ᠳᠥᠷᠪᠡᠳᠦᠭᠡᠷ ᠪᠦᠯᠦᠭ ᠤᠢ ᠰᠢᠭᠤᠶ ᠲᠠᠯ᠎ᠠ ᠨᠤᠲᠤᠭ ᠤᠨ | ᠭᠠᠯ ᠲᠦᠢᠮᠡᠷ ᠢ ᠤᠨᠲᠠᠷᠠᠭᠠᠬᠤ | ᠭᠤᠴᠢᠨ ᠨᠠᠢᠮᠠᠳᠤᠭᠠᠷ ᠵᠤᠷᠪᠤᠰ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠤᠨ ᠮᠡᠳᠡᠭᠡ ᠵᠠᠩᠭᠢ ᠶᠢ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠠᠴᠠ ᠤᠯᠤᠰ ᠪᠣᠯᠤᠨ | ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠨᠡᠢᠭᠡᠮ ᠳᠤ ᠨᠡᠶᠢᠲᠡᠯᠡᠨ᠎ᠡ᠂ ᠶᠠᠮᠠᠷᠪᠠ ᠨᠢᠭᠡᠴᠢ ᠪᠠ ᠬᠤᠪᠢ ᠬᠥᠮᠥᠨ ᠳᠤᠷ᠎ᠠ ᠪᠠᠷ | ᠨᠡᠶᠢᠲᠡᠯᠡᠵᠦ ᠪᠣᠯᠬᠤ ᠥᠬᠡᠶ᠃ | ᠭᠤᠴᠢ ᠶᠢᠰᠦᠳᠦᠭᠡᠷ ᠵᠤᠷᠪᠤᠰ ᠶᠠᠮᠠᠷᠪᠠ ᠨᠢᠭᠡᠴᠢ ᠪᠠ ᠬᠤᠪᠢ ᠬᠥᠮᠥᠨ ᠣᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠪᠡᠯ | ᠂ ᠰᠠᠭᠤᠭ᠎ᠠ ᠭᠠᠵᠠᠷ ᠤᠨ ᠢᠶᠠᠨ ᠠᠷᠠᠳ ᠤᠨ ᠵᠠᠰᠠᠭ ᠤᠨ ᠣᠷᠳᠣᠨ ᠤ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠳᠤ | ᠲᠡᠷᠡ ᠳᠠᠷᠤᠶ ᠳᠤᠨᠢ ᠮᠡᠳᠡᠭᠦᠯᠬᠦ ᠬᠡᠷᠡᠭᠲᠡᠶ᠃ | ᠰᠠᠭᠤᠭ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠣᠢ ᠰᠢᠭᠤᠢ ᠲᠠᠯ᠎ᠠᠨᠤᠲᠤᠭ ᠤᠨ ᠭᠠᠯ ᠢ ᠰᠡᠷᠭᠡᠶᠢᠯᠡᠬᠦ ᠵᠢᠭᠠᠨ ᠵᠢᠯᠤᠭᠤᠳᠬᠤ | ᠪᠠᠶᠢᠭᠤᠯᠤᠮᠵᠢ ᠠᠴᠠ ᠭᠠᠯ ᠲᠦᠢᠮᠡᠷ ᠤᠨ ᠮᠡᠳᠡᠭᠡᠯᠡᠯᠲᠡ ᠶᠢ ᠣᠯᠣᠭᠰᠠᠨ ᠤ ᠳᠠᠷᠠᠭ᠎ᠠ᠂ ᠲᠡᠷᠡ ᠳᠠᠷᠤᠢ ᠳᠤᠨᠢ ᠪᠠᠶᠢᠴᠠᠭᠠᠨ ᠮᠠᠭᠠᠳᠯᠠᠬᠤ ᠭᠡᠷᠡᠭᠲᠡᠢ᠂ ᠲᠣᠬᠢᠷᠠᠯᠴᠠᠭᠰᠠᠨ | ᠨᠦᠬᠦᠪᠦᠷᠢᠯᠡᠬᠦ ᠠᠷᠭ᠎ᠠ ᠠᠪᠬᠤ ᠶᠢᠨ ᠬᠠᠮᠳᠤ ᠳᠤᠭᠲᠠᠭᠠᠯ ᠶᠣᠰᠤᠭᠠᠷ ᠱᠠᠲᠤ ᠳᠠᠷᠠᠭᠠᠯᠠᠨ ᠳᠡᠭᠡᠭᠰᠢ ᠮᠡᠳᠡᠭᠦᠯᠦᠨ᠎ᠡ᠃ | ᠵᠠᠰᠠᠭ ᠵᠠᠬᠢᠷᠭᠠᠨ ᠤ ᠣᠷᠣᠨ ᠪᠦᠰᠡ ᠠᠯᠤᠰᠯᠠᠭᠰᠠᠨ ᠡᠰᠡᠭᠦᠯ᠎ᠡ ᠤᠯᠤᠰ ᠤᠨ ᠦᠮᠴᠢᠯᠡᠯᠳᠦ ᠣᠢ ᠰᠢᠭᠤᠢ ᠮᠠᠯ ᠠᠵᠦ ᠠᠬᠤᠢ ᠡᠵᠡᠩᠨᠡᠭᠰᠡᠨ ᠨᠢᠭᠡᠴᠢ ᠶᠢᠨ | ᠠᠭᠤᠯᠵᠠᠭᠤᠷ ᠭᠠᠵᠠᠷ ᠲᠤ ᠭᠠᠯ ᠲᠦᠢᠮᠡᠷ ᠭᠠᠷᠤᠭᠰᠠᠨ ᠪᠠᠶᠢᠪᠠᠯ᠂ ᠬᠡᠨ ᠤᠷᠢᠳᠠᠪᠡᠷ ᠢᠯᠡᠷᠡᠭᠦᠯᠦᠭᠰᠡᠨ ᠪᠣᠯ᠂ ᠬᠡᠨ ᠤᠷᠢᠳᠠᠪᠡᠷ ᠮᠡᠳᠡᠭᠡᠯᠡᠬᠦ᠂ ᠬᠡᠨ ᠤᠷᠢᠳᠠᠪᠡᠷ | ᠠᠪᠤᠷᠠᠨ ᠲᠤᠰᠠᠯᠠᠬᠤ ᠵᠠᠷᠴᠢᠮ ᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠣᠷᠣᠨ ᠪᠦᠰᠡ ᠡᠰᠡᠭᠦᠯ᠎ᠡ ᠡᠵᠡᠩᠨᠡᠯᠲᠡ ᠶᠢᠨ ᠭᠦᠷᠢᠶ᠎ᠡ ᠬᠡᠪᠴᠢᠶᠡᠨ ᠳᠤ ᠬᠢᠵᠠᠭᠠᠷᠯᠠᠭᠳᠠᠬᠤ | ᠦᠭᠡᠢ᠃ | ᠳᠦᠴᠢᠳᠦᠭᠡᠷ ᠵᠣᠷᠪᠣᠰ ᠲᠤᠤᠷ᠎ᠠ ᠵᠢᠭᠰᠠᠭᠠᠭᠰᠠᠨ ᠮᠡᠳᠦ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠭᠠᠷᠪᠠᠯ᠂ ᠡᠯ᠎ᠡ ᠱᠠᠳᠤᠨ ᠤ ᠠᠷᠠᠳ ᠤᠨ | ᠵᠠᠰᠠᠭ ᠤᠨ ᠣᠷᠳᠣᠨ ᠤ ᠣᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠭᠠᠨ ᠵᠢᠯᠤᠭᠤᠳᠬᠤ ᠪᠠᠶᠢᠭᠤᠯᠤᠮᠵᠢ ᠠᠴᠠ ᠳᠠᠷᠤᠢ ᠳᠤᠨᠢ ᠱᠠᠲᠤ ᠳᠠᠷᠠᠭᠠᠯᠠᠨ | ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠭᠠᠨ ᠵᠢᠯᠤᠭᠤᠳᠬᠤ | ᠪᠠᠶᠢᠭᠤᠯᠤᠮᠵᠢ ᠳᠤ ᠮᠡᠳᠡᠭᠦᠯᠦᠨ᠎ᠡ᠄ | ︵ᠨᠢᠭᠡ︶ ᠬᠦᠨᠳᠦ ᠶᠡᠭᠡ᠂ ᠣᠨᠴᠡ ᠬᠦᠨᠳᠦ ᠶᠡᠭᠡ ᠣᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ︔ | ︵ᠬᠤᠶᠠᠷ︶ ᠨᠢᠭᠡ ᠬᠦᠮᠦᠨ ᠠᠴᠠ ᠲᠡᠭᠡᠭᠡᠰᠢ ᠠᠳᠡᠭᠳᠡᠭᠰᠡᠨ ᠪᠤᠶᠤ ᠬᠦᠨᠳᠦ ᠰᠢᠷᠬᠠᠳᠤᠭᠰᠠᠤᠨ ᠭᠠᠷᠤᠭᠰᠠᠨ ᠣᠢ ᠰᠢᠭᠤᠢ ᠲᠠᠯ᠎ᠠ ᠨᠤᠲᠤᠭ ᠤᠨ ᠭᠠᠯ | ᠲᠤᠶᠢᠮᠡᠷ︔ | ︵ᠭᠤᠷᠪᠠ︶ ᠰᠠᠭᠤᠭᠠᠯᠢ ᠠᠷᠠᠳ ᠤᠨ ᠲᠣᠭᠤᠷᠢᠭ᠂ ᠭᠤᠤᠯᠳᠠᠯᠭᠠᠳᠤ ᠲᠦᠭᠦᠭᠡᠷᠦᠮᠵᠢ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠣᠢ ᠰᠢᠭᠤᠢ ᠶᠢᠨ | ᠴᠡᠴᠡᠷᠯᠢᠭ᠂ ᠵᠢᠭᠤᠯᠴᠢᠯᠠᠯ ᠤᠨ ᠣᠷᠣᠨ ᠵᠡᠷᠭᠡ ᠳᠤ ᠰᠦᠷᠳᠡᠭᠦᠯᠦᠯ ᠪᠣᠯᠤᠭᠰᠠᠨ ᠣᠢ ᠰᠢᠭᠤᠢ ᠲᠠᠯ᠎ᠠ ᠨᠤᠲᠤᠭ ᠤᠨ ᠭᠠᠯ ᠲᠤᠶᠢᠮᠡᠷ︔ | ︵ᠳᠦᠷᠪᠡ︶ ᠤᠯᠤᠰ ᠤᠨ ᠬᠢᠯᠢ ᠶᠢᠨ ᠤᠶᠢᠷᠠᠯᠴᠠᠭ᠎ᠠ ᠡᠭᠦᠰᠦᠭᠰᠡᠨ ᠣᠢ ᠰᠢᠭᠤᠢ ᠲᠠᠯ᠎ᠠ ᠨᠤᠲᠤᠭ ᠤᠨ ᠭᠠᠯ ᠲᠤᠶᠢᠮᠡᠷ ︔ | ︵ᠲᠠᠪᠤ︶ ᠦᠪᠡᠷᠳᠡᠭᠡᠨ ᠵᠠᠰᠠᠬᠤ ᠣᠷᠣᠨ ᠲᠠᠢ ᠵᠠᠭᠠᠭᠯᠠᠭᠰᠠᠨ ᠭᠠᠵᠠᠷ ᠣᠷᠣᠨ ᠳᠤ ᠡᠭᠦᠰᠦᠭᠰᠡᠨ ᠲᠦᠭᠰᠢᠭᠦᠷᠢᠲᠦ ᠴᠢᠨᠠᠷ ᠢᠶᠠᠷ ᠶᠡᠭᠡ ᠣᠢ ᠰᠢᠭᠤᠢ ᠲᠠᠯ᠎ᠠ | ᠨᠤᠲᠤᠭ ᠤᠨ ᠭᠠᠯ ᠲᠤᠶᠢᠮᠡᠷ︔ | ︵ᠵᠢᠷᠭᠤᠭ᠎ᠠ︶ ᠪᠠᠶᠢᠭᠠᠯᠢᠯᠢᠭ ᠰᠢᠭᠤᠶᠢᠳᠤ ᠣᠷᠣᠨ ᠳᠤ ᠡᠭᠦᠰᠦᠭᠰᠡᠨ ᠣᠢ ᠰᠢᠭᠤᠢ ᠶᠢᠨ ᠭᠠᠯ ᠲᠦᠢᠮᠡᠷ︔ | ︵ᠲᠤᠯᠤᠭ᠎ᠠ︶ ᠠᠷᠪᠠᠨ ᠬᠤᠶᠠᠷ ᠴᠠᠭ ᠤᠨ ᠳᠣᠳᠤᠷ᠎ᠠ ᠢᠯᠡ ᠭᠠᠯ ᠢ ᠤᠨᠲᠠᠷᠠᠭᠠᠵᠤ ᠳᠡᠶᠢᠯᠦᠭᠡ ᠦᠭᠡᠢ ᠣᠢ ᠰᠢᠭᠤᠢ ᠲᠠᠯ᠎ᠠ ᠨᠤᠲᠤᠭ ᠤᠨ ᠭᠠᠯ ᠲᠤᠶᠢᠮᠡᠷ︔ | ︵ᠨᠠᠢᠮᠠ︶ ᠤᠯᠤᠰ ᠪᠠ ᠦᠪᠡᠷᠲᠡᠭᠡᠨ ᠵᠠᠰᠠᠬᠤ ᠣᠷᠣᠨ ᠠᠴᠠ ᠲᠤᠰᠠᠯᠠᠨ ᠠᠪᠤᠷᠠᠬᠤ ᠴᠢᠬᠤᠯᠠᠲᠠᠢ ᠣᠢ ᠰᠢᠭᠤᠢ ᠲᠠᠯ᠎ᠠ ᠨᠤᠲᠤᠭ ᠤᠨ ᠭᠠᠯ ᠲᠤᠶᠢᠮᠡᠷ︔ | ︵ᠶᠢᠰᠦ︶ ᠪᠣᠰᠤᠳ ᠮᠡᠳᠡᠭᠡᠯᠡᠬᠦ ᠴᠢᠬᠤᠯᠠᠲᠠᠢ ᠣᠢ ᠰᠢᠭᠤᠢ ᠲᠠᠯ᠎ᠠ ᠨᠤᠲᠤᠭ ᠤᠨ ᠭᠠᠯ ᠲᠤᠶᠢᠮᠡᠷ︔ | ᠲᠦᠴᠢᠨ ᠨᠢᠭᠡᠳᠦᠭᠡᠷ ᠵᠣᠷᠪᠤᠰ ᠣᠢ ᠰᠢᠭᠤᠢ ᠲᠠᠯ᠎ᠠ ᠨᠤᠲᠤᠭ ᠤᠨ ᠭᠠᠯ ᠲᠤᠶᠢᠮᠡᠷ ᠭᠠᠷᠪᠠᠯ᠂ ᠬᠤᠰᠢᠭᠤ ᠰᠢᠶᠠᠨ ᠤ ᠲᠡᠰ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠣᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠤᠭᠤᠳᠬᠤ ᠪᠠᠶᠢᠭᠤᠯᠤᠮᠵᠢ ᠠᠴᠠ ᠳᠤᠭᠳᠠᠭᠠᠯ ᠶᠣᠰᠤᠭᠠᠷ ᠳᠠᠷᠤᠢ ᠳᠤᠨᠢ ᠣᠢ | ᠰᠢᠭᠤᠢ ᠲᠠᠯ᠎ᠠ ᠨᠤᠲᠤᠭ ᠤᠨ ᠭᠠᠯ ᠲᠤᠶᠢᠮᠡᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠦᠰᠦᠯ ᠢ ᠡᠬᠢᠯᠡᠭᠦᠯᠬᠦ ᠬᠡᠷᠡᠭᠲᠡᠢ᠃ | ᠣᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠦᠰᠦᠯ ᠢ ᠡᠬᠢᠯᠡᠭᠦᠯᠦᠭᠰᠡᠨ ᠤ ᠳᠠᠷᠠᠭ᠎ᠠ᠂ | ᠬᠤᠯᠪᠤᠭᠳᠠᠯ ᠪᠦᠬᠦᠢ ᠭᠠᠯ ᠤᠨᠲᠠᠷᠠᠭᠠᠬᠤ ᠵᠢᠯᠤᠭᠤᠳᠬᠤ ᠪᠠᠶᠢᠭᠤᠯᠤᠮᠵᠢ ᠠᠴᠠ ᠭᠠᠯ ᠲᠦᠢᠮᠡᠷ ᠠᠴᠠ ᠠᠪᠤᠷᠠᠬᠤ ᠲᠦᠰᠦᠯ ᠢ ᠵᠦᠢ ᠵᠣᠬᠢᠰᠲᠠᠢ ᠳᠤᠭᠲᠠᠭᠠᠵᠤ᠂ | ᠭᠠᠯ ᠲᠦᠢᠮᠡᠷ ᠠᠴᠠ ᠠᠪᠤᠷᠠᠬᠤ ᠬᠦᠷᠢᠶ᠎ᠡ ᠬᠡᠪᠴᠢᠶ᠎ᠡ ᠪᠠᠨ ᠬᠤᠪᠢᠶᠠᠷᠢᠯᠠᠵᠤ᠂ ᠭᠠᠯ ᠲᠦᠢᠮᠡᠷ ᠡᠴᠠᠠᠪᠤᠷᠠᠬᠤ ᠬᠠᠷᠢᠭᠤᠴᠠᠯᠭᠠᠲᠠᠨ ᠢᠶᠠᠨ ᠳᠣᠭᠲᠠᠭᠠᠵᠤ᠂ ᠬᠠᠮᠳᠤ ᠳᠤᠨᠢ | ᠵᠢᠭᠠᠨ ᠲᠤᠭᠲᠠᠭᠠᠭᠰᠠᠨ ᠬᠠᠷᠢᠭᠤᠴᠠᠯᠭᠠᠲᠡᠨ ᠠᠴᠠ ᠭᠠᠯ ᠤᠨᠲᠠᠷᠠᠭᠠᠬᠤ ᠲᠤᠬᠠᠢ ᠶᠢᠨ ᠲᠠᠯᠠᠪᠤᠷ ᠲᠤ ᠬᠦᠷᠴᠦ ᠭᠠᠯ ᠤᠨᠲᠠᠷᠠᠭᠠᠬᠤ ᠶᠢ ᠵᠢᠭᠠᠨ ᠵᠢᠯᠤᠭᠤᠳᠬᠤ ᠬᠡᠷᠡᠭᠲᠡᠢ᠃ | | ᠲᠦᠴᠢᠨ ᠬᠤᠶᠡᠳᠤᠭᠠᠷ ᠵᠣᠷᠪᠤᠰ ᠣᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠤᠨ ᠠᠪᠤᠷᠠᠯᠳᠠ ᠶᠢ ᠰᠠᠭᠤᠭ᠎ᠠ ᠭᠠᠵᠠᠷ ᠤᠨ ᠵᠠᠰᠠᠭ ᠤᠨ ᠣᠷᠳᠤᠨ ᠤ | ᠣᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠤᠭᠤᠳᠬᠤ ᠪᠠᠶᠢᠭᠤᠯᠤᠮᠵᠢ ᠠᠴᠠ ᠨᠢᠭᠡᠳᠦᠯᠲᠠᠢ ᠵᠤᠬᠢᠶᠠᠨ ᠪᠠᠶᠢᠭᠤᠯᠬᠤ ᠪᠠ ᠵᠢᠭᠠᠨ ᠵᠢᠯᠤᠭᠤᠳᠤᠨ᠎ᠠ᠃ ᠭᠠᠯ | ᠤᠨᠲᠠᠷᠠᠭᠠᠬᠤ ᠵᠠᠷᠯᠢᠭ ᠢ ᠣᠯᠤᠭᠰᠠᠨ ᠨᠢᠭᠡᠴᠢ ᠪᠠ ᠬᠤᠪᠢ ᠬᠦᠮᠦᠨ ᠲᠣᠭᠳᠠᠭᠰᠠ ᠴᠠᠭ ᠬᠤᠭᠤᠴᠠᠭ᠎ᠠ᠂ ᠭᠠᠵᠠᠷ ᠣᠷᠣᠨ ᠪᠠ ᠱᠠᠭᠠᠷᠳᠠᠯᠭ᠎ᠠ ᠶᠣᠰᠤᠭᠠᠷ ᠭᠠᠯ | ᠤᠨᠲᠠᠷᠠᠭᠠᠬᠤ ᠳᠤ ᠣᠷᠤᠯᠴᠠᠬᠤ ᠬᠡᠷᠡᠭᠲᠡᠢ᠂ ᠰᠢᠯᠲᠠᠭᠯᠠᠨ ᠲᠦᠯᠬᠢᠬᠦ ᠪᠠ ᠲᠡᠪᠴᠢᠵᠤ ᠦᠯᠦ ᠪᠤᠯᠤᠨ᠎ᠠ᠃ | ᠲᠦᠴᠢᠨ ᠭᠤᠷᠪᠠᠳᠤᠭᠠᠷ ᠵᠣᠷᠪᠤᠰ ᠬᠤᠰᠢᠭᠤ ᠰᠢᠶᠠᠨ ᠤ ᠲᠡᠰ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠢ ᠰᠢᠭᠤᠢ ᠲᠠᠯ᠎ᠠ ᠨᠤᠲᠤᠭ ᠤᠨ | ᠭᠠᠯ ᠢ ᠰᠡᠷᠭᠡᠶᠢᠯᠡᠬᠦ ᠵᠢᠭᠠᠨ ᠵᠢᠯᠤᠭᠤᠳᠬᠤ ᠪᠠᠶᠢᠭᠤᠯᠤᠮᠵᠢ ᠠᠴᠠ ᠣᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠢ ᠤᠨᠲᠠᠷᠠᠭᠠᠨ ᠠᠪᠤᠷᠠᠬᠤ ᠬᠡᠷᠡᠭᠴᠡᠭᠡ ᠪᠠᠨ | ᠦᠨᠳᠦᠰᠦᠯᠡᠵᠦ᠂ ᠭᠠᠯ ᠤᠨᠲᠠᠷᠠᠭᠠᠬᠤ ᠡᠮᠦᠨ᠎ᠡ ᠹᠷᠣᠨᠲ ᠤᠨ ᠵᠢᠯᠤᠭᠤᠳᠬᠤ ᠪᠠᠶᠢᠭᠤᠯᠤᠮᠵᠢ ᠶᠢ ᠪᠠᠶᠢᠭᠤᠯᠵᠤ᠂ ᠭᠠᠯ ᠤᠨᠲᠠᠷᠠᠭᠠᠬᠤ ᠲᠤᠬᠠᠢ ᠶᠢᠨ ᠲᠠᠯᠠᠪᠠᠢ ᠶᠢᠨ | ᠨᠢᠭᠡᠳᠦᠯᠲᠡᠢ ᠲᠤᠬᠢᠷᠠᠭᠤᠯᠤᠨ ᠵᠢᠯᠣᠭᠤᠳᠬᠤ ᠶᠢ ᠬᠠᠷᠢᠭᠤᠴᠠᠵᠤ ᠪᠣᠯᠤᠨ᠎ᠠ᠃ | ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠬᠦᠨᠳᠦ ᠶᠡᠭᠡ᠂ ᠣᠨᠴᠠᠭᠠᠢ ᠬᠦᠨᠳᠦ ᠶᠡᠭᠡ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠠᠴᠠ ᠠᠪᠤᠷᠠᠬᠤ | ᠳᠤ᠂ ᠭᠠᠯ ᠲᠦᠢᠮᠡᠷ ᠭᠠᠷᠤᠭᠰᠠᠨ ᠭᠠᠵᠠᠷ ᠤᠨ ᠬᠠᠮᠲᠤ ᠶᠢᠨ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠭᠠᠯ ᠤᠨᠲᠠᠷᠠᠭᠠᠬᠤ ᠡᠮᠦᠨ᠎ᠡ | ᠹᠷᠣᠨᠲ ᠤᠨ ᠵᠢᠯᠣᠭᠤᠳᠬᠤ ᠪᠠᠶᠢᠭᠤᠯᠤᠮᠵᠢ ᠶᠢ ᠪᠠᠢᠭᠤᠯᠤᠨ᠎ᠠ᠃ | ᠶᠡᠭᠡ ᠬᠢᠩᠭᠠᠨ ᠳᠠᠪᠠᠭ᠎ᠠ ᠶᠢᠨ ᠭᠤᠣᠯᠳᠠᠯᠭ᠎ᠠ ᠲᠠᠢ ᠤᠯᠤᠰ ᠤᠨ ᠥᠮᠴᠢᠯᠡᠯᠳᠤ ᠰᠢᠭᠤᠶᠢᠲᠤ ᠣᠷᠣᠨ ᠤ ᠬᠦᠨᠳᠦ ᠶᠡᠭᠡ᠂ ᠣᠨᠴᠠ ᠬᠦᠨᠳᠦ ᠶᠡᠭᠡ ᠤᠢ ᠰᠢᠭᠤᠢ ᠶᠢᠨ | ᠭᠠᠯ ᠲᠦᠢᠮᠡᠷ ᠢ ᠤᠨᠲᠠᠷᠠᠭᠠᠬᠤ ᠳᠤ᠂ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠤᠯᠤᠰ ᠤᠨ ᠥᠮᠴᠢᠯᠡᠯᠳᠤ ᠤᠢ ᠰᠢᠭᠤᠢ ᠶᠢᠨ ᠬᠠᠮᠢᠶᠠᠷᠤᠯᠲᠠ ᠶᠢᠨ | ᠲᠣᠪᠴᠢᠶ᠎ᠠ ᠠᠴᠠ ᠭᠠᠯ ᠤᠨᠲᠠᠷᠠᠭᠠᠬᠤ ᠡᠮᠦᠨ᠎ᠡ ᠹᠷᠣᠨᠲ ᠤᠨ ᠵᠢᠯᠣᠭᠤᠳᠬᠤ ᠪᠠᠶᠢᠭᠤᠯᠤᠮᠵᠢ ᠶᠢ ᠵᠣᠬᠢᠶᠠᠨ ᠪᠠᠢᠭᠤᠯᠤᠨ᠎ᠠ᠃ | ᠲᠦᠴᠢᠨ ᠳᠥᠷᠪᠡᠳᠦᠭᠡᠷ ᠵᠣᠷᠪᠤᠰ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠢ ᠤᠨᠲᠠᠷᠠᠭᠠᠨ ᠠᠪᠤᠷᠠᠬᠤ ᠳᠤ ᠤᠢ ᠰᠢᠭᠤᠢ ᠲᠠᠯ᠎ᠠ ᠨᠤᠲᠤᠭ ᠤᠨ | ᠭᠠᠯ ᠤᠨᠲᠠᠷᠠᠭᠠᠬᠤ ᠲᠤᠰᠬᠠᠢ ᠡᠩᠨᠡᠭᠡ ᠪᠠᠷ ᠭᠤᠣᠯ ᠪᠣᠯᠭᠠᠨ᠂ ᠬᠠᠭᠠᠰ ᠲᠤᠰᠬᠠᠢ ᠡᠩᠨᠡᠭᠡ ᠪᠠᠷ ᠬᠠᠪᠰᠤᠷᠤᠮᠵᠢ ᠪᠣᠯᠭᠠᠬᠤ ᠬᠡᠷᠡᠭᠲᠡᠢ᠃ ᠤᠢ ᠰᠢᠭᠤᠢ ᠲᠠᠯ᠎ᠠ ᠨᠤᠲᠤᠭ | ᠤᠨ ᠭᠠᠯ ᠲᠦᠢᠮᠡᠷ ᠢ ᠤᠯᠠᠨ ᠲᠦᠮᠡᠨ ᠤ ᠭᠠᠯ ᠤᠨᠲᠠᠷᠠᠭᠠᠬᠤ ᠡᠩᠨᠡᠭᠡ ᠠᠴᠠ ᠤᠨᠲᠠᠷᠠᠭᠠᠬᠤ ᠳᠤ᠂ ᠪᠣᠯᠪᠠᠰᠤᠷᠠᠯ ᠳᠤ ᠣᠷᠣᠯᠴᠠᠭᠰᠠᠨ ᠮᠦᠷᠲᠡᠭᠡᠨ ᠭᠠᠯ ᠤᠨᠲᠠᠷᠠᠭᠠᠬᠤ | ᠵᠣᠬᠢᠬᠤ ᠮᠡᠳᠡᠯᠭᠡ᠂ ᠮᠡᠷᠭᠡᠵᠢᠯ ᠤᠨ ᠴᠢᠳᠠᠪᠤᠷᠢ ᠪᠣᠯᠤᠨ ᠥᠪᠡᠷ ᠢᠶᠠᠨ ᠠᠶᠤᠯ ᠠᠴᠠ ᠵᠠᠶᠢᠯᠠᠬᠤ ᠴᠢᠳᠠᠪᠤᠷᠢ ᠲᠠᠢ ᠬᠥᠮᠦᠰ ᠢ ᠵᠣᠬᠢᠶᠠᠨ ᠪᠠᠶᠢᠭᠤᠯᠤᠨ᠎ᠠ᠃ | ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠢ ᠤᠨᠲᠠᠷᠠᠭᠠᠬᠤ ᠳᠤ᠂ ᠵᠡᠮᠳᠡᠭ ᠬᠥᠮᠦᠰ᠂ ᠵᠢᠷᠮᠦᠰᠦᠨ ᠡᠮᠡᠭᠲᠡᠶ᠂ ᠨᠠᠰᠤᠨ ᠳᠤ ᠥᠯᠥ ᠬᠦᠷᠦᠭᠰᠡᠳ | ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠤᠨᠲᠠᠷᠠᠭᠠᠬᠤ ᠳᠤ ᠲᠣᠬᠢᠷᠠᠬᠤ ᠥᠬᠡᠶ ᠪᠤᠰᠤᠳ ᠬᠥᠮᠦᠰ ᠢ ᠳᠠᠶᠢᠴᠢᠯᠠᠵᠤ ᠪᠣᠯᠬᠤ ᠥᠬᠡᠶ᠃ | ᠲᠦᠴᠢᠨ ᠲᠠᠪᠤᠳᠤᠭᠠᠷ ᠵᠣᠷᠪᠤᠰ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠵᠡᠪᠰᠡᠭᠲᠦ ᠴᠠᠭᠳᠠᠭ᠎ᠠ ᠶᠢᠨ ᠣᠢ ᠰᠢᠭᠤᠶ ᠶᠢᠨ ᠴᠡᠷᠢᠭ ᠠᠩᠭᠢ ᠣᠢ | ᠰᠢᠭᠤᠶ ᠲᠠᠯ᠎ᠠ ᠨᠤᠲᠤᠭ ᠤᠨ ᠭᠠᠯ ᠤᠨᠲᠠᠷᠠᠭᠠᠬᠤ ᠡᠭᠦᠷᠭᠡ ᠶᠢ ᠭᠦᠢᠴᠡᠳᠬᠡᠬᠦ ᠳᠡᠭᠡᠨ ᠭᠠᠯ ᠭᠠᠷᠤᠭᠰᠠᠨ ᠭᠠᠵᠠᠷ ᠤᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠤ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠤᠨ ᠵᠢᠭᠠᠨ ᠵᠢᠯᠣᠭᠤᠳᠬᠤ ᠪᠠᠶᠢᠭᠤᠯᠤᠮᠵᠢ ᠶᠢᠨ ᠨᠢᠭᠡᠳᠦᠯᠲᠡᠶ | ᠵᠢᠯᠣᠭᠤᠳᠤᠯᠭ᠎ᠠ ᠶᠢ ᠳᠠᠭᠠᠬᠤ ᠬᠡᠷᠡᠭᠲᠡᠶ︔ ᠠᠶᠢᠮᠠᠭ ᠬᠤᠳᠠ ᠠᠯᠤᠰᠯᠠᠭᠰᠠᠨ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠢ ᠤᠨᠲᠠᠷᠠᠭᠠᠬᠤ ᠡᠭᠦᠷᠭᠡ ᠶᠢ | ᠭᠦᠢᠴᠡᠳᠬᠡᠬᠦ ᠳᠤ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠶᠢᠨ ᠨᠢᠭᠡᠳᠦᠯᠲᠡᠢ | ᠵᠢᠯᠤᠭᠤᠳᠤᠯᠭ᠎ᠠ ᠪᠠ ᠲᠣᠬᠢᠷᠠᠭᠤᠯᠤᠯᠲᠠ ᠶᠢ ᠳᠠᠭᠠᠬᠤ ᠬᠡᠷᠡᠭᠲᠡᠢ᠃ | ᠲᠦᠴᠢᠨ ᠵᠢᠷᠭᠤᠳᠤᠭᠠᠷ ᠵᠣᠷᠪᠤᠰ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠠᠷᠠᠳ ᠤᠨ ᠴᠢᠯᠥᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ | ᠠᠩᠭᠢ᠂ ᠳᠣᠲᠣᠭᠠᠳᠤ ᠶᠢ ᠬᠠᠮᠠᠭᠠᠯᠠᠬᠤ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠣᠢ ᠰᠢᠭᠤᠶ ᠲᠠᠯ᠎ᠠ ᠨᠤᠲᠤᠭ ᠤᠨ ᠭᠠᠯ ᠤᠨᠲᠠᠷᠠᠭᠠᠬᠤ ᠡᠭᠦᠷᠭᠡ ᠶᠢ | ᠭᠦᠢᠴᠡᠳᠬᠡᠬᠦ ᠳᠤ᠂ ᠰᠠᠭᠤᠭ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠡᠳ᠋ ᠪᠣᠳᠠᠰ᠂ ᠲᠣᠨᠤᠭ ᠲᠥᠬᠦᠭᠡᠷᠦᠮᠵᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠪᠠᠲᠤᠯᠠᠭ᠎ᠠ ᠶᠢ ᠬᠠᠩᠭᠠᠬᠤ ᠬᠡᠷᠡᠭᠲᠡᠶ᠃ | ᠲᠦᠴᠢᠨ ᠳᠣᠯᠣᠳᠤᠭᠠᠷ ᠵᠣᠷᠪᠤᠰ ᠤᠢ ᠰᠢᠭᠤᠢ ᠲᠠᠯ᠎ᠠ ᠨᠤᠲᠤᠭ ᠲᠤ ᠭᠠᠯ ᠲᠦᠢᠮᠡᠷ ᠭᠠᠷᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠢ | ᠰᠢᠭᠤᠢ ᠲᠠᠯ᠎ᠠ ᠨᠤᠲᠤᠭ ᠤᠨ ᠭᠠᠯ ᠲᠦᠢᠮᠡᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠪᠣᠯᠤᠨ ᠤᠢ ᠰᠢᠭᠤᠢ ᠲᠠᠯ᠎ᠠ ᠨᠤᠲᠤᠭ ᠤᠨ ᠭᠠᠯ ᠢ | ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠶᠢᠨ ᠨᠢᠭᠡᠳᠦᠯᠲᠡᠢ ᠵᠢᠯᠣᠭᠤᠳᠤᠯᠭ᠎ᠠ ᠶᠣᠰᠣᠭᠠᠷ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠢ ᠤᠨᠲᠠᠷᠠᠭᠠᠬᠤ | ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ | ᠴᠠᠭ ᠠᠭᠤᠷ ᠤᠨ ᠠᠵᠢᠯ ᠢ ᠭᠤᠣᠯᠴᠢᠯᠠᠨ ᠬᠠᠮᠢᠶᠠᠷᠬᠤ ᠪᠠᠢᠭᠤᠯᠤᠮᠵᠢ ᠠᠴᠠ ᠭᠠᠯ ᠭᠠᠷᠤᠭᠰᠠᠨ ᠭᠠᠵᠠᠷ ᠣᠷᠣᠨ ᠤ ᠴᠠᠭ ᠠᠭᠤᠷ ᠤᠨ ᠤᠷᠢᠳᠴᠢᠯᠠᠭᠰᠠᠨ | ᠮᠡᠳᠡᠭᠡ ᠶᠢ ᠴᠠᠭ ᠲᠤᠬᠠᠶ ᠳᠤᠨᠢ ᠬᠠᠩᠭᠠᠬᠤ ᠶᠢᠨ ᠬᠠᠮᠲᠤ ᠴᠠᠭ ᠠᠭᠤᠷ ᠤᠨ ᠨᠥᠬᠦᠴᠡᠯ ᠢ ᠦᠨᠳᠦᠰᠦᠯᠡᠨ ᠴᠠᠭ ᠲᠤᠬᠠᠶ ᠳᠤᠨᠢ ᠬᠥᠮᠦᠨ ᠤ ᠬᠦᠴᠦ ᠪᠠᠷ ᠪᠣᠷᠣᠭᠠᠨ | ᠨᠡᠮᠡᠭᠳᠡᠭᠦᠯᠬᠦ ᠠᠵᠢᠯ ᠢ ᠥᠷᠨᠢᠭᠦᠯᠬᠦ ᠬᠡᠷᠡᠭᠲᠡᠶ᠃ | ᠵᠠᠮ ᠲᠡᠭᠡᠭᠡᠪᠦᠷᠢ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠰᠠᠯᠠᠭ᠎ᠠ ᠮᠥᠴᠢᠷ ᠤᠳ ᠲᠡᠭᠡᠭᠡᠪᠦᠷᠢ ᠶᠢᠨ ᠪᠠᠭᠠᠵᠢ ᠬᠡᠷᠡᠭᠰᠡᠯ ᠪᠠ ᠥᠷᠲᠡᠭᠡ ᠲᠠᠯᠠᠪᠤᠷ ᠤᠨ | ᠦᠢᠯᠡᠴᠢᠯᠡᠭᠡ ᠶᠢ ᠤᠷᠢᠳᠠᠪᠠᠷ ᠬᠠᠩᠭᠠᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠬᠥᠮᠦᠰ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠳ᠋ ᠪᠣᠳᠠᠰ ᠢ | ᠤᠷᠢᠳᠠᠪᠠᠷ ᠵᠣᠬᠢᠶᠠᠨ ᠪᠠᠢᠭᠤᠯᠵᠤ ᠲᠡᠭᠡᠭᠡᠪᠦᠷᠢᠯᠡᠨ ᠬᠦᠷᠭᠡᠬᠦ ᠬᠡᠷᠡᠭᠲᠡᠶ᠃ | ᠮᠡᠳᠡᠭᠡ ᠬᠤᠯᠪᠣᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠠᠴᠢᠮ ᠪᠠᠶᠢᠳᠠᠯ ᠢ ᠠᠷᠭᠠᠴᠠᠭᠠᠬᠤ ᠮᠡᠳᠡᠭᠡ ᠬᠤᠯᠪᠣᠭᠠᠨ ᠤ ᠪᠠᠲᠤᠯᠠᠭ᠎ᠠ ᠶᠢ | ᠵᠣᠬᠢᠶᠠᠨ ᠪᠠᠶᠢᠭᠤᠯᠤᠨ ᠬᠠᠩᠭᠠᠬᠤ ᠬᠡᠷᠡᠭᠲᠡᠶ᠃ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠶᠤᠯ ᠠᠴᠠ ᠵᠠᠶᠢᠯᠠᠬᠤ ᠭᠠᠵᠠᠷ ᠪᠠ ᠭᠠᠮᠰᠢᠭ ᠠᠴᠠ ᠠᠪᠤᠷᠠᠬᠤ ᠡᠳ᠋ ᠪᠣᠳᠠᠰ ᠤᠨ ᠬᠠᠩᠭᠠᠯᠭ᠎ᠠ ᠶᠢᠨ ᠴᠡᠭ ᠢ | ᠴᠠᠭ ᠲᠤᠬᠠᠶ ᠳᠤᠨᠢ ᠪᠠᠢᠭᠤᠯᠵᠤ᠂ ᠭᠠᠮᠰᠢᠭᠳᠠᠭᠰᠠᠨ ᠠᠷᠠᠳ ᠢ ᠪᠠᠴᠢᠮ ᠰᠢᠯᠵᠢᠭᠦᠯᠬᠦ ᠶᠢᠨ ᠬᠠᠮᠲᠤ ᠲᠣᠬᠢᠲᠠᠶ ᠲᠥᠪᠬᠢᠨᠡᠭᠦᠯᠵᠦ᠂ ᠭᠠᠮᠰᠢᠭᠳᠠᠭᠰᠠᠨ ᠣᠯᠠᠨ ᠲᠦᠮᠡᠨ ᠢ | ᠠᠪᠤᠷᠠᠨ ᠲᠤᠰᠠᠯᠠᠬᠤ ᠠᠵᠢᠯ ᠢ ᠥᠷᠨᠢᠭᠦᠯᠬᠦ ᠬᠡᠷᠡᠭᠲᠡᠶ᠃ | ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡ ᠮᠥᠩᠭᠦ ᠶᠢ ᠴᠠᠭ ᠲᠤᠬᠠᠶ ᠳᠤᠨᠢ ᠰᠠᠯᠭᠠᠨ | ᠥᠭᠬᠦ ᠬᠡᠷᠡᠭᠲᠡᠶ᠃ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠠᠮᠤᠷ ᠢ ᠬᠠᠮᠠᠭᠠᠯᠠᠬᠤ ᠡᠮᠬᠢ ᠵᠢᠷᠤᠮ ᠢ ᠬᠠᠮᠠᠭᠠᠯᠠᠨ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠶ᠃ | ᠬᠤᠳᠠᠯᠳᠤᠭᠠᠨ ᠤ ᠶᠠᠪᠤᠳᠠᠯ᠂ ᠡᠷᠡᠭᠦᠯ ᠬᠠᠮᠠᠭᠠᠯᠠᠯ ᠵᠡᠷᠭᠡ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠡᠳ᠋ ᠪᠣᠳᠠᠰ ᠤᠨ ᠬᠠᠩᠭᠠᠯᠭ᠎ᠠ᠂ ᠡᠮᠨᠡᠵᠦ | ᠠᠪᠤᠷᠠᠬᠤ ᠪᠠ ᠡᠷᠡᠭᠦᠯ ᠢ ᠬᠠᠮᠠᠭᠠᠯᠠᠵᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠴᠠᠭ ᠲᠤᠬᠠᠶ ᠳᠤᠨᠢ ᠵᠣᠬᠢᠶᠠᠨ ᠪᠠᠢᠭᠤᠯᠵᠤ ᠰᠠᠶᠢᠲᠤᠷ ᠬᠢᠬᠦ ᠬᠡᠷᠡᠭᠲᠡᠶ᠃ | ᠰᠠᠭᠠᠤᠭᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠠᠴᠠ ᠬᠦᠮᠦᠨ᠂ | ᠡᠳ᠋ ᠬᠥᠷᠥᠩᠭᠡ ᠶᠢ ᠴᠠᠭ ᠲᠤᠬᠠᠶ ᠳᠤᠨᠢ ᠲᠠᠷᠬᠠᠭᠠᠬᠤ᠂ ᠰᠢᠯᠵᠢᠭᠦᠯᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ | ᠳᠥᠴᠢᠨ ᠨᠠᠢᠮᠠᠳᠤᠭᠠᠷ ᠵᠣᠷᠪᠤᠰ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠢ ᠤᠨᠲᠠᠷᠠᠭᠠᠭᠰᠠᠨ ᠤ ᠲᠠᠷᠠᠭ᠎ᠠ᠂ ᠰᠠᠭᠤᠭ᠎ᠠ ᠭᠠᠵᠠᠷ ᠤᠨ ᠠᠷᠠᠳ ᠤᠨ | ᠵᠠᠰᠠᠭ ᠤᠨ ᠣᠷᠳᠣᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠠᠴᠠ ᠭᠠᠯ ᠤᠨᠲᠠᠷᠠᠭᠠᠬᠤ ᠡᠩᠨᠡᠭᠡ ᠶᠢ | ᠵᠣᠬᠢᠶᠠᠨ ᠪᠠᠶᠢᠭᠤᠯᠤᠨ ᠭᠠᠯ ᠲᠦᠢᠮᠡᠷ ᠤᠨ ᠲᠤᠬᠠᠢ ᠶᠢᠨ ᠲᠠᠯᠠᠪᠠᠢ ᠳᠤ ᠪᠦᠬᠦ ᠲᠠᠯ᠎ᠠ ᠪᠠᠷ ᠪᠠᠶᠢᠴᠠᠭᠠᠯᠲᠠ ᠬᠢᠵᠦ᠂ ᠦᠯᠡᠳᠡᠭᠰᠡᠨ ᠭᠠᠯ ᠢ ᠴᠡᠪᠡᠷᠯᠡᠬᠦ ᠶᠢᠨ ᠬᠠᠮᠲᠤ᠂ | ᠭᠠᠯ ᠤᠨ ᠲᠠᠯᠠᠪᠠᠢ ᠶᠢ ᠰᠠᠬᠢᠨ ᠬᠠᠮᠠᠭᠠᠯᠠᠬᠤ ᠠᠵᠢᠯᠲᠠᠨ ᠢ ᠭᠦᠢᠴᠡᠳ ᠦᠯᠡᠳᠡᠭᠡᠵᠦ᠂ ᠬᠢᠨᠠᠨ ᠪᠠᠶᠢᠴᠠᠭᠠᠵᠦ ᠬᠢᠷᠢ ᠲᠡᠩᠴᠡᠭᠰᠡᠨ ᠤ ᠲᠠᠷᠠᠭ᠎ᠠ ᠰᠠᠶ᠋ᠢ ᠰᠠᠬᠢᠨ | ᠬᠠᠷᠠᠭᠴᠢᠳ ᠠᠴᠠ ᠤᠬᠤᠷᠢᠨ ᠭᠠᠷᠴᠤ ᠪᠣᠯᠤᠨ᠎ᠠ᠃ | | ᠲᠠᠪᠤᠳᠤᠭᠠᠷ ᠪᠦᠯᠦᠭ ᠭᠠᠮᠰᠢᠭ ᠤᠨ ᠳᠠᠷᠠᠭ᠎ᠠ ᠰᠢᠶᠳᠪᠦᠷᠢᠯᠡᠬᠦ | ᠳᠥᠴᠢ ᠶᠢᠰᠦᠳᠦᠭᠡᠷ ᠵᠣᠷᠪᠤᠰ ᠣᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠤᠨ ᠬᠡᠷᠡᠭ ᠡᠭᠦᠰᠦᠭᠰᠡᠨ ᠤ ᠳᠠᠷᠠᠭ᠎ᠠ᠂ ᠬᠤᠰᠢᠭᠤ ᠰᠢᠶᠠᠨ ᠤ ᠱᠠᠲᠤᠨ | ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠢ ᠰᠢᠭᠤᠢ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠪᠠ ᠨᠢᠭᠡᠴᠢ ᠲᠠᠢ ᠬᠠᠮᠲᠤᠷᠠᠨ ᠣᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠤᠨ ᠡᠭᠦᠰᠦᠭᠰᠡᠨ ᠴᠠᠭ᠂ ᠣᠷᠣᠨ᠂ ᠰᠢᠯᠲᠠᠭᠠᠨ᠂ ᠬᠡᠷᠡᠭ ᠭᠠᠷᠭᠠᠭᠰᠠᠳ | ᠪᠠ ᠬᠤᠬᠢᠷᠠᠯ ᠠᠮᠰᠠᠭᠰᠠᠨ ᠣᠢ ᠰᠢᠭᠤᠶ ᠲᠠᠯ᠎ᠠ ᠨᠤᠲᠤᠭ ᠤᠨ ᠲᠠᠯᠠᠪᠠᠢ᠂ ᠬᠤᠷᠠᠮᠳᠤᠯᠭ᠎ᠠ᠂ ᠬᠥᠮᠥᠨ ᠤ ᠦᠬᠦᠵᠦ ᠰᠢᠷᠬᠠᠲᠤᠭᠰᠠᠨ᠂ ᠭᠠᠮᠰᠢᠭᠳᠠᠭᠰᠠᠨ ᠮᠠᠯ | ᠵᠢᠭᠦᠷᠲᠡᠨ ᠤ ᠲᠥᠷᠥᠯ ᠵᠦᠶᠯ ᠪᠠ ᠲᠤᠭ᠎ᠠ ᠬᠡᠮᠵᠢᠶ᠎ᠡ᠂ ᠬᠤᠪᠤᠷ ᠴᠤᠬᠠᠭ ᠬᠡᠭᠡᠷ᠎ᠡ ᠶᠢᠨ ᠠᠮᠢᠲᠠᠨ ᠤᠷᠭᠤᠮᠠᠯ ᠤᠨ ᠲᠥᠷᠥᠯ ᠵᠦᠶᠯ ᠪᠠ ᠲᠤᠭ᠎ᠠ ᠬᠡᠮᠵᠢᠶ᠎ᠡ᠂ ᠵᠢᠴᠢ | ᠬᠥᠮᠦᠨ ᠤ ᠬᠦᠴᠦ ᠪᠤᠯᠤᠨ ᠡᠳ᠋ ᠪᠣᠳᠠᠰ ᠤᠨ ᠬᠤᠷᠣᠭᠳᠠᠯ᠂ ᠪᠣᠰᠤᠳ ᠠᠵᠤ ᠠᠬᠤᠢ ᠶᠢᠨ ᠬᠤᠬᠢᠷᠠᠯ᠂ ᠬᠡᠷᠡᠭ ᠤᠨ ᠬᠠᠷᠢᠭᠤᠴᠠᠯᠭ᠎ᠠ ᠶᠢᠨ ᠲᠤᠬᠠᠢ ᠪᠠᠶᠢᠴᠠᠭᠠᠯᠲᠠ ᠪᠠ | ᠦᠨᠡᠯᠡᠯᠲᠡ ᠬᠢᠬᠦ ᠬᠡᠷᠡᠭᠲᠡᠶ︔ ᠰᠠᠭᠤᠭ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠪᠠᠶᠢᠴᠠᠭᠠᠯᠲᠠ ᠪᠠ ᠦᠨᠡᠯᠡᠯᠲᠡ ᠶᠢᠨ ᠦᠷ᠎ᠡ ᠳ᠋ᠦᠩ ᠢ | ᠦᠨᠳᠦᠰᠦᠯᠡᠵᠦ᠂ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠤᠨ ᠬᠠᠷᠢᠭᠤᠴᠠᠯᠭᠠᠳᠤ ᠪᠠᠶᠢᠭᠤᠯᠭ᠎ᠠ ᠪᠠ ᠬᠠᠷᠢᠭᠤᠴᠠᠯᠭᠠᠲᠠᠨ ᠢ ᠲᠤᠭᠲᠠᠭᠠᠬᠤ ᠶᠢᠨ ᠬᠠᠮᠳᠤ | ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ | ᠲᠠᠪᠢᠳᠤᠭᠠᠷ ᠵᠣᠷᠪᠤᠰ ᠤᠯᠤᠰ ᠤᠨ ᠬᠢᠯᠢ ᠶᠢᠨ ᠤᠶᠢᠷ᠎ᠠ ᠬᠠᠪᠢ ᠶᠢᠨ ᠭᠠᠯ ᠲᠦᠢᠮᠡᠷ ᠪᠣᠯᠤᠨ ᠬᠦᠨᠳᠦ ᠶᠡᠭᠡ᠂ ᠣᠨᠴᠠ ᠬᠦᠨᠳᠦ ᠶᠡᠭᠡ ᠭᠠᠯ ᠲᠦᠢᠮᠡᠷ | ᠵᠢᠴᠢ ᠬᠥᠮᠥᠨ ᠤ ᠦᠬᠦᠵᠦ ᠰᠢᠷᠬᠠᠲᠤᠭᠰᠠᠨ ᠠᠳᠡᠯ ᠭᠠᠷᠭᠠᠭᠰᠠᠨ ᠭᠠᠯ ᠲᠦᠢᠮᠡᠷ ᠲᠤ᠂ ᠰᠠᠭᠤᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠢᠯᠣᠭᠤᠳᠬᠤ ᠪᠠᠶᠢᠭᠤᠯᠤᠮᠵᠢ ᠠᠴᠠ ᠲᠤᠰᠬᠠᠢ ᠳᠠᠩᠰᠠ ᠡᠪᠬᠡᠮᠡᠯ ᠪᠠᠶᠢᠭᠤᠯᠬᠤ | ᠬᠡᠷᠡᠭᠲᠡᠢ᠃ | ᠲᠠᠪᠢᠨ ᠨᠢᠭᠡᠳᠦᠭᠡᠷ ᠵᠣᠷᠪᠤᠰ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠠᠴᠠ ᠪᠤᠯᠵᠤ ᠰᠢᠷᠬᠠᠳᠤᠭᠰᠠᠨ᠂ ᠵᠡᠮᠳᠡᠭ ᠪᠣᠯᠤᠭᠰᠠᠨ ᠪᠤᠶᠤ | ᠠᠳᠡᠭᠳᠡᠭᠰᠡᠳ ᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠮᠨᠡᠨ ᠵᠠᠰᠠᠭᠤᠯᠵᠤ᠂ ᠠᠰᠠᠷᠠᠮᠵᠢ ᠦᠵᠡᠭᠦᠯᠬᠦ ᠬᠡᠷᠡᠭᠲᠡᠢ᠃ | ᠦᠷᠡᠭᠳᠡᠭᠰᠡᠨ ᠪᠠᠭᠠᠲᠤᠷᠴᠤᠳ ᠢ ᠦᠨᠡᠯᠡᠨ ᠲᠣᠭᠲᠠᠭᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ︽ᠦᠷᠡᠭᠳᠡᠭᠰᠡᠨ ᠪᠠᠭᠠᠲᠤᠷᠴᠤᠳ ᠢ ᠰᠠᠶᠢᠰᠢᠶᠠᠬᠤ | ᠲᠥᠷᠢᠮ︾᠂ ︽ᠴᠡᠷᠢᠭ ᠤᠨ ᠠᠰᠠᠷᠠᠮᠵᠢ ᠬᠠᠷᠠᠭᠠᠯᠵᠠᠯ ᠤᠨ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠶᠴᠡᠳᠬᠡᠨ᠎ᠡ᠃ | ᠲᠠᠪᠢᠨ ᠬᠤᠶᠠᠳᠤᠭᠠᠷ ᠵᠣᠷᠪᠤᠰ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠢ ᠠᠪᠤᠷᠠᠨ ᠲᠤᠰᠠᠯᠠᠭᠰᠠᠨ ᠬᠥᠮᠦᠰ ᠤᠨ ᠠᠵᠢᠯ ᠰᠠᠭᠠᠲᠠᠭᠠᠭᠰᠠᠨ | ᠨᠥᠬᠦᠪᠥᠷᠢ ᠪᠣᠯᠤᠨ ᠠᠮᠢᠳᠤᠷᠠᠯ ᠤᠨ ᠲᠤᠰᠠᠯᠠᠮᠵᠢ ᠵᠢᠴᠢ ᠤᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠲᠤ ᠭᠠᠷᠤᠭᠰᠠᠨ ᠪᠤᠰᠤᠳ ᠵᠠᠷᠤᠳᠠᠯ ᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠰᠠᠨ ᠪᠠᠷᠢᠮᠵᠢᠶ᠎ᠠ ᠶᠣᠰᠣᠭᠠᠷ᠂ ᠭᠠᠯ ᠲᠦᠢᠮᠡᠷ ᠤᠨ ᠬᠡᠷᠡᠭ ᠭᠠᠷᠭᠠᠭᠰᠠᠨ ᠨᠢᠭᠡᠴᠢ ᠪᠤᠶᠤ ᠬᠤᠪᠢ | ᠬᠥᠮᠦᠨ ᠠᠴᠠ ᠲᠥᠯᠥᠬᠦ ᠬᠡᠷᠡᠭᠲᠡᠢ︔ ᠭᠠᠯ ᠭᠠᠷᠤᠭᠰᠠᠨ ᠰᠢᠯᠲᠠᠭᠠᠨ ᠨᠢ ᠲᠣᠳᠣᠷᠬᠠᠢ ᠥᠬᠡᠶ ᠪᠣᠯ ᠭᠠᠯ ᠠᠯᠳᠠᠭᠰᠠᠨ ᠨᠢᠭᠡᠴᠢ ᠠᠴᠠ ᠲᠦᠯᠦᠨ᠎ᠡ︔ ᠭᠠᠯ | ᠲᠦᠢᠮᠡᠷ ᠤᠨ ᠬᠡᠷᠡᠭ ᠭᠠᠷᠭᠠᠭᠰᠠᠨ ᠨᠢᠭᠡᠴᠢ᠂ ᠬᠤᠪᠢ ᠬᠦᠮᠦᠨ ᠪᠤᠶᠤ ᠭᠠᠯ ᠠᠯᠳᠠᠭᠰᠠᠨ ᠨᠢᠭᠡᠴᠢ ᠨᠢ ᠲᠥᠯᠥᠬᠦ ᠴᠢᠳᠠᠯ ᠥᠬᠡᠶ ᠬᠡᠰᠡᠭ ᠢ ᠲᠤᠬᠠᠢ ᠶᠢᠨ ᠭᠠᠵᠠᠷ ᠤᠨ | ᠠᠷᠠᠳ ᠤᠨ ᠵᠠᠰᠠᠭ ᠤᠨ ᠣᠷᠳᠣᠨ ᠠᠴᠠ ᠲᠦᠯᠦᠨ᠎ᠡ᠃ ᠠᠵᠢᠯ ᠰᠠᠭᠠᠲᠠᠭᠰᠠᠨ ᠨᠥᠬᠦᠪᠥᠷᠢ ᠪᠠ ᠠᠮᠢᠳᠤᠷᠠᠯ ᠤᠨ ᠲᠤᠰᠠᠯᠠᠮᠵᠢ ᠶᠢᠨ ᠵᠠᠷᠤᠳᠠᠯ ᠵᠢᠴᠢ ᠤᠢ ᠰᠢᠭᠤᠢ ᠲᠠᠯ᠎ᠠ | ᠨᠤᠲᠤᠭ ᠤᠨ ᠭᠠᠯ ᠲᠦᠢᠮᠡᠷ ᠢ ᠤᠨᠲᠠᠷᠠᠭᠠᠬᠤ ᠳᠤ ᠡᠭᠦᠰᠦᠭᠰᠡᠨ ᠪᠤᠰᠤᠳ ᠵᠠᠷᠤᠳᠠᠯ ᠢ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠤᠷᠢᠳᠠᠪᠠᠷ | ᠥᠭᠴᠦ ᠪᠣᠯᠤᠨ᠎ᠠ᠃ | ᠲᠠᠪᠢᠨ ᠭᠤᠷᠪᠠᠳᠤᠭᠠᠷ ᠵᠣᠷᠪᠤᠰ ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠭᠠᠯ ᠲᠦᠢᠮᠡᠷ ᠢ ᠠᠪᠤᠷᠠᠬᠤ ᠳᠤ ᠭᠠᠷᠤᠭᠰᠠᠨ ᠵᠠᠷᠤᠳᠠᠯ ᠢ ᠭᠠᠯ ᠲᠦᠢᠮᠡᠷ | ᠭᠠᠷᠤᠭᠰᠠᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠳᠡᠯᠴᠡᠨ ᠰᠢᠶᠳᠪᠦᠷᠢᠯᠡᠨ᠎ᠡ︔ ᠶᠡᠭᠡ ᠬᠢᠩᠭᠠᠨ ᠳᠠᠪᠠᠭ᠎ᠠ ᠶᠢ | ᠰᠤᠨᠳᠠᠯᠠᠭᠰᠠᠨ ᠭᠤᠣᠯᠳᠠᠯᠭ᠎ᠠ ᠲᠠᠢ ᠤᠯᠤᠰ ᠤᠨ ᠥᠮᠴᠢᠯᠡᠯᠳᠤ ᠰᠢᠭᠤᠶᠢᠲᠤ ᠣᠷᠣᠨ ᠤ ᠬᠡᠪᠴᠢᠶᠡᠨ ᠤ ᠭᠠᠯ ᠲᠦᠢᠮᠡᠷ ᠢ ᠠᠪᠤᠷᠠᠬᠤ ᠳᠤ ᠭᠠᠷᠤᠭᠰᠠᠨ ᠵᠠᠷᠤᠳᠠᠯ ᠢ | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠤᠯᠤᠰ ᠤᠨ ᠥᠮᠴᠢᠯᠡᠯᠳᠤ ᠤᠢ | ᠰᠢᠭᠤᠢ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠵᠥᠪᠳᠡᠯᠴᠡᠨ ᠰᠢᠢᠳᠪᠦᠷᠢᠯᠡᠨ᠎ᠡ᠃ | ᠲᠠᠪᠢᠨ ᠳᠥᠷᠪᠡᠳᠦᠭᠡᠷ ᠵᠣᠷᠪᠤᠰ ᠤᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠢ ᠤᠨᠲᠠᠷᠠᠭᠠᠭᠰᠠᠨ ᠤ ᠳᠠᠷᠠᠭ᠎ᠠ᠂ ᠲᠤᠬᠠᠶ ᠶᠢᠨ ᠭᠠᠵᠠᠷ ᠤᠨ ᠠᠷᠠᠳ | ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠭᠠᠯ ᠭᠠᠷᠤᠭᠰᠠᠨ ᠭᠠᠵᠠᠷ ︵ᠣᠷᠣᠮ︶ ᠤᠨ ᠬᠤᠣᠷᠲᠤ ᠠᠮᠢᠳᠤ ᠪᠣᠳᠠᠰ ᠢ ᠰᠡᠷᠭᠡᠶᠢᠯᠡᠨ | ᠵᠠᠰᠠᠬᠤ ᠪᠠ ᠭᠠᠯ ᠲᠦᠢᠮᠡᠷ ᠤᠨ ᠣᠷᠣᠨ ᠤ ᠬᠥᠮᠥᠨ ᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠬᠢᠵᠢᠭ ᠢ ᠪᠠᠶᠢᠴᠠᠭᠠᠬᠤ ᠠᠵᠢᠯ ᠢ ᠰᠠᠶᠢᠲᠤᠷ ᠬᠢᠬᠦ | ᠬᠡᠷᠡᠭᠲᠡᠶ᠃ | ᠲᠠᠪᠢᠨ ᠲᠠᠪᠤᠳᠤᠭᠠᠷ ᠵᠣᠷᠪᠤᠰ ᠣᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠢ ᠤᠨᠲᠠᠷᠠᠭᠠᠭᠰᠠᠨ ᠤ ᠳᠠᠷᠠᠭ᠎ᠠ᠂ ᠲᠤᠬᠠᠶ ᠶᠢᠨ ᠭᠠᠵᠠᠷ ᠤᠨ ᠠᠷᠠᠳ ᠤᠨ | ᠵᠠᠰᠠᠭ ᠤᠨ ᠣᠷᠳᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠣᠢ ᠰᠢᠭᠤᠶ ᠲᠠᠯ᠎ᠠ ᠨᠤᠲᠤᠭ ᠤᠨ ᠤᠷᠭᠤᠮᠠᠯ ᠬᠤᠴᠢᠯᠭ᠎ᠠ ᠶᠢ ᠰᠡᠷᠭᠦᠭᠡᠬᠦ | ᠲᠥᠰᠦᠯ ᠢ ᠴᠠᠭ ᠲᠤᠬᠠᠶ ᠳᠤᠨᠢ ᠲᠣᠭᠲᠠᠭᠠᠨ ᠬᠡᠷᠡᠭᠵᠢᠭᠦᠯᠬᠦ ᠬᠡᠷᠡᠭᠲᠡᠶ᠃ ᠤᠢ ᠰᠢᠭᠤᠶ ᠶᠢᠨ ᠤᠢ ᠮᠣᠳᠣ᠂ ᠣᠶᠢᠲᠤ ᠭᠠᠵᠠᠷ ᠪᠠ ᠪᠠᠶᠢᠭᠠᠯᠢ ᠶᠢᠨ ᠨᠤᠲᠤᠭ ᠪᠡᠯᠴᠢᠭᠡᠷ᠂ | ᠲᠠᠷᠢᠮᠠᠯ ᠪᠡᠯᠴᠢᠭᠡᠷ ᠡᠵᠡᠩᠨᠡᠵᠦ ᠪᠠᠶᠢᠭ᠎ᠠ ᠨᠢᠭᠡᠴᠢ ᠪᠠ ᠬᠤᠪᠢ ᠬᠥᠮᠥᠨ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠴᠤ᠂ ᠭᠠᠯ ᠠᠯᠳᠠᠭᠰᠠᠨ ᠭᠠᠵᠠᠷ ᠤᠨ ᠤᠢ | ᠰᠢᠭᠤᠶ ᠲᠠᠯ᠎ᠠ ᠨᠤᠲᠤᠭ ᠤᠨ ᠤᠷᠭᠤᠮᠠᠯ ᠬᠤᠴᠢᠯᠭ᠎ᠠ ᠶᠢ ᠰᠡᠷᠭᠦᠭᠡᠬᠦ ᠬᠡᠷᠡᠭᠲᠡᠶ︔ ᠡᠵᠡᠩᠨᠡᠵᠦ ᠪᠠᠶᠢᠭ᠎ᠠ ᠨᠢᠭᠡᠴᠢ ᠪᠣᠯᠤᠨ ᠬᠤᠪᠢ ᠬᠥᠮᠥᠨ ᠦᠨᠡᠨᠬᠦ ᠡᠭᠦᠷᠭᠡᠯᠡᠬᠦ ᠴᠢᠳᠠᠯ | ᠥᠬᠡᠶ ᠪᠣᠯ ᠰᠠᠭᠤᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠤᠢ ᠰᠢᠭᠤᠢ ᠲᠠᠯ᠎ᠠ ᠨᠤᠲᠤᠭ ᠤᠨ | ᠤᠷᠭᠤᠮᠠᠯ ᠬᠤᠴᠢᠯᠭ᠎ᠠ ᠶᠢ ᠰᠡᠷᠭᠦᠭᠡᠬᠦ ᠬᠡᠷᠡᠭᠲᠡᠢ᠃ | | ᠵᠢᠷᠭᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠲᠠᠪᠢᠨ ᠵᠢᠷᠭᠤᠳᠤᠭᠠᠷ ᠵᠣᠷᠪᠤᠰ ᠲᠤᠰ ᠲᠥᠷᠢᠮ ᠲᠣᠭᠲᠠᠭᠠᠯ ᠢ ᠵᠥᠷᠴᠢᠭᠰᠡᠨ ᠠᠵᠢᠯᠯᠠᠭ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ︽ᠤᠢ | ᠰᠢᠭᠤᠶ ᠶᠢᠨ ᠭᠠᠯ ᠢ ᠰᠡᠷᠭᠡᠶᠢᠯᠡᠬᠦ ᠳᠦᠷᠢᠮ︾ ᠪᠠ ︽ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠳᠦᠷᠢᠮ︾ ᠵᠡᠷᠭᠡ ᠤᠯᠤᠰ ᠤᠨ ᠬᠤᠯᠪᠣᠭᠳᠠᠯ ᠪᠦᠬᠦᠢ ᠬᠠᠤᠯᠢ | ᠴᠠᠭᠠᠵᠠ᠂ ᠬᠠᠤᠯᠢ ᠲᠣᠭᠲᠠᠭᠠᠯ ᠢᠶᠠᠷ ᠨᠢᠭᠡᠨᠲᠡ ᠪᠣᠳᠠᠲᠠᠶ ᠰᠢᠢᠳᠭᠡᠬᠦ ᠲᠣᠭᠲᠠᠭᠠᠯ ᠭᠠᠷᠭᠠᠭᠰᠠᠨ ᠪᠠᠶᠢᠪᠠᠯ᠂ ᠤᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠭᠦᠢᠴᠡᠳᠬᠡᠨ᠎ᠡ᠃ | ᠲᠠᠪᠢᠨ ᠳᠣᠯᠣᠳᠤᠭᠠᠷ ᠵᠣᠷᠪᠤᠰ ᠲᠤᠰ ᠳᠦᠷᠢᠮ ᠤᠨ ᠬᠤᠷᠢᠨ ᠳᠣᠯᠣᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ ᠲᠡᠮᠦᠷ ᠵᠠᠮ᠂ ᠵᠠᠰᠠᠮᠠᠯ ᠵᠠᠮ᠂ | ᠴᠠᠬᠢᠯᠭᠠᠨ ᠬᠦᠴᠦᠨ᠂ ᠴᠢᠯᠠᠭᠤᠨ ᠲᠣᠰᠣ᠂ ᠰᠢᠲᠠᠮᠠᠬᠠᠶ ᠬᠡᠢ᠂ ᠬᠢᠮᠢ ᠶᠢᠨ ᠠᠵᠤ ᠦᠶᠯᠡᠳᠪᠦᠷᠢ ᠶᠢᠨ ᠳᠠᠮᠵᠢᠭᠤᠯᠬᠤ ᠬᠤᠭᠤᠯᠠᠶ ᠶᠢ ᠬᠠᠮᠢᠶᠠᠷᠬᠤ ᠨᠢᠭᠡᠴᠢ ᠪᠣᠯᠤᠨ | ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠬᠡᠭᠡᠷ᠎ᠡ ᠭᠠᠳᠠᠨᠠᠠᠵᠢᠯᠯᠠᠬᠤ ᠳᠠᠭᠠᠨ᠂ ᠭᠠᠯ ᠠᠮᠠᠷᠬᠠᠨ ᠭᠠᠷᠳᠠᠭ ᠬᠡᠰᠡᠭ ᠪᠣᠯᠤᠨ ᠭᠠᠵᠠᠷ ᠣᠷᠣᠨ ᠳᠤ ᠭᠠᠯ ᠢ | ᠰᠡᠷᠭᠡᠶᠢᠯᠡᠬᠦ ᠲᠤᠰᠠᠭᠠᠷᠯᠠᠬᠤ ᠪᠦᠰᠡ ᠪᠣᠯᠤᠨ ᠭᠠᠯ ᠢ ᠰᠡᠷᠭᠡᠶᠢᠯᠡᠬᠦ ᠰᠡᠷᠡᠮᠵᠢ ᠶᠢᠨ ᠲᠡᠮᠳᠡᠭ ᠲᠠᠯᠪᠢᠭᠰᠠᠨ ᠦᠭᠡᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭᠠᠡᠴᠠ ᠵᠠᠷᠯᠢᠭᠳᠠᠨ ᠵᠠᠯᠠᠷᠠᠭᠤᠯᠤᠭᠤᠯᠵᠤ᠂ ᠰᠡᠷᠡᠮᠵᠢ ᠥᠭᠴᠦ᠂ ᠬᠤᠪᠢ ᠬᠥᠮᠦᠨ ᠢ 200 | ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠭᠤᠭᠰᠢ ᠲᠣᠷᠭᠠᠬᠤ ᠪᠠᠷ ᠨᠡᠶᠢᠯᠡᠭᠦᠯᠦᠨ ᠰᠢᠶᠳᠬᠡᠵᠦ᠂ ᠨᠢᠭᠡᠴᠢ ᠶᠢ 2000 ᠲᠥᠭᠦᠷᠢᠭ ᠠᠴᠠ ᠳᠡᠭᠡᠭᠰᠢ | 5000 ᠲᠥᠭᠦᠷᠢᠭ ᠠᠴᠠ ᠳᠣᠭᠤᠭᠰᠢ ᠲᠣᠷᠭᠠᠬᠤ ᠪᠠᠷ ᠨᠡᠶᠢᠯᠡᠭᠦᠯᠦᠨ ᠰᠢᠶᠳᠬᠡᠨ᠎ᠡ᠃ | ᠲᠠᠪᠢᠨ ᠨᠠᠢᠮᠠᠳᠤᠭᠠᠷ ᠵᠣᠷᠪᠤᠰ ᠲᠤᠰ ᠳᠦᠷᠢᠮ ᠤᠨ ᠭᠤᠴᠢᠨ ᠳᠥᠷᠪᠡᠳᠦᠭᠡᠷ ᠵᠦᠢᠯ ᠤᠨ ᠲᠣᠭᠲᠠᠭᠠᠯ ᠢ ᠵᠥᠷᠢᠴᠡᠵᠦ᠂ ᠭᠠᠯ ᠢ ᠰᠡᠷᠭᠡᠶᠢᠯᠡᠬᠦ ᠬᠤᠭᠤᠴᠠᠭᠠᠨ | ᠳᠤ᠂ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠣᠷᠣᠨ ᠳᠤ ᠰᠢᠲᠠᠭᠠᠭᠰᠠᠨ ᠦᠨᠡᠰᠦ ᠶᠢ ᠪᠣᠷᠳᠣᠭᠤᠷ ᠴᠤᠭᠯᠠᠭᠤᠯᠬᠤ᠂ ᠠᠲᠠᠷ ᠭᠠᠵᠠᠷ ᠪᠠ | ᠨᠡᠭᠦᠷᠡᠰᠦ ᠶᠢ ᠰᠢᠲᠠᠭᠠᠬᠤ᠂ ᠬᠤᠭ ᠨᠣᠪᠰᠢ ᠶᠢ ᠰᠢᠲᠠᠭᠠᠬᠤ᠂ ᠲᠠᠷᠢᠶᠠᠨ ᠭᠠᠵᠠᠷ ︵ᠳᠠᠯᠠᠩ︶᠂ ᠪᠡᠯᠴᠢᠭᠡᠷ᠂ ᠡᠰᠢ ᠰᠦᠷᠡᠯ ᠰᠢᠲᠠᠭᠠᠬᠤ᠂ ᠲᠠᠮᠠᠬᠢ ᠲᠠᠲᠠᠬᠤ᠂ | ᠴᠠᠭᠠᠰᠤ ᠰᠢᠲᠠᠭᠠᠬᠤ᠂ ᠬᠦᠵᠢ ᠠᠰᠠᠭᠠᠬᠤ᠂ ᠭᠠᠯ ᠲᠦᠯᠡᠵᠦ ᠲᠤᠯᠠᠭᠠᠴᠠᠬᠤ᠂ ᠬᠡᠭᠡᠷ᠎ᠡ ᠲᠣᠭᠤᠭᠠᠯᠠᠬᠤ ᠪᠠ ᠬᠤᠸᠠᠷ ᠫᠤᠤᠵᠢᠩ᠂ ᠳᠡᠭᠳᠡᠭᠦᠷ ᠳ᠋ᠧᠩᠯᠦ ᠲᠠᠯᠪᠢᠬᠤ ᠵᠡᠷᠭᠡ | ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭᠠᠡᠴᠠ | ᠵᠠᠷᠯᠢᠭᠳᠠᠵᠤ ᠪᠠᠶᠢᠭᠠᠳ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ᠂ ᠰᠡᠷᠡᠮᠵᠢ ᠥᠭᠴᠦ᠂ ᠬᠤᠪᠢ ᠬᠥᠮᠦᠨ ᠢ 300 ᠲᠥᠭᠦᠷᠢᠭ ᠠᠴᠠ | ᠳᠡᠭᠡᠭᠰᠢ 3000 ᠲᠥᠭᠦᠷᠢᠭ ᠠᠴᠠ ᠳᠣᠭᠤᠭᠰᠢ ᠲᠣᠷᠭᠠᠬᠤ ᠪᠠᠷ ᠨᠡᠢᠯᠡᠭᠦᠯᠦᠨ ᠰᠢᠶᠳᠬᠡᠨ᠎ᠡ᠃ ᠲᠤᠬᠠᠢ ᠶᠢᠨ ᠨᠢᠭᠡᠴᠢ ᠶᠢ ᠲᠦᠮᠡᠨ ᠲᠥᠭᠦᠷᠢᠭ ᠠᠴᠠ ᠳᠡᠭᠡᠭᠰᠢ 5 | ᠲᠦᠮᠡᠨ ᠲᠥᠭᠦᠷᠢᠭ ᠠᠴᠠ ᠳᠣᠭᠤᠭᠰᠢ ᠲᠣᠷᠭᠠᠬᠤ ᠪᠠᠷ ᠨᠡᠢᠯᠡᠭᠦᠯᠦᠨ ᠰᠢᠢᠳᠭᠡᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | ᠲᠠᠪᠢ ᠶᠢᠰᠦᠳᠦᠭᠡᠷ ᠵᠣᠷᠪᠤᠰ ᠲᠤᠰ ᠳᠦᠷᠢᠮ ᠲᠣᠭᠲᠠᠭᠠᠯ ᠢ ᠵᠦᠷᠢᠴᠡᠪᠡᠯ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠤᠨ ᠵᠢᠯᠣᠭᠤᠳᠬᠤ ᠪᠠᠢᠭᠤᠯᠤᠮᠵᠢ ᠵᠢᠴᠢ ᠲᠡᠭᠦᠨ ᠤ ᠠᠵᠢᠯᠲᠠᠨ ᠠᠴᠠ | ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠪᠠᠶᠢᠪᠠᠯ᠂ ᠲᠡᠭᠦᠨ ᠤ ᠳᠡᠭᠡᠷ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠢᠨᠠᠨ ᠪᠠᠶᠢᠴᠠᠭᠠᠬᠤ | ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ | ᠬᠠᠮᠢᠶᠠᠷᠬᠤ ᠬᠥᠮᠥᠨ ᠪᠣᠯᠤᠨ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠦᠨ ᠳᠤ ᠬᠠᠤᠯᠢ ᠶᠣᠰᠣᠭᠠᠷ ᠰᠢᠢᠳᠭᠡᠯ ᠦᠭᠭᠦᠨ᠎ᠡ︔ ᠶᠠᠯ᠎ᠠ ᠪᠣᠯᠵᠤ ᠪᠦᠷᠢᠯᠳᠦᠭᠰᠡᠨ | ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ︵ᠨᠢᠭᠡ︶ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠦᠭᠡᠢ ᠠᠴᠠ | ᠪᠣᠯᠵᠤ᠂ ᠣᠢ ᠰᠢᠭᠤᠶ ᠲᠠᠯ᠎ᠠ ᠨᠤᠲᠤᠭ ᠲᠤ ᠭᠠᠯ ᠲᠦᠢᠮᠡᠷ ᠭᠠᠷᠭᠠᠭᠰᠠᠨ︔ | ︵ᠬᠤᠶᠠᠷ︶ ᠣᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠯ ᠶᠣᠰᠣᠭᠠᠷ | ᠨᠠᠶᠢᠷᠠᠭᠤᠯᠤᠨ ᠵᠣᠬᠢᠶᠠᠭᠰᠠᠨ ᠥᠬᠡᠶ᠂ ᠡᠰᠡᠬᠦᠯ᠎ᠡ ᠣᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ | ᠲᠣᠭᠲᠠᠭᠠᠯ ᠶᠣᠰᠣᠭᠠᠷ ᠬᠡᠷᠡᠭᠵᠢᠭᠦᠯᠦᠭᠰᠡᠨ ᠥᠬᠡᠶ ︔ | ︵ᠭᠤᠷᠪᠠ︶ ᠣᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠤᠨ ᠳᠠᠯᠳᠠ ᠬᠡᠮ ᠢ ᠣᠯᠵᠤ ᠮᠡᠳᠡᠭᠡᠳ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ | ᠢ ᠴᠠᠭ ᠲᠤᠬᠠᠢ ᠳᠤᠨᠢ ᠪᠠᠭᠤᠯᠭᠠᠭᠰᠠᠨ ᠥᠬᠡᠶ︔ | ︵ᠳᠥᠷᠪᠡ︶ ᠣᠢ ᠰᠢᠭᠤᠶ ᠲᠠᠯ᠎ᠠ ᠨᠤᠲᠤᠭ ᠤᠨ ᠭᠠᠯ ᠲᠦᠢᠮᠡᠷ ᠢ ᠦᠯᠦ ᠮᠡᠳᠡᠭᠦᠯᠬᠦ᠂ ᠬᠤᠳᠠᠯ ᠢᠶᠠᠷ ᠮᠡᠳᠡᠭᠦᠯᠬᠦ ᠪᠤᠶᠤ ᠵᠣᠷᠢᠭᠤᠳᠠ ᠤᠳᠠᠭᠠᠰᠢᠷᠠᠭᠤᠯᠤᠨ | ᠮᠡᠳᠡᠭᠦᠯᠬᠦ︔ | ︵ᠲᠠᠪᠤ︶ ᠣᠢ ᠰᠢᠭᠤᠶ ᠲᠠᠯ᠎ᠠ ᠨᠤᠲᠤᠭ ᠲᠤ ᠭᠠᠯ ᠲᠦᠢᠮᠡᠷ ᠭᠠᠷᠤᠭᠰᠠᠨ ᠤ ᠳᠠᠷᠠᠭ᠎ᠠ᠂ ᠲᠣᠭᠲᠠᠭᠠᠯ ᠶᠣᠰᠣᠭᠠᠷ ᠴᠠᠭ ᠲᠤᠬᠠᠢ ᠳᠤᠨᠢ ᠵᠣᠬᠢᠶᠠᠨ | ᠪᠠᠶᠢᠭᠤᠯᠤᠨ ᠠᠪᠤᠷᠠᠭᠰᠠᠨ ᠥᠬᠡᠶ᠂ ᠡᠰᠡᠬᠦᠯ᠎ᠡ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ | ᠵᠢᠯᠣᠭᠤᠳᠬᠤ ᠪᠠᠶᠢᠭᠤᠯᠤᠮᠵᠢ ᠶᠢᠨ ᠨᠢᠭᠡᠳᠦᠯᠲᠡᠢ ᠵᠢᠯᠣᠭᠤᠳᠤᠯᠭ᠎ᠠ ᠶᠢ ᠲᠡᠪᠴᠢᠭᠰᠡᠨ᠂ ᠬᠠᠷᠰᠢᠯᠠᠭᠰᠠᠨ︔ | | | |