ᠳᠦᠷᠪᠡ᠂ ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠡᠭᠦᠷᠭᠡ | ︵ᠨᠢᠭᠡ︶ ᠰᠦᠨ ᠤ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ | ᠨᠢᠭᠡ ᠳᠤ᠂ ᠭᠤᠷᠪᠠᠨ ᠭᠤᠤᠯ ᠦᠬᠡᠷ ᠤᠨ ᠲᠥᠷᠥᠯ ᠵᠦᠢᠯ ᠤᠨ ᠳᠠᠪᠠᠭᠤᠯᠢᠭ ᠢ ᠳᠣᠪᠤᠶᠢᠯᠭᠠᠨ᠎ᠠ᠃ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ | ᠰᠦᠨ ᠤ ᠢᠷᠡᠯᠲᠡ ᠶᠢᠨ ᠰᠠᠭᠤᠷᠢᠨ ᠭᠠᠵᠠᠷ ᠤᠨ ᠠᠷᠠᠴᠢᠯᠠᠨ ᠲᠡᠵᠢᠭᠡᠬᠦ ᠲᠥᠷᠥᠯ ᠵᠦᠢᠯ ᠢ ᠭᠤᠷᠪᠠᠨ ᠭᠤᠤᠯ ᠦᠬᠡᠷ ᠢᠶᠠᠷ ᠭᠤᠤᠯ ᠪᠣᠯᠭᠠᠨ᠎ᠠ᠃ ᠡᠯ᠎ᠡ ᠭᠠᠵᠠᠷ ᠤᠨ ᠬᠢᠨ | ᠵᠣᠬᠢᠬᠤ ᠬᠡᠪᠴᠢᠶᠡᠵᠢᠭᠰᠡᠨ ᠭᠤᠷᠪᠠᠨ ᠭᠤᠤᠯ ᠦᠬᠡᠷ ᠲᠡᠵᠢᠭᠡᠨ ᠦᠷᠡᠵᠢᠭᠦᠯᠬᠦ ᠡᠷᠦᠬᠡ ᠶᠢ ᠭᠤᠣᠯᠳᠠᠯᠭ᠎ᠠ ᠲᠠᠢ ᠰᠣᠩᠭᠤᠨ᠂ ᠭᠠᠷ ᠬᠡᠬᠡᠯᠳᠦᠭᠦᠯᠭᠡ ᠪᠠᠷ ᠦᠷ᠎ᠡ | ᠲᠣᠭᠲᠠᠭᠠᠬᠤ ᠭᠤᠤᠯ ᠠᠷᠭ᠎ᠠ ᠪᠠᠷᠢᠯ ᠪᠣᠯᠭᠠᠵᠤ᠂ ᠴᠢᠨᠠᠷ ᠰᠠᠶᠢᠲᠠᠶ ᠭᠤᠷᠪᠠᠨ ᠭᠤᠤᠯ ᠦᠬᠡᠷ ᠤᠨ ᠢᠴᠡᠭᠡᠯ ᠦᠷ᠎ᠡ ᠪᠠ ᠭᠠᠷ ᠬᠡᠭᠡᠯᠲᠦᠭᠦᠯᠭᠡ ᠶᠢᠨ ᠢᠴᠡᠭᠡᠯ ᠦᠷ᠎ᠡ ᠶᠢ | ᠠᠰᠢᠭᠯᠠᠨ ᠤᠳᠤᠬᠠᠨ ᠤ ᠭᠤᠷᠪᠠᠨ ᠭᠤᠤᠯ ᠦᠬᠡᠷ ᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠵᠦ ᠪᠠᠶᠢᠭ᠎ᠠ ᠡᠷᠦᠬᠡ ᠶᠢᠨ ᠦᠬᠡᠷ ᠤᠨ ᠡᠭᠦᠯᠳᠡᠷ ᠢ | ᠰᠠᠶᠢᠵᠢᠷᠠᠭᠤᠯᠬᠤ ᠶᠢ ᠲᠦᠷᠭᠡᠳᠬᠡᠵᠦ᠂ ᠵᠢᠩᠭᠢᠨᠢ ᠡᠭᠦᠯᠳᠡᠷ ᠤᠨ ᠭᠤᠷᠪᠠᠨ ᠭᠤᠤᠯ ᠦᠬᠡᠷ ᠢ ᠲᠡᠵᠢᠭᠡᠨ ᠦᠷᠡᠵᠢᠭᠦᠯᠬᠦ ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ ᠭᠤᠷᠪᠠᠨ | ᠭᠤᠤᠯ ᠦᠬᠡᠷ ᠤᠨ ᠲᠤᠭ᠎ᠠ ᠲᠤᠯᠤᠭᠠᠢ ᠶᠢ ᠦᠰᠬᠡᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠭᠤᠷᠪᠠᠨ ᠭᠤᠤᠯ ᠦᠬᠡᠷ ᠢ ᠦᠰᠬᠡᠵᠤ | ᠦᠷᠡᠵᠢᠭᠦᠯᠬᠦ ᠶᠢᠨ ᠬᠠᠮᠲᠤ ᠡᠯ᠎ᠡ ᠭᠠᠵᠠᠷ ᠤᠨ ᠲᠡᠵᠢᠭᠡᠨ ᠦᠷᠡᠵᠢᠭᠦᠯᠬᠦ ᠲᠥᠷᠥᠯ ᠵᠦᠢᠯ ᠤᠨ ᠪᠠᠶᠢᠳᠠᠯ ᠢ ᠦᠨᠳᠦᠰᠦᠯᠡᠨ ᠰᠢᠮᠧᠨᠲᠷ᠂ ᠹᠦ᠋ ᠯᠠᠢ ᠸᠧᠢ ᠾᠧ ᠵᠡᠷᠭᠡ | ᠬᠠᠪᠰᠤᠷᠭᠠᠭᠰᠠᠨ ᠡᠭᠦᠯᠳᠡᠷ ᠢ ᠬᠠᠮᠲᠤ ᠳᠤᠨᠢ ᠬᠠᠷᠠᠭᠠᠯᠵᠠᠨ᠂ ᠴᠢᠨᠠᠷ ᠰᠠᠶᠢᠲᠠᠶ ᠰᠠᠭᠠᠯᠢ ᠶᠢᠨ ᠦᠨᠢᠶᠠᠨ ᠤ ᠲᠤᠭ᠎ᠠ ᠲᠤᠯᠤᠭᠠᠢ ᠶᠢ ᠨᠡᠮᠡᠭᠳᠡᠬᠦᠯᠦᠨ᠎ᠡ᠃ ︵ᠬᠠᠷᠢᠭᠤᠴᠠᠯᠭᠠᠲᠤ | ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠠᠷᠢᠭᠤᠴᠠᠬᠤ ᠭᠠᠵᠠᠷ ᠣᠷᠣᠨ᠄ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠥᠯᠥᠨ | ᠪᠤᠶᠢᠷ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ︶ | ᠬᠤᠶᠠᠷ ᠲᠤ᠂ ᠲᠡᠵᠢᠭᠡᠨ ᠦᠷᠡᠵᠢᠭᠦᠯᠬᠦ ᠪᠠ ᠦᠢᠯᠡᠳᠪᠦᠷᠢᠯᠡᠯ ᠤᠨ ᠬᠤᠭᠤᠷᠣᠨᠳᠣᠬᠢ ᠠᠰᠢᠭ ᠲᠤᠰᠠ ᠶᠢᠨ ᠬᠤᠯᠪᠤᠭ᠎ᠠ ᠶᠢ ᠴᠢᠩᠭᠠᠳᠬᠠᠨ᠎ᠠ᠃ ᠭᠡᠷ ᠪᠦᠯᠢ ᠶᠢᠨ | ᠮᠠᠯᠵᠢᠯ ᠤᠨ ᠲᠠᠯᠠᠪᠠᠢ᠂ ᠬᠤᠷᠰᠢᠶᠠᠵᠢᠯ ᠪᠠ ᠭᠤᠷᠪᠠᠳᠠᠬᠢ ᠡᠲᠡᠭᠡᠳ ᠤᠨ ᠰᠦᠨ ᠤ ᠢᠷᠡᠯᠲᠡ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠪᠠᠷᠢᠮᠵᠢᠶᠠᠵᠢᠭᠰᠠᠨ | ᠰᠦᠨ ᠤ ᠲᠢᠩᠬᠢᠮ ᠪᠠᠶᠢᠭᠤᠯᠬᠤ᠂ ᠵᠢᠵᠢᠭ ᠬᠡᠯᠪᠡᠷᠢ ᠶᠢᠨ ᠲᠦᠯᠬᠢᠬᠦ ᠬᠡᠯᠪᠡᠷᠢ ᠶᠢᠨ ᠰᠠᠭᠠᠬᠤ ᠲᠥᠬᠦᠭᠡᠷᠦᠮᠵᠢ ᠬᠤᠳᠠᠯᠳᠤᠨ ᠠᠪᠬᠤ ᠶᠢ ᠳᠠᠮᠵᠢᠵᠤ᠂ ᠦᠨᠳᠦᠰᠦᠲᠡᠨ ᠤ | ᠤᠯᠠᠮᠵᠢᠯᠠᠯᠲᠤ ᠴᠠᠭᠠᠨ ᠢᠳᠡᠭᠡᠨ ᠤ ᠦᠢᠯᠡᠳᠪᠦᠷᠢᠯᠡᠯ ᠳᠤ ᠰᠦᠨ ᠤ ᠢᠷᠡᠯᠲᠡ ᠳᠤᠲᠠᠭᠳᠠᠬᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠠᠳᠠᠭᠠᠯᠠᠵᠤ ᠪᠠᠶᠢᠭ᠎ᠠ | ᠰᠦᠨ ᠤ ᠢᠷᠡᠯᠲᠡ ᠶᠢᠨ ᠳᠠᠯᠳᠠ ᠬᠦᠴᠦᠨ ᠢ ᠠᠭᠤᠳᠠᠯᠬᠤ ᠬᠡᠷᠡᠭᠲᠡᠶ᠃ ᠵᠠᠬᠢᠶᠠᠯᠠᠭ᠎ᠠ ᠲᠤᠭᠲᠠᠬᠤ᠂ ᠬᠠᠮᠲᠤᠷᠠᠨ ᠠᠵᠢᠯᠯᠠᠬᠤ ᠪᠤᠶᠤ ᠬᠠᠷᠢᠯᠴᠠᠨ ᠬᠤᠪᠢ ᠤᠷᠤᠬᠤ ᠵᠡᠷᠭᠡ | ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠲᠡᠵᠢᠭᠡᠨ ᠦᠷᠡᠵᠢᠭᠦᠯᠬᠦ ᠭᠤᠤᠯ ᠴᠣᠭᠴᠠ ᠬᠢᠭᠡᠳ ᠡᠳ᠋ᠰᠢᠭᠦᠯᠬᠦ ᠭᠤᠤᠯ ᠴᠣᠭᠴᠠ ᠶᠢᠨ ᠠᠰᠢᠭ ᠲᠤᠰᠠ ᠶᠢᠨ | ᠬᠤᠯᠪᠤᠭ᠎ᠠ ᠶᠢ ᠨᠢᠭᠲᠠᠷᠠᠭᠤᠯᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠦᠨᠢᠶᠡᠨ ᠰᠦᠨ ᠤ ᠲᠣᠭᠲᠠᠭᠤᠨ ᠪᠤᠷᠤᠯᠠᠭᠤᠯᠭ᠎ᠠ ᠪᠠ ᠡᠳ᠋ᠰᠢᠭᠦᠯᠬᠦ ᠠᠵᠤ ᠠᠬᠤᠶᠢᠯᠠᠯ ᠤᠨ | ᠰᠦᠨ ᠤ ᠢᠷᠡᠯᠲᠡ ᠶᠢᠨ ᠲᠣᠭᠲᠠᠭᠤᠨ ᠬᠠᠩᠭᠠᠯᠭ᠎ᠠ ᠶᠢ ᠪᠠᠲᠤᠯᠠᠵᠤ᠂ ᠬᠤᠤᠰ ᠠᠰᠢᠭ ᠬᠦᠷᠲᠡᠬᠦ ᠶᠢ ᠪᠡᠶᠡᠯᠡᠭᠦᠯᠦᠨ᠎ᠡ᠃ ︵ᠲᠦᠷᠦᠬᠦᠯᠡᠨ ᠬᠢᠬᠦ ᠨᠢᠭᠡᠴᠢ᠄ ᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠠᠷᠢᠭᠤᠴᠠᠬᠤ ᠭᠠᠵᠠᠷ ᠣᠷᠣᠨ᠄ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ | ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠢ᠄ ᠬᠤᠲᠠ ᠶᠢᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | ᠭᠤᠷᠪᠠ ᠳᠤ᠂ ᠲᠡᠵᠢᠭᠡᠨ ᠦᠷᠡᠵᠢᠭᠦᠯᠬᠦ ᠡᠳ᠋ᠰᠢᠭᠦᠯᠬᠦ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠡᠵᠡᠩᠨᠡᠯᠲᠡ ᠶᠢᠨ ᠵᠠᠭᠪᠤᠷ ᠢ ᠢᠳᠡᠪᠬᠢᠲᠡᠶ ᠠᠬᠢᠭᠤᠯᠬᠤ | ᠬᠡᠷᠡᠭᠲᠡᠶ᠃ ᠣᠳᠣ ᠪᠠᠶᠢᠭ᠎ᠠ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡ ᠡᠳ᠋ᠰᠢᠭᠦᠯᠬᠦ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠲᠡᠵᠢᠭᠡᠨ ᠦᠷᠡᠵᠢᠭᠦᠯᠬᠦ | ᠦᠵᠦᠭᠦᠷᠯᠢᠭ ᠲᠡᠰᠢ ᠤᠷᠲᠤᠳᠬᠠᠵᠤ᠂ ᠤᠷᠳᠤᠳᠬᠠᠬᠤ ᠠᠷᠭ᠎ᠠ ᠮᠠᠶ᠋ᠢᠭ ᠲᠤ ᠬᠤᠪᠢ ᠪᠠᠷ ᠢᠶᠠᠨ ᠮᠠᠯᠵᠢᠯ ᠤᠨ ᠲᠠᠯᠠᠪᠠᠶ ᠪᠠᠶᠢᠭᠤᠯᠬᠤ᠂ ᠬᠤᠷᠰᠢᠨ ᠡᠵᠡᠩᠨᠡᠬᠦ ᠪᠤᠶᠤ | ᠬᠤᠪᠢ ᠣᠷᠣᠭᠤᠯᠤᠨ ᠡᠵᠡᠩᠨᠡᠬᠦ ᠵᠡᠷᠭᠡ ᠠᠷᠭ᠎ᠠ ᠪᠠᠷᠢᠯ ᠢ ᠠᠪᠴᠤ᠂ ᠦᠢᠯᠡᠳᠪᠦᠷᠢᠯᠡᠯ ᠤᠨ ᠥᠷᠲᠡᠭ ᠢ ᠪᠠᠭᠤᠷᠠᠭᠤᠯᠵᠤ᠂ ᠰᠦᠨ ᠤ ᠢᠷᠡᠯᠲᠡ ᠶᠢᠨ ᠬᠠᠩᠭᠠᠯᠭ᠎ᠠ ᠶᠢ | ᠲᠣᠭᠲᠠᠪᠤᠷᠢᠵᠢᠭᠤᠯᠵᠤ᠂ ᠲᠦᠭᠦᠬᠡᠶ ᠰᠦᠨ ᠤ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ ᠵᠣᠬᠢᠬᠤ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠡᠷᠦᠬᠡ ᠶᠢᠨ | ᠡᠳ᠋ᠰᠢᠭᠦᠯᠬᠦ ᠭᠤᠭᠴᠤᠭ᠎ᠠ ᠲᠡᠰᠢ ᠦᠷᠭᠡᠵᠢᠬᠦ ᠶᠢ ᠵᠣᠷᠢᠭᠵᠢᠭᠤᠯᠵᠤ᠂ ᠦᠨᠢᠶᠡᠨ ᠰᠦᠨ ᠤ ᠥᠷᠲᠡᠭ ᠤᠨ ᠨᠡᠮᠡᠭᠳᠡᠯ ᠢ ᠪᠡᠶᠡᠯᠡᠬᠦᠯᠵᠤ᠂ ᠦᠨᠢᠶᠡᠨ ᠰᠦᠨ ᠤ | ᠪᠤᠷᠤᠯᠠᠭᠤᠯᠬᠤ ᠳᠤ ᠬᠦᠴᠢᠷ ᠪᠠ ᠦᠨ᠎ᠡ ᠬᠠᠩᠰᠢ ᠳᠤᠤᠷ᠎ᠠ ᠠᠰᠠᠭᠤᠳᠠᠯ ᠢ ᠰᠢᠢᠳᠪᠦᠷᠢᠯᠡᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ | ᠪᠡᠶᠡᠯᠡᠭᠦᠯᠵᠦ᠂ ᠡᠵᠡᠩᠨᠡᠯᠲᠡ ᠶᠢᠨ ᠠᠰᠢᠭ ᠬᠤᠨᠵᠢᠪᠤᠷᠢ ᠶᠢ ᠳᠡᠭᠡᠭᠰᠢᠯᠡᠭᠦᠯᠦᠨ᠎ᠡ᠃ ᠲᠡᠵᠢᠭᠡᠨ ᠦᠷᠡᠵᠢᠭᠦᠯᠬᠦ ᠬᠦᠷᠢᠶ᠎ᠡ ᠬᠡᠪᠴᠢᠶ᠎ᠡ ᠬᠢᠭᠡᠳ ᠡᠳ᠋ᠰᠢᠭᠦᠯᠬᠦ ᠴᠢᠳᠠᠪᠤᠷᠢ ᠶᠢᠨ | ᠬᠠᠷᠢᠯᠴᠠᠨ ᠵᠤᠬᠢᠴᠠᠯᠳᠤᠯ ᠢ ᠴᠢᠬᠤᠯᠠᠴᠢᠯᠠᠬᠤ ᠬᠡᠷᠡᠭᠲᠡᠶ᠃ ︵ᠲᠦᠷᠦᠬᠦᠯᠡᠨ ᠬᠢᠬᠦ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ | ᠬᠠᠷᠢᠭᠤᠴᠠᠬᠤ ᠭᠠᠵᠠᠷ ᠣᠷᠣᠨ᠄ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ | ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠢ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠳᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | ᠳᠥᠷᠪᠡ ᠳᠤ᠂ ᠠᠳᠤᠭᠤ᠂ ᠲᠡᠮᠡᠭᠡ ᠪᠣᠯᠤᠨ ᠰᠠᠭᠠᠯᠢ ᠶᠢᠨ ᠢᠮᠠᠭ᠎ᠠ ᠵᠡᠷᠭᠡ ᠮᠠᠯ ᠤᠨ ᠡᠭᠦᠯᠳᠡᠷ ᠤᠨ ᠰᠦᠨ ᠤ ᠪᠦᠲᠦᠭᠡᠭᠳᠡᠭᠦᠨ ᠢ ᠢᠳᠡᠪᠬᠢᠲᠡᠢ ᠬᠥᠭᠵᠢᠭᠦᠯᠦᠨ᠎ᠡ᠃ | ᠮᠠᠯᠵᠢᠬᠤ ᠣᠷᠣᠨ ᠤ ᠠᠳᠤᠭᠤᠨ ᠤ ᠲᠤᠭ᠎ᠠ ᠲᠤᠯᠤᠭᠠᠢ ᠣᠯᠠᠨ᠂ ᠲᠡᠵᠢᠭᠡᠨ ᠠᠷᠠᠴᠢᠯᠠᠬᠤ ᠬᠠᠮᠳᠤᠯᠢᠭ ᠶᠡᠭᠡ ᠪᠠᠶᠢᠬᠤ ᠳᠠᠪᠠᠭᠤᠯᠢᠭ ᠢ ᠪᠠᠳᠠᠷᠠᠭᠤᠯᠵᠤ᠂ ᠤᠳᠤᠬᠠᠨ ᠤ | ᠴᠡᠭᠡ ᠶᠢᠨ ᠦᠢᠯᠡᠳᠪᠦᠷᠢᠯᠡᠯ ᠤᠨ ᠰᠠᠭᠤᠷᠢᠨ ᠳᠡᠭᠡᠷ᠎ᠡ ᠲᠡᠷᠢᠭᠦᠨ ᠤ ᠲᠥᠬᠦᠭᠡᠷᠦᠮᠵᠢ ᠶᠢ ᠲᠠᠰᠤᠷᠠᠯᠲᠠ ᠤᠢᠭᠡᠢ ᠤᠷᠤᠭᠤᠯᠤᠨ᠂ ᠦᠢᠯᠡᠳᠪᠦᠷᠢᠯᠡᠯ ᠤᠨ ᠤᠷ᠎ᠠ ᠮᠡᠷᠭᠡᠰᠢᠯ ᠢ | ᠰᠠᠶᠢᠵᠢᠷᠠᠭᠤᠯᠵᠤ᠂ ᠴᠡᠭᠡ ᠬᠢᠬᠦ ᠶᠠᠰᠤ ᠴᠢᠨᠠᠷ ᠪᠠ ᠭᠠᠷᠤᠯᠲᠠ ᠶᠢᠨ ᠬᠡᠮᠵᠢᠶ᠎ᠡ ᠶᠢ ᠳᠡᠭᠡᠭᠰᠢᠯᠡᠬᠦᠯᠦᠨ᠎ᠡ᠃ ᠨᠥᠬᠦᠴᠡᠯ ᠪᠦᠷᠢᠳᠦᠭᠰᠡᠨ ᠲᠡᠵᠢᠭᠡᠨ ᠦᠷᠡᠵᠢᠭᠦᠯᠬᠦ ᠡᠷᠦᠬᠡ ᠶᠢᠨ | ᠢᠩᠭᠡᠨ ᠬᠤᠭᠤᠷᠮᠠᠭ᠂ ᠢᠮᠠᠭᠠᠨ ᠰᠦ ᠦᠢᠯᠡᠳᠪᠦᠷᠢᠯᠡᠬᠦ ᠶᠢ ᠬᠠᠶᠢᠨ ᠰᠦᠪᠡᠭᠴᠢᠯᠡᠵᠦ᠂ ᠤᠯᠠᠨ ᠡᠰᠢᠵᠢᠭᠰᠡᠨ ᠬᠡᠷᠡᠭᠴᠡᠭᠡ ᠶᠢ ᠬᠠᠩᠭᠠᠨ᠎ᠠ᠃ ᠴᠡᠭᠡ᠂ ᠢᠩᠭᠡᠨ | ᠬᠤᠭᠤᠷᠮᠠᠭ ᠤᠨ ᠦᠢᠯᠡᠳᠪᠦᠷᠢᠯᠡᠯ ᠢ ᠪᠡᠶ᠎ᠡ ᠰᠤᠪᠢᠯᠠᠯᠳᠠ ᠪᠠ ᠮᠣᠩᠭᠤᠯ ᠡᠮ ᠤᠨ ᠦᠢᠯᠡᠳᠪᠦᠷᠢᠯᠡᠯ ᠲᠠᠢ ᠤᠶᠠᠯᠳᠤᠭᠤᠯᠵᠤ᠂ ᠥᠪᠡᠷᠮᠢᠴᠡ ᠣᠨᠴᠠᠯᠢᠭ ᠲᠠᠢ ᠴᠠᠭᠠᠨ | ᠢᠳᠡᠭᠡᠨ ᠤ ᠡᠮ ᠳᠤ ᠤᠷᠤᠬᠤ ᠪᠠ ᠡᠷᠡᠬᠦᠯ ᠮᠡᠨᠳᠤ ᠪᠡᠶ᠎ᠡ ᠰᠤᠪᠢᠯᠠᠯᠳᠠ ᠶᠢᠨ ᠴᠢᠳᠠᠪᠬᠢ ᠶᠢ ᠪᠠᠳᠠᠷᠠᠭᠤᠯᠤᠨ᠎ᠠ᠃ ︵ᠲᠦᠷᠦᠬᠦᠯᠡᠨ ᠬᠢᠬᠦ ᠨᠢᠭᠡᠴᠢ᠄ ᠬᠤᠲᠠ ᠶᠢᠨ ᠲᠠᠷᠢᠶᠠᠯᠠᠩ | ᠮᠠᠯ ᠠᠵᠤ ᠠᠬᠤᠢ ᠶᠢᠨ ᠲᠣᠪᠴᠢᠶ᠎ᠠ᠂ ᠬᠠᠷᠢᠭᠤᠴᠠᠬᠤ ᠭᠠᠵᠠᠷ ᠣᠷᠣᠨ᠄ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ | ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠢ᠄ ᠬᠤᠲᠠ ᠶᠢᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠳᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ︶ | ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠰᠠᠶᠢᠲᠤᠷ ᠠᠳᠬᠤᠨ᠎ᠠ | ᠨᠢᠭᠡ ᠳᠤ᠂ ᠬᠤᠷᠰᠢᠶᠠᠵᠢᠯ ᠤᠨ ᠦᠢᠯᠡᠳᠦᠯ ᠢ ᠪᠠᠳᠠᠷᠠᠭᠤᠯᠤᠨ᠎ᠠ᠃ ᠲᠤᠰᠬᠠᠶ ᠬᠤᠷᠰᠢᠶᠠᠵᠢᠯ ᠤᠨ ᠵᠣᠬᠢᠶᠠᠨ ᠪᠠᠶᠢᠭᠤᠯᠤᠯᠳᠠᠴᠢᠯᠠᠭᠰᠠᠨ ᠳᠠᠪᠠᠭᠤᠯᠢᠭ ᠢ ᠭᠦᠢᠴᠡᠳ | ᠠᠰᠢᠭᠯᠠᠵᠤ᠂ ᠮᠠᠯᠵᠢᠬᠤ ᠡᠷᠦᠬᠡ ᠪᠠᠷ ᠰᠠᠭᠤᠷᠢ ᠪᠣᠯᠭᠠᠵᠤ᠂ ᠪᠡᠯᠡ ᠣᠷᠣᠭᠤᠯᠤᠯᠲᠠ ᠪᠠ ᠮᠡᠷᠭᠡᠵᠢᠯ ᠤᠨ ᠵᠢᠯᠣᠭᠤᠳᠤᠯᠭ᠎ᠠ ᠪᠠᠨ ᠴᠢᠩᠭᠠᠷᠠᠭᠤᠯᠬᠤ ᠪᠠᠷ ᠳᠠᠮᠵᠢᠭᠤᠯᠤᠨ᠂ | ᠮᠠᠯᠵᠢᠬᠤ ᠡᠷᠦᠬᠡ ᠶᠢᠨ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠲᠣᠨᠤᠭ ᠲᠥᠬᠦᠭᠡᠷᠦᠮᠵᠢ ᠪᠠ ᠡᠷᠡᠭᠦᠯ ᠬᠠᠮᠠᠭᠠᠯᠠᠯ ᠤᠨ ᠨᠥᠬᠦᠴᠡᠯ ᠢ ᠰᠠᠶᠢᠵᠢᠷᠠᠭᠤᠯᠵᠤ᠂ | ᠴᠠᠭᠠᠨ ᠢᠳᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠮᠠᠯᠵᠢᠬᠤ ᠡᠷᠦᠬᠡ ᠶᠢᠨ ᠳᠦᠷᠢᠮᠵᠢᠭᠰᠡᠨ ᠦᠢᠯᠡᠳᠪᠦᠷᠢᠯᠡᠯ᠂ ᠵᠣᠬᠢᠶᠠᠨ ᠪᠠᠶᠢᠭᠤᠯᠤᠯᠳᠠᠴᠢᠯᠠᠭᠰᠠᠨ ᠡᠵᠡᠩᠨᠡᠯᠲᠡ ᠶᠢ | ᠪᠡᠶᠡᠯᠡᠬᠦᠯᠵᠦ᠂ ︽ᠬᠤᠷᠰᠢᠶᠠᠵᠢᠯ + ᠮᠠᠯᠴᠢᠨ ᠡᠷᠦᠬᠡ︾ ᠶᠢᠨ ᠡᠵᠡᠩᠨᠡᠯᠲᠡ ᠶᠢᠨ ᠵᠠᠭᠪᠤᠷ ᠢ ᠪᠦᠷᠢᠯᠳᠦᠭᠦᠯᠦᠨ᠎ᠡ᠃ ︵ᠲᠦᠷᠦᠬᠦᠯᠡᠨ ᠬᠢᠬᠦ ᠨᠢᠭᠡᠴᠢ᠄ ᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠠᠷᠢᠭᠤᠴᠠᠯᠭᠠᠲᠤ ᠭᠠᠵᠠᠷ ᠣᠷᠣᠨ᠄ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ | ᠪᠠᠷᠭᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠢ᠄ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠳᠠ ᠶᠢᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ᠬᠤᠶᠠᠷ ᠲᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ ᠲᠦᠰᠢᠭᠯᠡᠨ᠂ | ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠬᠦᠲᠦᠴᠢ ᠠᠵᠤ ᠠᠬᠤᠶᠢᠯᠠᠯ ᠤᠨ ᠬᠠᠷᠢᠴᠠᠩᠭᠤᠶ ᠲᠦᠪᠯᠡᠷᠡᠭᠰᠡᠨ ᠭᠠᠵᠠᠷ ᠣᠷᠣᠨ ᠵᠢᠴᠢ ᠲᠥᠪ ᠬᠤᠲᠠ | ᠪᠠᠯᠭᠠᠰᠤᠨ ᠤ ᠲᠣᠭᠤᠷᠢᠨ ᠳᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠠᠯᠬᠤᠮ | ᠴᠢᠨᠠᠭᠰᠢᠳᠠ ᠰᠢᠯᠢᠳᠡᠭᠵᠢᠭᠦᠯᠵᠦ᠂ ᠠᠵᠤ ᠦᠢᠯᠡᠰ ᠤᠨ ᠴᠤᠭᠯᠠᠷᠠᠯ ᠤᠨ ᠦᠢᠯᠡᠳᠦᠯ ᠢ ᠨᠡᠯᠢᠶᠡᠳ ᠰᠠᠶᠢᠨ ᠪᠠᠳᠠᠷᠠᠭᠤᠯᠤᠨ᠎ᠠ᠃ ᠦᠨᠳᠦᠰᠦᠲᠡᠨ ᠤ ᠤᠯᠠᠮᠵᠢᠯᠠᠯᠲᠤ ᠴᠠᠭᠠᠨ | ᠢᠳᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠᠶᠢᠭᠤᠯᠬᠤ ᠶᠢ ᠳᠡᠳᠬᠦᠨ ᠳᠡᠮᠵᠢᠵᠦ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ | ᠡᠵᠡᠩᠨᠡᠭᠴᠢ ᠶᠢ ᠬᠥᠲᠥᠯᠥᠨ ᠵᠢᠯᠣᠭᠤᠳᠴᠤ ᠬᠦᠷᠢᠶᠡᠯᠡᠩ ᠲᠤᠭᠤᠷᠢᠭ ᠲᠤ ᠣᠷᠣᠭᠤᠯᠤᠨ ᠡᠵᠡᠩᠨᠡᠭᠦᠯᠵᠦ᠂ ᠨᠢᠭᠡᠳᠦᠯᠲᠡᠶ ᠬᠠᠮᠢᠶᠠᠷᠴᠤ᠂ ᠨᠢᠭᠡᠳᠦᠯᠲᠡᠶ ᠪᠠᠶᠢᠴᠠᠭᠠᠨ | ᠰᠢᠯᠭᠠᠵᠦ᠂ ᠦᠢᠯᠡᠳᠪᠦᠷᠢᠯᠡᠯ ᠡᠵᠡᠩᠨᠡᠯᠳᠡ ᠶᠢ ᠳᠦᠷᠢᠮᠵᠢᠭᠦᠯᠵᠦ᠂ ᠬᠡᠪᠴᠢᠶᠡᠵᠢᠯ ᠤᠨ ᠳᠠᠪᠠᠭᠤᠯᠢᠭ ᠢ ᠡᠭᠦᠳᠦᠨ᠎ᠡ᠃ ︵ᠬᠠᠷᠢᠭᠤᠴᠠᠯᠭᠠᠳᠤ ᠨᠢᠭᠡᠴᠢ᠄ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠳᠠ ᠶᠢᠨ ᠲᠣᠪᠴᠢᠶ᠎ᠠ᠂ ᠬᠠᠷᠢᠭᠤᠴᠠᠬᠤ ᠭᠠᠵᠠᠷ ᠤᠷᠤᠨ᠄ ᠡᠸᠡᠩᠬᠢ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤᠨ ᠤ | ᠠᠷᠠᠳ ᠤᠨ ᠵᠠᠰᠠᠭ ᠤᠨ ᠣᠷᠳᠣᠨ︶ | ᠭᠤᠷᠪᠠ ᠳᠤ᠂ ᠵᠠᠬ᠎ᠠ ᠳᠡᠯᠭᠡᠭᠦᠷ ᠲᠤ ᠣᠷᠣᠬᠤ ᠵᠦᠪᠰᠢᠶᠡᠷᠡᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠦᠨᠳᠦᠰᠦᠲᠡᠨ ᠤ ᠤᠯᠠᠮᠵᠢᠯᠠᠯᠲᠤ ᠴᠠᠭᠠᠨ | ᠢᠳᠡᠭᠡᠨ ᠤ ᠦᠢᠯᠡᠳᠪᠦᠷᠢᠯᠡᠯ ᠤᠨ ᠵᠥᠪᠰᠢᠶᠡᠷᠡᠯ ᠪᠠ ᠡᠳ᠋ᠰᠢᠭᠦᠯᠦᠯᠳᠡ ᠶᠢ ᠳᠠᠩᠰᠠᠯᠠᠭᠤᠯᠬᠤ ᠦᠢᠯᠡᠴᠢᠯᠡᠭᠡ ᠶᠢ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠶᠠᠪᠤᠴᠠ ᠶᠢ | ᠴᠤᠮᠬᠠᠳᠬᠠᠵᠤ᠂ ᠠᠵᠢᠯᠯᠠᠬᠤ ᠴᠠᠭ ᠤᠨ ᠬᠢᠵᠠᠭᠠᠷ ᠢ ᠪᠣᠭᠤᠨᠢᠰᠬᠠᠵᠤ᠂ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠬᠡᠬᠦ︾ ᠶᠢ ᠬᠡᠷᠡᠭᠵᠢᠭᠦᠯᠵᠦ᠂ ᠵᠠᠰᠠᠭ ᠵᠠᠬᠢᠷᠭᠠᠨ ᠤ | ᠬᠢᠨᠠᠨ ᠵᠦᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠲᠠᠯ᠎ᠠ ᠠᠴᠠ ᠠᠵᠢᠯ ᠲᠥᠷᠥᠯ ᠳᠤ ᠣᠷᠣᠬᠤ | ᠵᠥᠪᠰᠢᠶᠡᠷᠡᠯ ᠤᠨ ᠠᠰᠠᠭᠤᠳᠠᠯ ᠢ ᠴᠢᠬᠤᠯᠠᠴᠢᠯᠠᠨ ᠰᠢᠢᠳᠪᠦᠷᠢᠯᠡᠵᠦ᠂ ᠪᠡᠯᠡ ᠮᠥᠩᠭᠦ ᠪᠣᠯᠤᠨ ᠮᠡᠷᠭᠡᠵᠢᠯ ᠤᠨ ᠳᠡᠮᠵᠢᠯᠭᠡ ᠶᠢᠨ ᠲᠠᠯ᠎ᠠ ᠠᠴᠠ ᠦᠢᠯᠡᠳᠪᠦᠷᠢ ᠶᠢᠨ ᠭᠡᠷ | ᠪᠠᠶᠢᠰᠢᠩ ᠢ ᠦᠭᠡᠷᠡᠴᠢᠯᠡᠨ ᠰᠠᠶᠢᠵᠢᠷᠠᠭᠤᠯᠬᠤ ᠪᠠ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠠᠰᠠᠭᠤᠳᠠᠯ ᠢ ᠰᠢᠢᠳᠪᠦᠷᠢᠯᠡᠵᠦ᠂ ᠢᠳᠡᠪᠬᠢᠲᠡᠶ ᠪᠠᠷ | ᠬᠥᠲᠥᠯᠥᠨ ᠵᠢᠯᠣᠭᠤᠳᠴᠤ᠂ ᠦᠢᠯᠡᠴᠢᠯᠡᠭᠡ ᠪᠠᠨ ᠴᠢᠩᠭᠠᠳᠬᠠᠨ᠂ ᠠᠬᠢᠭᠤᠯᠬᠤ ᠡᠷᠡᠮᠡᠯᠵᠡᠯ ᠴᠢᠩᠭ᠎ᠠ᠂ ᠨᠥᠬᠦᠴᠡᠯ ᠪᠣᠯᠪᠠᠰᠤᠷᠠᠩᠭᠤᠶ ᠪᠣᠯᠤᠭᠰᠠᠨ ᠡᠳ᠋ᠰᠢᠭᠦᠯᠬᠦ | ᠦᠢᠯᠡᠳᠬᠡᠯ ᠤᠨ ᠭᠠᠵᠠᠷ ᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠲᠠᠢ ᠠᠵᠤ ᠠᠬᠤᠶᠢᠯᠠᠯ ᠪᠤᠯᠭᠠᠨ ᠳᠡᠰ ᠳᠡᠪᠰᠢᠭᠦᠯᠦᠨ᠎ᠡ᠃ ᠢᠳᠡᠭᠡᠨ ᠤ ᠠᠮᠤᠷ | ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ ᠨᠡᠩ ᠣᠯᠠᠨ ᠭᠡᠷ ᠪᠦᠯᠢ ᠶᠢᠨ ᠦᠢᠯᠡᠳᠬᠡᠯ ᠤᠨ ᠭᠠᠵᠠᠷ ᠤᠨ ᠦᠢᠯᠡᠳᠪᠦᠷᠢᠯᠡᠬᠦ ᠡᠳ᠋ᠰᠢᠭᠦᠯᠬᠦ ᠨᠥᠬᠦᠴᠡᠯ ᠢᠶᠠᠨ | ᠰᠠᠶᠢᠵᠢᠷᠠᠭᠤᠯᠵᠤ᠂ ᠡᠵᠡᠩᠨᠡᠯᠲᠡ ᠶᠢᠨ ᠦᠨᠡᠮᠯᠡᠯ ᠪᠠ ᠵᠢᠵᠢᠭ ᠦᠢᠯᠡᠳᠬᠡᠯ ᠤᠨ ᠭᠠᠵᠠᠷ ᠤᠨ ᠳᠠᠩᠰᠠᠯᠠᠭᠤᠯᠤᠭᠰᠠᠨ ᠦᠨᠡᠮᠯᠡᠯ ᠭᠤᠶᠤᠴᠢᠯᠠᠨ ᠠᠪᠬᠤ ᠶᠢ ᠳᠡᠮᠵᠢᠬᠦ ᠪᠠ | ᠬᠥᠲᠥᠯᠥᠨ ᠵᠢᠯᠣᠭᠤᠳᠴᠤ᠂ ᠬᠠᠤᠯᠢ ᠶᠣᠰᠣᠭᠠᠷ ᠦᠨᠡᠮᠯᠡᠯ ᠠᠪᠴᠤ ᠡᠵᠡᠩᠨᠡᠯᠳᠡ ᠬᠢᠯᠬᠡᠬᠦ ᠬᠡᠷᠡᠭᠳᠡᠢ᠃ ︵ᠲᠦᠷᠦᠬᠦᠯᠡᠨ ᠬᠢᠬᠦ ᠨᠢᠭᠡᠴᠢ᠄ ᠬᠤᠲᠠ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠬᠤ ᠭᠠᠵᠠᠷ ᠣᠷᠣᠨ᠄ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ | ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠢ᠄ ᠬᠤᠲᠠ ᠶᠢᠨ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠳᠠ ᠶᠢᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ︶ | ᠲᠦᠷᠪᠡ ᠳᠤ᠂ ᠦᠢᠯᠡᠳᠪᠦᠷᠢᠯᠡᠯ ᠤᠨ ᠲᠥᠬᠦᠭᠡᠷᠦᠮᠵᠢ ᠪᠠ ᠪᠦᠲᠦᠭᠡᠭᠳᠡᠬᠦᠨ ᠤ ᠤᠷ᠎ᠠ ᠮᠡᠷᠭᠡᠰᠢᠯ ᠢ ᠰᠤᠳᠤᠯᠤᠨ ᠨᠡᠭᠡᠭᠡᠬᠦ ᠶᠢ ᠠᠬᠢᠭᠤᠯᠤᠨ᠎ᠠ᠃ ᠢᠳᠡᠭᠡᠨ ᠤ | ᠠᠵᠢᠯ ᠲᠥᠷᠥᠯ ᠤᠨ ᠪᠠᠷᠢᠮᠵᠢᠶ᠎ᠠ ᠪᠠ ᠬᠤᠯᠪᠣᠭᠳᠠᠯ ᠪᠦᠬᠦᠢ ᠲᠣᠭᠲᠠᠭᠠᠯ ᠲᠠᠢ ᠤᠶᠠᠯᠳᠤᠭᠤᠯᠤᠨ᠂ ᠬᠤᠯᠪᠣᠭᠳᠠᠯ ᠪᠦᠬᠦᠢ ᠰᠤᠳᠤᠯᠭᠠᠨ ᠤ ᠪᠠᠶᠢᠭᠤᠯᠤᠮᠵᠢ᠂ ᠲᠣᠨᠤᠭ | ᠲᠥᠬᠦᠭᠡᠷᠦᠮᠵᠢ ᠦᠢᠯᠡᠳᠪᠦᠷᠢᠯᠡᠬᠦ ᠠᠵᠤ ᠠᠬᠤᠶᠢᠯᠠᠯ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠤᠷ᠎ᠠ ᠮᠡᠷᠭᠡᠰᠢᠯ ᠢ ᠤᠯᠠᠮᠵᠢᠯᠠᠨ ᠵᠠᠯᠭᠠᠮᠵᠢᠯᠠᠭᠴᠢ ᠪᠠ | ᠦᠢᠯᠡᠳᠪᠦᠷᠢᠯᠡᠨ ᠡᠵᠡᠩᠨᠡᠭᠴᠢᠳ ᠢ ᠵᠣᠬᠢᠶᠠᠨ ᠪᠠᠶᠢᠭᠤᠯᠵᠤ᠂ ᠦᠨᠳᠦᠰᠦᠲᠡᠨ ᠤ ᠴᠠᠭᠠᠨ ᠢᠳᠡᠭᠡᠨ ᠤ ᠦᠢᠯᠡᠳᠪᠦᠷᠢᠯᠡᠯ ᠤᠨ ᠲᠥᠬᠦᠭᠡᠷᠦᠮᠵᠢ ᠪᠠ ᠪᠦᠲᠦᠭᠡᠭᠳᠡᠬᠦᠨ ᠤ | ᠤᠷ᠎ᠠ ᠮᠡᠷᠭᠡᠰᠢᠯ᠂ ᠦᠨᠦᠷ ᠠᠮᠲᠠ ᠵᠡᠷᠭᠡ ᠲᠠᠯ᠎ᠠ ᠪᠠᠷ ᠲᠥᠪᠯᠡᠷᠡᠭᠦᠯᠦᠨ ᠪᠣᠭᠤᠮᠲᠠ ᠰᠢᠪᠲᠤᠯᠵᠤ᠂ ᠲᠤᠨᠤᠭ ᠲᠥᠬᠦᠭᠡᠷᠦᠮᠵᠢ ᠦᠢᠯᠡᠳᠪᠦᠷᠢᠯᠡᠬᠦ ᠠᠵᠤ ᠠᠬᠤᠶᠢᠯᠠᠯ ᠬᠢᠭᠡᠳ | ᠦᠨᠳᠦᠰᠦᠲᠡᠨ ᠤ ᠴᠠᠭᠠᠨ ᠢᠳᠡᠭᠡᠨ ᠦᠢᠯᠡᠳᠪᠦᠷᠢᠯᠡᠭᠴᠢ ᠶᠢᠨ ᠬᠠᠷᠢᠯᠴᠠᠨ ᠦᠢᠯᠡᠳᠦᠯᠴᠡᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠶ᠃ ︵ᠲᠦᠷᠦᠬᠦᠯᠡᠨ | ᠬᠢᠬᠦ ᠨᠢᠭᠡᠴᠢ᠄ ᠬᠤᠲᠠ ᠶᠢᠨ ᠠᠵᠤ ᠠᠬᠤᠶ ᠪᠠ ᠮᠡᠳᠡᠭᠡ ᠵᠠᠩᠭᠢ ᠶᠢᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠠᠷᠢᠭᠤᠴᠠᠬᠤ ᠭᠠᠵᠠᠷ ᠣᠷᠣᠨ᠄ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ | ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ︶ | ᠲᠠᠪᠤ ᠳᠤ᠂ ᠪᠦᠲᠦᠭᠡᠭᠳᠡᠬᠦᠨ ᠤ ᠪᠣᠭᠤᠳᠠᠯ ᠤᠨ ᠵᠢᠷᠤᠭ ᠲᠦᠰᠦᠪᠯᠡᠯ ᠢ ᠨᠠᠷᠢᠯᠢᠭᠵᠢᠭᠤᠯᠤᠨ᠎ᠠ᠃ ᠳᠥᠭᠦᠮ ᠳᠥᠲᠡ᠂ ᠣᠨᠴᠠᠯᠢᠭ ᠨᠢ ᠢᠯᠡ ᠲᠣᠳᠣ᠂ ᠠᠪᠴᠤ | ᠶᠠᠪᠤᠬᠤ ᠳᠤ ᠬᠢᠯᠪᠠᠷ ᠵᠠᠷᠴᠢᠮ ᠶᠣᠰᠣᠭᠠᠷ᠂ ᠦᠨᠳᠦᠰᠦᠲᠡᠨ ᠤ ᠴᠠᠭᠠᠨ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠪᠤᠯᠤᠨ ᠡᠳ᠋ᠰᠢᠭᠦᠯᠬᠦ ᠦᠢᠯᠡᠳᠬᠡᠯ ᠤᠨ | ᠭᠠᠵᠠᠷ ᠤᠨ ᠬᠢᠨ ᠤ ᠠᠳᠠᠯᠢ ᠪᠤᠰᠤ ᠬᠡᠷᠡᠭᠯᠡᠭᠴᠢᠳ ᠲᠤ ᠴᠢᠭᠯᠡᠭᠦᠯᠦᠨ ᠰᠢᠨ᠎ᠡ ᠮᠠᠶ᠋ᠢᠭ ᠤᠨ ᠪᠣᠭᠤᠳᠠᠯᠯᠠᠬᠤ ᠮᠠᠲ᠋ᠧᠷᠢᠶᠠᠯ ᠪᠣᠯᠤᠨ ᠤᠷ᠎ᠠ ᠮᠡᠷᠭᠡᠰᠢᠯ ᠢ ᠬᠡᠷᠡᠭᠯᠡᠬᠦ ᠶᠢ | ᠵᠣᠷᠢᠭᠵᠢᠭᠤᠯᠬᠤ ᠪᠠ ᠬᠥᠲᠥᠯᠥᠨ ᠵᠢᠯᠣᠭᠤᠳᠬᠤ ᠬᠡᠷᠡᠭᠲᠡᠶ᠃ ᠪᠣᠭᠤᠳᠠᠯᠯᠠᠬᠤ ᠵᠢᠷᠤᠭ ᠲᠦᠰᠦᠪᠯᠡᠯ ᠤᠨ ᠰᠢᠨ᠎ᠡ ᠶᠢ ᠡᠭᠦᠳᠴᠦ᠂ ᠠᠳᠠᠯᠢ ᠪᠤᠰᠤ ᠪᠣᠭᠤᠳᠠᠯᠯᠠᠬᠤ ᠬᠡᠪ | ᠪᠠᠷᠢᠮᠵᠢᠶ᠎ᠠ ᠵᠢᠴᠢ ᠪᠣᠭᠤᠳᠠᠯᠯᠠᠬᠤ ᠶᠠᠩᠵᠤ ᠬᠡᠯᠪᠡᠷᠢ ᠶᠢ ᠵᠢᠷᠤᠭᠯᠠᠨ ᠲᠦᠰᠦᠪᠯᠡᠵᠦ᠂ ᠪᠣᠭᠤᠳᠠᠯᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠪᠦᠲᠦᠭᠡᠭᠳᠡᠬᠦᠨ ᠤ ᠨᠡᠮᠡᠯᠲᠡ | ᠦᠷᠳᠡᠭ ᠢ ᠨᠡᠮᠡᠭᠳᠡᠭᠦᠯᠵᠦ᠂ ᠬᠡᠷᠡᠭᠯᠡᠭᠴᠢᠳ ᠤᠨ ᠬᠤᠳᠠᠯᠳᠤᠨ ᠠᠪᠬᠤ ᠬᠦᠰᠡᠯ ᠢ ᠲᠠᠶᠢᠴᠢᠯᠠᠨ᠎ᠠ᠃ ︵ᠲᠦᠷᠦᠬᠦᠯᠡᠨ ᠬᠢᠬᠦ ᠨᠢᠭᠡᠴᠢ᠄ ᠬᠤᠲᠠ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠬᠤ ᠭᠠᠵᠠᠷ ᠣᠷᠣᠨ᠄ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ | ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠢ᠄ ᠬᠤᠲᠠ ᠶᠢᠨ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠳᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | ︵ᠭᠤᠷᠪᠠ︶ ᠢᠵᠢ ᠪᠦᠷᠢᠳᠦᠭᠰᠡᠨ ᠰᠢᠯᠭᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠨ᠎ᠠ | ᠨᠢᠭᠡ ᠳᠤ᠂ ᠠᠵᠤ ᠠᠬᠤᠶᠢᠯᠠᠯ ᠤᠨ ᠴᠢᠨᠠᠷ ᠢᠶᠠᠨ ᠳᠡᠭᠡᠭᠰᠢᠯᠡᠬᠦᠯᠵᠦ ᠳᠡᠰ ᠳᠡᠪᠰᠢᠬᠦ᠂ ᠢᠳᠡᠭᠡᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ | ᠭᠤᠶᠤᠴᠢᠯᠠᠨ ᠭᠦᠢᠴᠡᠳᠬᠡᠬᠦ ᠳᠤ ᠠᠵᠤ ᠠᠬᠤᠶᠢᠯᠠᠯ ᠤᠨ ᠬᠤᠪᠢ ᠪᠠᠷ ᠢᠶᠠᠨ ᠢᠳᠡᠭᠡᠨ ᠤ ᠲᠤᠷᠰᠢᠯᠲᠠ ᠶᠢᠨ ᠲᠠᠰᠤᠭ ᠪᠠᠶᠢᠭᠤᠯᠬᠤ ᠶᠢ ᠳᠠᠮᠵᠢᠵᠤ᠂ ᠰᠠᠯᠠᠭ᠎ᠠ ᠮᠥᠴᠢᠷ ᠤᠨ | ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠡᠯᠡ ᠮᠥᠩᠭᠦ ᠪᠤᠶᠤ ᠲᠤᠨᠤᠭ ᠲᠥᠬᠦᠭᠡᠷᠦᠮᠵᠢ ᠶᠢᠨ ᠳᠡᠮᠵᠢᠯᠭᠡ ᠬᠠᠩᠭᠠᠵᠤ᠂ ᠵᠢᠯ ᠪᠦᠷᠢ ᠲᠤᠷᠰᠢᠯᠲᠠ ᠶᠢᠨ ᠲᠠᠰᠤᠭ ᠵᠢᠴᠢ | ᠠᠵᠢᠯᠯᠠᠭᠰᠠᠳ ᠤᠨ ᠪᠣᠯᠪᠠᠰᠤᠷᠠᠭᠤᠯᠤᠯ ᠢ ᠥᠷᠨᠢᠭᠦᠯᠵᠦ᠂ ᠪᠦᠲᠦᠭᠡᠭᠳᠡᠬᠦᠨ ᠤ ᠦᠢᠯᠡᠳᠪᠦᠷᠢ ᠠᠴᠠ ᠭᠠᠷᠬᠤ ᠰᠢᠯᠭᠠᠨ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠬᠤ | ᠶᠢ ᠠᠬᠢᠭᠤᠯᠤᠨ᠎ᠠ᠃ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠪᠣᠯᠪᠠᠰᠤᠷᠠᠭᠤᠯᠬᠤ ᠦᠢᠯᠡᠳᠬᠡᠯ ᠤᠨ ᠭᠠᠵᠠᠷ ᠤᠳ ᠲᠤ ᠦᠨᠢᠶᠡᠨ ᠰᠦᠨ ᠤ ᠪᠦᠷᠢᠯᠳᠦᠬᠦᠨ ᠤ | ᠵᠠᠳᠠᠯᠤᠭᠤᠷ ᠵᠡᠷᠭᠡ ᠲᠦᠷᠭᠡᠨ ᠪᠠᠶᠢᠴᠠᠭᠠᠯᠲᠠ ᠶᠢᠨ ᠲᠥᠬᠦᠭᠡᠷᠦᠮᠵᠢ ᠲᠣᠬᠢᠷᠠᠭᠤᠯᠬᠤ ᠶᠢ ᠳᠡᠮᠵᠢᠬᠦ ᠪᠠ ᠬᠥᠲᠥᠯᠥᠨ ᠵᠢᠯᠣᠭᠤᠳᠴᠤ᠂ ᠲᠦᠭᠦᠬᠡᠶ ᠰᠦ ᠶᠢ ᠪᠠᠶᠢᠴᠠᠭᠠᠨ | ᠬᠡᠮᠵᠢᠬᠦ ᠪᠠᠨ ᠴᠢᠩᠭᠠᠳᠬᠠᠵᠤ᠂ ᠰᠦᠨ ᠤ ᠢᠷᠡᠯᠲᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠪᠣᠭᠤᠮᠲᠠ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠶ᠃ | ︵ᠲᠦᠷᠦᠬᠦᠯᠡᠨ ᠬᠢᠬᠦ ᠨᠢᠭᠡᠴᠢ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠬᠤ ᠭᠠᠵᠠᠷ ᠣᠷᠣᠨ᠄ ᠡᠸᠡᠩᠬᠢ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤᠨ ᠤ | ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠢ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︶ | ᠬᠤᠶᠠᠷ ᠲᠤ᠂ ᠬᠠᠷᠢᠶᠠᠲᠤ ᠭᠠᠵᠠᠷ ᠤᠨ ᠤᠶᠢᠷᠠᠯᠴᠠᠭ᠎ᠠ ᠪᠠᠶᠢᠬᠤ ᠵᠠᠷᠴᠢᠮ ᠤᠨ ᠶᠣᠰᠣᠭᠠᠷ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠭᠤᠤᠯ | ᠭᠠᠷᠤᠯᠲᠠ ᠶᠢᠨ ᠣᠷᠣᠨ ᠳᠤ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠦᠢᠯᠡᠴᠢᠯᠡᠬᠡᠨ ᠤ ᠲᠤᠭᠳᠠᠯᠴᠠᠭ᠎ᠠ ᠶᠢ ᠠᠯᠬᠤᠮ ᠠᠯᠬᠤᠮ ᠢᠶᠠᠷ ᠪᠤᠶᠢᠵᠢᠭᠤᠯᠬᠤ ᠬᠡᠷᠡᠭᠲᠡᠶ᠃ | ᠬᠠᠶᠢᠯᠠᠷ ᠲᠣᠭᠤᠷᠢᠭ ᠲᠤ ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠭᠤᠷᠪᠠᠳᠠᠬᠢ ᠡᠲᠡᠭᠡᠳ ᠤᠨ | ᠢᠳᠡᠭᠡᠨ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠪᠠᠷ ᠭᠤᠣᠯ ᠪᠤᠯᠭᠠᠵᠤ᠂ ᠬᠠᠶᠢᠯᠠᠷ ᠲᠣᠭᠤᠷᠢᠭ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ | ᠰᠢᠷᠠᠳᠠᠯ᠎ᠠ ᠲᠠᠷᠢᠶᠠᠯᠠᠩ ᠮᠠᠯᠵᠢᠯ ᠤᠨ ᠳᠠᠯᠠᠪᠠᠢ ᠵᠡᠷᠭᠡ ᠭᠠᠵᠠᠷ ᠤᠳ ᠲᠤ ᠦᠨᠳᠦᠰᠦᠳᠡᠨ ᠤ ᠤᠯᠠᠮᠵᠢᠯᠠᠯᠳᠤ ᠴᠠᠭᠠᠨ ᠢᠳᠡᠭᠡ ᠶᠢ ᠰᠢᠯᠭᠠᠨ ᠬᠡᠮᠵᠢᠬᠦ ᠦᠢᠯᠡᠴᠢᠯᠡᠬᠡᠨ ᠤ | ᠲᠤᠭᠳᠠᠯᠴᠠᠭ᠎ᠠ ᠶᠢ ᠪᠦᠷᠬᠦᠬᠦᠯᠦᠨ᠎ᠡ᠃ ᠬᠠᠭᠤᠴᠢᠨ ᠪᠠᠷᠭᠤ ᠬᠤᠰᠢᠭᠤ ᠪᠠ ᠰᠢᠨ᠎ᠡ ᠪᠠᠷᠭᠤ ᠵᠡᠭᠦᠨ ᠬᠤᠰᠢᠭᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ | ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠢᠳᠡᠭᠡᠨ ᠤ ᠰᠢᠯᠭᠠᠨ ᠪᠠᠶᠢᠴᠠᠭᠠᠯᠲᠠ ᠶᠢᠨ ᠲᠥᠪ ᠪᠠᠶᠢᠭᠤᠯᠵᠤ᠂ ᠰᠢᠨ᠎ᠡ ᠪᠠᠷᠭᠤ ᠪᠠᠷᠠᠭᠤᠨ ᠬᠤᠰᠢᠭᠤ ᠠᠳᠤᠭᠤᠨ ᠤ | ᠠᠵᠤ ᠦᠢᠯᠡᠰ ᠤᠨ ᠲᠥᠷᠥᠯ ᠵᠦᠢᠯ ᠳᠤ ᠲᠦᠰᠢᠭᠯᠡᠨ ᠢᠳᠡᠭᠡᠨ ᠤ ᠰᠢᠯᠭᠠᠨ ᠪᠠᠶᠢᠴᠠᠭᠠᠬᠤ ᠲᠥᠪ ᠢ ᠪᠦᠲᠦᠭᠡᠨ ᠪᠠᠶᠢᠭᠤᠯᠤᠨ᠎ᠠ᠃ 3 ᠶᠡᠷᠦᠩᠬᠡᠶᠢᠯᠡᠭᠰᠡᠨ ᠰᠢᠯᠭᠠᠨ | ᠪᠠᠶᠢᠴᠠᠭᠠᠬᠤ ᠲᠥᠪ ᠤᠨ ᠥᠨᠳᠥᠷ ᠪᠠᠷᠢᠮᠵᠢᠶᠠᠲᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠤᠷᠰᠢᠯᠲᠠ ᠶᠢᠨ ᠲᠠᠰᠤᠭ ᠤᠨ ᠬᠢᠷᠢ ᠬᠡᠮ ᠤᠨ ᠭᠡᠷᠡᠴᠢᠯᠡᠯᠲᠡ ᠪᠠᠷ | ᠳᠠᠮᠵᠢᠨ᠂ ᠭᠠᠳᠠᠭᠰᠢ ᠪᠠᠨ ᠲᠦᠪ ᠭᠤᠤᠯᠴᠢ ᠲᠤᠭ᠎ᠠ ᠪᠠᠷᠢᠮᠲᠠ ᠶᠢ ᠬᠠᠩᠭᠠᠵᠤ᠂ ᠡᠷᠭᠢᠨ ᠲᠣᠭᠤᠷᠢᠨ ᠤ ᠡᠳ᠋ᠰᠢᠭᠦᠯᠬᠦ ᠦᠢᠯᠡᠳᠬᠡᠯ ᠤᠨ ᠭᠠᠵᠠᠷ ᠤᠳ ᠤᠨ ᠰᠢᠯᠭᠠᠨ | ᠪᠠᠶᠢᠴᠠᠭᠠᠬᠤ ᠡᠭᠦᠷᠭᠡ ᠶᠢ ᠡᠭᠦᠷᠭᠡᠯᠡᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠳᠠ ᠶᠢᠨ ᠲᠣᠪᠴᠢᠶ᠎ᠠ᠂ ᠬᠠᠷᠢᠭᠤᠴᠠᠬᠤ ᠭᠠᠵᠠᠷ ᠣᠷᠣᠨ᠄ | ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ︶ | ᠭᠤᠷᠪᠠ ᠳᠤ᠂ ᠮᠡᠷᠭᠡᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠯᠵᠢᠮᠡᠯ ᠰᠢᠯᠭᠠᠨ ᠪᠠᠶᠢᠴᠠᠭᠠᠯᠲᠠ ᠶᠢᠨ ᠲᠡᠷᠭᠡ ᠪᠣᠯᠤᠨ ᠦᠨᠳᠦᠰᠦᠨ ᠱᠠᠲᠤᠨ ᠤ | ᠲᠦᠷᠭᠡᠨ ᠪᠠᠶᠢᠴᠠᠭᠠᠯᠲᠠ ᠶᠢᠨ ᠲᠦᠭᠦᠭᠡᠷᠦᠮᠵᠢ ᠶᠢ ᠭᠦᠢᠴᠡᠳ ᠠᠰᠢᠭᠯᠠᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠪᠠ ᠲᠦᠭᠰᠢᠭᠦᠷᠢ ᠶᠢ ᠬᠢᠨᠠᠨ ᠬᠡᠮᠵᠢᠬᠦ | ᠠᠵᠢᠯ ᠢ ᠥᠷᠨᠢᠭᠦᠯᠵᠦ᠂ ᠲᠤᠭᠳᠠᠮᠠᠯ ᠴᠢᠨᠠᠷᠳᠠᠢ ᠲᠦᠷᠭᠡᠨ ᠬᠡᠮᠵᠢᠬᠦ ᠪᠠ ᠲᠦᠷᠭᠡᠨ ᠪᠠᠶᠢᠴᠠᠭᠠᠵᠤ ᠰᠢᠭᠰᠢᠨ ᠪᠠᠶᠢᠴᠠᠭᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠶ᠃ | ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠬᠤ ᠭᠠᠵᠠᠷ ᠣᠷᠣᠨ᠄ ᠡᠸᠡᠩᠬᠢ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤᠨ ᠤ | ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠢ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶ | ᠳᠥᠷᠪᠡ ᠳᠤ᠂ ᠰᠤᠭᠤᠴᠢᠨ ᠪᠠᠶᠢᠴᠠᠭᠠᠵᠤ ᠬᠢᠨᠠᠨ ᠬᠡᠮᠵᠢᠬᠦ ᠶᠢ ᠴᠢᠩᠭᠠᠳᠬᠠᠵᠤ᠂ ᠶᠠᠰᠤ ᠴᠢᠨᠠᠷ ᠤᠨ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠬᠤ | ᠬᠡᠷᠡᠭᠲᠡᠶ᠃ ᠡᠯ᠎ᠡ ᠱᠠᠲᠤᠨ ᠤ ᠵᠠᠰᠠᠭ ᠤᠨ ᠣᠷᠳᠣᠨ ᠰᠤᠭᠤᠴᠢᠨ ᠪᠠᠶᠢᠴᠠᠭᠠᠬᠤ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠵᠤ᠂ ᠴᠠᠭ ᠲᠤᠬᠠᠶ ᠳᠤᠨᠢ | ᠲᠤᠭ᠎ᠠ ᠶᠣᠰᠣᠭᠠᠷ ᠪᠠᠭᠤᠯᠭᠠᠨ ᠦᠭᠬᠦ ᠶᠢ ᠪᠣᠳᠠᠲᠠᠶᠢᠵᠢᠭᠤᠯᠵᠤ᠂ ᠰᠤᠭᠤᠴᠢᠨ ᠪᠠᠶᠢᠴᠠᠭᠠᠬᠤ ᠶᠢ ᠪᠥᠷᠬᠦᠭᠦᠯᠦᠭᠰᠡᠨ ᠰᠠᠭᠤᠷᠢᠨ ᠳᠡᠭᠡᠷ᠎ᠡ ᠰᠤᠭᠤᠴᠢᠨ ᠪᠠᠶᠢᠴᠠᠭᠠᠬᠤ | ᠡᠷᠴᠢᠮ ᠢᠶᠠᠨ ᠵᠢᠯ ᠳᠠᠷᠠᠭᠠᠯᠠᠨ ᠴᠢᠩᠭᠠᠷᠠᠭᠤᠯᠵᠤ᠂ ᠰᠤᠭᠤᠴᠢᠨ ᠪᠠᠶᠢᠴᠠᠭᠠᠬᠤ ᠤᠳᠠᠭ᠎ᠠ ᠶᠢ ᠨᠡᠮᠡᠭᠳᠡᠭᠦᠯᠵᠦ᠂ ᠢᠳᠡᠭᠡᠨ ᠤ ᠠᠮᠤᠷ ᠲᠦᠪᠰᠢᠨ ᠤ ᠠᠰᠠᠭᠤᠳᠠᠯ ᠢ ᠴᠠᠭ | ᠲᠤᠬᠠᠶ ᠳᠤᠨᠢ ᠢᠯᠡᠷᠡᠭᠦᠯᠬᠦ ᠪᠠ ᠰᠢᠢᠳᠪᠦᠷᠢᠯᠡᠨ᠂ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠬᠤ ᠭᠠᠵᠠᠷ ᠣᠷᠣᠨ᠄ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ | ᠪᠠᠷᠭᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠢ᠄ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶ | ︵ᠳᠦᠷᠪᠡ︶ ᠪᠠᠷᠢᠮᠵᠢᠶᠠᠵᠢᠭᠰᠠᠨ ᠲᠤᠭᠲᠠᠯᠴᠠᠭ᠎ᠠ ᠶᠢᠨ ᠪᠠᠶᠢᠭᠤᠯᠤᠯᠲᠠ ᠶᠢ ᠰᠠᠶᠢᠲᠤᠷ ᠠᠳᠬᠤᠨ᠎ᠠ | ᠨᠢᠭᠡ ᠳᠤ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ ᠲᠡᠵᠢᠭᠡᠯ ᠡᠪᠡᠰᠦ ᠳᠠᠷᠢᠵᠤ ᠤᠷᠭᠤᠭᠤᠯᠬᠤ᠂ | ᠴᠠᠭᠠᠨ ᠢᠳᠡᠭᠡ ᠡᠳ᠋ᠰᠢᠭᠦᠯᠬᠦ ᠵᠡᠷᠭᠡ ᠭᠤᠭᠴᠤᠭ᠎ᠠ ᠶᠢᠨ ᠲᠣᠭᠤᠷᠢᠨ ᠳᠤ ᠪᠠᠷᠢᠮᠵᠢᠶᠠᠵᠢᠭᠰᠠᠨ ᠲᠤᠭᠲᠠᠯᠴᠠᠭ᠎ᠠ ᠶᠢᠨ ᠪᠠᠶᠢᠭᠤᠯᠤᠯᠲᠠ ᠶᠢ ᠥᠷᠨᠢᠭᠦᠯᠦᠨ᠎ᠡ᠃ | ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠡᠵᠡᠩᠨᠡᠯᠲᠡ ᠶᠢᠨ ᠭᠤᠤᠯ ᠴᠣᠭᠴᠠ ᠶᠢ ᠠᠬᠢᠭᠤᠯᠵᠤ ︽ᠢᠳᠡᠭᠡᠨ ᠤ ᠠᠮᠤᠷ ᠲᠦᠪᠰᠢᠨ ᠤ ᠣᠷᠣᠨ ᠨᠤᠲᠤᠭ ᠤᠨ | ᠪᠠᠷᠢᠮᠵᠢᠶ᠎ᠠ ᠮᠣᠩᠭᠤᠯ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠦᠢᠯᠡᠳᠪᠦᠷᠢᠯᠡᠯ ᠤᠨ ᠡᠷᠡᠭᠦᠯ ᠬᠠᠮᠠᠭᠠᠯᠠᠯ ᠤᠨ ᠵᠢᠷᠤᠮᠵᠢᠯ ︵QBS 15/008 — | 2016︶︾ ᠵᠢᠴᠢ ᠬᠤᠷᠤᠳ᠂ ᠥᠷᠥᠮ᠎ᠡ᠂ ᠴᠡᠭᠡ᠂ ᠵᠠᠵᠢᠯᠭᠠ᠂ ᠴᠤᠷ᠎ᠠ᠂ ᠡᠭᠡᠳᠡᠭᠰᠡᠨ ᠪᠢᠰᠢᠯᠠᠭ ᠤᠨ ᠥᠨᠳᠡᠭᠡ᠂ ᠪᠢᠰᠢᠯᠠᠭ ᠵᠡᠷᠭᠡ ᠢᠳᠡᠭᠡᠨ ᠤ ᠠᠮᠤᠷ ᠲᠦᠪᠰᠢᠨ ᠤ | ᠣᠷᠣᠨ ᠨᠤᠲᠤᠭ ᠤᠨ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠦᠢᠯᠡᠳᠪᠦᠷᠢᠯᠡᠬᠦ ᠠᠵᠤ | ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠪᠤᠶᠤ ᠢᠳᠡᠭᠡᠨ ᠤ ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ᠠᠴᠠ ᠴᠢᠩᠭ᠎ᠠ | ᠠᠵᠤ ᠠᠬᠤᠶᠢᠯᠠᠯ ᠤᠨ ᠪᠠᠷᠢᠮᠵᠢᠶ᠎ᠠ ᠲᠣᠭᠲᠠᠭᠠᠬᠤ ᠶᠢ ᠵᠣᠷᠢᠭᠵᠢᠭᠤᠯᠤᠨ ᠳᠠᠮᠵᠢᠵᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ | ᠢᠳᠡᠭᠡᠨ ᠤ ᠠᠮᠤᠷ ᠲᠦᠪᠰᠢᠨ ᠤ ᠪᠠᠷᠢᠮᠵᠢᠶᠠᠳᠤ ᠲᠤᠭᠲᠠᠯᠴᠠᠭ᠎ᠠ ᠶᠢ ᠠᠭᠠᠵᠢᠮ ᠢᠶᠠᠷ ᠲᠡᠭᠦᠯᠳᠡᠷᠵᠢᠭᠦᠯᠬᠦ ᠬᠡᠷᠡᠭᠲᠡᠶ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠬᠠᠷᠢᠭᠤᠴᠠᠬᠤ ᠭᠠᠵᠠᠷ ᠣᠷᠣᠨ᠄ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ | ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ︶ | ᠬᠤᠶᠠᠷ ᠲᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠦᠢᠯᠡᠳᠪᠦᠷᠢᠯᠡᠨ ᠡᠵᠡᠩᠨᠡᠭᠴᠢᠳ ᠤᠨ ᠡᠯ᠎ᠡ ᠲᠦᠷᠦᠯ ᠤᠨ ᠪᠠᠷᠢᠮᠵᠢᠶ᠎ᠠ ᠪᠣᠯᠤᠨ ᠵᠢᠷᠤᠮᠵᠢᠯ | ᠢᠶᠠᠷ ᠠᠵᠢᠯᠯᠠᠬᠤ ᠶᠢ ᠱᠠᠭᠠᠷᠳᠠᠨ ᠠᠬᠢᠭᠤᠯᠵᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ᠂ ᠡᠵᠡᠩᠨᠡᠨ ᠪᠣᠷᠣᠯᠠᠭᠤᠯᠬᠤ᠂ | ᠲᠡᠭᠡᠭᠡᠪᠦᠷᠢᠯᠡᠵᠦ ᠬᠠᠳᠠᠭᠠᠯᠠᠬᠤ ᠵᠡᠷᠭᠡ ᠪᠠᠷᠢᠮᠵᠢᠶᠠᠵᠢᠭᠰᠠᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ ᠦᠨᠳᠦᠰᠦᠲᠡᠨ ᠤ ᠤᠯᠠᠮᠵᠢᠯᠠᠯᠲᠤ | ᠴᠠᠭᠠᠨ ᠢᠳᠡᠭᠡᠨ ᠤ ᠠᠵᠢᠯ ᠲᠥᠷᠥᠯ ᠤᠨ ᠳᠡᠰ ᠳᠡᠪᠰᠢᠬᠦ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠠᠷᠢᠭᠤᠴᠠᠯᠭᠠᠲᠤ ᠭᠠᠵᠠᠷ ᠣᠷᠣᠨ᠄ | ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ︶ | ᠭᠤᠷᠪᠠ ᠳᠤ᠂ ᠱᠠᠩᠨᠠᠨ ᠬᠥᠬᠢᠭᠦᠯᠬᠦ ᠤᠷᠮᠠᠰᠢᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠪᠦᠬᠦ ᠬᠤᠲᠠ ᠶᠢᠨ ᠬᠡᠪᠴᠢᠶᠡᠨ ᠳᠣᠲᠣᠷ᠎ᠠ | ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠢᠯ ᠡᠷᠬᠢᠯᠡᠭᠰᠡᠳ ᠢ ᠲᠣᠭᠲᠠᠮᠠᠯ ᠬᠤᠭᠤᠴᠠᠭ᠎ᠠ ᠲᠠᠢ ᠵᠣᠬᠢᠶᠠᠨ ᠪᠠᠶᠢᠭᠤᠯᠤᠨ ᠲᠤᠬᠠᠶᠢᠯᠠᠭᠰᠠᠨ ᠠᠵᠢᠯ ᠤᠨ | ᠤᠷᠤᠯᠳᠤᠭᠠᠨ ᠶᠠᠪᠤᠭᠤᠯᠵᠤ᠂ ᠠᠵᠢᠯ ᠡᠷᠬᠢᠯᠡᠭᠰᠡᠳ ᠤᠨ ᠬᠠᠷᠢᠯᠴᠠᠨ ᠰᠤᠷᠤᠯᠴᠠᠵᠤ ᠰᠣᠯᠢᠯᠴᠠᠬᠤ ᠲᠠᠪᠴᠠᠩ ᠢ ᠪᠠᠶᠢᠭᠤᠯᠵᠤ᠂ ᠤᠷᠤᠯᠳᠤᠭᠠᠨ ᠢᠶᠠᠷ ᠳᠠᠮᠵᠢᠭᠤᠯᠤᠨ ᠠᠵᠤ | ᠦᠢᠯᠡᠰ ᠤᠨ ᠲᠡᠰ ᠳᠡᠪᠰᠢᠬᠦ ᠪᠠ ᠴᠠᠭᠠᠨ ᠢᠳᠡᠭᠡᠨ ᠤ ᠲᠦᠷᠦᠯ ᠵᠦᠢᠯ ᠤᠨ ᠰᠢᠨ᠎ᠡ ᠨᠡᠮᠡᠭᠳᠡᠯ ᠢ ᠠᠬᠢᠭᠤᠯᠤᠨ᠎ᠠ᠃ ᠤᠷᠤᠯᠳᠤᠭᠠᠨ ᠤ ᠢᠯᠠᠭᠴᠢ ᠲᠠᠯ᠎ᠠ ᠳᠤ ᠲᠥᠷᠥ ᠶᠢᠨ | ᠪᠣᠳᠣᠯᠭ᠎ᠠ ᠪᠠᠷ ᠳᠡᠮᠵᠢᠬᠦ ᠶᠢ ᠭᠤᠤᠯᠳᠠᠯᠭ᠎ᠠ ᠲᠠᠢ ᠬᠡᠯᠪᠠᠶᠢᠯᠭᠡᠨ᠎ᠡ᠃ ᠪᠦᠲᠦᠭᠡᠭᠳᠡᠬᠦᠨ ᠤ ᠰᠢᠨ᠎ᠡ ᠶᠢ ᠡᠭᠦᠳᠬᠦ᠂ ᠲᠥᠷᠥᠯ ᠲᠡᠮᠳᠡᠭᠲᠦ ᠶᠢ ᠡᠭᠦᠳᠬᠦ᠂ ᠵᠠᠬ᠎ᠠ ᠳᠡᠯᠭᠡᠭᠦᠷ ᠤᠨ | ᠡᠵᠡᠩᠨᠡᠨ ᠪᠣᠷᠣᠯᠠᠭᠤᠯᠭ᠎ᠠ ᠵᠡᠷᠭᠡ ᠢᠯᠡᠳᠲᠡ ᠦᠷ᠎ᠡ ᠪᠦᠲᠦᠮᠵᠢ ᠣᠯᠤᠭᠰᠠᠨ ᠡᠵᠡᠩᠨᠡᠭᠴᠢ ᠶᠢ ᠬᠥᠬᠢᠭᠦᠯᠦᠨ ᠱᠠᠩᠨᠠᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠬᠠᠷᠢᠭᠤᠴᠠᠯᠭᠠᠲᠤ ᠭᠠᠵᠠᠷ ᠣᠷᠣᠨ᠄ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ | ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ︶ | ︵ᠲᠠᠪᠤ︶ ᠬᠥᠲᠥᠴᠢ ᠠᠵᠤ ᠠᠬᠤᠶᠢᠯᠠᠯ ᠤᠨ ᠴᠣᠭᠴᠠᠯᠠᠯᠲᠠ ᠶᠢ ᠰᠠᠶᠢᠲᠤᠷ ᠠᠳᠬᠤᠨ᠎ᠠ | ᠨᠢᠭᠡ ᠳᠤ᠂ ᠮᠠᠯᠵᠢᠬᠤ ᠳᠥᠷᠪᠡᠨ ᠬᠤᠰᠢᠭᠤ ᠨᠢ ᠤᠳᠤᠬᠠᠨ ᠤ ᠬᠡᠪᠴᠢᠶᠡᠵᠢᠭᠰᠡᠨ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠠᠬᠤᠶᠢᠯᠠᠯ | ᠳᠣᠲᠣᠷ᠎ᠠ ᠠᠴᠠ 1-2 ᠠᠵᠤ ᠠᠬᠤᠶᠢᠯᠠᠯ ᠢ ᠰᠤᠩᠭᠤᠵᠤ ᠬᠦᠲᠦᠴᠢ ᠠᠵᠤ ᠠᠬᠤᠶᠢᠯᠠᠯ ᠪᠣᠯᠭᠠᠨ ᠭᠤᠣᠯᠳᠠᠯᠭ᠎ᠠ ᠲᠠᠢ ᠳᠡᠮᠵᠢᠵᠤ᠂ 2020 ᠣᠨ ᠤ ᠵᠢᠯ ᠤᠨ ᠡᠴᠦᠰ | ᠪᠣᠯᠬᠤ ᠳᠤ ᠠᠩᠬ᠎ᠠ ᠠᠯᠬᠤᠮ ᠤᠨ ᠦᠷ᠎ᠡ ᠪᠦᠲᠦᠮᠵᠢ ᠣᠯᠤᠨ᠎ᠠ᠃ ᠬᠦᠲᠦᠴᠢ ᠠᠵᠤ ᠠᠬᠤᠶᠢᠯᠠᠯ ᠨᠢᠭᠡ ᠯᠡ ᠬᠥᠭ ᠢᠶᠠᠷ ᠬᠡᠪᠴᠢᠶ᠎ᠡ ᠶᠡᠭᠡ ᠪᠠᠶᠢᠬᠤ ᠶᠢ ᠬᠥᠭᠡᠭᠡᠴᠡᠯᠳᠦᠬᠦ | ᠪᠢᠰᠢ᠂ ᠪᠠᠭ᠎ᠠ᠂ ᠨᠠᠷᠢᠯᠢᠭ᠂ ᠣᠨᠴᠠ᠂ ᠰᠢᠯᠢᠳᠡᠭ᠂ ᠪᠠᠷᠢᠮᠵᠢᠶᠠᠵᠢᠭᠰᠠᠨ ᠦᠢᠯᠡᠳᠪᠦᠷᠢᠯᠡᠯ ᠢ ᠪᠡᠶᠡᠯᠡᠭᠦᠯᠵᠦ᠂ ᠤᠳᠤ ᠦᠶ᠎ᠡ ᠶᠢᠨ ᠦᠨᠦᠷ ᠲᠠᠢ ᠪᠠᠶᠢᠯᠭᠠᠬᠤ ᠬᠡᠷᠡᠭᠲᠡᠶ᠃ | ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠠᠷᠢᠭᠤᠴᠠᠬᠤ ᠭᠠᠵᠠᠷ ᠣᠷᠣᠨ᠄ ᠡᠸᠡᠩᠬᠢ ᠦᠨᠳᠦᠰᠦᠲᠡᠨ ᠤ | ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ | ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠢ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠳᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | ᠬᠤᠶᠠᠷ ᠲᠤ᠂ ᠬᠥᠯᠥᠨ ᠪᠤᠶᠢᠷ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠡᠬᠢ ᠪᠠᠶᠠᠯᠢᠭ ᠢ ᠠᠰᠢᠭᠯᠠᠵᠤ᠂ ᠵᠢᠭᠤᠯᠴᠢᠯᠠᠯ ᠤᠨ ᠵᠠᠮ ᠬᠠᠷᠢᠯᠴᠠᠭᠠᠨ ᠤ ᠭᠤᠣᠯ | ᠵᠠᠮ ᠱᠤᠭᠤᠮ ᠳᠠᠭᠠᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡ ᠦᠢᠯᠡᠳᠪᠦᠷᠢᠯᠡᠵᠦ ᠡᠳ᠋ᠰᠢᠭᠦᠯᠦᠨ ᠪᠣᠷᠣᠯᠠᠭᠤᠯᠬᠤ ᠶᠢ ᠬᠥᠲᠥᠯᠥᠨ ᠵᠢᠯᠣᠭᠤᠳᠴᠤ᠂ | ᠵᠢᠭᠤᠯᠴᠢᠯᠠᠯ᠂ ᠰᠣᠶᠣᠯ᠂ ᠪᠡᠶ᠎ᠡ ᠶᠢᠨ ᠲᠠᠮᠢᠷ ᠵᠡᠷᠭᠡ ᠠᠵᠤ ᠦᠢᠯᠡᠰ ᠯᠦᠭᠡ ᠭᠦᠨᠵᠡᠭᠡᠶ ᠠᠭᠤᠰᠤᠯᠴᠠᠬᠤ ᠶᠢ ᠪᠡᠶᠡᠯᠡᠬᠦᠯᠦᠨ᠎ᠡ᠃ ᠰᠠᠭᠤᠷᠢ ᠪᠡᠯᠡᠳᠬᠡᠮᠵᠢ ᠶᠢ | ᠭᠤᠤᠯᠳᠠᠯᠭ᠎ᠠ ᠲᠠᠢ ᠲᠡᠭᠦᠯᠳᠡᠷᠵᠢᠭᠦᠯᠵᠦ᠂ ᠣᠨᠴᠠᠯᠢᠭᠲᠤ ᠰᠡᠯᠡᠭᠦᠴᠡᠯ ᠤᠨ ᠪᠡᠯᠡᠳᠬᠡᠮᠵᠢ ᠶᠢᠨ ᠣᠷᠣᠭᠤᠯᠤᠯᠲᠠ ᠶᠢ ᠴᠢᠩᠭᠠᠳᠬᠠᠵᠤ᠂ ᠠᠵᠤ ᠦᠢᠯᠡᠰ ᠤᠨ | ︽ᠪᠦᠲᠦᠭᠡᠭᠳᠡᠬᠦᠨ + ᠦᠢᠯᠡᠴᠢᠯᠡᠭᠡ︾ ᠲᠡᠰᠢ ᠰᠢᠯᠵᠢᠬᠦ ᠶᠢ ᠲᠦᠯᠬᠢᠨ ᠠᠬᠢᠭᠤᠯᠤᠨ᠎ᠠ᠃ ᠠᠮᠢ ᠠᠬᠤᠶ ᠶᠢᠨ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠲᠡᠵᠢᠭᠡᠨ | ᠦᠷᠡᠵᠢᠭᠦᠯᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠰᠡᠯᠡᠭᠦᠴᠡᠯ ᠵᠢᠭᠤᠯᠴᠢᠯᠠᠯ᠂ ᠰᠢᠨ᠎ᠡ ᠰᠣᠷᠭᠤᠭ ᠰᠦ ᠠᠮᠲᠠᠯᠠᠬᠤ᠂ ᠦᠨᠳᠦᠰᠦᠳᠡᠨ ᠤ | ᠤᠯᠠᠮᠵᠢᠯᠠᠯᠲᠤ ᠴᠠᠭᠠᠨ ᠢᠳᠡᠭᠡᠨ ᠢ ᠡᠳ᠋ᠰᠢᠭᠦᠯᠦᠨ ᠪᠣᠷᠣᠯᠠᠭᠤᠯᠬᠤ ᠶᠢ ᠨᠢᠭᠡ ᠴᠤᠭᠴᠠᠵᠢᠭᠤᠯᠤᠭᠰᠠᠨ ᠲᠣᠭᠤᠷᠢᠨ ᠵᠤᠭᠠᠴᠠᠬᠤ ᠬᠡᠯᠪᠡᠷᠢ ᠶᠢᠨ ᠠᠵᠤ ᠠᠬᠤᠶᠢᠯᠠᠯ ᠢ | ᠪᠦᠲᠦᠭᠡᠨ ᠪᠠᠶᠢᠭᠤᠯᠵᠤ᠂ ᠪᠡᠶᠡᠴᠢᠯᠡᠨ ᠣᠶᠢᠯᠠᠭᠠᠬᠤ ᠬᠡᠷᠡᠭᠯᠡᠭᠡ ᠶᠢ ᠥᠷᠭᠡᠳᠬᠡᠵᠦ᠂ ᠡᠵᠡᠩᠨᠡᠨ ᠪᠣᠷᠣᠯᠠᠭᠤᠯᠬᠤ ᠠᠷᠭ᠎ᠠ ᠵᠠᠮ ᠢ ᠦᠷᠭᠡᠳᠬᠡᠨ᠎ᠡ᠃ ︵ᠲᠦᠷᠦᠭᠦᠯᠡᠨ ᠬᠢᠬᠦ | ᠨᠢᠭᠡᠴᠢ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠬᠤ ᠭᠠᠵᠠᠷ ᠣᠷᠣᠨ᠄ | ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠢ᠄ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ︶ | ᠭᠤᠷᠪᠠ ᠳᠤ᠂ ᠰᠢᠷᠠᠲᠠᠯ᠎ᠠ ᠲᠠᠷᠢᠶᠠᠯᠠᠩ ᠮᠠᠯᠵᠢᠯ ᠤᠨ ᠲᠠᠯᠠᠪᠠᠢ ᠶᠢᠨ ᠧᠦ᠋ᠷᠣᠫᠠ ᠮᠠᠶ᠋ᠢᠭ ᠤᠨ ᠠᠮᠲᠠᠲᠤ ᠪᠢᠰᠢᠯᠠᠭ ᠦᠢᠯᠡᠳᠪᠦᠷᠢᠯᠡᠬᠦ ᠱᠤᠭᠤᠮ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠢᠯᠡᠳᠪᠦᠷᠢᠯᠡᠯ ᠤᠨ ᠴᠢᠳᠠᠮᠵᠢ ᠪᠠ ᠲᠦᠷᠦᠯ ᠵᠦᠢᠯ ᠢ ᠨᠡᠮᠡᠭᠳᠡᠭᠦᠯᠵᠦ᠂ ᠪᠦᠲᠦᠭᠡᠭᠳᠡᠬᠦᠨ ᠢ ᠠᠯᠢ ᠲᠦᠷᠭᠡᠨ ᠢᠶᠠᠷ | ᠵᠠᠬ᠎ᠠ ᠳᠡᠯᠭᠡᠭᠦᠷ ᠲᠤ ᠭᠠᠷᠭᠠᠨ᠎ᠠ᠃ ᠣᠷᠣᠨ ᠤ ᠭᠠᠳᠠᠨᠠᠬᠢ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠬᠦᠲᠦᠴᠢ ᠠᠵᠤ ᠠᠬᠤᠶᠢᠯᠠᠯ ᠢ ᠳᠠᠳᠠᠨ ᠤᠷᠤᠭᠤᠯᠬᠤ | ᠡᠷᠴᠢᠮ ᠢᠶᠠᠨ ᠴᠢᠩᠭᠠᠷᠠᠭᠤᠯᠵᠤ᠂ ᠪᠦᠬᠦ ᠬᠤᠲᠠ ᠶᠢᠨ ᠬᠦᠲᠦᠴᠢ ᠠᠵᠤ ᠠᠬᠤᠶᠢᠯᠠᠯ ᠢᠶᠠᠷ ᠳᠠᠶᠢᠴᠢᠯᠠᠭᠰᠠᠨ᠂ ᠣᠯᠠᠨ ᠠᠵᠤ ᠠᠬᠤᠶᠢᠯᠠᠯ ᠵᠡᠷᠭᠡᠪᠡᠷ ᠤᠷᠤᠭᠰᠢᠯᠠᠭᠰᠠᠨ | ᠦᠨᠳᠦᠰᠦᠳᠡᠨ ᠤ ᠤᠯᠠᠮᠵᠢᠯᠠᠯᠲᠤ ᠴᠠᠭᠠᠨ ᠢᠳᠡᠭᠡᠨ ᠤ ᠬᠥᠭᠵᠢᠯᠲᠡ ᠶᠢᠨ ᠪᠠᠶᠢᠳᠠᠯ ᠢ ᠪᠦᠷᠢᠯᠳᠦᠭᠦᠯᠵᠦ᠂ ᠪᠦᠬᠦᠯᠢ ᠴᠣᠭᠴᠠ ᠶᠢᠨ ᠠᠵᠤ ᠦᠢᠯᠡᠰ ᠤᠨ ᠲᠦᠷᠭᠡᠨ | ᠬᠥᠭᠵᠢᠯᠲᠡ ᠶᠢ ᠳᠠᠶᠢᠴᠢᠯᠠᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠠᠷᠢᠭᠤᠴᠠᠯᠭᠠᠲᠤ ᠭᠠᠵᠠᠷ ᠣᠷᠣᠨ᠄ | ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠢ᠄ ᠬᠤᠲᠠ ᠶᠢᠨ ᠠᠵᠤ ᠠᠬᠤᠢ ᠮᠡᠳᠡᠭᠡ ᠵᠠᠩᠭᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︶ | | | |