ᠦᠪᠦᠷ ᠵᠠᠰᠠᠭ ᠠᠯᠪᠠᠨ ᠲᠠᠷᠬᠠᠭᠠᠭᠰᠠᠨ ︹2020︺ 29 ᠳ᠋ᠦ᠋ᠭᠡᠷ ᠲᠣᠭᠠᠲᠤ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ | ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠦᠷᠢᠮ ᠤᠨ ᠬᠡᠷᠡᠭᠵᠢᠭᠦᠯᠬᠦ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | | | 2020 ᠣᠨ ᠤ 9 ᠳ᠋ᠤᠬᠡᠷ ᠰᠠᠷ᠎ᠠ ᠶᠢᠨ 16 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ | ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ | | | ᠨᠢᠭᠡᠳᠦᠭᠡᠷ ᠪᠦᠯᠦᠭ ᠶᠡᠷᠦᠩᠬᠡᠶ ᠲᠦᠷᠢᠮ | | | ᠨᠢᠭᠡᠳᠦᠭᠡᠷ ᠵᠦᠢᠯ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ | ᠨᠠᠶᠢᠳᠠᠪᠤᠷᠢᠵᠢᠭᠤᠯᠤᠨ᠂ ᠭᠠᠯ ᠤᠨ ᠠᠶᠤᠯ ᠢ ᠰᠡᠷᠭᠡᠶᠢᠯᠡᠬᠦ ᠪᠠ ᠭᠠᠯ ᠤᠨ ᠠᠶᠤᠯ ᠬᠥᠨᠥᠭᠡᠯ ᠢ ᠪᠠᠭᠠᠰᠬᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠠᠤᠯᠢ︾ ︽ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠳᠦᠷᠢᠮ︾ ᠵᠡᠷᠭᠡ | ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠬᠢᠨᠠᠯᠲᠠ ᠲᠠᠯ᠊ᠪᠢᠵᠤ ᠬᠠᠮᠢᠶᠠᠷᠬᠤ ᠳᠤ ᠲᠤᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃ | ᠭᠤᠷᠪᠠᠳᠤᠭᠠᠷ ᠵᠦᠢᠯ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠥᠷᠢᠮ ᠢ ᠨᠠᠶᠢᠳᠠᠪᠤᠷᠢᠵᠢᠭᠤᠯᠬᠤ ᠳᠤ ᠵᠠᠰᠠᠭ ᠤᠨ | ᠣᠷᠳᠣᠨ ᠠᠴᠠ ᠨᠢᠭᠡᠳᠦᠯᠲᠡᠢ ᠤᠳᠤᠷᠢᠳᠬᠤ᠂ ᠰᠠᠯᠠᠭ᠎ᠠ ᠮᠥᠴᠢᠷ ᠤᠨ ᠬᠢᠨ ᠬᠠᠤᠯᠢ ᠶᠣᠰᠣᠭᠠᠷ ᠬᠢᠨᠠᠨ ᠬᠠᠮᠢᠶᠠᠷᠬᠤ᠂ ᠨᠢᠭᠡᠴᠢ ᠨᠦᠭᠦᠳ ᠪᠥᠬᠦ ᠲᠠᠯ᠎ᠠ ᠪᠠᠷ | ᠬᠠᠷᠢᠭᠤᠴᠠᠬᠤ᠂ ᠠᠷᠠᠳ ᠢᠷᠭᠡᠳ ᠢᠳᠡᠪᠬᠢᠲᠡᠢ ᠣᠷᠣᠯᠴᠠᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃ | ᠳᠥᠷᠪᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠳᠠᠬᠢ ᠭᠠᠯ ᠰᠡᠷᠭᠡᠶᠢᠯᠡᠵᠦ | ᠤᠨᠲᠠᠷᠠᠭᠠᠬᠤ ᠠᠵᠢᠯ ᠢ ᠬᠠᠷᠢᠭᠤᠴᠠᠬᠤ ᠬᠡᠷᠡᠭᠲᠡᠢ᠃ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠨᠢ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ᠂ ᠬᠤᠪᠢᠳᠠᠨ | ᠬᠠᠮᠢᠶᠠᠷᠴᠤ ᠪᠦᠬᠦᠢ ᠬᠠᠷᠢᠭᠤᠴᠠᠯᠭᠠᠲᠠᠨ ᠨᠢ ᠭᠤᠤᠯ ᠬᠠᠷᠢᠭᠤᠴᠠᠯᠭ᠎ᠠ ᠡᠭᠦᠷᠭᠡᠯᠡᠭᠴᠢ ᠪᠠᠶᠢᠵᠤ᠂ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠨᠠᠷ ᠨᠢ ᠬᠤᠪᠢᠳᠠᠨ | ᠬᠠᠮᠢᠶᠠᠷᠴᠤ ᠪᠦᠬᠦᠢ ᠬᠡᠪᠴᠢᠶᠡᠨ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠤᠳᠤᠷᠢᠳᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠬᠢᠨᠠᠯᠲᠠ ᠲᠠᠯᠪᠢᠵᠤ | ᠬᠠᠮᠢᠶᠠᠷᠬᠤ ᠶᠢ ᠬᠡᠷᠡᠭᠵᠢᠭᠦᠯᠬᠦ ᠶᠢᠨ ᠬᠠᠮᠲᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ | ᠪᠠᠶᠢᠭᠤᠯᠤᠮᠵᠢ ᠠᠴᠠ ᠬᠠᠷᠢᠭᠤᠴᠠᠨ ᠬᠡᠷᠡᠭᠵᠢᠭᠦᠯᠬᠦ ᠬᠡᠷᠡᠭᠲᠡᠢ᠃ ᠴᠡᠷᠢᠭ ᠤᠨ ᠪᠡᠯᠡᠳᠬᠡᠮᠵᠢ ᠶᠢᠨ ᠭᠠᠯ ᠰᠡᠷᠬᠡᠶᠢᠯᠡᠵᠦ ᠤᠨᠲᠠᠷᠠᠭᠠᠬᠤ ᠠᠵᠢᠯ ᠢ ᠲᠡᠭᠦᠨ ᠤ ᠭᠤᠤᠯᠴᠢᠯᠠᠨ | ᠬᠠᠮᠢᠶᠠᠷᠬᠤ ᠨᠢᠭᠡᠴᠢ ᠠᠴᠠ ᠬᠢᠨᠠᠯᠳᠠ ᠲᠠᠯᠪᠢᠵᠦ ᠬᠠᠮᠢᠶᠠᠷᠴᠤ᠂ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠨᠢ ᠬᠠᠮᠵᠢᠯᠴᠠᠬᠤ ᠬᠡᠷᠡᠭᠲᠡᠢ︔ | ᠨᠡᠭᠦᠷᠡᠰᠦᠨ ᠠᠭᠤᠷᠬᠠᠶ ᠶᠢᠨ ᠬᠤᠳᠳᠤᠭ ᠤᠨ ᠳᠣᠲᠣᠷᠠᠬᠢ ᠬᠡᠰᠡᠭ ᠤᠨ ᠭᠠᠯ ᠰᠡᠷᠭᠡᠶᠢᠯᠡᠵᠦ ᠤᠨᠳᠠᠷᠠᠭᠠᠬᠤ ᠠᠵᠢᠯ ᠢ ᠲᠡᠭᠦᠨ ᠤ ᠭᠤᠤᠯᠴᠢᠯᠠᠨ ᠬᠠᠮᠢᠶᠠᠷᠬᠤ | ᠨᠢᠭᠡᠴᠢ ᠠᠴᠠ ᠬᠢᠨᠠᠯᠲᠠ ᠲᠠᠯᠪᠢᠵᠤ ᠬᠠᠮᠢᠶᠠᠷᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠤᠰᠤᠳ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ | ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ | ᠱᠠᠭᠠᠷᠳᠠᠯᠭ᠎ᠠ ᠶᠣᠰᠣᠭᠠᠷ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠲᠣᠰ ᠠᠵᠢᠯ ᠲᠥᠷᠥᠯ᠂ ᠲᠣᠰ ᠰᠢᠰᠲ᠋ᠧᠮ ᠤᠨ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠢ ᠬᠠᠤᠯᠢ ᠪᠠ ᠲᠣᠭᠲᠠᠭᠠᠯ ᠶᠣᠰᠣᠭᠠᠷ ᠰᠠᠶᠢᠲᠤᠷ ᠬᠢᠬᠦ ᠬᠡᠷᠡᠭᠲᠡᠶ᠃ ᠬᠠᠤᠯᠢ ᠴᠠᠭᠠᠵᠠ᠂ ᠵᠠᠰᠠᠭ ᠵᠠᠬᠢᠷᠭᠠᠨ ᠤ | ᠬᠠᠤᠯᠢ ᠲᠣᠭᠲᠠᠭᠠᠯ ᠳᠤ ᠤᠢ ᠰᠢᠭᠤᠶ᠂ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠠᠯ᠎ᠠ ᠪᠠᠷ ᠠᠰᠲᠠᠭᠠᠨ ᠲᠣᠭᠲᠠᠭᠠᠯ ᠲᠠᠢ | ᠪᠠᠶᠢᠪᠠᠯ᠂ ᠲᠡᠷᠡ ᠬᠦ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ᠃ | ᠵᠢᠷᠭᠤᠳᠤᠭᠠᠷ ᠵᠦᠢᠯ ᠠᠮᠤᠷ ᠲᠦᠪᠰᠢᠨ ᠢ ᠥᠪᠡᠰᠦᠪᠡᠨ ᠪᠠᠶᠢᠴᠠᠭᠠᠬᠤ᠂ ᠳᠠᠯᠳᠠ ᠬᠡᠮ ᠢ ᠥᠪᠡᠰᠦᠪᠡᠨ ᠠᠷᠢᠯᠭᠠᠬᠤ᠂ ᠬᠠᠷᠢᠭᠤᠴᠠᠯᠭ᠎ᠠ ᠶᠢ ᠥᠪᠡᠰᠦᠪᠡᠨ | ᠡᠭᠦᠷᠭᠡᠯᠡᠬᠦ ᠶᠢ ᠪᠠᠷᠢᠮᠲᠠᠯᠠᠬᠤ ᠬᠡᠷᠡᠭᠲᠡᠢ᠃ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠵᠡᠷᠭᠡ ᠨᠢᠭᠡᠴᠢ ᠪᠣᠯ ᠭᠠᠯ ᠰᠡᠷᠭᠡᠶᠢᠯᠡᠵᠦ ᠤᠨᠲᠠᠷᠠᠭᠠᠬᠤ | ᠠᠮᠤᠷ ᠲᠦᠪᠰᠢᠨ ᠤ ᠬᠠᠷᠢᠭᠤᠴᠠᠯᠭ᠎ᠠ ᠶᠢᠨ ᠭᠤᠣᠯ ᠴᠣᠭᠴᠠ ᠮᠥᠨ᠂ ᠲᠡᠳᠡᠭᠡᠷ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠭᠤᠤᠯ ᠬᠠᠷᠢᠭᠤᠴᠠᠯᠭᠠᠲᠠᠨ | ᠪᠤᠶᠤ ᠪᠣᠳᠠᠲᠠᠶ ᠡᠵᠡᠮᠰᠢᠭᠴᠢ ᠨᠢ ᠲᠣᠰ ᠨᠢᠭᠡᠴᠢ᠂ ᠲᠣᠰ ᠲᠠᠯᠠᠪᠤᠷ ᠭᠠᠵᠠᠷ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠤᠯ ᠬᠠᠷᠢᠭᠤᠴᠠᠯᠭ᠎ᠠ | ᠡᠭᠦᠷᠭᠡᠯᠡᠭᠴᠢ ᠪᠠᠶᠢᠵᠤ᠂ ᠲᠣᠰ ᠨᠢᠭᠡᠴᠢ᠂ ᠲᠣᠰ ᠲᠠᠯᠠᠪᠤᠷ ᠭᠠᠵᠠᠷ ᠤᠨ ᠢᠶᠠᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠪᠦᠬᠦ ᠲᠠᠯ᠎ᠠ ᠪᠠᠷ ᠬᠠᠷᠢᠭᠤᠴᠠᠬᠤ | ᠬᠡᠷᠡᠭᠲᠡᠢ᠃ | ᠳᠣᠯᠣᠳᠤᠭᠠᠷ ᠵᠦᠢᠯ ᠡᠷᠬᠡ ᠬᠠᠷᠢᠭᠤᠴᠠᠯᠭ᠎ᠠ ᠶᠢ ᠨᠢᠭᠡᠳᠦᠯᠲᠡᠶ ᠪᠠᠶᠢᠯᠭᠠᠬᠤ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ᠂ | ᠬᠠᠷᠢᠭᠤᠴᠠᠯᠭ᠎ᠠ ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠬᠤ ᠬᠡᠷᠡᠭᠲᠡᠢ᠃ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠭᠰᠡᠨ ᠦᠭᠡᠢ ᠪᠤᠶᠤ ᠲᠣᠭᠲᠠᠭᠠᠯ ᠶᠣᠰᠣᠭᠠᠷ ᠭᠦᠢᠴᠡᠳᠬᠡᠭᠰᠡᠨ ᠦᠭᠡᠢ ᠨᠢᠭᠡᠴᠢ ᠪᠠ ᠬᠤᠪᠢ ᠬᠥᠮᠦᠨ ᠠᠴᠠ ᠬᠠᠤᠯᠢ ᠪᠠ ᠲᠣᠭᠲᠠᠭᠠᠯ | ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | | | ᠬᠤᠶᠠᠳᠤᠭᠠᠷ ᠪᠦᠯᠦᠭ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ | | | ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠣᠣᠷᠠᠬᠢ ᠡᠭᠦᠷᠭᠡ ᠬᠠᠷᠢᠭᠤᠴᠠᠯᠭ᠎ᠠ ᠶᠢ | ᠭᠦᠢᠴᠡᠳᠬᠡᠬᠦ ᠬᠡᠷᠡᠭᠲᠡᠶ᠄ | ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠴᠢᠭᠯᠡᠯᠲᠡ ᠲᠥᠷᠥ ᠶᠢᠨ ᠪᠣᠳᠣᠯᠭ᠎ᠠ ᠵᠢᠴᠢ ᠳᠡᠭᠡᠳᠦ ᠱᠠᠲᠤᠨ ᠤ | ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ | ᠬᠡᠷᠡᠭᠵᠢᠭᠦᠯᠵᠦ᠂ ᠲᠤᠰ ᠵᠠᠰᠠᠭ ᠵᠠᠬᠢᠷᠭᠠᠨ ᠤ ᠣᠷᠣᠨ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠪᠦᠬᠦ ᠲᠠᠯ᠎ᠠ ᠪᠠᠷ ᠬᠠᠷᠢᠭᠤᠴᠠᠬᠤ ᠬᠡᠷᠡᠭᠲᠡᠶ᠃ ᠵᠠᠰᠠᠭ ᠤᠨ | ᠣᠷᠳᠣᠨ ᠤ ᠭᠤᠤᠯ ᠬᠠᠷᠢᠭᠤᠴᠠᠯᠭᠠᠲᠠᠨ ᠪᠤᠶᠤ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠢᠶᠠᠷ ᠲᠦᠷᠦᠭᠦᠯᠡᠭᠦᠯᠦᠭᠰᠡᠨ ᠭᠠᠯ ᠰᠡᠷᠭᠡᠶᠢᠯᠡᠵᠦ ᠤᠨᠲᠠᠷᠠᠭᠠᠬᠤ | ᠠᠵᠢᠯ ᠤᠨ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠵᠦ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠴᠢᠬᠤᠯᠠ ᠶᠡᠭᠡ ᠵᠦᠢᠯᠡᠰ ᠢ ᠲᠣᠭᠲᠠᠮᠠᠯ | ᠬᠤᠭᠤᠴᠠᠭ᠎ᠠ ᠲᠠᠢ ᠪᠠᠷ ᠰᠣᠳᠤᠯᠵᠤ ᠪᠠᠶᠢᠷᠢᠯᠠᠭᠤᠯᠬᠤ ᠬᠡᠷᠡᠭᠲᠡᠢ᠃ ᠵᠢᠯ ᠪᠦᠷᠢ ᠭᠠᠯ ᠰᠡᠷᠭᠡᠶᠢᠯᠡᠵᠦ ᠤᠨᠲᠠᠷᠠᠭᠠᠭᠰᠠᠨ ᠠᠵᠢᠯ ᠤᠨ ᠪᠠᠶᠢᠳᠠᠯ ᠢᠶᠠᠨ ᠳᠡᠭᠡᠳᠦ ᠱᠠᠲᠤᠨ ᠤ | ᠠᠷᠠᠳ ᠤᠨ ᠵᠠᠰᠠᠭ ᠤᠨ ᠣᠷᠳᠣᠨ ᠳᠤ ᠲᠤᠰᠬᠠᠢ ᠰᠡᠳᠦᠪ ᠢᠶᠠᠷ ᠮᠡᠳᠡᠭᠦᠯᠬᠦ ᠬᠡᠷᠡᠭᠲᠡᠶ᠃ | ︵ᠬᠤᠶᠠᠷ︶ ᠬᠠᠤᠯᠢ ᠲᠣᠭᠲᠠᠭᠠᠬᠤ ᠡᠷᠬᠡ ᠶᠢᠨ ᠬᠢᠵᠠᠭᠠᠷ ᠶᠣᠰᠣᠭᠠᠷ᠂ ᠲᠤᠰ ᠵᠠᠰᠠᠭ ᠵᠠᠬᠢᠷᠭᠠᠨ ᠤ ᠣᠷᠣᠨ ᠪᠦᠰᠡ ᠳᠠᠬᠢ ᠭᠠᠯ ᠰᠡᠷᠭᠡᠶᠢᠯᠡᠵᠦ ᠤᠨᠲᠠᠷᠠᠭᠠᠬᠤ | ᠠᠮᠤᠷ ᠲᠦᠪᠰᠢᠨ ᠤ ᠣᠨᠴᠠᠯᠢᠭ ᠪᠠ ᠪᠣᠳᠠᠲᠠᠶ ᠪᠠᠶᠢᠳᠠᠯ ᠳᠤ ᠴᠢᠭᠯᠡᠭᠦᠯᠦᠨ᠂ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶ᠎ᠠ ᠳᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠲᠣᠭᠲᠠᠭᠠᠯᠭᠠᠬᠤ ᠪᠠ ᠵᠠᠰᠠᠪᠤᠷᠢ ᠣᠷᠤᠭᠤᠯᠤᠭᠤᠯᠬᠤ ᠪᠠᠷ ᠴᠠᠭ ᠲᠤᠬᠠᠶ ᠳᠤ ᠨᠢ | ᠳᠡᠪᠰᠢᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠣᠭᠲᠠᠭᠠᠯ ᠳᠦᠷᠢᠮ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠵᠤ | ᠲᠣᠭᠲᠠᠭᠠᠬᠤ ᠪᠠ ᠵᠠᠰᠠᠪᠤᠷᠢ ᠣᠷᠣᠭᠤᠯᠬᠤ ᠬᠡᠷᠡᠭᠲᠡᠶ᠃ | ︵ᠭᠤᠷᠪᠠ︶ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠦᠯᠦᠪᠵᠢᠬᠦᠯᠬᠡ ᠳᠤ | ᠣᠷᠣᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠠᠶᠢᠷᠢᠰᠢᠭᠤᠯᠤᠯᠲᠠ᠂ ᠭᠠᠯ ᠤᠨᠲᠠᠷᠠᠭᠠᠬᠤ ᠥᠷᠲᠡᠭᠡ᠂ ᠭᠠᠯ ᠤᠨᠲᠠᠷᠠᠭᠠᠬᠤ ᠤᠰᠤᠨ ᠤ | ᠬᠠᠩᠭᠠᠯᠭ᠎ᠠ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠴᠢᠮᠡᠭᠡ ᠬᠤᠯᠪᠣᠭ᠎ᠠ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ᠂ ᠭᠠᠯ ᠤᠨᠲᠠᠷᠠᠭᠠᠬᠤ ᠲᠣᠨᠤᠭ | ᠲᠥᠬᠦᠭᠡᠷᠦᠮᠵᠢ ᠵᠡᠷᠭᠡ ᠠᠭᠤᠯᠭ᠎ᠠ ᠶᠢ ᠪᠠᠭᠲᠠᠭᠠᠭᠰᠠᠨ ᠭᠠᠯ ᠰᠡᠷᠭᠡᠶᠢᠯᠡᠵᠦ ᠤᠨᠲᠠᠷᠠᠭᠠᠬᠤ ᠲᠥᠯᠥᠪᠵᠢᠭᠦᠯᠭᠡ ᠶᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ | ᠲᠥᠯᠥᠪᠵᠢᠭᠦᠯᠭᠡ ᠳᠤ ᠣᠷᠣᠭᠤᠯᠬᠤ ᠶᠢᠨ ᠬᠠᠮᠲᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ | ︵ᠲᠦᠷᠪᠡ︶ ᠭᠠᠯ ᠰᠡᠷᠭᠡᠶᠢᠯᠡᠵᠦ ᠤᠨᠲᠠᠷᠠᠭᠠᠬᠤ ᠲᠠᠯ᠎ᠠ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠭᠠᠯ ᠰᠡᠷᠭᠡᠶᠢᠯᠡᠵᠦ ᠤᠨᠲᠠᠷᠠᠭᠠᠬᠤ ᠦᠢᠯᠡᠰ ᠤᠨ | ᠬᠥᠭᠵᠢᠯᠲᠡ ᠳᠤ ᠬᠡᠷᠡᠭᠰᠡᠬᠦ ᠵᠠᠷᠤᠳᠠᠯ ᠢ ᠪᠠᠲᠤᠯᠠᠬᠤ ᠬᠡᠷᠡᠭᠲᠡᠶ᠃ | ︵ᠲᠠᠪᠤ︶ ᠭᠠᠯ ᠤᠨ ᠠᠶᠤᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠠᠯ᠎ᠠ ᠶᠢᠨ ᠪᠠᠶᠢᠩᠭᠤᠵᠢᠭᠰᠠᠨ ᠲᠣᠭᠲᠠᠴᠠ ᠶᠢ ᠪᠠᠶᠢᠭᠤᠯᠵᠤ᠂ | ᠬᠦᠨᠳᠦ ᠶᠡᠭᠡ ᠭᠠᠯ ᠤᠨ ᠠᠶᠤᠯ ᠤᠨ ᠲᠠᠯᠳᠠ ᠭᠡᠮ ᠪᠠ ᠣᠷᠣᠨ ᠪᠦᠰᠡ ᠶᠢᠨ ᠴᠢᠨᠠᠷᠲᠠᠢ ᠭᠠᠯ ᠤᠨ ᠠᠶᠤᠯ ᠤᠨ ᠲᠠᠯᠳᠠ ᠭᠡᠮ ᠢ ᠴᠡᠭᠴᠡᠯᠡᠨ ᠵᠠᠰᠠᠬᠤ ᠠᠵᠢᠯ ᠢᠶᠠᠨ | ᠵᠣᠬᠢᠶᠠᠨ ᠪᠠᠶᠢᠭᠤᠯᠵᠤ ᠬᠡᠷᠡᠭᠵᠢᠬᠦᠯᠬᠦ ᠬᠡᠷᠡᠭᠲᠡᠢ᠃ ᠬᠦᠨᠳᠦ ᠶᠡᠭᠡ ᠭᠠᠯ ᠤᠨ ᠠᠶᠤᠯ ᠤᠨ ᠳᠠᠯᠳᠠ ᠭᠡᠮ ᠳᠤ ᠨᠡᠷ᠎ᠡ ᠵᠢᠭᠠᠵᠤ ᠰᠢᠮᠳᠠᠭᠤᠯᠤᠨ ᠰᠢᠢᠳᠪᠦᠷᠢᠯᠡᠭᠦᠯᠬᠦ | ᠳᠦᠷᠢᠮ ᠢ ᠬᠡᠷᠡᠭᠵᠢᠭᠦᠯᠬᠦ ᠬᠡᠷᠡᠭᠲᠡᠶ᠃ | ︵ᠵᠢᠷᠭᠤᠭ᠎ᠠ︶ ᠭᠠᠯ ᠤᠨᠲᠠᠷᠠᠭᠠᠵᠤ ᠠᠪᠤᠷᠠᠨ ᠲᠤᠰᠠᠯᠠᠬᠤ ᠨᠡᠶᠢᠭᠡᠮ ᠤᠨ ᠬᠤᠯᠪᠣᠭᠠᠯᠠᠨ ᠬᠥᠳᠡᠯᠦᠯᠴᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠳᠤ | ᠬᠦᠳᠡᠯᠦᠯᠴᠡᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ | ᠵᠣᠬᠢᠶᠠᠨ ᠪᠠᠶᠢᠭᠤᠯᠵᠤ ᠲᠣᠭᠲᠠᠭᠠᠨ᠂ ᠠᠵᠢᠯᠲᠠᠨ᠂ ᠲᠣᠨᠤᠭ ᠲᠥᠬᠦᠭᠡᠷᠦᠮᠵᠢ᠂ ᠵᠠᠷᠤᠳᠠᠯ ᠪᠠ ᠭᠠᠯ ᠤᠨᠲᠠᠷᠠᠭᠠᠬᠤ ᠡᠮ ᠨᠤᠨᠳᠠᠭ ᠵᠡᠷᠭᠡ ᠶᠢᠨ ᠪᠠᠲᠤᠯᠠᠭ᠎ᠠ ᠶᠢ | ᠨᠠᠶᠢᠳᠠᠪᠤᠷᠢᠵᠢᠭᠤᠯᠵᠤ᠂ ᠬᠡᠷᠡᠭᠴᠡᠭᠡ ᠪᠠᠨ ᠦᠨᠳᠦᠰᠦᠯᠡᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠳᠤ ᠬᠡᠷᠡᠭᠰᠡᠬᠦ ᠠᠵᠢᠯ ᠤᠨ ᠮᠠᠰᠢᠨ ᠮᠧᠬᠠᠨᠢᠭ ᠪᠠ ᠣᠨᠴᠠᠭᠠᠢ | ᠲᠣᠨᠤᠭ ᠲᠥᠬᠦᠭᠡᠷᠦᠮᠵᠢ ᠶᠢ ᠰᠢᠯᠵᠢᠭᠦᠯᠦᠨ ᠲᠤᠬᠢᠷᠠᠭᠤᠯᠬᠤ ᠬᠡᠷᠡᠭᠲᠡᠶ᠃ | ︵ᠳᠣᠯᠤᠭ᠎ᠠ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠯᠤᠰ ᠤᠨ ᠶᠡᠷᠦᠩᠬᠡᠶᠢᠯᠡᠭᠰᠡᠨ ᠴᠢᠨᠠᠷᠲᠠᠶ ᠭᠠᠯ | ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠠᠩᠭᠢ᠂ ᠵᠠᠰᠠᠭ ᠤᠨ ᠣᠷᠳᠣᠨ ᠤ ᠲᠤᠰᠬᠠᠶ ᠭᠠᠯ ᠤᠨᠲᠠᠷᠠᠭᠠᠬᠤ ᠠᠩᠭᠢ᠂ ᠭᠠᠯ ᠤᠨᠲᠠᠷᠠᠭᠠᠬᠤ ᠰᠠᠶᠢᠨ | ᠳᠤᠷᠠᠴᠤᠳ ᠤᠨ ᠡᠩᠨᠡᠭᠡ ᠶᠢ ᠪᠠᠶᠢᠭᠤᠯᠬᠤ ᠶᠢᠨ ᠬᠠᠮᠲᠤ᠂ ᠴᠢᠬᠤᠯᠠ ᠪᠦᠬᠦᠢ ᠪᠠᠲᠤᠯᠠᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠲᠤᠰᠬᠠᠶ | ᠭᠠᠯ ᠤᠨᠲᠠᠷᠠᠭᠠᠬᠤ ᠠᠩᠭᠢ ᠶᠢᠨ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠲᠣᠳᠤᠷᠬᠠᠢ ᠲᠣᠭᠲᠠᠭᠠᠨ᠂ ᠤᠷᠢᠵᠤ ᠡᠯᠰᠡᠬᠦ᠂ ᠦᠢᠯᠡᠴᠢᠯᠡᠭᠡ ᠬᠤᠳᠠᠯᠳᠤᠨ ᠠᠪᠬᠤ | ᠵᠡᠷᠭᠡ ᠠᠷᠭ᠎ᠠ ᠮᠠᠶ᠋ᠢᠭ ᠢᠶᠠᠷ ᠵᠠᠰᠠᠭ ᠤᠨ ᠣᠷᠳᠣᠨ ᠤ ᠲᠤᠰᠬᠠᠶ ᠭᠠᠯ ᠤᠨᠲᠠᠷᠠᠭᠠᠬᠤ ᠠᠩᠭᠢ ᠶᠢᠨ ᠭᠡᠰᠢᠭᠦᠨ ᠢ ᠡᠯᠰᠡᠵᠦ᠂ ᠠᠵᠢᠯ ᠤᠨ ᠬᠡᠷ ᠪᠠᠶᠢᠰᠢᠩ ᠪᠠᠶᠢᠭᠤᠯᠵᠤ᠂ | ᠲᠣᠨᠤᠭ ᠲᠥᠬᠦᠭᠡᠷᠦᠮᠵᠢ ᠶᠢ ᠨᠢ ᠪᠦᠷᠢᠨ ᠲᠣᠬᠢᠷᠠᠭᠤᠯᠬᠤ ᠬᠡᠷᠡᠭᠲᠡᠢ︔ ᠴᠠᠯᠢᠩ᠂ ᠳᠠᠭᠠᠳᠬᠠᠯ ᠪᠠ ᠬᠠᠮᠢᠶ᠎ᠠ ᠪᠦᠬᠦᠢ ᠠᠰᠠᠷᠠᠮᠵᠢ ᠣᠯᠭᠤᠮᠵᠢ ᠶᠢ ᠨᠢ ᠲᠣᠭᠲᠠᠭᠠᠯ | ᠶᠣᠰᠣᠭᠠᠷ ᠨᠠᠶᠢᠳᠠᠪᠤᠷᠢᠵᠢᠭᠤᠯᠬᠤ ᠬᠡᠷᠡᠭᠲᠡᠶ᠃ | ︵ᠨᠠᠢᠮᠠ︶ ᠭᠠᠯ ᠰᠡᠷᠭᠡᠶᠢᠯᠡᠵᠦ ᠤᠨᠲᠠᠷᠠᠭᠠᠬᠤ ᠲᠠᠯ᠎ᠠ ᠪᠠᠷ ᠬᠢ ᠰᠢᠨᠵᠢᠯᠡᠬᠦ ᠤᠬᠠᠭᠠᠨ ᠤ ᠰᠤᠳᠤᠯᠤᠯ ᠪᠠ ᠮᠡᠷᠭᠡᠵᠢᠯ ᠤᠨ ᠰᠢᠨ᠎ᠡ ᠡᠭᠦᠳᠦᠯᠲᠡ ᠶᠢ ᠠᠬᠢᠭᠤᠯᠵᠤ᠂ | ᠲᠡᠷᠢᠭᠦᠨ ᠤ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠮᠡᠷᠭᠡᠵᠢᠯ᠂ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠬᠡᠷᠡᠭᠲᠡᠶ᠃ | ︵ᠶᠢᠰᠦ︶ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠶᠢᠨ ᠠᠵᠢᠯ ᠢ ᠪᠠᠶᠢᠩᠭᠤ ᠶᠢᠨ ᠴᠢᠨᠠᠷᠲᠠᠶ ᠵᠣᠬᠢᠶᠠᠨ ᠪᠠᠶᠢᠭᠤᠯᠵᠦ ᠥᠷᠨᠢᠭᠦᠯᠦᠨ᠂ ᠭᠠᠯ | ᠰᠡᠷᠭᠡᠶᠢᠯᠡᠵᠦ ᠤᠨᠲᠠᠷᠠᠭᠠᠬᠤ ᠨᠡᠶᠢᠲᠡ ᠶᠢᠨ ᠠᠰᠠᠷᠠᠮᠵᠢ ᠶᠢᠨ ᠦᠢᠯᠡᠰ ᠢ ᠬᠥᠭᠵᠢᠭᠦᠯᠬᠦ ᠬᠡᠷᠡᠭᠲᠡᠶ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ | ᠨᠡᠶᠢᠭᠡᠮ ᠤᠨ ᠬᠢᠨ ᠤ ᠪᠡᠯᠡ ᠮᠥᠩᠭᠦ ᠶᠢ ᠬᠠᠮᠲᠤ ᠳᠤ ᠨᠢ ᠣᠷᠣᠯᠴᠠᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠭᠠᠯ ᠰᠡᠷᠭᠡᠶᠢᠯᠡᠵᠦ ᠤᠨᠲᠠᠷᠠᠭᠠᠬᠤ ᠬᠥᠮᠦᠵᠢᠯ | ᠪᠣᠯᠪᠠᠰᠤᠷᠠᠭᠤᠯᠤᠯ᠂ ᠮᠡᠷᠭᠡᠵᠢᠯ ᠤᠨ ᠦᠢᠯᠡᠴᠢᠯᠡᠭᠡ ᠪᠠ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠵᠡᠷᠭᠡ ᠠᠵᠢᠯ ᠢ ᠠᠬᠢᠭᠤᠯᠬᠤ ᠬᠡᠷᠡᠭᠲᠡᠢ | ᠃ | ︵ᠠᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠳᠤ ᠲᠣᠭᠲᠠᠭᠠᠭᠰᠠᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠪᠤᠰᠤᠳ | ᠡᠭᠦᠷᠭᠡ ᠬᠠᠷᠢᠭᠤᠴᠠᠯᠭ᠎ᠠ᠃ | ᠶᠢᠰᠦᠳᠦᠭᠡᠷ ᠵᠦᠢᠯ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠨᠠᠢᠮᠠᠳᠤᠭᠠᠷ ᠵᠦᠢᠯ ᠳᠤ ᠲᠣᠭᠲᠠᠭᠠᠭᠰᠠᠨ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠴᠠ ᠭᠠᠳᠠᠨ᠎ᠠ᠂ ᠪᠠᠰᠠ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠶ᠄ | ︵ᠨᠢᠭᠡ︶ ᠬᠤᠲᠠ ᠬᠥᠳᠡᠭᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠪᠠ | ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠩᠭᠢ ᠪᠠ ᠥᠷᠲᠡᠭᠡ᠂ ᠪᠣᠯᠪᠠᠰᠤᠷᠠᠯ ᠤᠨ ᠪᠡᠯᠡᠳᠬᠡᠮᠵᠢ ᠵᠡᠷᠭᠡ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠢ | ᠤᠷᠢᠳᠴᠢᠯᠠᠨ ᠦᠯᠡᠳᠡᠭᠡᠬᠦ ᠬᠡᠷᠡᠭᠲᠡᠢ᠃ ᠭᠠᠯ ᠤᠨᠲᠠᠷᠠᠭᠠᠬᠤ ᠤᠰᠤᠨ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠣᠭᠲᠠᠭᠠᠯ ᠶᠣᠰᠣᠭᠠᠷ | ᠬᠤᠲᠠ ᠶᠢᠨ ᠶᠠᠪᠤᠳᠠᠯ ᠤᠨ ᠭᠠᠯ ᠤᠨᠲᠠᠷᠠᠭᠠᠬᠤ ᠤᠰᠤᠨ ᠤ ᠬᠠᠩᠭᠠᠯᠭ᠎ᠠ ᠶᠢᠨ ᠪᠡᠯᠡᠳᠬᠡᠮᠵᠢ ᠶᠢ ᠪᠠᠶᠢᠭᠤᠯᠵᠤ᠂ ᠬᠤᠲᠠ ᠶᠢᠨ ᠶᠠᠪᠤᠳᠠᠯ ᠤᠨ ᠭᠠᠯ ᠤᠨᠲᠠᠷᠠᠭᠠᠬᠤ | ᠤᠰᠤᠨ ᠤ ᠰᠤᠷᠪᠤᠯᠵᠢ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠪᠦᠲᠦᠭᠡᠨ ᠪᠠᠶᠢᠭᠤᠯᠬᠤ᠂ ᠬᠠᠮᠢᠶᠠᠷᠤᠨ ᠬᠠᠮᠠᠭᠠᠯᠠᠬᠤ ᠰᠠᠯᠠᠭ᠎ᠠ ᠮᠥᠴᠢᠷ ᠪᠠ ᠨᠢᠭᠡᠴᠢ ᠶᠢ | ᠲᠣᠳᠣᠷᠬᠠᠢ ᠲᠣᠭᠲᠠᠭᠠᠬᠤ ᠬᠡᠷᠡᠭᠲᠡᠶ᠃ | ︵ᠬᠤᠶᠠᠷ︶ ᠭᠠᠯ ᠰᠡᠷᠭᠡᠶᠢᠯᠡᠵᠦ ᠤᠨᠲᠠᠷᠠᠭᠠᠬᠤ ᠤᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ | ᠢᠨᠵᠧᠨᠧᠷᠢᠩ ᠪᠤᠶᠤ ᠠᠷᠠᠳ ᠲᠤ ᠪᠣᠳᠠᠲᠤ ᠶᠠᠪᠤᠳᠠᠯ ᠬᠢᠬᠦ ᠢᠨᠵᠧᠨᠧᠷᠢᠩ ᠳᠤ ᠣᠷᠣᠭᠤᠯᠬᠤ ᠬᠡᠷᠡᠭᠲᠡᠢ︔ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ᠂ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠬᠡᠤᠬᠡᠳ ᠤᠨ ᠴᠡᠴᠡᠷᠯᠢᠭ᠂ ᠬᠡᠤᠬᠡᠳ ᠰᠠᠭᠠᠲᠠᠭᠤᠯᠬᠤ ᠭᠠᠵᠠᠷ᠂ ᠰᠠᠭᠤᠭᠠᠯᠢ ᠠᠷᠠᠳ ᠤᠨ ᠬᠡᠷ ᠪᠦᠯᠢ᠂ ᠵᠢᠵᠢᠭ | ᠪᠠᠭᠤᠳᠠᠯ᠂ ᠪᠦᠯᠦᠭᠯᠡᠨ ᠲᠦᠷᠢᠶᠡᠰᠦᠯᠡᠬᠦ ᠬᠡᠷ ᠵᠢᠴᠢ ᠬᠤᠨᠣᠵᠤ ᠰᠠᠭᠤᠬᠤ ᠬᠢᠭᠡᠳ ᠦᠢᠯᠡᠳᠪᠦᠷᠢᠯᠡᠬᠦ᠂ ᠬᠠᠳᠠᠭᠠᠯᠠᠬᠤ᠂ ᠡᠵᠡᠩᠨᠡᠬᠦ ᠳᠤ ᠬᠠᠮᠲᠤᠷᠠᠨ ᠬᠡᠷᠡᠭᠯᠡᠬᠦ ᠲᠠᠯᠠᠪᠤᠷ | ᠭᠠᠵᠠᠷ ᠲᠤ ᠰᠦᠷᠴᠢᠭᠦᠷ ᠤᠨ ᠲᠥᠬᠦᠮ ᠲᠣᠨᠣᠭᠯᠠᠯ᠂ ᠤᠲᠤᠭ᠎ᠠ ᠪᠠᠷ ᠭᠠᠯ ᠤᠨ ᠠᠶᠤᠯ ᠢ ᠰᠡᠷᠡᠵᠦ ᠰᠢᠨᠵᠢᠬᠦ ᠲᠤᠰᠠᠭᠠᠷ ᠰᠡᠷᠡᠮᠵᠢᠯᠡᠭᠦᠯᠬᠦ ᠪᠠᠭᠠᠵᠢ ᠤᠭᠰᠠᠷᠠᠬᠤ ᠶᠢ | ᠳᠡᠯᠭᠡᠷᠡᠭᠦᠯᠬᠦ ᠬᠡᠷᠡᠭᠲᠡᠢ᠃ | ︵ᠭᠤᠷᠪᠠ︶ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠨ᠂ ᠭᠠᠯ ᠰᠡᠷᠭᠡᠶᠢᠯᠡᠵᠦ ᠤᠨᠲᠠᠷᠠᠭᠠᠬᠤ | ᠲᠠᠯ᠎ᠠ ᠪᠠᠷ ᠬᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠬᠦᠮᠦᠵᠢᠯ ᠤᠨ ᠰᠠᠭᠤᠷᠢᠨ ᠭᠠᠵᠠᠷ ᠢ ᠲᠥᠯᠥᠪᠯᠡᠭᠡ ᠲᠠᠢ ᠪᠠᠷ | ᠪᠦᠲᠦᠭᠡᠨ ᠪᠠᠶᠢᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠲᠠᠯ᠎ᠠ ᠪᠠᠷ ᠬᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠬᠦ | ᠬᠡᠷᠡᠭᠲᠡᠢ᠃ | ᠠᠷᠪᠠᠳᠤᠭᠠᠷ ᠵᠦᠢᠯ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ | ᠳᠣᠤᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄ | ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠭᠤᠯᠭ᠎ᠠ ᠶᠢ ᠰᠤᠮᠤ ᠰᠢᠶᠠᠩ ᠪᠠᠯᠭᠠᠰᠤᠨ ᠤ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠶ ᠶᠢᠨ ᠲᠥᠯᠥᠪᠵᠢᠭᠦᠯᠭᠡ ᠳᠤ ᠣᠷᠣᠭᠤᠯᠬᠤ ᠶᠢᠨ ᠬᠠᠮᠲᠤ᠂ ᠴᠢᠩᠭ᠎ᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠶ᠃ | ︵ᠬᠤᠶᠠᠷ︶ ᠴᠢᠬᠤᠯᠠ ᠪᠦᠬᠦᠢ ᠪᠡᠯᠡ ᠮᠥᠩᠭᠦ ᠲᠣᠬᠢᠷᠠᠭᠤᠯᠵᠤ᠂ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠤᠨ ᠵᠠᠷᠤᠳᠠᠯ ᠤᠨ ᠵᠠᠷᠤᠯᠭ᠎ᠠ ᠳᠤ ᠬᠡᠷᠡᠭᠯᠡᠬᠦ ᠬᠡᠷᠡᠭᠲᠡᠢ᠃ | ︵ᠭᠤᠷᠪᠠ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠴᠡᠭᠴᠡᠯᠡᠨ ᠵᠠᠰᠠᠬᠤ ᠶᠢ ᠪᠠᠶᠢᠷᠢᠯᠠᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠦᠨ᠂ ᠭᠠᠯ ᠤᠨ ᠠᠶᠤᠯ ᠤᠨ ᠳᠠᠯᠳᠠ ᠭᠡᠮ ᠢ ᠰᠢᠮᠳᠠᠭᠤᠯᠤᠨ ᠴᠡᠭᠴᠡᠯᠡᠵᠦ ᠰᠠᠶᠢᠵᠢᠷᠠᠭᠤᠯᠬᠤ | ᠬᠡᠷᠡᠭᠲᠡᠶ᠃ | ︵ᠳᠥᠷᠪᠡ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠲᠤᠰᠬᠠᠶ ᠬᠥᠮᠦᠨ ᠲᠣᠭᠲᠠᠭᠠᠵᠤ ᠭᠠᠯ | ᠰᠡᠷᠭᠡᠶᠢᠯᠡᠵᠦ ᠤᠨᠲᠠᠷᠠᠭᠠᠬᠤ ᠠᠵᠢᠯ ᠢ ᠬᠠᠷᠢᠴᠠᠭᠤᠯᠤᠨ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ︽ᠲᠤᠤᠷᠵᠢᠯᠬᠠᠰᠠᠨ︾ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠ ᠱᠠᠭᠠᠷᠳᠠᠯᠭ᠎ᠠ ᠶᠢ ᠲᠤᠬᠠᠶ ᠶᠢᠨ ᠭᠠᠵᠠᠷ | ᠣᠷᠣᠨ ᠤ ᠪᠠᠶᠢᠳᠠᠯ ᠳᠤ ᠨᠢ ᠲᠤᠬᠢᠷᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ︵ᠲᠠᠪᠤ︶ ᠲᠤᠬᠠᠶ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠪᠠ | ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠬᠡᠷᠡᠭᠴᠡᠭᠡ ᠪᠠᠨ ᠦᠨᠳᠦᠰᠦᠯᠡᠨ ᠭᠠᠯ ᠤᠨᠲᠠᠷᠠᠭᠠᠬᠤ ᠲᠤᠰᠬᠠᠶ ᠠᠩᠭᠢ᠂ ᠰᠠᠶᠢᠨ ᠳᠤᠷᠠᠴᠤᠳ ᠤᠨ ᠭᠠᠯ ᠤᠨᠲᠠᠷᠠᠭᠠᠬᠤ | ᠠᠩᠭᠢ ᠶᠢ ᠪᠠᠶᠢᠭᠤᠯᠵᠤ᠂ ᠭᠠᠯ ᠤᠨᠲᠠᠷᠠᠭᠠᠵᠤ ᠠᠶᠤᠯ ᠠᠴᠠ ᠠᠪᠤᠷᠠᠬᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠵᠡᠷᠭᠡ ᠡᠭᠦᠷᠭᠡ ᠴᠢᠳᠠᠪᠤᠷᠢ ᠶᠢ | ᠡᠭᠦᠷᠭᠡᠯᠡᠭᠦᠯᠬᠦ ᠶᠢᠨ ᠬᠠᠮᠲᠤ᠂ ᠭᠠᠯ ᠰᠡᠷᠭᠡᠶᠢᠯᠡᠵᠦ ᠤᠨᠲᠠᠷᠠᠭᠠᠬᠤ ᠲᠠᠯ᠎ᠠ ᠪᠠᠷ ᠬᠢ ᠤᠬᠠᠭᠤᠯᠭ᠎ᠠ᠂ ᠲᠠᠷᠬᠠᠭᠠᠵᠤ ᠵᠠᠶᠢᠯᠠᠭᠤᠯᠬᠤ ᠰᠣᠷᠢᠯᠲᠠ᠂ ᠭᠠᠯ ᠰᠡᠷᠭᠡᠶᠢᠯᠡᠬᠦ | ᠴᠠᠭᠳᠠᠨ ᠪᠠᠶᠢᠴᠠᠭᠠᠯᠲᠠ᠂ ᠳᠠᠯᠳᠠ ᠭᠡᠮ ᠢ ᠪᠠᠶᠢᠴᠠᠭᠠᠵᠤ ᠠᠷᠢᠯᠭᠠᠬᠤ ᠠᠵᠢᠯ ᠢ ᠥᠷᠨᠢᠭᠦᠯᠬᠦ ᠬᠡᠷᠡᠭᠲᠡᠢ᠃ | ︵ᠵᠢᠷᠭᠤᠭ᠎ᠠ︶ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ︵ᠨᠡᠶᠢᠭᠡᠮ ᠲᠣᠭᠤᠷᠢᠭ︶ ᠢ ᠵᠢᠭᠠᠨ ᠵᠢᠯᠣᠭᠤᠳᠴᠤ | ᠪᠠᠶᠢᠭᠠᠳ ᠭᠠᠯ ᠰᠡᠷᠭᠡᠶᠢᠯᠡᠵᠦ ᠤᠨᠲᠠᠷᠠᠭᠠᠬᠤ ᠣᠯᠠᠨ ᠲᠦᠮᠡᠨᠴᠢ ᠴᠢᠨᠠᠷᠲᠠᠶ ᠠᠵᠢᠯ ᠢ ᠥᠷᠨᠢᠭᠦᠯᠵᠦ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠭᠴᠢ ᠶᠢ ᠲᠤᠳᠤᠷᠬᠠᠢ ᠲᠣᠭᠲᠠᠭᠠᠨ᠂ ᠭᠠᠯ ᠰᠡᠷᠭᠡᠶᠢᠯᠡᠬᠦ ᠠᠮᠤᠷ ᠲᠦᠪᠰᠢᠨ ᠤ ᠨᠡᠶᠢᠲᠡ ᠶᠢᠨ ᠭᠡᠷ᠎ᠡ ᠶᠢ ᠲᠣᠭᠲᠠᠭᠠᠵᠤ᠂ ᠬᠡᠷᠡᠭᠴᠡᠭᠡ ᠪᠠᠨ ᠦᠨᠳᠦᠰᠦᠯᠡᠨ | ᠰᠠᠶᠢᠨ ᠳᠤᠷᠠᠴᠤᠳ ᠤᠨ ᠭᠠᠯ ᠤᠨᠲᠠᠷᠠᠭᠠᠬᠤ ᠠᠩᠭᠢ ᠪᠤᠶᠤ ᠭᠠᠯ ᠤᠨᠲᠠᠷᠠᠭᠠᠬᠤ ᠪᠢᠴᠢᠯ ᠥᠷᠲᠡᠭᠡ ᠶᠢ ᠪᠠᠶᠢᠭᠤᠯᠤᠨ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠪᠠᠶᠢᠴᠠᠭᠠᠯᠲᠠ᠂ ᠤᠬᠠᠭᠤᠯᠭ᠎ᠠ ᠬᠥᠮᠥᠵᠢᠯ᠂ ᠪᠠᠴᠢᠮ ᠪᠠᠶᠢᠳᠠᠯ ᠢ ᠠᠷᠭᠠᠴᠠᠭᠠᠨ ᠲᠠᠷᠬᠠᠭᠠᠵᠤ ᠵᠠᠶᠢᠯᠠᠭᠤᠯᠬᠤ ᠰᠣᠷᠢᠯᠲᠠ ᠵᠡᠷᠭᠡ ᠶᠢᠨ ᠠᠵᠢᠯ ᠢ ᠥᠷᠨᠢᠭᠦᠯᠬᠦ | ᠬᠡᠷᠡᠭᠲᠡᠶ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠡᠮᠦᠨᠡᠬᠢ ︵ᠭᠤᠷᠪᠠ︶ ︵ᠳᠥᠷᠪᠡ︶ ︵ᠲᠠᠪᠤ︶ ︵ᠵᠢᠷᠭᠤᠭ᠎ᠠ︶ ᠳ᠋ᠤᠭᠠᠷ ᠵᠤᠷᠪᠤᠰ ᠤᠨ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠬᠦ ᠶᠢᠨ ᠬᠠᠮᠲᠤ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠵᠠᠷᠤᠳᠠᠯ ᠢ ᠪᠠᠲᠤᠯᠠᠬᠤ ᠬᠡᠷᠡᠭᠲᠡᠶ᠃ | ᠠᠷᠪᠠᠨ ᠨᠢᠭᠡᠳᠦᠭᠡᠷ ᠵᠦᠢᠯ ᠨᠡᠭᠡᠭᠡᠯᠳᠡ ᠬᠢᠬᠦ ᠣᠷᠣᠨ ᠤ ᠬᠠᠮᠢᠶᠠᠷᠤᠯᠲᠠ ᠶᠢᠨ ᠪᠠᠶᠢᠭᠤᠯᠤᠮᠵᠢ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠪᠠᠶᠢᠭᠤᠯᠤᠮᠵᠢ ᠵᠡᠷᠭᠡ ᠵᠠᠰᠠᠭ ᠤᠨ ᠣᠷᠳᠣᠨ ᠤ ᠲᠣᠮᠢᠯᠠᠭᠰᠠᠨ ᠪᠠᠶᠢᠭᠤᠯᠭ᠎ᠠ ᠨᠢ ᠣᠷᠣᠨ ᠪᠦᠰᠡ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ | ᠬᠠᠷᠢᠭᠤᠴᠠᠨ ᠬᠠᠮᠢᠶᠠᠷᠴᠤ᠂ ᠲᠤᠰ ᠠᠷᠭ᠎ᠠ ᠶᠢᠨ ᠶᠣᠰᠣᠭᠠᠷ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ | ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠃ | | | ᠭᠤᠷᠪᠠᠳᠤᠭᠠᠷ ᠪᠦᠯᠦᠭ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠵᠢᠴᠢ | ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠢ ᠪᠠ ᠪᠠᠶᠢᠭᠤᠯᠤᠮᠵᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ | ᠬᠠᠷᠢᠭᠤᠴᠠᠯᠭ᠎ᠠ | | | ᠠᠷᠪᠠᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠵᠢᠴᠢ | ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠬᠤᠯᠪᠣᠭᠳᠠᠯ ᠪᠥᠬᠦᠶ ᠨᠢᠭᠡᠴᠢ ᠪᠠ ᠪᠠᠶᠢᠭᠤᠯᠤᠮᠵᠢ ᠶᠢᠨ ᠬᠠᠮᠲᠤ ᠶᠢᠨ ᠡᠭᠦᠷᠭᠡ ᠬᠠᠷᠢᠭᠤᠴᠠᠯᠭ᠎ᠠ᠄ | ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠤᠳᠤᠷᠢᠳᠴᠤ ᠵᠣᠬᠢᠶᠠᠨ ᠪᠠᠶᠢᠭᠤᠯᠬᠤ ᠪᠠᠶᠢᠭᠤᠯᠤᠮᠵᠢ ᠪᠠ ᠬᠠᠮᠢᠶᠠᠷᠤᠯᠲᠠ ᠶᠢᠨ ᠳᠦᠷᠢᠮ ᠢ | ᠪᠠᠶᠢᠭᠤᠯᠤᠨ ᠪᠦᠷᠢᠨᠰᠢᠭᠦᠯᠵᠦ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠨᠢ ᠲᠣᠳᠣᠷᠬᠠᠢ ᠲᠣᠭᠲᠠᠭᠠᠨ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ | ᠡᠯ᠎ᠡ ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ | ︵ᠬᠤᠶᠠᠷ︶ ᠲᠣᠰ ᠠᠵᠢᠯ ᠲᠥᠷᠥᠯ᠂ ᠲᠣᠰ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠣᠨᠴᠠᠯᠢᠭ ᠢᠶᠠᠨ ᠦᠨᠳᠦᠰᠦᠯᠡᠨ᠂ ᠭᠠᠯ ᠰᠡᠷᠭᠡᠶᠢᠯᠡᠵᠦ | ᠤᠨᠲᠠᠷᠠᠭᠠᠬᠤ ᠠᠮᠤᠷ ᠲᠦᠪᠰᠢᠨ ᠤ ᠠᠭᠤᠯᠭ᠎ᠠ ᠶᠢ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ᠂ | ᠲᠥᠯᠥᠪᠵᠢᠭᠦᠯᠪᠡ ᠲᠥᠯᠥᠪᠯᠡᠭᠡ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠳᠤ ᠪᠠᠨ ᠣᠷᠣᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ᠃ | ︵ᠭᠤᠷᠪᠠ︶ ᠲᠣᠰ ᠠᠵᠢᠯ ᠲᠥᠷᠥᠯ᠂ ᠲᠣᠰ ᠰᠢᠰᠲ᠋ᠧᠮ ᠤᠨ ᠬᠠᠮᠢᠶ᠎ᠠ ᠪᠦᠬᠦᠢ ᠨᠢᠭᠡᠴᠢ ᠪᠠᠨ ᠬᠠᠤᠯᠢ ᠶᠣᠰᠣᠭᠠᠷ ᠰᠢᠮᠳᠠᠭᠤᠯᠵᠤ ᠪᠠᠶᠢᠭᠠᠳ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠲᠤᠰᠬᠠᠶ ︵ᠬᠠᠪᠰᠤᠷᠭᠠᠭᠰᠠᠨ︶ ᠲᠤᠰᠢᠶᠠᠯᠲᠤ ᠬᠠᠮᠢᠶᠠᠷᠬᠤ | ᠠᠵᠢᠯᠲᠠᠨ ᠢ ᠲᠣᠭᠲᠠᠭᠠᠨ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠵᠠᠷᠤᠳᠠᠯ ᠢ ᠨᠠᠶᠢᠳᠠᠪᠤᠷᠢᠵᠢᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠪᠠᠷᠢᠮᠵᠢᠶᠠᠵᠢᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ | ︵ᠳᠥᠷᠪᠡ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠲᠠᠯ᠎ᠠ ᠪᠠᠷ ᠬᠢ ᠴᠢᠭᠯᠡᠭᠦᠯᠬᠦ ᠴᠢᠨᠠᠷᠲᠠᠶ ᠪᠠᠶᠢᠴᠠᠭᠠᠨ ᠵᠠᠰᠠᠬᠤ ᠠᠵᠢᠯ ᠢ ᠵᠣᠬᠢᠶᠠᠨ | ᠪᠠᠶᠢᠭᠤᠯᠵᠤ ᠥᠷᠨᠢᠭᠦᠯᠦᠨ᠂ ᠭᠠᠯ ᠤᠨ ᠠᠶᠤᠯ ᠤᠨ ᠳᠠᠯᠳᠠ ᠬᠡᠮ ᠢ ᠠᠷᠢᠯᠭᠠᠬᠤ ᠬᠡᠷᠡᠭᠲᠡᠢ︔ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ | ᠪᠣᠯᠪᠠᠰᠤᠷᠠᠭᠤᠯᠤᠯ ᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠵᠣᠬᠢᠶᠠᠨ ᠪᠠᠶᠢᠭᠤᠯᠵᠤ᠂ ᠠᠵᠢᠯ ᠲᠥᠷᠥᠯ ᠤᠨ ᠠᠵᠢᠯ ᠡᠷᠬᠢᠯᠡᠭᠰᠡᠳ ᠤᠨ | ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠳᠤ ᠲᠣᠭᠲᠠᠭᠠᠭᠰᠠᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠪᠤᠰᠤᠳ ᠡᠭᠦᠷᠭᠡ ᠬᠠᠷᠢᠭᠤᠴᠠᠯᠭ᠎ᠠ᠃ | ᠠᠷᠪᠠᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ | ᠵᠢᠴᠢ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠨᠢᠭᠡᠴᠢ ᠪᠠ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠄ | ︵ᠨᠢᠭᠡ︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠨᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠬᠢᠨᠠᠯᠲᠠ | ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠭᠠᠯ ᠰᠡᠷᠬᠡᠶᠢᠯᠡᠨ | ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠪᠠ ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ | ᠵᠢᠭᠠᠨ ᠵᠢᠯᠣᠭᠤᠳᠴᠤ ᠵᠣᠬᠢᠴᠠᠭᠤᠯᠤᠨ᠂ ᠬᠢᠨᠠᠯᠲᠠ ᠲᠠᠯᠪᠢᠨ ᠪᠠᠶᠢᠴᠠᠭᠠᠵᠤ᠂ ᠴᠠᠭᠳᠠᠨ ᠪᠠᠶᠢᠴᠠᠭᠠᠵᠤ ᠰᠢᠯᠭᠠᠨ ᠬᠢᠨᠠᠬᠤ ᠬᠡᠷᠡᠭᠲᠡᠢ᠃ ᠭᠠᠯ ᠰᠡᠷᠬᠡᠶᠢᠯᠡᠨ ᠤᠨᠲᠠᠷᠠᠭᠠᠵᠤ | ᠠᠪᠤᠷᠠᠨ ᠲᠤᠰᠠᠯᠠᠬᠤ ᠪᠠᠶᠢᠭᠤᠯᠤᠮᠵᠢ ᠶᠢᠨ ᠲᠣᠭᠲᠠᠭᠠᠭᠰᠠᠨ ᠲᠣᠰ ᠵᠠᠰᠠᠭ ᠵᠠᠬᠢᠷᠭᠠᠨ ᠤ ᠣᠷᠣᠨ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠭᠤᠤᠯᠳᠠᠯᠭ᠎ᠠ ᠲᠠᠢ ᠨᠢᠭᠡᠴᠢ ᠶᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠬᠡᠷᠡᠭᠲᠡᠶ᠃ ᠭᠠᠯ ᠰᠡᠷᠭᠡᠶᠢᠯᠡᠨ | ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠨᠤᠭᠤᠳ ᠨᠢ ᠭᠠᠯ ᠰᠡᠷᠭᠡᠶᠢᠯᠡᠵᠦ ᠤᠨᠲᠠᠷᠠᠭᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠳᠤ ᠪᠠᠨ ᠣᠯᠵᠤ | ᠮᠡᠳᠡᠭᠰᠡᠨ ᠬᠤᠲᠠ ᠬᠥᠳᠡᠭᠡ ᠶᠢᠨ ᠭᠠᠯ ᠲᠦᠢᠮᠡᠷ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠠᠶᠢᠷᠢᠯᠠᠭᠤᠯᠤᠯᠲᠠ᠂ ᠣᠯᠠᠨ ᠨᠡᠶᠢᠲᠡ ᠶᠢᠨ ᠭᠠᠯ ᠰᠡᠷᠭᠡᠶᠢᠯᠡᠵᠦ | ᠤᠨᠲᠠᠷᠠᠭᠠᠬᠤ ᠪᠡᠯᠡᠳᠬᠡᠮᠵᠢ ᠨᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠬᠦ ᠦᠭᠡᠢ ᠪᠤᠶᠤ ᠲᠣᠰ ᠭᠠᠵᠠᠷ ᠣᠷᠣᠨ ᠳᠠᠬᠢ | ᠣᠯᠠᠨ ᠨᠡᠶᠢᠲᠡ ᠶᠢᠨ ᠠᠮᠤᠷ ᠲᠦᠪᠰᠢᠨ ᠢ ᠨᠥᠯᠥᠭᠡᠯᠡᠬᠦ ᠬᠦᠨᠳᠦ ᠶᠡᠭᠡ ᠭᠠᠯ ᠲᠦᠢᠮᠡᠷ ᠤᠨ ᠠᠶᠤᠯ ᠭᠠᠮᠰᠢᠭ ᠤᠨ ᠳᠠᠯᠳᠠ ᠭᠡᠮ ᠣᠷᠣᠰᠢᠵᠤ ᠪᠠᠶᠢᠭ᠎ᠠ ᠪᠠᠶᠢᠳᠠᠯ ᠢ ᠲᠤᠰ | ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠪᠢᠴᠢᠭ ᠢᠶᠠᠷ ᠮᠡᠳᠡᠭᠦᠯᠬᠦ ᠬᠡᠷᠡᠭᠲᠡᠢ᠃ | ︵ᠬᠤᠶᠠᠷ︶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠨᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠬᠤᠯᠪᠣᠭᠳᠠᠯ | ᠪᠦᠬᠦᠢ ᠡᠭᠦᠷᠭᠡ ᠬᠠᠷᠢᠭᠤᠴᠠᠯᠭ᠎ᠠ ᠪᠠᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠳᠤ ᠬᠤᠯᠪᠣᠭᠳᠠᠭᠰᠠᠨ ᠠᠮᠤᠷ ᠲᠦᠪᠰᠢᠨ ᠤ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ | ᠭᠠᠯ ᠠᠯᠳᠠᠭᠰᠠᠨ ᠶᠠᠯ᠎ᠠ ᠪᠠ ᠭᠠᠯ ᠰᠡᠷᠭᠡᠶᠢᠯᠡᠵᠦ ᠤᠨᠲᠠᠷᠠᠭᠠᠬᠤ ᠬᠠᠷᠢᠭᠤᠴᠠᠯᠭ᠎ᠠ ᠶᠢᠨ ᠠᠳᠡᠯ ᠤᠨ ᠶᠠᠯ᠎ᠠ ᠵᠡᠷᠭᠡ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠦᠢᠯᠡᠳᠪᠦᠷᠢᠯᠡᠯ ᠤᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠡᠷᠡᠭᠦᠤ ᠶᠢᠨ ᠬᠡᠷᠡᠭ ᠢ ᠰᠢᠢᠳᠪᠦᠷᠢᠯᠡᠬᠦ ᠬᠡᠷᠡᠭᠲᠡᠢ᠃ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠬᠤᠢ | ᠲᠠᠯᠠᠪᠠᠢ ᠵᠢᠴᠢ ᠡᠷᠭᠢᠨ ᠲᠣᠭᠤᠷᠢᠨ ᠳᠠᠬᠢ ᠵᠠᠮ ᠢ ᠵᠠᠯᠠᠵᠤ ᠵᠢᠯᠣᠭᠤᠳᠤᠨ ᠰᠢᠯᠤᠭᠤᠳᠬᠠᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯᠯᠠᠭᠠᠨ ᠳᠤ ᠭᠠᠯ | ᠤᠨᠲᠠᠷᠠᠭᠠᠬᠤ ᠲᠡᠷᠭᠡ ᠬᠥᠰᠬᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠴᠢᠬᠤᠯᠠ ᠲᠠᠢ ᠣᠢᠶ᠎ᠠ ᠳᠤ ᠨᠢ ᠵᠠᠮ ᠬᠠᠷᠢᠯᠴᠠᠭᠠᠨ ᠳᠤ ᠵᠠᠬᠢᠷᠤᠨ ᠬᠠᠮᠢᠶᠠᠷᠤᠯᠲᠠ | ᠬᠢᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠶᠢᠨ ᠲᠣᠮᠢᠯᠠᠭᠰᠠᠨ ᠰᠠᠯᠪᠤᠷᠢ ᠨᠤᠭᠤᠳ ᠨᠢ ᠭᠠᠯ ᠰᠡᠷᠭᠡᠶᠢᠯᠡᠵᠦ ᠤᠨᠲᠠᠷᠠᠭᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ | ᠪᠠ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ ᠢ ᠬᠠᠤᠯᠢ ᠶᠣᠰᠣᠭᠠᠷ ᠬᠢᠵᠦ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ | ᠠᠷᠠᠳ ᠤᠨ ᠵᠥᠪᠯᠡᠯ ︵ᠨᠡᠶᠢᠭᠡᠮ ᠲᠣᠭᠤᠷᠢᠭ︶᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠵᠡᠷᠭᠡ ᠨᠢᠭᠡᠴᠢ ᠶᠢ ᠰᠢᠮᠳᠠᠭᠤᠯᠬᠤ ᠪᠠ ᠵᠢᠭᠠᠨ | ᠵᠢᠯᠤᠭᠤᠳᠴᠤ ᠪᠠᠶᠢᠭᠠᠳ ᠭᠠᠯ ᠰᠡᠷᠭᠡᠶᠢᠯᠡᠵᠦ ᠤᠨᠲᠠᠷᠠᠭᠠᠬᠤ ᠠᠮᠦᠷ ᠲᠥᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ | ︵ᠭᠤᠷᠪᠠ︶ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠨᠢ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ | ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠬᠤ ᠬᠡᠷᠡᠭᠲᠡᠢ᠃ ᠰᠤᠷᠭᠠᠭᠤᠯᠢ ᠨᠤᠭᠤᠳ ᠤᠨ | ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠤᠬᠠᠭᠤᠯᠭ᠎ᠠ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠵᠢᠭᠠᠨ ᠵᠢᠯᠣᠭᠤᠳᠴᠤ᠂ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠰᠤᠷᠭᠠᠭᠤᠯᠢ ᠨᠤᠭᠤᠳ ᠤᠨ ᠠᠮᠤᠷ ᠲᠦᠪᠰᠢᠨ ᠤ ᠬᠥᠮᠥᠵᠢᠯ ᠤᠨ ᠠᠵᠢᠯᠯᠠᠭ᠎ᠠ ᠪᠠ ᠰᠤᠷᠤᠭᠴᠢᠳ ᠤᠨ ᠴᠡᠷᠢᠭ ᠤᠨ | ᠪᠣᠯᠪᠠᠰᠤᠷᠠᠯ ᠤᠨ ᠠᠭᠤᠯᠭ᠎ᠠ ᠳᠤ ᠣᠷᠣᠭᠤᠯᠬᠤ ᠬᠡᠷᠡᠭᠲᠡᠢ᠃ ᠬᠠᠷᠢᠶ᠎ᠠ ᠭᠠᠵᠠᠷ ᠲᠠᠬᠢ ᠰᠤᠷᠭᠠᠭᠤᠯᠢ᠂ ᠬᠡᠤᠬᠡᠳ ᠤᠨ ᠴᠡᠴᠡᠷᠯᠢᠭ᠂ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠨᠤᠭᠤᠳ ᠢ ᠰᠢᠮᠳᠠᠭᠤᠯᠵᠤ ᠪᠠᠶᠢᠭᠠᠳ ᠭᠠᠯ ᠰᠡᠷᠭᠡᠶᠢᠯᠡᠵᠦ ᠤᠨᠲᠠᠷᠠᠭᠠᠵᠤ ᠠᠮᠤᠷ ᠲᠦᠪᠰᠢᠨ ᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠨᠢ ᠨᠠᠶᠢᠳᠠᠪᠤᠷᠢᠵᠢᠭᠤᠯᠤᠨ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠲᠠᠯ᠎ᠠ ᠪᠠᠷ ᠬᠢ ᠳᠠᠯᠳᠠ ᠭᠡᠮ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠃ | ︵ᠳᠥᠷᠪᠡ︶ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠨᠢ ᠨᠠᠰᠤᠵᠢᠯ ᠤᠨ ᠦᠢᠯᠡᠴᠢᠯᠡᠭᠡᠨ᠂ ᠬᠡᠤᠬᠡᠳ ᠤᠨ ᠠᠰᠠᠷᠠᠮᠵᠢ᠂ ᠤᠷᠤᠭ ᠤᠨ | ᠳᠠᠩᠰᠠᠯᠠᠯᠲᠠ᠂ ᠠᠪᠤᠷᠠᠨ ᠲᠤᠰᠠᠯᠠᠬᠤ ᠬᠠᠮᠢᠶᠠᠷᠤᠯᠲᠠ᠂ ᠣᠷᠣᠰᠢᠭᠤᠯᠭ᠎ᠠ ᠶᠢᠨ ᠦᠢᠯᠡᠴᠢᠯᠡᠭᠡ᠂ ᠣᠶᠤᠨ ᠮᠡᠳᠡᠷᠡᠯ ᠡᠷᠡᠭᠦᠯ ᠬᠠᠮᠠᠭᠠᠯᠠᠯ ᠤᠨ ᠠᠰᠠᠷᠠᠮᠵᠢ ᠵᠡᠷᠭᠡ | ᠠᠷᠠᠳ ᠤᠨ ᠶᠠᠪᠤᠳᠠᠯ ᠤᠨ ᠪᠠᠶᠢᠭᠤᠯᠤᠮᠵᠢ ᠨᠤᠭᠤᠳ ᠤᠨ ᠬᠠᠮᠢᠶᠠᠷᠴᠤ ᠪᠠᠶᠢᠭ᠎ᠠ ᠠᠵᠢᠯ ᠲᠥᠷᠥᠯ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ | ᠬᠠᠷᠢᠭᠤᠴᠠᠬᠤ ᠬᠡᠷᠡᠭᠲᠡᠢ᠃ | ︵ᠲᠠᠪᠤ︶ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠨᠢ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠤᠨ ᠪᠠᠶᠢᠭᠤᠯᠤᠮᠵᠢ᠂ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢᠨ ᠵᠥᠪᠰᠢᠶᠡᠷᠡᠯ ᠪᠤᠶᠤ ᠬᠠᠮᠢᠶᠠᠷᠤᠯᠲᠠ ᠳᠠᠬᠢ ᠠᠵᠢᠯ ᠲᠥᠷᠥᠯ ᠤᠨ | ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠬᠠᠷᠢᠭᠤᠴᠠᠬᠤ ᠬᠡᠷᠡᠭᠲᠡᠢ᠃ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ ᠶᠢᠨ | ᠭᠡᠰᠢᠭᠦᠨ᠂ ᠠᠵᠤ ᠠᠬᠤᠶᠢᠯᠠᠯ ᠤᠨ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ ᠶᠢᠨ ᠭᠡᠰᠢᠭᠦᠳ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ | ᠬᠠᠤᠯᠢ ᠶᠣᠰᠣᠭᠠᠷ ᠣᠷᠣᠯᠴᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠭᠠᠯ | ᠰᠡᠷᠭᠡᠶᠢᠯᠡᠵᠦ ᠤᠨᠲᠠᠷᠠᠭᠠᠬᠤ ᠮᠡᠳᠡᠯᠭᠡ ᠶᠢ ᠠᠵᠢᠯ ᠮᠡᠷᠭᠡᠵᠢᠯ ᠤᠨ ᠪᠣᠯᠪᠠᠰᠤᠷᠠᠭᠤᠯᠬᠤ ᠠᠭᠤᠯᠭ᠎ᠠ ᠳᠤ ᠣᠷᠣᠭᠤᠯᠬᠤ ᠬᠡᠷᠡᠭᠲᠡᠶ᠃ | ︵ᠵᠢᠷᠭᠤᠭ᠎ᠠ︶ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠨᠢ ᠤᠯᠤᠰ ᠤᠨ ᠲᠣᠭᠲᠠᠭᠠᠯ ᠢ ᠦᠨᠳᠦᠰᠦᠯᠡᠨ᠂ ᠭᠠᠯ ᠰᠡᠷᠭᠡᠶᠢᠯᠡᠵᠦ | ᠤᠨᠲᠠᠷᠠᠭᠠᠬᠤ ᠲᠥᠯᠥᠪᠵᠢᠭᠦᠯᠭᠡ ᠶᠢ ᠵᠣᠬᠢᠬᠤ ᠱᠠᠲᠤ ᠳᠡᠰ ᠲᠠᠬᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠪᠡ᠂ ᠭᠠᠴᠠᠭ᠎ᠠ | ᠲᠣᠰᠬᠤᠨ ᠤ ᠲᠥᠯᠥᠪᠵᠢᠭᠦᠯᠭᠡ ᠳᠤ ᠣᠷᠣᠭᠤᠯᠵᠤ᠂ ᠭᠠᠯ ᠤᠨᠲᠠᠷᠠᠭᠠᠬᠤ ᠳᠤ ᠤᠰᠤ ᠬᠠᠩᠭᠠᠬᠤ᠂ ᠭᠠᠯ ᠤᠨᠲᠠᠷᠠᠭᠠᠬᠤ ᠠᠩᠭᠢ ᠪᠠ ᠥᠷᠲᠡᠭᠡ ᠵᠡᠷᠭᠡ ᠣᠯᠠᠨ | ᠨᠡᠶᠢᠲᠡ ᠶᠢᠨ ᠭᠠᠯ ᠤᠨᠲᠠᠷᠠᠭᠠᠬᠤ ᠰᠠᠭᠤᠷᠢ ᠪᠡᠯᠡᠳᠬᠡᠮᠵᠢ ᠪᠠ ᠦᠢᠯᠡᠴᠢᠯᠡᠬᠦ ᠪᠡᠯᠡᠳᠬᠡᠮᠵᠢ ᠶᠢ ᠵᠣᠬᠢᠰᠲᠠᠶ ᠪᠠᠶᠢᠷᠢᠯᠠᠭᠤᠯᠬᠤ ᠬᠡᠷᠡᠭᠲᠡᠶ᠃ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠭᠠᠯ ᠤᠨᠲᠠᠷᠠᠭᠠᠬᠤ ᠪᠡᠯᠡᠳᠬᠡᠮᠵᠢ | ᠪᠠᠶᠢᠷᠢᠯᠠᠭᠤᠯᠬᠤ ᠲᠤᠰᠬᠠᠶ ᠲᠥᠯᠥᠪᠵᠢᠭᠦᠯᠭᠡ ᠶᠢ ᠲᠣᠭᠲᠠᠭᠠᠵᠤ᠂ ᠲᠥᠯᠥᠪᠵᠢᠭᠦᠯᠪᠡ ᠶᠣᠰᠣᠭᠠᠷ ᠭᠠᠯ ᠤᠨᠲᠠᠷᠠᠭᠠᠬᠤ ᠥᠷᠲᠡᠭᠡ ᠳᠤ ᠲᠥᠯᠥᠪᠵᠢᠭᠦᠯᠦᠨ ᠬᠡᠷᠡᠭᠯᠡᠬᠦ | ᠭᠠᠵᠠᠷ ᠢ ᠦᠯᠡᠳᠡᠭᠡᠵᠦ ᠥᠭᠬᠦ ᠶᠢᠨ ᠬᠠᠮᠲᠤ᠂ ᠬᠢᠨᠠᠯᠲᠠ ᠲᠠᠯᠪᠢᠵᠤ ᠬᠡᠷᠡᠭᠵᠢᠭᠦᠯᠬᠦ ᠶᠢ ᠬᠠᠷᠢᠭᠤᠴᠠᠬᠤ ᠬᠡᠷᠡᠭᠲᠡᠶ᠃ | ︵ᠳᠣᠯᠤᠭ᠎ᠠ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠨᠢ ᠪᠦᠲᠦᠭᠡᠨ ᠪᠠᠶᠢᠭᠤᠯᠬᠤ | ᠪᠠᠷᠢᠯᠭ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠶᠢᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢ ᠰᠢᠯᠭᠠᠨ | ᠬᠤᠷᠢᠶᠠᠵᠦ ᠠᠪᠬᠤ᠂ ᠪᠦᠷᠢᠳᠬᠡᠨ ᠳᠠᠩᠰᠠᠯᠠᠵᠤ ᠰᠤᠭᠤᠴᠢᠨ ᠪᠠᠶᠢᠴᠠᠭᠠᠬᠤ ᠶᠢ ᠬᠠᠤᠯᠢ ᠶᠣᠰᠣᠭᠠᠷ ᠬᠠᠷᠢᠭᠤᠴᠠᠨ ᠬᠡᠷᠡᠭᠵᠢᠭᠦᠯᠵᠦ᠂ ᠡᠷᠬᠡ ᠲᠤᠰᠢᠶᠠᠯ ᠤᠨ ᠡᠭᠦᠷᠭᠡ | ᠬᠠᠷᠢᠭᠤᠴᠠᠯᠭ᠎ᠠ ᠪᠠᠷ ᠦᠨᠳᠦᠰᠦᠯᠡᠯ ᠪᠣᠯᠭᠠᠵᠤ ᠵᠠᠰᠠᠭ ᠵᠠᠬᠢᠷᠭᠠᠨ ᠤ ᠰᠢᠢᠳᠬᠡᠨ ᠲᠣᠷᠭᠠᠬᠤ ᠠᠵᠢᠯ ᠢ ᠬᠠᠤᠯᠢ ᠶᠣᠰᠣᠭᠠᠷ ᠬᠢᠬᠦ ᠬᠡᠷᠡᠭᠲᠡᠢ᠃ ᠪᠦᠲᠦᠭᠡᠨ ᠪᠠᠶᠢᠭᠤᠯᠬᠤ | ᠪᠠᠷᠢᠯᠭ᠎ᠠ ᠶᠢᠨ ᠬᠠᠷᠢᠭᠤᠴᠠᠯᠭᠠᠲᠤ ᠨᠢᠭᠡᠴᠢ ᠶᠢ ᠬᠠᠤᠯᠢ ᠶᠣᠰᠣᠭᠠᠷ ᠰᠢᠮᠳᠠᠭᠤᠯᠵᠤ ᠪᠠᠶᠢᠭᠠᠳ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ | ᠪᠡᠯᠡᠳᠬᠡᠮᠵᠢ ᠪᠣᠯᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠡᠷᠬᠡ ᠲᠤᠰᠢᠶᠠᠯ ᠤᠨ | ᠡᠭᠦᠷᠭᠡ ᠬᠠᠷᠢᠭᠤᠴᠠᠯᠭ᠎ᠠ ᠪᠠᠷ ᠢᠶᠠᠨ ᠦᠨᠳᠦᠰᠦᠯᠡᠯ ᠪᠣᠯᠭᠠᠵᠤ ᠪᠦᠲᠦᠭᠡᠨ ᠪᠠᠶᠢᠭᠤᠯᠬᠤ ᠪᠠᠷᠢᠯᠭ᠎ᠠ ᠶᠢᠨ ᠬᠦᠷᠢᠶᠡᠨ ᠳᠠᠬᠢ ᠭᠠᠯ ᠤᠨ ᠠᠶᠤᠯ ᠠᠳᠡᠯ ᠢ ᠪᠠᠶᠢᠴᠠᠭᠠᠨ | ᠰᠢᠢᠳᠪᠦᠷᠢᠯᠡᠬᠦ ᠠᠵᠢᠯ ᠳᠤ ᠣᠷᠣᠯᠴᠠᠬᠤ ᠬᠡᠷᠡᠭᠲᠡᠶ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠢᠷᠤᠮᠵᠢᠯ ᠢ ᠵᠣᠬᠢᠶᠠᠨ ᠪᠠᠶᠢᠭᠤᠯᠵᠤ ᠲᠣᠭᠲᠠᠭᠠᠬᠤ ᠵᠢᠴᠢ | ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ᠂ ᠰᠢᠨ᠎ᠡ ᠤᠷᠠᠯᠠᠯ ᠢ ᠳᠡᠯᠭᠡᠷᠡᠭᠦᠯᠬᠦ ᠳᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠦᠴᠦᠨ ᠵᠦᠢᠯ ᠢ | ᠭᠦᠢᠴᠡᠳ ᠪᠣᠳᠣᠯᠬᠢᠯᠠᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠤᠯᠪᠣᠭᠳᠠᠯ ᠪᠦᠬᠦᠢ ᠴᠢᠳᠠᠮᠵᠢ ᠵᠢᠴᠢ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ | ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠵᠢᠯᠯᠠᠭᠰᠠᠳ ᠲᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠤᠨ ᠠᠵᠢᠯ | ᠬᠢᠬᠦ ᠶᠢ ᠵᠢᠭᠠᠨ ᠵᠢᠯᠣᠭᠤᠳᠬᠤ ᠬᠡᠷᠡᠭᠲᠡᠶ᠃ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠵᠢᠭᠠᠨ ᠵᠢᠯᠣᠭᠤᠳᠴᠤ ᠬᠢᠨᠠᠯᠲᠠ ᠲᠠᠯᠪᠢᠵᠤ ᠪᠠᠶᠢᠭᠠᠳ | ᠣᠷᠣᠨ ᠰᠠᠭᠤᠴᠠ ᠶᠢᠨ ᠲᠣᠭᠤᠷᠢᠭ ᠤᠨ ᠬᠠᠮᠲᠤ ᠪᠠᠷ ᠬᠡᠷᠡᠭᠯᠡᠬᠦ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢ ᠠᠷᠠᠴᠢᠯᠠᠨ ᠬᠠᠮᠠᠭᠠᠯᠠᠵᠤ ᠬᠠᠮᠢᠶᠠᠷᠬᠤ ᠠᠵᠢᠯ ᠢ | ᠰᠠᠶᠢᠲᠤᠷ ᠬᠢᠬᠦ ᠬᠡᠷᠡᠭᠲᠡᠶ᠃ | ︵ᠨᠠᠢᠮᠠ︶ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠨᠢ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠭᠠᠯ ᠰᠡᠷᠭᠡᠶᠢᠯᠡᠵᠦ | ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠳᠤ ᠵᠢᠭᠠᠨ ᠵᠢᠯᠤᠭᠤᠳᠤᠯᠭ᠎ᠠ ᠬᠢᠬᠦ ᠶᠢ ᠬᠠᠷᠢᠭᠤᠴᠠᠬᠤ ᠬᠡᠷᠡᠭᠲᠡᠢ᠃ ᠬᠠᠭᠤᠷᠠᠢ ᠵᠠᠮ ᠤᠰᠤᠨ ᠵᠠᠮ ᠤᠨ | ᠠᠶᠠᠨᠴᠢᠳ ᠤᠨ ᠵᠥᠭᠡᠭᠡᠪᠦᠷᠢ᠂ ᠪᠠᠷᠠᠭᠠᠨ ᠤ ᠲᠡᠭᠡᠭᠡᠪᠦᠷᠢ᠂ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠲᠠᠯᠠᠪᠤᠷ ᠥᠷᠲᠡᠭᠡᠨ ᠤ ᠡᠵᠡᠩᠨᠡᠯᠲᠡ᠂ ᠮᠠᠰᠢᠨᠲᠤ ᠲᠡᠷᠭᠡ | ᠰᠡᠯᠪᠢᠨ ᠵᠠᠰᠠᠬᠤ᠂ ᠲᠡᠭᠡᠭᠡᠪᠦᠷᠢ ᠡᠵᠡᠩᠨᠡᠬᠦ ᠲᠡᠷᠭᠡ ᠬᠥᠰᠬᠡ ᠶᠢᠨ ᠶᠡᠷᠦᠩᠬᠡᠶᠢᠯᠡᠭᠰᠡᠨ ᠴᠢᠳᠠᠮᠵᠢ ᠶᠢ ᠪᠠᠶᠢᠴᠠᠭᠠᠨ ᠰᠢᠯᠭᠠᠬᠤ᠂ ᠮᠠᠰᠢᠨᠲᠤ ᠲᠡᠷᠭᠡᠨ ᠤ ᠵᠢᠯᠣᠭᠤᠴᠢ ᠶᠢ | ᠪᠣᠯᠪᠠᠰᠤᠷᠠᠭᠤᠯᠬᠤ᠂ ᠠᠵᠢᠯᠯᠠᠭᠰᠠᠳ ᠤᠨ ᠬᠠᠮᠢᠶᠠᠷᠤᠯᠲᠠ ᠵᠢᠴᠢ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ ᠲᠦᠷᠢᠶᠡᠰᠦᠯᠡᠬᠦ᠂ | ᠰᠦᠯᠵᠢᠶ᠎ᠡ ᠪᠠᠷ ᠪᠤᠯᠵᠤᠬᠤ ᠲᠡᠷᠭᠡ ᠵᠡᠷᠭᠡ ᠬᠤᠲᠠ ᠶᠢᠨ ᠠᠶᠠᠨᠴᠢᠳ ᠵᠥᠭᠡᠭᠡᠪᠦᠷᠢᠯᠡᠬᠦ ᠠᠵᠢᠯ ᠲᠥᠷᠥᠯ ᠬᠢᠭᠡᠳ ᠤᠰᠤᠨ ᠳᠡᠭᠡᠷᠡᠬᠢ ᠠᠶᠠᠯᠠᠬᠤ ᠱᠤᠭᠤᠮ᠂ ᠭᠠᠷᠠᠮ ᠤᠨ | ᠠᠷᠠᠴᠢᠯᠠᠨ ᠬᠠᠮᠠᠭᠠᠯᠠᠬᠤ ᠵᠡᠷᠭᠡ ᠨᠢᠭᠡᠴᠢ ᠨᠦᠭᠦᠳ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ | ᠵᠢᠭᠠᠨ ᠵᠢᠯᠣᠭᠤᠳᠴᠤ ᠰᠢᠮᠳᠠᠭᠤᠯᠬᠤ ᠬᠡᠷᠡᠭᠲᠡᠶ᠃ | ︵ᠶᠢᠰᠦ︶ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠤᠳ ᠨᠢ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠠᠵᠢᠯ ᠲᠥᠷᠥᠯ ᠤᠨ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠬᠠᠷᠢᠭᠤᠴᠠᠬᠤ ᠬᠡᠷᠡᠭᠲᠡᠢ᠃ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠢ᠂ ᠳᠡᠯᠡᠬᠡᠶ ᠶᠢᠨ | ᠰᠣᠶᠣᠯ ᠤᠨ ᠥᠪ ᠪᠠ ᠮᠥᠽᠸᠢ ᠶᠢᠨ ᠠᠵᠢᠯ ᠲᠥᠷᠥᠯ ᠤᠨ ᠬᠢᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠴᠤ ᠬᠠᠷᠢᠭᠤᠴᠠᠬᠤ | ᠬᠡᠷᠡᠭᠲᠡᠢ᠃ ᠣᠯᠠᠨ ᠨᠡᠶᠢᠲᠡ ᠶᠢᠨ ᠨᠣᠮ ᠤᠨ ᠰᠠᠩ᠂ ᠦᠵᠡᠰᠬᠦᠯᠡᠩ ᠤᠨ ᠣᠷᠳᠣᠨ᠂ ᠵᠦᠴᠦᠭᠡ ᠶᠢᠨ ᠬᠦᠷᠢᠶᠡᠯᠡᠩ᠂ ᠰᠣᠶᠣᠯ ᠤᠨ ᠣᠷᠳᠣᠨ ︵ᠥᠷᠲᠡᠭᠡ︶ ᠵᠡᠷᠭᠡ | ᠰᠢᠭᠤᠳ ᠬᠠᠷᠢᠶ᠎ᠠ ᠨᠢᠭᠡᠴᠢ ᠨᠦᠭᠦᠳ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠵᠢᠭᠠᠨ | ᠵᠢᠯᠣᠭᠤᠳᠴᠤ ᠬᠢᠨᠠᠯᠲᠠ ᠲᠠᠯᠪᠢᠬᠤ ᠬᠡᠷᠡᠭᠲᠡᠢ᠃ ᠰᠣᠶᠣᠯ᠂ ᠬᠡᠪᠯᠡᠯ᠂ ᠷᠠᠳᠢᠣ᠋ ᠲᠧᠯᠸᠢᠰ᠂ ᠺᠢᠨᠣ᠋᠂ ᠵᠢᠭᠤᠯᠴᠢᠯᠠᠯ ᠵᠡᠷᠭᠡ ᠰᠣᠶᠣᠯ ᠤᠨ ᠵᠠᠬ᠎ᠠ ᠳᠡᠯᠭᠡᠭᠦᠷ ᠡᠵᠡᠩᠨᠡᠬᠦ | ᠨᠢᠭᠡᠴᠢ ᠶᠢᠨ ᠬᠢᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠴᠤ ᠵᠢᠭᠠᠨ ᠵᠢᠯᠣᠭᠤᠳᠴᠤ ᠬᠢᠨᠠᠯᠲᠠ | ᠲᠠᠯᠪᠢᠬᠤ ᠬᠡᠷᠡᠭᠲᠡᠢ᠃ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠡᠳᠦᠪ ᠲᠠᠢ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠬᠦ ᠪᠠ ᠲᠣᠭᠯᠠᠬᠤ ᠳᠤ ᠵᠢᠭᠠᠨ | ᠵᠢᠯᠣᠭᠤᠳᠴᠤ᠂ ᠭᠠᠯ ᠰᠡᠷᠭᠡᠶᠢᠯᠡᠵᠦ ᠤᠨᠲᠠᠷᠠᠭᠠᠬᠤ ᠲᠠᠯ᠎ᠠ ᠪᠠᠷ ᠬᠢ ᠰᠣᠶᠣᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃ | ︵ᠠᠷᠪᠠ︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠨᠢ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠡᠮᠴᠢᠯᠡᠬᠦ | ᠦᠢᠯᠡᠴᠢᠯᠡᠭᠡᠨ ᠤ ᠠᠵᠢᠯ ᠲᠥᠷᠥᠯ ᠤᠨ ᠬᠢᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠬᠠᠷᠢᠭᠤᠴᠠᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠢ ᠬᠠᠮᠵᠢᠨ ᠬᠠᠪᠰᠤᠷᠴᠤ ᠪᠠᠶᠢᠭᠠᠳ ᠭᠠᠯ ᠤᠨ ᠠᠶᠤᠯ ᠠᠳᠡᠯ ᠪᠠ ᠭᠠᠯ ᠤᠨᠲᠠᠷᠠᠭᠠᠵᠤ ᠠᠶᠤᠯ ᠠᠴᠠ ᠠᠪᠤᠷᠠᠨ ᠲᠤᠰᠠᠯᠠᠬᠤ ᠠᠵᠢᠯ ᠳᠤ ᠰᠢᠷᠬᠠᠲᠤᠭᠰᠠᠳ ᠢ | ᠡᠮᠴᠢᠯᠡᠨ ᠵᠠᠰᠠᠵᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ | ︵ᠠᠷᠪᠠᠨ ᠨᠢᠭᠡ︶ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠨᠢ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ | ᠂ ᠴᠡᠷᠢᠭ ᠤᠨ ᠠᠮᠠᠷᠠᠯᠲᠠ ᠪᠠ ᠴᠡᠷᠢᠭ ᠤᠨ ᠬᠠᠩᠭᠠᠯᠭ᠎ᠠ᠂ ᠠᠰᠠᠷᠠᠨ ᠬᠠᠷᠠᠭᠠᠯᠵᠠᠬᠤ ᠡᠮᠨᠡᠯᠭᠡ ᠶᠢᠨ ᠬᠤᠷᠢᠶ᠎ᠠ᠂ ᠢᠷᠠᠭᠤ ᠠᠯᠳᠠᠷᠲᠠᠨ ᠤ ᠬᠦᠷᠢᠶᠡᠯᠡᠩ ᠵᠡᠷᠭᠡ ᠴᠡᠷᠢᠭ ᠤᠨ | ᠠᠯᠪᠠ ᠠᠴᠠ ᠬᠠᠯᠠᠭᠳᠠᠭᠰᠠᠳ ᠲᠤ ᠦᠢᠯᠡᠴᠢᠯᠡᠬᠦ ᠪᠠᠶᠢᠭᠤᠯᠤᠮᠵᠢ ᠶᠢᠨ ᠠᠵᠢᠯ ᠲᠥᠷᠥᠯ ᠤᠨ ᠬᠢᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ | ᠬᠠᠷᠢᠭᠤᠴᠠᠬᠤ ᠬᠡᠷᠡᠭᠲᠡᠢ᠃ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠳᠤ ᠠᠳᠡᠵᠦ | ᠰᠢᠷᠬᠠᠲᠤᠭᠰᠠᠳ ᠢ ᠲᠣᠭᠲᠠᠭᠰᠠᠨ ᠳᠡᠰ ᠳᠠᠷᠠᠭᠠᠯᠠᠯ ᠶᠣᠰᠣᠭᠠᠷ ᠰᠠᠶᠢᠰᠢᠶᠠᠨ ᠭᠦᠬᠢᠭᠦᠯᠵᠦ ᠠᠰᠠᠷᠠᠮᠵᠢ ᠣᠯᠭᠤᠬᠤ ᠬᠡᠷᠡᠭᠲᠡᠢ᠃ | ︵ᠠᠷᠪᠠᠨ ᠬᠤᠶᠠᠷ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠨᠢ ᠦᠢᠯᠡᠳᠪᠦᠷᠢᠯᠡᠯ᠂ ᠭᠦᠢᠯᠭᠡᠭᠡᠨ ᠤ ᠬᠦᠷᠢᠶᠡᠨ ᠳᠠᠬᠢ | ᠴᠠᠬᠢᠯᠭᠠᠨ᠂ ᠭᠠᠯ ᠰᠡᠷᠭᠡᠶᠢᠯᠡᠵᠦ ᠤᠨᠲᠠᠷᠠᠭᠠᠬᠤ ᠦᠢᠯᠡᠳᠬᠦᠨ᠂ ᠴᠠᠬᠢᠯᠭᠠᠨ ᠬᠥᠳᠡᠯᠭᠡᠭᠦᠷᠲᠦ ᠳᠤᠭᠤᠶ ᠵᠡᠷᠭᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ | ᠬᠠᠮᠢᠶᠠᠷᠬᠤ ᠶᠢ ᠬᠠᠷᠢᠭᠤᠴᠠᠬᠤ ᠬᠡᠷᠡᠭᠲᠡᠢ᠂ ᠴᠠᠬᠢᠯᠭᠠᠨ᠂ ᠭᠠᠯ ᠰᠡᠷᠭᠡᠶᠢᠯᠡᠵᠦ ᠤᠨᠲᠠᠷᠠᠭᠠᠬᠤ ᠦᠢᠯᠡᠳᠬᠦᠨ᠂ ᠴᠠᠬᠢᠯᠭᠠᠨ ᠬᠥᠳᠡᠯᠭᠡᠭᠦᠷᠲᠦ ᠳᠤᠭᠤᠶ ᠶᠢᠨ ᠶᠠᠰᠤ | ᠴᠢᠨᠠᠷ ᠤᠨ ᠲᠠᠯ᠎ᠠ ᠪᠠᠷ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠰᠠᠪᠠᠯᠠᠵᠤ ᠤᠭᠰᠠᠷᠠᠬᠤ ᠵᠢᠴᠢ ᠬᠡᠷᠡᠭᠯᠡᠬᠦ ᠪᠠᠷᠢᠮᠵᠢᠶ᠎ᠠ ᠶᠢ ᠵᠣᠬᠢᠶᠠᠨ ᠪᠠᠶᠢᠭᠤᠯᠵᠤ | ᠲᠣᠭᠲᠠᠭᠠᠬᠤ ᠳᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠦᠴᠦᠨ ᠵᠦᠢᠯ ᠢ ᠭᠦᠢᠴᠡᠳ ᠪᠣᠳᠣᠯᠬᠢᠯᠠᠨ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠬᠤᠯᠪᠣᠭᠳᠠᠯ ᠪᠦᠬᠦᠢ ᠴᠢᠳᠠᠮᠵᠢ ᠵᠢᠴᠢ ᠱᠠᠭᠠᠷᠳᠠᠯᠭ᠎ᠠ ᠶᠢ ᠬᠠᠩᠭᠠᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠳᠠᠬᠢ ᠭᠠᠯ ᠰᠡᠷᠭᠡᠶᠢᠯᠡᠵᠦ | ᠤᠨᠲᠠᠷᠠᠭᠠᠬᠤ ᠰᠢᠨ᠎ᠡ ᠮᠡᠷᠭᠡᠵᠢᠯ ᠤᠨ ᠬᠡᠷᠡᠭᠯᠡᠭᠡᠨ ᠢ ᠢᠳᠡᠪᠬᠢᠲᠡᠢ ᠳᠡᠯᠭᠡᠷᠡᠭᠦᠯᠬᠦ ᠬᠡᠷᠡᠭᠲᠡᠶ᠃ ᠭᠠᠯ ᠰᠡᠷᠭᠡᠶᠢᠯᠡᠵᠦ ᠤᠨᠲᠠᠷᠠᠭᠠᠬᠤ ᠬᠠᠮᠢᠶ᠎ᠠ ᠪᠦᠬᠦᠢ ᠦᠢᠯᠡᠳᠬᠦᠨ ᠳᠤ | ᠠᠯᠪᠠᠳᠠᠯᠭ᠎ᠠ ᠶᠢᠨ ᠴᠢᠨᠠᠷᠲᠠᠶ ᠭᠡᠷᠡᠴᠢᠯᠡᠭᠡ ᠬᠢᠬᠦ ᠠᠵᠢᠯᠯᠠᠭ᠎ᠠ ᠵᠢᠴᠢ ᠶᠠᠰᠤ ᠴᠢᠨᠠᠷ ᠤᠨ ᠭᠡᠷᠡᠴᠢᠯᠡᠭᠡ ᠬᠢᠬᠦ ᠲᠠᠯ᠎ᠠ ᠪᠠᠷ ᠬᠢ ᠬᠢᠨᠠᠯᠲᠠ ᠬᠠᠮᠢᠶᠠᠷᠤᠯᠲᠠ ᠶᠢᠨ ᠠᠵᠢᠯ ᠢ | ᠬᠠᠷᠢᠭᠤᠴᠠᠬᠤ ᠬᠡᠷᠡᠭᠲᠡᠢ᠃ ︵ᠠᠷᠪᠠᠨ ᠭᠤᠷᠪᠠ︶ ᠷᠠᠳᠢᠣ᠋ ᠲᠧᠯᠸᠢᠰ ᠤᠨ ᠰᠠᠯᠠᠭ᠎ᠠ ᠮᠥᠴᠢᠷ ᠤᠳ ᠨᠢ ᠰᠢᠭᠤᠳ ᠬᠠᠷᠢᠶ᠎ᠠ ᠨᠢᠭᠡᠴᠢ ᠵᠢᠴᠢ ᠬᠠᠷᠢᠶ᠎ᠠ ᠭᠠᠵᠠᠷ ᠤᠨ | ᠷᠠᠳᠢᠣ᠋ ᠲᠧᠯᠸᠢᠰ ᠤᠨ ᠪᠠᠶᠢᠭᠤᠯᠤᠮᠵᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠭᠦᠢᠴᠡᠳᠬᠡᠬᠦ ᠶᠢ ᠰᠢᠮᠳᠠᠭᠤᠯᠤᠨ | ᠪᠠᠶᠢᠴᠠᠭᠠᠵᠤ ᠵᠢᠭᠠᠨ ᠵᠢᠯᠣᠭᠤᠳᠬᠤ ᠶᠢ ᠨᠢ ᠬᠠᠷᠢᠭᠤᠴᠠᠬᠤ ᠬᠡᠷᠡᠭᠲᠡᠢ᠃ ᠬᠠᠮᠢᠶ᠎ᠠ ᠪᠦᠬᠦᠢ ᠰᠣᠨᠢᠨ ᠮᠡᠳᠡᠭᠡᠨ ᠤ ᠵᠠᠭᠤᠴᠢᠯᠠᠭᠤᠷ ᠤᠳ ᠢ ᠵᠢᠯᠣᠭᠤᠳᠤᠨ ᠵᠣᠬᠢᠴᠠᠭᠤᠯᠵᠤ | ᠪᠠᠶᠢᠭᠠᠳ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠰᠠᠨᠠᠭᠤᠯᠤᠮᠵᠢ ᠨᠡᠶᠢᠲᠡᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠭᠠᠯ | ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠬᠢᠬᠦ ᠬᠡᠷᠡᠭᠲᠡᠶ᠃ | ︵ᠠᠷᠪᠠᠨ ᠳᠥᠷᠪᠡ︶ ᠡᠨᠧᠷᠭᠢ ᠶᠢᠨ ᠰᠠᠯᠠᠭ᠎ᠠ ᠮᠥᠴᠢᠷ ᠤᠳ ᠨᠢ ᠨᠡᠭᠦᠷᠡᠰᠦᠨ ᠠᠭᠤᠷᠬᠠᠢ ᠶᠢᠨ ᠬᠤᠳᠳᠤᠭ ᠤᠨ ᠳᠣᠲᠣᠷᠠᠬᠢ ᠬᠡᠰᠡᠭ ᠤᠨ ᠭᠠᠯ ᠰᠡᠷᠭᠡᠶᠢᠯᠡᠵᠦ | ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠡᠷᠡᠭᠲᠡᠢ᠃ ᠭᠠᠯ ᠰᠡᠷᠭᠡᠶᠢᠯᠡᠵᠦ ᠤᠨᠲᠠᠷᠠᠭᠠᠬᠤ ᠰᠠᠯᠠᠭ᠎ᠠ ᠮᠥᠴᠢᠷ ᠯᠦᠭᠡ | ᠬᠠᠮᠵᠢᠯᠴᠠᠵᠤ ᠴᠠᠬᠢᠯᠭᠠᠨ ᠬᠦᠴᠦᠨ ᠪᠠ ᠲᠣᠰᠣ ᠬᠡᠢ ᠶᠢᠨ ᠬᠤᠯᠠ ᠳᠠᠮᠵᠢᠭᠤᠯᠬᠤ ᠬᠤᠭᠤᠯᠠᠶ ᠭᠤᠤᠷᠰᠤ ᠶᠢᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ | ᠤᠯᠤᠰ ᠤᠨ ᠭᠠᠯ ᠰᠡᠷᠭᠡᠶᠢᠯᠡᠵᠦ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢ ᠴᠢᠩᠭ᠎ᠠ ᠰᠠᠬᠢᠭᠤᠯᠤᠨ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠤᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠠᠯ ᠤᠨ ᠠᠶᠤᠯ ᠰᠡᠷᠭᠡᠶᠢᠯᠡᠬᠦ ᠲᠡᠷᠢᠭᠦᠨ ᠤ ᠮᠡᠷᠭᠡᠵᠢᠯ ᠤᠨ ᠪᠡᠯᠡᠳᠬᠡᠮᠵᠢ ᠶᠢ ᠳᠡᠯᠭᠡᠷᠡᠭᠦᠯᠦᠨ ᠬᠡᠷᠡᠭᠯᠡᠭᠦᠯᠬᠦ | ᠬᠡᠷᠡᠭᠲᠡᠶ᠃ ᠬᠡᠷᠡᠭᠯᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠴᠠᠬᠢᠯᠭᠠᠨ ᠬᠡᠷᠡᠭᠯᠡᠬᠦ ᠶᠢ ᠨᠢ ᠵᠢᠷᠤᠮᠵᠢᠭᠤᠯᠬᠤ ᠬᠡᠷᠡᠭᠲᠡᠢ᠃ | ︵ᠠᠷᠪᠠᠨ ᠲᠠᠪᠤ︶ ᠣᠢ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ᠨᠢ ᠣᠢ ᠰᠢᠭᠤᠶ᠂ ᠨᠤᠲᠤᠭ ᠪᠡᠯᠴᠢᠭᠡᠷ ᠤᠨ ᠰᠢᠰᠲ᠋ᠧᠮ ᠤᠨ ᠠᠵᠢᠯ | ᠲᠥᠷᠥᠯ ᠤᠨ ᠬᠢᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠢ ᠬᠠᠷᠢᠭᠤᠴᠠᠬᠤ ᠬᠡᠷᠡᠭᠲᠡᠢ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ | ᠣᠢ ᠰᠢᠭᠤᠶ ᠶᠢᠨ ᠴᠡᠴᠡᠷᠯᠢᠭ᠂ ᠠᠯᠳᠠᠷᠲᠤ ᠦᠵᠡᠮᠵᠢ ᠶᠢᠨ ᠣᠷᠣᠨ᠂ ᠪᠠᠶᠢᠭᠠᠯᠢ ᠶᠢᠨ ᠥᠪ᠂ ᠭᠠᠵᠠᠷ ᠰᠢᠨᠵᠢᠯᠡᠬᠡᠨ ᠤ ᠴᠡᠴᠡᠷᠯᠢᠭ ᠵᠡᠷᠭᠡ ᠨᠢᠭᠡᠴᠢ ᠨᠦᠭᠦᠳ ᠤᠨ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠨᠢ ᠵᠢᠭᠠᠨ ᠵᠢᠯᠣᠭᠤᠳᠴᠤ ᠬᠢᠨᠠᠯᠲᠠ ᠲᠠᠯᠪᠢᠬᠤ ᠬᠡᠷᠡᠭᠲᠡᠶ᠃ | ︵ᠠᠷᠪᠠᠨ ᠵᠢᠷᠭᠤᠭ᠎ᠠ︶ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠨᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠤᠯᠤᠰ | ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠶᠢ ᠬᠠᠷᠢᠭᠤᠴᠠᠬᠤ ᠬᠡᠷᠡᠭᠲᠡᠢ᠃ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠯᠥᠪᠯᠡᠭᠡ ᠳᠤ ᠣᠷᠣᠭᠤᠯᠬᠤ ᠬᠡᠷᠡᠭᠲᠡᠶ᠃ | ︵ᠠᠷᠪᠠᠨ ᠳᠣᠯᠤᠭ᠎ᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠮᠥᠴᠢᠷ ᠤᠳ ᠨᠢ ᠭᠠᠯ ᠰᠡᠷᠭᠡᠶᠢᠯᠡᠵᠦ ᠤᠨᠲᠠᠷᠠᠭᠠᠬᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠳᠠᠪᠰᠢᠯᠲᠠ ᠶᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠭᠠᠯ ᠰᠡᠷᠭᠡᠶᠢᠯᠡᠵᠦ | ᠤᠨᠲᠠᠷᠠᠭᠠᠬᠤ ᠠᠮᠤᠷ ᠲᠦᠪᠰᠢᠨ ᠤ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠪᠲᠤᠯᠤᠯᠲᠠ᠂ ᠰᠠᠭᠤᠷᠢ ᠰᠤᠳᠤᠯᠤᠯ ᠪᠠ ᠬᠡᠷᠡᠭᠯᠡᠭᠡᠨ ᠤ | ᠰᠤᠳᠤᠯᠤᠯ ᠢ ᠵᠣᠬᠢᠶᠠᠨ ᠪᠠᠶᠢᠭᠤᠯᠵᠤ ᠵᠢᠭᠠᠨ ᠵᠢᠯᠣᠭᠤᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠨ ᠭᠠᠯ ᠰᠡᠷᠭᠡᠶᠢᠯᠡᠵᠦ ᠤᠨᠲᠠᠷᠠᠭᠠᠬᠤ | ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠬᠤ ᠬᠡᠷᠡᠭᠲᠡᠶ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠬᠥᠮᠦᠵᠢᠯ ᠤᠨ ᠠᠭᠤᠯᠭ᠎ᠠ ᠳᠤ ᠭᠠᠯ ᠰᠡᠷᠭᠡᠶᠢᠯᠡᠵᠦ ᠤᠨᠲᠠᠷᠠᠭᠠᠬᠤ ᠮᠡᠳᠡᠯᠭᠡ ᠶᠢ ᠣᠷᠣᠭᠤᠯᠬᠤ ᠬᠡᠷᠡᠭᠲᠡᠢ᠃ | ︵ᠠᠷᠪᠠᠨ ᠨᠠᠢᠮᠠ︶ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠰᠠᠯᠠᠭ᠎ᠠ ᠮᠥᠴᠢᠷ ᠤᠳ ᠨᠢ ᠠᠶᠤᠯᠲᠠᠶ ᠬᠢᠮᠢ ᠶᠢᠨ ᠪᠣᠳᠠᠰ ᠤᠨ ᠠᠵᠤ | ᠠᠬᠤᠶᠢᠯᠠᠯ ᠤᠨ ᠪᠠᠶᠢᠷᠢᠰᠢᠭᠤᠯᠤᠯᠲᠠ ᠪᠠ ᠠᠵᠢᠯ ᠲᠥᠷᠥᠯ ᠤᠨ ᠲᠥᠯᠥᠪᠵᠢᠭᠦᠯᠭᠡ ᠶᠢ ᠬᠠᠷᠢᠭᠤᠴᠠᠬᠤ ᠬᠡᠷᠡᠭᠲᠡᠢ᠃ ᠠᠷᠠᠳ ᠤᠨ ᠬᠡᠷᠡᠭᠴᠡᠭᠡᠨ ᠤ ᠳᠡᠯᠪᠡᠷᠡᠬᠦ ᠡᠳ᠋ | ᠦᠢᠯᠡᠳᠪᠦᠷᠢᠯᠡᠬᠦ ᠪᠠ ᠪᠣᠷᠣᠯᠠᠭᠤᠯᠬᠤ ᠬᠦᠷᠢᠶᠡᠨ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠵᠢᠭᠠᠨ ᠵᠢᠯᠣᠭᠤᠳᠬᠤ ᠪᠠ | ᠰᠢᠮᠳᠠᠭᠤᠯᠬᠤ ᠬᠡᠷᠡᠭᠲᠡᠢ᠃ | ︵ᠠᠷᠪᠠ ᠶᠢᠰᠦ︶ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠨᠢ ᠭᠢᠨᠳᠠᠨ ᠤ ᠰᠢᠰᠲ᠋ᠧᠮ᠂ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠰᠢᠰᠲ᠋ᠧᠮ ᠤᠨ ᠠᠯᠪᠠᠲᠠᠨ ᠲᠤᠰᠠᠭᠠᠷᠯᠠᠵᠤ ᠬᠤᠤᠷ ᠲᠠᠲᠠᠵᠤ ᠡᠳ᠋ᠯᠡᠬᠦ ᠶᠢ ᠵᠣᠭᠰᠣᠭᠠᠬᠤ ᠭᠠᠵᠠᠷ ᠲᠠᠯᠠᠪᠤᠷ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠬᠠᠮᠢᠶᠠᠷᠤᠯᠲᠠ ᠶᠢ ᠵᠢᠭᠠᠨ ᠵᠢᠯᠣᠭᠤᠳᠴᠤ ᠬᠢᠨᠠᠯᠲᠠ ᠲᠠᠯᠪᠢᠬᠤ ᠶᠢ ᠬᠠᠷᠢᠭᠤᠴᠠᠬᠤ ᠬᠡᠷᠡᠭᠲᠡᠢ᠃ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ ᠴᠠᠭᠠᠵᠠ᠂ | ᠬᠠᠤᠯᠢ ᠲᠣᠭᠲᠠᠭᠠᠯ᠂ ᠲᠣᠭᠲᠠᠭᠠᠯ ᠳᠦᠷᠢᠮ ᠢ ᠬᠠᠤᠯᠢ ᠲᠦᠭᠡᠮᠡᠯᠵᠢᠭᠦᠯᠬᠦ ᠬᠥᠮᠦᠵᠢᠯ ᠤᠨ ᠠᠭᠤᠯᠭ᠎ᠠ ᠳᠤ ᠣᠷᠣᠭᠤᠯᠬᠤ ᠬᠡᠷᠡᠭᠲᠡᠶ᠃ | ︵ᠬᠤᠷᠢ︶ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠨᠢ ᠭᠠᠯ ᠰᠡᠷᠭᠡᠶᠢᠯᠡᠵᠦ ᠤᠨᠲᠠᠷᠠᠭᠠᠬᠤ ᠪᠡᠯᠡ ᠮᠦᠩᠭᠦᠨ ᠳᠤ ᠲᠣᠭᠲᠠᠭᠠᠯ ᠶᠣᠰᠣᠭᠠᠷ ᠲᠥᠰᠦᠪ ᠤᠨ | ᠬᠠᠮᠢᠶᠠᠷᠤᠯᠲᠠ ᠬᠢᠬᠦ ᠶᠢ ᠬᠠᠷᠢᠭᠤᠴᠠᠬᠤ ᠬᠡᠷᠡᠭᠲᠡᠢ᠃ | ︵ᠬᠤᠷᠢᠨ ᠨᠢᠭᠡ︶ ᠰᠢᠲᠠᠮᠠᠬᠠᠶ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠨᠢ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠴᠢᠩᠭᠠᠳᠬᠠᠵᠤ᠂ ᠰᠢᠲᠠᠮᠠᠬᠠᠶ ᠬᠡᠢ ᠡᠵᠡᠩᠨᠡᠭᠴᠢ ᠶᠢ ᠰᠢᠮᠳᠠᠭᠤᠯᠵᠤ ᠪᠠᠶᠢᠭᠠᠳ ᠬᠡᠷᠡᠭᠯᠡᠭᠴᠢ ᠶᠢᠨ ᠠᠮᠤᠷ | ᠲᠦᠪᠰᠢᠨ ᠢᠶᠠᠷ ᠰᠢᠲᠠᠮᠠᠬᠠᠢ ᠬᠡᠢ ᠬᠡᠷᠡᠭᠯᠡᠬᠦ ᠶᠢ ᠵᠢᠯᠣᠭᠤᠳᠬᠤ ᠶᠢᠨ ᠬᠠᠮᠲᠤ ᠰᠢᠲᠠᠮᠠᠬᠠᠶ ᠬᠡᠢ ᠶᠢᠨ ᠪᠡᠯᠡᠳᠬᠡᠮᠵᠢ ᠳᠤ ᠲᠣᠭᠲᠠᠮᠠᠯ ᠬᠤᠭᠤᠴᠠᠭ᠎ᠠ ᠲᠠᠢ ᠪᠠᠷ ᠠᠮᠤᠷ | ᠲᠦᠪᠰᠢᠨ ᠤ ᠪᠠᠶᠢᠴᠠᠭᠠᠯᠲᠠ ᠬᠢᠵᠦ ᠳᠠᠯᠳᠠ ᠭᠡᠮ ᠢ ᠠᠷᠢᠯᠭᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠨ ᠰᠢᠲᠠᠮᠠᠬᠠᠶ ᠬᠡᠢ ᠶᠢᠨ ᠠᠮᠤᠷ | ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠲᠣᠭᠲᠠᠭᠠᠵᠤ᠂ ᠰᠢᠲᠠᠮᠠᠬᠠᠶ ᠬᠡᠢ ᠶᠢᠨ ᠲᠠᠯ᠎ᠠ ᠪᠠᠷ ᠬᠢ ᠬᠠᠤᠯᠢ ᠶᠢ ᠵᠥᠷᠢᠴᠡᠭᠰᠡᠨ | ᠦᠢᠯᠡ ᠠᠵᠢᠯᠯᠠᠭ᠎ᠠ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ︵ᠬᠤᠷᠢᠨ ᠬᠤᠶᠠᠷ︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠠᠯᠠᠭ᠎ᠠ ᠮᠥᠴᠢᠷ ᠤᠳ ᠨᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ | ᠬᠠᠮᠠᠭᠠᠯᠠᠵᠤ ᠬᠠᠮᠢᠶᠠᠷᠬᠤ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠶᠢ ᠬᠠᠷᠢᠭᠤᠴᠠᠬᠤ ᠬᠡᠷᠡᠭᠲᠡᠢ᠃ | ︵ᠬᠤᠷᠢᠨ ᠭᠤᠷᠪᠠ︶ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠳ ᠨᠢ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠠᠢ ᠣᠷᠳᠣᠨ᠂ ᠣᠯᠠᠨ | ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠵᠢᠴᠢ ᠲᠣᠮᠣ ᠬᠡᠪᠴᠢᠶᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠳᠠᠭᠠᠭᠠᠨ ᠡᠷᠬᠢᠯᠡᠬᠦ ᠳᠤ ᠭᠠᠯ ᠰᠡᠷᠭᠡᠶᠢᠯᠡᠵᠦ | ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠢ᠃ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠤᠭᠤᠳ ᠢ ᠵᠢᠭᠠᠨ | ᠵᠢᠯᠣᠭᠤᠳᠴᠤ ᠪᠠᠶᠢᠭᠠᠳ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠢ ᠨᠠᠶᠢᠳᠠᠪᠤᠷᠢᠵᠢᠭᠤᠯᠬᠤ ᠬᠡᠷᠡᠭᠲᠡᠢ᠃ | ︵ᠬᠤᠷᠢᠨ ᠳᠥᠷᠪᠡ︶ ᠱᠠᠰᠢᠨ ᠰᠤᠷᠲᠠᠬᠤᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠤᠳ ᠨᠢ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ | ᠭᠠᠵᠠᠷ ᠲᠠᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠳᠤ ᠵᠢᠭᠠᠨ ᠵᠢᠯᠣᠭᠤᠳᠬᠤ᠂ ᠬᠢᠨᠠᠯᠲᠠ ᠲᠠᠯᠪᠢᠬᠤ᠂ ᠪᠠᠶᠢᠴᠠᠭᠠᠯᠲᠠ | ᠬᠢᠬᠦ ᠶᠢ ᠬᠠᠷᠢᠭᠤᠴᠠᠬᠤ ᠬᠡᠷᠡᠭᠲᠡᠢ᠃ | ︵ᠬᠤᠷᠢᠨ ᠲᠠᠪᠤ︶ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠰᠠᠯᠠᠭ᠎ᠠ ᠮᠥᠴᠢᠷ ᠤᠳ ᠨᠢ ᠨᠥᠭᠡᠴᠡᠯᠡᠬᠦ ᠠᠮᠤ ᠪᠤᠳᠠᠭ᠎ᠠ ᠶᠢᠨ ᠨᠥᠭᠡᠴᠡᠯᠡᠨ ᠬᠠᠳᠠᠭᠠᠯᠠᠬᠤ | ᠭᠤᠭᠴᠤᠭ᠎ᠠ᠂ ᠭᠠᠮᠰᠢᠭ ᠠᠴᠠ ᠠᠪᠤᠷᠠᠵᠤ ᠲᠤᠰᠠᠯᠠᠬᠤ ᠡᠳ᠋ ᠪᠠᠷᠠᠭ᠎ᠠ ᠶᠢᠨ ᠨᠥᠭᠡᠴᠡᠯᠡᠬᠦ ᠭᠤᠭᠴᠣᠭᠠᠨ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠳᠤ ᠵᠢᠭᠠᠨ ᠵᠢᠯᠣᠭᠤᠳᠬᠤ᠂ ᠬᠢᠨᠠᠯᠲᠠ ᠲᠠᠯᠪᠢᠬᠤ᠂ ᠪᠠᠶᠢᠴᠠᠭᠠᠯᠲᠠ ᠬᠢᠬᠦ ᠶᠢ ᠬᠠᠷᠢᠭᠤᠴᠠᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠪᠠᠷᠢᠮᠵᠢᠶᠠᠵᠢᠭᠰᠠᠨ ᠬᠠᠮᠢᠶᠠᠷᠤᠯᠲᠠ ᠶᠢ ᠵᠢᠭᠠᠨ ᠵᠢᠯᠣᠭᠤᠳᠴᠤ ᠥᠷᠨᠢᠭᠦᠯᠬᠦ ᠬᠡᠷᠡᠭᠲᠡᠢ᠃ | ︵ᠬᠤᠷᠢᠨ ᠵᠢᠷᠭᠤᠭ᠎ᠠ︶ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠰᠠᠯᠠᠭ᠎ᠠ ᠮᠥᠴᠢᠷ ᠤᠳ ᠨᠢ ᠲᠠᠷᠢᠮᠠᠯ ᠤᠨ ᠦᠢᠯᠡᠰ᠂ | ᠮᠠᠯ ᠠᠵᠤ ᠠᠬᠤᠶ᠂ ᠵᠢᠭᠠᠰᠤᠨ ᠤ ᠠᠵᠤ ᠠᠬᠤᠶ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ᠂ ᠲᠠᠷᠢᠶᠠᠯᠠᠩ ᠮᠠᠯ ᠠᠵᠤ ᠠᠬᠤᠶ ᠶᠢᠨ ᠮᠧᠬᠠᠨᠢᠨᠨᠵᠢᠯᠳᠠ ᠵᠡᠷᠭᠡ | ᠲᠠᠷᠢᠶᠠᠯᠠᠩ ᠮᠠᠯ ᠠᠵᠤ ᠠᠬᠤᠶ ᠶᠢᠨ ᠡᠯ᠎ᠡ ᠠᠵᠤ ᠦᠢᠯᠡᠰ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠨ ᠵᠢᠭᠠᠵᠤ | ᠵᠢᠯᠣᠭᠤᠳᠬᠤ ᠬᠡᠷᠡᠭᠲᠡᠢ᠃ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠬᠠᠮᠲᠤᠷᠠᠯᠴᠠᠨ ᠭᠠᠯ ᠤᠨᠲᠠᠷᠠᠭᠠᠬᠤ ᠤᠰᠤᠨ ᠰᠤᠷᠪᠤᠯᠵᠢ᠂ ᠭᠠᠯ | ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠵᠡᠷᠭᠡ ᠣᠯᠠᠨ ᠨᠡᠶᠢᠲᠡ ᠶᠢᠨ ᠭᠠᠯ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠳᠤ ᠣᠷᠣᠭᠤᠯᠤᠨ ᠵᠡᠷᠭᠡ ᠳᠤ ᠨᠢ ᠬᠡᠷᠡᠭᠵᠢᠭᠦᠯᠬᠦ ᠶᠢ ᠬᠠᠷᠢᠭᠤᠴᠠᠵᠤ᠂ | ᠮᠠᠯᠵᠢᠬᠤ ᠲᠠᠷᠢᠶᠠᠯᠠᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠢ᠃ | ︵ᠬᠤᠷᠢᠨ ᠳᠣᠯᠤᠭ᠎ᠠ︶ ᠬᠤᠲᠠ ᠶᠢᠨ ᠤᠰᠤ ᠬᠠᠩᠭᠠᠬᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠨᠢ ᠤᠰᠤ ᠬᠠᠩᠭᠠᠬᠤ | ᠨᠢᠭᠡᠴᠢ ᠶᠢ ᠬᠠᠷᠢᠭᠤᠴᠠᠨ ᠰᠢᠮᠳᠠᠭᠤᠯᠵᠤ ᠪᠠᠶᠢᠭᠠᠳ ᠬᠤᠲᠠ ᠶᠢᠨ ᠶᠠᠪᠤᠳᠠᠯ ᠤᠨ ᠭᠠᠯ ᠤᠨᠳᠠᠷᠠᠭᠠᠭᠤᠷ ᠤᠨ ᠲᠣᠬᠢᠷᠠᠭᠤᠯᠤᠯᠲᠠ ᠶᠢᠨ ᠭᠦᠢᠴᠡᠳ ᠪᠤᠰᠤ᠂ ᠳᠤᠲᠠᠭᠳᠠᠵᠤ | ᠭᠡᠭᠡᠭᠳᠡᠭᠰᠡᠨ᠂ ᠡᠪᠳᠡᠷᠡᠵᠦ ᠰᠦᠢᠲᠦᠭᠰᠡᠨ᠂ ᠬᠦᠷᠢᠶᠡᠯᠡᠵᠦ ᠡᠵᠡᠯᠡᠭᠳᠡᠭᠰᠡᠨ᠂ ᠳᠠᠷᠤᠭᠳᠠᠵᠤ ᠪᠤᠯᠠᠭᠳᠠᠭᠰᠠᠨ ᠵᠡᠷᠭᠡ ᠠᠰᠠᠭᠤᠳᠠᠯ ᠢ ᠵᠢᠭᠰᠠᠭᠠᠨ ᠪᠠᠶᠢᠴᠠᠭᠠᠬᠤ ᠬᠡᠷᠡᠭᠲᠡᠶ᠃ | ᠤᠰᠤ ᠬᠠᠩᠭᠠᠬᠤ ᠨᠢᠭᠡᠴᠢ ᠨᠦᠭᠦᠳ ᠨᠢ ᠬᠤᠲᠠ ᠶᠢᠨ ᠶᠠᠪᠤᠳᠠᠯ ᠤᠨ ᠭᠠᠯ ᠤᠨᠳᠠᠷᠠᠭᠠᠭᠤᠷ ᠤᠨ ᠪᠦᠲᠦᠭᠡᠨ ᠪᠠᠶᠢᠭᠤᠯᠬᠤ ᠪᠠ ᠬᠠᠮᠠᠭᠠᠯᠠᠬᠤ ᠠᠵᠢᠯ ᠢ ᠰᠠᠶᠢᠲᠤᠷ ᠬᠢᠵᠦ᠂ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠱᠠᠭᠠᠷᠳᠠᠯᠭ᠎ᠠ ᠶᠢ ᠦᠨᠳᠦᠰᠦᠯᠡᠨ ᠭᠠᠯ ᠤᠨᠲᠠᠷᠠᠭᠠᠵᠤ ᠠᠪᠤᠷᠠᠨ ᠲᠤᠰᠠᠯᠠᠬᠤ | ᠱᠠᠭᠠᠷᠳᠠᠯᠭ᠎ᠠ ᠳᠤ ᠨᠡᠶᠢᠴᠡᠬᠦ ᠦᠭᠡᠶ ᠬᠤᠲᠠ ᠶᠢᠨ ᠭᠠᠯ ᠤᠨᠲᠠᠷᠠᠭᠠᠬᠤ ᠤᠰᠤᠨ ᠤ ᠬᠠᠩᠭᠠᠯᠭ᠎ᠠ ᠶᠢᠨ ᠪᠡᠯᠡᠳᠬᠡᠮᠵᠢ ᠶᠢ ᠥᠭᠡᠷᠡᠴᠢᠯᠡᠨ ᠰᠢᠨᠡᠳᠬᠡᠬᠦ ᠬᠡᠷᠡᠭᠲᠡᠶ᠃ | ︵ᠬᠤᠷᠢᠨ ᠨᠠᠢᠮᠠ︶ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠨᠤᠭᠤᠳ ᠨᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠨᠢᠭᠡᠳᠦᠯᠲᠡᠶ ᠤᠳᠤᠷᠢᠳᠤᠯᠭ᠎ᠠ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠳᠣᠤᠷ᠎ᠠ᠂ | ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠵᠡᠷᠭᠡ ᠨᠢᠭᠡᠴᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠢ | ᠵᠢᠷᠤᠮᠯᠠᠨ ᠰᠠᠬᠢᠵᠤ ᠪᠠᠶᠢᠭ᠎ᠠ ᠪᠠᠶᠢᠳᠠᠯ ᠳᠤ ᠨᠢ ᠬᠠᠤᠯᠢ ᠶᠣᠰᠣᠭᠠᠷ ᠬᠢᠨᠠᠯᠲᠠ ᠪᠠᠶᠢᠴᠠᠭᠠᠯᠳᠠ ᠬᠢᠵᠦ᠂ ᠣᠯᠠᠨ ᠨᠡᠶᠢᠲᠡ ᠶᠢᠨ ᠪᠦᠭᠡᠮᠨᠡᠷᠡᠨ ᠴᠤᠭᠯᠠᠷᠠᠬᠤ ᠲᠠᠯᠠᠪᠤᠷ | ᠭᠠᠵᠠᠷ ᠢ ᠠᠰᠢᠭᠯᠠᠯᠲᠠ ᠳᠤ ᠣᠷᠣᠭᠤᠯᠤᠨ ᠬᠡᠷᠡᠭᠯᠡᠬᠦ᠂ ᠡᠵᠡᠩᠨᠡᠬᠦ ᠠᠴᠠ ᠡᠮᠦᠨᠡᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ | ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠴᠢᠭᠯᠡᠭᠦᠯᠬᠦ ᠴᠢᠨᠠᠷᠲᠠᠶ ᠲᠤᠰᠬᠠᠶ ᠵᠠᠰᠠᠯᠲᠠ ᠶᠢ ᠵᠣᠬᠢᠶᠠᠨ ᠪᠠᠶᠢᠭᠤᠯᠵᠤ᠂ ᠡᠷᠬᠡ ᠲᠤᠰᠢᠶᠠᠯ ᠤᠨ ᠡᠭᠦᠷᠭᠡ | ᠬᠠᠷᠢᠭᠤᠴᠠᠯᠭ᠎ᠠ ᠶᠣᠰᠣᠭᠠᠷ ᠭᠠᠯ ᠰᠡᠷᠭᠡᠶᠢᠯᠡᠵᠦ ᠤᠨᠲᠠᠷᠠᠭᠠᠬᠤ ᠲᠠᠯ᠎ᠠ ᠪᠠᠷ ᠬᠢ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢ ᠬᠡᠷᠡᠭᠵᠢᠭᠦᠯᠬᠦ ᠬᠡᠷᠡᠭᠲᠡᠶ᠃ ᠭᠠᠯ | ᠭᠠᠷᠤᠭᠰᠠᠨ ᠲᠤᠬᠠᠶ ᠶᠢᠨ ᠭᠠᠵᠠᠷ ᠲᠠᠬᠢ ᠭᠠᠯ ᠤᠨᠲᠠᠷᠠᠭᠠᠬᠤ ᠶᠢ ᠵᠣᠬᠢᠶᠠᠨ ᠪᠠᠶᠢᠭᠤᠯᠬᠤ ᠪᠠ ᠵᠢᠭᠠᠨ ᠵᠢᠯᠣᠭᠤᠳᠴᠤ᠂ ᠬᠦᠨᠳᠦ ᠶᠡᠭᠡ ᠭᠠᠯ ᠤᠨ ᠠᠶᠤᠯ ᠭᠠᠮᠰᠢᠭ ᠤᠨ | ᠠᠳᠡᠯ ᠪᠠ ᠬᠥᠮᠥᠰ ᠤᠨ ᠠᠮᠢ ᠨᠠᠰᠤ ᠶᠢ ᠠᠪᠤᠷᠠᠬᠤ ᠪᠠᠷ ᠭᠤᠣᠯ ᠪᠣᠯᠭᠠᠭᠰᠠᠨ ᠪᠤᠰᠤᠳ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠡᠭᠦᠷᠭᠡᠯᠡᠬᠦ | ᠪᠤᠶᠤ ᠲᠡᠭᠦᠨ ᠳᠤ ᠣᠷᠣᠯᠴᠠᠬᠤ ᠬᠡᠷᠡᠭᠲᠡᠢ᠃ ᠭᠠᠯ ᠤᠨᠲᠠᠷᠠᠭᠠᠬᠤ ᠲᠤᠰᠬᠠᠶ ᠠᠩᠭᠢ᠂ ᠰᠠᠶᠢᠨ ᠳᠤᠷᠠᠴᠤᠳ ᠤᠨ ᠭᠠᠯ ᠤᠨᠲᠠᠷᠠᠭᠠᠬᠤ ᠠᠩᠭᠢ ᠵᠡᠷᠭᠡ ᠭᠠᠯ | ᠤᠨᠲᠠᠷᠠᠭᠠᠬᠤ ᠵᠣᠬᠢᠶᠠᠨ ᠪᠠᠶᠢᠭᠤᠯᠤᠯᠲᠠ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠬᠦ ᠬᠡᠷᠡᠭᠲᠡᠶ᠃ ᠭᠠᠯ ᠤᠨ ᠠᠶᠤᠯ ᠭᠠᠮᠰᠢᠭ ᠤᠨ ᠠᠳᠡᠯ ᠤᠨ | ᠰᠢᠯᠲᠠᠭᠠᠨ ᠤ ᠪᠠᠶᠢᠴᠠᠭᠠᠯᠲᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠵᠤ᠂ ᠭᠠᠯ ᠲᠦᠢᠮᠡᠷ ᠤᠨ ᠠᠶᠤᠯ ᠭᠠᠮᠰᠢᠭ ᠤᠨ ᠬᠤᠬᠢᠷᠠᠯ ᠢ | ᠪᠦᠷᠢᠳᠬᠡᠨ᠂ ᠭᠠᠯ ᠤᠨ ᠠᠶᠤᠯ ᠭᠠᠮᠰᠢᠭ ᠤᠨ ᠠᠳᠡᠯ ᠢ ᠮᠠᠭᠠᠳᠯᠠᠨ ᠲᠣᠭᠲᠠᠭᠠᠭᠰᠠᠨ ᠪᠢᠴᠢᠭ ᠵᠣᠬᠢᠶᠠᠵᠤ᠂ ᠭᠠᠯ ᠤᠨ ᠠᠶᠤᠯ ᠭᠠᠮᠰᠢᠭ ᠤᠨ ᠠᠳᠡᠯ ᠢ | ᠰᠢᠢᠳᠪᠦᠷᠢᠯᠡᠭᠰᠡᠨ ᠭᠡᠷᠡᠴᠢ ᠪᠠᠷᠢᠮᠲᠠ ᠪᠣᠯᠭᠠᠬᠤ ᠬᠡᠷᠡᠭᠲᠡᠢ᠃ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠪᠠ ᠪᠠᠴᠢᠮ ᠪᠠᠶᠢᠳᠠᠯ ᠢ | ᠠᠷᠭᠠᠴᠠᠭᠠᠨ ᠲᠠᠷᠬᠠᠭᠠᠵᠤ ᠵᠠᠶᠢᠯᠠᠭᠤᠯᠬᠤ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠃ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ | ᠲᠦᠷᠢᠮ ᠳᠤ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠢ᠃ | ︵ᠬᠤᠷᠢ ᠶᠢᠰᠦ︶ ᠪᠠᠩᠬᠢ᠂ ᠦᠨᠡᠲᠦ ᠲᠡᠮᠳᠡᠭᠲᠦ᠂ ᠳᠠᠭᠠᠳᠬᠠᠯ ᠵᠡᠷᠭᠡ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ᠂ ᠣᠷᠣᠨ | ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ | ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠦᠨᠡᠲᠦ ᠲᠡᠮᠳᠡᠭᠲᠦ ᠶᠢᠨ ᠦᠢᠯᠡᠰ ᠤᠨ ᠪᠠᠶᠢᠭᠤᠯᠤᠮᠵᠢ᠂ ᠳᠠᠭᠠᠳᠬᠠᠯ ᠤᠨ ᠪᠠᠶᠢᠭᠤᠯᠤᠮᠵᠢ᠂ | ᠬᠤᠭᠤᠴᠠᠭᠠᠲᠤ ᠪᠠᠷᠠᠭᠠᠨ ᠤ ᠦᠢᠯᠡᠰ ᠤᠨ ᠪᠠᠶᠢᠭᠤᠯᠤᠮᠵᠢ ᠵᠢᠴᠢ ᠦᠢᠯᠡᠴᠢᠯᠡᠭᠡᠨ ᠤ ᠲᠣᠤᠷ ᠴᠡᠭ᠂ ᠲᠣᠮᠢᠯᠠᠭᠰᠠᠨ ᠪᠠᠶᠢᠭᠤᠯᠤᠮᠵᠢ ᠶᠢᠨ ᠭᠠᠯ ᠰᠡᠷᠭᠡᠶᠢᠯᠡᠵᠦ | ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠨᠢ ᠬᠠᠷᠢᠭᠤᠴᠠᠨ ᠰᠢᠮᠳᠠᠭᠤᠯᠬᠤ ᠬᠡᠷᠡᠭᠲᠡᠶ᠃ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠮᠵᠢ ᠨᠤᠭᠤᠳ ᠨᠢ ᠳᠠᠭᠠᠳᠬᠠᠯ ᠤᠨ ᠺᠣᠮᠫᠠᠨᠢ ᠶᠢᠨ ᠭᠠᠯ ᠤᠨ ᠠᠶᠤᠯ ᠭᠠᠮᠰᠢᠭ ᠤᠨ ᠣᠯᠠᠨ ᠨᠡᠶᠢᠲᠡ ᠶᠢᠨ ᠬᠠᠷᠢᠭᠤᠴᠠᠯᠭ᠎ᠠ ᠶᠢᠨ | ᠳᠠᠭᠠᠳᠬᠠᠯ ᠤᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠬᠠᠷᠢᠭᠤᠴᠠᠵᠤ ᠵᠢᠭᠠᠨ ᠵᠢᠯᠣᠭᠤᠳᠴᠤ᠂ ᠳᠠᠭᠠᠳᠬᠠᠯ ᠤᠨ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ | ᠭᠠᠯ ᠤᠨ ᠠᠶᠤᠯ ᠭᠠᠮᠰᠢᠭ ᠤᠨ ᠲᠦᠭᠰᠢᠭᠦᠷᠢ ᠶᠢ ᠦᠨᠡᠯᠡᠨ ᠵᠢᠱᠢᠵᠦ ᠬᠠᠮᠢᠶᠠᠷᠤᠨ ᠡᠵᠡᠮᠳᠡᠬᠦ ᠪᠠ ᠭᠠᠯ ᠤᠨ ᠠᠶᠤᠯ ᠭᠠᠮᠰᠢᠭ ᠤᠨ ᠠᠳᠡᠯ ᠢ ᠰᠡᠷᠭᠡᠶᠢᠯᠡᠬᠦ | ᠴᠢᠳᠠᠮᠵᠢ ᠶᠢ ᠨᠢ ᠪᠠᠳᠠᠷᠠᠭᠤᠯᠬᠤ ᠬᠡᠷᠡᠭᠲᠡᠢ᠃ | ︵ᠭᠤᠴᠢ︶ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ᠂ ᠴᠢᠮᠡᠭᠡ ᠬᠤᠯᠪᠣᠭ᠎ᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠨᠢ ᠰᠦᠯᠵᠢᠶᠡᠨ | ᠥᠷᠲᠡᠭᠡ᠂ ᠪᠢᠴᠢᠯ ᠪᠦᠷᠭᠡ᠂ ᠸᠢᠴᠠᠲ ᠵᠡᠷᠭᠡ ᠰᠢᠯᠵᠢᠮᠡᠯ ᠢᠨᠲ᠋ᠧᠷ ᠰᠦᠯᠵᠢᠶᠡᠨ ᠤ ᠵᠠᠭᠤᠴᠢᠯᠠᠭᠤᠷ ᠢ ᠰᠢᠮᠳᠠᠭᠤᠯᠤᠨ ᠵᠢᠯᠣᠭᠤᠳᠴᠤ ᠪᠠᠶᠢᠭᠠᠳ ᠭᠠᠯ ᠰᠡᠷᠭᠡᠶᠢᠯᠡᠵᠦ | ᠤᠨᠲᠠᠷᠠᠭᠠᠬᠤ ᠠᠮᠤᠷ ᠲᠦᠪᠰᠢᠨ ᠤ ᠨᠡᠶᠢᠳᠡ ᠶᠢᠨ ᠠᠰᠠᠷᠠᠮᠵᠢ ᠶᠢᠨ ᠴᠢᠨᠠᠷᠲᠠᠶ ᠤᠬᠠᠭᠤᠯᠭ᠎ᠠ ᠶᠢ ᠥᠷᠨᠢᠭᠦᠯᠬᠦ ᠬᠡᠷᠡᠭᠲᠡᠶ᠃ ᠬᠦᠨᠳᠦ ᠶᠡᠭᠡ ᠣᠨᠴᠠ ᠰᠦᠷᠡᠬᠡᠢ ᠭᠠᠯ ᠤᠨ | ᠠᠶᠤᠯ ᠵᠢᠴᠢ ᠠᠶᠤᠯ ᠠᠳᠡᠯ ᠤᠨ ᠭᠠᠯ ᠤᠨᠲᠠᠷᠠᠭᠠᠵᠤ ᠪᠠᠴᠢᠮ ᠪᠠᠶᠢᠳᠠᠯ ᠢ ᠠᠷᠭᠠᠴᠠᠭᠠᠨ ᠠᠪᠤᠷᠠᠵᠤ ᠲᠤᠰᠠᠯᠠᠬᠤ ᠪᠠ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ | ᠮᠡᠳᠡᠭᠡ ᠵᠠᠩᠭᠢ ᠨᠡᠶᠢᠲᠡᠯᠡᠬᠦ ᠳᠤ ᠴᠢᠮᠡᠭᠡ ᠬᠤᠯᠪᠣᠭᠠᠨ ᠤ ᠪᠠᠲᠤᠯᠠᠭ᠎ᠠ ᠬᠠᠩᠭᠠᠬᠤ ᠬᠡᠷᠡᠭᠲᠡᠶ᠃ | ︵ᠭᠤᠴᠢᠨ ᠨᠢᠭᠡ︶ ᠰᠢᠤᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠨᠢ ᠰᠢᠤᠳᠠᠨ ᠤ ᠠᠵᠢᠯ ᠲᠥᠷᠥᠯ ᠤᠨ ᠭᠠᠯ ᠰᠡᠷᠭᠡᠶᠢᠯᠡᠵᠦ ᠤᠨᠲᠠᠷᠠᠭᠠᠬᠤ | ᠠᠮᠤᠷ ᠲᠦᠪᠰᠢᠨ ᠢ ᠬᠠᠷᠢᠭᠤᠴᠠᠵᠤ᠂ ᠰᠢᠤᠳᠠᠨ ᠤ ᠠᠵᠤ ᠠᠬᠤᠶᠢᠯᠠᠯ᠂ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠢ ᠵᠢᠭᠠᠨ ᠵᠢᠯᠣᠭᠤᠳᠴᠤ᠂ ᠬᠢᠨᠠᠯᠲᠠ ᠲᠠᠯᠪᠢᠵᠤ᠂ | ᠪᠠᠶᠢᠴᠠᠭᠠᠵᠤ ᠪᠠᠶᠢᠭᠠᠳ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠶᠢ ᠨᠢ ᠭᠦᠢᠴᠡᠳᠬᠡᠯᠭᠡᠬᠦ ᠬᠡᠷᠡᠭᠲᠡᠢ᠃ | ︵ᠭᠤᠴᠢᠨ ᠬᠤᠶᠠᠷ︶ ᠵᠠᠰᠠᠭ ᠤᠨ ᠣᠷᠳᠣᠨ ᠤ ᠠᠵᠢᠯ ᠤᠨ ᠪᠤᠰᠤᠳ ᠰᠠᠯᠠᠭ᠎ᠠ ᠮᠥᠴᠢᠷ ᠵᠢᠴᠢ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠨᠢᠭᠡᠴᠢ ᠪᠠ | ᠪᠠᠶᠢᠭᠤᠯᠤᠮᠵᠢ ᠨᠤᠭᠤᠳ ᠨᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠬᠠᠤᠯᠢ ᠪᠠ ᠲᠣᠭᠲᠠᠭᠠᠯ ᠶᠣᠰᠣᠭᠠᠷ ᠭᠦᠢᠴᠡᠳᠬᠡᠬᠦ | ᠬᠡᠷᠡᠭᠲᠡᠶ᠃ ᠬᠠᠷᠢᠶᠠᠯᠠᠭᠳᠠᠬᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠲᠠᠢ ᠰᠠᠯᠠᠭ᠎ᠠ ᠮᠥᠴᠢᠷ ᠪᠤᠶᠤ ᠨᠢᠭᠡᠴᠢ ᠨᠦᠭᠦᠳ ᠨᠢ ᠬᠠᠷᠢᠶᠠᠯᠠᠭᠳᠠᠬᠤ ᠠᠵᠤ | ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠢᠶᠠᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠢ ᠬᠠᠷᠢᠭᠤᠴᠠᠨ ᠪᠠᠶᠢᠴᠠᠭᠠᠵᠤ ᠬᠠᠮᠢᠶᠠᠷᠬᠤ | ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠨᠢ ᠬᠢᠨᠠᠨ ᠵᠥᠪᠰᠢᠶᠡᠷᠡᠬᠦ | ᠵᠦᠢᠯᠡᠰ ᠲᠠᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠤᠯᠢ ᠪᠠᠷ ᠲᠣᠭᠲᠠᠭᠠᠭᠰᠠᠨ ᠨᠥᠬᠦᠴᠡᠯ ᠢ ᠴᠢᠩᠭ᠎ᠠ ᠪᠠᠷ ᠬᠢᠨᠠᠨ ᠵᠥᠪᠰᠢᠶᠡᠷᠡᠵᠦ᠂ | ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠢ ᠪᠦᠬᠦᠨ ᠳᠤ ᠬᠠᠮᠢᠶ᠎ᠠ ᠪᠦᠬᠦᠢ ᠵᠥᠪᠰᠢᠶᠡᠷᠡᠯ ᠤᠨ ᠦᠨᠡᠮᠯᠡᠯ ᠬᠢᠨᠠᠨ ᠣᠯᠭᠤᠵᠤ ᠪᠣᠯᠬᠤ ᠦᠭᠡᠢ ᠪᠤᠶᠤ | ᠨᠡᠭᠡᠭᠡᠨ ᠡᠷᠬᠢᠯᠡᠬᠦ ᠶᠢ ᠨᠢ ᠵᠥᠪᠰᠢᠶᠡᠷᠡᠵᠦ ᠪᠣᠯᠬᠤ ᠦᠭᠡᠢ᠃ ᠨᠢᠭᠡᠨᠲᠡ ᠬᠠᠤᠯᠢ ᠶᠣᠰᠣᠭᠠᠷ ᠵᠥᠪᠰᠢᠶᠡᠷᠡᠯ ᠣᠯᠤᠭᠰᠠᠨ ᠨᠢᠭᠡᠴᠢ ᠨᠢ ᠭᠠᠯ ᠰᠡᠷᠭᠡᠶᠢᠯᠡᠵᠦ ᠤᠨᠲᠠᠷᠠᠭᠠᠬᠤ | ᠠᠮᠤᠷ ᠲᠦᠪᠰᠢᠨ ᠤ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠣᠯ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠶ᠃ ᠵᠠᠰᠠᠭ ᠵᠠᠬᠢᠷᠭᠠᠨ ᠤ ᠬᠠᠮᠢᠶᠠᠷᠤᠯᠲᠠ ᠪᠤᠶᠤ | ᠣᠯᠠᠨ ᠨᠡᠶᠢᠲᠡ ᠶᠢᠨ ᠦᠢᠯᠡᠴᠢᠯᠡᠭᠡᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠨᠢ ᠲᠤᠰ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠲᠠᠢ ᠪᠠᠨ | ᠤᠶᠠᠯᠳᠤᠭᠤᠯᠤᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠳᠡᠮᠵᠢᠯᠭᠡ ᠪᠠ ᠪᠠᠲᠤᠯᠠᠭ᠎ᠠ ᠬᠠᠩᠭᠠᠬᠤ ᠬᠡᠷᠡᠭᠲᠡᠶ᠃ | | | ᠳᠥᠷᠪᠡᠳᠦᠭᠡᠷ ᠪᠦᠯᠦᠭ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠨᠢᠭᠡᠴᠢ ᠶᠢᠨ ᠭᠠᠯ ᠰᠡᠷᠭᠡᠶᠢᠯᠡᠵᠦ | ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ | | | ᠠᠷᠪᠠᠨ ᠲᠠᠪᠤᠳᠤᠭᠠᠷ ᠵᠦᠢᠯ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ︵ᠨᠡᠶᠢᠭᠡᠮ ᠲᠣᠭᠤᠷᠢᠭ︶ ᠨᠢ ᠳᠣᠤᠷᠠᠬᠢ | ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄ | ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠭᠴᠢ ᠶᠢ ᠲᠣᠭᠲᠠᠭᠠᠵᠤ᠂ ᠭᠠᠯ ᠰᠡᠷᠭᠡᠶᠢᠯᠡᠬᠦ ᠠᠮᠤᠷ ᠲᠦᠪᠰᠢᠨ ᠤ ᠨᠡᠶᠢᠲᠡ ᠶᠢᠨ | ᠭᠡᠷ᠎ᠡ ᠶᠢ ᠲᠣᠭᠲᠠᠭᠠᠨ᠂ ᠭᠠᠯ ᠰᠡᠷᠭᠡᠶᠢᠯᠡᠵᠦ ᠤᠨᠲᠠᠷᠠᠭᠠᠬᠤ ᠲᠠᠯ᠎ᠠ ᠶᠢᠨ ᠤᠬᠠᠭᠤᠯᠭ᠎ᠠ ᠬᠥᠮᠦᠵᠢᠯ ᠢ ᠪᠠᠶᠢᠩᠭᠤ ᠶᠢᠨ ᠴᠢᠨᠠᠷᠲᠠᠢ ᠥᠷᠨᠢᠭᠦᠯᠬᠦ ᠬᠡᠷᠡᠭᠲᠡᠶ᠃ | ︵ᠬᠤᠶᠠᠷ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ︽ᠲᠤᠤᠷᠵᠢᠯᠬᠠᠰᠠᠨ︾ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠲᠤᠤᠷᠵᠢᠯᠬᠠᠰᠠᠨ ᠬᠠᠮᠢᠶᠠᠷᠤᠯᠲᠠ ᠶᠢᠨ ᠠᠵᠢᠯᠲᠠᠨ ᠵᠢᠴᠢ ᠲᠡᠳᠡᠨ ᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠬᠤ | ᠬᠡᠷᠡᠭᠲᠡᠶ᠃ | ︵ᠭᠤᠷᠪᠠ︶ ᠤᠯᠠᠷᠢᠯ ᠤᠨ ᠴᠢᠨᠠᠷᠲᠠᠶ ᠭᠠᠯ ᠲᠦᠢᠮᠡᠷ ᠭᠠᠷᠬᠤ ᠵᠢᠮ᠎ᠡ ᠶᠣᠰᠣ ᠪᠠ ᠣᠨᠴᠠᠯᠢᠭ ᠢ ᠦᠨᠳᠦᠰᠦᠯᠡᠨ᠂ ᠭᠠᠯ ᠰᠡᠷᠭᠡᠶᠢᠯᠡᠬᠦ ᠲᠠᠯ᠎ᠠ ᠪᠠᠷ ᠬᠢ | ᠲᠣᠭᠤᠷᠢᠨ ᠪᠠᠶᠢᠴᠠᠭᠠᠯᠲᠠ ᠶᠢ ᠥᠷᠨᠢᠭᠦᠯᠵᠦ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤ ᠨᠢ ᠠᠷᠢᠯᠭᠠᠬᠤ ᠬᠡᠷᠡᠭᠲᠡᠶ᠃ | ︵ᠳᠥᠷᠪᠡ︶ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠰᠠᠶᠢᠨ ᠳᠤᠷᠠᠴᠤᠳ ᠤᠨ ᠭᠠᠯ ᠤᠨᠲᠠᠷᠠᠭᠠᠬᠤ ᠠᠩᠭᠢ ᠪᠤᠶᠤ | ᠭᠠᠯ ᠤᠨᠲᠠᠷᠠᠭᠠᠬᠤ ᠪᠢᠴᠢᠯ ᠥᠷᠲᠡᠭᠡ ᠶᠢ ᠪᠠᠶᠢᠭᠤᠯᠵᠤ᠂ ᠭᠠᠯ ᠤᠨᠲᠠᠷᠠᠭᠠᠬᠤ ᠴᠢᠬᠤᠯᠠ ᠪᠦᠬᠦᠢ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠢ ᠲᠣᠬᠢᠷᠠᠭᠤᠯᠤᠨ᠂ | ᠪᠠᠴᠢᠮ ᠪᠠᠶᠢᠳᠠᠯ ᠢ ᠠᠷᠭᠠᠴᠠᠭᠠᠨ ᠲᠠᠷᠬᠠᠭᠠᠵᠤ ᠵᠠᠶᠢᠯᠠᠭᠤᠯᠬᠤ ᠰᠣᠷᠢᠯᠲᠠ ᠪᠠ ᠣᠯᠠᠨ ᠲᠦᠮᠡᠨᠴᠢ ᠴᠢᠨᠠᠷᠲᠠᠢ ᠥᠪᠡᠰᠦᠪᠡᠨ ᠰᠡᠷᠭᠡᠶᠢᠯᠡᠵᠦ ᠥᠪᠡᠷ ᠢ ᠪᠠᠨ ᠠᠪᠤᠷᠠᠬᠤ | ᠠᠵᠢᠯ ᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠃ | ︵ᠲᠠᠪᠤ︶ ᠭᠠᠯ ᠲᠦᠢᠮᠡᠷ ᠭᠠᠷᠤᠭᠰᠠᠨ ᠦᠶ᠎ᠡ ᠳᠤ᠂ ᠭᠠᠯ ᠲᠦᠢᠮᠡᠷ ᠢ ᠴᠠᠭ ᠲᠤᠬᠠᠢ ᠳᠤ ᠨᠢ ᠮᠡᠳᠡᠭᠦᠯᠵᠦ᠂ ᠲᠡᠷᠡ ᠬᠦ ᠣᠷᠣᠨ ᠬᠡᠪᠴᠢᠶᠡᠨ ᠳᠠᠬᠢ ᠰᠠᠭᠤᠭᠠᠯᠢ | ᠠᠷᠠᠳ ᠢ ᠵᠣᠬᠢᠶᠠᠨ ᠪᠠᠶᠢᠭᠤᠯᠵᠤ ᠲᠠᠷᠬᠠᠭᠠᠨ ᠵᠠᠶᠢᠯᠠᠭᠤᠯᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠵᠡᠷᠭᠡ ᠨᠢᠭᠡᠴᠢ ᠨᠦᠭᠦᠳ ᠨᠢ ᠭᠠᠯ ᠰᠡᠷᠭᠡᠶᠢᠯᠡᠵᠦ | ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ | ᠬᠡᠷᠡᠭᠲᠡᠶ᠄ | ︵ᠨᠢᠭᠡ︶ ᠡᠯ᠎ᠡ ᠱᠠᠲᠤ᠂ ᠡᠯ᠎ᠡ ᠠᠵᠢᠯ ᠤᠨ ᠪᠠᠶᠢᠷᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭᠠᠲᠠᠨ ᠵᠢᠴᠢ ᠲᠡᠳᠡᠨ ᠤ | ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠤ᠂ ᠲᠤᠰ ᠨᠢᠭᠡᠴᠢ ᠶᠢᠨ ᠢᠶᠠᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠳᠦᠷᠢᠮ᠂ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯᠯᠠᠭᠠᠨ ᠤ ᠳᠦᠷᠢᠮ ᠵᠢᠷᠤᠮ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠨ ᠲᠠᠷᠬᠠᠭᠠᠵᠤ | ᠵᠠᠶᠢᠯᠠᠭᠤᠯᠬᠤ ᠪᠡᠯᠡᠳᠬᠡᠯ ᠲᠥᠰᠦᠯ ᠢ ᠲᠣᠭᠲᠠᠭᠠᠬᠤ ᠬᠡᠷᠡᠭᠲᠡᠶ᠃ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠨ ᠲᠠᠷᠬᠠᠭᠠᠵᠤ ᠵᠠᠶᠢᠯᠠᠭᠤᠯᠬᠤ ᠰᠣᠷᠢᠯᠲᠠ ᠶᠢ | ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠥᠷᠨᠢᠭᠦᠯᠦᠨ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠪᠠᠶᠢᠴᠠᠭᠠᠵᠤ ᠰᠢᠯᠭᠠᠨ ᠬᠢᠨᠠᠯᠲᠠ ᠬᠢᠵᠦ᠂ | ᠡᠯ᠎ᠡ ᠵᠦᠢᠯ ᠤᠨ ᠲᠣᠭᠲᠠᠭᠠᠯ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠶ᠃ | ︵ᠬᠤᠶᠠᠷ︶ ᠭᠠᠯ ᠰᠡᠷᠭᠡᠶᠢᠯᠡᠬᠦ ᠠᠵᠢᠯ ᠤᠨ ᠪᠠᠶᠢᠴᠠᠭᠠᠯᠲᠠ ᠬᠢᠵᠦ ᠲᠣᠭᠤᠷᠢᠨ ᠪᠠᠶᠢᠴᠠᠭᠠᠬᠤ᠂ ᠭᠠᠯ ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ ᠢ | ᠠᠷᠠᠴᠢᠯᠠᠨ ᠬᠠᠮᠠᠭᠠᠯᠠᠬᠤ᠂ ᠪᠠᠷᠢᠯᠭ᠎ᠠ ᠶᠢᠨ ᠭᠠᠯ ᠤᠨᠲᠠᠷᠠᠭᠠᠬᠤ ᠪᠡᠯᠡᠳᠬᠡᠮᠵᠢ ᠶᠢ ᠪᠠᠶᠢᠴᠠᠭᠠᠨ ᠰᠢᠯᠭᠠᠬᠤ᠂ ᠭᠠᠯ ᠤᠨ ᠠᠶᠤᠯ ᠤᠨ ᠳᠠᠯᠳᠠ ᠭᠡᠮ ᠢ ᠴᠡᠭᠴᠡᠯᠡᠨ | ᠰᠠᠶᠢᠵᠢᠷᠠᠭᠤᠯᠬᠤ᠂ ᠲᠤᠰᠬᠠᠶ ᠪᠤᠶᠤ ᠰᠠᠶᠢᠨ ᠳᠤᠷᠠᠴᠤᠳ ᠤᠨ ᠭᠠᠯ ᠤᠨᠲᠠᠷᠠᠭᠠᠬᠤ ᠠᠩᠭᠢ ᠪᠠ ᠭᠠᠯ ᠤᠨᠲᠠᠷᠠᠭᠠᠬᠤ ᠪᠢᠴᠢᠯ ᠥᠷᠲᠡᠭᠡ ᠶᠢᠨ ᠪᠦᠲᠦᠭᠡᠨ ᠪᠠᠶᠢᠭᠤᠯᠤᠯᠲᠠ | ᠵᠡᠷᠭᠡ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠬᠡᠷᠡᠭᠰᠡᠬᠦ ᠪᠡᠯᠡ ᠮᠥᠩᠭᠦᠨ ᠤ ᠣᠷᠣᠭᠤᠯᠤᠯᠲᠠ ᠶᠢ ᠪᠠᠲᠤᠯᠠᠬᠤ ᠬᠡᠷᠡᠭᠲᠡᠶ᠃ ᠦᠢᠯᠡᠳᠪᠦᠷᠢᠯᠡᠵᠦ ᠡᠵᠡᠩᠨᠡᠬᠦ | ᠨᠢᠭᠡᠴᠢ ᠶᠢᠨ ᠠᠮᠤᠷ ᠲᠦᠪᠰᠢᠨ ᠤ ᠵᠠᠷᠤᠳᠠᠯ ᠢ ᠭᠠᠯ ᠰᠡᠷᠭᠡᠶᠢᠯᠡᠨ ᠤᠨᠲᠠᠷᠠᠭᠠᠬᠤ ᠠᠵᠢᠯ ᠳᠤ ᠵᠣᠬᠢᠬᠤ ᠬᠠᠷᠢᠴᠠᠯ ᠢᠶᠠᠷ ᠬᠡᠷᠡᠭᠯᠡᠬᠦ ᠶᠢ ᠨᠢ ᠪᠠᠲᠤᠯᠠᠬᠤ ᠬᠡᠷᠡᠭᠲᠡᠶ᠃ | ︵ᠭᠤᠷᠪᠠ︶ ᠬᠠᠮᠢᠶ᠎ᠠ ᠪᠦᠬᠦᠢ ᠪᠠᠷᠢᠮᠵᠢᠶ᠎ᠠ ᠶᠣᠰᠣᠭᠠᠷ ᠭᠠᠯ ᠤᠨᠲᠠᠷᠠᠭᠠᠬᠤ ᠪᠡᠯᠡᠳᠬᠡᠮᠵᠢ ᠪᠠ ᠪᠠᠭᠠᠵᠢ ᠬᠡᠷᠡᠭᠰᠡᠯ ᠢ ᠲᠣᠬᠢᠷᠠᠭᠤᠯᠤᠨ᠂ ᠭᠠᠯ ᠰᠡᠷᠭᠡᠶᠢᠯᠡᠵᠦ | ᠤᠨᠲᠠᠷᠠᠭᠠᠬᠤ ᠠᠮᠤᠷ ᠲᠦᠪᠰᠢᠨ ᠤ ᠲᠡᠮᠳᠡᠭ ᠬᠠᠳᠠᠬᠤ ᠪᠠ ᠪᠣᠰᠬᠠᠨ ᠲᠠᠯᠪᠢᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠵᠤ ᠰᠡᠯᠪᠢᠨ ᠵᠠᠰᠠᠵᠤ᠂ | ᠪᠠᠷᠢᠯᠭ᠎ᠠ ᠶᠢᠨ ᠭᠠᠯ ᠤᠨᠲᠠᠷᠠᠭᠠᠬᠤ ᠪᠡᠯᠡᠳᠬᠡᠮᠵᠢ ᠶᠢ ᠵᠢᠯ ᠪᠦᠷᠢ ᠨᠠᠭᠠᠲᠤ ᠵᠠᠬ᠎ᠠ ᠳᠤ ᠪᠠᠨ ᠨᠢᠭᠡ ᠤᠳᠠᠭ᠎ᠠ ᠪᠦᠬᠦ ᠲᠠᠯ᠎ᠠ ᠪᠠᠷ ᠪᠠᠶᠢᠴᠠᠭᠠᠵᠤ ᠰᠢᠯᠭᠠᠨ᠂ ᠲᠡᠳᠡᠭᠡᠷ ᠤᠨ | ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠠᠯ ᠰᠡᠷᠭᠡᠶᠢᠯᠡᠵᠦ ᠤᠨᠲᠠᠷᠠᠭᠠᠬᠤ ᠡᠵᠡᠮᠰᠢᠯ ᠤᠨ ᠲᠠᠰᠤᠭ ᠲᠠᠢ ᠪᠠᠶᠢᠪᠠᠯ | ᠂ 24 ᠴᠠᠭ ᠢᠶᠠᠷ ᠵᠢᠵᠢᠭᠦᠷᠯᠡᠬᠦ ᠳᠦᠷᠢᠮ ᠢ ᠬᠡᠷᠡᠭᠵᠢᠭᠦᠯᠵᠦ᠂ ᠡᠭᠡᠯᠵᠢ ᠪᠦᠷᠢ ᠳᠤ 2 ᠠᠴᠠ ᠳᠤᠲᠠᠭᠤ ᠦᠭᠡᠢ ᠬᠥᠮᠦᠨ ᠵᠢᠵᠢᠭᠦᠷᠯᠡᠭᠦᠯᠬᠦ ᠪᠥᠭᠡᠳ ᠠᠵᠢᠯ ᠤᠨ | ᠪᠠᠶᠢᠷᠢ ᠶᠢᠨ ᠦᠨᠡᠮᠯᠡᠯ ᠲᠠᠢ ᠬᠥᠮᠥᠰ ᠢᠶᠠᠷ ᠵᠢᠵᠢᠭᠦᠷᠯᠡᠭᠦᠯᠬᠦ ᠬᠡᠷᠡᠭᠲᠡᠢ᠃ | ︵ᠳᠥᠷᠪᠡ︶ ᠲᠠᠷᠬᠠᠭᠠᠵᠤ ᠵᠠᠶᠢᠯᠠᠭᠤᠯᠬᠤ ᠨᠡᠪᠲᠡᠷᠡᠯ ᠵᠠᠮ᠂ ᠠᠮᠤᠷ ᠲᠦᠪᠰᠢᠨ ᠭᠠᠷᠬᠤ ᠡᠭᠦᠳᠡ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠤᠨ | ᠰᠠᠭᠠᠳ ᠦᠭᠡᠢ ᠪᠠᠶᠢᠬᠤ ᠶᠢ ᠪᠠᠲᠤᠯᠠᠵᠤ᠂ ᠭᠠᠯ ᠪᠠ ᠤᠲᠤᠭ᠎ᠠ ᠰᠡᠷᠭᠡᠶᠢᠯᠡᠬᠦ ᠬᠤᠪᠢᠶᠠᠷᠢ ᠲᠣᠭᠤᠷᠢᠭ᠂ ᠭᠠᠯ ᠰᠡᠷᠭᠡᠶᠢᠯᠡᠬᠦ ᠵᠠᠶ ᠨᠢ ᠭᠠᠯ ᠰᠡᠷᠭᠡᠶᠢᠯᠡᠵᠦ ᠤᠨᠲᠠᠷᠠᠭᠠᠬᠤ | ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠶᠢ ᠪᠠᠲᠤᠯᠠᠬᠤ ᠬᠡᠷᠡᠭᠲᠡᠶ᠃ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠤᠨ ᠡᠭᠦᠳᠡ ᠴᠣᠩᠬᠤᠨ ᠳᠤ | ᠭᠠᠯ ᠤᠨ ᠠᠶᠤᠯ ᠠᠴᠠ ᠵᠠᠶᠢᠯᠠᠵᠤ ᠵᠢᠭᠤᠳᠠᠬᠤ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ ᠨᠥᠯᠥᠭᠡᠯᠡᠵᠦ ᠮᠡᠳᠡᠬᠦ ᠬᠠᠷᠰᠢ ᠰᠠᠭᠠᠳ ᠲᠠᠢ ᠵᠦᠢᠯᠡᠰ ᠢ ᠪᠠᠶᠢᠯᠭᠠᠵᠤ | ᠪᠣᠯᠬᠤ ᠦᠭᠡᠢ᠃ ᠪᠠᠷᠢᠯᠭ᠎ᠠ ᠶᠢᠨ ᠲᠣᠨᠣᠭᠯᠠᠭᠠᠰᠤ᠂ ᠪᠠᠷᠢᠯᠭ᠎ᠠ ᠶᠢᠨ ᠮᠠᠲ᠋ᠧᠷᠢᠶᠠᠯ ᠪᠠ ᠭᠡᠷ ᠲᠤᠳᠤᠷᠠᠬᠢ ᠵᠠᠰᠠᠯ ᠴᠢᠮᠡᠭᠯᠡᠯ ᠤᠨ ᠮᠠᠲ᠋ᠧᠷᠢᠶᠠᠯ ᠵᠡᠷᠭᠡ ᠨᠢ ᠭᠠᠯ ᠰᠡᠷᠭᠡᠶᠢᠯᠡᠵᠦ | ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠬᠦ ᠶᠢ ᠪᠠᠲᠤᠯᠠᠬᠤ ᠬᠡᠷᠡᠭᠲᠡᠶ᠃ | ︵ᠲᠠᠪᠤ︶ ᠭᠠᠯ ᠰᠡᠷᠭᠡᠶᠢᠯᠡᠬᠦ ᠪᠠᠶᠢᠴᠠᠭᠠᠯᠲᠠ᠂ ᠴᠠᠭᠳᠠᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠂ ᠭᠠᠯ ᠲᠦᠢᠮᠡᠷ ᠤᠨ ᠳᠠᠯᠳᠠ | ᠭᠡᠮ ᠢ ᠴᠠᠭ ᠲᠤᠬᠠᠶ ᠳᠤ ᠨᠢ ᠠᠷᠢᠯᠭᠠᠬᠤ ᠬᠡᠷᠡᠭᠲᠡᠶ᠃ | ︵ᠵᠢᠷᠭᠤᠭ᠎ᠠ︶ ᠬᠡᠷᠡᠭᠴᠡᠭᠡ ᠪᠠᠨ ᠦᠨᠳᠦᠰᠦᠯᠡᠨ ᠲᠤᠰᠬᠠᠶ ᠪᠤᠶᠤ ᠰᠠᠶᠢᠨ ᠳᠤᠷᠠᠴᠤᠳ ᠤᠨ ᠭᠠᠯ ᠤᠨᠲᠠᠷᠠᠭᠠᠬᠤ ᠠᠩᠭᠢ᠂ ᠭᠠᠯ ᠤᠨᠲᠠᠷᠠᠭᠠᠬᠤ ᠪᠢᠴᠢᠯ | ᠥᠷᠲᠡᠭᠡ ᠶᠢ ᠪᠠᠶᠢᠭᠤᠯᠵᠤ᠂ ᠭᠠᠯ ᠤᠨᠲᠠᠷᠠᠭᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠰᠤᠷᠭᠠᠭᠤᠯᠢᠯᠠᠯ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ | ᠵᠣᠬᠢᠶᠠᠨ ᠪᠠᠶᠢᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠭᠠᠯ ᠤᠨᠲᠠᠷᠠᠭᠠᠬᠤ ᠡᠮ ᠨᠤᠨᠲᠠᠭ ᠤᠨ | ᠬᠠᠳᠠᠭᠠᠯᠠᠯᠳᠠ ᠶᠢ ᠴᠢᠩᠭᠠᠳᠬᠠᠨ᠂ ᠬᠠᠮᠲᠤᠷᠠᠨ ᠠᠵᠢᠯᠯᠠᠵᠤ ᠬᠤᠯᠪᠣᠭᠠᠯᠠᠨ ᠬᠦᠳᠡᠯᠦᠯᠴᠡᠬᠦ ᠲᠣᠭᠲᠠᠴᠠ ᠶᠢ ᠪᠠᠶᠢᠭᠤᠯᠵᠤ᠂ ᠠᠩᠬ᠎ᠠ ᠨᠣᠴᠣᠵᠤ ᠡᠬᠢᠯᠡᠭᠰᠡᠨ ᠭᠠᠯ ᠢ | ᠤᠨᠲᠠᠷᠠᠭᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃ | ︵ᠳᠣᠯᠤᠭ᠎ᠠ︶ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠵᠢᠴᠢ ᠲᠥᠷᠥ ᠶᠢᠨ ᠪᠣᠳᠣᠯᠭ᠎ᠠ ᠶᠢᠨ | ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃ | ᠠᠷᠪᠠᠨ ᠳᠣᠯᠣᠳᠤᠭᠠᠷ ᠵᠦᠢᠯ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠢ ᠨᠦᠭᠦᠳ ᠨᠢ ᠠᠷᠪᠠᠨ ᠵᠢᠷᠭᠤᠳᠤᠭᠠᠷ | ᠵᠦᠢᠯ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠠᠴᠠ ᠭᠠᠳᠠᠨ᠎ᠠ᠂ ᠪᠠᠰᠠ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄ | ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ ᠪᠠᠶᠢᠭ᠎ᠠ ᠪᠠᠶᠢᠭᠤᠯᠤᠮᠵᠢ ᠪᠠ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠭᠴᠢ ᠶᠢ ᠲᠣᠳᠣᠷᠬᠠᠢ ᠲᠣᠭᠲᠠᠭᠠᠬᠤ ᠶᠢᠨ ᠬᠠᠮᠲᠤ᠂ ᠲᠤᠬᠠᠶ ᠶᠢᠨ ᠭᠠᠵᠠᠷ ᠤᠨ ᠭᠠᠯ ᠰᠡᠷᠭᠡᠶᠢᠯᠡᠵᠦ | ᠤᠨᠲᠠᠷᠠᠭᠠᠬᠤ ᠰᠠᠯᠠᠭ᠎ᠠ ᠮᠥᠴᠢᠷ ᠲᠤ ᠮᠡᠳᠡᠭᠦᠯᠦᠨ ᠮᠡᠳᠡᠭᠳᠡᠵᠦ᠂ ᠲᠣᠰ ᠨᠢᠭᠡᠴᠢ ᠶᠢᠨ ᠢᠶᠠᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ | ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠶ᠃ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠭᠴᠢ ᠨᠢ ᠭᠠᠯ ᠰᠡᠷᠭᠡᠶᠢᠯᠡᠵᠦ ᠤᠨᠲᠠᠷᠠᠭᠠᠬᠤ | ᠪᠣᠯᠪᠠᠰᠤᠷᠠᠭᠤᠯᠤᠯ ᠢ ᠬᠦᠷᠲᠡᠭᠰᠡᠨ ᠪᠠᠶᠢᠬᠤ ᠬᠡᠷᠡᠭᠲᠡᠶ᠃ | ︵ᠬᠤᠶᠠᠷ︶ ᠭᠠᠯ ᠰᠡᠷᠭᠡᠶᠢᠯᠡᠵᠦ ᠤᠨᠲᠠᠷᠠᠭᠠᠭᠰᠠᠨ ᠳᠠᠩᠰᠠ ᠡᠪᠬᠡᠮᠡᠯ ᠢ ᠪᠠᠶᠢᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ | ᠪᠣᠯᠬᠤ ᠣᠷᠣᠨ ᠪᠠᠶᠢᠷᠢ ᠶᠢ ᠲᠣᠳᠣᠷᠬᠠᠢ ᠲᠣᠭᠲᠠᠭᠠᠨ᠂ ᠭᠠᠯ ᠰᠡᠷᠭᠡᠶᠢᠯᠡᠬᠦ ᠲᠡᠮᠳᠡᠭ ᠬᠠᠳᠠᠬᠤ ᠪᠠ ᠪᠣᠰᠬᠠᠨ ᠲᠠᠯᠪᠢᠵᠤ᠂ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠬᠦ | ᠬᠡᠷᠡᠭᠲᠡᠶ᠃ | ︵ᠭᠤᠷᠪᠠ︶ ᠴᠠᠬᠢᠯᠭᠠᠨ ᠬᠡᠷᠡᠭᠰᠡᠯ ᠤᠨ ᠦᠢᠯᠡᠳᠬᠦᠨ᠂ ᠰᠢᠲᠠᠮᠠᠬᠠᠢ ᠬᠡᠢ ᠶᠢᠨ ᠬᠡᠷᠡᠭᠰᠡᠯ ᠤᠭᠰᠠᠷᠠᠬᠤ᠂ ᠬᠡᠷᠡᠭᠯᠡᠬᠦ ᠪᠠ ᠴᠠᠬᠢᠯᠭᠠᠨ ᠤ ᠤᠲᠠᠰᠤ᠂ ᠬᠤᠭᠤᠯᠠᠢ | ᠱᠤᠭᠤᠮ ᠲᠠᠲᠠᠵᠤ ᠲᠠᠭᠠᠷᠠᠭᠤᠯᠬᠤ ᠳᠤ ᠡᠷᠬᠡᠪᠰᠢ ᠬᠠᠮᠢᠶ᠎ᠠ ᠪᠥᠬᠦᠢ ᠪᠠᠷᠢᠮᠵᠢᠶ᠎ᠠ ᠪᠠ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ | ᠲᠣᠭᠲᠠᠭᠠᠯ ᠳᠤ ᠨᠡᠶᠢᠴᠡᠭᠦᠯᠬᠦ ᠪᠥᠭᠡᠳ ᠲᠣᠭᠲᠠᠮᠠᠯ ᠬᠤᠭᠤᠴᠠᠭ᠎ᠠ ᠲᠠᠢ ᠠᠷᠠᠴᠢᠯᠠᠨ ᠬᠠᠮᠠᠭᠠᠯᠠᠵᠤ᠂ ᠪᠠᠶᠢᠴᠠᠭᠠᠨ ᠰᠢᠯᠭᠠᠬᠤ ᠬᠡᠷᠡᠭᠲᠡᠶ᠃ | ︵ᠳᠥᠷᠪᠡ︶ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ᠠᠵᠢᠯ ᠤᠨ ᠪᠠᠶᠢᠷᠢᠨ ᠳᠤ ᠭᠠᠷᠬᠤ ᠠᠴᠠ ᠡᠮᠦᠨᠡᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠪᠣᠯᠪᠠᠰᠤᠷᠠᠭᠤᠯᠤᠯ ᠢ ᠬᠢᠵᠦ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠪᠠ ᠲᠠᠷᠬᠠᠭᠠᠵᠤ ᠵᠠᠶᠢᠯᠠᠭᠤᠯᠬᠤ ᠰᠣᠷᠢᠯᠲᠠ ᠶᠢ | ᠲᠣᠭᠲᠠᠮᠠᠯ ᠬᠤᠭᠤᠴᠠᠭ᠎ᠠ ᠲᠠᠢ ᠵᠣᠬᠢᠶᠠᠨ ᠪᠠᠶᠢᠭᠤᠯᠬᠤ ᠬᠡᠷᠡᠭᠲᠡᠶ᠃ | ︵ᠲᠠᠪᠤ︶ ᠭᠠᠯ ᠰᠡᠷᠭᠡᠶᠢᠯᠡᠵᠦ ᠤᠨᠲᠠᠷᠠᠭᠠᠬᠤ ᠠᠯᠤᠰ ᠡᠵᠡᠮᠳᠡᠭᠦᠷ᠂ ᠴᠠᠬᠢᠯᠭᠠᠨ ᠬᠡᠷᠡᠭᠰᠡᠯ ᠤᠨ ᠭᠠᠯ ᠤᠨ ᠠᠶᠤᠯ ᠢ ᠬᠢᠨᠠᠨ ᠠᠵᠢᠭᠯᠠᠬᠤ᠂ ᠪᠣᠳᠠᠰᠯᠢᠭ | ᠬᠤᠯᠪᠣᠭᠠᠲᠤ ᠰᠦᠯᠵᠢᠶ᠎ᠡ ᠶᠢᠨ ᠮᠡᠷᠭᠡᠵᠢᠯ ᠵᠡᠷᠭᠡ ᠮᠡᠷᠭᠡᠵᠢᠯ ᠪᠠ ᠪᠣᠳᠠᠰ ᠢᠶᠠᠷ ᠰᠡᠷᠭᠡᠶᠢᠯᠡᠬᠦ ᠠᠷᠭ᠎ᠠ ᠬᠡᠮᠵᠢᠶ᠎ᠡ ᠶᠢ ᠢᠳᠡᠪᠬᠢᠲᠡᠶ ᠬᠡᠷᠡᠭᠯᠡᠬᠦ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠣᠯᠠᠨ ᠬᠥᠮᠥᠨ ᠠᠮᠠᠷᠬᠠᠨ ᠠᠳᠡᠵᠦ ᠰᠢᠷᠬᠠᠲᠤᠬᠤ ᠭᠠᠯ ᠤᠨ ᠠᠶᠤᠯ ᠭᠠᠷᠴᠤ ᠮᠡᠳᠡᠬᠦ ᠬᠥᠮᠥᠰ ᠴᠤᠭᠯᠠᠷᠠᠳᠠᠭ ᠭᠠᠵᠠᠷ ᠲᠠᠯᠠᠪᠤᠷ | ᠂ ᠠᠮᠠᠷᠬᠠᠨ ᠰᠢᠲᠠᠵᠤ ᠳᠡᠯᠪᠡᠷᠡᠬᠦ ᠪᠣᠳᠠᠰ ᠲᠠᠢ ᠨᠢᠭᠡᠴᠢ ᠪᠠ ᠦᠨᠳᠦᠷ ᠪᠠᠷᠢᠯᠭ᠎ᠠ᠂ ᠭᠠᠵᠠᠷ ᠳᠣᠣᠷᠠᠬᠢ ᠣᠯᠠᠨ ᠨᠡᠶᠢᠲᠡ ᠶᠢᠨ ᠪᠠᠷᠢᠯᠭ᠎ᠠ ᠲᠠᠢ ᠵᠡᠷᠭᠡ ᠭᠠᠯ ᠤᠨ ᠠᠶᠤᠯ | ᠭᠠᠷᠬᠤ ᠲᠦᠭᠰᠢᠭᠦᠷᠢ ᠶᠡᠬᠡᠲᠡᠶ ᠨᠢᠭᠡᠴᠢ ᠨᠦᠭᠦᠳ ᠨᠢ ᠠᠷᠪᠠᠨ ᠵᠢᠷᠭᠤᠳᠤᠭᠠᠷ ᠵᠦᠢᠯ᠂ ᠠᠷᠪᠠᠨ ᠳᠣᠯᠣᠳᠤᠭᠠᠷ ᠵᠦᠢᠯ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ | ᠭᠦᠢᠴᠡᠳᠬᠡᠬᠦ ᠠᠴᠠ ᠭᠠᠳᠠᠨ᠎ᠠ᠂ ᠪᠠᠰᠠ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄ | ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠵᠣᠷᠰᠢᠮᠠᠯ ᠬᠤᠷᠠᠯ ᠢ ᠲᠣᠭᠲᠠᠮᠠᠯ ᠬᠤᠭᠤᠴᠠᠭ᠎ᠠ ᠲᠠᠢ ᠬᠤᠷᠠᠯᠳᠤᠭᠤᠯᠵᠤ᠂ | ᠲᠤᠰ ᠨᠢᠭᠡᠴᠢ ᠶᠢᠨ ᠢᠶᠠᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠰᠣᠳᠣᠯᠤᠨ᠂ ᠭᠠᠯ ᠰᠡᠷᠭᠡᠶᠢᠯᠡᠵᠦ ᠤᠨᠲᠠᠷᠠᠭᠠᠬᠤ ᠵᠠᠷᠤᠳᠠᠯ ᠤᠨ ᠣᠷᠣᠭᠤᠯᠤᠯᠲᠠ᠂ ᠭᠠᠯ | ᠤᠨᠲᠠᠷᠠᠭᠠᠬᠤ ᠪᠡᠯᠡᠳᠬᠡᠮᠵᠢ ᠲᠥᠬᠦᠭᠡᠷᠦᠮᠵᠢ ᠬᠤᠳᠠᠯᠳᠤᠨ ᠠᠪᠬᠤ᠂ ᠭᠠᠯ ᠤᠨ ᠠᠶᠤᠯ ᠤᠨ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠵᠡᠷᠭᠡ ᠳᠤ ᠬᠤᠯᠪᠣᠭᠳᠠᠭᠰᠠᠨ | ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ | ︵ᠬᠤᠶᠠᠷ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠭᠴᠢ ᠶᠢ ᠵᠣᠷᠢᠭᠵᠢᠭᠤᠯᠵᠤ ᠪᠠᠶᠢᠭᠠᠳ ᠭᠠᠯ ᠤᠨᠲᠠᠷᠠᠭᠠᠬᠤ ᠢᠨᠵᠧᠨᠧᠷ ᠤᠨ | ᠠᠵᠢᠯ ᠡᠷᠭᠢᠯᠡᠬᠦ ᠳᠠᠩᠰᠠᠯᠠᠭᠤᠯᠤᠭᠰᠠᠨ ᠬᠢᠷᠢ ᠬᠡᠮ ᠣᠯᠬᠤ ᠪᠣᠯᠭᠠᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠲᠠᠢ ᠬᠥᠮᠦᠨ ᠪᠠ | ᠣᠨᠴᠠᠭᠠᠢ ᠠᠵᠢᠯ ᠲᠥᠷᠥᠯ ᠤᠨ ᠬᠥᠮᠦᠰ ᠲᠤ ᠡᠷᠬᠡᠪᠰᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠢ ᠬᠦᠷᠲᠡᠭᠡᠬᠦ ᠬᠡᠷᠡᠭᠲᠡᠶ︔ ᠭᠠᠯ | ᠤᠨᠲᠠᠷᠠᠭᠠᠬᠤ ᠠᠦ᠋ᠲ᠋ᠣ᠋ ᠪᠡᠯᠡᠳᠬᠡᠮᠵᠢ ᠶᠢ ᠣᠷᠤᠯᠳᠤᠵᠤ ᠠᠵᠢᠯᠯᠠᠭᠰᠠᠳ ᠨᠢ ᠭᠡᠷ ᠪᠠᠷᠢᠯᠭ᠎ᠠ ᠶᠢᠨ ᠭᠠᠯ ᠰᠡᠷᠭᠡᠶᠢᠯᠡᠵᠦ ᠤᠨᠲᠠᠷᠠᠭᠠᠭᠴᠢ ᠶᠢᠨ ᠬᠢᠷᠢ ᠬᠡᠮ ᠤᠨ ᠦᠨᠡᠮᠯᠡᠯ | ᠣᠯᠤᠭᠰᠠᠨ ᠪᠠᠶᠢᠬᠤ ᠬᠡᠷᠡᠭᠲᠡᠶ᠃ | ︵ᠭᠤᠷᠪᠠ︶ ᠭᠠᠯ ᠤᠨᠲᠠᠷᠠᠭᠠᠬᠤ ᠲᠤᠰᠬᠠᠶ ᠠᠩᠭᠢ ᠪᠤᠶᠤ ᠭᠠᠯ ᠤᠨᠲᠠᠷᠠᠭᠠᠬᠤ ᠪᠢᠴᠢᠯ ᠥᠷᠲᠡᠭᠡ ᠳᠤ ᠲᠤᠰ ᠨᠢᠭᠡᠴᠢ ᠶᠢᠨ ᠢᠶᠠᠨ ᠭᠠᠯ ᠤᠨ ᠠᠶᠤᠯ | ᠲᠦᠭᠰᠢᠭᠦᠷᠢ ᠶᠢᠨ ᠣᠨᠴᠠᠯᠢᠭ ᠢ ᠦᠨᠳᠦᠰᠦᠯᠡᠨ ᠭᠠᠯ ᠰᠡᠷᠭᠡᠶᠢᠯᠡᠵᠦ ᠤᠨᠲᠠᠷᠠᠭᠠᠬᠤ ᠵᠣᠬᠢᠬᠤ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠢ ᠲᠣᠬᠢᠷᠠᠭᠤᠯᠤᠨ᠂ ᠭᠠᠯ | ᠤᠨᠲᠠᠷᠠᠭᠠᠵᠤ ᠠᠪᠤᠷᠠᠨ ᠲᠤᠰᠠᠯᠠᠬᠤ ᠡᠮ ᠨᠤᠨᠲᠠᠭ ᠪᠠ ᠡᠳ᠋ ᠪᠠᠷᠠᠭ᠎ᠠ ᠶᠢ ᠭᠦᠢᠴᠡᠳ ᠨᠥᠭᠡᠴᠡᠯᠡᠵᠦ᠂ ᠭᠠᠯ ᠰᠡᠷᠭᠡᠶᠢᠯᠡᠵᠦ ᠤᠨᠲᠠᠷᠠᠭᠠᠬᠤ ᠲᠤᠬᠠᠶᠢᠯᠠᠭᠰᠠᠨ ᠠᠵᠢᠯ ᠤᠨ | ᠰᠤᠷᠤᠯᠴᠠᠯᠭ᠎ᠠ ᠪᠠ ᠭᠠᠯ ᠤᠨᠲᠠᠷᠠᠭᠠᠬᠤ ᠮᠡᠷᠭᠡᠰᠢᠯ ᠴᠢᠳᠠᠪᠤᠷᠢ ᠶᠢᠨ ᠰᠤᠷᠭᠠᠭᠤᠯᠢᠯᠠᠯ ᠢ ᠲᠣᠭᠲᠠᠮᠠᠯ ᠬᠤᠭᠤᠴᠠᠭ᠎ᠠ ᠲᠠᠢ ᠵᠣᠬᠢᠶᠠᠨ ᠪᠠᠶᠢᠭᠤᠯᠬᠤ ᠬᠡᠷᠡᠭᠲᠡᠶ᠃ | ︵ᠳᠥᠷᠪᠡ︶ ᠤᠯᠤᠰ ᠤᠨ ᠪᠠᠷᠢᠮᠵᠢᠶ᠎ᠠ ᠶᠣᠰᠣᠭᠠᠷ ᠪᠠᠴᠢᠮ ᠪᠠᠶᠢᠳᠠᠯ ᠢ ᠠᠷᠭᠠᠴᠠᠭᠠᠵᠤ ᠭᠠᠯ ᠤᠨ ᠠᠶᠤᠯ ᠠᠴᠠ ᠵᠠᠶᠢᠯᠠᠵᠤ ᠵᠢᠭᠤᠳᠠᠬᠤ ᠪᠡᠯᠡᠳᠬᠡᠮᠵᠢ | ᠲᠥᠬᠦᠭᠡᠷᠦᠮᠵᠢ ᠪᠠ ᠲᠠᠷᠬᠠᠭᠠᠨ ᠵᠠᠶᠢᠳᠠᠭᠤᠯᠬᠤ ᠶᠢ ᠬᠦᠲᠦᠯᠦᠨ ᠵᠢᠯᠣᠭᠤᠳᠬᠤ ᠪᠠᠭᠠᠵᠢ ᠬᠡᠷᠡᠭᠰᠡᠯ ᠲᠣᠬᠢᠷᠠᠭᠤᠯᠬᠤ ᠬᠡᠷᠡᠭᠲᠡᠶ᠃ | ︵ᠲᠠᠪᠤ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠳᠤ ᠦᠨᠡᠯᠡᠨ ᠵᠢᠱᠢᠬᠦ ᠳᠦᠷᠢᠮ ᠢ ᠪᠠᠶᠢᠭᠤᠯᠤᠨ᠂ ᠬᠢᠷᠢ ᠬᠡᠮ ᠲᠠᠢ ᠪᠠᠶᠢᠭᠤᠯᠤᠮᠵᠢ ᠪᠠᠷ | ᠲᠣᠭᠲᠠᠮᠠᠯ ᠬᠤᠭᠤᠴᠠᠭ᠎ᠠ ᠲᠠᠢ ᠦᠨᠡᠯᠡᠨ ᠵᠢᠱᠢᠬᠦ ᠠᠵᠢᠯ ᠢ ᠬᠢᠯᠭᠡᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠨᠡᠶᠢᠭᠡᠮ ᠳᠤ ᠢᠯᠡ ᠪᠣᠯᠭᠠᠬᠤ ᠬᠡᠷᠡᠭᠲᠡᠶ᠃ | ︵ᠵᠢᠷᠭᠤᠭ᠎ᠠ︶ ᠭᠠᠯ ᠤᠨ ᠠᠶᠤᠯ ᠤᠨ ᠲᠠᠯ᠎ᠠ ᠪᠠᠷ ᠬᠢ ᠤᠯᠠᠨ ᠨᠡᠶᠢᠲᠡ ᠶᠢᠨ ᠬᠠᠷᠢᠭᠤᠴᠠᠯᠭ᠎ᠠ ᠶᠢᠨ ᠳᠠᠭᠠᠳᠬᠠᠯ ᠳᠤ ᠣᠷᠣᠯᠴᠠᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠠᠳᠠᠯᠢ ᠨᠢᠭᠡ ᠭᠡᠷ ᠪᠠᠷᠢᠯᠭ᠎ᠠ ᠶᠢ ᠬᠤᠶᠠᠷ ᠠᠴᠠ ᠢᠯᠡᠭᠦᠦ ᠨᠢᠭᠡᠴᠢ ᠬᠠᠮᠢᠶᠠᠷᠴᠤ ᠪᠠᠶᠢᠬᠤ ᠪᠤᠶᠤ ᠬᠡᠷᠡᠭᠯᠡᠵᠦ ᠪᠠᠶᠢᠪᠠᠯ᠂ ᠡᠯ᠎ᠡ | ᠲᠠᠯ᠎ᠠ ᠶᠢᠨ ᠬᠢᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠢ ᠲᠣᠳᠣᠷᠬᠠᠢ ᠲᠣᠭᠲᠠᠭᠠᠬᠤ ᠶᠢᠨ ᠬᠠᠮᠲᠤ᠂ ᠬᠠᠷᠢᠭᠤᠴᠠᠯᠭ᠎ᠠ | ᠡᠭᠦᠷᠭᠡᠯᠡᠭᠴᠢ ᠶᠢ ᠲᠤᠳᠤᠷᠬᠠᠢ ᠵᠢᠭᠠᠨ ᠲᠣᠭᠲᠠᠭᠠᠵᠤ ᠬᠠᠮᠲᠤ ᠪᠠᠷ ᠠᠰᠢᠭᠯᠠᠨ ᠬᠡᠷᠡᠭᠯᠡᠵᠦ ᠪᠠᠶᠢᠭ᠎ᠠ ᠲᠠᠷᠬᠠᠭᠠᠨ ᠵᠠᠶᠢᠯᠠᠭᠤᠯᠬᠤ ᠨᠡᠪᠲᠡᠷᠡᠯ ᠵᠠᠮ᠂ ᠠᠮᠤᠷ ᠲᠦᠪᠰᠢᠨ | ᠭᠠᠷᠬᠤ ᠡᠭᠦᠳᠡ᠂ ᠪᠠᠷᠢᠯᠭ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠪᠠ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠳᠤ ᠨᠢᠭᠡᠳᠦᠯᠲᠡᠶ | ᠬᠠᠮᠢᠶᠠᠷᠤᠯᠲᠠ ᠬᠢᠯᠭᠡᠬᠦ ᠬᠡᠷᠡᠭᠲᠡᠢ᠃ | ᠬᠤᠷᠢᠳᠤᠭᠠᠷ ᠵᠦᠢᠯ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢ ᠬᠠᠮᠠᠭᠠᠯᠠᠵᠤ ᠬᠠᠮᠢᠶᠠᠷᠬᠤ ᠶᠢ ᠬᠠᠷᠢᠭᠤᠴᠠᠵᠤ ᠪᠠᠶᠢᠭ᠎ᠠ | ᠨᠢᠭᠡᠴᠢ ᠨᠦᠭᠦᠳ ᠨᠢ ᠭᠠᠯ ᠤᠨᠲᠠᠷᠠᠭᠠᠬᠤ ᠳᠤ ᠤᠰᠤ ᠬᠠᠩᠭᠠᠬᠤ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠴᠢᠮᠡᠭᠡ ᠬᠤᠯᠪᠣᠭ᠎ᠠ᠂ ᠭᠠᠯ ᠤᠨᠲᠠᠷᠠᠭᠠᠬᠤ ᠲᠡᠷᠭᠡᠨ ᠤ | ᠨᠡᠪᠲᠡᠷᠡᠬᠦ ᠵᠠᠮ ᠵᠡᠷᠭᠡ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠪᠦᠷᠢᠨ ᠪᠦᠲᠦᠨ ᠪᠠ ᠪᠦᠲᠦᠮᠵᠢᠲᠡᠶ ᠪᠠᠶᠢᠬᠤ ᠶᠢ ᠪᠠᠲᠤᠯᠠᠬᠤ | ᠬᠡᠷᠡᠭᠲᠡᠶ᠃ | ᠬᠤᠷᠢᠨ ᠨᠢᠭᠡᠳᠦᠭᠡᠷ ᠵᠦᠢᠯ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠬᠥᠩᠭᠡᠨ ᠠᠵᠤ ᠦᠢᠯᠡᠳᠪᠦᠷᠢ ᠵᠡᠷᠭᠡ ᠠᠵᠢᠯ ᠲᠥᠷᠥᠯ ᠤᠨ ᠵᠣᠬᠢᠶᠠᠨ | ᠪᠠᠶᠢᠭᠤᠯᠤᠯᠲᠠ ᠨᠤᠭᠤᠳ ᠨᠢ ᠠᠵᠢᠯ ᠲᠥᠷᠥᠯ ᠤᠨ ᠬᠢᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠲᠠᠯ᠎ᠠ ᠪᠠᠷ ᠥᠪᠡᠷ ᠢ ᠪᠠᠨ ᠱᠠᠭᠠᠷᠳᠠᠵᠤ | ᠬᠠᠮᠢᠶᠠᠷᠬᠤ ᠶᠢ ᠴᠢᠩᠭᠠᠳᠬᠠᠵᠤ᠂ ᠲᠣᠰ ᠠᠵᠢᠯ ᠲᠥᠷᠥᠯ ᠤᠨ ᠢᠶᠠᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠠᠬᠢᠭᠤᠯᠤᠨ᠂ ᠠᠵᠢᠯ ᠲᠥᠷᠥᠯ ᠤᠨ ᠨᠢᠭᠡᠴᠢ ᠪᠠᠨ | ᠬᠥᠲᠥᠯᠥᠨ ᠵᠢᠯᠣᠭᠤᠳᠴᠤ ᠪᠠᠶᠢᠭᠠᠳ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠬᠡᠷᠡᠭᠲᠡᠶ᠃ | ᠬᠤᠷᠢᠨ ᠬᠤᠶᠠᠳᠤᠭᠠᠷ ᠵᠦᠢᠯ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢ ᠪᠠᠶᠢᠴᠠᠭᠠᠨ ᠰᠢᠯᠭᠠᠬᠤ᠂ ᠠᠷᠠᠴᠢᠯᠠᠵᠤ ᠬᠠᠮᠠᠭᠠᠯᠠᠬᠤ ᠵᠢᠴᠢ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠦᠨᠡᠯᠡᠨ ᠵᠢᠱᠢᠬᠦ᠂ ᠯᠠᠪᠯᠠᠯᠭ᠎ᠠ ᠥᠭᠬᠦ᠂ ᠬᠢᠨᠠᠨ ᠠᠵᠢᠭᠯᠠᠬᠤ ᠵᠡᠷᠭᠡ ᠭᠠᠯ ᠰᠡᠷᠭᠡᠶᠢᠯᠡᠵᠦ ᠤᠨᠲᠠᠷᠠᠭᠠᠬᠤ ᠮᠡᠷᠭᠡᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠪᠠ ᠠᠵᠢᠯ ᠡᠷᠬᠢᠯᠡᠭᠰᠡᠳ ᠨᠢ ᠵᠣᠬᠢᠬᠤ ᠬᠢᠷᠢ ᠴᠢᠳᠠᠮᠵᠢ᠂ ᠬᠢᠷᠢ ᠬᠡᠮ ᠢ ᠬᠠᠤᠯᠢ ᠶᠣᠰᠣᠭᠠᠷ ᠣᠯᠣᠭᠰᠠᠨ ᠪᠠᠶᠢᠵᠤ᠂ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡ ᠶᠢ ᠬᠠᠤᠯᠢ ᠲᠣᠭᠲᠠᠭᠠᠯ ᠶᠣᠰᠣᠭᠠᠷ ᠬᠠᠩᠭᠠᠬᠤ ᠶᠢᠨ ᠬᠠᠮᠲᠤ᠂ ᠦᠢᠯᠡᠴᠢᠯᠡᠭᠡᠨ ᠤ | ᠶᠠᠰᠤ ᠴᠢᠨᠠᠷ ᠲᠤ ᠪᠠᠨ ᠬᠠᠷᠢᠭᠤᠴᠠᠬᠤ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠪᠥᠳᠥᠭᠡᠨ ᠪᠠᠶᠢᠭᠤᠯᠬᠤ ᠪᠠᠷ ᠪᠠᠶᠢᠭ᠎ᠠ ᠪᠠᠷᠢᠯᠭ᠎ᠠ ᠶᠢᠨ ᠪᠦᠲᠦᠭᠡᠨ ᠪᠠᠶᠢᠭᠤᠯᠬᠤ᠂ ᠵᠢᠷᠤᠵᠦ ᠲᠥᠯᠥᠪᠯᠡᠬᠦ᠂ ᠪᠠᠷᠢᠯᠭ᠎ᠠ | ᠪᠠᠷᠢᠬᠤ ᠪᠠ ᠬᠢᠨᠠᠨ ᠬᠠᠮᠢᠶᠠᠷᠬᠤ ᠵᠡᠷᠭᠡ ᠨᠢᠭᠡᠴᠢ ᠨᠦᠭᠦᠳ ᠨᠢ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠲᠥᠷᠢᠮ ᠪᠠ | ᠪᠠᠷᠢᠯᠭ᠎ᠠ ᠪᠠᠷᠢᠵᠤ ᠪᠠᠶᠢᠭᠤᠯᠬᠤ ᠲᠠᠯ᠎ᠠ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢ ᠵᠢᠷᠤᠮᠯᠠᠵᠤ᠂ ᠪᠠᠷᠢᠯᠭ᠎ᠠ ᠶᠢᠨ ᠵᠢᠷᠤᠵᠤ ᠲᠥᠯᠥᠪᠯᠡᠨ | ᠠᠰᠢᠭᠯᠠᠵᠤ ᠬᠡᠷᠡᠭᠯᠡᠬᠦ ᠣᠨ ᠵᠢᠯ ᠤᠨ ᠳᠣᠲᠣᠷ᠎ᠠ ᠪᠠᠷᠢᠯᠭ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠵᠢᠷᠤᠭ ᠲᠥᠯᠥᠪᠯᠡᠭᠡ᠂ ᠪᠠᠷᠢᠯᠭ᠎ᠠ ᠪᠠᠷᠢᠭᠰᠠᠨ ᠶᠠᠰᠤ ᠴᠢᠨᠠᠷ ᠲᠤ | ᠨᠠᠰᠤᠨ ᠲᠤᠷᠰᠢᠳᠠ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠣᠷᠣᠨ ᠰᠠᠭᠤᠴᠠ ᠶᠢᠨ ᠠᠳᠠᠯ ᠠᠬᠤᠢ ᠶᠢᠨ ᠥᠮᠴᠢᠲᠡᠳ ᠨᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠃ ᠣᠷᠣᠨ ᠰᠠᠭᠤᠴᠠ ᠶᠢᠨ ᠠᠳᠠᠯ ᠠᠬᠤᠢ ᠳᠤ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠨᠢ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡ ᠬᠠᠩᠭᠠᠵᠤ ᠪᠠᠶᠢᠪᠠᠯ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠨᠢ | ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠦᠢᠯᠡᠴᠢᠯᠡᠭᠡ ᠬᠠᠩᠭᠠᠵᠤ᠂ | ᠬᠠᠮᠢᠶᠠᠷᠤᠯᠲᠠ ᠶᠢᠨ ᠲᠣᠭᠤᠷᠢᠭ ᠲᠠᠬᠢ ᠬᠠᠮᠲᠤ ᠪᠠᠷ ᠬᠡᠷᠡᠭᠯᠡᠬᠦ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠪᠠ ᠲᠠᠷᠬᠠᠭᠠᠵᠤ ᠵᠠᠶᠢᠯᠠᠭᠤᠯᠬᠤ ᠨᠡᠪᠲᠡᠷᠡᠯ ᠵᠠᠮ᠂ ᠠᠮᠤᠷ | ᠲᠦᠪᠰᠢᠨ ᠭᠠᠷᠬᠤ ᠡᠭᠦᠳᠡ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠢ ᠠᠷᠠᠴᠢᠯᠠᠨ ᠬᠠᠮᠠᠭᠠᠯᠠᠵᠤ ᠬᠠᠮᠢᠶᠠᠷᠬᠤ ᠬᠡᠷᠡᠭᠲᠡᠶ᠂ ᠲᠠᠷᠬᠠᠭᠠᠵᠤ ᠵᠠᠶᠢᠯᠠᠭᠤᠯᠬᠤ | ᠨᠡᠪᠲᠡᠷᠡᠯ ᠵᠠᠮ᠂ ᠠᠮᠤᠷ ᠲᠦᠪᠰᠢᠨ ᠭᠠᠷᠬᠤ ᠡᠭᠦᠳᠡ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠢ ᠡᠵᠡᠯᠡᠵᠦ ᠬᠡᠷᠡᠭᠯᠡᠭᠰᠡᠨ᠂ ᠬᠠᠰᠢᠵᠤ ᠪᠥᠭᠯᠡᠭᠰᠡᠨ᠂ | ᠬᠦᠷᠢᠶᠡᠯᠡᠵᠦ ᠪᠢᠲᠡᠭᠦᠮᠵᠢᠯᠡᠭᠰᠡᠨ ᠵᠡᠷᠭᠡ ᠦᠢᠯᠡ ᠠᠵᠢᠯᠯᠠᠭ᠎ᠠ ᠶᠢ ᠴᠠᠭ ᠲᠤᠬᠠᠶ ᠳᠤ ᠨᠢ ᠢᠳᠬᠠᠨ ᠪᠠᠶᠢᠯᠭᠠᠬᠤ ᠪᠠ ᠬᠤᠷᠢᠭᠯᠠᠨ ᠵᠣᠭᠰᠣᠭᠠᠬᠤ ᠬᠡᠷᠡᠭᠲᠡᠢ︔ ᠢᠳᠬᠠᠨ | ᠪᠠᠶᠢᠯᠭᠠᠬᠤ ᠪᠠ ᠬᠤᠷᠢᠭᠯᠠᠨ ᠵᠣᠭᠰᠣᠭᠠᠬᠤ ᠠᠵᠢᠯ ᠤᠷᠤᠭᠰᠢ ᠦᠭᠡᠢ ᠪᠠᠶᠢᠪᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠬᠤᠲᠠ ᠶᠢᠨ ᠬᠠᠮᠢᠶᠠᠷᠤᠯᠲᠠ᠂ ᠳᠤᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ | ᠪᠠᠶᠢᠭᠤᠯᠤᠮᠵᠢ ᠵᠡᠷᠭᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠷᠦ᠋ᠢᠬᠠᠨ ᠮᠡᠳᠡᠭᠦᠯᠬᠦ ᠬᠡᠷᠡᠭᠲᠡᠶ᠃ ᠭᠠᠯ ᠰᠡᠷᠭᠡᠶᠢᠯᠡᠬᠦ ᠠᠵᠢᠯ ᠤᠨ ᠪᠠᠶᠢᠴᠠᠭᠠᠯᠲᠠ | ᠴᠠᠭᠳᠠᠨ ᠪᠠᠶᠢᠴᠠᠭᠠᠯᠲᠠ ᠪᠠ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠤᠬᠠᠭᠤᠯᠭ᠎ᠠ ᠬᠥᠮᠦᠵᠢᠯ ᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠬᠦ ᠬᠡᠷᠡᠭᠲᠡᠶ᠃ | ᠣᠷᠣᠨ ᠰᠠᠭᠤᠴᠠ ᠶᠢᠨ ᠠᠳᠠᠯ ᠠᠬᠤᠶ ᠶᠢ ᠦᠮᠴᠢᠲᠡᠳ ᠥᠪᠡᠰᠦᠪᠡᠨ ᠬᠠᠮᠢᠶᠠᠷᠴᠤ ᠪᠠᠶᠢᠪᠠᠯ᠂ ᠥᠮᠴᠢᠲᠡᠳ ᠨᠢ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ | ᠪᠦᠰᠡ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠭᠦᠢᠴᠡᠳᠬᠡᠵᠦ᠂ ᠠᠳᠠᠯ ᠠᠬᠤᠢ ᠶᠢᠨ | ᠬᠠᠮᠢᠶᠠᠷᠤᠯᠲᠠ ᠶᠢᠨ ᠣᠷᠣᠨ ᠪᠦᠰᠡ ᠳᠠᠬᠢ ᠬᠠᠮᠲᠤ ᠪᠠᠷ ᠬᠡᠷᠡᠭᠯᠡᠬᠦ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ᠂ ᠪᠠᠭᠠᠵᠢ ᠬᠡᠷᠡᠭᠰᠡᠯ ᠪᠠ ᠲᠠᠷᠬᠠᠭᠠᠵᠤ ᠵᠠᠶᠢᠯᠠᠭᠤᠯᠬᠤ | ᠨᠡᠪᠲᠡᠷᠡᠯ ᠵᠠᠮ᠂ ᠠᠮᠤᠷ ᠲᠦᠪᠰᠢᠨ ᠭᠠᠷᠬᠤ ᠡᠭᠦᠳᠡ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠢ ᠠᠷᠠᠴᠢᠯᠠᠨ ᠬᠠᠮᠠᠭᠠᠯᠠᠵᠤ ᠬᠠᠮᠢᠶᠠᠷᠬᠤ ᠬᠡᠷᠡᠭᠲᠡᠶ᠃ ᠣᠷᠣᠨ | ᠰᠠᠭᠤᠴᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠭᠤᠣᠯ ᠴᠣᠭᠴᠠ ᠨᠤᠭᠤᠳ ᠢ ᠲᠣᠳᠣᠷᠬᠠᠶ ᠲᠣᠭᠲᠠᠭᠠᠭᠰᠠᠨ ᠦᠭᠡᠢ ᠪᠠᠶᠢᠪᠠᠯ᠂ ᠲᠡᠳᠡᠭᠡᠷ ᠤᠨ ᠪᠠᠶᠢᠭ᠎ᠠ | ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠪᠤᠶᠤ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ | ᠥᠮᠴᠢᠲᠡᠨ᠂ ᠬᠡᠷᠡᠭᠯᠡᠭᠴᠢ ᠶᠢ ᠵᠣᠬᠢᠶᠠᠨ ᠪᠠᠶᠢᠭᠤᠯᠵᠤ ᠭᠠᠯ ᠰᠡᠷᠭᠡᠶᠢᠯᠡᠬᠦ ᠵᠥᠪᠳᠡᠯᠴᠡᠬᠡᠷ ᠲᠣᠭᠲᠠᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠨ᠂ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ᠂ ᠪᠠᠭᠠᠵᠢ ᠬᠡᠷᠡᠭᠰᠡᠯ ᠪᠠ ᠲᠠᠷᠬᠠᠭᠠᠵᠤ | ᠵᠠᠶᠢᠯᠠᠭᠤᠯᠬᠤ ᠨᠠᠪᠲᠡᠷᠡᠯ ᠵᠠᠮ᠂ ᠠᠮᠤᠷ ᠲᠦᠪᠰᠢᠨ ᠭᠠᠷᠬᠤ ᠡᠭᠦᠳᠡ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠢ ᠠᠷᠠᠴᠢᠯᠠᠨ ᠬᠠᠮᠠᠭᠠᠯᠠᠵᠤ ᠬᠠᠮᠢᠶᠠᠷᠬᠤ | ᠬᠡᠷᠡᠭᠲᠡᠶ᠃ | | | ᠲᠠᠪᠤᠳᠤᠭᠠᠷ ᠪᠦᠯᠦᠭ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠨᠡᠬᠡᠮᠵᠢᠯᠡᠬᠦ | | | ᠬᠤᠷᠢᠨ ᠲᠠᠪᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠨᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠰᠢᠯᠭᠠᠨ | ᠬᠢᠨᠠᠵᠤ ᠦᠨᠡᠯᠡᠬᠦ ᠰᠢᠰᠲ᠋ᠧᠮᠵᠢ ᠶᠢ ᠪᠠᠶᠢᠭᠤᠯᠵᠤ ᠪᠦᠷᠢᠨᠰᠢᠭᠦᠯᠦᠨ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠬᠠᠷᠠᠯᠲᠠᠲᠤ ᠬᠠᠷᠢᠭᠤᠴᠠᠯᠭ᠎ᠠ ᠶᠢ ᠲᠣᠳᠣᠷᠬᠠᠢ | ᠲᠣᠭᠲᠠᠭᠠᠵᠤ᠂ ᠡᠳᠦᠷ ᠲᠤᠲᠤᠮ ᠤᠨ ᠪᠠᠶᠢᠴᠠᠭᠠᠬᠤ ᠪᠠ ᠵᠠᠰᠠᠭ ᠤᠨ ᠶᠠᠪᠤᠳᠠᠯ ᠤᠨ ᠰᠢᠮᠳᠠᠭᠤᠯᠤᠨ ᠪᠠᠶᠢᠴᠠᠭᠠᠬᠤ ᠴᠢᠬᠤᠯᠠ ᠠᠭᠤᠯᠭ᠎ᠠ ᠳᠤ ᠣᠷᠣᠭᠤᠯᠬᠤ ᠬᠡᠷᠡᠭᠲᠡᠶ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠨᠢ ᠵᠢᠯ ᠪᠦᠷᠢ ᠳᠣᠣᠷᠠᠳᠤ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠲᠤᠰ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠬᠠᠷᠠᠯᠲᠠᠲᠤ ᠡᠭᠦᠷᠭᠡ ᠪᠠᠨ | ᠪᠡᠶᠡᠯᠡᠭᠦᠯᠦᠭᠰᠡᠨ ᠪᠠᠶᠢᠳᠠᠯ ᠳᠤ ᠰᠢᠯᠭᠠᠨ ᠬᠢᠨᠠᠬᠤ ᠠᠵᠢᠯ ᠢ ᠵᠣᠬᠢᠶᠠᠨ ᠪᠠᠶᠢᠭᠤᠯᠵᠤ᠂ ᠰᠢᠯᠭᠠᠨ ᠬᠢᠨᠠᠭᠰᠠᠨ ᠦᠷ᠎ᠡ ᠳ᠋ᠦᠩ ᠢ ᠠᠳᠠᠯᠢ ᠱᠠᠲᠤᠨ ᠤ ᠵᠣᠬᠢᠶᠠᠨ ᠪᠠᠶᠢᠭᠤᠯᠬᠤ | ᠰᠠᠯᠠᠭ᠎ᠠ ᠮᠥᠴᠢᠷ ᠲᠤ ᠲᠤᠰᠢᠶᠠᠨ ᠥᠭᠴᠦ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠲᠠᠨ ᠪᠠ ᠤᠳᠤᠷᠢᠳᠬᠤ ᠪᠠᠭ ᠢ ᠶᠡᠷᠦᠩᠬᠡᠶᠢᠯᠡᠨ ᠰᠢᠯᠭᠠᠵᠤ ᠬᠢᠨᠠᠨ ᠦᠨᠡᠯᠡᠬᠦ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃ ᠡᠭᠦᠨ ᠤ ᠳᠠᠭᠠᠤ ᠳᠤ | ᠂ ᠭᠤᠤᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠪᠠ ᠰᠢᠭᠤᠳ ᠬᠠᠷᠢᠭᠤᠴᠠᠯᠭ᠎ᠠ ᠲᠠᠢ ᠬᠥᠮᠦᠨ ᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠭᠰᠡᠨ ᠢ ᠨᠢ ᠦᠨᠡᠯᠡᠨ ᠲᠣᠭᠲᠠᠭᠠᠬᠤ᠂ ᠱᠠᠩᠨᠠᠨ ᠭᠥᠬᠢᠭᠦᠯᠵᠦ ᠵᠠᠯᠬᠠᠭᠠᠨ ᠰᠢᠢᠳᠭᠡᠬᠦ ᠯᠦᠭᠡ ᠬᠤᠯᠪᠣᠭᠳᠠᠭᠤᠯᠬᠤ ᠳᠦᠷᠢᠮ ᠢ ᠪᠠᠶᠢᠭᠤᠯᠬᠤ ᠬᠡᠷᠡᠭᠲᠡᠶ᠃ ᠡᠯ᠎ᠡ | ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠨᠢ ᠲᠤᠰ ᠠᠵᠢᠯ ᠲᠥᠷᠥᠯ ᠤᠨ ᠢᠶᠠᠨ ᠭᠠᠯ ᠰᠡᠷᠭᠡᠶᠢᠯᠡᠵᠦ ᠤᠨᠲᠠᠷᠠᠭᠠᠬᠤ | ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢ ᠲᠡᠷᠢᠭᠦᠨ ᠤ ᠪᠠ ᠰᠢᠯᠢᠳᠡᠭ ᠢ ᠰᠢᠯᠭᠠᠷᠠᠭᠤᠯᠬᠤ᠂ ᠵᠡᠷᠭᠡ ᠳᠡᠰ ᠪᠠ ᠣᠳᠣᠨ | ᠳᠡᠰ ᠢ ᠰᠢᠯᠭᠠᠷᠠᠭᠤᠯᠬᠤ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃ | ᠬᠤᠷᠢᠨ ᠵᠢᠷᠭᠤᠳᠤᠭᠠᠷ ᠵᠦᠢᠯ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠲᠤᠪᠤᠶᠢᠮ᠎ᠠ ᠠᠮᠵᠢᠯᠲᠠ ᠪᠦᠲᠦᠮᠵᠢ ᠭᠠᠷᠭᠠᠭᠰᠠᠨ ᠪᠠ ᠴᠢᠬᠤᠯᠠ ᠬᠤᠪᠢ | ᠨᠡᠮᠡᠷᠢ ᠦᠵᠡᠭᠦᠯᠦᠭᠰᠡᠨ ᠨᠢᠭᠡᠴᠢ ᠪᠠ ᠬᠤᠪᠢ ᠬᠥᠮᠦᠨ ᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠂ | ᠨᠢᠭᠡᠴᠢ ᠨᠦᠭᠦᠳ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠬᠤ ᠬᠡᠷᠡᠭᠲᠡᠢ᠃ | ᠬᠤᠷᠢᠨ ᠳᠣᠯᠣᠳᠤᠭᠠᠷ ᠵᠦᠢᠯ ᠬᠤᠯᠪᠣᠭᠳᠠᠯ ᠪᠥᠬᠦᠢ ᠰᠠᠯᠠᠭ᠎ᠠ ᠮᠥᠴᠢᠷ᠂ ᠠᠵᠢᠯ ᠲᠥᠷᠥᠯ ᠤᠨ ᠨᠡᠶᠢᠭᠡᠮᠯᠢᠭ ᠤᠳ ᠨᠢ ᠭᠠᠯ ᠰᠡᠷᠭᠡᠶᠢᠯᠡᠵᠦ ᠤᠨᠲᠠᠷᠠᠭᠠᠬᠤ | ᠠᠮᠤᠷ ᠲᠦᠪᠰᠢᠨ ᠤ ᠲᠠᠯ᠎ᠠ ᠶᠢᠨ ᠢᠲᠡᠭᠡᠮᠵᠢ ᠶᠢᠨ ᠲᠥᠷᠢᠮ ᠢ ᠪᠠᠶᠢᠭᠤᠯᠤᠨ᠂ ᠨᠢᠭᠡᠴᠢ ᠨᠦᠭᠦᠳ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠡᠶᠢᠭᠡᠮ ᠤᠨ ᠦᠨᠡᠨᠴᠢ ᠢᠲᠡᠭᠡᠮᠵᠢ ᠶᠢᠨ ᠰᠢᠰᠲ᠋ᠧᠮᠵᠢ ᠳᠤ ᠣᠷᠣᠭᠤᠯᠵᠤ᠂ ᠠᠵᠤ | ᠠᠬᠤᠶᠢᠯᠠᠯ ᠤᠨ ᠢᠲᠡᠭᠡᠮᠵᠢ ᠶᠢ ᠦᠨᠡᠯᠡᠬᠦ᠂ ᠲᠥᠷᠥᠯ ᠵᠦᠢᠯ ᠢ ᠬᠠᠷᠭᠤᠭᠤᠯᠤᠨ ᠵᠥᠪᠰᠢᠶᠡᠷᠡᠬᠦ᠂ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ᠂ ᠮᠥᠩᠭᠦᠨ | ᠭᠦᠢᠯᠭᠡᠭᠡᠨ ᠢᠶᠠᠷ ᠲᠡᠳᠬᠦᠬᠦ᠂ ᠡᠳ᠋ ᠤᠨ ᠵᠠᠰᠠᠭ ᠠᠴᠠ ᠱᠠᠩᠨᠠᠵᠤ ᠨᠥᠬᠦᠪᠥᠷᠢᠯᠡᠬᠦ ᠵᠡᠷᠭᠡ ᠲᠠᠯ᠎ᠠ ᠪᠠᠷ ᠬᠢ ᠯᠠᠪᠯᠠᠯᠲᠠ ᠶᠢᠨ ᠦᠨᠳᠦᠰᠦᠯᠡᠯ ᠪᠣᠯᠭᠠᠬᠤ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ ᠪᠠᠶᠢᠭ᠎ᠠ | ᠪᠠᠶᠢᠳᠠᠯ ᠳᠤ ᠪᠣᠯᠵᠣᠨ ᠶᠠᠷᠢᠯᠴᠠᠬᠤ ᠲᠦᠷᠢᠮ ᠢ ᠪᠠᠶᠢᠭᠤᠯᠬᠤ ᠬᠡᠷᠡᠭᠲᠡᠢ᠃ ᠠᠶᠢᠮᠠᠭ ᠬᠤᠲᠠ ᠳᠤ ᠣᠨᠴᠠ ᠬᠦᠨᠳᠦ ᠶᠡᠭᠡ ᠭᠠᠯ ᠤᠨ ᠠᠶᠤᠯ ᠠᠳᠡᠯ᠂ ᠬᠦᠨᠳᠦ ᠶᠡᠭᠡ | ᠭᠠᠯ ᠤᠨ ᠠᠶᠤᠯ ᠠᠳᠡᠯ ᠭᠠᠷᠤᠭᠰᠠᠨ ᠪᠤᠶᠤ ᠵᠢᠯ ᠤᠨ ᠳᠣᠲᠣᠷ᠎ᠠ ᠬᠤᠶᠠᠷ ᠠᠴᠠ ᠢᠯᠡᠭᠦᠦ ᠨᠡᠯᠢᠶᠡᠳ ᠶᠡᠭᠡ ᠭᠠᠯ ᠤᠨ ᠠᠶᠤᠯ ᠠᠳᠡᠯ ᠭᠠᠷᠤᠭᠰᠠᠨ ᠪᠠᠶᠢᠪᠠᠯ᠂ | ᠥᠪᠡᠷᠲᠡᠭᠡᠨ ᠵᠠᠰᠠᠬᠤ ᠣᠷᠣᠨ ᠠᠴᠠ ᠭᠠᠯ ᠤᠨ ᠠᠶᠤᠯ ᠭᠠᠷᠤᠭᠰᠠᠨ ᠭᠠᠵᠠᠷ ᠤᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ | ᠪᠣᠯᠵᠣᠨ ᠶᠠᠷᠢᠯᠴᠠᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠨᠡᠯᠢᠶᠡᠳ ᠶᠡᠭᠡ ᠭᠠᠯ ᠤᠨ ᠠᠶᠤᠯ ᠠᠳᠡᠯ ᠭᠠᠷᠤᠭᠰᠠᠨ ᠪᠤᠶᠤ ᠵᠢᠯ ᠤᠨ ᠳᠣᠲᠣᠷ᠎ᠠ | ᠨᠥᠯᠥᠭᠡ ᠶᠡᠬᠡᠲᠡᠢ ᠭᠠᠯ ᠤᠨ ᠠᠶᠤᠯ ᠠᠳᠡᠯ ᠵᠠᠯᠭᠠᠭ᠎ᠠ ᠪᠠᠷ ᠭᠠᠷᠤᠭᠰᠠᠨ ᠪᠠᠶᠢᠪᠠᠯ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ | ᠭᠠᠯ ᠤᠨ ᠠᠶᠤᠯ ᠭᠠᠷᠤᠭᠰᠠᠨ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠲᠠᠢ ᠪᠣᠯᠵᠣᠨ ᠶᠠᠷᠢᠯᠴᠠᠬᠤ ᠬᠡᠷᠡᠭᠲᠡᠢ᠃ | ᠰᠤᠮᠤ ᠰᠢᠶᠠᠩ ᠪᠠᠯᠭᠠᠰᠤᠨ ︵ᠵᠡᠭᠡᠯᠢ ᠭᠤᠳᠤᠮᠵᠢ︶ ᠳᠤ ᠵᠢᠯ ᠤᠨ ᠳᠣᠲᠣᠷ᠎ᠠ ᠬᠥᠮᠦᠨ ᠠᠳᠡᠭᠰᠡᠨ ᠭᠠᠯ ᠤᠨ ᠠᠶᠤᠯ ᠠᠳᠡᠯ ᠪᠤᠶᠤ ᠨᠥᠯᠥᠭᠡ ᠶᠡᠬᠡᠲᠡᠢ ᠭᠠᠯ ᠤᠨ | ᠠᠶᠤᠯ ᠠᠳᠡᠯ ᠭᠠᠷᠤᠭᠰᠠᠨ ᠪᠠᠶᠢᠪᠠᠯ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠭᠠᠯ ᠤᠨ ᠠᠶᠤᠯ ᠭᠠᠷᠤᠭᠰᠠᠨ | ᠭᠠᠵᠠᠷ ᠤᠨ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠪᠣᠯᠵᠣᠨ ᠶᠠᠷᠢᠯᠴᠠᠬᠤ | ᠬᠡᠷᠡᠭᠲᠡᠶ᠃ | ᠬᠤᠷᠢ ᠶᠢᠰᠦᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠢ ᠠᠵᠢᠯ ᠤᠨ ᠰᠠᠯᠠᠭ᠎ᠠ ᠮᠥᠴᠢᠷ ᠤᠳ ᠨᠢ | ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠥᠭᠡᠢ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠯ᠂ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠬᠦᠨᠳᠦ ᠶᠡᠭᠡ ᠭᠠᠯ ᠤᠨ ᠠᠶᠤᠯ ᠤᠨ ᠳᠠᠯᠳᠠ | ᠭᠡᠮ ᠢ ᠴᠡᠭᠴᠡᠯᠡᠨ ᠰᠠᠶᠢᠵᠢᠷᠠᠭᠤᠯᠬᠤ᠂ ᠭᠠᠯ ᠰᠡᠷᠭᠡᠶᠢᠯᠡᠵᠦ ᠤᠨᠲᠠᠷᠠᠭᠠᠬᠤ ᠬᠦᠴᠦᠨ ᠤ ᠬᠥᠭᠵᠢᠯᠲᠡ ᠵᠡᠷᠭᠡ ᠲᠠᠯ᠎ᠠ ᠳᠤ ᠬᠤᠯᠪᠣᠭᠳᠠᠭᠰᠠᠨ ᠠᠵᠢᠯ ᠳᠤ ᠪᠠᠨ ᠬᠦᠴᠦ | ᠣᠷᠣᠭᠤᠯᠤᠭᠰᠠᠨ ᠦᠭᠡᠢ᠂ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ ᠪᠠᠶᠢᠪᠠᠯ᠂ ᠬᠤᠯᠪᠣᠭᠳᠠᠭᠰᠠᠨ ᠬᠥᠮᠦᠰ ᠠᠴᠠ ᠬᠠᠤᠯᠢ ᠪᠠ ᠲᠣᠭᠲᠠᠭᠠᠯ | ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ᠂ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠬᠠᠤᠯᠢ ᠶᠣᠰᠣᠭᠠᠷ | ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠬᠦ ᠬᠡᠷᠡᠭᠲᠡᠢ᠃ | ᠭᠤᠴᠢᠳᠤᠭᠠᠷ ᠵᠦᠢᠯ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠥᠭᠡᠢ᠂ ᠭᠠᠯ ᠤᠨ | ᠠᠶᠤᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠤᠭᠰᠠᠨ ᠥᠭᠡᠢ ᠠᠴᠠ ᠪᠤᠯᠵᠤ ᠡᠩ ᠤᠨ ᠵᠢᠴᠢ ᠡᠭᠦᠨ ᠠᠴᠠ ᠬᠡᠴᠡᠭᠦᠦ ᠭᠠᠯ ᠤᠨ ᠠᠶᠤᠯ | ᠠᠳᠡᠯ ᠭᠠᠷᠤᠭᠰᠠᠨ ᠪᠠᠶᠢᠪᠠᠯ᠂ ᠨᠢᠭᠡᠴᠢ ᠶᠢᠨ ᠰᠢᠭᠤᠳ ᠬᠠᠷᠢᠭᠤᠴᠠᠯᠭ᠎ᠠ ᠲᠠᠢ ᠬᠥᠮᠥᠨ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠭᠤᠤᠯ ᠬᠠᠷᠢᠭᠤᠴᠠᠯᠭᠠᠲᠠᠨ | ᠪᠤᠶᠤ ᠪᠣᠳᠠᠲᠠᠶ ᠡᠵᠡᠮᠳᠡᠵᠦ ᠪᠠᠶᠢᠭ᠎ᠠ ᠬᠥᠮᠥᠰ ᠤᠨ ᠬᠠᠷᠢᠭᠤᠴᠠᠯᠭ᠎ᠠ ᠶᠢ ᠬᠠᠤᠯᠢ ᠪᠠ ᠲᠣᠭᠲᠠᠭᠠᠯ ᠶᠣᠰᠣᠭᠠᠷ ᠨᠡᠬᠡᠮᠵᠢᠯᠡᠬᠦ ᠬᠡᠷᠡᠭᠲᠡᠶ︔ ᠵᠠᠰᠠᠭ ᠤᠨ ᠣᠷᠳᠣᠨ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠨᠢ ᠬᠦᠴᠦᠨ ᠦᠭᠡᠢ᠂ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ | ᠭᠤᠲᠤᠭᠠᠭᠰᠠᠨ ᠬᠠᠷᠢᠭᠤᠴᠠᠯᠭᠠᠲᠠᠨ ᠪᠠ ᠠᠵᠢᠯᠲᠠᠨ ᠠᠴᠠ ᠬᠠᠷᠢᠭᠤᠴᠠᠯᠭ᠎ᠠ ᠬᠡᠯᠡᠯᠴᠡᠬᠦ ᠬᠡᠷᠡᠭᠲᠡᠢ᠃ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠬᠠᠤᠯᠢ | ᠴᠠᠭᠠᠵᠠ ᠶᠢᠨ ᠪᠠᠶᠢᠭᠤᠯᠭ᠎ᠠ ᠳᠤ ᠬᠠᠤᠯᠢ ᠶᠣᠰᠣᠭᠠᠷ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠬᠦ ᠬᠡᠷᠡᠭᠲᠡᠢ᠃ | ᠭᠤᠴᠢᠨ ᠨᠢᠭᠡᠳᠦᠭᠡᠷ ᠵᠦᠢᠯ ᠬᠥᠮᠦᠨ ᠠᠳᠡᠭᠰᠡᠨ ᠪᠤᠶᠤ ᠨᠡᠶᠢᠭᠡᠮ ᠳᠤ ᠨᠥᠯᠥᠭᠡ ᠪᠣᠯᠣᠭᠰᠠᠨ ᠡᠩ ᠤᠨ ᠭᠠᠯ ᠤᠨ ᠠᠶᠤᠯ ᠠᠳᠡᠯ ᠭᠠᠷᠤᠭᠰᠠᠨ ᠪᠠᠶᠢᠪᠠᠯ᠂ | ᠠᠳᠡᠯ ᠭᠠᠷᠤᠭᠰᠠᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠷᠢᠭᠤᠴᠠᠵᠤ ᠵᠣᠬᠢᠶᠠᠨ ᠪᠠᠶᠢᠭᠤᠯᠵᠤ ᠪᠠᠶᠢᠴᠠᠭᠠᠨ | ᠰᠢᠢᠳᠪᠦᠷᠢᠯᠡᠬᠦ ᠬᠡᠷᠡᠭᠲᠡᠢ︔ ᠨᠡᠯᠢᠶᠡᠳ ᠶᠡᠭᠡ ᠭᠠᠯ ᠤᠨ ᠠᠶᠤᠯ ᠠᠳᠡᠯ ᠭᠠᠷᠤᠭᠰᠠᠨ ᠪᠠᠶᠢᠪᠠᠯ᠂ ᠠᠳᠡᠯ ᠭᠠᠷᠤᠭᠰᠠᠨ ᠭᠠᠵᠠᠷ ᠤᠨ ᠠᠶᠢᠮᠠᠭ ᠬᠤᠲᠠ ᠶᠢᠨ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠬᠠᠷᠢᠭᠤᠴᠠᠵᠤ ᠵᠣᠬᠢᠶᠠᠨ ᠪᠠᠶᠢᠭᠤᠯᠵᠤ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠬᠦᠨᠳᠦ ᠶᠡᠭᠡ ᠭᠠᠯ ᠤᠨ ᠠᠶᠤᠯ ᠠᠳᠡᠯ | ᠭᠠᠷᠤᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠵᠤ ᠵᠣᠬᠢᠶᠠᠨ ᠪᠠᠶᠢᠭᠤᠯᠵᠤ ᠪᠠᠶᠢᠴᠠᠭᠠᠨ | ᠰᠢᠢᠳᠪᠦᠷᠢᠯᠡᠨ᠎ᠡ᠃ ᠣᠨᠴᠠ ᠬᠦᠨᠳᠦ ᠶᠡᠭᠡ ᠭᠠᠯ ᠤᠨ ᠠᠶᠤᠯ ᠠᠳᠡᠯ ᠭᠠᠷᠤᠭᠰᠠᠨ ᠪᠠᠶᠢᠪᠠᠯ᠂ ᠲᠣᠭᠲᠠᠭᠠᠯ ᠶᠣᠰᠣᠭᠠᠷ ᠲᠥᠷᠥ ᠶᠢᠨ ᠶᠠᠪᠤᠳᠠᠯ ᠤᠨ ᠬᠤᠷᠢᠶ᠎ᠠ ᠪᠤᠶᠤ | ᠲᠥᠷᠥ ᠶᠢᠨ ᠶᠠᠪᠤᠳᠠᠯ ᠤᠨ ᠬᠤᠷᠢᠶ᠎ᠠ ᠠᠴᠠ ᠡᠷᠬᠡ ᠣᠯᠭᠤᠭᠰᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠠᠷᠢᠭᠤᠴᠠᠵᠤ ᠵᠣᠬᠢᠶᠠᠨ ᠪᠠᠶᠢᠭᠤᠯᠵᠤ ᠪᠠᠶᠢᠴᠠᠭᠠᠨ | ᠰᠢᠢᠳᠪᠦᠷᠢᠯᠡᠨ᠎ᠡ᠃ | | | ᠵᠢᠷᠭᠤᠳᠤᠭᠠᠷ ᠪᠦᠯᠦᠭ ᠳᠠᠭᠠᠯᠳᠤᠭᠤᠯᠤᠯ ᠲᠦᠷᠢᠮ | | | ᠭᠤᠴᠢᠨ ᠬᠤᠶᠠᠳᠤᠭᠠᠷ ᠵᠦᠢᠯ ᠦᠢᠯᠡᠳᠪᠦᠷᠢᠯᠡᠵᠦ ᠡᠵᠡᠩᠨᠡᠬᠦ ᠲᠣᠭᠲᠠᠮᠠᠯ ᠲᠠᠯᠠᠪᠤᠷ ᠭᠠᠵᠠᠷ ᠲᠠᠢ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠨᠦᠭᠦᠳ ᠨᠢ ᠲᠣᠰ ᠠᠷᠭ᠎ᠠ ᠪᠠᠷ ᠯᠠᠪᠯᠠᠯᠲᠠ ᠪᠣᠯᠭᠠᠵᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ | ᠬᠡᠷᠡᠭᠲᠡᠶ᠃ | ᠭᠤᠴᠢᠨ ᠭᠤᠷᠪᠠᠳᠤᠭᠠᠷ ᠵᠦᠢᠯ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠣᠰ ᠠᠷᠭ᠎ᠠ ᠶᠢ ᠦᠨᠳᠦᠰᠦᠯᠡᠨ᠂ ᠲᠣᠰ ᠭᠠᠵᠠᠷ ᠣᠷᠣᠨ ᠤ ᠪᠠᠨ ᠪᠣᠳᠠᠲᠠᠶ ᠬᠡᠷᠡᠭᠵᠢᠭᠦᠯᠬᠦ ᠠᠷᠭ᠎ᠠ ᠶᠢ | ᠲᠣᠭᠲᠠᠭᠠᠵᠤ ᠪᠣᠯᠤᠨ᠎ᠠ᠃ | ᠭᠤᠴᠢᠨ ᠳᠥᠷᠪᠡᠳᠦᠭᠡᠷ ᠵᠦᠢᠯ ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |