ᠬᠦᠯᠦᠨ ᠪᠤᠶᠢᠷ ᠬᠤᠲᠠ ᠶᠢᠨ ᠬᠡᠭᠡᠷ᠎ᠡ ᠭᠠᠳᠠᠨ᠎ᠠ ᠠᠮᠢᠳᠤᠷᠠᠯ ᠤᠨ ᠭᠠᠯ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ
ᠨᠡᠶᠢᠲᠡᠯᠡᠭᠰᠡᠨ ᠴᠠᠭ᠄
2019/8/1
                              ︵ᠬᠦᠯᠦᠨ ᠵᠠᠰᠠᠭ ᠲᠠᠷᠬᠠᠭᠠᠭᠰᠠᠨ  ﹇2017﹈  72 ᠳ᠋ᠤᠭᠠᠷ                               ᠲᠣᠭᠠᠲᠤ 2017 ᠣᠨ 8 ᠳ᠋ᠤᠭᠠᠷ ᠰᠠᠷ᠎ᠠ ᠶᠢᠨ 7 ᠤ ᠡᠳᠦᠷ︶       ᠭᠠᠯ ᠢ ᠰᠡᠷᠭᠡᠶᠢᠯᠡᠬᠦ ᠬᠤᠭᠤᠴᠠᠭᠠᠨ ᠳᠤ᠂ ᠭᠠᠯ ᠢ ᠰᠡᠷᠭᠡᠶᠢᠯᠡᠬᠦ ᠣᠷᠣᠨ ᠤ ᠬᠡᠪᠴᠢᠶᠡᠨ ᠳᠠᠬᠢ ᠭᠠᠴᠠᠭ᠎ᠠ ᠲᠣᠰᠬᠤᠨ᠂ ᠰᠠᠭᠤᠭᠠᠯᠢ ᠠᠷᠠᠳ ᠤᠨ ᠴᠡᠭ᠂ ᠴᠡᠷᠢᠭ ᠠᠩᠭᠢ ᠶᠢᠨ ᠬᠤᠸᠠᠷᠠᠨ᠂ ᠲᠣᠰᠣᠨ ᠤ ᠬᠥᠮᠥᠷᠭᠡ᠂ ᠲᠠᠷᠢᠶᠠᠯᠠᠩ ︵ᠮᠠᠯ ᠠᠵᠤ ᠠᠬᠤᠢ᠂ ᠤᠢ ᠰᠢᠭᠤᠢ︶ ᠤᠨ ᠲᠠᠯᠠᠪᠠᠢ᠂ ᠬᠠᠮᠢᠶᠠᠷᠴᠤ ᠬᠠᠮᠠᠭᠠᠯᠠᠬᠤ ᠥᠷᠲᠡᠭᠡ᠂ ᠪᠠᠢᠴᠠᠭᠠᠬᠤ ᠥᠷᠲᠡᠭᠡ᠂ ᠭᠠᠯ ᠢ ᠰᠡᠷᠭᠡᠶᠢᠯᠡᠬᠦ ᠭᠠᠳᠠᠷ ᠥᠷᠲᠡᠭᠡ᠂ ᠪᠠᠷᠠᠯᠠᠬᠤ ᠰᠤᠪᠤᠷᠭ᠎ᠠ᠂ ᠲᠠᠷᠢᠶᠠᠯᠠᠩ ᠮᠠᠯᠵᠢᠯ ᠤᠨ ᠴᠡᠭ᠂ ᠳᠠᠷᠬᠠᠨ ᠰᠠᠭᠤᠭ᠎ᠠ ᠡᠷᠦᠬᠡ᠂ ᠮᠣᠩᠭᠤᠯ ᠭᠡᠷ ᠵᠡᠷᠭᠡ ᠬᠡᠭᠡᠷ᠎ᠡ ᠭᠠᠳᠠᠨ᠎ᠠ ᠠᠮᠢᠳᠤᠷᠠᠯ ᠤᠨ ᠭᠠᠯ ᠬᠡᠷᠡᠭᠯᠡᠬᠦ ᠳᠤ ᠡᠷᠬᠡᠪᠰᠢ ᠳᠣᠣᠷᠠᠬᠢ ᠲᠣᠭᠲᠠᠭᠠᠯ‌ᠢ ᠵᠢᠷᠤᠮᠯᠠᠬᠤ ᠬᠡᠷᠡᠭᠲᠡᠢ᠃       ᠨᠢᠭᠡ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠵᠢᠯᠯᠠᠬᠤ ᠴᠡᠭ ᠤᠨ ᠲᠣᠭᠤᠭᠠᠳᠤ ᠵᠤᠤᠬ᠎ᠠ᠂ ᠵᠤᠤᠬ᠎ᠠ ᠶᠢᠨ ᠪᠦᠷᠬᠦᠭᠦᠯ᠂ ᠬᠤᠯᠠᠩ᠂ ᠫᠢᠰᠢᠩ᠂ ᠭᠠᠵᠠᠷ ᠳᠣᠣᠷᠠᠬᠢ ᠵᠤᠤᠬᠠᠨ ᠬᠤᠭᠤᠯᠡᠢ ᠵᠡᠷᠭᠡ ᠶᠢᠨ ᠭᠠᠯ ᠬᠡᠷᠡᠭᠯᠡᠬᠦ ᠲᠥᠬᠦᠭᠡᠷᠦᠮᠵᠢ ᠨᠢ ᠡᠷᠬᠡᠪᠰᠢ ᠭᠠᠯ ᠢ ᠰᠡᠷᠭᠡᠶᠢᠯᠡᠬᠦ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠂ ᠭᠡᠷ ᠳᠣᠲᠣᠷᠠᠬᠢ ᠭᠠᠯ ᠬᠡᠷᠡᠭᠯᠡᠬᠦ ᠲᠥᠬᠦᠭᠡᠷᠦᠮᠵᠢ ᠶᠢᠨ ᠬᠠᠵᠠᠭᠤ ᠳᠤ ᠡᠷᠬᠡᠪᠰᠢ ᠲᠡᠮᠦᠷ ᠢᠯᠲᠠᠰᠤ ᠪᠠᠷ ᠬᠢᠭᠰᠡᠨ ᠪᠦᠷᠢᠨ ᠪᠢᠲᠡᠭᠦᠮᠵᠢᠯᠡᠭᠰᠡᠨ ᠦᠨᠡᠰᠦᠨ ᠰᠠᠭᠤᠯᠠᠭ᠎ᠠ ᠲᠠᠯᠪᠢᠵᠦ᠂ ᠭᠡᠷ ᠤᠨ ᠭᠠᠳᠠᠨ᠎ᠠ ᠠᠮᠢᠳᠤᠷᠠᠯ ᠳᠤ ᠬᠡᠷᠡᠭᠯᠡᠬᠦ ᠭᠠᠯ  ᠤᠨ ᠬᠤᠭ ᠨᠣᠪᠰᠢ ᠶᠢ ᠰᠢᠢᠳᠪᠦᠷᠢᠯᠡᠬᠦ ᠴᠡᠭ ︵ᠦᠨᠡᠰᠦᠨ ᠠᠪᠳᠠᠷ᠎ᠠ᠂ ᠦᠨᠡᠰᠦᠨ ᠲᠠᠲᠠᠭᠠᠯ᠂ ᠦᠨᠡᠰᠦᠨ ᠨᠦᠬᠡ︶ ᠳᠣᠭᠲᠠᠭᠠᠬᠤ ᠬᠡᠷᠡᠭᠲᠡᠶ᠃       ᠬᠤᠶᠠᠷ᠂ ᠠᠮᠢᠳᠤᠷᠠᠯ ᠳᠤ ᠬᠡᠷᠡᠭᠯᠡᠬᠦ ᠭᠠᠯ ᠤᠨ ᠬᠤᠭ ᠨᠣᠪᠰᠢ ᠶᠢ ᠰᠢᠢᠳᠪᠦᠷᠢᠯᠡᠬᠦ ᠴᠡᠭ ︵ᠦᠨᠡᠰᠦᠨ ᠠᠪᠳᠠᠷ᠎ᠠ᠂ ᠦᠨᠡᠰᠦᠨ ᠲᠠᠲᠠᠭᠠᠯ᠂ ᠦᠨᠡᠰᠦᠨ ᠨᠦᠬᠡ ︶ ᠢ  ᠪᠠᠶᠢᠭᠤᠯᠬᠤ ᠪᠠᠷᠢᠮᠵᠢᠶ᠎ᠠ᠄ ᠲᠡᠮᠦᠷ᠂ ᠲᠣᠭᠤᠰᠬ᠎ᠠ᠂ ᠱᠦᠢᠨᠢ ᠵᠡᠷᠭᠡ ᠮᠠᠲ᠋ᠧᠷᠢᠶᠠᠯ ᠢ ᠰᠣᠩᠭᠤᠨ ᠬᠡᠷᠡᠭᠯᠡᠵᠦ ᠪᠣᠯᠤᠨ᠎ᠠ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠵᠢᠯᠯᠠᠬᠤ  ᠴᠡᠭ ᠤᠨ ᠭᠠᠯ ᠬᠡᠷᠡᠭᠯᠡᠨ ᠡᠭᠦᠰᠦᠭᠰᠡᠨ ᠬᠤᠭ ᠨᠣᠪᠰᠢ ᠶᠢᠨ ᠬᠡᠮᠵᠢᠶ᠎ᠡ ᠪᠠᠨ ᠦᠨᠳᠦᠰᠦᠯᠡᠨ ᠬᠡᠪᠴᠢᠶ᠎ᠡ ᠶᠢ ᠥᠪᠡᠷᠲᠡᠭᠡᠨ ᠲᠣᠭᠲᠠᠭᠠᠵᠤ ᠪᠣᠯᠤᠨ᠎ᠠ᠂ ᠨᠠᠭᠠᠳᠤ ᠵᠠᠬ᠎ᠠ ᠳᠠᠭᠠᠨ 1 ᠮᠧᠲᠷ ︵ᠤᠷᠳᠤ︶ × 1 ᠮᠧᠲᠷ ︵ᠥᠷᠭᠡᠨ︶ × 1 ᠮᠧᠲᠷ ︵ᠭᠦᠨ︶᠂ ᠪᠠᠭᠲᠠᠭᠠᠮᠵᠢ ᠨᠢ 1 ᠪᠣᠰᠤᠭ᠎ᠠ ᠳᠥᠷᠪᠡᠯᠵᠢᠨ ᠮᠧᠲᠷ ᠠᠴᠠ ᠳᠣᠣᠷ᠎ᠠ ᠪᠠᠶᠢᠵᠤ ᠪᠣᠯᠬᠤ ᠦᠭᠡᠢ᠂ ᠠᠮᠢᠳᠤᠷᠠᠯ ᠳᠤ ᠬᠡᠷᠡᠭᠯᠡᠬᠦ ᠭᠠᠯ ᠤᠨ ᠬᠤᠭ ᠨᠣᠪᠰᠢ ᠶᠢ ᠰᠢᠢᠳᠪᠦᠷᠢᠯᠡᠬᠦ ᠭᠠᠵᠠᠷ ᠢ ᠡᠷᠬᠡᠪᠰᠢ ᠭᠠᠯ ᠢ ᠰᠡᠷᠭᠡᠶᠢᠯᠡᠬᠦ ᠲᠤᠰᠠᠭᠠᠷᠯᠠᠬᠤ ᠪᠦᠰᠡ ᠶᠢᠨ ᠳᠣᠲᠣᠷ᠎ᠠ ᠲᠠᠯ᠎ᠠ ᠳᠤ ᠪᠠᠶᠢᠭᠤᠯᠵᠤ᠂ ᠭᠠᠯ ᠢ ᠪᠦᠷᠢᠨ ᠪᠢᠲᠡᠭᠦᠮᠵᠢᠯᠡᠬᠦ ᠶᠢᠨ ᠬᠠᠮᠳᠥ  ᠳᠣᠭᠲᠠᠭᠰᠠᠨ ᠬᠤᠭᠤᠴᠠᠭ᠎ᠠ ᠲᠠᠢ ᠪᠠᠷ ᠴᠡᠪᠡᠷᠯᠡᠬᠦ ᠬᠡᠷᠡᠭᠲᠡᠶ᠃       ᠭᠤᠷᠪᠠ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠵᠢᠯᠯᠠᠬᠤ ᠴᠡᠭ ᠤᠨ ᠭᠠᠯ ᠤᠨ ᠬᠤᠭ ᠨᠣᠪᠰᠢ ᠶᠢ ᠡᠷᠬᠡᠪᠰᠢ ᠭᠡᠷ ᠳᠣᠲᠣᠷ᠎ᠠ 24 ᠴᠠᠭ ᠠᠴᠠ ᠳᠡᠭᠡᠭᠰᠢ ᠲᠠᠯᠪᠢᠭᠰᠠᠨ ᠤ ᠰᠡᠭᠦᠯᠡᠷ ᠰᠠᠶ᠋ᠢ ᠬᠤᠭ ᠨᠣᠪᠰᠢ ᠶᠢ ᠰᠢᠢᠳᠪᠦᠷᠢᠯᠡᠬᠦ ᠭᠠᠵᠠᠷ ᠲᠤ ᠬᠠᠶᠠᠵᠤ ᠪᠣᠯᠤᠨ᠎ᠠ᠃ ᠬᠤᠭ ᠨᠣᠪᠰᠢ ᠶᠢ ᠰᠢᠢᠳᠪᠦᠷᠢᠯᠡᠬᠦ ᠭᠠᠵᠠᠷ ᠲᠤ ᠬᠠᠶᠠᠭᠰᠠᠨ ᠤ ᠳᠠᠷᠠᠭ᠎ᠠ᠂ ᠳᠠᠷᠤᠶ ᠳᠤᠨᠢ ᠨᠡᠪᠲᠡᠷᠡᠳᠡᠯ᠎ᠡ ᠤᠰᠤᠯᠠᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠰᠢᠷᠣᠶ ᠪᠠᠷ ᠪᠦᠲᠡᠭᠡᠵᠦ᠂ ᠭᠠᠯ ᠤᠨ ᠣᠴᠢ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃       ᠳᠥᠷᠪᠡ᠂ ᠠᠮᠢᠳᠤᠷᠠᠯ ᠳᠤ ᠬᠡᠷᠡᠭᠯᠡᠬᠦ ᠭᠠᠯ ᠤᠨ ᠬᠤᠭ ᠨᠣᠪᠰᠢ ᠶᠢ ᠡᠷᠬᠡᠪᠰᠢ ᠲᠤᠰᠬᠠᠢ ᠬᠥᠮᠥᠨ ᠢᠶᠠᠷ ᠬᠠᠷᠢᠭᠤᠴᠠᠭᠤᠯᠤᠨ᠂ ᠵᠢᠵᠢᠭᠦᠷᠯᠡᠵᠦ ᠲᠡᠮᠳᠡᠭᠯᠡᠬᠦ ᠳᠦᠷᠢᠮ ᠢ ᠬᠡᠷᠡᠭᠵᠢᠭᠦᠯᠵᠦ᠂ ᠭᠠᠯ ᠤᠨ ᠣᠴᠢ ᠲᠠᠢ ᠬᠤᠭ ᠨᠣᠪᠰᠢ ᠶᠢ ᠰᠢᠢᠳᠪᠦᠷᠢᠯᠡᠬᠦ ᠭᠠᠵᠠᠷ ᠲᠤ ᠬᠠᠶᠠᠬᠤ ᠶᠢ ᠴᠢᠩᠭ᠎ᠠ ᠬᠤᠷᠢᠭᠯᠠᠵᠤ᠂ ᠠᠵᠢᠯᠯᠠᠬᠤ ᠭᠠᠵᠠᠷ ᠤᠨ ᠬᠠᠷᠢᠭᠤᠴᠠᠯᠭᠠᠲᠠᠨ ᠠᠴᠠ ᠦᠷᠭᠦᠯᠵᠢ ᠶᠢᠨ ᠴᠢᠨᠠᠷᠲᠠᠢ ᠰᠢᠪᠠᠳᠠᠨ ᠱᠠᠭᠠᠷᠳᠠᠬᠤ ᠠᠵᠢᠯ ᠢ ᠬᠢᠬᠦ ᠬᠡᠷᠡᠭᠲᠡᠢ᠃       ᠲᠠᠪᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠡᠯ᠎ᠡ ᠠᠵᠢᠯᠯᠠᠬᠤ ᠭᠠᠵᠠᠷ ᠲᠤ ᠡᠷᠬᠡᠪᠰᠢ ᠰᠢᠩᠭᠡᠵᠢᠯ ᠬᠡᠢ ᠶᠢᠨ ᠵᠤᠤᠬ᠎ᠠ ᠲᠣᠬᠢᠷᠠᠭᠤᠯᠬᠤ ᠬᠡᠷᠡᠭᠲᠡᠢ᠂ ᠭᠠᠯ ᠤᠨ ᠠᠶᠤᠯ ᠶᠡᠬᠡᠲᠡᠢ ᠴᠠᠭ ᠠᠭᠤᠷ ᠪᠤᠶᠤ ᠲᠠᠪᠤᠳᠤᠭᠠᠷ ᠲᠡᠰ ᠤᠨ ᠰᠠᠯᠬᠢᠨ ᠠᠴᠠ ᠳᠡᠭᠡᠭᠰᠢ ︵ᠲᠠᠪᠤᠳᠤᠭᠠᠷ ᠲᠡᠰ ᠤᠨ ᠰᠠᠯᠬᠢ ᠶᠢ ᠪᠠᠭᠲᠠᠭᠠᠨ᠎ᠠ︶ ᠶᠡᠭᠡ ᠰᠠᠯᠬᠢᠨ ᠲᠠᠢ ᠡᠳᠦᠷ ᠲᠤ ᠬᠡᠷᠡᠭᠯᠡᠬᠦ ᠪᠠᠷ ᠪᠡᠯᠡᠳᠭᠡᠨ᠎ᠡ᠃ ᠭᠠᠯ ᠤᠨ ᠠᠶᠤᠯ ᠶᠡᠬᠡᠲᠡᠢ ᠠᠭᠤᠷ ᠠᠮᠢᠰᠬᠤᠯ ᠲᠣᠬᠢᠶᠠᠯᠳᠤᠪᠠᠯ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠵᠢᠯᠯᠠᠬᠤ ᠭᠠᠵᠠᠷ ᠡᠷᠬᠡᠪᠰᠢ ᠠᠯᠢᠪᠠ ᠦᠢᠯᠡᠳᠪᠦᠷᠢᠯᠡᠯ ᠠᠮᠢᠳᠤᠷᠠᠯ ᠤᠨ ᠭᠠᠯ ᠬᠡᠷᠡᠭᠯᠡᠬᠦ ᠪᠠᠨ ᠵᠣᠭᠰᠣᠬᠤ ᠬᠡᠷᠡᠭᠲᠡᠢ᠂ ᠲᠦᠯᠡᠭᠡ᠂ ᠠᠷᠭᠠᠯ᠂ ᠨᠡᠭᠦᠷᠡᠰᠦ ᠵᠡᠷᠭᠡ ᠲᠦᠯᠡᠰᠢ ᠬᠡᠷᠡᠭᠯᠡᠬᠦ ᠶᠢ ᠴᠢᠩᠭ᠎ᠠ ᠬᠤᠷᠢᠭᠯᠠᠨ᠎ᠠ᠃       ᠵᠢᠷᠭᠤᠭ᠎ᠠ᠂ ᠡᠯ᠎ᠡ ᠬᠡᠭᠡᠷ᠎ᠡ ᠭᠠᠳᠠᠨ᠎ᠠ ᠭᠠᠯ ᠬᠡᠷᠡᠭᠯᠡᠨ ᠠᠵᠢᠯᠯᠠᠬᠤ ᠭᠠᠵᠠᠷ ᠤᠨ ᠲᠡᠷᠭᠡ ᠪᠣᠯᠤᠨ ᠲᠦᠬᠦᠭᠡᠷᠦᠮᠵᠢ ᠡᠷᠬᠡᠪᠰᠢ ᠭᠠᠯ ᠢ ᠰᠡᠷᠭᠡᠶᠢᠯᠡᠬᠦ ᠲᠣᠨᠣᠭᠯᠠᠯ ᠤᠭᠰᠠᠷᠠᠬᠤ ᠬᠡᠷᠡᠭᠲᠡᠢ᠂ ᠬᠠᠮᠲᠤ ᠳᠤᠨᠢ ᠭᠠᠯ ᠢ ᠰᠡᠷᠭᠡᠶᠢᠯᠡᠬᠦ ᠬᠠᠮᠢᠶ᠎ᠠ ᠪᠦᠬᠦᠢ ᠪᠠᠭᠠᠵᠢ ᠬᠡᠷᠡᠭᠰᠡᠯ ᠲᠣᠬᠢᠷᠠᠭᠤᠯᠬᠤ ᠬᠡᠷᠡᠭᠲᠡᠢ᠂ ᠮᠠᠰᠢᠨ ᠲᠡᠷᠭᠡᠨ ᠤ ᠵᠠᠮ ᠥᠬᠡᠶ ᠠᠭᠯᠠᠭ ᠠᠭᠤᠯᠠ ᠲᠠᠯ᠎ᠠ ᠨᠤᠲᠤᠭ ᠢᠶᠠᠷ ᠶᠠᠪᠤᠬᠤ ᠶᠢ ᠴᠢᠩᠭ᠎ᠠ ᠬᠤᠷᠢᠭᠯᠠᠨ᠎ᠠ᠃       ᠲᠤᠯᠤᠭ᠎ᠠ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠵᠢᠯᠯᠠᠬᠤ ᠭᠠᠵᠠᠷ ᠨᠢ ᠡᠷᠬᠡᠪᠰᠢ ᠥᠪᠡᠷ ᠤᠨ ᠭᠠᠯ ᠢ ᠰᠡᠷᠭᠡᠶᠢᠯᠡᠬᠦ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠂ ᠭᠠᠯ ᠢ ᠰᠡᠷᠭᠡᠶᠢᠯᠡᠬᠦ ᠬᠠᠷᠢᠭᠤᠴᠠᠯᠭᠠᠲᠠᠨ ᠢ ᠲᠣᠳᠤᠷᠬᠠᠶᠢᠯᠠᠵᠤ᠂ ᠭᠠᠯ ᠤᠨᠲᠠᠷᠠᠭᠠᠬᠤ ᠡᠩᠨᠡᠭᠡ ᠪᠠᠶᠢᠭᠤᠯᠤᠨ᠂ ᠭᠠᠯ ᠤᠨᠲᠠᠷᠠᠭᠠᠬᠤ ᠮᠠᠰᠢᠨ ᠪᠠᠭᠠᠵᠢ ᠶᠢ ᠭᠦᠢᠴᠡᠳ ᠲᠣᠬᠢᠷᠠᠭᠤᠯᠤᠨ᠎ᠠ︔ ᠡᠷᠬᠡᠪᠰᠢ ᠣᠢ ᠰᠢᠭᠤᠶ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠤᠨ ᠰᠡᠷᠡᠮᠵᠢᠯᠡᠭᠦᠯᠦᠯ ᠤᠨ ᠤᠬᠠᠭᠤᠯᠭ᠎ᠠ ᠶᠢᠨ ᠲᠡᠮᠳᠡᠭ ᠢ ᠲᠠᠯᠪᠢᠬᠤ ᠬᠡᠷᠡᠭᠲᠡᠢ᠂ ᠡᠵᠡᠩᠨᠡᠬᠦ ᠬᠡᠪᠴᠢᠶᠡᠨ ᠳᠤ ᠣᠷᠣᠭᠰᠠᠨ ᠬᠥᠮᠦᠰ ᠲᠤ ᠭᠠᠯ ᠢ ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠬᠢᠵᠦ᠂ ᠤᠬᠠᠮᠰᠠᠷ ᠠᠴᠠ ᠪᠠᠨ ᠭᠠᠯ ᠢ ᠰᠡᠷᠭᠡᠶᠢᠯᠡᠬᠦ ᠰᠠᠯᠠᠭ᠎ᠠ ᠮᠥᠴᠢᠷ ᠤᠨ ᠰᠢᠯᠭᠠᠨ ᠪᠠᠶᠢᠴᠠᠭᠠᠯᠲᠠ ᠶᠢ ᠬᠦᠯᠢᠶᠡᠬᠦ ᠬᠡᠷᠡᠭᠲᠡᠶ︔ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠪᠡᠯ ᠰᠠᠨᠠᠭᠠᠴᠢᠯᠠᠭ᠎ᠠ  ᠠᠴᠠ ᠪᠠᠨ ᠤᠨᠲᠠᠷᠠᠭᠠᠬᠤ ᠶᠢᠨ ᠬᠠᠮᠲᠤ ᠲᠤᠬᠠᠢ ᠶᠢᠨ ᠭᠠᠵᠠᠷ ᠤᠨ ᠭᠠᠯ ᠢ ᠰᠡᠷᠭᠡᠶᠢᠯᠡᠬᠦ ᠰᠠᠯᠠᠭ᠎ᠠ ᠮᠥᠴᠢᠷ ᠲᠤ ᠴᠠᠭ ᠲᠤᠬᠠᠢ ᠲᠤᠨᠢ ᠮᠡᠳᠡᠭᠦᠯᠬᠦ ᠬᠡᠷᠡᠭᠲᠡᠢ᠃       ᠨᠠᠢᠮᠠ᠂ ᠬᠡᠭᠡᠷ᠎ᠡ ᠭᠠᠳᠠᠨ᠎ᠠ ᠭᠠᠯ ᠬᠡᠷᠡᠭᠯᠡᠵᠦ ᠠᠵᠢᠯᠯᠠᠬᠤ ᠭᠠᠵᠠᠷ ᠤᠨ ᠬᠥᠮᠦᠰ ᠬᠡᠭᠡᠷ᠎ᠡ ᠲᠠᠮᠠᠬᠢ ᠲᠠᠲᠠᠬᠤ᠂ ᠭᠠᠯ ᠨᠣᠴᠤᠭᠠᠨ ᠳᠤᠯᠠᠭᠠᠯᠠᠬᠤ᠂ ᠬᠡᠭᠡᠷ᠎ᠡ ᠬᠤᠭᠤᠯᠠᠯᠠᠬᠤ ᠶᠢ  ᠴᠢᠩᠭ᠎ᠠ ᠬᠤᠷᠢᠭᠯᠠᠨ᠎ᠠ᠂ ᠠᠲᠠᠷ ᠰᠢᠲᠠᠭᠠᠬᠤ᠂ ᠭᠤᠤᠷᠰᠤ ᠰᠢᠲᠠᠭᠠᠬᠤ᠂ ᠡᠰᠢ ᠰᠦᠷᠡᠯ ᠰᠢᠲᠠᠭᠠᠬᠤ᠂ ᠲᠠᠷᠢᠶᠠᠨ ᠭᠠᠵᠠᠷ ᠰᠢᠲᠠᠭᠠᠬᠤ᠂ ᠡᠪᠡᠰᠦ ᠪᠡᠯᠴᠢᠭᠡᠷ ᠢ ᠰᠢᠲᠠᠭᠠᠬᠤ ᠶᠢ ᠬᠤᠷᠢᠭᠯᠠᠨ᠎ᠠ᠂ ᠫᠤᠤ ᠵᠡᠪᠰᠡᠭ ᠬᠡᠷᠡᠭᠯᠡᠨ ᠠᠩ ᠠᠩᠨᠠᠬᠤ ᠶᠢ ᠬᠤᠷᠢᠭᠯᠠᠨ᠎ᠠ᠂ ᠪᠤᠯᠠᠰᠢᠨ ᠳᠡᠭᠡᠷ᠎ᠡ ᠴᠠᠭᠠᠰᠤ ᠰᠢᠲᠠᠭᠠᠬᠤ᠂ ᠬᠡᠯᠬᠢᠶ᠎ᠡ ᠫᠤᠤᠵᠢᠩ ᠲᠠᠯᠪᠢᠬᠤ᠂ ᠳᠡᠭᠳᠡᠭᠦᠷ ᠳ᠋ᠧᠩᠯᠦ ᠲᠠᠯᠪᠢᠬᠤ ᠶᠢ ᠬᠤᠷᠢᠭᠯᠠᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ