ᠬᠦᠯᠦᠨ ᠪᠤᠶᠢᠷ ᠤᠨ ᠪᠡᠯᠡ ᠤᠷᠤᠭᠤᠯᠤᠯᠲᠠ ᠶᠢᠨ ᠤᠷᠴᠢᠨ ᠨᠦᠬᠦᠴᠡᠯ
ᠨᠡᠶᠢᠲᠡᠯᠡᠭᠰᠡᠨ ᠴᠠᠭ᠄
2020/4/29

              ᠬᠦᠯᠦᠨ ᠪᠤᠶᠢᠷ ᠬᠤᠳᠠ ᠶᠢᠨ ᠠᠷᠠᠯᠵᠢᠶᠠᠴᠢᠨ ᠤᠷᠢᠵᠤ ᠪᠡᠯᠡ ᠤᠷᠤᠭᠤᠯᠬᠤ

              ᠰᠦᠯᠵᠢᠶᠡᠨ ᠤ ᠰᠢᠭᠤᠳ ᠨᠡᠪᠳᠡᠷᠡᠬᠦᠯᠬᠡ ᠶᠢᠨ ᠳᠠᠨᠢᠯᠴᠠᠭᠤᠯᠭ᠎ᠠ ᠶᠢᠨ ᠬᠤᠷᠠᠯ

                         ᠬᠦᠯᠦᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂

                         ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ    ᠵᠢᠢ ᠶᠦᠩ ᠴᠢᠶᠠᠨ

      ᠪᠦᠬᠦ ᠳᠡᠯᠡᠬᠡᠢ ᠶᠢᠨ ᠰᠢᠨ᠎ᠠ ᠳᠢᠳᠢᠮᠯᠢᠭ ᠠᠭᠤᠰᠬᠢᠨ ᠦᠷᠪᠢᠰᠦᠯ ᠢ ᠰᠡᠷᠬᠡᠶᠢᠯᠡᠨ ᠡᠵᠡᠮᠳᠡᠬᠦ ᠳᠠᠶᠢᠯᠠᠯᠳᠤᠭᠠᠨ ᠤ ᠵᠠᠩᠭᠢᠯᠠᠭ᠎ᠠ ᠶᠢᠨ ᠬᠤᠭᠤᠴᠠᠭᠠᠨ ᠳᠤ᠂

ᠬᠦᠯᠦᠨ ᠪᠤᠶᠢᠷ ᠬᠤᠳᠠ ᠠᠴᠠ ᠨᠠᠮ ᠤᠨ ᠲᠦᠪ ᠬᠤᠷᠢᠶᠠᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠶᠢ ᠪᠠᠷᠢᠮᠳᠠᠯᠠᠬᠤ ᠪᠠ ᠠᠵᠤ

ᠠᠬᠤᠢ ᠨᠡᠶᠢᠬᠡᠮ ᠤᠨ ᠬᠦᠭᠵᠢᠯᠳᠡ ᠶᠢ ᠰᠡᠷᠬᠦᠬᠡᠬᠦ ᠴᠢᠬᠤᠯᠠ ᠰᠢᠢᠳᠪᠦᠷᠢ ᠶᠢ ᠨᠠᠷᠢᠨ ᠬᠢᠨᠠᠮᠠᠭᠠᠢ ᠲᠤᠤᠱᠯᠠᠭᠤᠯᠵᠥ᠂ ᠰᠦᠯᠵᠢᠶᠡᠨ ᠳᠡᠭᠡᠷ᠎ᠡ ᠠᠷᠠᠯᠵᠢᠶᠠᠴᠢᠨ ᠤᠷᠢᠬᠤ

ᠰᠢᠨ᠎ᠠ ᠬᠡᠪ ᠵᠠᠭᠪᠤᠷ ᠢ ᠢᠳᠡᠪᠬᠢᠳᠡᠢ  ᠦᠷᠬᠡᠳᠬᠡᠵᠤ᠂ ᠰᠦᠯᠵᠢᠶᠡᠨ ᠤ ᠰᠢᠭᠤᠳ ᠨᠡᠪᠲᠡᠷᠡᠬᠦᠯᠬᠡ ᠪᠠᠷ ᠬᠦᠯᠦᠨ ᠪᠤᠶᠢᠷ ᠤᠨ ᠠᠷᠠᠯᠵᠢᠶᠠᠴᠢᠨ ᠤᠷᠢᠵᠤ ᠪᠡᠯᠡ

ᠤᠷᠤᠭᠤᠯᠬᠤ ᠳᠠᠨᠢᠯᠴᠠᠭᠤᠯᠭ᠎ᠠ ᠶᠢᠨ ᠬᠤᠷᠠᠯ ᠢ ᠡᠷᠬᠢᠯᠡᠵᠤ ᠪᠠᠶᠢᠨ᠎ᠠ᠃ ᠠᠳᠡ ᠪᠢ᠂ ᠬᠦᠯᠦᠨ ᠪᠤᠶᠢᠷ ᠬᠤᠳᠠ ᠶᠢᠨ ᠨᠠᠮ ᠤᠨ ᠬᠤᠷᠢᠶ᠎ᠡ᠂ ᠵᠠᠰᠠᠭ ᠤᠨ ᠤᠷᠳᠤᠨ ᠤ

ᠡᠮᠦᠨ᠎ᠠ ᠠᠴᠠ ᠬᠦᠯᠦᠨ ᠪᠤᠶᠢᠷ ᠤᠨ ᠠᠵᠤ ᠠᠬᠤᠢ ᠶᠢᠨ ᠬᠦᠭᠵᠢᠯᠳᠡ ᠶᠢ ᠬᠠᠯᠠᠮᠵᠢᠯᠠᠨ ᠳᠡᠮᠵᠢᠭᠰᠡᠨ ᠨᠡᠶᠢᠬᠡᠮ ᠤᠨ ᠡᠯ᠎ᠡ ᠡᠳᠡᠬᠡᠳ ᠤᠨ ᠬᠢᠨ ᠳᠤ ᠴᠢᠩ ᠰᠡᠳᠬᠢᠯ ᠤᠨ

ᠳᠠᠯᠠᠷᠬᠠᠯ ᠢᠶᠠᠨ ᠳᠡᠪᠰᠢᠬᠦᠯᠦᠶ᠎ᠠ︕

      ᠨᠢᠭᠡ᠂ ᠤᠷᠤᠨ ᠪᠠᠶᠢᠷᠢ ᠶᠢᠨ ᠨᠦᠬᠦᠴᠡᠯ ᠳᠠᠪᠠᠭᠤᠯᠢᠭ

      ᠦᠪᠦᠷ ᠮᠤᠩᠭᠤᠯ ᠤᠨ ᠬᠦᠯᠦᠨ ᠪᠤᠶᠢᠷ ᠬᠤᠳᠠ ᠪᠤᠯ ᠳᠤᠮᠳᠠᠳᠤ ᠤᠷᠤᠰ ᠮᠤᠩᠭᠤᠯ ᠭᠤᠷᠪᠠᠨ ᠤᠯᠤᠰ ᠤᠨ ᠠᠭᠤᠯᠵᠠᠷ ᠲᠤ ᠪᠠᠶᠢᠷᠢᠯᠠᠵᠤ᠂ ᠭᠠᠳᠠᠭᠰᠢ ᠪᠠᠨ

ᠤᠷᠤᠰ ᠮᠤᠩᠭᠤᠯ ᠤᠯᠤᠰ ᠲᠠᠢ᠂ ᠳᠤᠲᠤᠭᠠᠳᠤ ᠳᠤ ᠪᠠᠨ ᠵᠡᠬᠦᠨ ᠬᠤᠶᠢᠲᠤ ᠤᠷᠤᠨ ᠲᠠᠢ ᠵᠠᠬᠠᠯᠠᠨ᠂ ᠬᠢᠯᠢ ᠶᠢᠨ ᠱᠤᠭᠤᠮ ᠤᠨ ᠤᠷᠳᠤ ᠨᠢ 1733.32 ᠺᠢᠯᠤᠮᠧᠲᠷ

ᠪᠠᠶᠢᠵᠤ᠂ ᠮᠠᠨᠵᠤᠤᠷ ᠪᠤᠭᠤᠮᠳᠠ ᠵᠡᠷᠬᠡ 8 ᠤᠯᠤᠰ ᠤᠨ ᠭᠠᠳᠠᠭᠠᠳᠤ ᠨᠡᠬᠡᠬᠡᠯᠳᠡ ᠶᠢᠨ ᠬᠢᠯᠢ ᠶᠢᠨ ᠪᠤᠭᠤᠮᠳᠠ ᠲᠠᠢ᠃ ᠵᠠᠮ ᠳᠡᠬᠡᠬᠡᠪᠦᠷᠢ ᠶᠢᠨ ᠲᠠᠯ᠎ᠠ ᠪᠠᠷ ᠬᠠᠷᠪᠢᠨ -

ᠮᠠᠨᠵᠤᠤᠷ᠂ ᠶᠠᠭᠰᠢ - ᠯᠢᠨ ᠬᠠᠢ᠂ ᠢᠮᠢᠨ -  ᠢᠷᠱᠢ ᠬᠦᠷᠬᠦ ᠳᠡᠮᠦᠷ ᠵᠠᠮ᠂ G10 ᠳᠡᠭᠡᠳᠤ ᠬᠤᠷᠳᠤ ᠶᠢᠨ ᠵᠠᠰᠠᠮᠠᠯ ᠵᠠᠮ ᠵᠢᠴᠢ 6 ᠨᠡᠶᠢᠳᠡᠮ ᠬᠡᠷᠡᠭᠯᠡᠬᠡᠨ ᠤ

ᠨᠢᠰᠬᠡᠯ ᠤᠨ ᠪᠠᠭᠤᠳᠠᠯ ᠢᠶᠠᠷ ᠭᠤᠤᠯ ᠪᠤᠯᠭᠠᠭᠰᠠᠨ ᠤᠯᠠᠨ ᠵᠦᠢᠯ ᠤᠨ ᠲᠡᠭᠡᠭᠡᠪᠦᠷᠢ ᠶᠢᠨ ᠠᠷᠭ᠎ᠠ ᠬᠡᠯᠪᠡᠷᠢ ᠶᠢ  ᠬᠠᠷᠢᠯᠴᠠᠨ ᠳᠦᠬᠦᠷᠵᠢᠬᠦᠯᠦᠭᠰᠡᠨ ᠶᠡᠷᠦᠩᠭᠡᠶᠢᠯᠡᠭᠰᠡᠨ

ᠵᠠᠮ ᠲᠡᠭᠡᠭᠡᠪᠦᠷᠢ ᠶᠢᠨ ᠳᠤᠭᠳᠠᠯᠴᠠᠭ᠎ᠠ ᠶᠢ ᠪᠦᠷᠢᠯᠳᠦᠬᠦᠯᠪᠡ᠃ 2019 ᠤᠨ ᠳᠤ ᠮᠠᠨᠵᠤᠤᠷ ᠳᠡᠮᠦᠷ ᠵᠠᠮ ᠤᠨ ᠬᠢᠯᠢ ᠶᠢᠨ ᠪᠤᠭᠤᠮᠳᠠ ᠪᠠᠷ ᠤᠷᠤᠵᠤ ᠭᠠᠷᠤᠭᠰᠠᠨ

ᠳᠤᠮᠳᠠᠳᠤ ᠡᠸᠦ᠋ᠷᠦᠫᠡ ᠶᠢᠨ ᠡᠬᠡᠯᠵᠢ ᠶᠢᠨ ᠭᠠᠯᠳᠤ ᠳᠡᠷᠬᠡ 57 ᠵᠤᠷᠪᠤᠰ 2167 ᠤᠳᠠᠭ᠎ᠠ᠂ ᠬᠢᠯᠢ ᠠᠴᠠ ᠭᠠᠷᠤᠭᠰᠠᠨ ᠡᠬᠡᠯᠵᠢ ᠶᠢᠨ ᠭᠠᠯᠳᠤ ᠳᠡᠷᠬᠡ ᠡᠸᠦ᠋ᠷᠦᠫᠡ

 ᠶᠢᠨ 13 ᠤᠯᠤᠰ 28 ᠬᠤᠳᠠ ᠳᠤ ᠬᠦᠷᠴᠡᠢ᠃ ᠪᠦᠬᠦ ᠬᠤᠳᠠ ᠳᠤ ᠨᠢᠬᠡᠨᠳᠡ 69 ᠵᠤᠷᠪᠤᠰ ᠠᠭᠠᠷ ᠠᠶᠠᠯᠠᠯ ᠤᠨ ᠱᠤᠭᠤᠮ ᠢ ᠨᠡᠪᠳᠡᠷᠡᠬᠦᠯᠵᠤ᠂ ᠠᠶᠠᠯᠠᠯ

ᠨᠡᠪᠳᠡᠷᠡᠭᠰᠡᠨ ᠬᠤᠳᠠ 52᠃ 2019 ᠤᠨ ᠳᠤ᠂ ᠬᠦᠯᠦᠨ ᠪᠤᠶᠢᠷ ᠤᠨ ᠨᠢᠰᠬᠡᠯ ᠤᠨ ᠪᠠᠭᠤᠳᠠᠯ ᠤᠨ ᠤᠷᠤᠭᠤᠯᠵᠤ ᠭᠠᠷᠭᠠᠭᠰᠠᠨ ᠠᠶᠠᠨᠴᠢᠳ ᠤᠨ ᠬᠡᠮᠵᠢᠶ᠎ᠠ 256

ᠳᠦᠮᠡᠨ ᠬᠦᠮᠦᠨ ᠤᠳᠠᠭ᠎ᠠ ᠪᠠᠶᠢᠵᠤ᠂ ᠡᠬᠡᠯᠵᠢ ᠶᠢᠨ ᠨᠢᠰᠬᠡᠯ 2 ᠲᠦᠮᠡ ᠭᠠᠷᠤᠢ ᠤᠳᠠᠭ᠎ᠠ ᠨᠢᠰᠪᠡ᠃

      ᠬᠤᠶᠠᠷ᠂ ᠦᠪᠡᠷᠮᠢᠴᠡ ᠰᠤᠳᠤᠨ ᠡᠬᠢ ᠪᠠᠶᠠᠯᠢᠭ ᠲᠠᠢ

      ︵1︶  ᠠᠮᠢ ᠠᠬᠤᠢ ᠪᠤᠬᠢᠷᠳᠤᠯ ᠦᠬᠡᠢ᠂ ᠦᠩᠭᠡ ᠦᠵᠡᠮᠵᠢ ᠰᠦᠷᠯᠢᠭ ᠰᠠᠶᠢᠬᠠᠨ᠃

      ︵2︶  ᠬᠦᠷᠦᠰᠦ ᠰᠢᠷᠤᠢ ᠦᠩ ᠰᠢᠮᠡᠯᠢᠭ᠂ ᠡᠳ᠋ ᠭᠠᠷᠤᠯᠳᠠ ᠡᠯᠪᠡᠭ ᠪᠠᠶᠠᠨ᠃

      ︵3︶  ᠡᠬᠢ ᠪᠠᠶᠠᠯᠢᠭ ᠭᠤᠪᠠᠢ ᠳᠠᠩᠰᠤᠭ᠂ ᠠᠭᠤᠷ ᠠᠮᠢᠰᠬᠤᠯ ᠴᠡᠪᠡᠷ ᠲᠤᠩᠭᠠᠯᠠᠭ᠃

      ᠭᠤᠷᠪᠠ᠂ ᠬᠤᠳᠠᠯᠳᠤᠭ᠎ᠠ‌ᠡᠵᠡᠩᠨᠡᠬᠦ ᠣᠷᠴᠢᠨ ᠨᠦᠬᠦᠴᠡᠯ ᠠᠰᠤᠷᠤ ᠰᠠᠶᠢᠨ

      ᠬᠦᠯᠦᠨ ᠪᠣᠶᠢᠷ ᠤᠨ ᠦᠨᠳᠦᠰᠦᠳᠡᠨ ᠨᠦᠭᠦᠳ ᠪᠦᠯᠬᠦᠮᠳᠡᠯ ᠲᠠᠢ᠂ ᠬᠢᠯᠢ ᠬᠢᠵᠠᠭᠠᠷ ᠠᠮᠤᠷ ᠲᠤᠭᠲᠠᠭᠤᠨ᠂ ᠨᠡᠶᠢᠭᠡᠮ  ᠠᠮᠤᠷ ᠠᠮᠤᠭᠤᠯᠠᠩ᠃ ᠢᠲᠡᠭᠡᠯ᠂

ᠪᠠᠭᠳᠠᠭᠠᠮᠵᠢᠲᠠᠢ᠂ ᠬᠠᠮᠳᠤᠷᠠᠨ ᠠᠵᠢᠯᠯᠠᠵᠤ ᠬᠠᠮᠳᠤ ᠪᠠᠷ ᠠᠰᠢᠭ ᠬᠥᠷᠲᠡᠬᠦ ᠬᠦᠭᠵᠢᠯᠲᠡ ᠶᠢᠨ ᠤᠨᠤᠯᠵᠢᠬᠤᠨ ᠢ ᠪᠠᠷᠢᠮᠳᠠᠯᠠᠭᠰᠠᠭᠠᠷ ᠢᠷᠡᠭᠰᠡᠨ ᠶᠤᠮ᠃ ︽ᠲᠠᠯᠪᠢᠬᠤ᠂

ᠬᠠᠮᠢᠶᠠᠷᠬᠤ᠂ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠢᠨᠲ᠋ᠧᠷ ᠰᠦᠯᠵᠢᠶ᠎ᠡ+ ᠵᠠᠰᠠᠭ ᠤᠨ ᠶᠠᠪᠤᠳᠠᠯ ᠤᠨ ᠦᠢᠯᠡᠴᠢᠯᠡᠭᠡ︾  ᠶᠢ ᠲᠦᠯᠬᠢᠨ

ᠠᠬᠢᠭᠤᠯᠪᠠ᠃ ︽ᠵᠦᠪᠬᠡᠨ ᠨᠢᠭᠡ ᠯᠡ ᠡᠭᠦᠳᠡ ᠪᠠᠷ ᠣᠷᠣᠬᠤ︾᠂ ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾᠂ ︽ᠨᠢᠭᠡ ᠲᠠᠮᠠᠭ᠎ᠠ ᠪᠠᠷ ᠬᠢᠨᠡᠨ

ᠵᠦᠪᠰᠢᠶᠡᠷᠡᠯ ᠢ ᠬᠠᠮᠢᠶᠠᠷᠬᠤ︾ ᠶᠢ ᠲᠦᠷᠭᠡᠳᠬᠡᠨ ᠪᠡᠶᠡᠯᠡᠭᠦᠯᠵᠦ᠂ ᠬᠢᠨᠡᠨ ᠵᠦᠪᠰᠢᠶᠡᠷᠡᠬᠦ ᠦᠢᠯᠡᠴᠢᠯᠡᠭᠡ ᠶᠢᠨ ᠠᠷᠠᠳ ᠲᠤ ᠲᠦᠭᠦᠮ ᠦᠵᠡᠭᠦᠯᠬᠦ ᠬᠢᠷᠢ ᠲᠦᠪᠰᠢᠨ ᠢ

ᠲᠡᠭᠡᠭᠰᠢᠯᠡᠭᠦᠯᠪᠡ᠃ ᠡᠯ᠎ᠡ ᠵᠦᠢᠯ ᠤᠨ ᠭᠠᠶᠢᠯᠢ ᠪᠠᠭᠤᠷᠠᠭᠤᠯᠬᠤ᠂ ᠬᠡᠷᠡᠭᠯᠡᠭᠡ ᠠᠬᠢᠭᠤᠯᠬᠤ᠂ ᠲᠠᠷᠤᠭᠠᠰᠤ ᠬᠦᠩᠭᠡᠷᠡᠭᠦᠯᠬᠦ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ

ᠨᠠᠶᠢᠳᠠᠪᠦᠷᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠥᠪᠡᠷ ᠤᠨ ᠥᠷᠳᠡᠭ ᠪᠠ ᠲᠥᠷᠢᠮ ᠤᠨ ᠠᠷᠠᠯᠵᠢᠶᠠᠨ ᠤ ᠥᠪᠡᠷ ᠤᠨ ᠥᠷᠳᠡᠭ ᠢ ᠪᠠᠭᠤᠷᠠᠭᠤᠯᠪᠠ᠃

ᠠᠭᠤᠵᠢᠭᠤ ᠳᠥᠭᠦᠮ ᠠᠪᠰᠠᠷᠬᠠᠨ ᠵᠠᠰᠠᠭ ᠤᠨ ᠶᠠᠪᠤᠳᠠᠯ ᠤᠨ ᠣᠷᠴᠢᠨ᠂ ᠡᠷᠬᠡ ᠲᠡᠭᠰᠢ ᠡᠮᠬᠢ ᠵᠢᠷᠦᠮ ᠲᠠᠢ ᠦᠷᠢᠰᠦᠯᠳᠦᠭᠡᠨ ᠤ ᠣᠷᠴᠢᠨ᠂ ᠬᠠᠤᠯᠢ ᠶᠤᠰᠤ ᠪᠠᠷ

ᠵᠠᠰᠠᠭ ᠶᠠᠪᠤᠭᠤᠯᠬᠤ ᠬᠠᠤᠯᠢᠵᠢᠯ ᠤᠨ ᠤᠷᠴᠢᠨ ᠬᠢᠭᠡᠳ ᠪᠠᠭᠳᠠᠭᠠᠮᠵᠢᠲᠠᠢ ᠢᠲᠡᠭᠡᠯ ᠲᠠᠢ ᠬᠦᠮᠦᠡᠯᠢᠭ ᠤᠷᠴᠢᠨ ᠢ ᠬᠦᠴᠦᠯᠡᠨ ᠪᠦᠷᠢᠯᠳᠦᠭᠦᠯᠵᠦ᠂ ᠨᠡᠩ ᠤᠯᠠᠨ ᠠᠵᠤ

ᠠᠬᠤᠶᠢᠯᠠᠯ ᠢ ᠬᠦᠯᠦᠨ ᠪᠣᠶᠢᠷ ᠲᠤ ᠨᠤᠳᠤᠭᠰᠢᠭᠤᠯᠬᠤ ᠶᠢᠨ ᠲᠦᠯᠦᠭᠡ ᠠᠰᠤᠷᠤ ᠰᠠᠶᠢᠨ ᠪᠡᠯᠡ ᠣᠷᠣᠭᠤᠯᠣᠯᠲᠠ ᠶᠢᠨ ᠣᠷᠴᠢᠨ ᠨᠦᠬᠦᠴᠡᠯ ᠡᠭᠦᠳᠦᠨ ᠪᠠᠶᠢᠭᠤᠯᠪᠠ᠃

      ᠲᠥᠷᠪᠡ᠂ ᠲᠦᠷᠥ ᠶᠢᠨ ᠪᠣᠳᠣᠯᠭ᠎ᠠ ᠶᠢᠨ ᠲᠤᠬᠢᠶᠠᠯ ᠤᠯᠠᠨ ᠡᠰᠢᠳᠤ

      ᠬᠦᠯᠦᠨ ᠪᠣᠶᠢᠷ ᠣᠯᠣᠰ ᠤᠨ ᠪᠠᠷᠠᠭᠤᠨ ᠤᠷᠤᠨ ᠢ ᠶᠡᠬᠡᠪᠡᠷ ᠨᠡᠭᠡᠭᠡᠨ ᠬᠦᠭᠵᠢᠭᠦᠯᠬᠦ ᠪᠤᠯᠤᠨ ᠵᠡᠭᠦᠨ ᠬᠤᠶᠢᠳᠤ ᠤᠷᠤᠨ ᠢ ᠮᠠᠨᠳᠤᠭᠤᠯᠤᠨ ᠬᠦᠭᠵᠢᠭᠦᠯᠬᠦ ᠵᠡᠷᠭᠡ

ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠬᠥᠷᠳᠡᠬᠦ ᠶᠢᠨ ᠬᠠᠮᠳᠤ ᠦᠨᠳᠦᠰᠦᠳᠡᠨ ᠤ ᠭᠠᠵᠠᠷ

ᠣᠷᠣᠨ ᠤ ᠥᠪᠡᠷᠳᠡᠭᠡᠨ ᠵᠠᠰᠠᠬᠤ ᠂ ᠣᠯᠣᠰ ᠤᠨ ᠬᠢᠯᠢ ᠲᠠᠭᠠᠤ ᠨᠡᠭᠡᠭᠡᠨ ᠬᠥᠭᠵᠢᠭᠦᠯᠵᠦ ᠴᠢᠯᠦᠭᠡᠲᠡᠢ ᠶᠠᠪᠤᠯᠴᠠᠬᠤ᠂ ᠲᠤᠮᠳᠠᠳᠤ ᠣᠷᠣᠰ ᠮᠤᠩᠭᠤᠯ ᠤᠨ

ᠬᠠᠮᠳᠤᠷᠠᠯᠴᠠᠭᠠᠨ ᠤ ᠬᠤᠰᠢᠭᠤᠴᠢ ᠤᠷᠤᠨ᠂ ᠠᠮᠢ ᠠᠬᠤᠢ ᠶᠢᠨ ᠴᠢᠳᠠᠮᠵᠢᠳᠦ ᠣᠷᠣᠨ ᠬᠢᠭᠡᠳ ᠴᠦᠬᠡᠪᠳᠤᠷ ᠦᠨᠳᠦᠰᠦᠳᠡᠨ ᠤ ᠭᠠᠵᠠᠷ ᠣᠷᠣᠨ᠂ ᠬᠢᠯᠢ ᠶᠢ

ᠭᠦᠭᠵᠢᠬᠦᠯᠵᠦ ᠠᠷᠠᠳ ᠢ ᠪᠠᠶᠠᠵᠢᠭᠤᠯᠬᠤ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠥᠷᠲᠡᠪᠡ᠃

      ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ᠂ ᠬᠦᠯᠦᠨ ᠪᠣᠶᠢᠷ ᠬᠤᠲᠠ ᠪᠠ ᠡᠯ᠎ᠡ ᠬᠤᠰᠢᠭᠤ ᠬᠤᠳᠠ ᠲᠤᠭᠤᠷᠢᠭ ᠤᠨ ᠵᠠᠰᠠᠭ ᠤᠨ ᠣᠷᠳᠣᠨ ᠠᠴᠠ

ᠲᠣᠮᠣ ᠳ᠋ᠠᠶᠢᠲ᠋ᠠ ᠶᠢᠨ ᠭᠡᠷᠡᠭᠯᠡᠯᠲᠡ᠂ ︽ᠢᠨᠲ᠋ᠧᠷ ᠰᠦᠯᠵᠢᠶ᠎ᠡ +︾ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠢ

ᠠᠬᠢᠭᠤᠯᠬᠤ ᠵᠢᠴᠢ ᠵᠢᠭᠤᠯᠴᠢᠯᠠᠯ ᠤᠨ ᠦᠢᠯᠡᠰ᠂ ᠮᠦᠩᠭᠦᠨ ᠭᠦᠢᠯᠭᠡᠭᠡᠨ ᠤ ᠦᠢᠯᠡᠰ᠂ ᠦᠢᠯᠡᠴᠢᠯᠡᠭᠡ ᠶᠢᠨ ᠦᠢᠯᠡᠰ ᠢ ᠲᠦᠷᠭᠡᠳᠬᠡᠨ ᠠᠬᠢᠭᠤᠯᠬᠤ ᠵᠡᠷᠭᠡ ᠠᠵᠢᠯ

ᠲᠦᠷᠦᠯ ᠤᠨ ᠬᠦᠭᠵᠢᠯᠲᠡ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠰ ᠪᠦᠷᠢ ᠲᠤᠭᠲᠠᠭᠠᠵᠤ᠂ ᠡᠳ᠋ ᠭᠠᠶᠢᠯᠢ᠂ ᠮᠦᠩᠭᠦᠨ ᠬᠦᠢᠯᠭᠡᠭᠡ᠂ ᠭᠠᠵᠠᠷ ᠰᠢᠷᠣᠢ

ᠵᠡᠷᠭᠡ ᠲᠠᠯ᠎ᠠ ᠪᠠᠷ ᠬᠦᠯᠦᠨ ᠪᠣᠶᠢᠷ ᠲᠤ ᠪᠠᠯᠡ ᠣᠷᠣᠭᠤᠯᠬᠤ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠨ᠎ᠠ᠃

      ᠥᠨᠦᠳᠦᠷ ᠤᠨ ᠬᠦᠯᠦᠨ ᠪᠣᠶᠢᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠣᠯᠣᠰ ᠤᠨ ᠣᠨᠴᠠᠯᠢᠭ ᠲᠠᠢ ᠨᠡᠶᠢᠭᠡᠮ ᠵᠢᠷᠥᠮ ᠤᠨ ᠦᠵᠡᠯ

ᠰᠠᠨᠠᠭ᠎ᠠ ᠶᠢᠨ ᠵᠢᠯᠣᠭᠤᠳᠣᠯᠭ᠎ᠠ ᠲᠤᠤᠷ᠎ᠠ᠂ ᠠᠮᠢ ᠠᠬᠤᠢ ᠶᠢ ᠲᠡᠷᠢᠭᠦᠨ ᠳᠤ ᠪᠠᠶᠢᠯᠭᠠᠬᠤ᠂ ᠪᠤᠬᠢᠷᠳᠣᠯ ᠦᠭᠡᠢ ᠬᠦᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ

ᠰᠠᠶᠢᠲᠠᠢ ᠭᠦᠭᠵᠢᠯᠲᠡ ᠶᠢᠨ ᠰᠢᠨ᠎ᠡ ᠵᠠᠮ ᠢᠶᠠᠷ ᠭᠤᠶᠢᠪᠠᠰᠢ ᠦᠭᠡᠢ ᠵᠠᠮᠨᠠᠭᠰᠠᠨ ᠪᠠᠶᠢᠨ᠎ᠠ᠃ ᠠᠳᠡ᠂ ᠪᠢ ᠬᠦᠯᠦᠨ ᠪᠣᠶᠢᠷ ᠤᠨ 270 ᠲᠦᠮᠡᠨ ᠡᠯ᠎ᠠ ᠦᠨᠳᠦᠰᠦᠳᠡᠨ ᠤ

ᠠᠷᠠᠳ ᠲᠦᠮᠡᠨ ᠤ ᠡᠮᠦᠨ᠎ᠡ ᠠᠴᠠ᠂ ᠲᠠ ᠣᠯᠠᠨ ᠤ ᠬᠦᠯᠦᠨ ᠪᠣᠶᠢᠷ ᠲᠤ ᠮᠤᠷᠢᠯᠠᠨ ᠰᠠᠭᠠᠲᠠᠵᠤ᠂ ᠲᠠᠯ᠎ᠠ ᠨᠣᠳᠤᠭ ᠤᠨ ᠲᠠᠩᠰᠤᠭ ᠦᠵᠡᠮᠵᠢ ᠶᠢ ᠰᠤᠨᠢᠷᠬᠠᠨ᠂

ᠦᠨᠳᠦᠰᠦᠳᠡᠨ ᠤ ᠥᠪᠡᠷᠮᠢᠴᠡ ᠵᠠᠩ ᠠᠷᠠᠨᠰᠢᠨ ᠢ ᠪᠠᠭ᠋ᠠᠷᠬᠠᠵᠤ᠂ ᠪᠤᠬᠢᠷᠳᠣᠯ ᠦᠭᠡᠢ ᠥᠪᠡᠳᠡᠭᠰᠢ ᠲᠠᠶᠢᠯᠠᠯᠭ᠎ᠠ ᠶᠢ ᠠᠮᠳᠠᠯᠠᠨ᠂ ᠬᠠᠮᠳᠤᠷᠠᠨ ᠠᠵᠢᠯᠯᠠᠵᠤ ᠬᠠᠮᠲᠤᠪᠠᠷ

ᠠᠰᠢᠭ ᠬᠥᠷᠲᠡᠬᠦ ᠪᠠᠷ ᠰᠦᠪᠡᠭᠴᠢᠯᠡᠬᠦ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠳᠤᠵᠤ ᠪᠠᠶᠢᠨ᠎ᠠ᠃

                                                 

                                                                                                     

ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ