| | ᠬᠤᠶᠠᠷ᠂ 2020 ᠤᠨ ᠤ ᠠᠵᠢᠯ ᠤᠨ ᠪᠠᠶᠢᠷᠢᠯᠠᠭᠤᠯᠤᠯᠲᠠ | | ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠰᠡᠭᠦᠯ ᠬᠤᠷᠢᠶᠠᠬᠤ ᠵᠢᠯ ᠪᠤᠯᠤᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠥᠭᠵᠢᠯᠲᠡ ᠪᠠ ᠬᠤᠶᠠᠳᠤᠭᠠᠷ ᠵᠠᠭᠤᠨ ᠵᠢᠯ ᠤᠨ | ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠵᠠᠩᠭᠢᠯᠠᠭ᠎ᠠ ᠶᠢᠨ ᠵᠢᠯ ᠪᠤᠯᠤᠨ᠎ᠠ᠃ ᠣᠳᠣᠬᠠᠨ ᠳᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠪᠠᠶᠢᠳᠠᠯ ᠳᠤ ᠭᠦᠨᠵᠡᠭᠡᠶ ᠪᠤᠳᠤᠯᠢᠶᠠᠨᠲᠠᠶ ᠬᠤᠪᠢᠷᠠᠯᠲᠠ ᠭᠠᠷᠴᠤ᠂ ᠭᠡᠨᠡᠳᠲᠡ ᠳᠡᠯᠭᠡᠷᠡᠭᠰᠡᠨ ᠰᠢᠨ᠎ᠡ ᠲᠢᠳᠢᠮᠯᠢᠭ ᠠᠭᠤᠰᠭᠢᠨ ᠦᠷᠪᠢᠰᠦᠯ ᠤᠨ | ᠬᠢᠵᠢᠭ ᠤᠨ ᠪᠠᠶᠢᠳᠠᠯ ᠨᠢ ᠠᠵᠤ ᠠᠬᠤᠢ ᠨᠡᠶᠢᠭᠡᠮ ᠤᠨ ᠬᠦᠭᠵᠢᠯᠲᠡ ᠳᠤ ᠮᠠᠰᠢ ᠶᠡᠭᠡ ᠨᠦᠯᠦᠭᠡᠯᠡᠯ ᠪᠤᠯᠤᠭᠰᠠᠨ ᠪᠤᠯᠪᠠᠴᠤ᠂ ᠨᠦᠯᠦᠭᠡᠯᠡᠯ ᠨᠢ ᠲᠦᠷ ᠵᠠᠭᠤᠷ᠎ᠠ ᠶᠢᠨ | ᠪᠠᠶᠢᠵᠤ᠂ ᠶᠡᠷᠦᠩᠬᠡᠢ ᠳᠡᠭᠡᠨ ᠡᠵᠡᠮᠳᠡᠵᠦ ᠪᠤᠯᠬᠤ ᠶᠤᠮ᠂ ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠲᠣᠭᠲᠠᠭᠤᠨ ᠪᠠᠶᠢᠬᠤ ᠶᠢᠨ ᠵᠡᠷᠭᠡᠪᠡᠷ ᠰᠠᠶᠢᠵᠢᠷᠠᠬᠤ᠂ | ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠬᠠᠨᠳᠤᠰᠢ ᠬᠤᠪᠢᠷᠠᠭ᠎ᠠ ᠦᠭᠡᠢ᠂ ᠤᠯᠤᠰ ᠠᠴᠠ ︽ᠨᠢᠭᠡ ᠪᠦᠰᠡ ᠨᠢᠭᠡ ᠵᠠᠮ︾ ᠤᠨ ᠪᠦᠳᠦᠭᠡᠨ | ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ ᠰᠢᠨ᠎ᠡ ᠨᠢᠭᠡᠨ ᠡᠭᠡᠯᠵᠢ ᠶᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ ᠪᠠᠷᠠᠭᠤᠨ | ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ | ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠤᠭᠲᠠᠭᠤᠨᠵᠢᠭᠤᠯᠬᠤ ᠰᠢᠷᠢᠰ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ᠂ ᠣᠷᠣᠨ ᠨᠤᠲᠤᠭ ᠤᠨ | ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠬᠡᠪᠴᠢᠶᠡᠵᠢᠯ ᠢ ᠨᠡᠩ ᠶᠡᠭᠡ ᠬᠡᠮᠵᠢᠶ᠎ᠡ ᠪᠠᠷ ᠨᠡᠮᠡᠭᠳᠡᠭᠦᠯᠦᠨ᠎ᠡ︔ ᠥᠪᠡᠷᠲᠡᠭᠡᠨ ᠵᠠᠰᠠᠬᠤ | ᠣᠷᠣᠨ ᠠᠴᠠ ᠵᠡᠭᠦᠨ ᠬᠡᠰᠡᠭ ᠭᠠᠵᠠᠷ ᠣᠷᠣᠨ ᠤ ᠬᠥᠭᠵᠢᠯᠲᠡ ᠶᠢ ᠳᠡᠮᠵᠢᠬᠦ᠂ ︽ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ︾ ᠶᠢ | ᠠᠬᠢᠭᠤᠯᠬᠤ᠂ ᠤᠮᠠᠷᠠᠰᠢ ᠨᠡᠭᠡᠭᠡᠯᠲᠡ ᠬᠢᠬᠦ ᠶᠢ ᠦᠷᠭᠡᠳᠭᠡᠬᠦ᠂ ᠬᠢᠵᠢᠭ ᠤᠨ ᠪᠠᠶᠢᠳᠠᠯ ᠢ ᠠᠷᠭᠠᠴᠠᠭᠠᠬᠤ ᠵᠡᠷᠭᠡ ᠲᠠᠯ᠎ᠠ ᠪᠠᠷ ᠮᠠᠰᠢ ᠣᠯᠠᠨ ᠪᠣᠳᠠᠲᠠᠶ ᠠᠷᠭ᠎ᠠ ᠬᠡᠮᠵᠢᠶ᠎ᠡ | ᠠᠪᠴᠦ᠂ ᠮᠠᠨ ᠤ ᠬᠤᠳᠠ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠳᠤ ᠴᠢᠬᠤᠯᠠ ᠠᠵᠠ ᠲᠤᠬᠢᠶᠠᠯ ᠪᠠ ᠬᠦᠴᠦᠲᠡᠢ ᠲᠦᠰᠢᠭ ᠲᠤᠯᠭᠠᠭᠤᠷᠢ ᠬᠠᠩᠭᠠᠪᠠ᠃ | ᠮᠠᠨ ᠤ ᠬᠤᠲᠠ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢ ᠡᠭᠦᠷᠢᠳᠡ ᠪᠠᠷᠢᠮᠲᠠᠯᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ | ᠬᠦᠴᠦᠨ ᠢᠶᠠᠨ ᠪᠠᠲᠤᠯᠠᠵᠤ᠂ ᠪᠠᠶᠢᠷᠢ ᠲᠣᠭᠲᠠᠭᠠᠬᠤ ᠬᠠᠷᠠᠯᠲᠠ ᠪᠠᠨ ᠪᠦᠷᠢᠨᠰᠢᠭᠦᠯᠵᠦ᠂ ᠠᠷᠭ᠎ᠠ ᠵᠠᠮ ᠢᠶᠠᠨ ᠲᠤᠳᠤᠷᠬᠠᠶᠢᠯᠠᠵᠤ᠂ ᠰᠢᠨ᠎ᠡ ᠬᠠᠭᠤᠴᠢᠨ ᠬᠥᠳᠡᠯᠭᠡᠬᠦ | ᠡᠨᠧᠷᠭᠢ ᠶᠢᠨ ᠰᠢᠯᠵᠢᠯᠲᠡ ᠶᠢ ᠲᠦᠷᠭᠡᠳᠬᠡᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠨᠢᠭᠡ ᠪᠦᠯᠦᠭ ᠴᠢᠬᠤᠯᠠ ᠶᠡᠭᠡ | ᠲᠥᠷᠦᠯ ᠵᠦᠢᠯ ᠢ ᠵᠠᠯᠭᠠᠪᠠᠷ ᠠᠵᠢᠯ ᠡᠬᠢᠯᠡᠭᠦᠯᠵᠦ᠂ ᠦᠢᠯᠡᠳᠪᠦᠷᠢᠯᠡᠯ ᠤᠨ ᠴᠢᠳᠠᠮᠵᠢ ᠶᠢ ᠠᠯᠬᠤᠮ ᠠᠯᠬᠤᠮ ᠢᠶᠠᠷ ᠰᠤᠯᠠᠯᠠᠵᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠣᠳᠣᠬᠠᠨ ᠳᠠᠭᠠᠨ ᠬᠢᠳᠡᠯ ᠲᠠᠢ᠂ ᠢᠷᠡᠭᠡᠳᠦᠢ ᠳᠤ ᠡᠷᠡᠮᠡᠯᠵᠡᠯ ᠲᠠᠢ ᠪᠤᠯᠭᠠᠪᠠ᠃ ᠪᠢᠳᠡ ᠲᠥᠪ ᠤᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠤᠨᠤᠯᠵᠢᠬᠤᠨ ᠢ ᠭᠤᠶᠢᠪᠢᠰᠢ ᠦᠭᠡᠢ ᠲᠤᠭᠤᠰᠢᠯᠠᠭᠤᠯᠵᠤ᠂ ᠠᠮᠢ ᠠᠬᠤᠢ ᠶᠢ | ᠲᠡᠷᠢᠭᠦᠨ ᠳᠤ ᠲᠠᠯᠪᠢᠬᠤ᠂ ᠪᠤᠬᠢᠷᠲᠤᠯ ᠦᠭᠡᠢ ᠬᠦᠭᠵᠢᠯᠲᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ | ᠦᠭᠡᠢ ᠵᠠᠮᠨᠠᠬᠤ ᠶᠢ ᠪᠠᠷᠢᠮᠲᠠᠯᠠᠵᠤ᠂ ᠤᠷᠤᠭᠰᠢᠯᠠᠬᠤ ᠴᠢᠭᠯᠡᠯ ᠢᠶᠠᠨ ᠢᠮᠠᠭᠲᠠ ᠤᠨᠤᠪᠴᠢᠲᠡᠢ ᠪᠠᠶᠢᠯᠭᠠᠳᠠᠭ ᠯᠡ ᠶᠤᠮ ᠪᠤᠯ︔ ᠪᠢᠳᠡ ᠲᠣᠭᠲᠠᠭᠤᠨ ᠤ ᠳᠤᠮᠳᠠ | ᠤᠷᠤᠭᠰᠢᠯᠠᠨ ᠳᠠᠪᠰᠢᠬᠤ ᠶᠡᠷᠦᠩᠬᠡᠢ ᠬᠦᠭ ᠠᠶᠠᠰ ᠢ ᠴᠢᠩᠭ᠎ᠠ ᠡᠵᠡᠮᠳᠡᠵᠦ᠂ ︽ᠵᠢᠷᠭᠤᠭ᠎ᠠ ᠶᠢ ᠲᠤᠭᠲᠠᠪᠤᠷᠢᠵᠢᠭᠤᠯᠬᠤ︾ ᠠᠵᠢᠯ ᠢ ᠪᠠᠲᠤᠲᠠᠢ ᠰᠠᠶᠢᠨ ᠬᠢᠵᠦ᠂ ︽ | ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠤᠯᠳᠠᠯᠭ᠎ᠠ ᠶᠢ ᠠᠳᠬᠤᠵᠤ᠂ ᠲᠤᠲᠠᠭᠤᠳᠠᠯ ᠢᠶᠠᠨ ᠨᠦᠬᠦᠪᠦᠷᠢᠯᠡᠨ᠂ ᠪᠠᠭᠤᠷᠠᠢ | ᠲᠠᠯ᠎ᠠ ᠪᠠᠨ ᠬᠦᠴᠦᠷᠬᠡᠭᠵᠢᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠪᠠᠨ ᠡᠷᠡᠰ ᠭᠤᠶᠢᠪᠢᠰᠢ ᠦᠭᠡᠢ ᠪᠠᠷᠢᠮᠲᠠᠯᠠᠳᠠᠭ ᠯᠡ | ᠶᠤᠮ ᠪᠤᠯ︔ ᠪᠢᠳᠡ ᠳᠠᠶᠢᠯᠠᠯᠳᠤᠭᠠᠨ ᠤ ᠦᠶ᠎ᠡ ᠶᠢᠨ ᠪᠠᠶᠢᠳᠠᠯ᠂ ᠳᠠᠶᠢᠯᠠᠯᠳᠤᠭᠠᠨ ᠤ ᠦᠶ᠎ᠡ ᠶᠢᠨ ᠰᠠᠬᠢᠯᠭ᠎ᠠ ᠪᠠᠲᠤ᠂ ᠳᠠᠶᠢᠯᠠᠯᠳᠤᠭᠠᠨ ᠤ ᠦᠶ᠎ᠡ ᠶᠢᠨ ᠤᠪᠤᠷ ᠰᠤᠷᠲᠠᠯ ᠢ | ᠢᠮᠠᠭᠲᠠ ᠪᠠᠷᠢᠮᠲᠠᠯᠠᠵᠤ᠂ ᠰᠠᠨᠠᠭᠠᠰᠢᠷᠠᠨ ᠵᠤᠪᠠᠨᠢᠬᠤ ᠤᠬᠠᠮᠰᠠᠷ ᠢᠶᠠᠨ ᠴᠢᠩᠭᠠᠳᠬᠠᠵᠤ᠂ ᠲᠦᠭᠰᠢᠭᠦᠷᠢ ᠶᠢ ᠲᠤᠬᠢᠶᠠᠯ ᠪᠤᠯᠭᠠᠨ ᠬᠤᠪᠢᠷᠠᠭᠤᠯᠬᠤ ᠳᠠᠭᠠᠨ ᠴᠢᠳᠠᠮᠠᠭᠠᠢ | ᠪᠠᠶᠢᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠲᠡ ᠶᠢ ᠨᠢᠭᠡᠳᠦᠯᠲᠡᠢ ᠲᠦᠯᠦᠪᠯᠡᠨ ᠰᠠᠶᠢᠲᠤᠷ | ᠬᠢᠵᠦ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠬᠦ ᠶᠢᠨ ᠵᠡᠷᠭᠡᠪᠡᠷ ᠬᠠᠮᠲᠤ ᠶᠢᠨ ᠲᠠᠨᠢᠯᠲᠠ ᠪᠠᠨ ᠦᠨᠡᠨᠬᠦ ᠨᠢᠭᠲᠠᠷᠠᠭᠤᠯᠵᠤ᠂ ᠶᠡᠭᠡ ᠳᠠᠶᠢᠯᠠᠯᠳᠤᠭᠠᠨ ᠶᠡᠭᠡ | ᠰᠢᠯᠭᠠᠯᠲᠠ ᠶᠢᠨ ᠳᠤᠮᠳᠠ ᠡᠭᠦᠷᠭᠡᠯᠡᠨ ᠵᠢᠳᠭᠦᠵᠦ᠂ ᠪᠣᠬᠢᠷᠲᠤᠯ ᠦᠭᠡᠢ ᠬᠦᠭᠵᠢᠭᠦᠯᠬᠦ ᠳᠤᠮᠳᠠ ᠤᠳᠠᠭᠠᠨ ᠳᠠᠭᠠᠭᠠᠮᠠᠭᠠᠢ ᠠᠵᠢᠯᠯᠠᠳᠠᠭ ᠯᠠ ᠶᠤᠮ ᠪᠣᠯ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠪᠠᠶᠢᠳᠠᠯ ᠢ ᠯᠠᠪᠲᠠᠢ ᠡᠭᠦᠳᠴᠦ ᠴᠢᠳᠠᠬᠤ ᠶᠤᠮ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ | ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠪᠤᠯᠤᠨ ᠦᠪᠦᠷ ᠮᠤᠩᠭᠤᠯ ᠤᠨ ᠠᠵᠢᠯ ᠤᠨ ᠲᠤᠬᠠᠢ ᠶᠡᠷᠦᠩᠬᠡᠢ ᠱᠦᠵᠢ ᠶᠢᠨ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠪᠠ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠦᠨᠳᠦᠰᠦᠨ ᠣᠨᠣᠯ᠂ | ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠡᠷᠡᠰ ᠲᠤᠭᠤᠰᠢᠯᠠᠭᠤᠯᠵᠤ᠂ ︽ᠳᠥᠷᠪᠡᠨ ᠦᠵᠡᠯ ᠤᠬᠠᠮᠰᠠᠷ︾ ᠢ ᠨᠡᠮᠡᠭᠳᠡᠭᠦᠯᠵᠦ᠂ ︽ᠳᠥᠷᠪᠡᠨ | ᠢᠲᠡᠭᠡᠯ︾ ᠢ ᠪᠠᠳᠤᠳᠬᠠᠨ᠂ ︽ᠬᠤᠶᠠᠷ ᠢ ᠬᠠᠮᠠᠭᠠᠯᠠᠬᠤ︾ ᠶᠢ ᠨᠠᠶᠢᠳᠠᠪᠤᠷᠢᠵᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ | ᠡᠭᠦᠷᠭᠡ ᠲᠠᠢ ᠨᠢᠭᠲᠠ ᠤᠶᠠᠯᠳᠤᠭᠤᠯᠤᠨ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠠᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠪᠥᠬᠦᠳᠡ ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶᠠᠨ ᠤ | ᠳᠥᠷᠪᠡᠳᠦᠭᠡᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠥᠬᠦᠳᠡ ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠲᠡ ᠶᠢ ᠨᠢᠭᠡᠳᠦᠯᠲᠡᠢ ᠲᠦᠯᠦᠪᠯᠡᠨ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠭᠦᠭᠵᠢᠯᠲᠡ ᠶᠢᠨ ᠤᠨᠤᠯᠵᠢᠬᠤᠨ ᠢ ᠪᠠᠷᠢᠮᠲᠠᠯᠠᠵᠤ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠲᠦᠷᠦᠯ | ᠵᠦᠢᠯ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠪᠠᠷ ᠪᠠᠲᠤᠯᠠᠭ᠎ᠠ | ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ ᠳᠤ ᠡᠷᠡᠰ ᠢᠯᠠᠯᠲᠠ ᠣᠯᠵᠤ᠂ ︽ᠵᠢᠷᠭᠤᠭ᠎ᠠ ᠶᠢ ᠲᠤᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ | ᠡᠭᠦᠷᠭᠡ ᠶᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠠᠵᠤ ᠠᠬᠤᠶ ᠶᠢᠨ ᠶᠠᠪᠤᠭᠳᠠᠯ ᠢ ᠵᠣᠬᠢᠰᠲᠠᠶ ᠣᠷᠣᠨ ᠵᠠᠶ ᠳᠤ | ᠪᠠᠶᠢᠯᠭᠠᠬᠤ ᠶᠢ ᠪᠠᠲᠤᠯᠠᠨ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠪᠠᠷ ᠰᠡᠭᠦᠯ ᠬᠤᠷᠢᠶᠠᠬᠤ ᠶᠢ ᠦᠨᠡᠨᠬᠦ ᠪᠠᠲᠤᠯᠠᠵᠤ᠂ ᠦᠵᠡᠰᠬᠦᠯᠡᠩᠲᠦ ᠰᠠᠶᠢᠬᠠᠨ ᠦᠨᠢᠷ ᠪᠠᠶᠠᠯᠢᠭ ᠡᠶ᠎ᠡ ᠵᠤᠬᠢᠴᠠᠩᠭᠤᠢ | ᠠᠮᠤᠷ ᠠᠮᠤᠭᠤᠯᠠᠩ ᠬᠥᠯᠥᠨ ᠪᠤᠶᠢᠷ ᠤᠨ ᠰᠢᠨ᠎ᠡ ᠪᠠᠶᠢᠳᠠᠯ ᠢ ᠪᠥᠬᠦ ᠬᠦᠴᠦᠨ ᠢᠶᠠᠷ ᠡᠭᠦᠳᠦᠨ᠎ᠡ᠃ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠤᠯ᠄ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 3% | ᠣᠷᠴᠢᠮ ᠨᠡᠮᠡᠭᠳᠡᠭᠦᠯᠦᠨ᠎ᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 5% ᠣᠷᠴᠢᠮ ᠨᠡᠮᠡᠭᠳᠡᠭᠦᠯᠦᠨ᠎ᠡ︔ | ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠤᠷᠤᠯᠭ᠎ᠠ ᠶᠢ ᠲᠤᠰᠪᠤᠷᠢ 6% ᠠᠴᠠ ᠳᠡᠭᠡᠭᠰᠢ | ᠪᠠ 7.5% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ 2.3 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠳᠠᠩᠰᠠᠯᠠᠭᠰᠠᠨ ᠠᠵᠢᠯ | ᠠᠯᠳᠠᠯᠲᠠ ᠶᠢᠨ ᠨᠣᠷᠮ᠎ᠠ ᠶᠢ 4.5% ᠶᠢᠨ ᠳᠣᠲᠣᠷ᠎ᠠ ᠬᠢᠵᠠᠭᠠᠷᠯᠠᠨ᠎ᠠ︔ ᠪᠠᠲᠤᠯᠠᠭ᠎ᠠ ᠶᠢᠨ ᠴᠢᠨᠠᠷᠲᠠᠶ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠲᠣᠭᠲᠠᠭᠤᠨ ᠢᠶᠠᠷ | ᠨᠡᠮᠡᠭᠳᠡᠭᠦᠯᠦᠨ᠎ᠡ︔ ᠬᠢᠵᠠᠭᠠᠷᠯᠠᠬᠤ ᠴᠢᠨᠠᠷᠲᠠᠶ ᠭᠦᠢᠴᠡᠳᠭᠡᠬᠦ ᠲᠤᠭ᠎ᠠ ᠶᠢ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠳᠤ ᠬᠦᠷᠭᠡᠨ᠎ᠡ︔ ᠪᠣᠬᠢᠷᠲᠤᠯ ᠦᠭᠡᠢ | ᠬᠥᠭᠵᠢᠯᠲᠡ ᠶᠢᠨ ᠭᠦᠢᠴᠡᠳᠭᠡᠬᠦ ᠲᠤᠭᠠᠨ ᠤ ᠲᠤᠭᠲᠠᠯᠴᠠᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ | ᠳᠡᠭᠡᠷᠡᠬᠢ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠭᠤᠤᠯᠳᠠᠭᠤ ᠳᠣᠤᠷᠠᠬᠢ ᠠᠷᠪᠠᠨ ᠲᠠᠯ᠎ᠠ ᠶᠢᠨ ᠠᠵᠢᠯ ᠢ ᠰᠠᠶᠢᠲᠤᠷ ᠠᠳᠬᠤᠨ᠎ᠠ᠃ | ︵ᠨᠢᠭᠡ︶ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠠᠭᠤᠷᠢ ᠶᠢ ᠬᠦᠴᠦ ᠪᠠᠨ ᠲᠥᠪᠯᠡᠷᠡᠭᠦᠯᠦᠨ ᠪᠠᠬᠢᠵᠢᠭᠦᠯᠵᠦ᠂ ᠭᠤᠷᠪᠠᠨ ᠶᠡᠭᠡ ᠪᠤᠭᠤᠮᠲᠠ | ᠰᠢᠪᠲᠤᠯᠬᠤ ᠳᠠᠶᠢᠯᠠᠯᠳᠤᠭᠠᠨ ᠳᠤ ᠡᠷᠡᠰ ᠢᠯᠠᠯᠲᠠ ᠣᠯᠤᠨ᠎ᠠ᠃ ᠠᠰᠠᠭᠤᠳᠠᠯ ᠤᠨ ᠤᠳᠤᠷᠢᠳᠤᠮᠵᠢ ᠬᠠᠷᠠᠯᠲᠠ ᠶᠢᠨ ᠤᠳᠤᠷᠢᠳᠤᠮᠵᠢ ᠦᠷ᠎ᠡ ᠳ᠋ᠦᠩ ᠤᠨ | ᠤᠳᠤᠷᠢᠳᠤᠮᠵᠢ ᠶᠢ ᠪᠠᠷᠢᠮᠲᠠᠯᠠᠵᠤ᠂ ᠪᠦᠬᠦ ᠬᠦᠴᠦᠨ ᠢᠶᠠᠷ ᠪᠣᠭᠤᠮᠲᠠ ᠰᠢᠪᠲᠤᠯᠵᠤ᠂ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠪᠠᠲᠤᠯᠠᠨ᠎ᠠ᠃ | ᠤᠨᠤᠴᠠᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠳᠤ ᠡᠷᠡᠰ ᠢᠯᠠᠯᠲᠠ ᠣᠯᠤᠨ᠎ᠠ᠃ ᠪᠤᠴᠠᠭᠠᠨ ᠭᠠᠷᠭᠠᠬᠤ ᠪᠠᠷᠢᠮᠵᠢᠶ᠎ᠠ | ᠪᠣᠯᠤᠨ ᠪᠤᠴᠠᠭᠠᠨ ᠭᠠᠷᠭᠠᠬᠤ ᠳᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠣᠳᠣ ᠶᠢᠨ ᠪᠠᠷᠢᠮᠵᠢᠶ᠎ᠠ ᠪᠠᠷ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ | ᠶᠠᠳᠠᠭᠤ ᠠᠴᠠ ᠠᠩᠭᠢᠵᠢᠷᠠᠭᠤᠯᠬᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠲᠠᠷᠢᠶᠠᠴᠢᠨ ᠮᠠᠯᠴᠢᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠶᠢ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ ᠳᠡᠭᠡᠭᠦᠷ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠪᠠᠶᠢᠳᠠᠯ ᠢ ᠤᠶᠢᠯᠠᠭᠠᠵᠤ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠢ ᠥᠷᠨᠢᠭᠦᠯᠵᠦ᠂ ᠲᠦᠪ ᠤᠨ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠲᠤᠭᠤᠷᠢᠨ ᠪᠠᠶᠢᠴᠠᠭᠠᠯᠲᠠ ᠶᠢᠨ ︽ᠪᠤᠴᠠᠵᠤ ᠪᠠᠶᠢᠴᠠᠭᠠᠨ ᠦᠵᠡᠬᠦ︾᠂ ᠤᠯᠤᠰ ᠤᠨ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠮᠵᠢ ᠶᠢ ᠬᠢᠨᠠᠨ ᠰᠢᠯᠭᠠᠬᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠣᠳᠠᠲᠠᠢ ᠭᠠᠵᠠᠷ ᠲᠤᠨᠢ | ᠪᠠᠶᠢᠴᠠᠭᠠᠨ ᠰᠤᠳᠤᠯᠤᠯᠲᠠ ᠬᠢᠭᠰᠡᠨ ᠵᠢᠴᠢ ᠡᠯ᠎ᠡ ᠱᠠᠲᠤᠨ ᠤ ᠡᠯ᠎ᠡ ᠵᠦᠢᠯ ᠤᠨ ᠬᠢᠨᠠᠯᠲᠠ ᠲᠠᠯᠪᠢᠵᠦ ᠪᠠᠶᠢᠴᠠᠭᠠᠭᠠᠳ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠵᠦ᠂ ᠰᠢᠯᠢᠳᠡᠭ ᠬᠢᠷᠢ ᠪᠦᠲᠦᠮᠵᠢ ᠪᠠᠷ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠨᠡᠶᠢᠳᠡᠮ ᠪᠠᠶᠢᠴᠠᠭᠠᠯᠲᠠ ᠶᠢ ᠤᠭᠲᠤᠨ ᠠᠪᠴᠢᠷᠠᠨ᠎ᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠯᠤᠭ᠎ᠠ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠤᠨ᠂ ᠪᠡᠭᠡᠵᠢᠩ ᠥᠪᠥᠷ | ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠦᠪᠡᠷ ᠢ ᠪᠠᠨ ᠬᠥᠭᠵᠢᠭᠦᠯᠬᠦ ᠴᠢᠳᠠᠪᠤᠷᠢ ᠪᠠᠨ ᠨᠡᠮᠡᠭᠳᠡᠭᠦᠯᠦᠨ᠂ ᠲᠣᠭᠲᠠᠭᠤᠨ ᠢᠶᠠᠷ | ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠦᠨ᠎ᠡ᠃ ︽ᠳᠥᠷᠪᠡ ᠶᠢ ᠦᠯᠦ ᠲᠠᠶᠠᠭᠳᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠳᠠᠭᠤ ᠠᠴᠠ | ᠠᠩᠭᠢᠵᠢᠷᠠᠭᠤᠯᠤᠭᠰᠠᠨ ᠲᠤᠭᠲᠠᠭᠤᠨ ᠪᠤᠰᠤ ᠬᠦᠮᠦᠨ ᠠᠮᠠ ᠪᠠ ᠵᠠᠬ᠎ᠠ ᠬᠢᠵᠠᠭᠠᠷ ᠤᠨ ᠶᠠᠳᠠᠭᠤᠷᠠᠮᠠᠲᠠᠭᠠᠢ ᠬᠦᠮᠦᠨ ᠠᠮᠠ ᠶᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠬᠦ ᠶᠢ ᠰᠠᠶᠢᠲᠤᠷ ᠠᠳᠬᠤᠵᠤ᠂ ᠳᠠᠬᠢᠨ ᠶᠠᠳᠠᠭᠤᠷᠠᠭᠰᠠᠨ ᠪᠠ ᠰᠢᠨ᠎ᠡ ᠪᠠᠷ ᠶᠠᠳᠠᠭᠤᠷᠠᠭᠰᠠᠨ ᠬᠥᠮᠦᠨ ᠠᠮᠠ ᠶᠢ ᠬᠠᠪᠰᠤᠷᠤᠨ ᠲᠡᠳᠬᠦᠬᠦ ᠬᠦᠷᠢᠶ᠎ᠡ | ᠬᠡᠪᠴᠢᠶᠡᠨ ᠳᠤ ᠴᠠᠭ ᠲᠤᠬᠠᠢ ᠳᠤᠨᠢ ᠤᠷᠤᠭᠤᠯᠵᠤ᠂ ᠪᠠᠶᠢᠩᠭᠤ ᠪᠦᠲᠦᠮᠵᠢᠲᠦ ᠲᠣᠭᠲᠠᠴᠠ ᠶᠢ ᠲᠡᠭᠦᠯᠳᠡᠷᠵᠢᠭᠦᠯᠦᠨ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ | ᠪᠦᠲᠦᠭᠡᠯ ᠨᠢ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨᠬᠦ ᠪᠠᠲᠤᠯᠠᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠳᠤ ᠡᠷᠡᠰ ᠢᠯᠠᠯᠲᠠ ᠣᠯᠤᠨ᠎ᠠ᠃ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠵᠤ ᠳ᠋ᠤᠭᠠᠷ ᠬᠠᠰᠤᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠬᠥᠬᠡ ᠣᠭᠲᠠᠷᠭᠤᠶ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ | ᠬᠤᠰᠢᠭᠤ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠲᠠᠬᠢ ᠪᠠᠶᠢᠭᠤᠯᠤᠯᠲᠠᠲᠤ ᠲᠣᠭᠤᠷᠢᠭ ᠤᠨ 10 ᠠᠭᠤᠷ ᠤᠨ ᠲᠣᠨ ᠵᠢᠴᠢ | ᠡᠭᠦᠨ ᠠᠴᠠ ᠳᠤᠭᠤᠭᠰᠢᠬᠢ ᠨᠡᠭᠦᠷᠡᠰᠦᠨ ᠲᠦᠯᠡᠰᠢᠲᠤ ᠠᠭᠤᠷ ᠤᠨ ᠲᠤᠭᠤᠭᠠᠲᠤ ᠵᠤᠤᠬ᠎ᠠ ᠶᠢᠨ ᠨᠤᠷᠠᠭᠠᠨ ᠥᠭᠡᠷᠡᠴᠢᠯᠡᠬᠦ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ | ᠭᠤᠤᠯᠳᠠᠯᠭ᠎ᠠ ᠲᠠᠢ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠥᠬᠡᠶ ᠪᠠᠷ ᠭᠠᠳᠠᠭᠰᠢᠯᠠᠭᠤᠯᠬᠤ ᠪᠠ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠶᠡᠷᠦᠩᠬᠡᠶᠢᠯᠡᠨ | ᠵᠠᠰᠠᠬᠤ ᠶᠢ ᠥᠷᠨᠢᠭᠦᠯᠦᠨ᠎ᠡ᠃ ᠬᠦᠬᠡᠮᠳᠦᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠪᠣᠬᠢᠷ ᠤᠰᠤ ᠶᠢ ᠰᠢᠶᠳᠪᠦᠷᠢᠯᠡᠬᠦ᠂ ᠳᠠᠬᠢᠯᠳᠠ ᠤᠰᠤ ᠶᠢ | ᠪᠤᠴᠠᠭᠠᠨ ᠬᠡᠷᠡᠭᠯᠡᠬᠦ᠂ ᠤᠰᠤᠨ ᠰᠤᠷᠪᠤᠯᠵᠢ ᠶᠢᠨ ᠭᠠᠵᠠᠷ ᠢ ᠬᠠᠮᠠᠭᠠᠯᠠᠬᠤ ᠢᠨᠵᠧᠨᠧᠷᠢᠩ ᠢ ᠪᠠᠲᠤᠲᠠᠶ ᠠᠬᠢᠭᠤᠯᠵᠤ᠂ ᠬᠤᠲᠠ ᠪᠠᠯᠭᠠᠰᠤ ᠶᠢᠨ ᠪᠣᠬᠢᠷ ᠤᠰᠤ | ᠰᠢᠶᠳᠪᠦᠷᠢᠯᠡᠬᠦ ᠦᠶᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠦᠭᠡᠷᠡᠴᠢᠯᠡᠨ ᠰᠢᠨᠡᠳᠭᠡᠬᠦ ᠶᠢ ᠪᠡᠶᠡᠯᠡᠭᠦᠯᠦᠨ᠎ᠡ᠃ ᠰᠢᠮᠡᠯᠢᠭ ᠬᠥᠷᠥᠰᠥ ᠶᠢ ᠬᠠᠮᠠᠭᠠᠯᠠᠬᠤ | ᠳᠠᠶᠢᠯᠠᠯᠳᠤᠭᠠᠨ ᠢ ᠰᠠᠶᠢᠲᠤᠷ ᠬᠢᠵᠦ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠢ ᠭᠤᠤᠯᠳᠠᠯᠭ᠎ᠠ ᠲᠠᠢ ᠬᠢᠨᠠᠨ ᠬᠠᠮᠢᠶᠠᠷᠬᠤ ᠨᠡᠷᠡᠰ ᠲᠤ ᠪᠠᠶᠢᠭ᠎ᠠ ᠠᠵᠤ | ᠠᠬᠤᠶᠢᠯᠠᠯ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠵᠢᠴᠢ ᠠᠶᠤᠯᠲᠠᠶ ᠬᠠᠶᠠᠭᠳᠠᠮᠠᠯ | ᠪᠣᠳᠠᠰ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠷᠠᠭᠤᠯᠤᠨ᠎ᠠ︔ ᠲᠠᠷᠢᠶᠠᠯᠠᠩ ᠮᠠᠯ ᠠᠵᠤ ᠠᠬᠤᠶ ᠶᠢᠨ ᠣᠯᠠᠨ ᠡᠬᠢᠲᠦ ᠪᠣᠬᠢᠷᠲᠤᠯ ᠢ ᠴᠢᠩᠭ᠎ᠠ ᠡᠷᠬᠡᠰᠢᠶᠡᠨᠡ︔ | ᠬᠤᠭ ᠨᠣᠪᠰᠢ ᠶᠢ ᠲᠥᠷᠥᠯ ᠬᠤᠪᠢᠶᠠᠨ ᠰᠢᠶᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠶᠯ ᠤᠨ ᠪᠠᠶᠢᠭᠤᠯᠤᠯᠲᠠ ᠶᠢ ᠲᠦᠷᠭᠡᠳᠬᠡᠵᠦ᠂ ᠲᠥᠪ | ᠬᠤᠲᠠ ᠶᠢᠨ ᠲᠣᠭᠤᠷᠢᠭ ᠤᠨ ᠬᠤᠭ ᠨᠣᠪᠰᠢ ᠶᠢᠨ ᠲᠥᠷᠥᠯ ᠬᠤᠪᠢᠶᠠᠬᠤ ᠬᠠᠷᠠᠯᠲᠠ ᠶᠢ ᠪᠡᠶᠡᠯᠡᠭᠦᠯᠦᠨ᠎ᠡ᠃ | ᠬᠦᠨᠳᠦ ᠬᠡᠴᠡᠭᠦᠦ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠪᠲᠤᠯᠤᠯᠲᠠ ᠶᠢᠨ ᠳᠠᠶᠢᠯᠠᠯᠳᠤᠭᠠᠨ ᠳᠤ ᠡᠷᠡᠰ ᠢᠯᠠᠯᠲᠠ ᠣᠯᠤᠨ᠎ᠠ᠃ ᠡᠮᠦᠨ᠎ᠡ ᠡᠭᠦᠳᠡ ᠪᠠᠨ | ᠨᠡᠭᠡᠭᠡᠵᠦ᠂ ᠬᠤᠶᠢᠲᠤ ᠡᠭᠦᠳᠡ ᠪᠠᠨ ᠪᠥᠭᠯᠡᠬᠦ ᠶᠢ ᠪᠠᠷᠢᠮᠲᠠᠯᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠢᠵᠠᠭᠠᠷ ᠲᠤᠭ᠎ᠠ᠂ | ᠵᠢᠭᠡᠯᠡᠯᠭᠡ ᠶᠢᠨ ᠲᠡᠮᠳᠡᠭᠲᠦ ᠶᠢᠨ ᠬᠡᠪᠴᠢᠶᠡᠵᠢᠯ ᠢ ᠰᠢᠨ᠎ᠡ ᠪᠠᠷ ᠨᠡᠮᠡᠭᠳᠡᠭᠦᠯᠬᠦ ᠪᠠᠷ ᠢᠳᠡᠪᠬᠢᠯᠡᠨ ᠴᠢᠷᠮᠠᠶᠢᠵᠤ᠂ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠡᠬᠢ | ᠪᠠᠶᠠᠯᠢᠭ ᠢ ᠢᠯᠭᠠᠷᠠᠭᠤᠯᠤᠨ ᠬᠦᠭᠵᠢᠭᠡᠵᠦ᠂ ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠶᠢᠨ ᠲᠦᠷᠦᠯ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ | ᠡᠩ ᠤᠨ ᠴᠢᠨᠠᠷᠲᠠᠶ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ ᠥᠷᠢ ᠥᠭᠴᠡᠭᠡ ᠶᠢᠨ ᠨᠡᠮᠡᠭᠳᠡᠬᠦ ᠶᠢ ᠡᠷᠡᠰ ᠬᠤᠷᠢᠭᠯᠠᠵᠤ᠂ ᠵᠠᠰᠠᠭ ᠤᠨ ᠣᠷᠳᠣᠨ ᠤ ᠳᠠᠯᠳᠠ | ᠴᠢᠨᠠᠷᠲᠠᠢ ᠥᠷᠢ ᠥᠭᠴᠡᠭᠡ ᠶᠢ ᠠᠷᠢᠯᠭᠠᠬᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠳᠤ ᠦᠷᠢᠲᠤᠵᠦ ᠪᠠᠶᠢᠭ᠎ᠠ | ᠳᠠᠩᠰᠠᠨ ᠤ ᠵᠣᠭᠤᠰ ᠢ ᠢᠯᠭᠠᠷᠠᠭᠤᠯᠬᠤ ᠵᠢᠯ ᠤᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠪᠠᠯᠠ ᠲᠤᠬᠢᠷᠠᠭᠤᠯᠬᠤ ᠲᠠᠪᠴᠠᠩ ᠤᠨ ᠺᠣᠮᠫᠠᠨᠢ ᠶᠢᠨ ᠵᠠᠬ᠎ᠠ | ᠳᠡᠯᠭᠡᠭᠦᠷᠴᠢᠯᠡᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠵᠠᠰᠠᠭ ᠤᠨ ᠣᠷᠳᠣᠨ ᠤ ᠪᠠᠯᠠ ᠲᠤᠬᠢᠷᠠᠭᠤᠯᠬᠤ ᠡᠭᠦᠷᠭᠡ ᠴᠢᠳᠠᠮᠵᠢ ᠶᠢ ᠰᠠᠯᠭᠠᠨ᠎ᠠ᠃ | ᠬᠠᠤᠯᠢ ᠳᠦᠷᠢᠮ ᠠᠴᠠ ᠵᠥᠷᠢᠴᠡᠭᠰᠡᠨ ᠮᠥᠩᠭᠦᠨ ᠭᠦᠶᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠤᠨ ᠳᠤᠮᠳᠠᠬᠢ ᠥᠨᠳᠥᠷ ᠬᠦᠤ ᠲᠠᠢ | ᠵᠢᠭᠡᠯᠡᠯᠭᠡ ᠶᠢ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠰᠢᠰᠲ᠋ᠧᠮ ᠤᠨ ᠴᠢᠨᠠᠷᠲᠠᠶ ᠮᠥᠩᠭᠦᠨ ᠭᠦᠶᠯᠭᠡᠭᠡᠨ ᠤ ᠲᠦᠭᠰᠢᠭᠦᠷᠢ ᠦᠯᠦ ᠭᠠᠷᠭᠠᠬᠤ | ᠳᠤᠤᠷᠠᠲᠤ ᠱᠤᠭᠤᠮ ᠢ ᠪᠠᠲᠤ ᠰᠠᠬᠢᠨ᠎ᠠ᠃ | ︵ᠬᠤᠶᠠᠷ︶ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠬᠦᠴᠦ ᠪᠠᠨ ᠲᠥᠪᠯᠡᠷᠡᠭᠦᠯᠦᠨ ᠪᠠᠬᠢᠵᠢᠭᠦᠯᠵᠦ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ | ᠲᠣᠭᠲᠠᠯ ᠬᠦᠴᠦᠨ ᠢᠶᠠᠨ ᠪᠠᠲᠤᠯᠠᠵᠤ᠂ ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠡᠨᠡ ᠬᠦ ᠨᠣᠮᠢᠨ ᠨᠤᠭᠤᠭᠠᠨ ᠨᠤᠲᠤᠭ᠂ ᠬᠦᠬᠡ ᠴᠡᠩᠭᠡᠷ ᠤᠭᠲᠠᠷᠭᠤᠢ᠂ | ᠠᠷᠢᠭᠤᠨ ᠲᠤᠩᠭᠠᠯᠠᠭ ᠠᠭᠠᠷ ᠢᠶᠠᠨ ᠡᠷᠡᠰ ᠬᠠᠮᠠᠭᠠᠯᠠᠨ᠎ᠠ᠃ | ᠬᠥᠯᠥᠨ ᠨᠠᠭᠤᠷ ᠤᠨ ᠠᠮᠢ ᠠᠬᠤᠢ ᠶᠢᠨ ᠶᠡᠷᠦᠩᠬᠡᠶᠢᠯᠡᠨ ᠵᠠᠰᠠᠯᠲᠠ ᠶᠢ ᠪᠦᠬᠦ ᠬᠦᠴᠦᠨ ᠢᠶᠠᠷ ᠰᠠᠶᠢᠲᠤᠷ ᠠᠳᠬᠤᠨ᠎ᠠ᠃ ᠶᠡᠷᠦᠩᠬᠡᠶ ᠱᠦᠵᠢ ᠶᠢᠨ ᠴᠢᠬᠤᠯᠠ | ᠵᠢᠭᠠᠪᠤᠷᠢ ᠪᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠯᠥᠨ ᠨᠠᠭᠤᠷ ᠤᠨ ᠠᠮᠢ ᠠᠬᠤᠶ ᠶᠢ ᠶᠡᠷᠦᠩᠬᠡᠶᠢᠯᠡᠨ | ᠵᠠᠰᠠᠬᠤ ᠶᠢᠨ ᠬᠦᠴᠢᠷ ᠪᠡᠷᠬᠡ ᠴᠢᠨᠠᠷ ᠨᠠᠷᠢᠨ ᠪᠤᠳᠤᠯᠢᠶᠠᠨᠲᠤ ᠴᠢᠨᠠᠷ ᠪᠠ ᠣᠷᠳᠣ ᠬᠤᠭᠤᠴᠠᠭᠠᠲᠤ ᠴᠢᠨᠠᠷ ᠢ ᠭᠦᠨᠵᠡᠭᠡᠶ ᠲᠠᠨᠢᠵᠤ᠂ ︽ᠤᠰᠤᠨ ᠤ ᠬᠡᠮᠵᠢᠶ᠎ᠡ ᠶᠢ | ᠲᠤᠭᠲᠠᠪᠤᠷᠢᠵᠢᠭᠤᠯᠬᠤ᠂ ᠤᠰᠤᠨ ᠤ ᠴᠢᠨᠠᠷ ᠢ ᠰᠠᠶᠢᠵᠢᠷᠠᠭᠤᠯᠬᠤ᠂ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ︾ ᠭᠤᠤᠯ ᠵᠠᠰᠠᠯᠲᠠ ᠶᠢᠨ ᠬᠠᠷᠠᠯᠲᠠ ᠲᠠᠢ | ᠨᠢᠭᠲᠠ ᠤᠶᠠᠯᠳᠤᠭᠤᠯᠤᠨ᠂ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠬᠤᠶᠠᠳᠤᠭᠠᠷ ᠬᠤᠭᠤᠴᠠᠭᠠᠨ ᠤ | ᠢᠨᠵᠧᠨᠧᠷᠢᠩ ᠤᠨ 13 ᠵᠠᠰᠠᠯᠲᠠ ᠶᠢᠨ ᠲᠥᠷᠥᠯ ᠵᠦᠶᠯ᠂ ᠨᠠᠭᠤᠷ ᠢ ᠲᠣᠭᠤᠷᠢᠭᠰᠠᠨ ᠤᠶᠢᠷ᠎ᠠ ᠲᠣᠭᠤᠷᠢᠨ ᠵᠢᠴᠢ ᠨᠠᠭᠤᠷ ᠲᠤ ᠴᠢᠳᠬᠤᠯᠠᠬᠤ ᠭᠤᠤᠯ ᠤᠨ ᠤᠷᠤᠰᠬᠠᠯ | ᠳᠠᠭᠠᠤ ᠶᠢᠨ ᠠᠮᠢᠳᠤᠷᠠᠯ ᠤᠨ ᠪᠣᠬᠢᠷ ᠤᠰᠤ ᠶᠢ ᠰᠢᠶᠳᠪᠦᠷᠢᠯᠡᠬᠦ ᠭᠤᠤᠯ ᠪᠣᠯᠬᠤ ᠦᠶᠯᠡᠳᠪᠦᠷᠢ ᠶᠢᠨ ᠳᠠᠬᠢᠯᠲᠠ ᠤᠰᠤ ᠶᠢ ᠪᠤᠴᠠᠭᠠᠨ ᠬᠡᠷᠡᠭᠯᠡᠬᠦ 10 ᠲᠥᠷᠥᠯ ᠵᠦᠶᠯ ᠢ | ᠪᠥᠬᠦ ᠲᠠᠯ᠎ᠠ ᠪᠠᠷ ᠪᠡᠶᠡᠯᠡᠭᠦᠯᠵᠦ᠂ ᠵᠣᠬᠢᠶᠠᠮᠠᠯ ᠡᠯᠧᠮᠧᠨ᠋ᠲ ᠤᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃ ᠬᠠᠮᠢᠶᠠᠷᠤᠯᠲᠠ ᠬᠠᠮᠠᠭᠠᠯᠠᠯᠲᠠ ᠶᠢᠨ | ᠬᠠᠤᠯᠢ ᠬᠡᠷᠡᠭᠵᠢᠭᠦᠯᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠡᠪᠳᠡᠭᠰᠡᠨ ᠠᠵᠢᠯᠯᠠᠭ᠎ᠠ ᠳᠤ ᠬᠦᠨᠳᠦ ᠴᠤᠬᠢᠯᠲᠠ ᠦᠭᠭᠦᠨ᠎ᠡ᠃ | ᠬᠥᠯᠥᠨ ᠨᠠᠭᠤᠷ ᠤᠨ ᠤᠰᠤᠨ ᠤ ᠴᠢᠨᠠᠷ ᠪᠦᠲᠦᠭᠰᠡᠨ ᠰᠢᠯᠲᠠᠭᠠᠨ ᠵᠢᠴᠢ ᠰᠠᠪᠠ ᠭᠠᠵᠠᠷ ᠤᠨ ᠰᠢᠰᠲ᠋ᠧᠮ ᠤᠨ ᠳᠤᠲᠤᠭᠠᠳᠤ ᠬᠤᠯᠪᠣᠭ᠎ᠠ ᠵᠡᠷᠭᠡ ᠭᠤᠤᠯ ᠠᠰᠠᠭᠤᠳᠠᠯ ᠢ | ᠭᠦᠨᠵᠡᠭᠡᠶ ᠰᠤᠳᠤᠯᠵᠤ᠂ ᠬᠥᠯᠥᠨ ᠨᠠᠭᠤᠷ ᠤᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ | ᠠᠮᠢ ᠠᠬᠤᠶ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠎ᠡ᠃ ᠠᠭᠤᠯᠠ ᠤᠰᠤ ᠣᠢ ᠰᠢᠭᠤᠶ ᠲᠠᠷᠢᠶᠠᠨ ᠭᠠᠵᠠᠷ ᠨᠠᠭᠤᠷ ᠴᠦᠭᠦᠷᠦᠮ | ᠲᠠᠯ᠎ᠠ ᠨᠤᠲᠤᠭ ᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠯᠡᠵᠦ᠂ ᠬᠥᠯᠥᠨ ᠪᠤᠶᠢᠷ ᠤᠨ ᠲᠠᠯ᠎ᠠ ᠨᠤᠲᠤᠭ᠂ ᠶᠡᠭᠡ ᠬᠢᠩᠭᠠᠨ ᠳᠠᠪᠠᠭᠠᠨ ᠤ ᠣᠢ ᠰᠢᠭᠤᠶ᠂ | ᠭᠤᠤᠯ ᠨᠠᠭᠤᠷ ᠤᠨ ᠤᠰᠤᠨ ᠰᠢᠰᠲ᠋ᠧᠮ ᠪᠠ ᠬᠠᠷ᠎ᠠ ᠬᠦᠷᠦᠰᠦ ᠶᠢ ᠬᠠᠮᠠᠭᠠᠯᠠᠨ ᠵᠠᠰᠠᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠦᠨ᠎ᠡ᠃ ᠲᠠᠯ᠎ᠠ ᠨᠤᠲᠤᠭ ᠤᠨ | ᠠᠮᠢ ᠠᠬᠤᠶ ᠶᠢ ᠰᠡᠷᠭᠦᠭᠡᠬᠦ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠲᠦᠷᠭᠡᠳᠭᠡᠵᠦ᠂ ᠪᠡᠯᠴᠢᠭᠡᠷᠯᠡᠭᠦᠯᠬᠦ ᠶᠢ ᠵᠤᠭᠰᠤᠭᠠᠬᠤ ᠰᠡᠯᠭᠦᠨ ᠮᠠᠯᠵᠢᠬᠤ ᠡᠭᠡᠯᠵᠢᠯᠡᠨ | ᠮᠠᠯᠵᠢᠬᠤ᠂ ᠪᠡᠯᠴᠢᠭᠡᠷᠯᠡᠬᠦ ᠶᠢ ᠵᠤᠭᠰᠤᠭᠠᠨ ᠡᠪᠡᠰᠦ ᠪᠡᠯᠴᠢᠭᠡᠷ ᠰᠡᠷᠭᠦᠭᠡᠬᠦ᠂ ᠲᠠᠯ᠎ᠠ ᠨᠤᠲᠤᠭ ᠤᠨ ᠠᠮᠢ ᠠᠬᠤᠶ ᠶᠢ ᠨᠦᠬᠦᠪᠦᠷᠢᠯᠡᠵᠦ ᠱᠠᠩᠨᠠᠬᠤ ᠵᠡᠷᠭᠡ ᠲᠥᠷᠥ ᠶᠢᠨ | ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠶᠢ ᠠᠬᠢᠭᠤᠯᠵᠤ᠂ ᠲᠠᠯ᠎ᠠ ᠨᠤᠲᠤᠭ ᠤᠨ ᠠᠮᠢ ᠠᠬᠤᠢ ᠦᠷᠬᠦᠯᠵᠢᠯᠡᠨ | ᠰᠠᠶᠢᠵᠢᠷᠠᠬᠤ ᠶᠢ ᠠᠬᠢᠭᠤᠯᠤᠨ᠎ᠠ᠃ ᠰᠢᠨᠵᠢᠯᠡᠬᠦ ᠤᠬᠠᠭᠠᠨᠴᠢ ᠪᠠᠷ ᠣᠶᠢᠵᠢᠭᠤᠯᠬᠤ ᠶᠢ ᠪᠠᠷᠢᠮᠲᠠᠯᠠᠵᠤ᠂ ᠪᠠᠶᠢᠭᠠᠯᠢ ᠶᠢᠨ ᠤᠢ ᠶᠢ ᠬᠠᠮᠠᠭᠠᠯᠠᠬᠤ᠂ ᠣᠢ ᠰᠢᠭᠤᠢ ᠶᠢᠨ ᠠᠮᠢ | ᠠᠬᠤᠢ ᠶᠢᠨ ᠦᠷ᠎ᠡ ᠠᠰᠢᠭ ᠢ ᠨᠥᠬᠦᠪᠥᠷᠢᠯᠡᠬᠦ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠶᠡᠭᠡ ᠬᠢᠩᠭᠠᠨ | ᠳᠠᠪᠠᠭ᠎ᠠ ᠵᠢᠴᠢ ᠤᠶᠢᠷ᠎ᠠ ᠲᠣᠭᠤᠷᠢᠨ ᠤ ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠲᠤᠷᠰᠢᠯᠲᠠ ᠶᠢᠨ ᠴᠡᠭ ᠢ 20 ᠲᠦᠮᠡᠨ ᠮᠦ | ᠪᠡᠶᠡᠯᠡᠭᠦᠯᠦᠨ᠎ᠡ᠃ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠮᠢ ᠠᠬᠤᠶ ᠶᠢ ᠰᠡᠷᠭᠦᠭᠡᠬᠦ ᠲᠥᠷᠥᠯ ᠵᠦᠶᠯ ᠢ | ᠦᠷᠭᠦᠯᠵᠢᠯᠡᠨ ᠴᠢᠷᠮᠠᠶᠢᠨ ᠣᠯᠵᠤ᠂ ᠲᠡᠵᠢᠭᠡᠯ ᠡᠪᠡᠰᠦᠨ ᠤ ᠮᠠᠯ ᠠᠵᠤ ᠠᠬᠤᠢ ᠶᠢᠨ ᠲᠤᠷᠰᠢᠯᠲᠠ ᠶᠢᠨ ᠴᠡᠭ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ᠭᠤᠤᠯ ᠨᠠᠭᠤᠷ ᠤᠨ ᠳᠠᠷᠤᠭ᠎ᠠ ᠠᠴᠠ ᠭᠤᠤᠯ ᠨᠠᠭᠤᠷ ᠤᠨ ᠲᠤᠭᠤᠷᠢᠨ ᠪᠠᠶᠢᠴᠠᠭᠠᠯᠲᠠ ᠶᠢᠨ ᠪᠠᠶᠢᠩᠭᠤ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠨ᠎ᠠ᠃ ᠰᠢᠨ᠎ᠡ ᠪᠠᠷᠭᠤ ᠶᠢᠨ ᠵᠡᠭᠡᠷ᠎ᠡ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠳᠦᠷᠢᠮ ᠢ ᠵᠦᠷᠢᠴᠡᠨ | ᠪᠠᠶᠢᠭᠤᠯᠤᠭᠰᠠᠨ ᠬᠡᠭᠡᠨᠴᠢᠷ ᠤᠷᠤᠨ ᠰᠠᠭᠤᠴᠠ ᠶᠢᠨ ᠠᠰᠠᠭᠤᠳᠠᠯ ᠢ ᠴᠡᠪᠡᠷᠯᠡᠨ ᠴᠡᠭᠴᠡᠯᠡᠬᠦ ᠶᠢ ᠪᠦᠬᠦ ᠬᠦᠴᠦᠨ ᠢᠶᠠᠷ ᠰᠠᠶᠢᠲᠤᠷ ᠠᠳᠬᠤᠨ᠎ᠠ᠃ ᠪᠣᠬᠢᠷᠲᠤᠯ ᠦᠭᠡᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ | ᠠᠮᠢ ᠠᠬᠤᠶ ᠶᠢᠨ ᠪᠣᠯᠪᠠᠰᠤᠨ ᠤ ᠲᠦᠷᠢᠮ ᠤᠨ ᠲᠤᠭᠲᠠᠯᠴᠠᠭ᠎ᠠ ᠶᠢ ᠲᠦᠷᠭᠡᠳᠭᠡᠨ ᠪᠦᠷᠢᠨᠰᠢᠭᠦᠯᠦᠨ᠎ᠡ᠃ ᠬᠥᠯᠥᠨ ᠪᠤᠶᠢᠷ ᠤᠨ ᠤᠯᠤᠰ ᠤᠨ ᠳᠡᠰ ᠤᠨ | ᠴᠡᠴᠡᠷᠯᠢᠭ ᠢ ᠪᠠᠶᠢᠭᠤᠯᠬᠤ ᠪᠠᠷ ᠴᠢᠷᠮᠠᠶᠢᠵᠤ᠂ ᠤᠯᠤᠰ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠢᠳᠡᠪᠬᠢᠲᠡᠢ | ᠴᠣᠭᠴᠠᠯᠠᠨ ᠪᠠᠶᠢᠭᠤᠯᠵᠤ᠂ ᠶᠡᠷᠦᠩᠬᠡᠢ ᠲᠦᠯᠦᠪᠵᠢᠭᠦᠯᠭᠡ ᠪᠠ ᠬᠡᠷᠡᠭᠵᠢᠭᠦᠯᠬᠦ ᠲᠥᠰᠦᠯ ᠲᠣᠭᠲᠠᠭᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠬᠥᠯᠥᠨ ᠪᠤᠶᠢᠷ ᠤᠨ ᠦᠯᠢᠭᠡᠷ ᠬᠡᠪ ᠢ ᠪᠦᠲᠦᠭᠡᠨ᠎ᠡ᠃ ︽ᠭᠤᠷᠪᠠᠨ ᠣᠷᠣᠨ ᠵᠠᠢ ᠭᠤᠷᠪᠠᠨ ᠱᠤᠭᠤᠮ︾ ᠢ ᠬᠤᠪᠢᠶᠠᠷᠢᠯᠠᠨ ᠲᠣᠭᠲᠠᠭᠠᠬᠤ ᠶᠢᠨ ᠬᠠᠮᠲᠤ ᠴᠢᠩᠭ᠎ᠠ | ᠰᠠᠬᠢᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠰᠠᠭᠤᠷᠢ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ᠎ᠠ᠃ ᠠᠮᠢ ᠠᠬᠤᠶ ᠶᠢᠨ ᠨᠦᠬᠦᠪᠦᠷᠢᠯᠡᠬᠦ ᠲᠦᠷᠢᠮ ᠢ ᠰᠦᠪᠡᠭᠴᠢᠯᠡᠨ | ᠲᠣᠭᠲᠠᠭᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠥᠷᠥᠩᠭᠡ ᠶᠢᠨ ᠥᠷᠢ ᠶᠢᠨ ᠬᠦᠰᠦᠨᠦᠭᠲᠦ ᠶᠢᠨ ᠲᠤᠷᠰᠢᠯᠲᠠ ᠶᠢᠨ ᠴᠡᠭ ᠪᠠ ᠤᠳᠤᠷᠢᠳᠬᠤ ᠺᠠᠳ᠋ᠷ ᠲᠤ | ᠪᠠᠶᠢᠭᠠᠯᠢ ᠶᠢᠨ ᠡᠬᠢ ᠪᠠᠶᠠᠯᠢᠭ ᠤᠨ ᠬᠥᠷᠥᠩᠭᠡ ᠶᠢᠨ ᠬᠢᠨᠠᠨ ᠪᠤᠳᠤᠯᠲᠠ ᠬᠢᠬᠦ ᠶᠢ ᠬᠢᠨᠠᠮᠠᠭᠠᠶ ᠥᠷᠨᠢᠭᠦᠯᠵᠦ᠂ ᠲᠦᠷᠢᠮ ᠢᠶᠠᠷ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠲᠤ ᠰᠠᠬᠢᠨ᠎ᠠ᠃ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠪᠡᠶᠡᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠡᠷᠴᠢᠮ ᠢ | ᠦᠷᠭᠦᠯᠵᠢᠯᠡᠨ ᠴᠢᠩᠭᠠᠷᠠᠭᠤᠯᠤᠨ᠎ᠠ᠃ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠢ ᠰᠠᠨᠠᠭᠠᠴᠢᠯᠠᠵᠤ᠂ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠭᠤᠷ ᠠᠮᠢᠰᠬᠤᠯ ᠢ ᠭᠦᠨ ᠵᠤᠵᠠᠭᠠᠨ ᠪᠤᠯᠭᠠᠨ᠎ᠠ᠃ ᠳᠤᠮᠳᠠᠳᠤ ᠤᠯᠤᠰ ᠤᠨ ᠤᠯᠠᠨ ᠤᠯᠤᠰ ᠤᠨ ᠠᠮᠢ ᠠᠬᠤᠶ ᠶᠢᠨ | ᠦᠷᠢᠰᠦᠯᠳᠦᠭᠡᠨ ᠤ ᠲᠦᠷᠦᠭᠦᠴᠦᠳ ᠤᠨ ᠬᠤᠷᠠᠯ ᠢ ᠢᠳᠡᠪᠬᠢᠲᠡᠶ ᠪᠠᠷ ᠭᠤᠶᠤᠴᠢᠯᠠᠨ ᠡᠷᠬᠢᠯᠡᠨ᠎ᠡ᠃ | ︵ᠭᠤᠷᠪᠠ︶ ᠪᠦᠲᠦᠮᠵᠢᠲᠡᠶ ᠪᠡᠯᠡ ᠤᠷᠤᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠦᠴᠦᠨ ᠢᠶᠠᠨ ᠲᠥᠪᠯᠡᠷᠡᠭᠦᠯᠦᠨ ᠥᠷᠭᠡᠳᠬᠡᠵᠦ᠂ ᠭᠤᠤᠯᠳᠠᠯᠭ᠎ᠠ ᠲᠠᠢ | ᠲᠥᠷᠥᠯ ᠵᠦᠶᠯ ᠤᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠨ᠎ᠠ᠃ ︽ᠲᠥᠷᠥᠯ ᠵᠦᠶᠯ ᠤᠨ ᠪᠠᠶᠢᠭᠤᠯᠤᠯᠲᠠ ᠶᠢᠨ ᠠᠬᠢᠭᠤᠯᠬᠤ ᠣᠨ︾ ᠤ ᠦᠷ᠎ᠡ | ᠪᠦᠲᠦᠭᠡᠯ ᠢ ᠪᠠᠬᠢᠵᠢᠭᠦᠯᠵᠦ᠂ ᠴᠠᠭ ᠮᠦᠴᠡ ᠶᠢ ᠠᠮᠵᠢᠨ᠂ ᠲᠥᠷᠥᠯ ᠵᠦᠶᠯ ᠤᠨ ᠪᠠᠶᠢᠭᠤᠯᠤᠯᠲᠠ ᠶᠢᠨ ᠡᠷᠴᠢᠮ ᠪᠣᠯᠤᠨ ᠪᠡᠯᠡ ᠤᠷᠤᠭᠤᠯᠤᠯᠲᠠ ᠶᠢᠨ ᠬᠦᠴᠦᠯᠡᠴᠡ ᠶᠢ | ᠪᠠᠲᠤᠯᠠᠵᠤ᠂ ᠬᠤᠲᠠ ᠶᠢᠨ ᠱᠠᠲᠤᠨ ᠤ ᠭᠤᠤᠯᠳᠠᠯᠭ᠎ᠠ ᠲᠠᠢ ᠲᠥᠷᠥᠯ ᠵᠦᠶᠯ ᠢ 229 ᠬᠡᠷᠡᠭᠵᠢᠭᠦᠯᠵᠦ᠂ ᠶᠡᠷᠦᠩᠬᠡᠶ ᠪᠡᠯᠡ ᠤᠷᠤᠭᠤᠯᠤᠯᠲᠠ 991 ᠳ᠋ᠦᠩᠰᠢᠭᠤᠷ | ᠲᠥᠭᠦᠷᠢᠭ ᠪᠠᠶᠢᠵᠤ᠂ ᠵᠢᠯ ᠳᠤ 313 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠴᠢᠨᠠᠷ ᠰᠠᠶᠢᠲᠠᠶ ᠲᠥᠷᠥᠯ ᠵᠦᠶᠯ ᠢᠶᠠᠷ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ᠭᠤᠣᠯᠳᠠᠯᠭ᠎ᠠ ᠲᠠᠢ ᠲᠥᠷᠥᠯ ᠵᠦᠢᠯ ᠤᠨ ᠠᠬᠢᠭᠤᠯᠤᠯᠲᠠ ᠶᠢ ᠲᠦᠷᠭᠡᠳᠭᠡᠨ᠎ᠡ᠃ ᠲᠥᠷᠥᠯ ᠵᠦᠶᠯ ᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ | ᠪᠦᠷᠢᠨᠰᠢᠭᠦᠯᠵᠦ᠂ ︽ᠲᠥᠷᠥᠯ ᠵᠦᠶᠯ ᠤᠨ ᠪᠠᠶᠢᠭᠤᠯᠤᠯᠲᠠ ᠶᠢᠨ ᠠᠬᠢᠭᠤᠯᠬᠤ ᠣᠨ︾ ᠤ ᠲᠤᠷᠰᠢᠯᠭ᠎ᠠ ᠶᠢ ᠬᠢᠨᠠᠮᠠᠭᠠᠶ ᠳ᠋ᠦᠩᠨᠡᠨ᠂ ᠤᠳᠤᠷᠢᠳᠤᠯᠭ᠎ᠠ ᠳᠠᠭᠠᠭᠠᠴᠢᠯᠠᠨ | ᠬᠠᠷᠢᠯᠴᠠᠬᠤ᠂ ᠲᠤᠰᠬᠠᠢ ᠬᠦᠮᠦᠨ ᠲᠤᠰᠬᠠᠢ ᠠᠩᠭᠢ᠂ ᠵᠢᠷᠤᠭ ᠡᠯᠭᠦᠨ ᠪᠠᠶᠢᠯᠳᠤᠬᠤ᠂ ᠨᠢᠭᠡᠳᠦᠯᠲᠡᠢ ᠲᠦᠯᠦᠪᠯᠡᠨ ᠲᠤᠬᠢᠷᠠᠭᠤᠯᠬᠤ᠂ ᠠᠮᠵᠢᠯᠲᠠ ᠪᠦᠲᠦᠮᠵᠢ ᠶᠢ | ᠰᠢᠯᠭᠠᠨ ᠦᠨᠡᠯᠡᠬᠦ ᠵᠡᠷᠭᠡ ᠠᠵᠢᠯ ᠤᠨ ᠲᠣᠭᠲᠠᠴᠠ ᠶᠢ ᠪᠦᠬᠦ ᠲᠠᠯ᠎ᠠ ᠪᠠᠷ ᠠᠬᠢᠭᠤᠯᠤᠨ᠂ ᠲᠥᠷᠥᠯ ᠵᠦᠶᠯ ᠤᠨ ᠬᠠᠷᠢᠭᠤᠴᠠᠯᠭ᠎ᠠ ᠶᠢ ᠲᠠᠭᠰᠢᠷᠠᠭᠤᠯᠵᠤ᠂ ᠲᠤᠬᠢᠷᠠᠭᠤᠯᠤᠨ | ᠱᠠᠭᠠᠷᠳᠠᠨ ᠵᠢᠯᠣᠭᠤᠳᠬᠤ ᠪᠠᠨ ᠴᠢᠩᠳᠠᠯᠠᠨ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠶᠢ ᠴᠢᠩᠭᠠᠷᠠᠭᠤᠯᠵᠤ᠂ ᠲᠥᠷᠥᠯ ᠵᠦᠶᠯ ᠢ ᠠᠬᠢᠭᠤᠯᠬᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠲᠥᠷᠥᠯ ᠵᠦᠶᠯ ᠢ ᠲᠦᠷᠭᠡᠳᠬᠡᠨ ᠪᠣᠳᠠᠲᠠᠶᠢᠵᠢᠭᠤᠯᠬᠤ᠂ ᠲᠦᠷᠭᠡᠳᠬᠡᠨ ᠠᠬᠢᠭᠤᠯᠬᠤ ᠶᠢ ᠦᠨᠡᠨᠬᠦ ᠪᠠᠲᠤᠯᠠᠵᠤ᠂ ᠪᠣᠳᠠᠲᠤ ᠪᠡᠯᠡ | ᠣᠷᠣᠭᠤᠯᠤᠯᠲᠠ ᠶᠢᠨ ᠬᠡᠮᠵᠢᠶ᠎ᠡ ᠪᠦᠷᠢᠯᠳᠦᠭᠦᠯᠬᠦ ᠶᠢ ᠠᠬᠢᠭᠤᠯᠤᠨ᠂ ᠪᠡᠯᠡ ᠣᠷᠣᠭᠤᠯᠤᠯᠲᠠ ᠶᠢᠨ ᠨᠡᠮᠡᠭᠳᠡᠯ ᠢᠶᠠᠷ ᠠᠵᠤ ᠠᠬᠤᠢ ᠶᠢᠨ ᠲᠤᠭᠲᠠᠭᠤᠨ ᠪᠠᠶᠢᠬᠤ ᠶᠢ | ᠠᠬᠢᠭᠤᠯᠤᠨ᠎ᠠ᠃ | ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠦᠢᠯᠡᠴᠢᠯᠡᠭᠡ ᠶᠢ ᠬᠦᠴᠦᠲᠡᠢ ᠠᠳᠬᠤᠨ᠎ᠠ᠃ ᠤᠯᠤᠰ ᠠᠴᠠ ᠣᠷᠣᠨ ᠨᠤᠲᠤᠭ ᠤᠨ ᠵᠠᠰᠠᠭ ᠤᠨ ᠣᠷᠳᠣᠨ ᠤ | ᠵᠢᠭᠡᠯᠡᠯᠭᠡ ᠶᠢᠨ ᠲᠡᠮᠳᠡᠭᠲᠦ ᠶᠢᠨ ᠬᠡᠪᠴᠢᠶᠡᠵᠢᠯ ᠢ ᠥᠷᠭᠡᠳᠬᠡᠬᠦ ᠲᠣᠬᠢᠶᠠᠯ ᠢ ᠵᠠᠪᠳᠤᠨ᠂ ᠰᠢᠨ᠎ᠡ ᠪᠠᠷ ᠨᠡᠮᠡᠭᠳᠡᠬᠦ ᠵᠢᠭᠡᠯᠡᠯᠭᠡ ᠶᠢᠨ ᠲᠡᠮᠳᠡᠭᠲᠦ ᠶᠢ ᠢᠳᠡᠪᠬᠢᠯᠡᠨ ᠣᠯᠵᠤ᠂ | ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠶᠯ ᠤᠨ ᠡᠮᠦᠨᠡᠬᠢ ᠬᠤᠭᠤᠴᠠᠭ᠎ᠠ ᠶᠢ ᠪᠣᠳᠠᠲᠠᠶ ᠰᠠᠶᠢᠲᠤᠷ ᠠᠳᠬᠤᠵᠤ᠂ ᠵᠢᠭᠡᠯᠡᠯᠭᠡ ᠶᠢᠨ ᠲᠡᠮᠳᠡᠭᠲᠦ ᠶᠢ ᠬᠡᠷᠡᠭᠯᠡᠬᠦ ᠦᠷ᠎ᠡ | ᠠᠰᠢᠭ ᠢ ᠳᠡᠭᠡᠭᠰᠢᠯᠡᠭᠦᠯᠦᠨ᠎ᠡ᠃ ᠲᠥᠷᠥᠯ ᠵᠦᠶᠯ ᠢ ᠬᠢᠨᠠᠨ ᠵᠦᠪᠰᠢᠶᠡᠷᠡᠬᠦ ᠰᠢᠪᠲᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠲᠥᠷᠥᠯ ᠵᠦᠶᠯ ᠤᠨ ᠡᠮᠦᠨᠡᠬᠢ | ᠬᠤᠭᠤᠴᠠᠭᠠᠨ ᠤ ᠬᠠᠪᠰᠤᠷᠤᠨ ᠵᠢᠯᠣᠭᠤᠳᠬᠤ ᠪᠦᠯᠬᠦᠮ ᠢ ᠵᠣᠬᠢᠶᠠᠨ ᠪᠠᠶᠢᠭᠤᠯᠵᠤ᠂ ᠭᠠᠵᠠᠷ ᠰᠢᠷᠣᠶ᠂ ᠣᠷᠴᠢᠨ ᠠᠬᠤᠢ ᠶᠢᠨ ᠨᠥᠯᠥᠭᠡᠯᠡᠯ ᠳᠤ ᠦᠨᠡᠯᠡᠯᠲᠡ ᠬᠢᠬᠦ᠂ | ᠴᠢᠳᠠᠮᠵᠢ ᠳᠤ ᠦᠨᠡᠯᠡᠯᠲᠡ ᠬᠢᠬᠦ ᠵᠡᠷᠭᠡ ᠡᠮᠦᠨᠡᠬᠢ ᠬᠤᠭᠤᠴᠠᠭᠠᠨ ᠤ ᠴᠢᠬᠤᠯᠠ ᠨᠥᠬᠦᠴᠡᠯ ᠢ ᠭᠦᠶᠴᠡᠳᠬᠡᠬᠦ ᠶᠢ ᠲᠦᠷᠭᠡᠳᠬᠡᠵᠦ᠂ ︽ᠪᠥᠬᠦ ᠴᠤᠪᠤᠷᠠᠯ︾ ᠤᠨ ︽ | ᠬᠡᠯᠬᠢᠶ᠎ᠡ ᠦᠶᠯᠡᠴᠢᠯᠡᠭᠡ︾ ᠶᠢ ᠬᠠᠩᠭᠠᠵᠤ᠂ ᠬᠤᠲᠠ ᠬᠤᠰᠢᠭᠤ ᠬᠤᠶᠠᠷ ᠱᠠᠲᠤᠨ ᠤ ᠭᠤᠤᠯᠳᠠᠯᠭ᠎ᠠ ᠲᠠᠢ ᠲᠥᠷᠥᠯ ᠵᠦᠶᠯ ᠢ ᠡᠷᠲᠡᠬᠡᠨ ᠠᠵᠢᠯ ᠡᠬᠢᠯᠡᠭᠦᠯᠵᠦ ᠡᠷᠲᠡᠬᠡᠨ | ᠪᠥᠲᠥᠭᠡᠨ ᠪᠠᠶᠢᠭᠤᠯᠬᠤ ᠶᠢ ᠬᠦᠴᠦᠯᠡᠨ ᠠᠬᠢᠭᠤᠯᠤᠨ᠎ᠠ᠃ | ᠲᠥᠷᠥᠯ ᠵᠦᠶᠯ ᠢ ᠣᠷᠣᠭᠤᠯᠤᠨ ᠠᠪᠴᠢᠷᠠᠵᠤ ᠪᠤᠶᠢᠵᠢᠭᠤᠯᠬᠤ ᠶᠢ ᠴᠢᠩᠭᠠᠳᠬᠠᠨ᠎ᠠ᠃ ᠳᠡᠭᠡᠭᠰᠢ ᠪᠠᠨ ᠴᠢᠷᠮᠠᠶᠢᠨ ᠭᠦᠶᠦᠬᠦ ᠡᠷᠴᠢᠮ ᠢᠶᠠᠨ ᠴᠢᠩᠭᠠᠷᠠᠭᠤᠯᠵᠤ᠂ | ᠲᠦᠪ ᠤᠨ ᠲᠦᠰᠦᠪ ᠲᠠᠬᠢ ᠪᠡᠯᠡ ᠤᠷᠤᠭᠤᠯᠬᠤ ᠲᠦᠷᠦᠯ ᠵᠦᠢᠯ ᠢ ᠴᠢᠷᠮᠠᠶᠢᠨ ᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠶᠢ ᠪᠦᠬᠦ ᠬᠦᠴᠦᠨ ᠢᠶᠠᠷ | ᠰᠠᠶᠢᠲᠤᠷ ᠠᠳᠬᠤᠵᠤ᠂ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠡᠯ᠎ᠡ ᠵᠦᠢᠯ ᠤᠨ ᠲᠠᠪᠴᠠᠩ ᠢ ᠰᠠᠶᠢᠲᠤᠷ ᠠᠰᠢᠭᠯᠠᠨ᠂ ᠬᠦᠭᠵᠢᠭᠰᠡᠨ ᠭᠠᠵᠠᠷ ᠤᠷᠤᠨ ᠢ | ᠤᠨᠢᠯᠠᠵᠤ᠂ ᠠᠮᠢ ᠠᠬᠤᠢ ᠲᠠᠷᠢᠶᠠᠯᠠᠩ ᠮᠠᠯ ᠠᠵᠤ ᠠᠬᠤᠢ ᠤᠢ ᠰᠢᠭᠤᠢ ᠶᠢᠨ ᠠᠵᠤ ᠦᠢᠯᠡᠰ᠂ ᠮᠦᠰᠦ ᠴᠠᠰᠦᠨ ᠤ ᠠᠵᠤ ᠦᠢᠯᠡᠰ᠂ ᠲᠤᠮᠤ ᠳ᠋ᠠᠶᠢᠲ᠋ᠠ᠂ ᠨᠢᠰᠭᠡᠯ ᠤᠨ | ᠪᠠᠭᠤᠳᠠᠯ ᠤᠨ ᠲᠤᠭᠤᠷᠢᠨ ᠳᠠᠬᠢ ᠠᠵᠤ ᠦᠢᠯᠡᠰ᠂ ᠠᠮᠢᠳᠤ ᠪᠤᠳᠠᠰ ᠤᠨ ᠰᠢᠨᠵᠢᠯᠡᠭᠡ ᠮᠡᠷᠭᠡᠵᠢᠯ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠳᠤ᠂ ᠠᠵᠤ | ᠦᠢᠯᠡᠰ ᠤᠨ ᠰᠢᠯᠵᠢᠯᠲᠡ ᠶᠢ ᠬᠦᠯᠢᠶᠡᠨ ᠲᠤᠰᠴᠤ᠂ ᠭᠦᠨ ᠬᠠᠮᠲᠤᠷᠠᠯᠴᠠᠭ᠎ᠠ ᠲᠤᠭᠲᠠᠨ᠎ᠠ᠃ ᠵᠦᠪᠳᠡᠯᠴᠡᠵᠦ ᠪᠠᠶᠢᠭ᠎ᠠ ᠲᠦᠷᠦᠯ ᠵᠦᠢᠯ᠂ ᠬᠡᠯᠡᠯᠴᠡᠭᠡᠷ ᠲᠤᠭᠲᠠᠭᠰᠠᠨ | ᠲᠦᠷᠦᠯ ᠵᠦᠢᠯ ᠢ ᠴᠠᠭ ᠲᠤᠬᠠᠢ ᠳᠤᠨᠢ ᠠᠩᠬᠠᠷᠤᠨ ᠳᠠᠭᠠᠵᠤ᠂ ᠲᠦᠷᠦᠯ ᠵᠦᠢᠯ ᠢ ᠡᠷᠲᠡᠬᠡᠨ ᠪᠤᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ | ᠲᠦᠷᠦᠯ ᠵᠦᠢᠯ ᠢ ᠨᠦᠬᠡᠴᠡᠯᠡᠬᠦ ᠶᠢ ᠬᠢᠨᠠᠮᠠᠭᠠᠢ ᠲᠦᠯᠦᠪᠯᠡᠨ᠎ᠡ᠃ ᠤᠯᠤᠰ ᠪᠠ ᠦᠪᠡᠷᠲᠡᠭᠡᠨ ᠵᠠᠰᠠᠬᠤ ᠤᠷᠤᠨ ᠤ ᠪᠡᠯᠡ ᠤᠷᠤᠭᠤᠯᠤᠯᠲᠠ ᠶᠢᠨ ᠲᠦᠷᠦ ᠶᠢᠨ | ᠪᠤᠳᠤᠯᠭ᠎ᠠ ᠶᠢ ᠤᠨᠤᠪᠴᠢᠲᠠᠢ ᠡᠵᠡᠮᠰᠢᠵᠦ᠂ ᠬᠦᠯᠦᠨ ᠪᠤᠶᠢᠷ ᠤᠨ ᠴᠢᠨᠠᠷ ᠰᠠᠶᠢᠲᠠᠢ ᠬᠦᠭᠵᠢᠯᠲᠡ ᠶᠢᠨ ᠪᠤᠳᠠᠲᠤ ᠪᠠᠶᠢᠳᠠᠯ ᠳᠤ ᠰᠠᠭᠤᠷᠢᠯᠠᠵᠤ᠂ ᠬᠦᠨᠵᠡᠭᠡᠢ ᠰᠤᠳᠤᠯᠤᠨ | ᠨᠤᠳᠠᠯᠠᠵᠤ᠂ ︽ᠭᠤᠷᠪᠠᠨ ᠱᠠᠲᠤ ᠭᠤᠷᠪᠠᠨ ᠲᠦᠷᠦᠯ︾ ᠤᠨ ᠲᠦᠷᠦᠯ ᠵᠦᠢᠯ ᠤᠨ ᠬᠦᠮᠦᠷᠭᠡ ᠶᠢ ᠪᠤᠵᠠᠭᠠᠶᠢᠷᠠᠭᠤᠯᠤᠨ ᠪᠤᠳᠠᠲᠠᠶᠢᠵᠢᠭᠤᠯᠤᠨ ᠰᠢᠯᠢᠳᠡᠭᠵᠢᠭᠦᠯᠵᠦ᠂ ︽ | ᠠᠷᠪᠠᠨ ᠳᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢ ᠴᠢᠨᠠᠷ ᠰᠠᠶᠢᠲᠠᠢ ᠨᠠᠶᠢᠷᠠᠭᠤᠯᠤᠨ ᠵᠤᠬᠢᠶᠠᠵᠤ᠂ ᠰᠢᠨ᠎ᠡ ᠬᠦᠭᠵᠢᠯᠲᠡ ᠶᠢᠨ ᠤᠨᠤᠯᠵᠢᠬᠤᠨ ᠪᠠ ᠴᠢᠨᠠᠷ | ᠰᠠᠶᠢᠲᠠᠢ ᠬᠦᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠦᠯᠬᠦ ᠶᠢ ᠦᠨᠡᠨᠬᠦ ᠪᠠᠲᠤᠯᠠᠵᠤ᠂ ᠨᠡᠩ ᠤᠯᠠᠨ ᠴᠢᠬᠤᠯᠠ ᠶᠡᠭᠡ ᠲᠦᠷᠦᠯ ᠵᠦᠢᠯ ᠢ ᠦᠪᠡᠷᠲᠡᠭᠡᠨ ᠵᠠᠰᠠᠬᠤ | ᠤᠷᠤᠨ ᠪᠠ ᠤᠯᠤᠰ ᠤᠨ ᠲᠦᠯᠦᠪᠵᠢᠭᠦᠯᠭᠡ ᠳᠤ ᠤᠷᠤᠭᠤᠯᠬᠤ ᠪᠠᠷ ᠬᠦᠴᠦᠯᠡᠨ ᠴᠢᠷᠮᠠᠶᠢᠵᠤ᠂ ᠰᠠᠶᠢᠨ ᠪᠠ ᠲᠤᠮᠤ ᠲᠦᠷᠦᠯ ᠵᠦᠢᠯ ᠢᠶᠠᠷ ᠮᠠᠨ ᠤ ᠬᠤᠲᠠ ᠶᠢᠨ | ᠢᠷᠡᠭᠡᠳᠦᠢ ᠶᠢᠨ ᠬᠦᠭᠵᠢᠯᠲᠡ ᠶᠢ ᠲᠤᠯᠭᠠᠭᠤᠷᠢᠯᠠᠭᠤᠯᠤᠨ᠎ᠠ᠃ | ︵ᠳᠦᠷᠪᠡ︶ ᠴᠢᠨᠠᠷ ᠰᠠᠶᠢᠲᠠᠢ ᠬᠦᠭᠵᠢᠯᠲᠡ ᠶᠢ ᠬᠦᠴᠦᠨ ᠢᠶᠠᠨ ᠲᠦᠪᠯᠡᠷᠡᠭᠦᠯᠦᠨ ᠠᠬᠢᠭᠤᠯᠵᠤ᠂ ᠰᠢᠨ᠎ᠡ ᠬᠠᠭᠤᠴᠢᠨ ᠬᠦᠳᠡᠯᠭᠡᠬᠦ ᠡᠨᠧᠷᠭᠢ ᠶᠢᠨ | ᠰᠢᠯᠵᠢᠯᠲᠡ ᠶᠢᠨ ᠠᠬᠢᠴᠠ ᠶᠢ ᠲᠦᠷᠭᠡᠳᠭᠡᠨ᠎ᠡ᠃ ᠠᠮᠢ ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠶᠢᠴᠢᠯᠠᠬᠤ ᠶᠢ ᠪᠠᠷᠢᠮᠲᠠᠯᠠᠵᠤ᠂ ᠪᠤᠬᠢᠷᠲᠤᠯ | ᠦᠭᠡᠢ ᠬᠦᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠰᠡᠨ ᠤᠳᠤᠬᠢᠴᠢᠯᠠᠭᠰᠠᠨ ᠠᠵᠤ ᠠᠬᠤᠢ ᠶᠢᠨ ᠲᠤᠭᠲᠠᠯᠴᠠᠭ᠎ᠠ ᠶᠢ ᠪᠦᠬᠦ ᠬᠦᠴᠦᠨ ᠢᠶᠠᠷ ᠴᠤᠭᠴᠠᠯᠠᠨ | ᠪᠠᠶᠢᠭᠤᠯᠤᠨ᠎ᠠ᠃ | ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠲᠦᠷᠭᠡᠳᠭᠡᠨ᠎ᠡ᠃ ᠠᠵᠤ ᠦᠢᠯᠡᠰ ᠤᠨ ᠬᠡᠯᠬᠢᠶ᠎ᠡ ᠶᠢ ᠳᠣᠣᠷᠠᠳᠤ ᠤᠷᠤᠰᠬᠠᠯ | ᠲᠡᠰᠢ ᠤᠷᠲᠤᠳᠬᠠᠬᠤ᠂ ᠥᠷᠲᠡᠭ ᠤᠨ ᠬᠡᠯᠬᠢᠶ᠎ᠡ ᠶᠢ ᠳᠤᠮᠳᠠ ᠦᠨᠳᠦᠷ ᠵᠡᠷᠭᠡᠯᠡᠯ ᠲᠡᠰᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠠᠬᠢᠭᠤᠯᠵᠤ᠂ ᠪᠦᠲᠦᠭᠡᠭᠳᠡᠬᠦᠨ ᠤ | ᠥᠷᠢᠰᠦᠯᠳᠦᠬᠦ ᠬᠦᠴᠦᠨ ᠪᠣᠯᠤᠨ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ ᠤᠯᠠᠮᠵᠢᠯᠠᠯᠲᠤ ᠡᠬᠢ ᠪᠠᠶᠠᠯᠢᠭ ᠤᠨ ᠠᠵᠤ ᠦᠢᠯᠡᠰ ᠤᠨ ᠮᠡᠷᠭᠡᠵᠢᠯ ᠤᠨ ᠦᠭᠡᠷᠡᠴᠢᠯᠡᠨ | ᠰᠢᠨᠡᠳᠭᠡᠯᠲᠡ ᠶᠢ ᠠᠬᠢᠭᠤᠯᠵᠤ᠂ ᠰᠢᠵᠢᠷ ᠠᠯᠳᠠ ᠪᠦᠯᠦᠭᠯᠡᠯ ᠤᠨ ᠵᠡᠰ ᠮᠤᠯᠢᠪᠳᠧᠨ ᠤ ᠠᠭᠤᠷᠬᠠᠢ ᠶᠢᠨ ᠭᠦᠨ ᠬᠡᠰᠡᠭ ᠤᠨ ᠡᠬᠢ ᠪᠠᠶᠠᠯᠢᠭ ᠢ ᠰᠢᠯᠢᠳᠡᠭᠵᠢᠭᠦᠯᠬᠦ᠂ ᠷᠦᠩ | ᠳ᠋ᠠ ᠠᠭᠤᠷᠬᠠᠢ ᠶᠢᠨ ᠦᠢᠯᠡᠰ ᠤᠨ ᠭᠦᠨ ᠬᠡᠰᠡᠭ ᠤᠨ ᠡᠬᠢ ᠪᠠᠶᠠᠯᠢᠭ ᠢ ᠵᠠᠯᠭᠠᠨ ᠠᠪᠴᠤ ᠮᠡᠷᠭᠡᠵᠢᠯ ᠤᠨ ᠥᠭᠡᠷᠡᠴᠢᠯᠡᠯᠲᠡ ᠬᠢᠬᠦ᠂ ᠭᠦᠸᠧ ᠰᠧᠨ ᠠᠭᠤᠷᠬᠠᠢ ᠶᠢᠨ | ᠦᠢᠯᠡᠰ ᠤᠨ ᠢᠰᠦᠯᠳᠦᠬᠦ ᠠᠭᠤᠷᠬᠠᠢ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠬᠡᠯᠬᠢᠶ᠎ᠡ ᠶᠢ ᠤᠷᠲᠤᠳᠬᠠᠬᠤ᠂ ᠶᠠᠰᠤ ᠴᠢᠨᠠᠷ ᠢ ᠳᠡᠭᠡᠭᠰᠢᠯᠡᠭᠦᠯᠬᠦ ᠦᠷ᠎ᠡ ᠠᠰᠢᠭ ᠢ | ᠨᠡᠮᠡᠭᠳᠡᠭᠦᠯᠬᠦ ᠶᠢ ᠲᠦᠷᠭᠡᠳᠬᠡᠨ᠎ᠡ᠃ ᠣᠳᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠵᠠᠯᠠᠨ ᠠᠶᠢᠯ᠂ ᠶᠠᠭᠰᠢ ᠵᠡᠷᠭᠡ ᠢᠯᠴᠢ | ᠴᠠᠬᠢᠯᠭᠠᠨ ᠤ ᠬᠤᠯᠪᠣᠭᠠᠯᠠᠨ ᠦᠶᠯᠡᠳᠪᠦᠷᠢᠯᠡᠬᠦ ᠲᠥᠷᠥᠯ ᠵᠦᠶᠯ ᠢ ᠲᠦᠷᠭᠡᠳᠬᠡᠨ ᠠᠬᠢᠭᠤᠯᠵᠤ᠂ ᠨᠡᠭᠦᠷᠡᠰᠦᠨ ᠤ ᠠᠵᠤ ᠦᠶᠯᠡᠰ ᠤᠨ ᠮᠡᠷᠭᠡᠵᠢᠯ ᠤᠨ ᠪᠣᠭᠤᠮᠲᠠ | ᠰᠢᠪᠲᠤᠯᠬᠤ ᠪᠠ ᠴᠡᠪᠡᠷᠰᠢᠭᠦᠯᠵᠦ ᠦᠭᠡᠷᠡᠴᠢᠯᠡᠨ ᠰᠢᠨᠡᠳᠭᠡᠬᠦ ᠶᠢ ᠬᠡᠷᠡᠭᠵᠢᠭᠦᠯᠦᠨ᠎ᠡ᠃ ᠵᠠᠳᠠᠭᠠᠢ ᠠᠭᠤᠷᠬᠠᠢ ᠶᠢ ᠶᠡᠷᠦᠩᠬᠡᠶᠢᠯᠡᠨ ᠵᠠᠰᠠᠬᠤ ᠶᠢ ᠰᠠᠶᠢᠲᠤᠷ ᠠᠳᠬᠤᠵᠤ᠂ | ᠠᠭᠤᠷᠬᠠᠢ ᠶᠢᠨ ᠦᠢᠯᠡᠰ ᠤᠨ ᠠᠵᠤ ᠠᠬᠤᠢ ᠶᠢᠨ ᠪᠣᠬᠢᠷᠲᠤᠯ ᠦᠭᠡᠢ ᠬᠦᠭᠵᠢᠬᠦ ᠶᠢ ᠠᠬᠢᠭᠤᠯᠤᠨ᠎ᠠ᠃ | ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ ᠬᠤᠷᠳᠤᠴᠠ ᠶᠢ ᠲᠦᠷᠭᠡᠳᠭᠡᠨ ᠴᠢᠨᠠᠷ ᠢ ᠨᠢ ᠳᠡᠭᠡᠭᠰᠢᠯᠡᠭᠦᠯᠬᠦ ᠶᠢ ᠲᠦᠷᠭᠡᠳᠬᠡᠨ᠎ᠡ᠃ ᠲᠤᠮᠤ ᠳ᠋ᠠᠶᠢᠲ᠋ᠠ᠂ | ᠰᠢᠨ᠎ᠡ ᠡᠨᠧᠷᠭᠢ ᠶᠢᠨ ᠰᠤᠷᠪᠤᠯᠵᠢ᠂ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ᠂ ᠮᠥᠰᠥ ᠴᠠᠰᠤ᠂ ᠨᠡᠭᠦᠷᠡᠰᠦᠳᠦ᠋ᠷᠦᠭᠴᠢ ᠶᠢᠨ ᠬᠤᠷᠠᠮᠳᠤᠯ᠂ ᠨᠢᠰᠭᠡᠯ ᠤᠨ | ᠪᠠᠭᠤᠳᠠᠯ ᠤᠨ ᠲᠤᠭᠤᠷᠢᠨ᠂ ᠲᠡᠷᠢᠭᠦᠨ ᠤ ᠲᠤᠨᠤᠭ ᠲᠦᠬᠦᠭᠡᠷᠦᠮᠵᠢ ᠦᠢᠯᠡᠳᠬᠦ ᠵᠡᠷᠭᠡ ᠰᠢᠨ᠎ᠡ ᠪᠠᠷ ᠪᠤᠢ ᠪᠤᠯᠤᠭᠰᠠᠨ ᠠᠵᠤ ᠦᠶᠯᠡᠰ ᠢ ᠲᠦᠷᠭᠡᠳᠬᠡᠨ ᠬᠦᠭᠵᠢᠭᠦᠯᠦᠨ᠎ᠡ | ᠃ 5G ᠶᠢᠨ ᠴᠢᠮᠡᠭᠡ ᠬᠤᠯᠪᠣᠭ᠎ᠠ ᠶᠢᠨ ᠬᠡᠷᠡᠭᠯᠡᠭᠡᠨ ᠪᠠ ᠬᠡᠰᠡᠭ ᠤᠳ ᠤᠨ ᠬᠡᠯᠬᠢᠶ᠎ᠡ᠂ ᠪᠣᠳᠠᠰᠯᠢᠭ ᠬᠤᠯᠪᠣᠭᠠᠲᠤ ᠰᠦᠯᠵᠢᠶ᠎ᠡ᠂ ᠵᠣᠬᠢᠶᠠᠮᠠᠯ ᠤᠶᠤᠨᠴᠢ ᠴᠢᠳᠠᠪᠤᠷᠢ ᠵᠡᠷᠭᠡ | ᠠᠵᠤ ᠦᠶᠯᠡᠰ ᠢ ᠢᠳᠡᠪᠬᠢᠲᠡᠶ ᠪᠠᠷ ᠪᠠᠶᠢᠷᠢᠰᠢᠭᠤᠯᠵᠤ᠂ ᠬᠠᠢ ᠭᠦᠸᠧ ᠬᠤᠸᠠ ᠴᠤᠸᠠᠩ ᠲᠣᠮᠣ ᠳ᠋ᠠᠶᠢᠲ᠋ᠠ ᠶᠢᠨ ᠲᠥᠪ ᠢ ᠠᠰᠢᠭᠯᠠᠯᠲᠠ ᠳᠤ ᠣᠷᠣᠭᠤᠯᠤᠨ | ᠶᠠᠪᠤᠭᠳᠠᠭᠤᠯᠬᠤ ᠶᠢ ᠦᠨᠡᠨᠬᠦ ᠪᠠᠲᠤᠯᠠᠨ᠎ᠠ᠃ ᠵᠠᠯᠠᠨ ᠠᠶᠢᠯ ᠤᠨ ᠪᠢᠤᠮᠠᠰ ᠢᠶᠠᠷ ᠴᠠᠬᠢᠯᠭᠠᠨ ᠭᠠᠷᠭᠠᠬᠤ᠂ ᠲᠥᠪ ᠬᠤᠲᠠ ᠶᠢᠨ ᠲᠣᠭᠤᠷᠢᠭ ᠤᠨ ᠬᠤᠭ ᠨᠣᠪᠰᠢ | ᠰᠢᠲᠠᠭᠠᠵᠤ ᠴᠠᠬᠢᠯᠭᠠᠨ ᠭᠠᠷᠭᠠᠬᠤ ᠵᠡᠷᠭᠡ ᠲᠥᠷᠥᠯ ᠵᠦᠶᠯ ᠢ ᠪᠦᠬᠦ ᠬᠦᠴᠦᠨ ᠢᠶᠠᠷ ᠰᠠᠶᠢᠲᠤᠷ ᠠᠳᠬᠤᠨ᠎ᠠ᠃ ᠹᠦ᠋ ᠹᠧᠩ ᠺᠣᠮᠫᠠᠨᠢ ᠶᠢᠨ 50 ᠲᠦᠮᠡᠨ ᠲᠣᠨ | ᠰᠢᠪᠲᠦᠷᠲᠦ ᠬᠦᠴᠢᠯ᠂ ᠰᠦᠩ ᠯᠦ ᠡᠮ ᠦᠢᠯᠡᠳᠬᠦ ᠵᠡᠷᠭᠡ ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ᠴᠢ ᠯᠦ ᠡᠮ ᠦᠢᠯᠡᠳᠬᠦ᠂ ᠸᠧ ᠹᠧᠩ ᠠᠮᠢ ᠠᠬᠤᠢ ᠶᠢᠨ | ᠪᠣᠷᠳᠣᠭᠤᠷ ᠵᠡᠷᠭᠡ ᠲᠥᠷᠥᠯ ᠵᠦᠢᠯ ᠤᠨ ᠠᠰᠢᠭᠯᠠᠯᠲᠠ ᠳᠤ ᠤᠷᠤᠵᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃ ᠣᠶᠣᠨᠴᠢ ᠰᠦᠯᠵᠢᠶᠡᠨ ᠬᠤᠯᠪᠣᠭᠠᠲᠤ | ᠮᠠᠰᠢᠨ ᠲᠡᠷᠭᠡᠨ ᠤ ᠬᠡᠮᠵᠢᠨ ᠲᠤᠷᠰᠢᠬᠤ ᠲᠥᠷᠥᠯ ᠵᠦᠶᠯ ᠢ ᠢᠳᠡᠪᠬᠢᠯᠡᠨ ᠠᠬᠢᠭᠤᠯᠵᠤ᠂ ᠭᠦᠸᠧ ᠰᠢᠨ ᠶᠢᠤ ᠢ ᠬᠦᠢᠲᠡᠨ ᠳᠤ ᠳᠠᠭᠠᠭᠠᠮᠠᠭᠠᠢ ᠴᠢᠨᠠᠷ ᠢ ᠰᠢᠯᠭᠠᠨ | ᠬᠡᠮᠵᠢᠬᠦ ᠲᠣᠮᠣ ᠳ᠋ᠠᠶᠢᠲ᠋ᠠ ᠶᠢᠨ ᠦᠶᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠂ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠬᠡᠮᠵᠢᠨ | ᠲᠤᠷᠰᠢᠬᠤ ᠰᠠᠭᠤᠷᠢᠨ ᠭᠠᠵᠠᠷ ᠤᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠵᠤ᠂ ᠤᠯᠤᠰ ᠤᠨ ᠬᠠᠬᠢᠷ ᠬᠦᠢᠲᠡᠨ ᠳᠤ ᠮᠠᠰᠢᠨ ᠲᠡᠷᠭᠡᠨ ᠤ ᠶᠠᠰᠤ ᠴᠢᠨᠠᠷ ᠢ ᠬᠢᠨᠠᠨ | ᠰᠢᠯᠭᠠᠬᠤ ᠲᠥᠪ᠂ ᠥᠪᠥᠷ ᠮᠣᠩᠭᠤᠯ ᠤᠨ ᠬᠦᠢᠲᠡᠨ ᠤᠷᠤᠨ ᠤ ᠮᠥᠰᠥ ᠴᠠᠰᠤᠨ ᠤ ᠠᠭᠤᠷ ᠠᠮᠢᠰᠬᠤᠯ ᠤᠨ ᠰᠤᠳᠤᠯᠭᠠᠨ ᠤ ᠲᠥᠪ ᠤᠨ ᠴᠢᠳᠠᠮᠵᠢ ᠶᠢ | ᠪᠦᠷᠢᠨᠰᠢᠭᠦᠯᠦᠨ᠂ ᠠᠵᠤ ᠦᠶᠯᠡᠳᠪᠦᠷᠢ ᠶᠢᠨ ᠪᠦᠲᠦᠭᠡᠭᠳᠡᠬᠦᠨ ᠤ ᠬᠦᠢᠲᠡᠨ ᠳᠤ ᠳᠠᠭᠠᠭᠠᠮᠠᠭᠠᠢ ᠴᠢᠨᠠᠷ ᠢ ᠬᠡᠮᠵᠢᠨ ᠲᠤᠷᠰᠢᠬᠤ ᠬᠦᠷᠢᠶ᠎ᠡ ᠴᠠᠷᠠᠭ᠎ᠠ ᠶᠢ ᠦᠷᠭᠡᠳᠭᠡᠵᠦ᠂ | ᠬᠦᠢᠲᠡᠨ ᠤᠷᠤᠨ ᠤ ᠮᠦᠰᠦ ᠴᠠᠰᠤᠨ ᠤ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠤᠨ᠎ᠠ᠃ ᠮᠥᠰᠥ ᠴᠠᠰᠤᠨ ᠤ ᠲᠣᠨᠤᠭ ᠲᠥᠬᠦᠭᠡᠷᠦᠮᠵᠢ | ᠦᠢᠯᠡᠳᠬᠦ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠮᠥᠰᠥ ᠴᠠᠰᠤᠨ ᠤ ᠴᠤᠭᠯᠠᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ | ᠬᠦᠷᠢᠶᠡᠯᠡᠩ ᠢ ᠡᠬᠢᠯᠡᠭᠦᠯᠬᠦ ᠪᠠᠷ ᠴᠢᠷᠮᠠᠶᠢᠨ᠎ᠠ᠃ ᠬᠦᠢᠲᠡᠨ ᠣᠷᠣᠨ ᠤ ᠮᠥᠰᠥ ᠴᠠᠰᠤᠨ ᠤ ᠠᠵᠤ ᠠᠬᠤᠢ ᠶᠢᠨ ᠦᠬᠦᠯᠡᠯ ᠤᠨ ᠲᠠᠪᠴᠠᠩ ᠢ ᠰᠠᠶᠢᠲᠤᠷ ᠡᠷᠬᠢᠯᠡᠨ᠎ᠡ᠃ | ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠠᠵᠤ ᠠᠬᠤᠶ ᠶᠢ ᠢᠳᠡᠪᠬᠢᠯᠡᠨ ᠬᠥᠭᠵᠢᠭᠦᠯᠵᠦ᠂ ᠤᠳᠤ ᠪᠠᠶᠢᠭ᠎ᠠ ᠵᠣᠬᠢᠶᠠᠮᠠᠯ ᠤᠢ ᠰᠢᠭᠤᠶ ᠶᠢᠨ ᠨᠡᠭᠦᠷᠡᠰᠦᠲᠥ᠋ᠷᠥᠭᠴᠢ | ᠬᠤᠷᠠᠮᠳᠤᠭᠤᠯᠬᠤ ᠠᠷᠠᠯᠵᠢᠶᠠᠨ ᠤ ᠲᠤᠷᠰᠢᠯᠲᠠ ᠶᠢᠨ ᠴᠡᠭ ᠤᠨ ᠠᠵᠢᠯ ᠢ ᠰᠦᠪᠡᠭᠴᠢᠯᠡᠨ᠎ᠡ᠃ ᠵᠠᠯᠠᠨ ᠠᠶᠢᠯ ᠤᠨ ᠥᠪᠥᠷ ᠮᠣᠩᠭᠤᠯ ᠤᠨ ᠨᠢᠰᠦᠯᠲᠡ ᠶᠢᠨ ᠳᠡᠭᠡᠳᠦ | ᠰᠤᠷᠭᠠᠭᠤᠯᠢ ᠶᠢᠨ ᠥᠨᠳᠥᠷ ᠪᠦᠲᠦᠮᠵᠢᠲᠡᠶ ᠶᠠᠪᠤᠭᠳᠠᠯ ᠢ ᠠᠬᠢᠭᠤᠯᠵᠤ᠂ ᠨᠢᠰᠦᠯᠲᠡ ᠶᠢᠨ ᠪᠣᠯᠪᠠᠰᠤᠷᠠᠯ᠂ ᠨᠢᠰᠬᠡᠯ ᠤᠨ ᠰᠡᠯᠪᠢᠨ ᠵᠠᠰᠠᠯᠲᠠ᠂ ᠠᠭᠠᠷ ᠤᠨ ᠠᠶᠠᠯᠠᠯ ᠤᠨ | ᠪᠠᠷᠠᠭᠠᠨ ᠤ ᠭᠦᠶᠯᠭᠡᠭᠡ ᠵᠡᠷᠭᠡ ᠠᠵᠤ ᠦᠶᠯᠡᠰ ᠢ ᠢᠳᠡᠪᠬᠢᠲᠡᠶ ᠬᠥᠭᠵᠢᠭᠦᠯᠵᠦ᠂ ᠨᠢᠰᠭᠡᠯ ᠤᠨ ᠪᠠᠭᠤᠳᠠᠯ ᠤᠨ ᠲᠤᠭᠤᠷᠢᠨ ᠳᠠᠬᠢ ᠠᠵᠤ ᠦᠶᠯᠡᠰ ᠤᠨ ᠬᠦᠷᠢᠶᠡᠯᠡᠩ ᠤᠨ | ᠨᠢᠰᠦᠯᠲᠡ ᠶᠢᠨ ᠬᠡᠰᠡᠭ ᠢ ᠳᠡᠭᠡᠭᠰᠢᠯᠡᠭᠦᠯᠬᠦ ᠲᠥᠷᠥᠯ ᠵᠦᠶᠯ᠂ ᠤᠯᠤᠰ ᠤᠨ ᠠᠭᠠᠷ ᠤᠨ ᠠᠶᠠᠯᠠᠯ ᠤᠨ ᠺᠣᠮᠫᠠᠨᠢ ᠶᠢᠨ ᠨᠢᠰᠭᠡᠯᠴᠢ ᠶᠢᠨ ᠲᠤᠰᠬᠠᠶ ᠪᠣᠯᠪᠠᠰᠤᠷᠠᠯ ᠤᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠢᠰᠭᠡᠯ ᠤᠨ ᠪᠠᠭᠤᠳᠠᠯ ᠤᠨ ᠲᠤᠭᠤᠷᠢᠨ ᠳᠠᠬᠢ ᠠᠵᠤ ᠦᠶᠯᠡᠰ ᠤᠨ ᠲᠤᠭᠲᠠᠯᠴᠠᠭ᠎ᠠ ᠶᠢ | ᠴᠤᠭᠴᠠᠯᠠᠨ ᠪᠠᠶᠢᠭᠤᠯᠤᠨ᠎ᠠ᠃ | ᠬᠦᠷᠢᠶᠡᠯᠡᠩ ᠲᠤᠭᠤᠷᠢᠭ ᠤᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠤᠨ᠎ᠠ᠃ ᠬᠦᠷᠢᠶᠡᠯᠡᠩ ᠲᠤᠭᠤᠷᠢᠭ ᠤᠨ ᠲᠦᠯᠦᠪᠵᠢᠭᠦᠯᠭᠡ ᠶᠢ ᠵᠠᠰᠠᠨ | ᠨᠠᠶᠢᠷᠠᠭᠤᠯᠬᠤ ᠶᠢ ᠰᠠᠶᠢᠲᠤᠷ ᠠᠳᠬᠤᠵᠤ᠂ ᠨᠢᠭᠡᠳᠦᠯᠲᠡᠢ ᠲᠦᠯᠦᠪᠵᠢᠭᠦᠯᠦᠨ ᠪᠠᠶᠢᠷᠢᠰᠢᠭᠤᠯᠵᠤ᠂ ᠴᠢᠳᠠᠮᠵᠢ ᠶᠢᠨ ᠪᠠᠶᠢᠷᠢ ᠲᠤᠭᠲᠠᠭᠠᠯᠲᠠ ᠪᠠᠨ ᠲᠤᠳᠤᠷᠬᠠᠶᠢᠯᠠᠵᠤ᠂ | ᠴᠢᠨᠠᠷ ᠢᠵᠢᠯᠢᠰᠢᠭᠦᠯᠬᠦ ᠬᠦᠷᠢᠶᠡᠯᠡᠩ ᠲᠣᠭᠤᠷᠢᠭ ᠢ ᠡᠮᠬᠢᠯᠡᠨ ᠨᠡᠶᠢᠯᠡᠭᠦᠯᠵᠦ᠂ ᠬᠦᠷᠢᠶᠡᠯᠡᠩ ᠲᠣᠭᠤᠷᠢᠭ ᠤᠨ ᠪᠠᠶᠢᠷᠢ ᠰᠣᠯᠪᠢᠴᠠᠨ ᠬᠦᠭᠵᠢᠭᠦᠯᠬᠦ ᠶᠢ ᠪᠡᠶᠡᠯᠡᠭᠦᠯᠦᠨ᠎ᠡ᠃ | ᠭᠤᠤᠯᠳᠠᠯᠭ᠎ᠠ ᠲᠠᠢ ᠬᠦᠷᠢᠶᠡᠯᠡᠩ ᠲᠤᠭᠤᠷᠢᠭ ᠤᠨ ᠪᠠᠶᠢᠭᠤᠯᠤᠯᠲᠠ ᠶᠢ ᠴᠢᠩᠭᠠᠳᠬᠠᠵᠤ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠣ ᠦᠢᠯᠡᠰ ᠤᠨ | ᠬᠦᠷᠢᠶᠡᠯᠡᠩ᠂ ᠪᠤᠬᠢᠷᠲᠤᠯ ᠦᠭᠡᠢ ᠤᠷᠭᠠᠨᠢᠭ ᠢᠳᠡᠭᠡᠨ ᠤ ᠠᠵᠤ ᠦᠢᠯᠡᠰ ᠤᠨ ᠬᠦᠷᠢᠶᠡᠯᠡᠩ ᠤᠨ ᠪᠠᠶᠢᠭᠤᠯᠤᠯᠲᠠ ᠶᠢ ᠲᠦᠷᠭᠡᠳᠭᠡᠵᠦ᠂ ᠳᠠᠪᠠᠭᠠᠨ ᠤ ᠵᠡᠭᠦᠨᠳᠡᠬᠢ ᠠᠵᠤ | ᠦᠢᠯᠡᠳᠪᠦᠷᠢ ᠶᠢᠨ ᠬᠦᠷᠢᠶᠡᠯᠡᠩ᠂ ᠠᠷᠤᠨ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ᠂ ᠶᠠᠭᠰᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠬᠦᠷᠢᠶᠡᠯᠡᠩ ᠤᠨ ᠪᠠᠶᠢᠭᠤᠯᠤᠯᠲᠠ ᠶᠢ ᠳᠡᠮᠵᠢᠵᠦ᠂ ᠠᠵᠤ ᠦᠢᠯᠡᠰ ᠤᠨ ᠠᠭᠤᠰᠤᠯᠴᠠᠨ ᠬᠦᠭᠵᠢᠬᠦ ᠲᠦᠪᠯᠡᠷᠡᠯ ᠤᠨ ᠤᠷᠤᠨ ᠢ ᠴᠤᠭᠴᠠᠯᠠᠨ ᠪᠠᠶᠢᠭᠤᠯᠤᠨ᠎ᠠ᠃ ᠠᠵᠤ | ᠠᠬᠤᠢ ᠮᠡᠷᠭᠡᠵᠢᠯ ᠤᠨ ᠨᠠᠭᠡᠭᠡᠯᠲᠡ ᠶᠢᠨ ᠲᠤᠭᠤᠷᠢᠭ ᠤᠨ ᠢᠯᠴᠢ ᠶᠢᠨ ᠲᠤᠤᠷ ᠰᠦᠯᠵᠢᠶ᠎ᠡ ᠶᠢ ᠶᠡᠷᠦᠩᠬᠡᠶᠢᠯᠡᠨ ᠦᠭᠡᠷᠡᠴᠢᠯᠡᠨ ᠰᠢᠨᠡᠳᠭᠡᠬᠦ᠂ ᠡᠩ ᠤᠨ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠤᠳᠠᠰ ᠢ ᠰᠢᠢᠳᠪᠦᠷᠢᠯᠡᠬᠦ᠂ ᠪᠤᠬᠢᠷ ᠤᠰᠤ ᠶᠢ ᠰᠢᠢᠳᠪᠦᠷᠢᠯᠡᠨ ᠲᠠᠬᠢᠨ ᠠᠰᠢᠭᠯᠠᠬᠤ ᠵᠢᠴᠢ ᠲᠤᠮᠤ ᠳ᠋ᠠᠶᠢᠲ᠋ᠠ ᠶᠢᠨ | ᠠᠵᠤ ᠦᠢᠯᠡᠰ ᠤᠨ ᠬᠦᠷᠢᠶᠡᠯᠡᠩ ᠤᠨ 110 ᠺᠢᠯᠤᠸᠤᠯᠲ ᠤᠨ ᠴᠠᠬᠢᠯᠭᠠᠨ ᠬᠠᠩᠭᠠᠬᠤ ᠢᠨᠵᠧᠨᠧᠷᠢᠩ ᠢ ᠪᠡᠶᠡᠯᠡᠭᠦᠯᠵᠤ᠂ ᠠᠵᠤ ᠦᠢᠯᠡᠰ ᠤᠨ ᠳᠠᠭᠠᠭᠠᠬᠤ ᠴᠢᠳᠠᠮᠵᠢ ᠶᠢ | ᠳᠡᠭᠡᠭᠰᠢᠯᠡᠭᠦᠯᠦᠨ᠎ᠡ᠃ ᠠᠵᠤ ᠠᠬᠤᠢ ᠶᠢᠨ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠭ ᠬᠢᠭᠡᠳ ᠬᠤᠰᠢᠭᠤ ᠬᠤᠲᠠ ᠳᠤᠭᠤᠷᠢᠭ ᠤᠨ ᠬᠤᠭᠤᠷᠤᠨᠳᠤᠬᠢ ᠠᠰᠢᠭ | ᠲᠤᠰᠠ ᠶᠢᠨ ᠵᠤᠯᠭᠠᠭᠤᠯᠬᠤ ᠲᠤᠭᠲᠠᠴᠠ ᠶᠢ ᠪᠠᠶᠢᠭᠤᠯᠵᠤ᠂ ᠭᠤᠤᠯᠳᠠᠭᠤ ᠮᠠᠯᠵᠢᠬᠤ ᠳᠦᠷᠪᠡᠨ ᠬᠤᠰᠢᠭᠤ᠂ ᠬᠠᠶᠢᠯᠠᠷ ᠲᠤᠭᠤᠷᠢᠭ᠂ ᠮᠠᠨᠵᠤᠤᠷ ᠬᠤᠲᠠ ᠵᠡᠷᠭᠡ ᠭᠠᠵᠠᠷ | ᠯᠤᠭ᠎ᠠ ︽ᠰᠢᠭᠤᠳ ᠬᠤᠷᠰᠢᠯᠴᠠᠬᠤ ᠠᠵᠤ ᠠᠬᠤᠢ︾ ᠶᠢ ᠬᠠᠮᠲᠤᠪᠠᠷ ᠬᠦᠭᠵᠢᠭᠦᠯᠵᠦ᠂ ᠬᠦᠷᠢᠶᠡᠯᠡᠩ ᠲᠤᠭᠤᠷᠢᠭ ᠤᠨ ᠲᠦᠷᠦᠯ ᠵᠦᠢᠯ ᠴᠦᠬᠡᠨ᠂ ᠭᠠᠵᠠᠷ ᠤᠷᠤᠨ ᠤ | ᠲᠠᠪᠴᠠᠩ ᠪᠠᠭ᠎ᠠ ᠪᠠᠶᠢᠬᠤ ᠠᠰᠠᠭᠤᠳᠠᠯ ᠢ ᠴᠢᠷᠮᠠᠶᠢᠨ ᠰᠢᠢᠳᠪᠦᠷᠢᠯᠡᠨ᠎ᠡ᠃ ᠠᠵᠤ ᠠᠬᠤᠶᠢᠯᠠᠯ ᠤᠨ ︽ᠬᠤᠲᠠ ᠠᠴᠠ ᠤᠬᠤᠷᠢᠨ ᠭᠠᠷᠴᠤ ᠬᠦᠷᠢᠶᠡᠯᠡᠩ ᠲᠤᠭᠤᠷᠢᠭ ᠲᠤ | ᠤᠷᠤᠬᠤ︾ ᠶᠢ ᠵᠤᠷᠢᠭᠵᠢᠭᠤᠯᠵᠤ᠂ ᠬᠦᠷᠢᠶᠡᠯᠡᠩ ᠲᠤᠭᠤᠷᠢᠭ ᠤᠨ ᠤᠨᠤᠴᠠᠲᠠᠢ ᠪᠠᠷ ᠬᠤᠳᠠᠯᠳᠤᠭᠠᠴᠢᠨ ᠤᠷᠢᠬᠤ ᠡᠷᠴᠢᠮ ᠢᠶᠠᠨ ᠴᠢᠩᠭᠠᠷᠠᠭᠤᠯᠵᠤ᠂ ᠬᠦᠷᠢᠶᠡᠯᠡᠩ | ᠲᠤᠭᠤᠷᠢᠭ ᠢ ᠬᠦᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ | ︵ᠲᠠᠪᠤ︶ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠠᠯᠲᠠ ᠶᠢ ᠬᠦᠴᠦᠨ ᠢᠶᠠᠨ ᠲᠦᠪᠯᠡᠷᠡᠭᠦᠯᠦᠨ ᠠᠬᠢᠭᠤᠯᠵᠤ᠂ ᠬᠦᠳᠡᠭᠡ ᠲᠤᠰᠬᠤᠨ ᠢ ᠬᠦᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠭᠦᠯᠦᠨ᠎ᠡ᠃ ᠨᠠᠷᠡᠲᠦ ᠲᠡᠮᠳᠡᠭ ᠢ ᠡᠭᠦᠳᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠠᠵᠤ ᠦᠢᠯᠡᠰ ᠢ | ᠮᠠᠨᠳᠤᠭᠤᠯᠬᠤ ᠶᠢ ᠪᠠᠷᠢᠮᠲᠠᠯᠠᠵᠤ᠂ ᠪᠠᠶᠢᠷᠢ ᠲᠤᠭᠲᠠᠭᠠᠯᠲᠠ ᠪᠠᠨ ᠤᠨᠤᠪᠴᠢᠲᠠᠢ ᠡᠷᠢᠯᠬᠢᠯᠡᠨ᠂ ᠦᠷᠬᠦᠯᠵᠢᠯᠡᠨ ᠬᠦᠴᠦᠯᠡᠨ ᠴᠢᠷᠮᠠᠶᠢᠵᠤ᠂ ᠤᠯᠤᠰ ᠤᠨ ᠪᠤᠬᠢᠷᠲᠤᠯ ᠦᠭᠡᠢ | ᠤᠷᠭᠠᠨᠢᠭ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠤᠢ ᠶᠢᠨ ᠭᠠᠷᠤᠯᠲᠠ ᠶᠢ ᠦᠢᠯᠡᠳᠪᠦᠷᠢᠯᠡᠬᠦ ᠡᠳ᠋ᠰᠢᠭᠦᠯᠬᠦ ᠭᠠᠷᠭᠠᠬᠤ ᠰᠠᠭᠤᠷᠢᠨ ᠭᠠᠵᠠᠷ ᠢ ᠪᠦᠬᠦ | ᠬᠦᠴᠦᠨ ᠢᠶᠠᠷ ᠴᠤᠭᠴᠠᠯᠠᠨ ᠪᠠᠶᠢᠭᠤᠯᠤᠨ᠎ᠠ᠃ | ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠤᠢ ᠰᠢᠭᠤᠢ ᠶᠢᠨ ᠠᠵᠤ ᠦᠢᠯᠡᠰ ᠢ ᠡᠷᠴᠢᠮᠲᠡᠢ ᠬᠦᠭᠵᠢᠭᠦᠯᠦᠨ᠎ᠡ᠃ ᠨᠡᠷᠡᠲᠦ ᠲᠡᠮᠳᠡᠭ ᠢᠶᠠᠷ ᠬᠦᠲᠦᠯᠦᠨ | ᠳᠠᠭᠠᠭᠤᠯᠬᠤ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠭᠦᠯᠵᠦ᠂ ᠬᠦᠯᠦᠨ ᠪᠤᠶᠢᠷ ᠤᠨ ᠲᠠᠯ᠎ᠠ ᠨᠤᠲᠤᠭ ᠤᠨ ᠬᠤᠨᠢᠨ ᠮᠢᠬ᠎ᠠ ᠶᠢᠨ ᠨᠡᠷᠡᠲᠦ ᠲᠡᠮᠳᠡᠭ ᠤᠨ | ᠦᠷᠲᠡᠭ ᠢ ᠳᠡᠭᠡᠭᠰᠢᠯᠡᠭᠦᠯᠦᠨ᠂ ᠦᠨᠢᠶᠡᠨ ᠰᠦ᠂ ᠬᠠᠷ᠎ᠠ ᠳᠡᠯᠳᠡᠤ᠂ ᠦᠬᠡᠷ ᠤᠨ ᠮᠢᠬ᠎ᠠ᠂ ᠰᠢᠷ᠎ᠠ ᠪᠤᠷᠴᠠᠭ᠂ ᠭᠠᠶᠢᠮᠤ ᠶᠢᠨ ᠲᠤᠰᠤ᠂ ᠲᠦᠮᠦᠰᠦ᠂ ᠬᠦᠬᠡ ᠵᠢᠮᠢᠰᠭᠡᠨ᠎ᠡ | ᠵᠡᠷᠭᠡ ᠳᠠᠪᠠᠭᠤᠯᠢᠭ ᠨᠡᠷᠡᠲᠦ ᠲᠡᠮᠳᠡᠭ ᠢ ᠪᠦᠬᠦ ᠬᠦᠴᠦᠨ ᠢᠶᠠᠷ ᠴᠤᠭᠴᠠᠯᠠᠨ ᠪᠠᠶᠢᠭᠤᠯᠵᠤ᠂ ᠳ᠋ᠢᠶᠤᠤ ᠢᠦᠢ ᠲᠠᠢ · ᠬᠦᠯᠦᠨ ᠪᠤᠶᠢᠷ ᠤᠨ ᠠᠮᠲᠠᠲᠤ ᠢᠳᠡᠭᠡᠨ ᠤ ᠭᠠᠷᠠᠭ ᠢ | ᠰᠠᠶᠢᠲᠤᠷ ᠡᠷᠬᠢᠯᠡᠵᠦ᠂ ᠬᠦᠯᠦᠨ ᠪᠤᠶᠢᠷ ᠤᠨ ︽ᠠᠯᠲᠠᠨ ᠦᠰᠦᠭᠲᠦ ᠲᠦᠷᠦᠯ ᠲᠡᠮᠳᠡᠭ︾ ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠠᠮᠢ ᠠᠬᠤᠢ ᠶᠢᠨ | ᠲᠠᠷᠢᠶᠠᠯᠠᠩ ᠮᠠᠯ ᠠᠵᠤ ᠠᠬᠤᠢ ᠤᠢ ᠰᠢᠭᠤᠢ ᠶᠢᠨ ᠠᠵᠤ ᠦᠢᠯᠡᠰ ᠢ ᠳᠠᠪᠠᠭᠤᠯᠢᠭ ᠲᠤᠭᠤᠷᠢᠭ ᠲᠡᠰᠢ ᠲᠦᠪᠯᠡᠷᠡᠬᠦᠯᠬᠦ ᠶᠢ ᠲᠦᠷᠭᠡᠳᠭᠡᠨ ᠠᠬᠢᠭᠤᠯᠵᠤ᠂ ᠡᠷᠳᠡᠨᠢ ᠰᠢᠰᠢ | ᠂ ᠰᠢᠷ᠎ᠠ ᠪᠤᠷᠴᠠᠭ᠂ ᠰᠠᠭᠠᠯᠢ ᠶᠢᠨ ᠦᠨᠢᠶ᠎ᠡ᠂ ᠢᠳᠡᠰᠢᠨ ᠦᠬᠡᠷ᠂ ᠢᠳᠡᠰᠢᠨ ᠬᠤᠨᠢ᠂ ᠠᠮᠢᠳᠤ ᠭᠠᠭ᠋ᠠᠢ ᠵᠡᠷᠭᠡ ᠳᠠᠪᠠᠭᠤᠯᠢᠭ ᠪᠦᠲᠦᠭᠡᠭᠳᠡᠭᠦᠨ ᠤ ᠠᠵᠤ ᠦᠢᠯᠡᠰ ᠤᠨ | ᠴᠤᠭᠯᠠᠷᠠᠯ ᠢ ᠪᠠᠶᠢᠭᠤᠯᠵᠤ᠂ ᠭᠤᠷᠪᠠᠨ ᠭᠤᠤᠯ ᠦᠬᠡᠷ᠂ ᠭᠤᠷᠪᠠᠨ ᠭᠤᠤᠯ ᠮᠤᠷᠢ᠂ ᠬᠦᠯᠦᠨ ᠪᠤᠶᠢᠷ ᠬᠤᠨᠢ ᠶᠢ ᠰᠤᠩᠭᠤᠨ ᠪᠤᠶᠢᠵᠢᠭᠤᠯᠵᠤ ᠦᠷᠭᠡᠳᠭᠡᠨ | ᠦᠷᠡᠵᠢᠭᠦᠯᠬᠦ ᠶᠢ ᠰᠠᠶᠢᠲᠤᠷ ᠬᠢᠵᠦ᠂ ᠲᠦᠮᠦᠰᠦ ᠶᠢᠨ ᠰᠢᠨᠵᠢᠯᠡᠭᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠤᠯᠤᠰ ᠤᠨ ᠰᠠᠶᠢᠨ ᠦᠷ᠎ᠡ ᠦᠷᠡᠵᠢᠭᠦᠯᠦᠨ | ᠪᠤᠶᠢᠵᠢᠭᠤᠯᠬᠤ ᠰᠠᠭᠤᠷᠢᠨ ᠭᠠᠵᠠᠷ ᠤᠨ ᠪᠠᠶᠢᠭᠤᠯᠤᠯᠲᠠ ᠶᠢ ᠰᠠᠶᠢᠲᠤᠷ ᠠᠳᠬᠤᠨ᠂ ᠡᠷᠳᠡᠨᠢ ᠰᠢᠰᠢ ᠶᠢᠨ ᠲᠠᠷᠢᠯᠲᠠ ᠶᠢ 500 ᠲᠦᠮᠡᠨ ᠮᠦ ᠠᠴᠠ ᠳᠡᠭᠡᠭᠰᠢ ᠳᠤ | ᠲᠤᠭᠲᠠᠪᠤᠷᠢᠵᠢᠭᠤᠯᠵᠤ᠂ ᠰᠢᠷ᠎ᠠ ᠪᠤᠷᠴᠠᠭ ᠤᠨ ᠲᠠᠷᠢᠯᠲᠠ ᠶᠢ 1000 ᠲᠦᠮᠡᠨ ᠮᠦ ᠠᠴᠠ ᠳᠡᠭᠡᠭᠰᠢ ᠳᠤ ᠲᠤᠭᠲᠠᠪᠤᠷᠢᠵᠢᠭᠤᠯᠵᠤ᠂ ᠮᠠᠯ ᠤᠨ ᠲᠤᠭ᠎ᠠ ᠶᠢ 1000 | ᠲᠦᠮᠡᠨ ᠲᠤᠯᠤᠭᠠᠢ ᠳᠤ ᠲᠤᠭᠲᠠᠪᠤᠷᠢᠵᠢᠭᠤᠯᠤᠨ᠎ᠠ᠃ ᠠᠹᠷᠢᠺᠠ ᠶᠢᠨ ᠭᠠᠭ᠋ᠠᠢ ᠶᠢᠨ ᠬᠢᠵᠢᠭ ᠵᠡᠷᠭᠡ ᠠᠮᠢᠳᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ | ᠡᠵᠡᠮᠳᠡᠬᠦ ᠠᠵᠢᠯ ᠢ ᠰᠠᠶᠢᠳᠤᠷ ᠬᠢᠨ᠎ᠠ᠃ ᠬᠦᠲᠦᠴᠢ ᠠᠵᠤ ᠠᠬᠤᠶᠢᠯᠠᠯ ᠢ ᠲᠡᠳᠭᠦᠨ ᠬᠦᠴᠦᠷᠬᠡᠭᠵᠢᠭᠦᠯᠵᠦ᠂ ᠬᠤᠲᠠ ᠶᠢᠨ ᠳᠡᠰ ᠤᠨ ᠵᠢᠱᠢᠶ᠎ᠡ ᠦᠵᠡᠭᠦᠯᠬᠦ ᠠᠵᠤ | ᠦᠢᠯᠡᠰᠴᠢᠯᠡᠭᠰᠡᠨ ᠬᠤᠯᠪᠤᠭᠠᠲᠤ ᠴᠤᠭᠴᠠ ᠶᠢ 25 ᠡᠷᠦᠬᠡ ᠭᠤᠤᠯᠴᠢᠯᠠᠨ ᠪᠠᠶᠢᠭᠤᠯᠵᠤ᠂ ᠭᠤᠷᠪᠠᠨ ᠠᠵᠤ ᠦᠢᠯᠡᠰ ᠤᠨ ᠠᠭᠤᠰᠤᠯᠴᠠᠨ ᠬᠦᠭᠵᠢᠬᠦ ᠶᠢ | ᠠᠬᠢᠭᠤᠯᠤᠨ᠎ᠠ᠃ ᠰᠢᠨ᠎ᠡ ᠪᠠᠷᠭᠤ ᠪᠠᠷᠠᠭᠤᠨ ᠬᠤᠰᠢᠭᠤᠨ ᠤ ᠮᠠᠯᠵᠢᠬᠤ ᠤᠷᠤᠨ ᠤ ᠤᠳᠤᠬᠢᠴᠢᠯᠠᠭᠰᠠᠨ ᠲᠤᠷᠰᠢᠯᠲᠠ ᠶᠢᠨ ᠴᠡᠭ ᠢ ᠭᠦᠨᠵᠡᠭᠡᠶᠢᠷᠡᠭᠦᠯᠵᠦ᠂ | ᠤᠳᠤᠬᠢᠴᠢᠯᠠᠭᠰᠠᠨ ᠮᠠᠯᠵᠢᠬᠤ ᠤᠷᠤᠨ ᠤ ᠦᠯᠢᠭᠡᠷ ᠳᠠᠭᠤᠷᠢᠶᠠᠯ ᠢ ᠴᠤᠭᠴᠠᠯᠠᠨ ᠪᠠᠶᠢᠭᠤᠯᠤᠨ᠎ᠠ᠃ | ᠰᠦ ᠰᠠᠭᠠᠯᠢ ᠶᠢᠨ ᠦᠢᠯᠡᠰ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠦᠨ᠎ᠡ᠃ ᠰᠦ ᠰᠠᠭᠠᠯᠢ ᠶᠢᠨ | ᠦᠢᠯᠡᠰ ᠤᠨ ᠤᠷᠤᠨ ᠪᠦᠰᠡ ᠶᠢᠨ ᠬᠦᠭᠵᠢᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠳᠠᠪᠠᠭᠠᠨ ᠤ ᠪᠠᠷᠠᠭᠤᠨ ᠳᠤ ᠡᠷᠭᠦᠨ᠎ᠡ᠂ ᠬᠠᠶᠢᠯᠠᠷ ᠢᠶᠠᠷ ᠲᠦᠪ | ᠪᠤᠯᠭᠠᠵᠤ᠂ ᠬᠦᠲᠦᠴᠢ ᠠᠵᠤ ᠠᠬᠤᠶᠢᠯᠠᠯ ᠤᠨ ᠬᠦᠲᠦᠯᠦᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠰᠠᠢ ᠱᠠᠩ ᠴᠢᠤᠸᠠᠢ ᠴᠤᠤ ᠰᠦᠨ ᠤ | ᠦᠢᠯᠡᠰ ᠤᠨ ᠮᠡᠷᠭᠡᠵᠢᠯ ᠢᠶᠠᠨ ᠦᠭᠡᠷᠡᠴᠢᠯᠡᠨ ᠳᠡᠰ ᠳᠡᠪᠰᠢᠭᠦᠯᠬᠦ ᠶᠢ ᠳᠡᠮᠵᠢᠵᠦ᠂ ᠦᠨᠳᠦᠷ ᠵᠡᠷᠭᠡᠯᠡᠯ ᠤᠨ ᠤᠬᠢ ᠰᠢᠯᠢᠳᠡᠭ ᠴᠠᠭᠠᠨ ᠢᠳᠡᠭᠡᠨ ᠤ ᠪᠦᠲᠦᠭᠡᠭᠳᠡᠭᠦᠨ ᠪᠠ | ᠦᠨᠳᠦᠰᠦᠲᠡᠨ ᠤ ᠤᠨᠴᠠᠯᠢᠭᠲᠤ ᠤᠯᠠᠮᠵᠢᠯᠠᠯᠲᠤ ᠴᠠᠭᠠᠨ ᠢᠳᠡᠭᠡᠨ ᠤ ᠪᠦᠲᠦᠭᠡᠭᠳᠡᠭᠦᠨ ᠤ ᠴᠢᠬᠤᠯᠠ ᠭᠠᠷᠤᠯᠲᠠ ᠶᠢᠨ ᠤᠷᠤᠨ ᠢ ᠴᠤᠭᠴᠠᠯᠠᠨ ᠪᠠᠶᠢᠭᠤᠯᠤᠨ᠎ᠠ︔ | ᠳᠠᠪᠠᠭᠠᠨ ᠤ ᠵᠡᠭᠦᠨ ᠳᠤ ᠠᠷᠤᠨ ᠬᠤᠰᠢᠭᠤ ᠪᠠᠷ ᠲᠦᠪ ᠪᠤᠯᠭᠠᠵᠤ᠂ ᠢᠯᠢ ᠶᠢᠨ ᠪᠤᠬᠢᠷᠲᠤᠯ ᠦᠭᠡᠢ ᠤᠶᠤᠨᠴᠢ ᠵᠢᠱᠢᠶ᠎ᠡ ᠦᠵᠡᠭᠦᠯᠬᠦ ᠬᠡᠷᠡᠭᠯᠡᠭᠡᠨ ᠤ ᠲᠦᠷᠦᠯ ᠵᠦᠢᠯ ᠤᠨ | ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠲᠦᠷᠭᠡᠳᠭᠡᠨ ᠪᠠᠶᠢᠭᠤᠯᠵᠤ᠂ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠡᠮᠦᠨᠡᠬᠢ ᠠᠵᠢᠯ ᠢ ᠲᠦᠷᠭᠡᠳᠭᠡᠨ | ᠠᠬᠢᠭᠤᠯᠵᠤ᠂ ᠦᠨᠳᠦᠷ ᠵᠡᠷᠭᠡᠯᠡᠯ ᠤᠨ ᠤᠷᠭᠠᠨᠢᠭ ᠰᠢᠩᠭᠡᠨ ᠲᠦᠯᠦᠪᠲᠦ ᠰᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠬᠦ ᠬᠦᠴᠦᠨ ᠢᠶᠠᠷ ᠴᠤᠭᠴᠠᠯᠠᠨ | ᠪᠠᠶᠢᠭᠤᠯᠤᠨ᠎ᠠ᠃ ᠡᠯ᠎ᠡ ᠲᠦᠷᠦᠯ ᠤᠨ ᠬᠠᠪᠰᠤᠷᠤᠨ ᠲᠡᠳᠭᠦᠬᠦ ᠲᠦᠷᠦ ᠶᠢᠨ ᠪᠤᠳᠤᠯᠭ᠎ᠠ ᠶᠢ ᠪᠦᠷᠢᠨᠰᠢᠭᠦᠯᠦᠨ ᠨᠠᠶᠢᠳᠠᠪᠤᠷᠢᠵᠢᠭᠤᠯᠵᠤ᠂ ︽ᠲᠠᠷᠢᠵᠤ ᠲᠡᠵᠢᠭᠡᠬᠦ ᠶᠢ | ᠤᠶᠠᠯᠳᠤᠭᠤᠯᠤᠭᠰᠠᠨ ᠬᠡᠯᠪᠡᠷᠢ︾ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠵᠤᠷᠢᠭᠵᠢᠭᠤᠯᠤᠨ ᠬᠦᠭᠵᠢᠭᠦᠯᠵᠦ᠂ ᠶᠢᠤ ᠷᠠᠨ ᠮᠠᠯᠵᠢᠯ ᠤᠨ 1.2 ᠲᠦᠮᠡᠨ | ᠲᠤᠯᠤᠭᠠᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠵᠡᠷᠭᠡ ᠲᠦᠷᠦᠯ ᠵᠦᠢᠯ ᠤᠨ ᠪᠠᠶᠢᠭᠤᠯᠤᠯᠲᠠ ᠶᠢ ᠲᠦᠷᠭᠡᠳᠭᠡᠵᠦ᠂ 5 ᠲᠦᠮᠡᠨ ᠲᠤᠯᠤᠭᠠᠢ | ᠰᠠᠭᠠᠯᠢ ᠶᠢᠨ ᠦᠨᠢᠶ᠎ᠡ ᠶᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ | ᠤᠷᠤᠰᠢᠨ ᠰᠠᠭᠤᠬᠤ ᠤᠷᠴᠢᠨ ᠲᠤᠭᠤᠷᠢᠨ ᠤ ᠴᠡᠭᠴᠡᠯᠡᠨ ᠵᠠᠰᠠᠯᠲᠠ ᠶᠢ ᠪᠦᠬᠦ ᠬᠦᠴᠦᠨ ᠢᠶᠠᠷ ᠰᠠᠶᠢᠲᠤᠷ ᠠᠳᠬᠤᠨ᠎ᠠ᠃ ︽ᠠᠷᠪᠠᠨ ᠰᠢᠶᠠᠨ ᠵᠠᠭᠤᠨ ᠰᠢᠶᠠᠩ | ᠮᠢᠩᠭᠠᠨ ᠲᠤᠰᠬᠤᠨ︾ ᠤ ᠵᠢᠱᠢᠶ᠎ᠡ ᠦᠵᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠵᠤᠷᠯᠤᠩ ᠤᠨ ᠬᠤᠪᠢᠰᠬᠠᠯ᠂ ᠬᠤᠭ ᠨᠤᠪᠰᠢ ᠶᠢ ᠵᠠᠰᠠᠬᠤ᠂ | ᠲᠤᠰᠬᠤᠨ ᠤ ᠨᠢᠭᠤᠷ ᠳᠦᠷᠰᠦ ᠶᠢ ᠳᠡᠭᠡᠭᠰᠢᠯᠡᠭᠦᠯᠬᠦ᠂ ᠲᠠᠷᠢᠶᠠᠯᠠᠩ ᠮᠠᠯᠵᠢᠯ ᠤᠨ ᠬᠠᠶᠠᠭᠳᠠᠮᠠᠯ ᠪᠤᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠭᠤᠤᠯᠳᠠᠯᠭ᠎ᠠ | ᠲᠠᠢ ᠠᠵᠢᠯ ᠢ ᠪᠠᠲᠤᠲᠠᠢ ᠠᠬᠢᠭᠤᠯᠤᠨ᠎ᠠ᠃ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠦᠬᠦ ᠰᠢᠶᠠᠨ ᠳᠤ ᠠᠬᠢᠭᠤᠯᠬᠤ ᠲᠦᠷᠦᠯ | ᠵᠦᠢᠯ ᠢ ᠲᠦᠷᠭᠡᠳᠭᠡᠵᠦ᠂ ᠲᠠᠷᠢᠶᠠᠯᠠᠬᠤ ᠮᠠᠯᠵᠢᠬᠤ ᠤᠷᠤᠨ ᠤ ᠠᠷᠢᠭᠤᠨ ᠴᠠᠪᠡᠷ ᠵᠤᠷᠯᠤᠩ ᠢ ᠲᠦᠭᠡᠮᠡᠯᠵᠢᠭᠦᠯᠬᠦ ᠨᠤᠷᠮ᠎ᠠ ᠶᠢ 40% ᠳᠤ ᠬᠦᠷᠭᠡᠵᠦ᠂ ᠡᠰᠢ ᠰᠦᠷᠡᠯ | ᠪᠠ ᠮᠠᠯ ᠵᠢᠭᠦᠷᠲᠡᠨ ᠤ ᠢᠯᠭᠠᠳᠠᠰᠤ ᠶᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ ᠲᠤᠰᠪᠤᠷᠢ 80% ᠪᠠ 75% ᠠᠴᠠ ᠳᠡᠭᠡᠭᠰᠢ ᠳᠤ ᠬᠦᠷᠭᠡᠵᠦ᠂ 90% ᠶᠢᠨ | ᠲᠤᠰᠬᠤᠨ ᠤ ᠠᠮᠢᠳᠤᠷᠠᠯ ᠤᠨ ᠬᠤᠭ ᠨᠤᠪᠰᠢ ᠵᠠᠰᠠᠭᠳᠠᠵᠤ᠂ ᠲᠠᠷᠢᠶᠠᠯᠠᠬᠤ ᠮᠠᠯᠵᠢᠬᠤ ᠤᠷᠤᠨ ᠤ ᠤᠷᠤᠰᠢᠨ ᠰᠠᠭᠤᠬᠤ ᠤᠷᠴᠢᠨ ᠲᠤᠭᠤᠷᠢᠨ ᠢ ᠦᠷᠬᠦᠯᠵᠢᠯᠡᠨ | ᠦᠭᠡᠷᠡᠴᠢᠯᠡᠨ ᠰᠠᠶᠢᠵᠢᠷᠠᠭᠤᠯᠵᠤ᠂ ᠲᠠᠷᠢᠶᠠᠯᠠᠬᠤ ᠮᠠᠯᠵᠢᠬᠤ ᠤᠷᠤᠨ ᠤ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭᠠᠨ ᠤ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ |