭ ᠤᠨ ᠭᠠᠯ ᠢ | ᠰᠡᠷᠭᠡᠶᠢᠯᠡᠬᠦ ᠬᠠᠷᠢᠭᠤᠴᠠᠯᠭ᠎ᠠ ᠶᠢᠨ ᠨᠢᠭᠡᠴᠢ ᠶᠢ ᠲᠣᠭᠲᠠᠭᠠᠨ᠂ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ | ᠦᠰᠦᠭ ᠵᠢᠷᠤᠬᠤ ᠬᠡᠷᠡᠭᠲᠡᠢ᠃ | ᠣᠢ ᠰᠢᠭᠤᠶ᠂ ᠣᠢ ᠮᠣᠳᠣ᠂ ᠤᠶᠢᠲᠤ ᠭᠠᠵᠠᠷ ᠪᠠ ᠪᠠᠶᠢᠭᠠᠯᠢᠯᠢᠭ ᠲᠠᠯ᠎ᠠ ᠨᠤᠲᠤᠭ᠂ ᠲᠠᠷᠢᠮᠠᠯ ᠪᠡᠯᠴᠢᠭᠡᠷ ᠢ ᠡᠵᠡᠩᠨᠡᠬᠦ ᠨᠢᠭᠡᠴᠢ ᠪᠣᠯᠤᠨ ᠬᠤᠪᠢ ᠬᠥᠮᠥᠨ ᠣᠢ | ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠣᠢ ᠰᠢᠭᠤᠶ ᠲᠠᠯ᠎ᠠ ᠨᠤᠲᠤᠭ ᠤᠨ ᠭᠠᠯ ᠢ | ᠰᠡᠷᠭᠡᠶᠢᠯᠡᠬᠦ ᠠᠵᠢᠯ ᠤᠨ ᠬᠠᠷᠢᠭᠤᠴᠠᠯᠭᠠᠲᠠᠨ ᠢ ᠲᠣᠭᠲᠠᠭᠠᠬᠤ ᠬᠡᠷᠡᠭᠲᠡᠶ᠃ | ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠦᠭᠡᠢ ᠬᠥᠮᠥᠨ ᠪᠠ ᠢᠷᠭᠡᠨ ᠤ ᠬᠡᠷᠡᠭ ᠤᠨ ᠬᠢᠵᠠᠭᠠᠷᠲᠤ ᠠᠵᠢᠯᠯᠠᠭ᠎ᠠ ᠶᠢᠨ ᠴᠢᠳᠠᠪᠤᠷᠢ ᠲᠠᠢ ᠬᠥᠮᠦᠨ ᠤ | ᠬᠠᠷᠠᠭᠠᠯᠵᠠᠨ ᠬᠠᠮᠠᠭᠠᠯᠠᠭᠴᠢ ᠨᠢ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠠᠭᠠᠯᠵᠠᠨ ᠬᠠᠮᠠᠭᠠᠯᠠᠭᠳᠠᠭᠴᠢ ᠶᠢᠨ ᠭᠠᠯ ᠲᠦᠢᠮᠡᠷ ᠲᠠᠯᠪᠢᠬᠤ | ᠠᠴᠠ ᠰᠡᠷᠭᠡᠶᠢᠯᠡᠬᠦ ᠬᠡᠷᠡᠭᠲᠡᠶ᠃ | ᠬᠤᠷᠢᠨ ᠳᠥᠷᠪᠡᠳᠦᠭᠡᠷ ᠵᠤᠷᠪᠤᠰ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠡᠭᠦᠷᠭᠡ ᠲᠠᠢ ᠨᠢᠭᠡᠴᠢ ᠪᠠ ᠭᠠᠴᠠᠭ᠎ᠠ ᠲᠤᠰᠬᠤᠨ ᠳᠣᠤᠷ᠎ᠠ | ᠵᠢᠭᠰᠠᠭᠠᠭᠰᠠᠨ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠶᠢ ᠭᠦᠶᠴᠡᠳᠬᠡᠬᠦ ᠬᠡᠷᠡᠭᠲᠡᠶ᠄ | ︵ᠨᠢᠭᠡ︶ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠳᠦᠷᠢᠮ ᠢ ᠲᠣᠭᠲᠠᠭᠠᠬᠤ ᠬᠡᠷᠡᠭᠲᠡᠢ︔ | ︵ᠬᠤᠶᠠᠷ︶ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠪᠠ ᠡᠭᠦᠷᠭᠡ ᠪᠠᠨ ᠭᠦᠢᠴᠡᠳᠬᠡᠵᠦ᠂ ᠭᠠᠯ ᠢ | ᠰᠡᠷᠭᠡᠶᠢᠯᠡᠬᠦ ᠬᠠᠷᠢᠭᠤᠴᠠᠯᠭᠠᠲᠠᠨ ᠪᠠ ᠬᠠᠷᠢᠭᠤᠴᠠᠯᠭ᠎ᠠ ᠶᠢᠨ ᠣᠷᠣᠨ ᠢ ᠲᠣᠭᠲᠠᠭᠠᠬᠤ ᠬᠡᠷᠡᠭᠲᠡᠢ︔ | ︵ᠭᠤᠷᠪᠠ︶ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠬᠦ ᠬᠡᠷᠡᠭᠲᠡᠢ | ︔ | ︵ᠳᠥᠷᠪᠡ︶ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠦᠷᠨᠢᠭᠦᠯᠵᠦ | ᠂ ᠭᠠᠯ ᠲᠦᠢᠮᠡᠷ ᠤᠨ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ︔ | ︵ᠲᠠᠪᠤ︶ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠰᠠᠭᠤᠷᠢ ᠪᠡᠯᠡᠳᠬᠡᠮᠵᠢ᠂ ᠲᠦᠬᠦᠭᠡᠷᠦᠮᠵᠢ ᠪᠠ ᠤᠬᠠᠭᠤᠯᠬᠤ ᠲᠡᠮᠳᠡᠭ ᠢ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠵᠤ ᠬᠠᠮᠠᠭᠠᠯᠠᠬᠤ ᠬᠡᠷᠡᠭᠲᠡᠢ᠃ | ᠬᠤᠷᠢᠨ ᠲᠠᠪᠤᠳᠤᠭᠠᠷ ᠵᠤᠷᠪᠤᠰ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠤᠢ ᠰᠢᠭᠤᠢ ᠲᠠᠯ᠎ᠠ | ᠨᠤᠲᠤᠭ ᠤᠨ ᠭᠠᠯ ᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠦᠨ | ᠂ ᠠᠷᠠᠳ ᠢᠷᠭᠡᠳ ᠤᠨ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠦᠵᠡᠯ ᠤᠬᠠᠮᠰᠠᠷ ᠪᠣᠯᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠢ᠃ | ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ᠂ ᠢᠨᠲ᠋ᠧᠷ ᠰᠦᠯᠵᠢᠶ᠎ᠡ ᠵᠡᠷᠭᠡ ᠵᠠᠭᠤᠴᠢᠯᠠᠭᠤᠷ ᠪᠠ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ | ᠡᠵᠡᠩᠨᠡᠯᠲᠡ ᠶᠢᠨ ᠨᠢᠭᠡᠴᠢ ᠠᠴᠠ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠤᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠥᠷᠨᠢᠭᠦᠯᠬᠦ | ᠬᠡᠷᠡᠭᠲᠡᠶ᠃ | ᠵᠠᠮ ᠲᠡᠭᠡᠭᠡᠪᠦᠷᠢ᠂ ᠲᠡᠮᠦᠷ ᠵᠠᠮ᠂ ᠠᠷᠠᠳ ᠤᠨ ᠠᠭᠠᠷ ᠤᠨ ᠠᠶᠠᠯᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠢᠨᠠᠨ ᠪᠠᠶᠢᠴᠠᠭᠠᠵᠤ ᠣᠯᠤᠭᠰᠠᠨ ᠤᠢ | ᠰᠢᠭᠤᠢ ᠲᠠᠯ᠎ᠠ ᠨᠤᠲᠤᠭ ᠤᠨ ᠭᠠᠯ ᠲᠦᠢᠮᠡᠷ ᠤᠨ ᠪᠠᠶᠢᠳᠠᠯ ᠢ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠳᠤ ᠴᠠᠭ ᠲᠤᠬᠠᠢ | ᠳᠤᠨᠢ ᠮᠡᠳᠡᠭᠦᠯᠬᠦ ᠬᠡᠷᠡᠭᠲᠡᠢ᠃ | ᠰᠤᠷᠭᠠᠭᠤᠯᠢ ᠠᠴᠠ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠢ ᠴᠢᠩᠭᠠᠳᠬᠠᠬᠤ ᠬᠡᠷᠡᠭᠲᠡᠢ᠃ | ᠬᠤᠷᠢᠨ ᠵᠢᠷᠭᠤᠳᠤᠭᠠᠷ ᠵᠤᠷᠪᠤᠰ ᠰᠢᠭᠤᠶᠢᠲᠤ ᠣᠷᠣᠨ᠂ ᠲᠠᠯ᠎ᠠ ᠨᠤᠲᠤᠭ ᠲᠤ ᠬᠠᠤᠯᠢ ᠶᠣᠰᠣᠭᠠᠷ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ | ᠡᠷᠬᠢᠯᠡᠬᠦ᠂ ᠵᠢᠭᠤᠯᠴᠢᠯᠠᠯ ᠤᠨ ᠣᠷᠣᠨ ᠪᠠᠶᠢᠭᠤᠯᠬᠤ ᠪᠤᠶᠤ ᠨᠡᠭᠡᠭᠡᠯᠲᠡ ᠶᠢᠨ ᠣᠷᠣᠨ ᠰᠢᠨ᠎ᠡ ᠪᠠᠷ ᠪᠠᠶᠢᠭᠤᠯᠬᠤ ᠳᠤ᠂ ᠲᠡᠭᠦᠨ ᠤ ᠣᠢ ᠰᠢᠭᠤᠶ ᠲᠠᠯ᠎ᠠ ᠨᠤᠲᠤᠭ ᠤᠨ | ᠭᠠᠯ ᠢ ᠰᠡᠷᠭᠡᠶᠢᠯᠡᠬᠦ ᠪᠡᠯᠡᠳᠭᠡᠮᠵᠢ ᠶᠢ ᠲᠤᠰ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠲᠠᠢ ᠵᠡᠷᠭᠡ ᠪᠠᠷ ᠲᠥᠯᠥᠪᠵᠢᠭᠦᠯᠵᠦ᠂ ᠵᠡᠷᠭᠡ ᠪᠠᠷ ᠵᠢᠷᠤᠵᠤ ᠲᠥᠯᠥᠪᠯᠡᠨ | ᠂ ᠵᠡᠷᠭᠡ ᠪᠠᠷ ᠪᠠᠷᠢᠵᠤ᠂ ᠵᠡᠷᠭᠡ ᠪᠠᠷ ᠰᠢᠯᠭᠠᠨ ᠠᠪᠬᠤ ᠬᠡᠷᠡᠭᠲᠡᠶ︔ ᠰᠢᠭᠤᠶᠢᠲᠤ ᠣᠷᠣᠨ ᠳᠤ ᠦᠷᠬᠦᠯᠵᠢᠯᠡᠨ ᠣᠶᠢᠵᠢᠭᠤᠯᠬᠤ ᠳᠠᠭᠠᠨ ᠤᠢ ᠰᠢᠭᠤᠶ ᠶᠢᠨ ᠭᠠᠯ ᠢ | ᠰᠡᠷᠭᠡᠶᠢᠯᠡᠬᠦ ᠪᠡᠯᠡᠳᠭᠡᠮᠵᠢ ᠶᠢ ᠬᠠᠮᠲᠤ ᠳᠤᠨᠢ ᠢᠵᠢ ᠪᠦᠷᠢᠳᠦᠭᠦᠯᠦᠭᠰᠡᠨ ᠪᠠᠶᠢᠬᠤ ᠬᠡᠷᠡᠭᠲᠡᠶ᠃ | ᠰᠢᠭᠤᠶᠢᠲᠤ ᠣᠷᠣᠨ᠂ ᠲᠠᠯ᠎ᠠ ᠨᠤᠲᠤᠭ ᠲᠤ ᠨᠣᠴᠣᠮᠠᠲᠠᠭᠠᠶ ᠳᠡᠯᠪᠡᠷᠡᠮᠡᠲᠡᠭᠡᠢ ᠠᠶᠤᠯᠲᠤ ᠪᠣᠳᠠᠰ ᠢ ᠦᠢᠯᠡᠳᠪᠦᠷᠢᠯᠡᠬᠦ᠂ ᠬᠠᠳᠠᠭᠠᠯᠠᠬᠤ᠂ ᠠᠴᠢᠶᠠᠯᠠᠵᠤ | ᠪᠠᠭᠤᠯᠭᠠᠬᠤ ᠳᠤ ᠭᠠᠯ ᠢ ᠰᠡᠷᠭᠡᠶᠢᠯᠡᠬᠦ ᠠᠶᠤᠯᠭᠦᠶ ᠭᠠᠵᠠᠷ ᠣᠷᠣᠨ ᠳᠤ ᠲᠤᠬᠢᠷᠠᠭᠤᠯᠬᠤ ᠬᠡᠷᠡᠭᠲᠡᠶ᠃ | ᠬᠤᠷᠢᠨ ᠳᠣᠯᠣᠳᠤᠭᠠᠷ ᠵᠤᠷᠪᠤᠰ ᠲᠡᠮᠦᠷ ᠵᠠᠮ᠂ ᠵᠠᠰᠠᠮᠠᠯ ᠵᠠᠮ᠂ ᠴᠠᠬᠢᠯᠭᠠᠨ ᠬᠦᠴᠦᠨ᠂ ᠴᠢᠯᠠᠭᠤᠨ ᠲᠣᠰᠣ᠂ ᠰᠢᠲᠠᠮᠠᠬᠠᠶ ᠬᠡᠢ᠂ ᠬᠢᠮᠢ ᠶᠢᠨ ᠠᠵᠤ | ᠦᠶᠯᠡᠳᠪᠦᠷᠢ ᠶᠢᠨ ᠳᠠᠮᠵᠢᠭᠤᠯᠬᠤ ᠬᠤᠭᠤᠯᠠᠶ ᠶᠢᠨ ᠬᠠᠮᠢᠶᠠᠷᠤᠯᠲᠠ ᠶᠢᠨ ᠨᠢᠭᠡᠴᠢ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠨᠢ ᠬᠡᠭᠡᠷ᠎ᠡ ᠭᠠᠳᠠᠨ᠎ᠠ | ᠠᠵᠢᠯᠯᠠᠬᠤ ᠳᠠᠭᠠᠨ ᠭᠠᠯ ᠠᠮᠠᠷᠬᠠᠨ ᠭᠠᠷᠳᠠᠭ ᠭᠠᠵᠠᠷ ᠪᠠ ᠣᠷᠣᠨ ᠪᠦᠰᠡ ᠳᠤ ᠭᠠᠯ ᠢ ᠰᠡᠷᠭᠡᠶᠢᠯᠡᠬᠦ ᠲᠤᠰᠠᠭᠠᠷᠯᠠᠬᠤ ᠪᠦᠰᠡ ᠪᠠ ᠭᠠᠯ ᠢ ᠰᠡᠷᠭᠡᠶᠢᠯᠡᠬᠦ ᠰᠡᠷᠡᠮᠵᠢᠭᠦᠯᠦᠨ | ᠤᠬᠠᠭᠤᠯᠬᠤ ᠲᠡᠮᠳᠡᠭ ᠲᠠᠯᠪᠢᠬᠤ ᠬᠡᠷᠡᠭᠲᠡᠶ ᠪᠥᠭᠡᠳ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ | ᠬᠤᠷᠢᠨ ᠨᠠᠶᠮᠠᠳᠤᠭᠠᠷ ᠵᠤᠷᠪᠤᠰ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ | ᠵᠢᠯᠣᠭᠤᠳᠬᠤ ᠪᠠᠶᠢᠭᠤᠯᠤᠮᠵᠢ ᠠᠴᠠ ᠲᠣᠭᠲᠠᠮᠠᠯ ᠬᠤᠭᠤᠴᠠᠭ᠎ᠠ ᠲᠠᠢ ᠪᠠᠷ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠣᠢ ᠰᠢᠭᠤᠶ ᠲᠠᠯ᠎ᠠ ᠨᠤᠲᠤᠭ | ᠤᠨ ᠭᠠᠯ ᠢ ᠰᠡᠷᠭᠡᠶᠢᠯᠡᠬᠦ ᠠᠵᠢᠯ ᠤᠨ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠶ︔ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠭᠠᠯ | ᠲᠦᠢᠮᠡᠷ ᠤᠨ ᠳᠠᠯᠳᠠ ᠬᠡᠮ ᠢ ᠴᠠᠭ ᠲᠤᠬᠠᠢ ᠳᠤᠨᠢ ᠴᠡᠭᠴᠡᠯᠡᠨ ᠰᠠᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠵᠠᠷᠯᠢᠭᠳᠠᠵᠤ ᠪᠠᠶᠢᠭᠠᠳ ᠬᠤᠭᠤᠴᠠᠭ᠎ᠠ | ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠳᠠᠯᠳᠠ ᠬᠡᠮ ᠢ ᠠᠷᠢᠯᠭᠠᠬᠤ ᠬᠡᠷᠡᠭᠲᠡᠢ᠃ | ᠪᠠᠶᠢᠴᠠᠭᠠᠭᠳᠠᠬᠤ ᠨᠢᠭᠡᠴᠢ ᠢᠳᠡᠪᠬᠢᠲᠡᠶ ᠬᠠᠮᠵᠢᠯᠴᠠᠬᠤ ᠬᠡᠷᠡᠭᠲᠡᠶ᠂ ᠬᠤᠷᠢᠭᠯᠠᠨ ᠰᠠᠭᠠᠲᠠᠭᠠᠵᠤ᠂ ᠬᠠᠷᠰᠢᠯᠠᠵᠤ ᠪᠣᠯᠬᠤ ᠦᠭᠡᠢ᠃ | ᠬᠤᠷᠢ ᠶᠢᠰᠦᠳᠦᠭᠡᠷ ᠵᠤᠷᠪᠤᠰ ᠵᠢᠯ ᠪᠦᠷᠢ ᠶᠢᠨ 3 ᠳ᠋ᠤᠭᠠᠷ ᠰᠠᠷ᠎ᠠ ᠶᠢᠨ 15 ᠤ ᠡᠳᠦᠷ ᠠᠴᠠ 6 ᠳ᠋ᠤᠭᠠᠷ ᠰᠠᠷ᠎ᠠ ᠶᠢᠨ 15 ᠤ ᠡᠳᠦᠷ᠂ 9 ᠳ᠋ᠦ᠋ᠭᠡᠷ ᠰᠠᠷ᠎ᠠ | ᠶᠢᠨ 15 ᠤ ᠡᠳᠦᠷ ᠠᠴᠠ 11 ᠳ᠋ᠦ᠋ᠭᠡᠷ ᠰᠠᠷ᠎ᠠ ᠶᠢᠨ 15 ᠤ ᠡᠳᠦᠷ ᠪᠤᠯ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ | ᠬᠤᠭᠤᠴᠠᠭ᠎ᠠ ᠪᠤᠯᠤᠨ᠎ᠠ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠪᠠᠶᠢᠭᠠᠯᠢ ᠶᠢᠨ ᠠᠭᠤᠷ | ᠠᠮᠢᠰᠬᠤᠯ ᠤᠨ ᠨᠥᠬᠦᠴᠡᠯ ᠪᠠ ᠭᠠᠯ ᠲᠦᠢᠮᠡᠷ ᠡᠭᠦᠰᠬᠦ ᠵᠢᠮ᠎ᠡ ᠶᠣᠰᠣ ᠶᠢ ᠦᠨᠳᠦᠰᠦᠯᠡᠨ᠂ ᠭᠠᠯ ᠰᠡᠷᠭᠡᠶᠢᠯᠡᠬᠦ ᠬᠤᠭᠤᠴᠠᠭ᠎ᠠ ᠳᠤ ᠤᠷᠢᠳᠴᠢᠯᠠᠨ ᠣᠷᠣᠬᠤ ᠪᠤᠶᠤ | ᠤᠷᠲᠤᠳᠬᠠᠬᠤ ᠶᠢ ᠲᠣᠭᠲᠠᠭᠠᠵᠤ ᠪᠣᠯᠤᠨ᠎ᠠ᠃ | ᠭᠤᠴᠢᠳᠤᠭᠠᠷ ᠵᠤᠷᠪᠤᠰ ᠭᠠᠯ ᠰᠡᠷᠭᠡᠶᠢᠯᠡᠬᠦ ᠬᠤᠭᠤᠴᠠᠭᠠᠨ ᠳᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠲᠠᠯ᠎ᠠ ᠨᠤᠲᠤᠭ ᠤᠨ | ᠭᠠᠯ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠬᠤᠷᠢᠨ ᠳᠥᠷᠪᠡᠨ ᠴᠠᠭ ᠤᠨ ᠵᠢᠵᠢᠭᠦᠷᠯᠡᠬᠦ ᠳᠦᠷᠢᠮ ᠢ ᠬᠡᠷᠡᠭᠵᠢᠭᠦᠯᠵᠦ᠂ ᠮᠡᠳᠡᠭᠡ ᠵᠠᠩᠭᠢ ᠶᠢᠨ | ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠬᠡᠷᠡᠭᠲᠡᠢ᠃ | ᠭᠤᠴᠢᠨ ᠨᠢᠭᠡᠳᠦᠭᠡᠷ ᠵᠤᠷᠪᠤᠰ ᠭᠠᠯ ᠰᠡᠷᠭᠡᠶᠢᠯᠡᠬᠦ ᠬᠤᠭᠤᠴᠠᠭᠠᠨ ᠳᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠠᠴᠠ ᠥᠨᠳᠥᠷ ᠳᠤᠯᠠᠭᠠᠨ᠂ ᠭᠠᠩ ᠬᠠᠭᠤᠷᠠᠢ᠂ ᠶᠡᠭᠡ ᠰᠠᠯᠬᠢ | ᠵᠡᠷᠭᠡ ᠦᠨᠳᠦᠷ ᠭᠠᠯ ᠤᠨ ᠠᠶᠤᠯᠲᠠᠢ ᠴᠠᠭ ᠠᠭᠤᠷ ᠢ ᠦᠨᠳᠦᠰᠦᠯᠡᠨ ᠤᠢ ᠰᠢᠭᠤᠢ ᠲᠠᠯ᠎ᠠ ᠨᠤᠲᠤᠭ ᠤᠨ ᠦᠨᠳᠦᠷ ᠭᠠᠯ ᠤᠨ ᠠᠶᠤᠯᠲᠤ ᠣᠷᠣᠨ ᠢ ᠬᠤᠪᠢᠶᠠᠷᠢᠯᠠᠨ | ᠲᠣᠭᠲᠠᠭᠠᠵᠤ᠂ ᠦᠨᠳᠦᠷ ᠭᠠᠯ ᠤᠨ ᠠᠶᠤᠯᠲᠠᠢ ᠬᠤᠭᠤᠴᠠᠭ᠎ᠠ ᠶᠢ ᠲᠣᠭᠲᠠᠭᠠᠬᠤ ᠶᠢᠨ ᠬᠠᠮᠲᠤ ᠦᠨᠳᠦᠷ ᠭᠠᠯ ᠤᠨ ᠠᠶᠤᠯᠲᠠᠢ ᠰᠡᠷᠡᠮᠵᠢ ᠶᠢᠨ ᠳᠣᠬᠢᠶ᠎ᠠ ᠥᠭᠬᠦ | ᠬᠡᠷᠡᠭᠲᠡᠢ᠃ ᠴᠢᠬᠤᠯᠠᠲᠠᠢ ᠦᠶ᠎ᠡ ᠳᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠵᠠᠷᠯᠢᠭ ᠨᠡᠶᠢᠲᠡᠯᠡᠵᠦ᠂ ᠠᠯᠢᠪᠠ | ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠵᠤ᠂ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠡᠭᠦᠰᠴᠦ ᠮᠡᠳᠡᠬᠦ ᠰᠠᠭᠤᠭᠠᠯᠢ ᠠᠷᠠᠳ ᠤᠨ ᠠᠮᠢᠳᠤᠷᠠᠯ ᠳᠤ | ᠭᠠᠯ ᠬᠡᠷᠡᠭᠯᠡᠬᠦ ᠶᠢ ᠴᠢᠩᠭ᠎ᠠ ᠬᠠᠮᠢᠶᠠᠷᠤᠨ᠎ᠠ᠃ | ᠭᠤᠴᠢᠨ ᠬᠤᠶᠠᠳᠤᠭᠠᠷ ᠵᠤᠷᠪᠤᠰ ᠤᠢ ᠰᠢᠭᠤᠢ ᠲᠠᠯ᠎ᠠ ᠨᠤᠲᠤᠭ ᠤᠨ ᠦᠨᠳᠦᠷ ᠭᠠᠯ ᠤᠨ ᠠᠶᠤᠯᠲᠠᠢ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ | ᠬᠥᠮᠥᠨ ᠴᠦᠮ ᠤᠢ ᠰᠢᠭᠤᠢ ᠲᠠᠯ᠎ᠠ ᠨᠤᠲᠤᠭ ᠤᠨ ᠦᠨᠳᠦᠷ ᠭᠠᠯ ᠤᠨ ᠠᠶᠤᠯᠲᠤ ᠣᠷᠣᠨ ᠳᠤ ᠳᠤᠷ᠎ᠠ ᠪᠠᠷ ᠣᠷᠣᠵᠤ ᠪᠣᠯᠬᠤ ᠥᠬᠡᠶ᠃ ᠰᠢᠨᠵᠢᠯᠡᠬᠦ ᠤᠬᠠᠭᠠᠨ ᠤ | ᠰᠤᠳᠤᠯᠭᠠᠨ ᠬᠢᠬᠦ᠂ ᠠᠶᠤᠯ ᠠᠴᠠ ᠠᠪᠤᠷᠠᠬᠤ ᠵᠡᠷᠭᠡ ᠠᠴᠠ ᠪᠣᠯᠵᠤ ᠦᠨᠡᠬᠡᠷ ᠣᠷᠣᠬᠤ ᠴᠢᠬᠤᠯᠠᠲᠠᠶ ᠪᠣᠯ ᠬᠠᠤᠯᠢ ᠶᠣᠰᠣᠭᠠᠷ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃ | | ᠵᠥᠪᠰᠢᠶᠡᠷᠡᠭᠦᠯᠦᠭᠡᠳ ᠤᠢ ᠰᠢᠭᠤᠢ ᠲᠠᠯ᠎ᠠ ᠨᠤᠲᠤᠭ ᠤᠨ ᠦᠨᠳᠦᠷ ᠭᠠᠯ ᠤᠨ ᠠᠶᠤᠯᠲᠤ ᠣᠷᠣᠨ ᠳᠤ ᠣᠷᠣᠭᠰᠠᠨ ᠪᠣᠯ ᠵᠥᠪᠰᠢᠶᠡᠷᠡᠭᠰᠡᠨ ᠴᠠᠭ ᠬᠤᠭᠤᠴᠠᠭ᠎ᠠ | ᠂ ᠭᠠᠵᠠᠷ ᠣᠷᠣᠨ᠂ ᠬᠡᠪᠴᠢᠶ᠎ᠡ ᠶᠢ ᠴᠢᠩᠭ᠎ᠠ ᠵᠢᠷᠤᠮᠯᠠᠨ ᠠᠵᠢᠯᠯᠠᠬᠤ ᠶᠢᠨ ᠬᠠᠮᠲᠤ ᠲᠤᠬᠠᠢ ᠶᠢᠨ ᠭᠠᠵᠠᠷ ᠤᠨ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ | ᠵᠢᠯᠣᠭᠤᠳᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠬᠦᠯᠢᠶᠡᠬᠦ ᠬᠡᠷᠡᠭᠲᠡᠢ᠃ | ᠭᠤᠴᠢᠨ ᠭᠤᠷᠪᠠᠳᠤᠭᠠᠷ ᠵᠤᠷᠪᠤᠰ ᠭᠠᠯ ᠰᠡᠷᠭᠡᠶᠢᠯᠡᠬᠦ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠲᠦᠷ ᠴᠠᠭ ᠤᠨ ᠪᠠᠶᠢᠴᠠᠭᠠᠬᠤ ᠥᠷᠲᠡᠭᠡ ᠪᠠᠶᠢᠭᠤᠯᠵᠤ ᠪᠣᠯᠤᠨ᠎ᠠ᠃ ᠣᠢ ᠰᠢᠭᠤᠶ | ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠪᠠᠶᠢᠴᠠᠭᠠᠯᠲᠠ ᠶᠢᠨ ᠡᠭᠦᠷᠭᠡ ᠶᠢ ᠭᠦᠶᠴᠡᠳᠬᠡᠵᠦ ᠪᠠᠶᠢᠭ᠎ᠠ ᠬᠥᠮᠦᠰ ᠲᠤᠰᠬᠠᠶ ᠲᠡᠮᠳᠡᠭ ᠵᠡᠭᠦᠵᠦ᠂ ᠣᠢ ᠰᠢᠭᠤᠶ ᠲᠠᠯ᠎ᠠ | ᠨᠤᠲᠤᠭ ᠤᠨ ᠭᠠᠯ ᠢ ᠰᠡᠷᠭᠡᠶᠢᠯᠡᠬᠦ ᠣᠷᠣᠨ ᠳᠤ ᠣᠷᠣᠭᠰᠠᠨ ᠲᠡᠷᠭᠡ ᠤᠨᠤᠭ᠎ᠠ᠂ ᠬᠦᠮᠦᠰ ᠲᠤ ᠭᠠᠯ ᠢ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠪᠠ ᠭᠠᠯ ᠢ | ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠬᠢᠵᠦ᠂ ᠭᠠᠯ ᠢ ᠰᠡᠷᠭᠡᠶᠢᠯᠡᠬᠦ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠠᠷᠠᠭᠤᠯᠬᠤ ᠬᠡᠷᠡᠭᠲᠡᠶ᠂ ᠶᠠᠮᠠᠷᠪᠠ | ᠨᠢᠭᠡᠴᠢ ᠪᠠ ᠬᠤᠪᠢ ᠬᠥᠮᠥᠨ ᠬᠤᠷᠢᠭᠯᠠᠨ ᠰᠠᠭᠠᠲᠠᠭᠠᠵᠤ᠂ ᠲᠡᠪᠴᠢᠵᠦ ᠪᠣᠯᠬᠤ ᠥᠬᠡᠶ᠃ | ᠭᠤᠴᠢᠨ ᠳᠥᠷᠪᠡᠳᠦᠭᠡᠷ ᠵᠤᠷᠪᠤᠰ ᠭᠠᠯ ᠰᠡᠷᠭᠡᠶᠢᠯᠡᠬᠦ ᠬᠤᠭᠤᠴᠠᠭᠠᠨ ᠳᠤ᠂ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠣᠷᠣᠨ ᠳᠤ ᠦᠨᠡᠰᠦ | ᠰᠢᠲᠠᠭᠠᠵᠤ ᠪᠣᠷᠳᠣᠭᠤᠷ ᠴᠤᠭᠯᠠᠭᠤᠯᠬᠤ᠂ ᠠᠲᠠᠷ ᠰᠢᠲᠠᠭᠠᠬᠤ᠂ ᠨᠡᠭᠦᠷᠡᠰᠦ ᠰᠢᠲᠠᠭᠠᠬᠤ᠂ ᠬᠤᠭ ᠨᠣᠪᠰᠢ ᠰᠢᠲᠠᠭᠠᠬᠤ᠂ ᠲᠠᠷᠢᠶᠠᠨ ᠭᠠᠵᠠᠷ ︵ᠳᠠᠯᠠᠩ︶᠂ ᠲᠡᠵᠢᠭᠡᠯ | ᠡᠪᠡᠰᠦ᠂ ᠡᠰᠢ ᠰᠦᠷᠡᠯ ᠰᠢᠲᠠᠭᠠᠬᠤ᠂ ᠲᠠᠮᠠᠬᠢ ᠲᠠᠲᠠᠬᠤ᠂ ᠴᠠᠭᠠᠰᠤ ᠰᠢᠲᠠᠭᠠᠬᠤ᠂ ᠬᠦᠵᠢ ᠠᠰᠠᠭᠠᠬᠤ᠂ ᠭᠠᠯ ᠳᠤ ᠡᠭᠡᠭᠡᠬᠦ᠂ ᠬᠡᠭᠡᠷ᠎ᠡ ᠲᠤᠭᠤᠭᠠᠯᠠᠬᠤ ᠪᠠ ᠬᠤᠸᠠᠷ | ᠫᠤᠤᠵᠢᠩ᠂ ᠳᠡᠭᠳᠡᠭᠦᠷ ᠳ᠋ᠧᠩᠯᠦ ᠲᠠᠯᠪᠢᠬᠤ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠨ᠎ᠠ᠃ | ᠭᠤᠴᠢᠨ ᠲᠠᠪᠤᠳᠤᠭᠠᠷ ᠵᠤᠷᠪᠤᠰ ᠭᠠᠯ ᠰᠡᠷᠭᠡᠶᠢᠯᠡᠬᠦ ᠬᠤᠭᠤᠴᠠᠭᠠᠨ ᠳᠤ᠂ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠣᠷᠣᠨ ᠤ ᠳᠣᠲᠣᠷ᠎ᠠ᠂ | ᠦᠢᠯᠡᠳᠪᠦᠷᠢᠯᠡᠯ ᠠᠮᠢᠳᠤᠷᠠᠯ ᠤᠨ ᠣᠨᠴᠠᠭᠠᠢ ᠪᠠᠶᠢᠳᠠᠯ ᠠᠴᠠ ᠪᠣᠯᠵᠤ ᠦᠨᠡᠨ ᠬᠦ ᠬᠡᠭᠡᠷ᠎ᠡ ᠭᠠᠳᠠᠨ᠎ᠠ ᠭᠠᠯ ᠬᠡᠷᠡᠭᠯᠡᠬᠦ ᠴᠢᠬᠤᠯᠠᠲᠠᠢ ᠪᠠᠶᠢᠪᠠᠯ᠂ ᠳᠣᠣᠷ᠎ᠠ ᠵᠢᠭᠰᠠᠭᠠᠭᠰᠠᠨ | ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠢ᠄ | ︵ᠨᠢᠭᠡ︶ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠶᠢ ᠰᠢᠲᠠᠭᠠᠵᠤ᠂ ᠦᠢᠯᠡᠳᠪᠦᠷᠢᠯᠡᠯ ᠤᠨ ᠴᠢᠨᠠᠷᠲᠠᠢ ᠭᠠᠯ ᠬᠡᠷᠡᠭᠯᠡᠬᠦ ᠴᠢᠬᠤᠯᠠᠲᠠᠢ ᠪᠣᠯ ᠬᠤᠰᠢᠭᠤ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠦᠪᠰᠢᠶᠡᠷᠡᠭᠦᠯᠬᠦ ᠬᠡᠷᠡᠭᠲᠡᠢ᠂ | ᠵᠦᠪᠰᠢᠶᠡᠷᠡᠭᠦᠯᠦᠭᠡᠳ ᠦᠢᠯᠡᠳᠪᠦᠷᠢᠯᠡᠯ ᠤᠨ ᠴᠢᠨᠠᠷᠲᠠᠢ ᠭᠠᠯ ᠬᠡᠷᠡᠭᠯᠡᠬᠦ ᠳᠡᠭᠡᠨ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠭᠠᠷᠭᠠᠵᠤ᠂ ᠭᠠᠯ ᠤᠨᠲᠠᠷᠠᠭᠠᠬᠤ ᠬᠥᠮᠦᠰ | ᠲᠤᠬᠢᠷᠠᠭᠤᠯᠤᠨ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠪᠡᠯᠡᠳᠬᠡᠵᠦ᠂ ᠳᠥᠷᠪᠡᠳᠦᠭᠡᠷ ᠳᠡᠰ ᠤᠨ ᠰᠠᠯᠬᠢᠨ ᠠᠴᠠ ᠳᠣᠷᠣᠭᠰᠢᠬᠢ ᠴᠠᠭ ᠠᠭᠤᠷ ᠲᠤ ᠵᠣᠬᠢᠶᠠᠨ | ᠪᠠᠶᠢᠭᠤᠯᠤᠯᠲᠠ ᠲᠠᠢ ᠪᠠᠷ ᠭᠠᠯ ᠬᠡᠷᠡᠭᠯᠡᠬᠦ ᠶᠢᠨ ᠬᠠᠮᠲᠤ ᠭᠠᠯ ᠬᠡᠷᠡᠭᠯᠡᠬᠦ ᠴᠠᠭ ᠢᠶᠠᠨ ᠬᠥᠷᠰᠢ ᠵᠡᠷᠭᠡᠯᠡᠳᠡᠭᠡ ᠭᠠᠵᠠᠷ ᠣᠷᠣᠨ ᠳᠤ ᠮᠡᠳᠡᠭᠳᠡᠬᠦ ᠬᠡᠷᠡᠭᠲᠡᠢ᠃ | ︵ᠬᠤᠶᠠᠷ︶ ᠬᠡᠭᠡᠷ᠎ᠡ ᠭᠠᠳᠠᠨ᠎ᠠ ᠠᠮᠢᠳᠣᠷᠠᠵᠤ ᠭᠠᠯ ᠬᠡᠷᠡᠭᠯᠡᠬᠦ ᠴᠢᠬᠤᠯᠠᠲᠠᠶ ᠪᠠᠶᠢᠪᠠᠯ᠂ ᠠᠶᠤᠯᠭᠦᠶ ᠭᠠᠵᠠᠷ ᠢ ᠰᠣᠩᠭᠤᠵᠤ᠂ ᠭᠠᠯ ᠰᠡᠷᠭᠡᠶᠢᠯᠡᠬᠦ ᠲᠤᠰᠠᠭᠠᠷᠯᠠᠬᠤ | ᠪᠦᠰᠡ ᠭᠠᠷᠭᠠᠬᠤ ᠪᠤᠶᠤ ᠭᠠᠯ ᠲᠤᠰᠠᠭᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠂ ᠭᠠᠯ ᠬᠡᠷᠡᠭᠯᠡᠭᠰᠡᠨ ᠤ ᠲᠠᠷᠠᠭ᠎ᠠ ᠡᠷᠬᠡᠪᠰᠢ ᠦᠯᠡᠳᠡᠪᠦᠷᠢ ᠭᠠᠯ ᠢ ᠲᠤᠶᠢᠯᠪᠤᠷᠢᠲᠠᠶ | ᠠᠷᠢᠯᠭᠠᠬᠤ ᠬᠡᠷᠡᠭᠲᠡᠶ᠃ | ᠭᠤᠴᠢᠨ ᠵᠢᠷᠭᠤᠳᠤᠭᠠᠷ ᠵᠤᠷᠪᠤᠰ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ | ᠵᠢᠯᠣᠭᠤᠳᠬᠤ ᠪᠠᠶᠢᠭᠤᠯᠤᠮᠵᠢ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠲᠤᠰᠬᠠᠢ ᠲᠡᠷᠭᠡ ᠤᠨᠤᠭ᠎ᠠ᠂ ᠪᠠᠭᠠᠵᠢ ᠬᠡᠷᠡᠭᠰᠡᠯ᠂ ᠴᠢᠮᠡᠭᠡ ᠬᠤᠯᠪᠣᠭ᠎ᠠ ᠵᠡᠷᠭᠡ | ᠪᠡᠯᠡᠳᠬᠡᠮᠵᠢ ᠲᠥᠬᠦᠭᠡᠷᠦᠮᠵᠢ ᠲᠣᠬᠢᠷᠠᠭᠤᠯᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠬᠠᠮᠠᠭᠠᠯᠠᠵᠤ᠂ ᠰᠢᠨᠡᠳᠬᠡᠬᠦ ᠬᠡᠷᠡᠭᠲᠡᠢ᠃ | ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠲᠤᠰᠬᠠᠶ ᠲᠡᠷᠭᠡ ᠤᠨᠤᠭ᠎ᠠ ᠨᠢ ᠲᠡᠷᠭᠡ ᠬᠤᠳᠠᠯᠳᠤᠨ ᠠᠪᠬᠤ ᠭᠠᠶᠢᠯᠢ᠂ ᠲᠡᠷᠭᠡ ᠨᠡᠪᠲᠡᠷᠡᠭᠦᠯᠬᠦ | ᠵᠠᠷᠤᠳᠠᠯ ᠲᠤᠰᠢᠶᠠᠬᠤ ᠦᠭᠡᠢ ᠪᠦᠭᠡᠳ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠲᠤᠰᠬᠠᠶ ᠫᠠᠶᠢᠰᠠ ᠦᠨᠡᠮᠯᠡᠯ ᠲᠣᠬᠢᠷᠠᠭᠤᠯᠤᠨ᠎ᠠ᠃ ᠭᠠᠯ ᠤᠨᠲᠠᠷᠠᠭᠠᠬᠤ | ᠡᠭᠦᠷᠭᠡ ᠶᠢ ᠭᠦᠢᠴᠡᠳᠭᠡᠬᠦ ᠪᠠᠷ ᠲᠦᠷ ᠴᠠᠭ ᠲᠠᠲᠠᠵᠤ ᠬᠡᠷᠡᠭᠯᠡᠬᠦ ᠲᠡᠷᠭᠡ ᠤᠨᠤᠭ᠎ᠠ ᠨᠢ ᠭᠠᠯ ᠤᠨᠲᠠᠷᠠᠭᠠᠬᠤ ᠬᠤᠭᠤᠴᠠᠭᠠᠨ ᠳᠤ ᠲᠡᠷᠭᠡ ᠨᠡᠪᠲᠡᠷᠡᠭᠦᠯᠬᠦ ᠵᠠᠷᠤᠳᠠᠯ | ᠲᠤᠰᠢᠶᠠᠬᠤ ᠥᠬᠡᠶ᠃ | ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠲᠤᠰᠬᠠᠶ ᠷᠠᠳᠢᠣ᠋ ᠬᠤᠯᠪᠣᠭ᠎ᠠ ᠨᠢ ᠷᠠᠳᠢᠣ᠋ ᠬᠤᠯᠪᠣᠭᠠᠨ ᠤ ᠳᠠᠪᠲᠠᠮᠵᠢ ᠶᠢ ᠡᠵᠡᠯᠡᠨ ᠬᠡᠷᠡᠭᠯᠡᠬᠦ | ᠰᠦᠢᠳᠬᠡᠯ ᠲᠤᠰᠢᠶᠠᠬᠤ ᠥᠬᠡᠶ᠃ | ᠭᠤᠴᠢᠨ ᠳᠣᠯᠣᠳᠤᠭᠠᠷ ᠵᠤᠷᠪᠤᠰ ᠶᠠᠮᠠᠷᠪᠠ ᠨᠢᠭᠡᠴᠢ ᠪᠠ ᠬᠤᠪᠢ ᠬᠥᠮᠥᠨ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠪᠡᠯᠡᠳᠬᠡᠮᠵᠢ | ᠲᠥᠬᠦᠭᠡᠷᠦᠮᠵᠢ ᠶᠢ ᠡᠪᠳᠡᠬᠦ᠂ ᠡᠵᠡᠯᠡᠬᠦ᠂ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠭᠠᠷᠭᠠᠬᠤ ᠶᠢ ᠬᠤᠷᠢᠭᠯᠠᠨ ᠬᠠᠷᠰᠢᠯᠠᠬᠤ᠂ ᠤᠢ ᠰᠢᠭᠤᠢ ᠲᠠᠯ᠎ᠠ ᠨᠤᠲᠤᠭ ᠤᠨ | ᠭᠠᠯ ᠢ ᠰᠡᠷᠭᠡᠶᠢᠯᠡᠬᠦ ᠲᠤᠰᠬᠠᠢ ᠷᠠᠳᠢᠣ᠋ ᠬᠤᠯᠪᠣᠭ᠎ᠠ ᠶᠢᠨ ᠳᠠᠪᠲᠠᠮᠵᠢ ᠶᠢ ᠰᠢᠬᠠᠨ ᠡᠵᠡᠯᠡᠵᠦ ᠬᠠᠷᠰᠢᠯᠠᠵᠤ ᠪᠣᠯᠬᠤ ᠥᠬᠡᠶ᠃ | | | |