︵ᠵᠢᠷᠭᠤᠭ᠎ᠠ︶ ᠲᠦᠷᠦᠯ ᠲᠡᠮᠳᠡᠭ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ | ᠲᠠᠸᠠᠷ ᠤᠨ ᠲᠡᠮᠳᠡᠭᠲᠦ ᠶᠢᠨ ᠲᠦᠷᠦᠯ ᠲᠡᠮᠳᠡᠭ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠬᠥᠯᠥᠨ ᠪᠤᠶᠢᠷ ᠤᠨ ᠣᠨᠴᠠᠯᠢᠭᠲᠤ ᠠᠵᠤ | ᠦᠢᠯᠡᠰ ᠤᠨ ᠳᠠᠪᠠᠭᠤᠯᠢᠭ ᠲᠠᠢ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠨᠥᠯᠥᠭᠡᠯᠡᠬᠦ | ᠬᠦᠴᠦᠨ ᠲᠠᠢ ᠨᠢᠭᠡ ᠪᠦᠯᠦᠭ ᠨᠡᠷᠡᠲᠦ ᠪᠦᠲᠦᠭᠡᠭᠳᠡᠬᠦᠨ ᠢ ᠪᠣᠢ ᠪᠣᠯᠭᠠᠨ᠎ᠠ᠃ ︽ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠮᠢᠬ᠎ᠠ︾ ᠶᠢᠨ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠪᠠᠬᠢᠵᠢᠭᠦᠯᠦᠨ ᠳᠡᠭᠡᠭᠰᠢᠯᠡᠭᠦᠯᠵᠦ᠂ ᠳᠠᠩᠰᠠᠯᠠᠭᠤᠯᠤᠭᠰᠠᠨ ᠦᠭᠡᠢ ᠴᠠᠭᠠᠨ ᠢᠳᠡᠭᠡᠨ ᠦᠢᠯᠡᠳᠪᠦᠷᠢᠯᠡᠬᠦ ᠠᠵᠤ | ᠠᠬᠤᠶᠢᠯᠠᠯ ᠢ ᠬᠥᠲᠥᠯᠥᠨ ᠵᠢᠯᠣᠭᠤᠳᠴᠤ ᠲᠠᠸᠠᠷ ᠤᠨ ᠲᠡᠮᠳᠡᠭ ᠳᠠᠩᠰᠠᠯᠠᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠬᠤᠰᠢᠭᠤ ᠬᠤᠲᠠ ᠲᠣᠭᠤᠷᠢᠭ ᠤᠨ ᠭᠠᠷᠭᠠᠬᠤ | ᠴᠢᠳᠠᠪᠤᠷᠢ ᠲᠠᠢ᠂ ᠢᠲᠡᠭᠡᠯ ᠨᠠᠶᠢᠳᠠᠪᠤᠷᠢᠳᠠᠢ ᠪᠦᠲᠦᠭᠡᠭᠳᠡᠬᠦᠨ ᠰᠣᠩᠭᠤᠬᠤ ᠶᠢ ᠵᠤᠷᠢᠭᠵᠢᠭᠤᠯᠵᠤ᠂ ᠭᠠᠵᠠᠷ ᠵᠦᠶ ᠶᠢᠨ ᠲᠤᠭ ᠲᠡᠮᠳᠡᠭ ᠪᠤᠯᠤᠭᠰᠠᠨ ᠲᠠᠸᠠᠷ ᠤᠨ | ᠲᠡᠮᠳᠡᠭᠲᠦ ᠶᠢ ᠪᠤᠶᠢᠵᠢᠭᠤᠯᠤᠨ ᠬᠥᠭᠵᠢᠭᠦᠯᠵᠦ᠂ ᠲᠠᠸᠠᠷ ᠤᠨ ᠲᠡᠮᠳᠡᠭᠲᠦ ᠪᠠᠷ ᠮᠠᠯᠴᠢᠨ ᠲᠠᠷᠢᠶᠠᠴᠢᠳ ᠢ ᠪᠠᠶᠠᠵᠢᠭᠤᠯᠤᠨ ᠴᠢᠨᠡᠭᠡᠯᠢᠭᠵᠢᠭᠦᠯᠦᠨ᠎ᠡ᠃ ︽ᠬᠥᠯᠥᠨ ᠪᠤᠶᠢᠷ ᠤᠨ | ᠪᠢᠰᠢᠯᠠᠭ︾ ︽ᠬᠥᠯᠥᠨ ᠪᠤᠶᠢᠷ ᠤᠨ ᠴᠡᠭᠡ︾ ︽ᠬᠥᠯᠥᠨ ᠪᠤᠶᠢᠷ ᠤᠨ ᠢᠮᠠᠭᠠᠨ ᠰᠦ︾ ︽ᠬᠥᠯᠥᠨ ᠪᠤᠶᠢᠷ ᠤᠨ ᠢᠩᠭᠡᠨ ᠬᠤᠭᠤᠷᠮᠠᠭ︾ ᠵᠡᠷᠭᠡ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠰᠤᠳᠤᠯᠤᠨ ᠳᠠᠩᠰᠠᠯᠠᠭᠤᠯᠬᠤ ᠶᠢᠨ ᠬᠠᠮᠲᠤ ᠲᠥᠷᠥᠯ ᠲᠡᠮᠳᠡᠭ ᠤᠨ ᠬᠠᠮᠢᠶᠠᠷᠤᠯᠲᠠ ᠶᠢᠨ ᠪᠠᠷᠢᠮᠵᠢᠶ᠎ᠠ ᠶᠢ ᠲᠣᠭᠲᠠᠭᠠᠵᠤ᠂ | ᠲᠥᠷᠥᠯ ᠲᠡᠮᠳᠡᠭ ᠤᠨ ᠡᠷᠬᠡ ᠣᠯᠭᠤᠬᠤ ᠬᠠᠮᠢᠶᠠᠷᠤᠯᠲᠠ ᠶᠢ ᠴᠢᠩᠭᠠᠳᠬᠠᠨ᠎ᠠ᠃ ᠪᠦᠲᠦᠭᠡᠭᠳᠡᠬᠦᠨ ᠤ ᠶᠠᠰᠤ ᠴᠢᠨᠠᠷ ᠲᠣᠭᠲᠠᠭᠤᠨ᠂ ᠡᠵᠡᠩᠨᠡᠭᠴᠢ ᠶᠢᠨ ᠢᠲᠡᠭᠡᠯ ᠬᠦᠨᠳᠦ | ᠰᠠᠶᠢᠨ ᠠᠵᠤ ᠠᠬᠤᠶᠢᠯᠠᠯ᠂ ᠡᠳ᠋ᠰᠢᠭᠦᠯᠬᠦ ᠦᠢᠯᠡᠳᠬᠡᠯ ᠤᠨ ᠭᠠᠵᠠᠷ ᠢ ᠰᠤᠩᠭᠤᠨ ᠡᠷᠬᠡ ᠤᠯᠭᠤᠵᠤ ᠬᠡᠷᠡᠭᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠬᠥᠯᠥᠨ | ᠪᠤᠶᠢᠷ ᠤᠨ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠺᠣᠮᠫᠠᠨᠢ᠂ ᠬᠠᠷᠢᠭᠤᠴᠠᠯᠭᠠᠲᠤ ᠭᠠᠵᠠᠷ ᠣᠷᠣᠨ᠄ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ | ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ | ᠨᠢᠭᠡᠴᠢ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | ︵ᠳᠣᠯᠤᠭ᠎ᠠ︶ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠭ᠎ᠠ ᠶᠢ ᠴᠢᠩᠭᠠᠷᠠᠭᠤᠯᠤᠨ᠎ᠠ | ᠨᠢᠭᠡ ᠳᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠪᠦᠲᠦᠭᠡᠭᠳᠡᠬᠦᠨ ᠤ ᠡᠵᠡᠩᠨᠡᠨ ᠪᠤᠷᠤᠯᠠᠭᠤᠯᠭ᠎ᠠ ᠶᠢ ᠬᠥᠯᠥᠨ ᠪᠤᠶᠢᠷ ᠤᠨ ᠲᠠᠯ᠎ᠠ | ᠨᠤᠲᠤᠭ ᠤᠨ ᠵᠢᠭᠤᠯᠴᠢᠯᠠᠯ ᠲᠠᠢ ᠬᠠᠷᠢᠯᠴᠠᠨ ᠤᠶᠠᠯᠳᠤᠭᠤᠯᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠢ | ᠪᠡᠶᠡᠴᠢᠯᠡᠨ ᠣᠶᠢᠯᠠᠭᠠᠵᠤ ᠪᠣᠷᠣᠯᠠᠭᠤᠯᠬᠤ ᠲᠤᠰᠬᠠᠶ ᠴᠡᠭ ᠪᠠᠶᠢᠭᠤᠯᠵᠤ᠂ ᠭᠤᠤᠯ ᠪᠤᠯᠬᠤ ᠵᠢᠭᠤᠯᠴᠢᠯᠠᠯ ᠤᠨ ᠬᠤᠰᠢᠭᠤ ᠬᠤᠲᠠ ᠶᠢᠨ ᠭᠤᠤᠯᠳᠠᠯᠭ᠎ᠠ ᠲᠠᠢ ᠰᠢᠶᠠᠩ | ᠪᠠᠯᠭᠠᠰᠤᠨ ᠳᠤ ᠦᠨᠳᠦᠰᠦᠲᠡᠨ ᠤ ᠴᠠᠭᠠᠨ ᠢᠳᠡᠭᠡᠨ ᠤ ᠲᠤᠰᠬᠠᠶ ᠡᠵᠡᠩᠨᠡᠯᠲᠡ ᠶᠢᠨ ᠳᠡᠯᠭᠡᠭᠦᠷ ᠪᠠᠶᠢᠭᠤᠯᠵᠤ᠂ ᠬᠤᠲᠠ ᠶᠢᠨ ᠬᠡᠪᠴᠢᠶᠡᠨ ᠳᠠᠬᠢ ᠨᠡᠯᠢᠶᠡᠳ ᠲᠣᠮᠣ | ᠬᠤᠳᠠᠯᠳᠤᠭᠠᠨ ᠤ ᠲᠠᠯᠠᠪᠤᠷ ᠤᠨ ᠬᠡᠲᠦ ᠳᠡᠯᠭᠡᠭᠦᠷ ᠲᠤ ᠦᠨᠳᠦᠰᠦᠳᠡᠨ ᠤ ᠴᠠᠭᠠᠨ ᠢᠳᠡᠭᠡ ᠪᠣᠷᠣᠯᠠᠭᠤᠯᠬᠤ ᠲᠤᠰᠬᠠᠶ ᠯᠠᠩᠭᠦᠶ ᠭᠠᠷᠭᠠᠵᠤ᠂ ᠭᠠᠳᠠᠷ ᠣᠷᠣᠨ ᠤ | ᠵᠢᠭᠤᠯᠴᠢᠯᠠᠭᠴᠢᠳ ᠲᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠢ ᠪᠦᠬᠦ ᠲᠠᠯ᠎ᠠ ᠪᠠᠷ ᠲᠠᠨᠢᠯᠴᠠᠭᠤᠯᠬᠤ ᠪᠠ ᠪᠡᠶᠡᠴᠢᠯᠡᠨ ᠤᠶᠢᠯᠠᠭᠠᠬᠤ ᠳᠤ ᠳᠥᠭᠦᠮ | ᠳᠥᠲᠡ᠂ ᠪᠠᠷᠠᠭ᠎ᠠ ᠬᠤᠳᠠᠯᠳᠤᠨ ᠠᠪᠬᠤ ᠣᠷᠴᠢᠨ ᠲᠣᠭᠤᠷᠢᠨ ᠢ ᠬᠠᠩᠭᠠᠬᠤ ᠬᠡᠷᠡᠭᠳᠡᠢ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠬᠠᠷᠢᠭᠤᠴᠠᠬᠤ ᠭᠠᠵᠠᠷ ᠣᠷᠣᠨ᠄ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠡᠭᠦᠨ | ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠢ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ︶ | ᠬᠤᠶᠠᠷ ᠲᠤ᠂ ᠬᠥᠯᠥᠨ ᠪᠤᠶᠢᠷ ᠤᠨ ᠪᠣᠳᠠᠰ ᠤᠨ ᠭᠠᠷᠤᠯᠲᠠ ᠶᠢᠨ ᠬᠠᠩᠭᠠᠯᠭ᠎ᠠ ᠶᠢᠨ ᠬᠡᠯᠬᠢᠶᠡᠨ ᠤ ᠲᠠᠪᠴᠠᠩ ᠤᠨ ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠭᠤᠷᠬᠢ ᠠᠷᠭ᠎ᠠ ᠵᠠᠮ᠂ ᠰᠦᠯᠵᠢᠶᠡᠵᠢᠬᠦ᠂ ᠵᠠᠬᠢᠶᠠᠯᠠᠯᠴᠠᠬᠤ᠂ ᠤᠬᠠᠭᠤᠯᠭ᠎ᠠ ᠶᠢᠨ ᠡᠬᠢ ᠪᠠᠶᠠᠯᠢᠭ ᠵᠡᠷᠭᠡ ᠲᠠᠯ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠢ ᠲᠠᠪᠴᠠᠩ ᠳᠤ ᠬᠠᠮᠤᠷᠤᠨ ᠣᠷᠣᠭᠤᠯᠤᠨ᠎ᠠ᠃ ᠣᠯᠠᠨ ᠵᠠᠭᠤᠴᠢᠯᠠᠭᠤᠷ ᠤᠨ ᠲᠠᠪᠴᠠᠩ ᠢ ᠠᠰᠢᠭᠯᠠᠨ ᠤᠬᠠᠭᠤᠯᠵᠤ᠂ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠡᠬᠢ ᠪᠠᠶᠠᠯᠢᠭ ᠢ ᠨᠡᠪᠲᠡᠷᠡᠭᠦᠯᠵᠦ᠂ ᠪᠥᠬᠦ ᠠᠷᠭ᠎ᠠ ᠵᠠᠮ ᠢᠶᠠᠷ ᠠᠭᠤᠰᠤᠯᠴᠠᠭᠤᠯᠬᠤ ᠶᠢ ᠪᠡᠶᠡᠯᠡᠭᠦᠯᠦᠨ᠎ᠡ᠃ ᠢᠨᠲ᠋ᠧᠷ | ᠰᠦᠯᠵᠢᠶᠡᠨ ᠤ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠰᠢᠰᠲ᠋ᠧᠮ ᠢ ᠠᠰᠢᠭᠯᠠᠨ᠂ ᠪᠦᠬᠦ ᠤᠯᠤᠰ ᠤᠨ ᠵᠠᠬ᠎ᠠ ᠳᠡᠯᠭᠡᠭᠦᠷ ᠢ ᠨᠡᠭᠡᠭᠡᠵᠦ᠂ ︽ᠬᠥᠯᠥᠨ ᠪᠤᠶᠢᠷ ᠤᠨ | ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ︾ ᠤ ᠲᠥᠷᠥᠯ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠲᠠᠯ᠎ᠠ ᠨᠤᠲᠤᠭ ᠤᠨ ᠣᠨᠴᠠᠯᠢᠭ ᠲᠠᠢ | ᠴᠠᠭᠠᠨ ᠢᠳᠡᠭᠡ ᠶᠢ ᠪᠦᠬᠦ ᠤᠯᠤᠰ ᠤᠨ ᠬᠡᠪᠴᠢᠶᠡᠨ ᠳᠤ ᠪᠤᠷᠤᠯᠠᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠬᠠᠷᠢᠭᠤᠴᠠᠬᠤ ᠭᠠᠵᠠᠷ ᠣᠷᠣᠨ᠄ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ | ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠢ᠄ ᠬᠥᠯᠥᠨ ᠪᠤᠶᠢᠷ ᠤᠨ ᠲᠠᠷᠢᠶᠠᠯᠠᠩ ᠤᠨ ᠪᠠᠯᠠ | ᠣᠷᠣᠭᠤᠯᠤᠯᠲᠠ ᠶᠢᠨ ᠺᠣᠮᠫᠠᠨᠢ︶ | ᠭᠤᠷᠪᠠ ᠳᠤ᠂ ᠡᠯ᠎ᠡ ᠲᠥᠷᠥᠯ ᠤᠨ ᠦᠨᠳᠦᠰᠦᠲᠡᠨ ᠤ ᠴᠠᠭᠠᠨ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠤᠭᠴᠠ ᠶᠢ ᠬᠥᠲᠥᠯᠥᠨ | ᠵᠢᠯᠣᠭᠤᠳᠴᠤ᠂ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠸᠢᠴᠠᠲ ᠬᠤᠳᠠᠯᠳᠤᠭ᠎ᠠ᠂ ᠴᠤᠤᠷᠢᠶ᠎ᠠ᠂ | ᠪᠤᠰᠢᠭᠤ ᠭᠠᠷ ᠵᠡᠷᠭᠡ ᠲᠠᠪᠴᠠᠩ ᠢ ᠠᠰᠢᠭᠯᠠᠵᠤ᠂ ᠲᠣᠭᠲᠠᠮᠠᠯ ᠬᠡᠷᠡᠭᠯᠡᠭᠴᠢᠳ ᠢ ᠬᠥᠮᠦᠵᠢᠭᠦᠯᠵᠦ᠂ ᠪᠦᠲᠦᠭᠡᠭᠳᠡᠭᠦᠨ ᠤ ᠪᠤᠷᠤᠯᠠᠭᠤᠯᠭ᠎ᠠ ᠶᠢᠨ ᠵᠠᠮ ᠰᠤᠪᠠᠭ ᠢ | ᠦᠷᠭᠡᠳᠬᠡᠨ᠎ᠡ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠠᠷᠢᠭᠤᠴᠠᠬᠤ ᠭᠠᠵᠠᠷ ᠣᠷᠣᠨ᠄ ᠡᠸᠡᠩᠬᠢ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤᠨ ᠤ | ᠠᠷᠠᠳ ᠤᠨ ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠢ᠄ ᠬᠥᠯᠥᠨ ᠪᠤᠶᠢᠷ ᠤᠨ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠺᠣᠮᠫᠠᠨᠢ︶ | ︵ᠨᠠᠢᠮᠠ︶ ᠦᠢᠯᠡᠳᠪᠦᠷᠢᠯᠡᠯ ᠡᠵᠡᠩᠨᠡᠯᠲᠡ ᠶᠢ ᠵᠢᠷᠤᠮᠵᠢᠭᠤᠯᠬᠤ ᠬᠡᠷᠡᠭᠲᠡᠶ | ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ ᠪᠣᠯᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠦᠨᠳᠦᠰᠦᠳᠡᠨ ᠤ ᠤᠯᠠᠮᠵᠢᠯᠠᠯᠲᠤ | ᠴᠠᠭᠠᠨ ᠢᠳᠡᠭᠡᠨ ᠤ ᠠᠵᠤ ᠦᠢᠯᠡᠰ ᠤᠨ ᠲᠥᠪᠯᠡᠷᠡᠭᠰᠡᠨ ᠲᠣᠭᠤᠷᠢᠭ ᠲᠤ ᠡᠳ᠋ᠰᠢᠭᠦᠯᠬᠦ ᠬᠦᠷᠢᠶᠡᠯᠡᠩ ᠲᠣᠭᠤᠷᠢᠭ ᠪᠠᠶᠢᠭᠤᠯᠬᠤ ᠶᠢ ᠳᠡᠮᠵᠢᠵᠤ᠂ ᠦᠨᠳᠦᠰᠦᠲᠡᠨ ᠤ | ᠤᠯᠠᠮᠵᠢᠯᠠᠯᠲᠤ ᠴᠠᠭᠠᠨ ᠢᠳᠡᠭᠡ ᠡᠳ᠋ᠰᠢᠭᠦᠯᠬᠦ ᠦᠢᠯᠡᠳᠬᠡᠯ ᠤᠨ ᠭᠠᠵᠠᠷ ᠤᠨ ᠬᠦᠷᠢᠶᠡᠯᠡᠩ ᠲᠤᠭᠤᠷᠢᠭ ᠲᠤ ᠣᠷᠣᠵᠤ ᠡᠵᠡᠩᠨᠡᠬᠦ ᠶᠢ ᠲᠦᠯᠬᠢᠨ ᠠᠬᠢᠭᠤᠯᠤᠨ᠎ᠠ᠃ ︽ᠨᠢᠭᠡ | ᠪᠦᠯᠦᠭ ᠢ ᠳᠡᠭᠡᠭᠰᠢᠯᠡᠭᠦᠯᠬᠦ᠂ ᠨᠢᠭᠡ ᠪᠦᠯᠦᠭ ᠢ ᠵᠢᠷᠤᠮᠵᠢᠭᠤᠯᠬᠤ᠂ ᠨᠢᠭᠡ ᠪᠦᠯᠦᠭ ᠢ ᠰᠢᠭᠰᠢᠭᠳᠡᠭᠦᠯᠬᠦ︾ ᠵᠠᠷᠴᠢᠮ ᠢᠶᠠᠷ᠂ ᠬᠠᠷᠢᠴᠠᠩᠭᠤᠶ ᠪᠣᠯᠪᠠᠰᠤᠷᠠᠩᠭᠤᠶ ᠪᠤᠯᠤᠭᠰᠠᠨ | ᠡᠳ᠋ᠰᠢᠭᠦᠯᠬᠦ ᠦᠢᠯᠡᠳᠬᠡᠯ ᠤᠨ ᠭᠠᠵᠠᠷ ᠢ ᠳᠡᠮᠵᠢᠬᠦ ᠪᠠ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠶᠠᠰᠤ ᠴᠢᠨᠠᠷ ᠤᠨ ᠬᠠᠮᠢᠶᠠᠷᠤᠯᠲᠠ ᠶᠢᠨ | ᠲᠤᠭᠳᠠᠯᠴᠠᠭ᠎ᠠ ᠶᠢ ᠲᠡᠭᠦᠯᠳᠡᠷᠵᠢᠭᠦᠯᠬᠦ ᠶᠢ ᠠᠬᠢᠭᠤᠯᠵᠤ᠂ ᠠᠯᠬᠤᠮ ᠠᠯᠬᠤᠮ ᠢᠶᠠᠷ ᠵᠢᠩᠬᠢᠨᠢ ᠠᠵᠤ ᠠᠬᠤᠶᠢᠴᠢᠯᠠᠭᠰᠠᠨ ᠬᠠᠮᠢᠶᠠᠷᠤᠯᠲᠠ ᠲᠡᠰᠢ ᠬᠥᠭᠵᠢᠭᠦᠯᠦᠨ᠎ᠡ᠃ | ᠦᠨᠡᠮᠯᠡᠯ ᠦᠭᠡᠢ ᠭᠡᠷ ᠪᠦᠯᠢ ᠶᠢᠨ ᠦᠢᠯᠡᠳᠬᠡᠯ ᠤᠨ ᠭᠠᠵᠠᠷ ᠲᠤ ᠤᠬᠠᠭᠤᠯᠭ᠎ᠠ ᠬᠥᠮᠦᠵᠢᠯ ᠪᠣᠯᠤᠨ ᠵᠢᠷᠤᠮᠵᠢᠯ ᠢᠶᠠᠷ ᠬᠥᠲᠥᠯᠥᠨ ᠵᠢᠯᠣᠭᠤᠳᠬᠤ ᠠᠵᠢᠯ ᠢ ᠰᠠᠶᠢᠲᠤᠷ | ᠬᠢᠵᠦ᠂ ᠦᠢᠯᠡᠳᠪᠦᠷᠢ ᠶᠢᠨ ᠭᠡᠷ ᠪᠠᠶᠢᠰᠢᠩ ᠤᠨ ᠪᠡᠯᠡᠳᠬᠡᠮᠵᠢ᠂ ᠡᠳ᠋ᠰᠢᠭᠦᠯᠬᠦ ᠨᠥᠬᠦᠴᠡᠯ ᠪᠣᠯᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠦᠭᠡᠷᠡᠴᠢᠯᠡᠨ | ᠰᠠᠶᠢᠵᠢᠷᠠᠭᠤᠯᠵᠤ᠂ ᠮᠡᠷᠭᠡᠵᠢᠯ ᠤᠨ ᠥᠭᠡᠷᠡᠴᠢᠯᠡᠯᠲᠡ ᠬᠢᠬᠦ ᠪᠠᠷ ᠳᠠᠮᠵᠢᠨ ᠳᠠᠩᠰᠠᠯᠠᠭᠤᠯᠬᠤ ᠦᠨᠳᠦᠰᠦᠨ ᠨᠥᠬᠦᠴᠡᠯ ᠳᠤ ᠨᠡᠶᠢᠴᠡᠭᠰᠡᠨ ᠪᠠᠶᠢᠪᠠᠯ ᠴᠠᠭ ᠳᠠᠷᠤᠢ ᠳᠤ ᠨᠢ | ᠵᠢᠵᠢᠭ ᠦᠢᠯᠡᠳᠬᠡᠯ ᠤᠨ ᠭᠠᠵᠠᠷ ᠲᠤ ᠳᠠᠩᠰᠠᠯᠠᠭᠤᠯᠬᠤ ᠦᠨᠡᠮᠯᠡᠯ ᠭᠦᠢᠴᠡᠳᠬᠡᠨ ᠦᠭᠴᠦ᠂ ᠬᠠᠤᠯᠢ ᠶᠣᠰᠣᠭᠠᠷ ᠦᠨᠡᠮᠯᠡᠯ ᠲᠠᠢ ᠪᠠᠷ ᠡᠵᠡᠩᠨᠡᠯᠳᠡ ᠬᠢᠯᠭᠡᠨ᠎ᠡ᠃ | ᠳᠠᠩᠰᠠᠯᠠᠭᠤᠯᠬᠤ ᠨᠥᠬᠦᠴᠡᠯ ᠳᠤ ᠬᠦᠷᠬᠦ ᠦᠭᠡᠢ ᠪᠠᠶᠢᠪᠠᠯ ᠠᠯᠬᠤᠮ ᠠᠯᠬᠤᠮ ᠢᠶᠠᠷ ᠬᠦᠴᠦᠨ ᠦᠭᠡᠢ ᠪᠣᠯᠭᠠᠨ᠎ᠠ᠃ ᠶᠠᠰᠤ ᠴᠢᠨᠠᠷ ᠤᠨ ᠬᠠᠮᠢᠶᠠᠷᠤᠯᠲᠠ ᠪᠠ ᠴᠠᠭᠠᠨ | ᠢᠳᠡᠭᠡᠨ ᠤ ᠠᠵᠢᠯ ᠡᠷᠬᠢᠯᠡᠭᠰᠡᠳ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠳᠡᠭᠡᠭᠰᠢᠯᠡᠭᠦᠯᠦᠨ᠂ | ᠠᠵᠤ ᠠᠬᠤᠶᠢᠯᠠᠯ ᠤᠨ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ︵ᠲᠦᠷᠦᠭᠦᠯᠡᠨ | ᠬᠢᠬᠦ ᠨᠢᠭᠡᠴᠢ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠬᠤ ᠭᠠᠵᠠᠷ ᠣᠷᠣᠨ᠄ ᠡᠸᠡᠩᠬᠢ ᠦᠨᠳᠦᠰᠦᠲᠡᠨ ᠤ | ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ | ᠵᠠᠰᠠᠭ ᠤᠨ ᠣᠷᠳᠣᠨ᠂ ᠬᠠᠮᠵᠢᠯᠴᠠᠬᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | ︵ᠶᠢᠰᠦ︶ ᠬᠠᠤᠯᠢ ᠳᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠭᠦᠨ᠎ᠡ | ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠵᠦ᠂ ︽ᠬᠠᠷ᠎ᠠ ᠦᠢᠯᠡᠳᠪᠦᠷᠢ︾᠂ ︽ᠬᠠᠷ᠎ᠠ ᠡᠭᠦᠷ︾᠂ | ︽ᠬᠠᠷ᠎ᠠ ᠦᠢᠯᠡᠳᠬᠡᠯ︾᠂ ᠬᠠᠭᠤᠷᠮᠠᠭᠯᠠᠨ ᠦᠢᠯᠡᠳᠴᠤ ᠪᠣᠷᠣᠯᠠᠭᠤᠯᠬᠤ᠂ ︽ᠬᠤᠶᠠᠷ ᠪᠤᠰᠤ ᠨᠢᠭᠡ ᠬᠡᠲᠦ︾᠂ ᠲᠠᠸᠠᠷ ᠤᠨ ᠲᠡᠮᠳᠡᠭᠲᠦ ᠶᠢᠨ ᠡᠷᠬᠡ ᠳᠤ ᠬᠠᠯᠳᠠᠭᠰᠠᠨ᠂ ᠬᠤᠳᠠᠯ | ᠬᠠᠭᠤᠷᠮᠠᠭ ᠤᠬᠠᠭᠤᠯᠭ᠎ᠠ ᠵᠢᠴᠢ ᠬᠡᠷᠡᠭᠯᠡᠭᠡ ᠶᠢᠨ ᠮᠡᠬᠡᠯᠡᠯ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠡᠷᠡᠭᠦᠦ ᠰᠢᠢᠳᠬᠡᠯ ᠤᠨ ᠵᠤᠯᠭᠠᠯᠴᠠᠭᠤᠯᠬᠤ ᠶᠢ ᠴᠢᠩᠭᠠᠳᠬᠠᠵᠤ᠂ ᠦᠨᠳᠦᠰᠦᠲᠡᠨ ᠤ | ᠤᠯᠠᠮᠵᠢᠯᠠᠯᠲᠤ ᠴᠠᠭᠠᠨ ᠢᠳᠡᠭᠡᠨ ᠤ ᠵᠠᠬ᠎ᠠ ᠳᠡᠯᠭᠡᠭᠦᠷ ᠢ ᠪᠦᠲᠦᠮᠵᠢᠲᠡᠶ ᠪᠠᠷ ᠴᠡᠪᠡᠷᠰᠢᠭᠦᠯᠵᠦ᠂ ᠠᠶᠤᠯᠬᠦᠢ ᠪᠥᠭᠡᠳ ᠡᠷᠡᠭᠦᠯ ᠰᠠᠷᠠᠭᠤᠯ ᠦᠢᠯᠡᠳᠪᠦᠷᠢᠯᠡᠯ ᠬᠡᠷᠡᠭᠯᠡᠭᠡᠨ ᠤ | ᠣᠷᠴᠢᠨ ᠨᠥᠬᠦᠴᠡᠯ ᠢ ᠪᠤᠢ ᠪᠣᠯᠭᠠᠨ᠎ᠠ᠃ ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠬᠤ | ᠭᠠᠵᠠᠷ ᠣᠷᠣᠨ᠄ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ | ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ︶ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ | ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠳᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠳᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ | ᠮᠥᠴᠢᠷ ᠵᠢᠴᠢ ᠮᠠᠯᠵᠢᠬᠤ ᠳᠥᠷᠪᠡᠨ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠪᠣᠯᠤᠨ ᠬᠠᠮᠢᠶ᠎ᠠ ᠪᠦᠬᠦᠢ ᠠᠵᠤ ᠠᠬᠤᠶᠢᠯᠠᠯ ᠤᠨ | ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ ᠪᠦᠬᠦ ᠬᠤᠲᠠ ᠶᠢᠨ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ | ᠲᠦᠯᠬᠢᠨ ᠠᠬᠢᠭᠤᠯᠬᠤ ᠠᠵᠢᠯ ᠤᠨ ᠲᠤᠰᠬᠠᠢ ᠳᠤᠭᠤᠶᠢᠯᠠᠩ ᠢ ᠪᠠᠶᠢᠭᠤᠯᠤᠨ᠎ᠠ᠃ ᠲᠤᠰᠬᠠᠶ ᠳᠤᠭᠤᠶᠢᠯᠠᠩ ᠤᠨ ᠳᠣᠤᠷ᠎ᠠ ᠠᠯᠪᠠᠨ ᠭᠡᠷ ᠭᠠᠷᠭᠠᠵᠤ᠂ ᠶᠡᠷᠦᠩᠬᠡᠶᠢᠯᠡᠨ | ᠵᠣᠬᠢᠴᠠᠭᠤᠯᠬᠤ᠂ ᠬᠢᠨᠠᠯᠲᠠ ᠲᠠᠯᠪᠢᠵᠤ ᠵᠢᠯᠣᠭᠤᠳᠬᠤ ᠵᠢᠴᠢ ᠡᠳᠦᠷ ᠲᠤᠲᠤᠮ ᠤᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠲᠤᠰᠬᠠᠶ ᠳᠤᠭᠤᠶᠢᠯᠠᠩ ᠲᠣᠭᠲᠠᠮᠠᠯ | ᠬᠤᠭᠤᠴᠠᠭ᠎ᠠ ᠲᠠᠢ ᠬᠤᠷᠠᠯ ᠬᠤᠷᠠᠯᠳᠤᠭᠤᠯᠵᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠪᠦᠲᠦᠭᠡᠨ | ᠪᠠᠶᠢᠭᠤᠯᠤᠯᠲᠠ ᠶᠢᠨ ᠶᠠᠪᠤᠴᠠ ᠳᠠᠬᠢ ᠤᠴᠢᠷ ᠶᠠᠪᠤᠳᠠᠯ ᠪᠣᠯᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ ᠮᠠᠯᠵᠢᠬᠤ ᠳᠥᠷᠪᠡᠨ ᠬᠤᠰᠢᠭᠤᠨ ᠤ | ᠵᠠᠰᠠᠭ ᠤᠨ ᠣᠷᠳᠣᠨ ᠵᠤᠬᠢᠰᠳᠠᠢ ᠤᠳᠤᠷᠢᠳᠤᠯᠭ᠎ᠠ ᠶᠢᠨ ᠲᠤᠭᠳᠠᠴᠠ ᠪᠠ ᠠᠵᠢᠯᠯᠠᠭᠠᠨ ᠤ ᠪᠠᠶᠢᠭᠤᠯᠤᠮᠵᠢ ᠪᠠᠶᠢᠭᠤᠯᠵᠤ᠂ ᠲᠤᠬᠠᠢ ᠶᠢᠨ ᠭᠠᠵᠠᠷ ᠤᠨ ᠦᠨᠳᠦᠰᠦᠳᠡᠨ ᠤ | ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠦᠭᠵᠢᠯᠳᠡ ᠶᠢ ᠨᠢᠬᠡᠳᠦᠯᠳᠡᠢ ᠲᠦᠯᠦᠪᠵᠢᠭᠦᠯᠵᠦ ᠳᠦᠯᠬᠢᠨ ᠠᠬᠢᠭᠤᠯᠤᠨ᠎ᠠ᠃ | ︵ᠬᠤᠶᠠᠷ︶ ᠵᠠᠷᠤᠳᠠᠯ ᠪᠣᠯᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠶᠡᠬᠡᠰᠬᠡᠨ᠎ᠡ | ᠥᠪᠡᠷᠲᠡᠭᠡᠨ ᠵᠠᠰᠠᠬᠤ ᠣᠷᠣᠨ ᠤ ︽ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠨᠦᠭᠦᠳ︾ ᠵᠢᠴᠢ ᠮᠠᠨ ᠤ ᠬᠤᠲᠠ ᠶᠢᠨ ︽ᠰᠦᠨ ᠤ ᠢᠷᠡᠯᠲᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠡᠳᠬᠦᠨ ᠳᠡᠮᠵᠢᠬᠦ ᠲᠥᠷᠥ ᠶᠢᠨ | ᠪᠣᠳᠣᠯᠭ᠎ᠠ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠬᠥᠭᠵᠢᠯᠲᠡ ᠶᠢ ᠲᠡᠳᠬᠦᠬᠦ | ᠲᠤᠰᠬᠠᠢ ᠲᠥᠷᠥ ᠶᠢᠨ ᠪᠣᠳᠣᠯᠭ᠎ᠠ ᠶᠢ ᠠᠯᠬᠤᠮ ᠴᠢᠨᠠᠭᠰᠢᠳᠠ ᠰᠤᠳᠤᠯᠤᠨ ᠲᠣᠭᠲᠠᠭᠠᠵᠤ᠂ ᠲᠥᠷᠥ ᠶᠢᠨ ᠪᠣᠳᠣᠯᠭ᠎ᠠ ᠶᠢᠨ ᠴᠢᠭᠯᠡᠭᠦᠯᠦᠯᠲᠦ ᠴᠢᠨᠠᠷ ᠢ ᠳᠡᠭᠡᠭᠰᠢᠯᠡᠭᠦᠯᠦᠨ᠎ᠡ᠃ | ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠳᠠᠭᠠᠭᠠᠯᠲᠠ ᠶᠢᠨ ᠺᠣᠮᠫᠠᠨᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠡᠭᠦᠷᠭᠡ ᠴᠢᠳᠠᠪᠤᠷᠢ ᠶᠢ | ᠪᠠᠳᠠᠷᠠᠭᠤᠯᠵᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠪᠡᠯᠡ | ᠲᠣᠬᠢᠷᠠᠭᠤᠯᠭ᠎ᠠ ᠶᠢᠨ ᠲᠤᠭ᠎ᠠ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠥᠯᠥᠨ ᠪᠤᠶᠢᠷ ᠤᠨ ᠲᠢᠶᠠᠨ ᠵᠢᠶᠤᠤ ᠰᠠᠭᠤᠷᠢ ᠮᠥᠩᠭᠦ ᠶᠢᠨ ᠬᠢᠨ ᠤ ᠦᠨᠳᠦᠰᠦᠲᠡᠨ ᠤ | ᠤᠯᠠᠮᠵᠢᠯᠠᠯᠲᠤ ᠴᠠᠭᠠᠨ ᠢᠳᠡᠭᠡᠨ ᠤ ᠲᠠᠯ᠎ᠠ ᠪᠠᠷ ᠪᠡᠯᠡ ᠣᠷᠣᠭᠤᠯᠵᠤ ᠪᠡᠯᠡ ᠲᠣᠬᠢᠷᠠᠭᠤᠯᠬᠤ ᠶᠢ ᠳᠠᠮᠵᠢᠵᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡ | ᠡᠳ᠋ᠰᠢᠭᠦᠯᠬᠦ ᠠᠵᠤ ᠠᠬᠤᠶᠢᠯᠠᠯ ᠤᠨ ᠬᠥᠭᠵᠢᠯᠲᠡ ᠶᠢᠨ ᠰᠡᠯᠭᠦᠬᠦ ᠬᠦᠴᠦᠨ ᠢ ᠨᠡᠮᠡᠭᠳᠡᠭᠦᠯᠦᠨ᠎ᠡ᠃ | ︵ᠭᠤᠷᠪᠠ︶ ᠵᠢᠯᠤᠭᠤᠳᠤᠯᠭ᠎ᠠ ᠪᠠ ᠦᠢᠯᠡᠴᠢᠯᠡᠭᠡ ᠪᠠᠨ ᠨᠡᠮᠡᠭᠳᠡᠭᠦᠯᠦᠨ᠎ᠡ | ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠨᠢ ᠠᠵᠤ ᠠᠬᠤᠶᠢᠯᠠᠯ ᠤᠨ ᠭᠡᠷᠡᠴᠢᠯᠡᠯ᠂ ᠰᠢᠯᠭᠠᠨ ᠬᠡᠮᠵᠢᠬᠦ ᠦᠢᠯᠡᠴᠢᠯᠡᠭᠡ ᠵᠡᠷᠭᠡ ᠲᠠᠯ᠎ᠠ ᠪᠠᠷ᠂ | ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠵᠢᠴᠢ ᠲᠡᠵᠢᠭᠡᠨ | ᠦᠷᠡᠵᠢᠭᠦᠯᠬᠦ ᠮᠡᠷᠭᠡᠵᠢᠯ ᠤᠨ ᠵᠢᠯᠣᠭᠤᠳᠤᠯᠭ᠎ᠠ ᠵᠡᠷᠭᠡ ᠲᠠᠯ᠎ᠠ ᠪᠠᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠳᠠ ᠶᠢᠨ ᠰᠠᠯᠠᠭ᠎ᠠ ᠮᠥᠴᠢᠷ ᠨᠢ ᠠᠵᠤ ᠠᠬᠤᠶᠢᠯᠠᠯ ᠳᠤ | ᠵᠦᠪᠰᠢᠶᠡᠷᠡᠯ ᠬᠡᠷᠡᠴᠢᠯᠡᠯ ᠦᠭᠬᠦ᠂ ᠠᠵᠤ ᠠᠬᠤᠶᠢᠯᠠᠯ ᠤᠨ ᠲᠣᠭᠲᠠᠭᠠᠬᠤ ᠵᠦᠢᠯ ᠵᠢᠴᠢ ᠮᠡᠷᠭᠡᠵᠢᠯ ᠤᠨ ᠥᠭᠡᠷᠡᠴᠢᠯᠡᠯᠲᠡ ᠵᠡᠷᠭᠡ ᠲᠠᠯ᠎ᠠ ᠪᠠᠷ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠠᠵᠤ ᠦᠢᠯᠡᠰ ᠤᠨ ᠲᠡᠳᠬᠦᠮᠵᠢ ᠵᠡᠷᠭᠡ ᠲᠠᠯ᠎ᠠ ᠪᠠᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠠᠷᠤᠳᠠᠯ ᠢ ᠲᠡᠳᠬᠦᠬᠦ᠂ | ᠡᠵᠡᠩᠨᠡᠯᠲᠡ ᠶᠢᠨ ᠭᠤᠤᠯ ᠴᠣᠭᠴᠠ ᠶᠢᠨ ᠪᠡᠯᠡ ᠲᠤᠬᠢᠷᠠᠭᠤᠯᠭ᠎ᠠ᠂ ᠭᠤᠷᠪᠠᠳᠠᠬᠢ ᠡᠲᠡᠭᠡᠳ ᠤᠨ ᠰᠢᠯᠭᠠᠨ ᠬᠡᠮᠵᠢᠬᠦ ᠦᠢᠯᠡᠴᠢᠯᠡᠭᠡ ᠶᠢ ᠬᠤᠳᠠᠯᠳᠤᠨ ᠠᠪᠬᠤ ᠵᠡᠷᠭᠡ | ᠲᠠᠯ᠎ᠠ ᠪᠠᠷ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠪᠦᠬᠦ ᠬᠤᠲᠠ ᠶᠢᠨ | ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠬᠥᠭᠵᠢᠯᠲᠡ ᠶᠢ ᠠᠬᠢᠭᠤᠯᠬᠤ ᠨᠡᠶᠢᠯᠡᠮᠡᠯ ᠬᠦᠴᠦᠨ ᠢ ᠲᠦᠷᠭᠡᠬᠡᠨ ᠪᠦᠷᠢᠯᠳᠦᠭᠦᠯᠵᠦ᠂ ᠦᠨᠳᠦᠰᠦᠲᠡᠨ ᠤ | ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ ᠦᠭᠡᠢ ᠲᠦᠯᠬᠢᠨ ᠠᠬᠢᠭᠤᠯᠤᠨ᠎ᠠ᠃ | ︵ᠳᠥᠷᠪᠡ︶ ᠤᠬᠠᠭᠤᠯᠭ᠎ᠠ ᠪᠠ ᠲᠠᠨᠢᠯᠴᠠᠭᠤᠯᠭ᠎ᠠ ᠪᠠᠨ ᠴᠢᠩᠭᠠᠳᠬᠠᠨ᠎ᠠ | ᠡᠯ᠎ᠡ ᠱᠠᠲᠤᠨ ᠤ ᠤᠬᠠᠭᠤᠯᠭ᠎ᠠ ᠶᠢᠨ ᠵᠠᠭᠤᠴᠢᠯᠠᠭᠤᠷ ᠤᠳ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠤᠬᠠᠭᠤᠯᠭ᠎ᠠ ᠪᠠᠨ ᠨᠡᠮᠡᠭᠳᠡᠭᠦᠯᠵᠦ᠂ | ᠬᠡᠷᠡᠭᠯᠡᠭᠴᠢᠳ ᠤᠨ ᠬᠠᠮᠲᠤᠯᠢᠭ ᠢ ᠬᠥᠮᠦᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠲᠥᠷᠥᠯ ᠤᠨ ᠳᠡᠯᠭᠡᠨ ᠦᠵᠡᠭᠦᠯᠦᠯᠭᠡ᠂ ᠶᠠᠷᠢᠶᠠᠨ ᠤ | ᠲᠠᠪᠴᠠᠩ ᠤᠨ ᠰᠦᠯᠵᠢᠶ᠎ᠡ ᠪᠠ ᠰᠢᠨ᠎ᠡ ᠵᠠᠭᠤᠴᠢᠯᠠᠭᠤᠷ ᠵᠡᠷᠭᠡ ᠶᠢ ᠠᠰᠢᠭᠯᠠᠨ ᠬᠥᠯᠥᠨ ᠪᠤᠶᠢᠷ ᠤᠨ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ | ᠪᠦᠲᠦᠭᠡᠭᠳᠡᠭᠦᠨ ᠢ ᠭᠠᠳᠠᠭᠰᠢ ᠳᠡᠯᠭᠡᠨ ᠦᠵᠡᠭᠦᠯᠵᠦ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠨᠡᠷ᠎ᠡ ᠲᠥᠷᠥ ᠶᠢ ᠳᠡᠭᠡᠭᠰᠢᠯᠡᠭᠦᠯᠵᠦ᠂ ᠪᠦᠲᠦᠭᠡᠭᠳᠡᠭᠦᠨ ᠤ | ᠭᠠᠳᠠᠭᠠᠳᠤ ᠵᠠᠬ᠎ᠠ ᠳᠡᠯᠭᠡᠭᠦᠷ ᠢ ᠥᠷᠭᠡᠳᠬᠡᠬᠦ ᠳᠤ ᠰᠠᠭᠤᠷᠢ ᠲᠠᠯᠪᠢᠵᠤ ᠥᠭᠬᠦ ᠬᠡᠷᠡᠭᠲᠡᠶ᠃ | |