︽ᠬᠦᠯᠦᠨ ᠪᠤᠶᠢᠷ ᠬᠤᠲᠠ ᠶᠢᠨ ᠰᠦ ᠰᠠᠭᠠᠯᠢ ᠶᠢᠨ ᠦᠢᠯᠡᠰ ᠢ ᠬᠦᠭᠵᠢᠭᠦᠯᠦᠨ ᠮᠠᠨᠳᠤᠭᠤᠯᠬᠤ ᠲᠦᠯᠦᠪᠵᠢᠭᠦᠯᠭᠡ ︵2019-2023 ᠤᠨ︶︾ ᠶᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ ᠦᠨᠳᠦᠰᠦᠳᠡᠨ ᠤ ᠤᠯᠠᠮᠵᠢᠯᠠᠯᠲᠤ ᠴᠠᠭᠠᠨ ᠢᠳᠡᠬᠡᠨ ᠤ ᠠᠵᠤ ᠦᠢᠯᠡᠰ ᠤᠨ ᠡᠷᠡᠭᠦᠯ᠂ ᠡᠮᠬᠢ | ᠵᠢᠷᠤᠮ ᠲᠠᠢ ᠬᠦᠭᠵᠢᠯᠳᠡ ᠶᠢ ᠲᠦᠷᠭᠡᠳᠬᠡᠨ ᠠᠬᠢᠭᠤᠯᠵᠤ᠂ ᠮᠠᠨ ᠤ ᠬᠤᠲᠠ ᠪᠠᠨ ᠴᠢᠨᠠᠷ ᠰᠠᠶᠢᠲᠠᠢ ᠦᠨᠳᠦᠰᠦᠳᠡᠨ ᠤ ᠤᠯᠠᠮᠵᠢᠯᠠᠯᠲᠤ ᠴᠠᠭᠠᠨ ᠢᠳᠡᠭᠡᠨ ᠪᠠ ᠬᠠᠭᠤᠷᠠᠢ | ᠰᠦᠨ ᠪᠦᠲᠦᠭᠡᠭᠳᠡᠭᠦᠨ ᠤ ᠴᠢᠬᠤᠯᠠ ᠭᠠᠷᠤᠯᠳᠠ ᠶᠢᠨ ᠤᠷᠤᠨ ᠪᠤᠯᠭᠠᠨ ᠪᠦᠲᠦᠭᠡᠨ ᠪᠠᠶᠢᠭᠤᠯᠵᠤ᠂ ᠦᠨᠳᠦᠰᠦᠳᠡᠨ ᠤ ᠤᠯᠠᠮᠵᠢᠯᠠᠯᠳᠤ ᠴᠠᠭᠠᠨ ᠢᠳᠡᠭᠡᠨ ᠤ ᠠᠵᠤ | ᠦᠢᠯᠡᠰ ᠤᠨ ᠬᠦᠭᠵᠢᠯᠳᠡ ᠶᠢᠨ ᠤᠳᠤᠬᠢ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠬᠡᠷᠡᠭᠵᠢᠭᠦᠯᠬᠦ ᠲᠦᠰᠦᠯ ᠢ ᠳᠤᠭᠳᠠᠭᠠᠪᠠ᠃ | ᠨᠢᠭᠡ᠂ ᠪᠦᠬᠦ ᠬᠤᠲᠠ ᠶᠢᠨ ᠦᠨᠳᠦᠰᠦᠳᠡᠨ ᠤ ᠤᠯᠠᠮᠵᠢᠯᠠᠯᠳᠤ ᠴᠠᠭᠠᠨ ᠢᠳᠡᠭᠡᠨ ᠤ ᠬᠦᠭᠵᠢᠯᠳᠡ ᠶᠢᠨ ᠤᠳᠤᠬᠢ ᠪᠠᠶᠢᠳᠠᠯ ᠪᠠ ᠳᠠᠪᠠᠭᠤᠯᠢᠭ | ᠦᠨᠳᠦᠰᠦᠳᠡᠨ ᠤ ᠤᠯᠠᠮᠵᠢᠯᠠᠯᠲᠤ ᠴᠠᠭᠠᠨ ᠢᠳᠡᠭᠡ ᠨᠢ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠠᠮᠳᠠᠳᠤ ᠢᠳᠡᠭᠡᠨ ᠪᠤᠯᠤᠭᠰᠠᠨ ᠤ ᠬᠤᠪᠢ ᠳᠤ | ᠵᠢᠭᠤᠯᠴᠢᠯᠠᠯ ᠵᠡᠷᠭᠡ ᠠᠵᠤ ᠦᠢᠯᠡᠰ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠴᠠᠭᠠᠨ ᠢᠳᠡᠭᠡᠨ ᠤ ᠬᠡᠷᠡᠭᠯᠡᠭᠴᠢᠳ ᠤᠨ ᠬᠠᠮᠳᠤᠯᠢᠭ ᠵᠢᠯ ᠳᠠᠷᠠᠭᠠᠯᠠᠨ ᠥᠷᠭᠡᠵᠢᠵᠦ᠂ | ᠴᠠᠭᠠᠨ ᠢᠳᠡᠭᠡᠨ ᠤ ᠦᠢᠯᠡᠰ ᠲᠦᠷᠭᠡᠨ ᠬᠦᠭᠵᠢᠵᠦ᠂ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠴᠢᠬᠤᠯᠠ ᠪᠦᠷᠢᠯᠳᠦᠬᠦᠨ ᠬᠡᠰᠡᠭ ᠪᠣᠯᠵᠤ᠂ ᠳᠡᠭᠡᠳᠤ | ᠬᠡᠮᠵᠢᠶ᠎ᠡ ᠪᠠᠷ ᠴᠢᠬᠤᠯᠠᠴᠢᠯᠠᠭᠳᠠᠪᠠ᠃ ᠮᠠᠨ ᠤ ᠬᠤᠲᠠ ᠪᠣᠯ ᠤᠮᠠᠷᠠᠲᠤ ᠶᠢᠨ ᠴᠥᠭᠡᠨ ᠲᠣᠭᠠᠲᠤ ᠦᠨᠳᠦᠰᠦᠲᠡᠨ ᠤ ᠴᠢᠬᠤᠯᠠ ᠡᠬᠢ ᠡᠭᠦᠰᠦᠯ ᠤᠨ ᠭᠠᠵᠠᠷ ᠤᠷᠤᠨ | ᠪᠠᠶᠢᠵᠤ᠂ ᠴᠥᠭᠡᠨ ᠲᠣᠭᠠᠲᠤ ᠦᠨᠳᠦᠰᠦᠲᠡᠨ ᠨᠦᠭᠦᠳ ᠲᠡᠤᠬᠡᠨ ᠠᠴᠠ ᠪᠠᠨ ᠭᠠᠷ ᠦᠢᠯᠡᠳᠪᠦᠷᠢᠯᠡᠯ ᠢᠶᠠᠷ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠬᠢᠬᠦ | ᠳᠠᠳᠬᠠᠯ ᠲᠠᠢ ᠶᠤᠮ᠃ ᠡᠭᠦᠨ ᠤ ᠬᠠᠮᠲᠤ᠂ ᠬᠥᠯᠥᠨ ᠪᠤᠶᠢᠷ ᠤᠨ ᠲᠠᠯ᠎ᠠ ᠨᠤᠲᠤᠭ ᠨᠢ ᠪᠡᠯᠴᠢᠭᠡᠷᠯᠡᠨ ᠮᠠᠯᠵᠢᠬᠤ ᠳᠤ ᠲᠤᠬᠢᠷᠠᠬᠤ ᠦᠪᠡᠷᠮᠢᠴᠡ ᠰᠠᠶᠢᠨ ᠨᠥᠬᠦᠴᠡᠯ ᠢ | ᠬᠠᠩᠭᠠᠵᠤ᠂ ᠡᠸᠡᠩᠬᠢ ᠦᠨᠳᠦᠰᠦᠳᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ | ᠪᠠᠷᠠᠭᠤᠨ ᠬᠤᠰᠢᠭᠤᠨ ︵ᠳᠣᠷᠣᠭᠰᠢ ᠮᠠᠯᠵᠢᠬᠤ ᠳᠥᠷᠪᠡᠨ ᠬᠤᠰᠢᠭᠤ ᠭᠡᠵᠦ ᠲᠣᠪᠴᠢᠯᠠᠨ᠎ᠠ︶ ᠤ ᠮᠠᠯᠴᠢᠳ ᠤᠨ ᠰᠠᠭᠠᠯᠢ ᠶᠢᠨ ᠮᠠᠯ ᠤᠨ ᠲᠥᠷᠥᠯ ᠵᠦᠢᠯ ᠣᠯᠠᠨ᠂ | ᠰᠠᠭᠠᠯᠢ ᠶᠢᠨ ᠦᠨᠢᠶ᠎ᠡ ᠨᠢ ᠭᠤᠷᠪᠠᠨ ᠭᠤᠤᠯ ᠦᠬᠡᠷ ᠵᠢᠴᠢ ᠳᠣᠣᠷ᠎ᠠ ᠭᠠᠷᠤᠯᠳᠠᠳᠤ ᠰᠠᠭᠠᠯᠢ ᠶᠢᠨ ᠦᠨᠢᠶ᠎ᠡ ᠵᠡᠷᠭᠡ ᠪᠠᠷ ᠭᠤᠤᠯ ᠪᠣᠯᠭᠠᠵᠤ᠂ ᠦᠨᠢᠶᠡᠨ ᠰᠦᠨ ᠳᠤ | ᠬᠠᠲᠠᠭᠠᠮᠠᠯ ᠪᠣᠳᠠᠰ ᠤᠨ ᠠᠭᠤᠯᠤᠭᠳᠠᠴᠠ ᠥᠨᠳᠥᠷ ᠪᠤᠯᠬᠤᠷ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡ ᠬᠢᠬᠦ ᠳᠤ ᠮᠠᠰᠢ ᠲᠣᠬᠢᠷᠠᠮᠵᠢᠲᠠᠢ᠂ ᠴᠠᠭᠠᠨ ᠢᠳᠡᠭᠡᠨ ᠤ | ᠦᠨᠦᠷ ᠠᠮᠲᠠ ᠨᠢ ᠤᠬᠢ ᠰᠤᠳᠤᠨ ᠪᠠᠶᠢᠳᠠᠭ᠃ | ᠪᠦᠷᠢᠳᠬᠡᠯ ᠢ ᠦᠨᠳᠦᠰᠦᠯᠡᠪᠡᠯ᠂ ᠪᠦᠬᠦ ᠬᠤᠲᠠ ᠶᠢᠨ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ | ᠭᠤᠣᠯᠳᠠᠭᠤ ᠮᠠᠯᠵᠢᠬᠤ ᠳᠥᠷᠪᠡᠨ ᠬᠤᠰᠢᠭᠤᠨ ᠳᠤ ᠲᠥᠪᠯᠡᠷᠡᠵᠦ᠂ ᠨᠡᠶᠢᠲᠡ 56 ᠡᠷᠦᠬᠡ ᠪᠤᠢ᠃ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠠᠩᠬᠠᠨ ᠤ ᠪᠦᠯᠦᠭ | ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠬᠡᠨ ᠤ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠨᠡᠷᠡᠰ ᠲᠤ᠂ ᠮᠠᠨ ᠤ ᠬᠤᠲᠠ ᠶᠢᠨ 26 ᠨᠢᠭᠡᠴᠢ | ᠵᠢᠭᠰᠠᠭᠠᠭᠳᠠᠵᠤ᠂ ᠡᠭᠦᠨ ᠳᠤ ᠡᠳ᠋ᠰᠢᠭᠦᠯᠬᠦ ᠦᠢᠯᠡᠳᠬᠡᠯ ᠤᠨ ᠭᠠᠵᠠᠷ 15᠂ ᠬᠤᠳᠠᠯᠳᠤᠭᠠᠨ ᠤ ᠲᠠᠯᠠᠪᠤᠷ ᠬᠡᠳᠤ ᠳᠡᠯᠭᠡᠭᠦᠷ 4᠂ ᠦᠵᠡᠮᠵᠢ ᠶᠢᠨ ᠣᠷᠣᠨ ᠦᠵᠡᠮᠵᠢ ᠶᠢᠨ | ᠭᠠᠵᠠᠷ 4᠂ ᠪᠠᠶᠢᠴᠠᠭᠠᠨ ᠰᠢᠯᠭᠠᠬᠤ ᠲᠥᠪ 1᠂ ᠬᠦᠷᠢᠶᠡᠯᠡᠩ ᠲᠣᠭᠤᠷᠢᠭ 2 ᠪᠣᠶ ︵ᠪᠣᠳᠠᠲᠠᠶ ᠨᠡᠷᠡᠰ ᠢ ᠳᠠᠭᠠᠯᠳᠤᠭᠤᠯᠤᠯ ᠳᠤ ᠦᠵᠡ︶᠃ ᠣᠳᠣᠬᠠᠨ ᠳᠤ᠂ ᠪᠦᠬᠦ | ᠬᠤᠲᠠ ᠶᠢᠨ ᠦᠨᠳᠦᠰᠦᠲᠡᠨ ᠤ ᠴᠠᠭᠠᠨ ᠢᠳᠡᠭᠡᠨ ᠤ ᠦᠢᠯᠡᠰ ᠡᠷᠬᠢᠯᠡᠭᠰᠡᠳ 180 ᠭᠠᠷᠤᠶ ᠬᠥᠮᠦᠨ᠂ ᠡᠳᠦᠷ ᠪᠦᠷᠢ ᠶᠢᠨ ᠲᠦᠭᠦᠬᠡᠢ ᠰᠦ ᠰᠢᠢᠳᠪᠦᠷᠢᠯᠡᠬᠦ ᠴᠢᠳᠠᠮᠵᠢ | 45 ᠲᠣᠨ ᠣᠷᠴᠢᠮ᠂ ᠡᠳᠦᠷ ᠪᠦᠷᠢ ᠶᠢᠨ ᠰᠦ ᠬᠤᠷᠢᠶᠠᠬᠤ ᠬᠡᠮᠵᠢᠶ᠎ᠠ 27 ᠲᠣᠨ ᠣᠷᠴᠢᠮ᠂ ᠰᠦᠨ ᠤ ᠢᠷᠡᠯᠲᠡ ᠨᠢ ᠮᠠᠯᠴᠢᠳ ᠤᠨ ᠬᠤᠪᠢ ᠪᠠᠷ ᠢᠶᠠᠨ ᠮᠠᠯᠵᠢᠵᠤ | ᠪᠠᠶᠢᠬᠤ ᠪᠤᠶᠤ ᠪᠠᠭ᠎ᠠ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠶᠢᠨ 5000 ᠤᠷᠴᠢᠮ ᠲᠣᠯᠣᠭᠠᠶ ᠰᠠᠭᠠᠯᠢ ᠶᠢᠨ ᠦᠨᠢᠶ᠎ᠡ ᠪᠠᠷ ᠭᠤᠤᠯ ᠪᠤᠯᠭᠠᠨ᠎ᠠ᠃ | ᠤᠶᠢᠷ᠎ᠠ ᠶᠢᠨ ᠵᠢᠯ ᠠᠴᠠ ᠨᠠᠭᠠᠰᠢ᠂ ᠪᠦᠬᠦ ᠬᠤᠲᠠ ᠶᠢᠨ ᠬᠡᠪᠴᠢᠶᠡᠨ ᠳᠤ ᠨᠠᠶᠢᠵᠢ᠂ ᠪᠠᠷᠭᠤ ᠡᠵᠢ᠂ ᠢᠷᠦᠭᠡᠯ᠂ ᠮᠧᠩ ᠢ ᠶᠤᠸᠠᠨ᠂ ᠥᠭᠡᠯᠡᠳ ᠮᠠᠯᠴᠢᠨ᠂ ᠲᠠᠪᠤᠨ ᠡᠷᠳᠡᠨᠢ | ᠮᠠᠯᠵᠢᠯ ᠵᠡᠷᠭᠡ ᠤᠷᠤᠨ ᠨᠤᠲᠤᠭ ᠤᠨ ᠤᠯᠠᠮᠵᠢᠯᠠᠯᠲᠤ ᠴᠠᠭᠠᠨ ᠢᠳᠡᠭᠡᠨ ᠤ ᠲᠦᠷᠦᠯ ᠲᠡᠮᠳᠡᠭ ᠢ ᠡᠭᠦᠳᠴᠦ᠂ ᠪᠦᠲᠦᠭᠡᠭᠳᠡᠭᠦᠨ ᠤ ᠭᠠᠷᠤᠯᠲᠠ ᠶᠢᠨ ᠬᠡᠮᠵᠢᠶ᠎ᠡ ᠪᠠ | ᠪᠦᠲᠦᠭᠡᠭᠳᠡᠭᠦᠨ ᠤ ᠦᠷᠲᠡᠭ ᠵᠢᠯ ᠳᠠᠷᠠᠭᠠᠯᠠᠨ ᠳᠡᠭᠡᠭᠰᠢᠯᠡᠪᠡ᠃ ᠭᠤᠣᠯᠳᠠᠭᠤ ᠥᠷᠥᠮ᠎ᠡ᠂ ᠬᠤᠷᠤᠳ᠂ ᠠᠭᠠᠷᠤᠤᠯ ᠵᠡᠷᠭᠡ 20 ᠰᠢᠬᠠᠮ ᠵᠦᠢᠯ ᠤᠨ ᠪᠦᠲᠦᠭᠡᠭᠳᠡᠭᠦᠨ | ᠦᠢᠯᠡᠳᠪᠦᠷᠢᠯᠡᠨ᠎ᠡ᠃ ᠪᠣᠷᠣᠯᠠᠭᠤᠯᠬᠤ ᠠᠷᠭ᠎ᠠ ᠵᠠᠮ ᠨᠢ ᠥᠪᠡᠷᠲᠡᠭᠡᠨ ᠡᠵᠡᠩᠨᠡᠬᠦ ᠳᠡᠯᠭᠡᠭᠦᠷ᠂ ᠣᠷᠣᠯᠠᠨ ᠭᠦᠢᠴᠡᠳᠬᠡᠬᠦ ᠬᠤᠳᠠᠯᠳᠤᠭᠠᠴᠢᠨ᠂ ᠬᠤᠷᠰᠢᠭᠰᠠᠨ | ᠬᠤᠳᠠᠯᠳᠤᠭᠠᠨ ᠤ ᠳᠡᠯᠭᠡᠭᠦᠷ᠂ ᠸᠢᠴᠠᠲ ᠲᠠᠪᠴᠠᠩ᠂ ᠲᠤᠬᠠᠶ ᠶᠢᠨ ᠭᠠᠵᠠᠷ ᠤᠨ ᠵᠢᠵᠢᠭᠯᠡᠨ ᠬᠤᠳᠠᠯᠳᠤᠬᠤ ᠵᠡᠷᠭᠡ ᠠᠷᠭ᠎ᠠ ᠵᠠᠮ ᠪᠣᠯᠤᠨ᠎ᠠ᠃ 2019 ᠣᠨ ᠳᠤ ᠪᠥᠬᠦ | ᠬᠤᠲᠠ ᠶᠢᠨ ᠡᠯ᠎ᠡ ᠲᠥᠷᠥᠯ ᠤᠨ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠭᠠᠷᠤᠯᠲᠠ ᠶᠢᠨ ᠬᠡᠮᠵᠢᠶ᠎ᠡ 500 ᠭᠠᠷᠤᠶ ᠲᠣᠨ᠂ ᠪᠦᠲᠦᠭᠡᠭᠳᠡᠭᠦᠨ ᠤ | ᠥᠷᠲᠡᠭ 2800 ᠭᠠᠷᠤᠶ ᠲᠦᠮᠡᠨ ᠲᠥᠭᠦᠷᠢᠭ ︵ᠴᠡᠭᠡ ᠡᠳ᠋ᠰᠢᠭᠦᠯᠬᠦ ᠦᠢᠯᠡᠳᠬᠡᠯ ᠤᠨ ᠭᠠᠵᠠᠷ 3᠂ ᠢᠩᠭᠡᠨ ᠬᠤᠭᠤᠷᠮᠠᠭ ᠡᠳ᠋ᠰᠢᠭᠦᠯᠬᠦ ᠦᠢᠯᠡᠳᠬᠡᠯ ᠤᠨ ᠭᠠᠵᠠᠷ 2 | ᠪᠠᠭᠲᠠᠨ᠎ᠠ︶᠃ ᠬᠡᠪᠴᠢᠶ᠎ᠡ ᠪᠠᠷ ᠨᠡᠯᠢᠶᠡᠳ ᠶᠡᠭᠡ ᠰᠢᠭ ᠨᠢ ᠰᠢᠨ᠎ᠡ ᠪᠠᠷᠭᠤ ᠵᠡᠭᠦᠨ ᠬᠤᠰᠢᠭᠤᠨ ᠤ ᠠᠩᠭᠢᠯᠤᠮ᠎ᠠ᠂ ᠰᠢᠨ᠎ᠡ ᠪᠠᠷᠭᠤ ᠪᠠᠷᠭᠤ ᠪᠠᠷᠠᠭᠤᠨ ᠬᠤᠰᠢᠭᠤᠨ ᠤ ᠪᠠᠷᠭᠤ | ᠲᠠᠯ᠎ᠠ᠂ ᠬᠠᠭᠤᠴᠢᠨ ᠪᠠᠷᠭᠤ ᠬᠤᠰᠢᠭᠤᠨ ᠤ ᠪᠠᠶᠢᠬᠠᠯ ᠪᠣᠯᠤᠨ ᠡᠸᠡᠩᠬᠢ ᠦᠨᠳᠦᠰᠦᠳᠡᠨ ᠤ ᠥᠪᠡᠷᠲᠡᠭᠡᠨ ᠵᠠᠰᠠᠬᠤ ᠬᠤᠰᠢᠭᠤᠨ ᠤ ᠥᠭᠡᠯᠡᠳ ᠮᠠᠯᠴᠢᠨ ᠵᠡᠷᠭᠡ | ᠬᠤᠷᠰᠢᠶᠠᠵᠢᠯ ᠪᠣᠯᠤᠨ᠎ᠠ᠃ 2019 ᠣᠨ ᠳᠤ ᠮᠠᠨ ᠤ ᠬᠤᠲᠠ ᠳᠤᠮᠳᠠ ᠪᠠᠭ᠎ᠠ ᠬᠡᠪᠴᠢᠶᠡᠨ ᠤ ᠲᠡᠵᠢᠭᠡᠨ ᠦᠷᠡᠵᠢᠭᠦᠯᠬᠦ ᠲᠠᠯᠠᠪᠠᠢ ᠳᠤ ᠲᠦᠰᠢᠭᠯᠡᠨ ᠲᠥᠷᠥᠯ | ᠵᠦᠢᠯ ᠢ ᠦᠭᠡᠷᠡᠴᠢᠯᠡᠨ ᠳᠡᠭᠡᠭᠰᠢᠯᠡᠭᠦᠯᠵᠦ᠂ ᠦᠨᠳᠦᠰᠦᠲᠡᠨ ᠤ ᠣᠨᠴᠠᠯᠢᠭᠲᠤ ᠴᠠᠭᠠᠨ ᠢᠳᠡᠭᠡ ᠡᠳ᠋ᠰᠢᠭᠦᠯᠦᠨ ᠡᠵᠡᠩᠨᠡᠬᠦ ᠭᠤᠣᠯ ᠴᠣᠭᠴᠠ 6 ᠶᠢ ᠲᠤᠰᠠᠯᠠᠨ ᠲᠡᠳᠬᠦᠵᠦ᠂ | ᠨᠡᠶᠢᠲᠡ 180 ᠲᠦᠮᠡᠨ ᠲᠥᠭᠦᠷᠢᠭ ᠤᠨ ᠪᠡᠯᠡ ᠮᠥᠩᠭᠦ ᠲᠤᠰᠠᠯᠠᠪᠠ᠃ ᠡᠭᠦᠨ ᠠᠴᠠ ᠭᠠᠳᠠᠨ᠎ᠠ᠂ 2019 ᠣᠨ ᠤ ᠨᠡᠶᠢᠲᠡᠯᠡᠭᠰᠡᠨ ᠰᠦᠨ ᠤ ᠢᠷᠡᠯᠲᠡ ᠶᠢᠨ ᠰᠠᠭᠤᠷᠢᠨ | ᠭᠠᠵᠠᠷ ᠤᠨ ᠲᠤᠰᠠᠯᠠᠨ ᠳᠡᠮᠵᠢᠬᠦ ᠲᠥᠷᠥ ᠶᠢᠨ ᠪᠤᠳᠤᠯᠭ᠎ᠠ ᠳᠤ ︽ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠪᠤᠶᠤ ᠬᠡᠷ ᠪᠦᠯᠢ ᠶᠢᠨ ᠮᠠᠯᠵᠢᠯ ᠤᠨ ᠲᠠᠯᠠᠪᠠᠶ | + ᠬᠤᠷᠰᠢᠶᠠᠵᠢᠯ + ᠴᠠᠭᠠᠨ ᠢᠳᠡᠭᠡ ᠡᠳ᠋ᠰᠢᠭᠦᠯᠬᠦ ᠦᠢᠯᠡᠳᠪᠦᠷᠢ︾ ᠡᠷᠬᠢᠯᠡᠵᠤ ᠪᠠᠶᠢᠭ᠎ᠠ ᠪᠥᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠪᠦᠷᠢᠯᠡᠯ ᠤᠨ | ᠲᠤᠷᠰᠢᠯᠲᠠ ᠶᠢᠨ ᠴᠡᠭ ᠤᠨ ᠡᠵᠡᠩᠨᠡᠯᠲᠡ ᠶᠢᠨ ᠭᠤᠤᠯ ᠴᠣᠭᠴᠠ ᠳᠤ ᠨᠢᠭᠡ ᠯᠡ ᠤᠳᠠᠭ᠎ᠠ ᠳᠤ 10 ᠲᠦᠮᠡᠨ ᠲᠥᠭᠦᠷᠢᠭ ᠤᠨ ᠲᠤᠷᠰᠢᠯᠲᠠ ᠶᠢᠨ ᠴᠡᠭ ᠤᠨ ᠨᠥᠬᠦᠪᠥᠷᠢ | ᠣᠯᠭᠤᠨ᠎ᠠ ᠭᠡᠵᠦ ᠲᠤᠭᠳᠠᠭᠠᠪᠠ᠃ | 2019 ᠤᠨ ᠤ ᠮᠠᠯ ᠠᠵᠤ ᠠᠬᠤᠢ ᠶᠢᠨ ᠤᠨ ᠪᠣᠯᠲᠠᠯ᠎ᠠ᠂ ᠪᠦᠬᠦ ᠬᠤᠲᠠ ᠶᠢᠨ ᠰᠠᠭᠠᠯᠢ ᠶᠢᠨ ᠦᠨᠢᠶᠡᠨ ᠤ ᠲᠤᠭ᠎ᠠ ᠲᠤᠯᠤᠭᠠᠢ 18.8 ᠲᠦᠮᠡ ᠳᠤ ᠬᠦᠷᠴᠦ᠂ | ᠡᠭᠦᠨ ᠳᠤ ᠭᠤᠷᠪᠠᠨ ᠭᠤᠤᠯ ᠦᠬᠡᠷ ᠤᠨ ᠲᠤᠭ᠎ᠠ 8 ᠲᠦᠮᠡ ᠳᠤ ᠬᠦᠷᠴᠡᠢ᠃ ᠦᠨᠢᠶᠡᠨ ᠰᠦᠨ ᠤ ᠵᠢᠯ ᠤᠨ ᠭᠠᠷᠤᠯᠲᠠ ᠶᠢᠨ ᠬᠡᠮᠵᠢᠶ᠎ᠡ 61.77 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 10.5 % ᠪᠠᠷ ᠨᠡᠮᠡᠭᠳᠡᠪᠡ᠃ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠠᠵᠢᠯ ᠤᠯᠠᠮ ᠨᠢᠭᠡ ᠠᠯᠬᠤᠮ | ᠲᠤᠰᠬᠠᠶᠢᠵᠢᠭᠰᠠᠨ ᠪᠠ ᠴᠢᠨᠠᠷ ᠰᠠᠶᠢᠳᠠᠢ ᠵᠦᠭ ᠬᠦᠭᠵᠢᠵᠦ᠂ ᠵᠠᠷᠢᠮ ᠵᠢᠷᠤᠮᠵᠢᠯ ᠢᠶᠠᠷ ᠬᠦᠷᠦᠯᠴᠡᠬᠦ ᠦᠭᠡᠢ ᠪᠤᠶᠤ 100 ᠲᠤᠯᠤᠭᠠᠢ ᠦᠬᠡᠷ ᠠᠴᠠ ᠴᠦᠭᠡᠨ ᠲᠡᠵᠢᠭᠡᠨ | ᠦᠷᠡᠵᠢᠭᠦᠯᠵᠦ ᠪᠠᠶᠢᠭ᠎ᠠ ᠠᠵᠤ ᠠᠬᠤᠶᠢᠯᠠᠯ ᠤᠳ ᠠᠭᠠᠵᠢᠮ ᠢᠶᠠᠷ ᠰᠦᠨ ᠤ ᠢᠷᠡᠯᠲᠡ ᠶᠢᠨ ᠰᠠᠭᠤᠷᠢᠨ ᠭᠠᠵᠠᠷ ᠠᠴᠠ ᠤᠬᠤᠷᠢᠨ ᠭᠠᠷᠴᠤ᠂ ᠳᠤᠤᠷ᠎ᠠ ᠭᠠᠷᠤᠯᠳᠠᠳᠤ | ᠰᠠᠭᠠᠯᠢ ᠶᠢᠨ ᠦᠨᠢᠶ᠎ᠡ ᠶᠢ ᠰᠢᠭᠰᠢᠭᠳᠡᠭᠦᠯᠬᠦ ᠬᠤᠷᠳᠤᠴᠠ ᠶᠢ ᠲᠦᠷᠭᠡᠳᠭᠡᠪᠡ᠃ | ᠬᠤᠶᠠᠷ᠂ ᠬᠦᠭᠵᠢᠯᠳᠡ ᠶᠢᠨ ᠰᠡᠳᠬᠢᠮᠵᠢ ᠪᠠ ᠬᠠᠷᠠᠯᠳᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠰᠦ ᠰᠠᠭᠠᠯᠢ ᠶᠢᠨ ᠦᠢᠯᠡᠰ ᠢ ᠵᠤᠷᠢᠭ ᠰᠢᠭᠤᠳᠴᠤ ᠬᠦᠴᠦᠷᠬᠡᠭᠵᠢᠭᠦᠯᠦᠨ ᠰᠢᠯᠢᠳᠡᠭᠵᠢᠭᠦᠯᠬᠦ ᠲᠤᠬᠠᠢ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠦ ᠰᠠᠭᠠᠯᠢ ᠶᠢᠨ ᠦᠢᠯᠡᠰ ᠢ | ᠬᠦᠭᠵᠢᠭᠦᠯᠦᠨ ᠮᠠᠨᠳᠤᠭᠤᠯᠬᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠰᠢᠢᠳᠪᠦᠷᠢᠲᠤ ᠪᠣᠳᠣᠯᠭ᠎ᠠ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠲᠥᠷᠥ ᠶᠢᠨ ᠪᠣᠳᠣᠯᠭ᠎ᠠ ᠪᠠᠷ ᠲᠡᠳᠬᠦᠬᠦ ᠡᠷᠴᠢᠮ ᠢᠶᠠᠨ | ᠴᠢᠩᠭᠠᠷᠠᠭᠤᠯᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠮᠠᠨ ᠤ ᠬᠤᠲᠠ ᠶᠢᠨ ᠥᠪᠡᠷᠮᠢᠴᠡ ᠤᠨᠴᠠᠯᠢᠭᠲᠤ ᠪᠠᠶᠢᠭᠠᠯᠢ ᠶᠢᠨ | ᠡᠬᠢ ᠪᠠᠶᠠᠯᠢᠭ ᠲᠤ ᠲᠦᠰᠢᠭᠯᠡᠨ᠂ ᠰᠠᠶᠢᠨ ᠡᠭᠦᠯᠳᠡᠷ ᠤᠨ ᠰᠠᠭᠠᠯᠢ ᠶᠢᠨ ᠮᠠᠯ ᠪᠣᠯᠤᠨ ᠴᠢᠨᠠᠷ ᠰᠠᠶᠢᠲᠠᠶ ᠰᠦᠨ ᠤ ᠢᠷᠡᠯᠲᠡ ᠶᠢ ᠪᠤᠶᠢᠵᠢᠭᠤᠯᠵᠤ᠂ ᠲᠦᠭᠦᠬᠡᠶ ᠰᠦᠨ ᠤ | ᠭᠦᠢᠴᠡᠳ ᠬᠠᠩᠭᠠᠯᠭ᠎ᠠ ᠪᠠ ᠶᠠᠰᠤ ᠴᠢᠨᠠᠷ ᠤᠨ ᠠᠮᠤᠷ ᠲᠦᠪᠰᠢᠨ ᠢ ᠪᠠᠳᠤᠯᠠᠬᠤ ᠬᠡᠷᠡᠭᠲᠡᠶ᠃ ᠲᠡᠵᠢᠭᠡᠨ ᠦᠷᠡᠵᠢᠭᠦᠯᠬᠦ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ | ᠴᠣᠭᠴᠠᠵᠢᠭᠤᠯᠤᠭᠰᠠᠨ ᠠᠵᠤ ᠦᠢᠯᠡᠰ ᠤᠨ ᠬᠦᠭᠵᠢᠯᠳᠡ ᠶᠢᠨ ᠵᠠᠭᠪᠤᠷ ᠢ ᠢᠳᠡᠪᠬᠢᠲᠡᠶ ᠰᠦᠪᠡᠭᠴᠢᠯᠡᠨ ᠬᠡᠷᠡᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠠᠰᠢᠭ | ᠲᠤᠰᠠ ᠶᠢᠨ ᠬᠠᠮᠲᠤ ᠶᠢᠨ ᠴᠣᠭᠴᠠ ᠶᠢᠨ ᠪᠤᠢ ᠪᠤᠯᠵᠤ ᠪᠦᠷᠢᠯᠳᠦᠬᠦ ᠶᠢ ᠲᠦᠯᠬᠢᠨ ᠠᠬᠢᠭᠤᠯᠬᠤ ᠬᠡᠷᠡᠭᠲᠡᠶ᠃ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ | ᠦᠢᠯᠡᠳᠪᠦᠷᠢᠯᠡᠯ ᠡᠵᠡᠩᠨᠡᠯᠲᠡ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠪᠠᠷ ᠵᠢᠯᠤᠭᠤᠳᠤᠭᠤᠯᠵᠤ᠂ ᠦᠨᠳᠦᠰᠦᠲᠡᠨ ᠤ ᠤᠯᠠᠮᠵᠢᠯᠠᠯ ᠢ ᠪᠠᠷᠢᠮᠲᠠᠯᠠᠵᠤ᠂ ᠵᠠᠬ᠎ᠠ | ᠳᠡᠯᠭᠡᠭᠦᠷ ᠤᠨ ᠵᠢᠮ᠎ᠡ ᠶᠣᠰᠣ ᠶᠢ ᠵᠢᠷᠤᠮᠯᠠᠵᠤ᠂ ᠨᠢᠭᠡ ᠪᠦᠯᠦᠭ ᠵᠢᠵᠢᠭ ᠮᠥᠷᠲᠡᠭᠡᠨ ᠨᠠᠷᠢᠯᠢᠭ᠂ ᠵᠢᠵᠢᠭ ᠮᠥᠷᠲᠡᠭᠡᠨ ᠰᠢᠯᠢᠳᠡᠭ᠂ ᠵᠢᠵᠢᠭ ᠮᠥᠷᠲᠡᠭᠡᠨ ᠬᠦᠴᠦᠷᠬᠡᠭ | ᠦᠨᠳᠦᠰᠦᠳᠡᠨ ᠤ ᠤᠯᠠᠮᠵᠢᠯᠠᠯᠲᠤ ᠴᠠᠭᠠᠨ ᠢᠳᠡᠭᠡ ᠡᠳ᠋ᠰᠢᠭᠦᠯᠬᠦ ᠦᠢᠯᠡᠳᠬᠡᠯ ᠤᠨ ᠭᠠᠵᠠᠷ ᠢ ᠪᠤᠶᠢᠵᠢᠭᠤᠯᠵᠤ᠂ ᠨᠥᠬᠦᠴᠡᠯ ᠪᠦᠷᠢᠯᠳᠦᠭᠰᠡᠨ ᠡᠳ᠋ᠰᠢᠭᠦᠯᠬᠦ ᠦᠢᠯᠡᠳᠬᠡᠯ ᠤᠨ | ᠭᠠᠵᠠᠷ ᠢ ᠬᠥᠲᠥᠯᠥᠨ ᠵᠢᠯᠣᠭᠤᠳᠴᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠲᠠᠢ ᠠᠵᠤ ᠠᠬᠤᠶᠢᠯᠠᠯ ᠪᠣᠯᠭᠠᠨ ᠳᠡᠰ ᠳᠡᠪᠰᠢᠭᠦᠯᠦᠨ ᠳᠠᠩᠰᠠᠯᠠᠭᠤᠯᠵᠤ᠂ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠡᠮᠴᠢᠯᠡᠬᠡᠨ ᠳᠤ ᠬᠡᠷᠡᠭᠯᠡᠬᠦ ᠥᠷᠲᠡᠭ ᠢ ᠨᠡᠭᠡᠭᠡᠨ ᠬᠥᠭᠵᠢᠭᠦᠯᠵᠦ᠂ ᠰᠣᠶᠣᠯ ᠤᠨ ᠠᠭᠤᠯᠤᠭᠳᠠᠬᠤᠨ ᠢ ᠠᠭᠤᠳᠠᠯᠵᠤ᠂ | ᠣᠷᠣᠨ ᠪᠦᠰᠡ ᠶᠢᠨ ᠲᠦᠷᠦᠯ ᠲᠡᠮᠳᠡᠭ ᠢ ᠡᠭᠦᠳᠴᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠ ᠰᠦ ᠰᠠᠭᠠᠯᠢ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠳᠤ ᠪᠦᠬᠦ ᠲᠠᠯ᠎ᠠ ᠪᠠᠷ ᠬᠦᠴᠦᠨ ᠨᠡᠮᠡᠷᠢᠯᠡᠨ᠎ᠡ᠃ | ︵ᠬᠤᠶᠠᠷ︶ ᠬᠥᠭᠵᠢᠭᠦᠯᠬᠦ ᠵᠠᠷᠴᠢᠮ | 1. ᠠᠮᠢ ᠠᠬᠤᠢ ᠶᠢ ᠤᠷᠢᠳ ᠢᠶᠠᠷ ᠪᠣᠳᠣᠯᠬᠢᠯᠠᠨ᠂ ᠪᠣᠬᠢᠷᠲᠤᠯ ᠦᠭᠡᠢ ᠬᠥᠭᠵᠢᠭᠦᠯᠦᠨ᠎ᠡ᠃ ᠠᠮᠢ ᠠᠬᠤᠶ ᠶᠢ ᠤᠷᠢᠳ ᠢᠶᠠᠷ ᠪᠤᠳᠤᠯᠬᠢᠯᠠᠨ᠂ ᠪᠣᠬᠢᠷᠲᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠪᠠ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠥᠭᠵᠢᠭᠦᠯᠬᠦ ᠪᠠᠷ ᠤᠳᠤᠷᠢᠳᠤᠮᠵᠢ ᠪᠣᠯᠭᠠᠵᠤ᠂ ᠪᠣᠬᠢᠷᠲᠤᠯ ᠥᠬᠡᠶ᠂ | ᠠᠮᠢ ᠠᠬᠤᠶ ᠶᠢᠨ ᠣᠨᠣᠯᠵᠢᠬᠤᠨ ᠢ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠦᠢᠯᠡᠳᠪᠦᠷᠢᠯᠡᠯ᠂ ᠡᠳ᠋ᠰᠢᠭᠦᠯᠦᠯᠲᠡ᠂ ᠪᠣᠷᠣᠯᠠᠭᠤᠯᠤᠯᠲᠠ ᠶᠢᠨ ᠪᠥᠬᠦ | ᠰᠢᠰᠲ᠋ᠧᠮ᠂ ᠪᠥᠬᠦ ᠬᠡᠯᠬᠢᠶᠡᠨ ᠳᠤ ᠦᠨᠡᠨᠬᠦ ᠲᠤᠭᠤᠰᠢᠯᠠᠭᠤᠯᠵᠤ᠂ ᠦᠨᠳᠦᠰᠦᠲᠡᠨ ᠤ ᠴᠠᠭᠠᠨ ᠢᠳᠡᠭᠡᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ | ᠬᠦᠴᠦ ᠪᠠᠷ ᠢᠶᠠᠨ ᠠᠬᠢᠭᠤᠯᠤᠨ᠎ᠠ᠃ | 2. ᠵᠣᠬᠢᠰᠲᠠᠶ ᠬᠡᠪᠴᠢᠶᠡᠵᠢᠭᠦᠯᠦᠨ᠂ ᠠᠭᠤᠰᠤᠯᠴᠠᠭᠤᠯᠤᠨ ᠬᠥᠭᠵᠢᠭᠦᠯᠦᠨ᠎ᠡ᠃ ᠭᠤᠤᠯᠳᠠᠯᠭ᠎ᠠ ᠲᠠᠢ ᠠᠵᠤ ᠠᠬᠤᠶᠢᠯᠠᠯ᠂ ᠲᠣᠮᠣ ᠬᠡᠯᠪᠡᠷᠢ ᠶᠢᠨ ᠮᠠᠯᠵᠢᠬᠤ ᠡᠷᠦᠬᠡ᠂ | ᠲᠣᠰᠬᠤᠨ ︵ᠭᠠᠴᠠᠭ᠎ᠠ︶ ᠤ ᠬᠠᠮᠲᠤ ᠶᠢᠨ ᠠᠵᠤ ᠠᠬᠤᠶ᠂ ᠮᠠᠯᠴᠢᠳ ᠤᠨ ᠲᠤᠰᠬᠠᠶ ᠬᠤᠷᠰᠢᠶᠠᠵᠢᠯ ᠤᠨ ᠭᠦᠲᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ | ᠲᠡᠵᠢᠭᠡᠨ ᠦᠷᠡᠵᠢᠭᠦᠯᠬᠦ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ | ᠡᠵᠡᠩᠨᠡᠯᠲᠡ ᠶᠢᠨ ᠵᠠᠭᠪᠤᠷ ᠡᠭᠦᠳᠬᠦ ᠶᠢ ᠳᠠᠮᠵᠢᠵᠤ᠂ ᠳᠡᠭᠡᠳᠤ ᠳᠣᠣᠷᠠᠳᠤ ᠬᠡᠯᠬᠢᠶ᠎ᠡ ᠶᠢᠨ ᠠᠵᠤ ᠦᠢᠯᠡᠰ ᠤᠨ ᠠᠰᠢᠭ ᠲᠤᠰᠠ ᠶᠢᠨ ᠬᠤᠯᠪᠣᠭᠠᠰᠤ ᠶᠢ ᠪᠦᠷᠢᠯᠳᠦᠭᠦᠯᠵᠤ᠂ | ᠠᠵᠤ ᠦᠢᠯᠡᠰ ᠤᠨ ᠬᠠᠩᠭᠠᠯᠭ᠎ᠠ ᠶᠢᠨ ᠬᠡᠯᠬᠢᠶᠡᠰᠤ ᠶᠢ ᠲᠤᠭᠳᠠᠪᠤᠷᠢᠵᠢᠭᠤᠯᠤᠨ ᠪᠠᠬᠢᠵᠢᠭᠦᠯᠵᠦ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ | ᠦᠢᠯᠡᠰ ᠤᠨ ᠵᠣᠬᠢᠴᠠᠩᠭᠤᠶ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠤᠨ᠎ᠠ᠃ | 3. ᠣᠨᠴᠠᠯᠢᠭ ᠢᠶᠠᠷ ᠬᠥᠲᠥᠯᠥᠨ ᠳᠠᠭᠠᠭᠤᠯᠵᠤ᠂ ᠳᠡᠭᠡᠳᠤ ᠵᠡᠷᠬᠡᠯᠡᠯ ᠲᠡᠰᠢ ᠬᠦᠭᠵᠢᠬᠦᠯᠦᠨ᠎ᠡ᠃ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠶᠢ | ᠴᠢᠩᠭᠠᠳᠬᠠᠵᠤ᠂ ᠰᠢᠯᠢᠳᠡᠭ ᠴᠢᠨᠠᠷᠳᠠᠢ ᠰᠦᠨ ᠤ ᠢᠷᠡᠯᠲᠡ ᠶᠢ ᠪᠤᠶᠢᠵᠢᠭᠤᠯᠵᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠢ ᠰᠤᠳᠤᠯᠤᠨ ᠨᠡᠭᠡᠭᠡᠵᠦ | ᠬᠡᠷᠡᠭᠯᠡᠬᠦ ᠶᠢ ᠠᠬᠢᠭᠤᠯᠵᠤ᠂ ᠦᠢᠯᠡᠳᠬᠦᠨ ᠤ ᠪᠦᠲᠦᠴᠡ ᠶᠢ ᠰᠢᠯᠢᠳᠡᠭᠵᠢᠭᠦᠯᠦᠨ᠂ ︽ᠲᠤᠰᠬᠠᠶ ᠨᠠᠷᠢᠯᠢᠭ ᠣᠨᠴᠠ ᠰᠢᠨ᠎ᠡ︾ ᠦᠨᠳᠦᠰᠦᠲᠡᠨ ᠤ ᠤᠯᠠᠮᠵᠢᠯᠠᠯᠲᠤ ᠴᠠᠭᠠᠨ | ᠢᠳᠡᠭᠡᠨ ᠤ ᠲᠤᠷᠰᠢᠯᠲᠠ ᠶᠢᠨ ᠴᠡᠭ ᠤᠨ ᠵᠢᠱᠢᠶ᠎ᠠ ᠦᠵᠡᠭᠦᠯᠬᠦ ᠠᠵᠤ ᠠᠬᠤᠶᠢᠯᠠᠯ ᠢ ᠪᠤᠶᠢᠵᠢᠭᠤᠯᠵᠤ᠂ ᠠᠵᠢᠯ ᠲᠥᠷᠥᠯ ᠤᠨ ᠴᠢᠨᠠᠷ ᠰᠠᠶᠢᠲᠠᠶ᠂ ᠥᠨᠳᠥᠷ ᠬᠢᠷᠢ | ᠲᠦᠪᠰᠢᠨ ᠪᠦᠬᠦᠢ ᠬᠥᠭᠵᠢᠯᠲᠡ ᠶᠢ ᠳᠠᠶᠢᠴᠢᠯᠠᠨ ᠳᠠᠭᠠᠭᠤᠯᠤᠨ᠎ᠠ᠃ | 4. ᠪᠠᠷᠢᠮᠵᠢᠶᠠᠲᠤ ᠵᠢᠷᠤᠮᠵᠢᠯ ᠢᠶᠠᠷ᠂ ᠴᠢᠨᠠᠷ ᠰᠠᠶᠢᠲᠠᠶ ᠬᠥᠭᠵᠢᠭᠦᠯᠦᠨ᠎ᠡ᠃ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ᠂ ᠰᠠᠶᠢᠨ ᠡᠭᠦᠯᠳᠡᠷ ᠢ ᠦᠷᠡᠵᠢᠭᠦᠯᠦᠨ | ᠪᠤᠶᠢᠵᠢᠭᠤᠯᠬᠤ᠂ ᠲᠡᠵᠢᠭᠡᠯ ᠡᠪᠡᠰᠦ ᠲᠠᠷᠢᠵᠤ ᠤᠷᠭᠤᠭᠤᠯᠬᠤ᠂ ᠦᠢᠯᠡᠳᠪᠦᠷᠢᠯᠡᠵᠦ ᠡᠳ᠋ᠰᠢᠭᠦᠯᠬᠦ ᠶᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠪᠠᠷᠢᠮᠵᠢᠶᠠᠳᠤ | ᠰᠢᠰᠲ᠋ᠧᠮ ᠢ ᠪᠠᠶᠢᠭᠤᠯᠵᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠪᠠᠷᠢᠮᠵᠢᠶᠠᠵᠢᠭᠰᠠᠨ᠂ ᠵᠢᠷᠤᠮᠵᠢᠭᠰᠠᠨ᠂ ᠡᠷᠴᠢᠮᠵᠢᠭᠰᠡᠨ ᠬᠦᠭᠵᠢᠯᠳᠡ ᠶᠢ ᠠᠬᠢᠭᠤᠯᠤᠨ᠎ᠠ᠃ | ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠶᠢ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠵᠦ᠂ ᠠᠵᠤ | ᠠᠬᠤᠶᠢᠯᠠᠯ ᠤᠨ ᠬᠠᠤᠯᠢ ᠶᠣᠰᠣᠭᠠᠷ ᠨᠡᠩ ᠴᠢᠩᠭ᠎ᠠ ᠨᠢᠮᠪᠠᠢ ᠢᠳᠡᠭᠡᠨ ᠤ ᠠᠮᠤᠷ ᠲᠦᠪᠰᠢᠨ ᠤ ᠠᠵᠤ ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠬᠤ ᠶᠢ | ᠵᠣᠷᠢᠭᠵᠢᠭᠤᠯᠤᠨ ᠳᠡᠮᠵᠢᠵᠦ᠂ ᠦᠢᠯᠡᠳᠬᠦᠨ ᠤ ᠤ ᠶᠠᠰᠤ ᠴᠢᠨᠠᠷ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠲᠠᠰᠤᠷᠠᠯᠲᠠ ᠤᠢᠭᠡᠢ ᠳᠡᠭᠡᠭᠰᠢᠯᠡᠬᠦᠯᠵᠦ᠂ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | 5. ᠤᠯᠠᠮᠵᠢᠯᠠᠯ ᠢ ᠵᠠᠯᠭᠠᠮᠵᠢᠯᠠᠵᠤ᠂ ᠰᠢᠨ᠎ᠡ ᠶᠢ ᠡᠭᠦᠳᠦᠨ ᠬᠦᠭᠵᠢᠬᠦᠯᠦᠨ᠎ᠡ᠃ ᠦᠨᠳᠦᠰᠦᠲᠡᠨ ᠤ ᠤᠯᠠᠮᠵᠢᠯᠠᠯ ᠢ ᠪᠠᠷᠢᠮᠲᠠᠯᠠᠬᠤ ᠮᠥᠷᠲᠡᠭᠡᠨ ᠵᠠᠬ᠎ᠠ ᠳᠡᠯᠭᠡᠭᠦᠷ ᠤᠨ | ᠵᠢᠮ᠎ᠡ ᠶᠣᠰᠣ ᠶᠢ ᠵᠢᠷᠤᠮᠯᠠᠵᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠪᠣᠳᠠᠰ ᠤᠨ ᠪᠤᠰᠤ ᠰᠣᠶᠣᠯ ᠤᠨ ᠦᠪ ᠤᠨ ᠲᠥᠯᠥᠭᠡᠯᠡᠬᠦ ᠴᠢᠨᠠᠷᠲᠠᠶ | ᠤᠯᠠᠮᠵᠢᠯᠠᠭᠴᠢ ᠶᠢᠨ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠣᠶᠣᠯ ᠤᠨ ᠠᠭᠤᠯᠤᠭᠳᠠᠬᠤᠨ ᠪᠣᠯᠤᠨ ᠤᠯᠠᠮᠵᠢᠯᠠᠯᠲᠤ | ᠤᠷ᠎ᠠ ᠮᠡᠷᠭᠡᠰᠢᠯ ᠢ ᠠᠭᠤᠳᠠᠯᠵᠤ᠂ ᠤᠬᠠᠭᠤᠯᠭ᠎ᠠ ᠪᠣᠯᠤᠨ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ ᠨᠡᠩ ᠣᠯᠠᠨ ᠭᠡᠷ ᠪᠦᠯᠢ ᠶᠢᠨ ᠦᠢᠯᠡᠳᠬᠡᠯ ᠤᠨ | ᠭᠠᠵᠠᠷ ᠤᠨ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠦᠢᠯᠡᠳᠪᠦᠷᠢᠯᠡᠨ ᠡᠵᠡᠩᠨᠡᠭᠴᠢᠳ ᠲᠤ ᠲᠦᠭᠡᠭᠡᠨ ᠳᠡᠯᠭᠡᠷᠡᠭᠦᠯᠵᠦ ᠳᠡᠳᠡᠨ ᠢ ᠳᠠᠶᠢᠴᠢᠯᠠᠨ | ᠳᠠᠭᠠᠭᠤᠯᠬᠤ ᠬᠡᠷᠡᠭᠲᠡᠶ᠃ ᠠᠳᠠᠯᠢ ᠪᠤᠰᠤ ᠬᠡᠷᠡᠭᠯᠡᠭᠴᠢᠳ ᠤᠨ ᠬᠠᠮᠳᠤᠯᠢᠭ ᠪᠠ ᠬᠡᠷᠡᠭᠯᠡᠭᠡᠨ ᠤ ᠭᠠᠵᠠᠷ ᠣᠷᠣᠨ ᠤ ᠵᠥᠷᠢᠶ᠎ᠡ ᠳᠤ ᠴᠢᠭᠯᠡᠭᠦᠯᠦᠨ᠂ ᠰᠢᠨ᠎ᠡ ᠪᠦᠲᠦᠭᠡᠭᠳᠡᠭᠦᠨ | ᠪᠣᠯᠤᠨ ᠦᠨᠦᠷ ᠠᠮᠲᠠ ᠶᠢ ᠰᠤᠳᠤᠯᠤᠨ ᠨᠡᠭᠡᠭᠡᠵᠦ᠂ ᠪᠦᠲᠦᠭᠡᠭᠳᠡᠭᠦᠨ ᠤ ᠲᠥᠷᠥᠯ ᠵᠦᠢᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠵᠠᠬ᠎ᠠ ᠳᠡᠯᠭᠡᠭᠦᠷ ᠤᠨ ᠣᠷᠣᠨ | ᠵᠠᠶ ᠶᠢ ᠥᠷᠭᠡᠳᠬᠡᠨ᠎ᠡ᠃ | ︵ᠭᠤᠷᠪᠠ︶ ᠬᠥᠭᠵᠢᠭᠦᠯᠬᠦ ᠬᠠᠷᠠᠯᠲᠠ | ᠭᠤᠷᠪᠠᠨ ᠵᠢᠯ ᠣᠷᠴᠢᠮ ᠤᠨ ᠴᠠᠭ ᠢ ᠬᠡᠷᠡᠭᠰᠡᠨ᠂ ᠪᠦᠬᠦ ᠬᠤᠲᠠ ᠶᠢᠨ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡ ᠡᠳ᠋ᠰᠢᠭᠦᠯᠬᠦ ᠭᠤᠣᠯ ᠴᠣᠭᠴᠠ ᠶᠢ | 100 ᠠᠴᠠ ᠳᠡᠭᠡᠭᠰᠢ ᠳᠤ ᠬᠦᠷᠭᠡᠵᠦ᠂ ᠪᠦᠲᠦᠭᠡᠭᠳᠡᠬᠦᠨ ᠤ ᠵᠢᠯ ᠤᠨ ᠭᠠᠷᠤᠯᠲᠠ ᠶᠢᠨ ᠬᠡᠮᠵᠢᠶ᠎ᠡ ᠶᠢ 2000 ᠲᠣᠨ ᠳᠤ ᠬᠦᠷᠭᠡᠬᠦ ᠪᠠᠷ ᠴᠢᠷᠮᠠᠶᠢᠨ᠎ᠠ᠃ ᠡᠭᠦᠨ ᠳᠤ᠂ | ᠢᠳᠡᠭᠡᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢᠶᠠᠷ ᠬᠡᠷᠡᠴᠢᠯᠡᠭᠳᠡᠭᠰᠡᠨ ᠠᠵᠤ ᠠᠬᠤᠶᠢᠯᠠᠯ 8 ᠡᠷᠦᠬᠡ᠂ ᠪᠦᠲᠦᠭᠡᠭᠳᠡᠭᠦᠨ ᠤ ᠦᠷᠲᠡᠭ ᠨᠢ 500 ᠲᠦᠮᠡᠨ | ᠲᠦᠬᠦᠷᠢᠭ ᠠᠴᠠ ᠳᠠᠪᠠᠭᠰᠠᠨ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡ ᠡᠳ᠋ᠰᠢᠭᠦᠯᠬᠦ ᠠᠵᠤ ᠠᠬᠤᠶᠢᠯᠠᠯ ᠢ 1 — 3 ᠡᠷᠦᠭᠡ ᠪᠠᠶᠢᠭᠤᠯᠵᠤ᠂ ᠮᠠᠯᠵᠢᠬᠤ | ᠳᠥᠷᠪᠡᠨ ᠬᠤᠰᠢᠭᠤ ᠨᠢᠭᠡᠪᠦᠷᠢ ᠪᠠᠷᠢᠮᠵᠢᠶᠠᠵᠢᠭᠰᠠᠨ᠂ ᠦᠢᠯᠡᠳᠬᠦᠨ ᠤ ᠶᠠᠰᠤ ᠴᠢᠨᠠᠷ ᠰᠢᠯᠢᠳᠡᠭ᠂ ᠡᠵᠡᠩᠨᠡᠯᠳᠡ ᠶᠢᠨ ᠬᠡᠪᠴᠢᠶ᠎ᠡ ᠶᠡᠭᠡ᠂ ᠵᠠᠬ᠎ᠠ ᠳᠡᠯᠭᠡᠭᠦᠷ ᠤᠨ ᠡᠵᠡᠯᠡᠬᠦ | ᠬᠠᠷᠢᠴᠠᠯ ᠥᠨᠳᠥᠷ᠂ ᠦᠢᠯᠡᠳᠬᠦᠨ ᠤ ᠥᠷᠲᠡᠭ ᠨᠢ 300 ᠲᠦᠮᠡᠨ ᠲᠥᠭᠦᠷᠢᠭ ᠢ ᠳᠠᠪᠠᠭᠰᠠᠨ ᠡᠵᠡᠩᠨᠡᠯᠲᠡ ᠶᠢᠨ ᠭᠤᠤᠯ ᠴᠣᠭᠴᠠ ᠶᠢ 1 — 2 ᠡᠷᠦᠬᠡ᠂ | ᠡᠵᠡᠩᠨᠡᠯᠲᠡ ᠶᠢᠨ ᠬᠡᠪᠴᠢᠶ᠎ᠡ ᠨᠢ 100 ᠲᠦᠮᠡᠨ ᠲᠥᠭᠦᠷᠢᠭ ᠣᠷᠴᠢᠮ ᠤᠨ ᠡᠵᠡᠩᠨᠡᠯᠲᠡ ᠶᠢᠨ ᠭᠤᠤᠯ ᠴᠣᠭᠴᠠ ᠶᠢ 5 — 10 ᠡᠷᠦᠬᠡ ᠡᠭᠦᠳᠦᠨ᠎ᠡ᠃ ᠬᠤᠲᠠ | ᠪᠤᠶᠤ ᠨᠡᠯᠢᠶᠡᠳ ᠶᠡᠭᠡ ᠰᠢᠶᠠᠩ ᠪᠠᠯᠭᠠᠰᠤᠨ ᠳᠤ ᠬᠡᠲᠦ ᠳᠡᠯᠭᠡᠭᠦᠷ ᠤᠨ ᠲᠤᠰᠬᠠᠶ ᠯᠠᠩᠭᠦᠶ 10 ᠡᠷᠦᠬᠡ ᠠᠴᠠ ᠳᠡᠭᠡᠭᠰᠢ᠂ ᠦᠵᠡᠮᠵᠢ ᠶᠢᠨ ᠣᠷᠣᠨ ᠦᠵᠡᠮᠵᠢ ᠶᠢᠨ | ᠭᠠᠵᠠᠷ ᠲᠤ ᠲᠤᠰᠬᠠᠶ ᠬᠤᠳᠠᠯᠳᠤᠭᠠᠨ ᠤ ᠲᠠᠯᠠᠪᠤᠷ ᠢ 8 ᠡᠷᠦᠬᠡ ᠠᠴᠠ ᠳᠡᠭᠡᠭᠰᠢ ᠪᠠᠶᠢᠭᠤᠯᠤᠨ᠎ᠠ᠃ ᠦᠨᠳᠦᠰᠦᠲᠡᠨ ᠤ ᠴᠠᠭᠠᠨ ᠢᠳᠡᠭᠡᠨ ᠤ ᠡᠯ᠎ᠡ ᠲᠥᠷᠥᠯ ᠤᠨ | ᠦᠢᠯᠡᠳᠪᠦᠷᠢᠯᠡᠯ ᠤᠨ ᠭᠤᠤᠯ ᠴᠣᠭᠴᠠ ᠳᠤ ᠲᠤᠰᠬᠠᠶ ᠦᠢᠯᠡᠴᠢᠯᠡᠬᠦ ᠰᠢᠯᠭᠠᠨ ᠪᠠᠶᠢᠴᠠᠭᠠᠬᠤ ᠲᠠᠰᠤᠭ ︵ᠠᠵᠤ ᠠᠬᠤᠶᠢᠯᠠᠯ ᠤᠨ ᠲᠤᠷᠰᠢᠯᠲᠠ ᠶᠢᠨ ᠲᠠᠰᠤᠭ ᠪᠣᠯᠤᠨ | ᠲᠥᠪ ᠲᠤᠷᠰᠢᠯᠲᠠ ᠶᠢᠨ ᠲᠠᠰᠤᠭ︶ ᠢ 10 ᠪᠠᠶᠢᠭᠤᠯᠵᠤ᠂ ᠡᠭᠦᠨ ᠳᠤ ᠬᠤᠰᠢᠭᠤ ᠬᠤᠲᠠ ᠲᠣᠭᠤᠷᠢᠭ ᠤᠨ ᠲᠡᠰ ᠤᠨ ᠲᠥᠪ ᠰᠢᠯᠭᠠᠨ ᠪᠠᠶᠢᠴᠠᠭᠠᠬᠤ ᠲᠠᠰᠤᠭ 3 | ᠪᠠᠶᠢᠵᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠪᠣᠯᠤᠨ ᠡᠳ᠋ᠰᠢᠭᠦᠯᠬᠦ ᠦᠢᠯᠡᠳᠬᠡᠯ ᠤᠨ ᠭᠠᠵᠠᠷ ᠲᠤ ᠲᠦᠭᠦᠬᠡᠢ | ᠰᠦ ᠶᠢ ᠲᠦᠷᠭᠡᠨ ᠰᠢᠯᠭᠠᠨ ᠬᠡᠮᠵᠢᠬᠦ ᠲᠥᠬᠦᠭᠡᠷᠦᠮᠵᠢ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ ︵ᠡᠯ᠎ᠡ ᠭᠠᠵᠠᠷ ᠣᠷᠣᠨ ᠤ ᠬᠦᠭᠵᠢᠭᠦᠯᠬᠦ ᠬᠠᠷᠠᠯᠲᠠ ᠶᠢ | ᠳᠠᠭᠠᠯᠳᠤᠭᠤᠯᠤᠯ ᠬᠦᠰᠦᠨᠦᠭᠲᠦ ᠳᠤ ᠦᠵᠡ︶᠃ | ᠭᠤᠷᠪᠠ᠂ ᠣᠷᠣᠨ ᠵᠠᠶ ᠵᠢᠴᠢ ᠪᠦᠲᠦᠭᠡᠭᠳᠡᠭᠦᠨ ᠤ ᠪᠠᠶᠢᠷᠢᠯᠠᠭᠤᠯᠤᠯᠲᠠ | ᠮᠠᠯᠵᠢᠬᠤ ᠣᠷᠣᠨ ᠤ ᠡᠯ᠎ᠡ ᠭᠠᠵᠠᠷ ᠤᠨ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠬᠥᠭᠵᠢᠯᠲᠡ ᠶᠢᠨ ᠣᠳᠣᠬᠢ ᠪᠠᠶᠢᠳᠠᠯ ᠢ ᠶᠡᠷᠦᠩᠬᠡᠶᠢᠯᠡᠨ | ᠪᠣᠳᠣᠯᠬᠢᠯᠠᠵᠤ᠂ ᠳᠣᠤᠷᠠᠬᠢ ᠮᠡᠲᠦ ᠬᠥᠭᠵᠢᠯᠲᠡ ᠶᠢᠨ ᠪᠠᠶᠢᠷᠢᠯᠠᠭᠤᠯᠤᠯᠲᠠ ᠶᠢ ᠲᠤᠭᠳᠠᠭᠠᠪᠠ᠃ | ᠬᠦᠭᠵᠢᠯᠳᠡ ᠶᠢᠨ ᠣᠷᠣᠨ ᠪᠦᠰᠡ᠄ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠡᠭᠦᠨ | ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ ᠵᠢᠴᠢ ᠬᠥᠯᠥᠨ ᠪᠤᠶᠢᠷ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠬᠡᠰᠡᠭ ᠲᠠᠷᠢᠶᠠᠯᠠᠩ ᠮᠠᠯᠵᠢᠯ ᠤᠨ ᠲᠠᠯᠠᠪᠠᠢ᠃ | | ᠭᠤᠤᠯᠳᠠᠯᠭ᠎ᠠ ᠲᠠᠢ ᠰᠢᠶᠠᠩ ᠪᠠᠯᠭᠠᠰᠤ᠄ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠪᠠᠶᠠᠨᠲᠣᠬᠤᠶ ᠪᠠᠯᠭᠠᠰᠤ᠂ ᠢᠮᠢᠨ ᠰᠤᠮᠤ᠂ ᠬᠤᠶ | ᠰᠤᠮᠤ᠂ ᠳ᠋ᠠ ᠶᠠᠨ ᠪᠠᠯᠭᠠᠰᠤ︔ ᠬᠠᠭᠤᠴᠢᠨ ᠪᠠᠷᠭᠤ ᠬᠤᠰᠢᠭᠤᠨ ᠤ ᠪᠠᠶᠠᠨᠬᠦ᠋ᠷᠢᠶ᠎ᠠ ᠪᠠᠯᠭᠠᠰᠤ᠂ ᠵᠡᠭᠦᠨ ᠦᠵᠦᠭᠦᠷ ᠰᠤᠮᠤ᠂ ᠡᠸᠡᠩᠬᠢ ᠰᠤᠮᠤ᠂ ᠪᠠᠶᠠᠨᠬᠠᠳᠠ ᠰᠤᠮᠤ᠂ ᠪᠠᠷᠠᠭᠤᠨ | ᠦᠵᠦᠭᠦᠷ ᠰᠤᠮᠤ︔ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤ᠂ ᠴᠠᠭᠠᠨ ᠪᠠᠯᠭᠠᠰᠤ᠂ ᠵᠢᠪᠬᠤᠯᠠᠩᠲᠤ ᠰᠤᠮᠤ᠂ ᠦᠪᠦᠷᠪᠤᠯᠠᠭ ᠰᠤᠮᠤ ᠪᠠ ᠭᠠᠨᠵᠤᠤᠷ | ᠰᠤᠮᠤ︔ ᠰᠢᠨ᠎ᠡ ᠪᠠᠷᠭᠤ ᠪᠠᠷᠠᠭᠤᠨ ᠬᠤᠰᠢᠭᠤᠨ ᠤ ᠠᠯᠳᠠᠬᠮᠡᠭᠡᠯ ᠪᠠᠯᠭᠠᠰᠤ᠂ ᠬᠡᠷᠦᠯᠦᠨ ᠰᠤᠮᠤ᠂ ᠪᠤᠭᠳ᠋ᠬᠠᠭᠤᠯᠠ ᠰᠤᠮᠤ᠂ ᠪᠤᠶᠢᠷ ᠰᠤᠮᠤ︔ ᠬᠥᠯᠥᠨ ᠪᠤᠶᠢᠷ ᠤᠨ ᠠᠲᠠᠷ | ᠬᠠᠭᠠᠯᠪᠤᠷᠢᠯᠠᠯᠲᠠ ᠶᠢᠨ ᠪᠦᠯᠦᠭᠯᠡᠯ ᠤᠨ ᠰᠢᠷᠠᠲᠠᠯ᠎ᠠ ᠲᠠᠷᠢᠶᠠᠯᠠᠩ ᠮᠠᠯᠵᠢᠯ ᠤᠨ ᠳᠠᠯᠠᠪᠠᠢ᠃ | ᠪᠦᠲᠦᠭᠡᠭᠳᠡᠭᠦᠨ ᠤ ᠪᠠᠶᠢᠷᠢᠯᠠᠭᠤᠯᠤᠯᠲᠠ᠄ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠦᠨᠢᠶᠡᠨ ᠰᠦ᠂ ᠢᠮᠠᠭᠠᠨ ᠰᠦ᠂ ᠴᠡᠭᠡ᠂ ᠢᠩᠭᠡᠨ | ᠬᠤᠭᠤᠷᠮᠠᠭ ᠵᠡᠷᠭᠡ ᠴᠠᠭᠠᠨ ᠢᠳᠡᠭᠡ ᠶᠢ ᠭᠤᠣᠯᠳᠠᠯᠭ᠎ᠠ ᠲᠠᠢ ᠬᠥᠭᠵᠢᠭᠦᠯᠵᠦ᠂ ᠬᠠᠭᠤᠴᠢᠨ ᠪᠠᠷᠭᠤ ᠬᠤᠰᠢᠭᠤ ᠦᠨᠢᠶᠡᠨ ᠰᠦ᠂ ᠴᠡᠭᠡ᠂ ᠢᠩᠭᠡᠨ ᠬᠤᠭᠤᠷᠮᠠᠭ ᠪᠠ | ᠧᠦ᠋ᠷᠣᠫᠠ ᠮᠠᠶ᠋ᠢᠭ ᠤᠨ ᠠᠮᠲᠠᠲᠤ ᠪᠢᠰᠢᠯᠠᠭ ᠢ ᠭᠤᠤᠯᠳᠠᠯᠭ᠎ᠠ ᠲᠠᠢ ᠬᠥᠭᠵᠢᠭᠦᠯᠵᠦ᠂ ᠰᠢᠨ᠎ᠡ ᠪᠠᠷᠭᠤ ᠵᠡᠭᠦᠨ ᠬᠤᠰᠢᠭᠤ ᠦᠨᠢᠶᠡᠨ ᠰᠦ᠂ ᠴᠡᠭᠡ᠂ ᠢᠩᠭᠡᠨ ᠬᠤᠭᠤᠷᠮᠠᠭ ᠢ | ᠭᠤᠤᠯᠳᠠᠯᠭ᠎ᠠ ᠲᠠᠢ ᠬᠥᠭᠵᠢᠭᠦᠯᠵᠦ᠂ ᠰᠢᠨ᠎ᠡ ᠪᠠᠷᠭᠤ ᠪᠠᠷᠠᠭᠤᠨ ᠬᠤᠰᠢᠭᠤ ᠦᠨᠢᠶᠡᠨ ᠰᠦ᠂ ᠴᠡᠭᠡ ᠶᠢ ᠭᠤᠣᠯᠳᠠᠯᠭ᠎ᠠ ᠲᠠᠢ ᠬᠦᠭᠵᠢᠭᠦᠯᠵᠦ᠂ ᠰᠢᠷᠠᠲᠠᠯ᠎ᠠ ᠲᠠᠷᠢᠶᠠᠯᠠᠩ | ᠮᠠᠯᠵᠢᠯ ᠤᠨ ᠲᠠᠯᠠᠪᠠᠢ ᠧᠦ᠋ᠷᠣᠫᠠ ᠮᠠᠶ᠋ᠢᠭ ᠤᠨ ᠠᠮᠲᠠᠳᠤ ᠪᠢᠰᠢᠯᠠᠭ ᠢ ᠭᠤᠣᠯᠳᠠᠯᠭ᠎ᠠ ᠲᠠᠢ ᠬᠥᠭᠵᠢᠭᠦᠯᠦᠨ᠎ᠡ᠃ | |