​︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠠᠭᠤᠷᠬᠠᠶ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ ᠬᠢᠨᠠᠨ ᠪᠠᠶᠢᠴᠠᠭᠠᠵᠤ ᠮᠡᠳᠡᠭᠦᠯᠦᠨ ᠵᠥᠪᠰᠢᠶᠡᠷᠡᠭᠦᠯᠬᠦ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2020/12/1
                        ᠦᠪᠦᠷ ᠵᠠᠰᠠᠭ ᠠᠯᠪᠠᠨ ᠲᠠᠷᠬᠠᠭᠠᠭᠰᠠᠨ ︹2020︺38 ᠳ᠋ᠤᠭᠠᠷ ᠲᠣᠭᠠᠲᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄       ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠠᠭᠤᠷᠬᠠᠶ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ ᠬᠢᠨᠠᠨ ᠪᠠᠶᠢᠴᠠᠭᠠᠵᠤ ᠮᠡᠳᠡᠭᠦᠯᠦᠨ ᠵᠥᠪᠰᠢᠶᠡᠷᠡᠭᠦᠯᠬᠦ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠳᠤᠭᠠᠢ᠃                                    2020 ᠣᠨ ᠤ 10 ᠳ᠋ᠤᠭᠠᠷ ᠰᠠᠷ᠎ᠠ ᠶᠢᠨ 31 ᠤ ᠡᠳᠦᠷ                                ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠠᠭᠤᠷᠬᠠᠶ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ ᠬᠢᠨᠠᠨ ᠪᠠᠶᠢᠴᠠᠭᠠᠵᠤ ᠮᠡᠳᠡᠭᠦᠯᠦᠨ ᠵᠥᠪᠰᠢᠶᠡᠷᠡᠭᠦᠯᠬᠦ ᠠᠷᠭ᠎ᠠ       ᠮᠠᠨ ᠤ ᠣᠷᠣᠨ ᠤ ᠠᠭᠤᠷᠬᠠᠢ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠠᠵᠢᠯ ᠢ ᠵᠢᠷᠤᠮᠵᠢᠭᠤᠯᠵᠤ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠴᠢᠨᠠᠷ ᠴᠢᠨᠰᠠᠭ᠎ᠠ ᠶᠢ ᠪᠠᠲᠤᠯᠠᠨ᠂ ᠲᠥᠯᠥᠪᠵᠢᠭᠦᠯᠭᠡ ᠪᠠᠨ ᠠᠮᠢ ᠠᠬᠤᠶ ᠶᠢ ᠤᠷᠢᠳ ᠢᠶᠠᠷ ᠪᠣᠳᠣᠯᠬᠢᠯᠠᠵᠣ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠰᠢᠨ᠎ᠡ ᠵᠠᠮ ᠢᠶᠠᠷ ᠵᠠᠮᠨᠠᠬᠤ ᠱᠠᠭᠠᠷᠳᠠᠯᠭ᠎ᠠ ᠳᠤ ᠨᠡᠶᠢᠴᠡᠭᠦᠯᠭᠦ ᠶᠢ ᠦᠨᠡᠨ ᠬᠦ ᠪᠠᠲᠤᠯᠠᠬᠤ ᠶᠢᠨ ᠲᠤᠰᠠᠳᠠ᠂ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠤᠷᠬᠠᠶ ᠶᠢᠨ ᠡᠬᠢ ᠪᠠᠶᠠᠯᠢᠭ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠤᠷᠬᠠᠶ ᠶᠢᠨ ᠡᠬᠢ ᠪᠠᠶᠠᠯᠢᠭ ᠤᠨ ᠬᠠᠤᠯᠢ ᠶᠢ ᠬᠡᠷᠡᠭᠵᠢᠭᠦᠯᠬᠦ ᠨᠠᠷᠢᠨ ᠲᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠬᠠᠤᠯᠢ︾ ︽ᠲᠦᠯᠦᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠳᠦᠷᠢᠮ︾ ︽ᠠᠭᠤᠷᠬᠠᠶ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠡᠷᠡᠭᠵᠢᠭᠦᠯᠬᠦ ᠠᠷᠭ᠎ᠠ︾ ︽ᠠᠭᠤᠷᠬᠠᠶ ᠶᠢᠨ ᠡᠬᠢ ᠪᠠᠶᠠᠯᠢᠭ ᠤᠨ ᠲᠥᠯᠥᠪᠵᠢᠭᠦᠯᠭᠡ ︵2021—2025 ᠤᠨ︶ ᠶᠢ ᠨᠠᠶᠢᠷᠠᠭᠤᠯᠤᠨ ᠵᠣᠬᠢᠶᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠡᠬᠢ ᠪᠠᠶᠠᠯᠢᠭ ᠲᠠᠷᠬᠠᠭᠠᠭᠰᠠᠨ ﹇2020﹈ 43 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠣ᠂ ᠲᠣᠰ ᠠᠷᠭ᠎ᠠ ᠶᠢ ᠲᠣᠭᠲᠠᠭᠠᠪᠠ᠃       ᠨᠢᠭᠡ᠂ ᠬᠢᠨᠠᠨ ᠵᠥᠪᠰᠢᠶᠡᠷᠡᠬᠦ ᠡᠷᠬᠡ ᠮᠡᠳᠡᠯ       ︵ᠨᠢᠭᠡ︶ ᠠᠶᠢᠮᠠᠭ ᠬᠤᠲᠠ ᠶᠢᠨ ᠱᠠᠲᠤᠨ ᠤ ᠠᠭᠤᠷᠬᠠᠢ ᠶᠢᠨ ᠡᠬᠢ ᠪᠠᠶᠠᠯᠢᠭ ᠤᠨ ᠲᠦᠯᠦᠪᠵᠢᠬᠦᠯᠬᠡ᠃ ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠡᠬᠢ ᠪᠠᠶᠠᠯᠢᠭ ᠤᠨ ᠲᠦᠯᠦᠪᠵᠢᠬᠦᠯᠬᠡ᠂ ᠠᠶᠢᠮᠠᠭ ᠬᠤᠲᠠ ᠶᠢᠨ ᠬᠠᠮᠢᠶ᠎ᠠ ᠪᠦᠬᠦᠢ ᠲᠥᠯᠥᠪᠵᠢᠭᠦᠯᠭᠡ ᠲᠠᠢ ᠵᠣᠯᠭᠠᠭᠤᠯᠤᠭᠰᠠᠨ ᠰᠠᠭᠤᠷᠢᠨ ᠳᠡᠭᠡᠷ᠎ᠡ᠂ ᠲᠦᠯᠦᠪᠵᠢᠬᠦᠯᠬᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠬᠢᠨᠠᠨ ᠵᠥᠪᠰᠢᠶᠡᠷᠡᠭᠦᠯᠦᠨ᠎ᠡ᠃       ︵ᠬᠤᠶᠠᠷ︶ ᠬᠤᠰᠢᠭᠤ ᠰᠢᠶᠠᠨ ᠤ ᠱᠠᠲᠤᠨ ᠤ ᠠᠭᠤᠷᠬᠠᠢ ᠶᠢᠨ ᠡᠬᠢ ᠪᠠᠶᠠᠯᠢᠭ ᠤᠨ ᠲᠦᠯᠦᠪᠵᠢᠬᠦᠯᠬᠡ᠃ ᠠᠶᠢᠮᠠᠭ ᠬᠤᠲᠠ ᠶᠢᠨ ᠠᠭᠤᠷᠬᠠᠢ ᠶᠢᠨ ᠡᠬᠢ ᠪᠠᠶᠠᠯᠢᠭ ᠤᠨ ᠲᠦᠯᠦᠪᠵᠢᠬᠦᠯᠬᠡ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠮᠢᠶ᠎ᠠ ᠪᠦᠬᠦᠢ ᠲᠥᠯᠥᠪᠵᠢᠭᠦᠯᠭᠡ ᠲᠠᠢ ᠵᠣᠯᠭᠠᠭᠤᠯᠤᠭᠰᠠᠨ ᠰᠠᠭᠤᠷᠢᠨ ᠳᠡᠭᠡᠷ᠎ᠡ᠂ ᠲᠦᠯᠦᠪᠵᠢᠬᠦᠯᠬᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ᠂ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠬᠢᠨᠠᠨ ᠵᠥᠪᠰᠢᠶᠡᠷᠡᠭᠦᠯᠦᠨ᠎ᠡ᠃ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠠᠭᠤᠷᠬᠠᠶ ᠶᠢᠨ ᠡᠬᠢ ᠪᠠᠶᠠᠯᠢᠭ ᠤᠨ ᠲᠤᠰᠬᠠᠶ ᠲᠥᠯᠥᠪᠵᠢᠭᠦᠯᠭᠡ ᠶᠢ ᠬᠢᠨᠠᠨ ᠪᠠᠶᠢᠴᠠᠭᠠᠵᠤ ᠮᠡᠳᠡᠭᠦᠯᠦᠨ ᠵᠥᠪᠰᠢᠶᠡᠷᠡᠭᠦᠯᠬᠦ ᠡᠷᠬᠡ ᠮᠡᠳᠡᠯ ᠳᠤ ︽ᠠᠭᠤᠷᠬᠠᠶ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠡᠷᠡᠭᠵᠢᠭᠦᠯᠬᠦ ᠠᠷᠭ᠎ᠠ︾ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃       ᠬᠤᠶᠠᠷ᠂ ᠬᠢᠨᠠᠨ ᠪᠠᠶᠢᠴᠠᠭᠠᠬᠤ ᠦᠨᠳᠦᠰᠦᠯᠡᠯ       ︵ᠨᠢᠭᠡ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠤᠷᠬᠠᠢ ᠶᠢᠨ ᠡᠬᠢ ᠪᠠᠶᠠᠯᠢᠭ ᠤᠨ ᠬᠠᠤᠯᠢ︾ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠣᠭᠲᠠᠭᠠᠯ᠃       ︵ᠬᠤᠶᠠᠷ︶ ︽ᠪᠦᠬᠦ ᠤᠯᠤᠰ ᠤᠨ ᠠᠭᠤᠷᠬᠠᠶ ᠶᠢᠨ ᠡᠬᠢ ᠪᠠᠶᠠᠯᠢᠭ ᠤᠨ ᠲᠥᠯᠥᠪᠵᠢᠭᠦᠯᠭᠡ ︵2021 — 2025 ᠣᠨ︶︾᠃       ︵ᠭᠤᠷᠪᠠ︶ ︽ᠲᠦᠯᠦᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠳᠦᠷᠢᠮ︾᠃       ︵ᠲᠦᠷᠪᠡ︶ ᠳᠡᠭᠡᠳᠦ ᠱᠠᠲᠤᠨ ᠤ ᠪᠠ ᠲᠤᠰ ᠱᠠᠲᠤᠨ ᠤ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠵᠢᠴᠢ ᠪᠤᠰᠤᠳ ᠬᠠᠮᠢᠶ᠎ᠠ ᠪᠦᠬᠦᠢ ᠲᠥᠯᠥᠪᠵᠢᠭᠦᠯᠭᠡ᠃       ︵ᠲᠠᠪᠤ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠠᠰᠢᠭᠯᠠᠬᠤ ᠪᠠ ᠬᠠᠮᠠᠭᠠᠯᠠᠬᠤ ᠳᠤ ᠬᠤᠯᠪᠣᠭᠳᠠᠭᠰᠠᠨ ᠡᠯ᠎ᠡ ᠵᠦᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ᠃       ︵ᠵᠢᠷᠭᠤᠭ᠎ᠠ︶ ᠵᠥᠪᠰᠢᠶᠡᠷᠡᠭᠦᠯᠦᠭᠡᠳ ᠪᠠᠶᠢᠭ᠎ᠠ ᠳᠡᠭᠡᠳᠦ ᠨᠢᠭᠡ ᠱᠠᠲᠤᠨ ᠤ ᠠᠭᠤᠷᠬᠠᠶ ᠶᠢᠨ ᠡᠬᠢ ᠪᠠᠶᠠᠯᠢᠭ ᠤᠨ ᠲᠥᠯᠥᠪᠵᠢᠭᠦᠯᠭᠡ᠃       ︵ᠳᠣᠯᠤᠭ᠎ᠠ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠰᠢᠶᠠᠨ ᠤ ᠱᠠᠲᠤᠨ ᠤ ᠠᠭᠤᠷᠬᠠᠢ ᠶᠢᠨ ᠡᠬᠢ ᠪᠠᠶᠠᠯᠢᠭ ᠤᠨ ᠳᠥᠷᠪᠡᠳᠦᠭᠡᠷ ᠡᠭᠡᠯᠵᠢ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠮᠡᠷᠭᠡᠵᠢᠯ ᠤᠨ ᠳᠦᠷᠢᠮ︾᠃       ︵ᠨᠠᠢᠮᠠ︶ ᠠᠭᠤᠷᠬᠠᠢ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢᠨ ᠳ᠋ᠠᠶᠢᠲ᠋ᠠ ᠬᠥᠮᠥᠷᠭᠡ ᠶᠢᠨ ᠪᠠᠷᠢᠮᠵᠢᠶ᠎ᠠ ᠪᠠ ᠪᠦᠲᠦᠭᠡᠨ ᠪᠠᠶᠢᠭᠤᠯᠤᠯᠲᠠ ᠶᠢᠨ ᠵᠦᠭᠯᠡᠭᠦᠷ᠃       ︵ᠶᠢᠰᠦ︶ ᠲᠤᠰᠬᠠᠶ ᠮᠡᠷᠭᠡᠵᠢᠯᠲᠡᠣᠨ ᠠᠴᠠ ᠠᠰᠠᠭᠤᠨ ᠯᠠᠪᠯᠠᠭᠰᠠᠨ ᠪᠤᠶᠤ ᠬᠢᠨᠠᠨ ᠲᠣᠭᠲᠠᠭᠠᠭᠰᠠᠨ ᠰᠠᠨᠠᠯ ᠤᠨ ᠪᠢᠴᠢᠭᠯᠡᠯ ᠮᠠᠲ᠋ᠧᠷᠢᠶᠠᠯ᠃       ᠭᠤᠷᠪᠠ᠂ ᠬᠢᠨᠠᠨ ᠪᠠᠶᠢᠴᠠᠭᠠᠬᠤ ᠠᠭᠤᠯᠭ᠎ᠠ       ︵ᠨᠢᠭᠡ︶ ᠲᠦᠯᠦᠪᠵᠢᠬᠦᠯᠬᠡ ᠨᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠦᠯᠦᠪᠵᠢᠬᠦᠯᠬᠡ᠂ ᠤᠯᠤᠰ ᠤᠨ ᠨᠤᠳᠤᠭ ᠲᠡᠪᠢᠰᠬᠡᠷ ᠤᠨ ᠣᠷᠣᠨ ᠵᠠᠶ ᠶᠢᠨ ᠲᠦᠯᠦᠪᠵᠢᠬᠦᠯᠬᠡ ᠵᠢᠴᠢ ︽ᠭᠤᠷᠪᠠᠨ ᠣᠷᠣᠨ ᠭᠤᠷᠪᠠᠨ ᠱᠤᠭᠤᠮ︾ ᠤᠨ ᠬᠠᠮᠢᠶ᠎ᠠ ᠪᠦᠬᠦᠢ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠳᠤ ᠨᠡᠶᠢᠴᠡᠭᠰᠡᠨ ᠡᠰᠡᠬᠦ᠂ ᠳᠡᠭᠡᠳᠦ ᠱᠠᠲᠤᠨ ᠤ ᠠᠭᠤᠷᠬᠠᠢ ᠶᠢᠨ ᠡᠬᠢ ᠪᠠᠶᠠᠯᠢᠭ ᠤᠨ ᠶᠡᠷᠦᠩᠬᠡᠶ ᠲᠥᠯᠥᠪᠵᠢᠭᠦᠯᠭᠡ ᠶᠢ ᠨᠠᠷᠢᠯᠢᠭᠵᠢᠭᠤᠯᠵᠤ ᠨᠠᠶᠢᠳᠠᠪᠤᠷᠢᠵᠢᠭᠤᠯᠤᠭᠰᠠᠨ ᠡᠰᠡᠬᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠣᠰ ᠱᠠᠲᠤᠨ ᠤ ᠬᠠᠮᠢᠶ᠎ᠠ ᠪᠦᠬᠦᠢ ᠲᠥᠯᠥᠪᠵᠢᠭᠦᠯᠭᠡ ᠲᠠᠢ ᠵᠣᠯᠭᠠᠭᠤᠯᠤᠭᠰᠠᠨ ᠡᠰᠡᠬᠦ᠃       ︵ᠬᠤᠶᠠᠷ︶ ᠲᠥᠯᠥᠪᠵᠢᠭᠦᠯᠭᠡ ᠶᠢᠨ ᠭᠤᠣᠯ ᠠᠭᠤᠯᠭ᠎ᠠ ᠨᠢ ᠪᠦᠬᠦ ᠲᠠᠯ᠎ᠠ ᠶᠢᠨ ᠪᠥᠭᠡᠳ ᠰᠢᠰᠲ᠋ᠧᠮ ᠲᠠᠢ ᠪᠠᠶᠢᠬᠤ ᠡᠰᠡᠬᠦ᠂ ᠬᠥᠭᠵᠢᠯᠲᠡ ᠶᠢ ᠪᠠᠲᠤᠯᠠᠬᠤ ᠪᠠ ᠡᠬᠢ ᠪᠠᠶᠠᠯᠢᠭ ᠢ ᠬᠠᠮᠠᠭᠠᠯᠠᠬᠤ ᠬᠠᠷᠢᠴᠠᠭ᠎ᠠ ᠪᠠᠨ ᠵᠥᠪ ᠰᠢᠢᠳᠪᠦᠷᠢᠯᠡᠭᠰᠡᠨ ᠡᠰᠡᠬᠦ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠭᠯᠠᠬᠤ ᠶᠢ ᠠᠬᠢᠭᠤᠯᠬᠤ ᠵᠡᠷᠭᠡ ᠠᠵᠤ ᠦᠢᠯᠡᠰ ᠤᠨ ᠲᠠᠯ᠎ᠠ ᠪᠠᠷ ᠬᠢ ᠤᠯᠤᠰ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠭᠰᠡᠨ ᠪᠠᠶᠢᠬᠤ᠂ ᠲᠣᠰ ᠭᠠᠵᠠᠷ ᠣᠷᠣᠨ ᠤ ᠪᠠᠶᠢᠷᠢ ᠲᠣᠭᠲᠠᠭᠠᠯᠲᠠ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠵᠢᠮ᠎ᠡ ᠶᠣᠰᠣ ᠪᠠ ᠭᠠᠵᠠᠷ ᠰᠢᠨᠵᠢᠯᠡᠭᠡᠨ ᠤ ᠠᠵᠢᠯ ᠤᠨ ᠵᠢᠮ᠎ᠡ ᠶᠣᠰᠣ ᠶᠢ ᠵᠢᠷᠤᠮᠯᠠᠬᠤ ᠳᠤ ᠨᠡᠶᠢᠴᠡᠭᠰᠡᠨ ᠪᠠᠶᠢᠬᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠣ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ᠃       ︵ᠭᠤᠷᠪᠠ︶ ᠲᠥᠯᠥᠪᠵᠢᠭᠦᠯᠭᠡ ᠨᠢ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ᠂ ᠠᠭᠤᠷᠬᠠᠶ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ᠂ ᠪᠣᠬᠢᠷᠲᠤᠯ ᠦᠭᠡᠶ ᠠᠭᠤᠷᠬᠠᠶ ᠶᠢ ᠪᠦᠲᠦᠭᠡᠨ ᠪᠠᠶᠢᠭᠤᠯᠬᠤ ᠪᠠ ᠠᠭᠤᠷᠬᠠᠶ ᠶᠢᠨ ᠣᠷᠣᠨ ᠤ ᠠᠮᠢ ᠠᠬᠤᠶ ᠶᠢ ᠦᠩᠵᠢᠭᠦᠯᠦᠨ ᠰᠡᠷᠭᠦᠭᠡᠬᠦ ᠵᠡᠷᠭᠡ ᠣᠨᠴᠠ ᠲᠣᠭᠲᠠᠭᠠᠭᠰᠠᠨ ᠬᠦᠷᠢᠶ᠎ᠡ ᠬᠡᠪᠴᠢᠶ᠎ᠡ ᠪᠤᠶᠤ ᠴᠢᠬᠤᠯᠠ ᠲᠥᠷᠥᠯ ᠤᠨ ᠠᠭᠤᠷᠬᠠᠶ᠂ ᠭᠤᠤᠯᠳᠠᠯᠭ᠎ᠠ ᠲᠠᠢ ᠣᠷᠣᠨ ᠪᠦᠰᠡ ᠳᠠᠬᠢ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠳᠠ᠂ ᠠᠭᠤᠷᠬᠠᠶ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠵᠢᠴᠢ ᠬᠠᠮᠢᠶ᠎ᠠ ᠪᠦᠬᠦᠢ ᠠᠵᠢᠯᠯᠠᠭ᠎ᠠ ᠳᠤ ᠪᠣᠳᠠᠲᠠᠶ ᠲᠣᠬᠢᠷᠠᠭᠤᠯᠤᠯᠲᠠ ᠬᠢᠵᠦ᠂ ᠡᠬᠢ ᠪᠠᠶᠠᠯᠢᠭ ᠢ ᠬᠠᠮᠠᠭᠠᠯᠠᠬᠤ᠂ ᠪᠣᠬᠢᠷᠲᠤᠯ ᠦᠭᠡᠢ ᠬᠥᠭᠵᠢᠭᠦᠯᠬᠦ᠂ ᠶᠡᠷᠦᠩᠬᠡᠶᠢᠯᠡᠨ ᠬᠠᠶᠢᠨ ᠪᠠᠶᠢᠴᠠᠭᠠᠬᠤ᠂ ᠵᠣᠬᠢᠰᠲᠠᠶ ᠨᠡᠭᠡᠭᠡᠨ ᠮᠠᠯᠲᠠᠬᠤ᠂ ᠠᠷᠪᠢᠯᠠᠨ ᠭᠠᠮᠨᠠᠵᠤ ᠡᠷᠴᠢᠮᠵᠢᠭᠦᠯᠬᠦ᠂ ᠶᠡᠷᠦᠩᠬᠡᠶᠢᠯᠡᠨ ᠠᠰᠢᠭᠯᠠᠬᠤ ᠶᠢ ᠢᠯᠡᠳᠬᠡᠭᠰᠡᠨ ᠡᠰᠡᠬᠦ᠃       ︵ᠳᠥᠷᠪᠡ︶ ᠲᠥᠯᠥᠪᠵᠢᠭᠦᠯᠭᠡ ᠨᠢ ᠨᠠᠷᠢᠯᠢᠭ ᠬᠠᠮᠢᠶᠠᠷᠬᠤ ᠪᠠ ᠬᠢᠨᠠᠨ ᠬᠠᠮᠢᠶᠠᠷᠬᠤ ᠦᠨᠳᠦᠰᠦᠯᠡᠯ ᠤᠨ ᠦᠢᠯᠡᠳᠦᠯ ᠢ ᠲᠣᠪᠤᠶᠢᠯᠭᠠᠭᠰᠠᠨ ᠡᠰᠡᠬᠦ᠂ ᠲᠤᠰ ᠱᠠᠲᠤᠨ ᠤ ᠬᠢᠨᠠᠨ ᠵᠥᠪᠰᠢᠶᠡᠷᠡᠵᠦ ᠦᠨᠡᠮᠯᠡᠯ ᠣᠯᠭᠤᠭᠰᠠᠨ ᠠᠭᠤᠷᠬᠠᠶ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠬᠢᠭᠡᠣᠨ ᠬᠠᠮᠠᠭᠠᠯᠠᠬᠤ ᠠᠵᠢᠯᠯᠠᠭ᠎ᠠ ᠳᠤ ᠨᠠᠷᠢᠨ ᠪᠠᠶᠢᠷᠢᠯᠠᠭᠤᠯᠤᠯᠲᠠ ᠬᠢᠭᠰᠡᠨ ᠡᠰᠡᠬᠦ᠃       ︵ᠲᠠᠪᠤ︶ ᠲᠦᠯᠦᠪᠵᠢᠬᠦᠯᠬᠡ ᠨᠢ ᠠᠪᠴᠠᠯᠳᠤᠩᠭᠤᠶ ᠰᠡᠳᠬᠢᠭᠰᠡᠨ᠂ ᠳᠥᠭᠦᠮ ᠣᠶᠢᠯᠠᠭᠠᠮᠵᠢᠲᠠᠶ᠂ ᠲᠤᠭ᠎ᠠ ᠪᠠᠷᠢᠮᠲᠠ ᠶᠢᠨ ᠲᠤᠯᠭᠠᠭᠤᠷᠢᠯᠠᠯ ᠲᠠᠢ ᠪᠠᠶᠢᠬᠤ ᠡᠰᠡᠬᠦ᠂ ᠭᠠᠵᠠᠷ ᠰᠢᠨᠵᠢᠯᠡᠭᠡᠨ ᠤ ᠮᠡᠳᠡᠭᠦᠯᠦᠯᠲᠡ ᠪᠤᠶᠤ ᠲᠤᠰᠬᠠᠶ ᠰᠡᠳᠦᠪᠲᠦ ᠰᠤᠳᠤᠯᠭᠠᠨ ᠤ ᠮᠡᠳᠡᠭᠦᠯᠦᠯᠲᠡ ᠠᠴᠠ ᠢᠯᠭᠠᠭ᠎ᠠ ᠲᠠᠢ᠂ ᠲᠥᠯᠥᠪᠵᠢᠭᠦᠯᠭᠡ ᠶᠢᠨ ᠬᠡᠯᠡᠨ ᠤ ᠬᠡᠷᠡᠭᠯᠡᠭᠰᠡᠨ ᠣᠨᠴᠠᠭᠠᠶᠢᠯᠠᠨ ᠨᠡᠷ᠎ᠡ ᠲᠣᠮᠢᠶ᠎ᠠ᠂ ᠨᠢᠭᠡᠴᠢ ᠶᠢᠨ ᠨᠡᠷᠡᠶᠢᠳᠦᠯ ᠵᠡᠷᠭᠡ ᠨᠢ ᠵᠥᠪ ᠣᠨᠣᠪᠴᠢᠲᠠᠶ᠂ ᠵᠢᠷᠤᠮᠵᠢᠯ ᠲᠠᠢ᠂ ᠲᠤᠪᠴᠢ ᠲᠤᠳᠤᠷᠠᠭᠤᠨ ᠪᠠᠶᠢᠬᠤ ᠡᠰᠡᠬᠦ᠃       ︵ᠵᠢᠷᠭᠤᠭ᠎ᠠ︶ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠦᠨᠡᠯᠡᠯᠲᠡ ᠨᠢ ︽ᠲᠦᠯᠦᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠰᠡᠬᠦ᠂ ᠠᠮᠢ ᠠᠬᠤᠶ ᠣᠷᠴᠢᠨ ᠲᠣᠭᠤᠷᠢᠨ ᠤ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠬᠠᠮᠢᠶ᠎ᠠ ᠪᠥᠬᠦᠶ ᠱᠠᠭᠠᠷᠳᠠᠯᠭ᠎ᠠ ᠳᠤ ᠨᠡᠶᠢᠴᠡᠬᠦ ᠡᠰᠡᠬᠦ᠃       ︵ᠳᠣᠯᠤᠭ᠎ᠠ︶ ᠲᠥᠯᠥᠪᠵᠢᠭᠦᠯᠭᠡ ᠶᠢᠨ ᠪᠢᠴᠢᠭ ᠲᠣᠪᠬᠢᠮᠠᠯ᠂ ᠳᠠᠭᠠᠯᠳᠤᠭᠤᠯᠤᠯ ᠬᠦᠰᠦᠨᠦᠭᠲᠦ᠂ ᠳᠠᠭᠠᠯᠳᠤᠭᠤᠯᠤᠯ ᠵᠢᠷᠤᠭ ᠵᠢᠴᠢ ᠨᠠᠶᠢᠷᠠᠭᠤᠯᠤᠨ ᠵᠣᠬᠢᠶᠠᠭᠰᠠᠨ ᠲᠣᠳᠣᠷᠬᠠᠶᠢᠯᠠᠯᠲᠠ ᠵᠡᠷᠭᠡ ᠮᠠᠲ᠋ᠧᠷᠢᠶᠠᠯ ᠨᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠪᠠ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠳ᠋ᠠᠶᠢᠲ᠋ᠠ ᠬᠥᠮᠥᠷᠭᠡ ᠨᠢ ᠠᠭᠤᠷᠬᠠᠢ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢᠨ ᠳ᠋ᠠᠶᠢᠲ᠋ᠠ ᠬᠥᠮᠥᠷᠭᠡ ᠶᠢᠨ ᠪᠠᠷᠢᠮᠵᠢᠶ᠎ᠠ ᠪᠠ ᠪᠦᠲᠦᠭᠡᠨ ᠪᠠᠶᠢᠭᠤᠯᠤᠯᠲᠠ ᠶᠢᠨ ᠵᠦᠭᠯᠡᠭᠦᠷ ᠶᠣᠰᠣᠭᠠᠷ ᠪᠡᠶᠡᠯᠡᠭᠦᠯᠦᠭᠰᠡᠨ ᠡᠰᠡᠬᠦ᠂ ᠲᠥᠯᠥᠪᠵᠢᠭᠦᠯᠭᠡ ᠶᠢᠨ ᠪᠢᠴᠢᠭ ᠲᠣᠪᠬᠢᠮᠠᠯ᠂ ᠳᠠᠭᠠᠯᠳᠤᠭᠤᠯᠤᠯ ᠵᠢᠷᠤᠭ᠂ ᠳᠠᠭᠠᠯᠳᠤᠭᠤᠯᠤᠯ ᠬᠦᠰᠦᠨᠦᠭᠲᠦ ᠨᠢ ᠳ᠋ᠠᠶᠢᠲ᠋ᠠ ᠬᠥᠮᠥᠷᠭᠡ ᠶᠢᠨ ᠠᠭᠤᠯᠭ᠎ᠠ ᠯᠤᠭ᠎ᠠ ᠨᠢᠭᠡᠳᠦᠯᠲᠡᠶ ᠪᠠᠶᠢᠬᠤ ᠡᠰᠡᠬᠦ᠃       ᠳᠥᠷᠪᠡ᠂ ᠬᠢᠨᠠᠨ ᠪᠠᠶᠢᠴᠠᠭᠠᠵᠤ ᠮᠡᠳᠡᠭᠦᠯᠦᠨ ᠵᠥᠪᠰᠢᠶᠡᠷᠡᠭᠦᠯᠬᠦ ᠲᠠᠰ ᠳᠠᠷᠠᠭᠠᠯᠠᠯ       ︵ᠨᠢᠭᠡ︶ ᠠᠩᠬ᠎ᠠ ᠬᠢᠨᠠᠬᠤ᠃       1. ᠲᠥᠯᠥᠪᠵᠢᠭᠦᠯᠭᠡ ᠶᠢᠨ ᠡᠬᠡ ᠲᠥᠰᠦᠯ ᠢ ᠪᠦᠷᠢᠯᠳᠦᠭᠦᠯᠦᠭᠰᠡᠨ ᠤ ᠳᠠᠷᠠᠭ᠎ᠠ᠂ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰᠬᠠᠶ ᠮᠡᠷᠭᠡᠵᠢᠯᠲᠡᠣᠨ ᠢ ᠵᠣᠬᠢᠶᠠᠨ ᠪᠠᠶᠢᠭᠤᠯᠵᠤ ᠠᠩᠬ᠎ᠠ ᠠᠯᠬᠤᠮ ᠬᠢᠨᠠᠨ ᠪᠠᠶᠢᠴᠠᠭᠠᠵᠤ ᠨᠤᠲᠠᠯᠠᠨ᠎ᠠ       2. ᠲᠥᠯᠥᠪᠵᠢᠭᠦᠯᠭᠡ ᠶᠢᠨ ᠡᠬᠡ ᠲᠥᠰᠦᠯ ᠢ ᠨᠤᠲᠠᠯᠠᠵᠤ ᠪᠠᠲᠤᠯᠠᠭᠰᠠᠨ ᠤ ᠳᠠᠷᠠᠭ᠎ᠠ᠂ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠳᠠᠯᠢ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠳ᠋ ᠤᠨ ᠵᠠᠰᠠᠭ᠂ ᠠᠮᠢ ᠠᠬᠤᠢ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ᠂ ᠬᠤᠳᠠᠯᠳᠤᠭᠠᠨ ᠤ ᠶᠠᠪᠤᠳᠠᠯ᠂ ᠰᠣᠶᠣᠯ ᠪᠠ ᠵᠢᠭᠤᠯᠴᠢᠯᠠᠯ᠂ ᠲᠤᠭ᠎ᠠ ᠪᠦᠷᠢᠳᠬᠡᠯ᠂ ᠡᠨᠧᠷᠭᠢ᠂ ᠣᠢ ᠰᠢᠭᠤᠶ ᠪᠠ ᠨᠤᠲᠤᠭ ᠪᠡᠯᠴᠢᠭᠡᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠲᠡᠳᠡᠨ ᠠᠴᠠ ᠰᠠᠨᠠᠯ ᠬᠤᠷᠢᠶᠠᠬᠤ ᠶᠢᠨ ᠬᠠᠮᠲᠤ ᠲᠥᠯᠥᠪᠵᠢᠭᠦᠯᠭᠡ ᠪᠠᠨ ᠵᠠᠰᠠᠪᠤᠷᠢᠯᠠᠵᠤ ᠲᠡᠭᠦᠯᠳᠡᠷᠵᠢᠭᠦᠯᠦᠭᠰᠡᠨ ᠤ ᠳᠠᠷᠠᠭ᠎ᠠ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠭᠤᠯᠤᠨ᠎ᠠ᠃       ︵ᠬᠤᠶᠠᠷ︶ ᠭᠤᠶᠤᠴᠢᠯᠠᠬᠤ᠃       1. ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠢᠨᠠᠨ ᠬᠠᠷᠭᠤᠭᠤᠯᠵᠤ ᠵᠥᠪᠰᠢᠶᠡᠷᠡᠭᠰᠡᠨ ᠤ ᠳᠠᠷᠠᠭ᠎ᠠ᠂ ᠳᠡᠭᠡᠳᠦ ᠨᠢᠭᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠠᠭᠤᠷᠬᠠᠢ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ ᠬᠢᠨᠠᠨ ᠵᠥᠪᠰᠢᠶᠡᠷᠡᠭᠦᠯᠬᠦ ᠪᠠᠷ ᠭᠤᠶᠤᠴᠢᠯᠠᠨ᠎ᠠ᠃       2. ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠠᠭᠤᠷᠬᠠᠢ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ ᠬᠢᠨᠠᠨ ᠵᠥᠪᠰᠢᠶᠡᠷᠡᠭᠦᠯᠬᠦ ᠪᠠᠷ ᠭᠤᠶᠤᠴᠢᠯᠠᠬᠤ ᠳᠤ᠂ ᠳᠣᠤᠷᠠᠬᠢ ᠮᠠᠲ᠋ᠧᠷᠢᠶᠠᠯ ᠢ ᠲᠤᠰᠢᠶᠠᠨ᠎ᠠ᠄       ︵1︶ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠢᠨᠠᠨ ᠵᠥᠪᠰᠢᠶᠡᠷᠡᠭᠦᠯᠬᠦ ᠪᠠᠷ ᠭᠤᠶᠤᠴᠢᠯᠠᠭᠰᠠᠨ ᠵᠢᠭᠠᠪᠣᠷᠢ ᠠᠪᠬᠤ ᠪᠢᠴᠢᠭ ᠮᠠᠲ᠋ᠧᠷᠢᠶᠠᠯ 2 ᠬᠤᠪᠢ ︵ᠳᠠᠭᠠᠯᠳᠤᠭᠤᠯᠤᠯ ᠳᠤ ᠠᠩᠬ᠎ᠠ ᠠᠯᠬᠤᠮ ᠬᠢᠨᠠᠨ ᠪᠠᠶᠢᠴᠠᠭᠠᠭᠰᠠᠨ ᠰᠠᠨᠠᠯ ᠪᠠ ᠰᠠᠨᠠᠯ ᠬᠤᠷᠢᠶᠠᠭᠰᠠᠨ ᠪᠠᠶᠢᠳᠠᠯ ᠤᠨ ᠬᠤᠷᠢᠶᠠᠩᠭᠤᠶᠢᠯᠠᠨ ᠳ᠋ᠦᠩᠨᠡᠭᠰᠡᠨ ᠬᠦᠰᠦᠨᠦᠭᠲᠦ ᠪᠠᠭᠲᠠᠨ᠎ᠠ︶᠃       ︵2︶ ᠲᠥᠯᠥᠪᠵᠢᠭᠦᠯᠭᠡ ᠶᠢᠨ ᠪᠢᠴᠢᠭ ᠲᠣᠪᠬᠢᠮᠠᠯ ᠪᠠ ᠲᠥᠯᠥᠪᠵᠢᠭᠦᠯᠭᠡ ᠶᠢ ᠨᠠᠶᠢᠷᠠᠭᠤᠯᠵᠤ ᠵᠣᠬᠢᠶᠠᠭᠰᠠᠨ ᠲᠣᠳᠣᠷᠬᠠᠶᠢᠯᠠᠯᠲᠠ ᠲᠣᠰ ᠪᠦᠷᠢ 20 ᠬᠤᠪᠢ᠃       ︵3︶ ᠲᠤᠰᠬᠠᠶ ᠰᠡᠳᠦᠪᠲᠦ ᠰᠤᠳᠤᠯᠭᠠᠨ ᠤ ᠮᠡᠳᠡᠭᠦᠯᠦᠯᠲᠡ 1 ᠢᠵᠢ᠃       ︵4︶ ᠲᠥᠯᠥᠪᠵᠢᠭᠦᠯᠭᠡ ᠶᠢᠨ ᠳᠠᠭᠠᠯᠳᠤᠭᠤᠯᠤᠯ ᠬᠦᠰᠦᠨᠦᠭᠲᠦ 1 ᠢᠵᠢ᠃       ︵5︶ ᠲᠥᠯᠥᠪᠵᠢᠭᠦᠯᠭᠡ ᠶᠢᠨ ᠳᠠᠭᠠᠯᠳᠤᠭᠤᠯᠤᠯ ᠵᠢᠷᠤᠭ 1 ᠢᠵᠢ᠃       ︵6︶ ᠳ᠋ᠠᠶᠢᠲ᠋ᠠ ᠬᠥᠮᠥᠷᠭᠡ ᠶᠢᠨ ᠡᠯᠧᠺᠲᠷᠦᠨ ᠬᠡᠪᠯᠡᠯ 1 ᠢᠵᠢ᠃       ︵7︶ ᠡᠯᠧᠺᠲᠷᠤᠨ ᠪᠢᠴᠢᠭᠯᠡᠯ ᠤᠨ ᠭᠡᠷᠡᠯᠯᠢᠭ ᠳ᠋ᠢᠰᠺ 1 ᠬᠤᠪᠢ ︵ᠲᠥᠯᠥᠪᠵᠢᠭᠦᠯᠭᠡ ᠶᠢᠨ ᠪᠢᠴᠢᠭ ᠲᠣᠪᠬᠢᠮᠠᠯ᠂ ᠨᠠᠶᠢᠷᠠᠭᠤᠯᠵᠤ ᠵᠣᠬᠢᠶᠠᠭᠰᠠᠨ ᠲᠣᠳᠣᠷᠬᠠᠶᠢᠯᠠᠯᠲᠠ᠂ ᠳᠠᠭᠠᠯᠳᠤᠭᠤᠯᠤᠯ ᠬᠦᠰᠦᠨᠦᠭᠲᠦ᠂ ᠳᠠᠭᠠᠯᠳᠤᠭᠤᠯᠤᠯ ᠵᠢᠷᠤᠭ᠂ ᠲᠤᠰᠬᠠᠶ ᠰᠡᠳᠦᠪᠲᠦ ᠰᠤᠳᠤᠯᠭᠠᠨ ᠤ ᠮᠡᠳᠡᠭᠦᠯᠦᠯᠲᠡ ᠪᠠᠭᠲᠠᠨ᠎ᠠ︶᠃       ︵ᠭᠤᠷᠪᠠ︶ ᠬᠢᠨᠠᠨ ᠵᠥᠪᠰᠢᠶᠡᠷᠡᠬᠦ᠃       1. ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠠᠭᠤᠷᠬᠠᠢ ᠶᠢᠨ ᠡᠬᠢ ᠪᠠᠶᠠᠯᠢᠭ ᠤᠨ ᠲᠥᠯᠥᠪᠵᠢᠭᠦᠯᠭᠡ ᠳᠤ᠂ ᠳᠡᠭᠡᠳᠦ ᠨᠢᠭᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠳ᠋ ᠤᠨ ᠵᠠᠰᠠᠭ᠂ ᠠᠮᠢ ᠠᠬᠤᠶ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ᠂ ᠬᠤᠳᠠᠯᠳᠤᠭᠠᠨ ᠤ ᠶᠠᠪᠤᠳᠠᠯ᠂ ᠰᠣᠶᠣᠯ ᠪᠠ ᠵᠢᠭᠤᠯᠴᠢᠯᠠᠯ᠂ ᠲᠤᠭ᠎ᠠ ᠪᠦᠷᠢᠳᠬᠡᠯ᠂ ᠡᠨᠧᠷᠭᠢ᠂ ᠣᠢ ᠰᠢᠭᠤᠶ ᠪᠠ ᠨᠤᠲᠤᠭ ᠪᠡᠯᠴᠢᠭᠡᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠬᠢᠨᠠᠨ ᠪᠠᠶᠢᠴᠠᠭᠠᠵᠤ ᠨᠤᠲᠠᠯᠠᠬᠤ ᠶᠢᠨ ᠬᠠᠮᠲᠤ ᠬᠢᠨᠠᠨ ᠪᠠᠶᠢᠴᠠᠭᠠᠭᠰᠠᠨ ᠰᠠᠨᠠᠯ ᠤᠨ ᠪᠢᠴᠢᠭ ᠤᠨ ᠬᠡᠯᠪᠡᠷᠢ ᠶᠢ ᠪᠦᠷᠢᠯᠳᠣᠭᠦᠯᠣᠨ᠎ᠠ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠡᠯ᠎ᠡ ᠱᠠᠲᠤᠨ ᠤ ᠠᠭᠤᠷᠬᠠᠢ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢᠨ ᠳ᠋ᠠᠶᠢᠲ᠋ᠠ ᠬᠥᠮᠥᠷᠭᠡ ᠶᠢᠨ ᠶᠠᠰᠤ ᠴᠢᠨᠠᠷ ᠤᠨ ᠪᠠᠶᠢᠴᠠᠭᠠᠯᠲᠠ ᠶᠢ ᠬᠠᠷᠢᠭᠤᠴᠠᠨ᠎ᠠ᠃       2. ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ ᠪᠠᠶᠢᠴᠠᠭᠠᠭᠰᠠᠨ ᠰᠠᠨᠠᠯ ᠶᠣᠰᠣᠭᠠᠷ ᠲᠥᠯᠥᠪᠵᠢᠭᠦᠯᠭᠡ ᠪᠠᠨ ᠵᠠᠰᠠᠪᠤᠷᠢᠯᠠᠵᠤ ᠲᠡᠭᠦᠯᠳᠡᠷᠵᠢᠭᠦᠯᠦᠭᠰᠡᠨ ᠤ ᠳᠠᠷᠠᠭ᠎ᠠ᠂ ᠳᠡᠭᠡᠳᠦ ᠨᠢᠭᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃       ᠲᠠᠪᠤ᠂ ᠨᠡᠶᠢᠲᠡᠯᠡᠨ ᠬᠡᠷᠡᠭᠵᠢᠭᠦᠯᠬᠦ       ᠠᠶᠢᠮᠠᠭ ᠬᠤᠲᠠ ᠶᠢᠨ ᠱᠠᠲᠤᠨ ᠤ ᠠᠭᠤᠷᠬᠠᠢ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠨᠡᠶᠢᠲᠡᠯᠡᠨ ᠬᠡᠷᠡᠭᠵᠢᠭᠦᠯᠦᠨ᠎ᠡ᠃ ᠬᠤᠰᠢᠭᠤ ᠰᠢᠶᠠᠨ ᠤ ᠱᠠᠲᠤᠨ ᠤ ᠠᠭᠤᠷᠬᠠᠢ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ ᠨᠡᠶᠢᠲᠡᠯᠡᠨ ᠬᠡᠷᠡᠭᠵᠢᠭᠦᠯᠦᠨ᠎ᠡ᠃       ᠵᠢᠷᠭᠤᠭ᠎ᠠ᠂ ᠲᠥᠯᠥᠪᠵᠢᠭᠦᠯᠭᠡ ᠶᠢ ᠳᠠᠩᠰᠠᠯᠠᠭᠤᠯᠬᠤ       ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠠᠭᠤᠷᠬᠠᠶ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ ᠨᠡᠶᠢᠲᠡᠯᠡᠵᠦ ᠬᠡᠷᠡᠭᠵᠢᠭᠦᠯᠦᠭᠰᠡᠨ ᠤ ᠳᠠᠷᠠᠭ᠎ᠠ ᠂ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠲᠥᠯᠥᠪᠵᠢᠭᠦᠯᠭᠡ ᠶᠢᠨ ᠪᠢᠴᠢᠭ ᠲᠣᠪᠬᠢᠮᠠᠯ ᠪᠠ ᠨᠠᠶᠢᠷᠠᠭᠤᠯᠵᠤ ᠵᠣᠬᠢᠶᠠᠭᠰᠠᠨ ᠲᠣᠳᠣᠷᠬᠠᠶᠢᠯᠠᠯᠲᠠ ᠪᠠᠨ ᠲᠤᠰ ᠪᠦᠷᠢ 5 ᠢᠵᠢ᠂ ᠲᠥᠯᠥᠪᠵᠢᠭᠦᠯᠭᠡ ᠶᠢᠨ ᠳᠠᠭᠠᠯᠳᠤᠭᠤᠯᠤᠯ ᠵᠢᠷᠤᠭ ᠪᠠ ᠳᠠᠭᠠᠯᠳᠤᠭᠤᠯᠤᠯ ᠬᠦᠰᠦᠨᠦᠭᠲᠦ ᠪᠠᠨ ᠲᠤᠰ ᠪᠦᠷᠢ 2 ᠢᠵᠢ᠂ ᠲᠥᠯᠥᠪᠵᠢᠭᠦᠯᠭᠡ ᠶᠢᠨ ᠦᠷ᠎ᠡ ᠪᠦᠲᠦᠭᠡᠯ ᠵᠢᠴᠢ ᠳ᠋ᠠᠶᠢᠲ᠋ᠠ ᠬᠥᠮᠥᠷᠭᠡ ᠶᠢᠨ ᠡᠯᠧᠺᠲᠷᠦᠨ ᠪᠢᠴᠢᠭᠯᠡᠯ ᠤᠨ ᠭᠡᠷᠡᠯᠯᠢᠭ ᠳ᠋ᠢᠰᠺ ᠢ 2 ᠢᠵᠢ ᠲᠤᠰᠢᠶᠠᠨ ᠥᠭᠴᠦ ᠳᠠᠩᠰᠠᠯᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠲᠥᠯᠥᠪᠵᠢᠭᠦᠯᠭᠡ ᠶᠢ ᠳᠠᠩᠰᠠᠯᠠᠭᠤᠯᠤᠭᠰᠠᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠭᠦ ᠬᠡᠷᠩᠳᠠᠢ᠃       ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠠᠭᠤᠷᠬᠠᠢ ᠶᠢᠨ ᠡᠬᠢ ᠪᠠᠶᠠᠯᠢᠭ ᠤᠨ ᠶᠡᠷᠦᠩᠬᠡᠶ ᠲᠥᠯᠥᠪᠵᠢᠭᠦᠯᠭᠡ ᠶᠢ ᠬᠢᠨᠠᠨ ᠪᠠᠶᠢᠴᠠᠭᠠᠵᠤ ᠮᠡᠳᠡᠭᠦᠯᠦᠨ ᠵᠥᠪᠰᠢᠶᠡᠷᠡᠭᠦᠯᠬᠦ ᠳᠤ ᠲᠣᠰ ᠠᠷᠭ᠎ᠠ ᠶᠢ ᠬᠡᠷᠡᠭᠯᠡᠨ᠎ᠠ᠃ ᠲᠣᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ︽ᠠᠶᠢᠮᠠᠭ ᠬᠤᠲᠠ ᠬᠤᠰᠢᠭᠤ ᠰᠢᠶᠠᠨ ᠤ ᠱᠠᠲᠤᠨ ᠤ ᠠᠭᠤᠷᠬᠠᠢ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ ᠬᠢᠨᠠᠨ ᠪᠠᠶᠢᠴᠠᠭᠠᠵᠤ ᠮᠡᠳᠡᠭᠦᠯᠦᠨ ᠵᠥᠪᠰᠢᠶᠡᠷᠡᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2010︺84 ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ