︵ᠵᠢᠷᠭᠤᠭ᠎ᠠ︶ ᠬᠡᠷᠡᠭᠯᠡᠭᠡ ᠶᠢᠨ ᠲᠤᠭᠲᠠᠭᠤᠨ ᠨᠡᠮᠡᠭᠳᠡᠯ ᠢ ᠬᠦᠴᠦ ᠪᠠᠨ ᠲᠦᠪᠯᠡᠷᠡᠭᠦᠯᠦᠨ ᠠᠬᠢᠭᠤᠯᠵᠤ᠂ ᠦᠢᠯᠡᠴᠢᠯᠡᠭᠡᠨ ᠤ ᠦᠢᠯᠡᠰ ᠤᠨ ᠳᠡᠰ ᠳᠡᠪᠰᠢᠬᠦ ᠶᠢ | ᠲᠦᠷᠭᠡᠳᠭᠡᠨ᠎ᠡ᠃ ᠬᠢᠵᠢᠭ ᠤᠨ ᠪᠠᠶᠢᠳᠠᠯ ᠤᠨ ᠨᠦᠯᠦᠬᠡ ᠶᠢ ᠪᠦᠲᠦᠮᠵᠢᠳᠠᠢ ᠠᠷᠭᠠᠴᠠᠭᠠᠵᠤ᠂ ᠬᠡᠷᠡᠭᠯᠡᠭᠡᠨ ᠤ ᠬᠠᠩᠭᠠᠯᠭ᠎ᠠ ᠶᠢ ᠲᠠᠰᠤᠷᠠᠯᠳᠠ ᠦᠬᠡᠢ ᠰᠢᠯᠢᠳᠡᠭᠵᠢᠭᠦᠯᠦᠨ᠂ | ᠦᠢᠯᠡᠴᠢᠯᠡᠬᠡᠨ ᠤ ᠦᠢᠯᠡᠰ ᠤᠨ ᠳᠤᠭᠳᠠᠭᠤᠨ ᠡᠷᠡᠬᠦᠯ ᠢᠶᠠᠷ ᠭᠦᠭᠵᠢᠬᠦ ᠶᠢ ᠠᠬᠢᠭᠤᠯᠤᠨ᠎ᠠ᠃ | ᠵᠢᠭᠤᠯᠴᠢᠯᠠᠯ ᠤᠨ ᠦᠢᠯᠡᠰ ᠤᠨ ᠦᠨᠳᠦᠷ ᠵᠡᠷᠭᠡᠯᠡᠯ ᠤᠨ ᠬᠥᠭᠵᠢᠯᠲᠡ ᠶᠢ ᠠᠬᠢᠭᠤᠯᠤᠨ᠎ᠠ᠃ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠨᠠᠶᠢᠳᠠᠪᠤᠷᠢᠵᠢᠭᠤᠯᠵᠤ᠂ ᠲᠠᠯ᠎ᠠ ᠨᠤᠲᠤᠭ ᠤᠨ ᠵᠢᠭᠤᠯᠴᠢᠯᠠᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠪᠥᠬᠦ ᠣᠷᠣᠨ ᠪᠦᠰᠡ ᠶᠢᠨ | ᠵᠤᠭᠠᠴᠠᠯ᠂ ᠳᠥᠷᠪᠡᠨ ᠤᠯᠠᠷᠢᠯ ᠤᠨ ᠵᠤᠭᠠᠴᠠᠯ᠂ ᠬᠢᠯᠢ ᠠᠯᠤᠰᠯᠠᠭᠰᠠᠨ ᠵᠤᠭᠠᠴᠠᠯ ᠢ ᠲᠦᠷᠭᠡᠳᠬᠡᠨ ᠠᠬᠢᠭᠤᠯᠵᠤ᠂ ᠣᠯᠠᠨ ᠤᠯᠤᠰᠴᠢᠯᠠᠭᠰᠠᠨ ᠦᠨᠳᠦᠷ ᠵᠡᠷᠭᠡᠯᠡᠯ ᠤᠨ | ᠵᠢᠭᠤᠯᠴᠢᠯᠠᠯ ᠤᠨ ᠵᠣᠷᠢᠭᠰᠠᠨ ᠭᠠᠵᠠᠷ ᠢ ᠪᠥᠬᠦ ᠬᠦᠴᠦ ᠪᠠᠷ ᠴᠣᠭᠴᠠᠯᠠᠨ ᠪᠠᠶᠢᠭᠤᠯᠤᠨ᠎ᠠ᠃ ︽ᠤᠯᠠᠭᠠᠨᠬᠤᠲᠠ — ᠷᠠᠰᠢᠶᠠᠨ — ᠬᠠᠶᠢᠯᠠᠷ — ᠮᠠᠨᠵᠤᠤᠷ︾ | ᠤᠨ ᠵᠢᠭᠤᠯᠴᠢᠯᠠᠯ ᠤᠨ ᠨᠢᠭᠡ ᠴᠤᠭᠴᠠᠵᠢᠯᠲᠠ ᠶᠢ ᠢᠳᠡᠪᠬᠢᠲᠡᠢ ᠠᠬᠢᠭᠤᠯᠵᠤ᠂ ᠬᠥᠯᠥᠨ ᠪᠣᠶᠢᠷ ᠤᠨ ᠰᠠᠷᠠᠭᠤᠯ ᠲᠠᠯ᠎ᠠ ᠨᠤᠲᠤᠭ ᠤᠨ 5A ᠳᠡᠰ ᠤᠨ ᠦᠵᠡᠮᠵᠢ ᠶᠢᠨ | ᠤᠷᠤᠨ ᠢ ᠡᠭᠦᠳᠦᠨ ᠪᠠᠶᠢᠭᠤᠯᠬᠤ ᠶᠢ ᠳᠠᠮᠵᠢᠵᠤ᠂ ᠮᠠᠨᠵᠤᠤᠷ ᠤᠨ ᠣᠭᠰᠠᠷᠠᠭ᠎ᠠ ᠬᠡᠤᠬᠡᠯᠳᠡᠢ ᠠᠭᠤᠳᠠᠮ ᠲᠠᠯᠠᠪᠠᠢ ᠶᠢᠨ ᠭᠤᠷᠪᠠᠳᠤᠭᠠᠷ ᠬᠤᠭᠤᠴᠠᠭᠠᠨ ᠤ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠣᠢ ᠰᠢᠭᠤᠶ ᠲᠠᠯ᠎ᠠ ᠨᠤᠲᠤᠭ ᠤᠨ ᠵᠢᠭᠤᠯᠴᠢᠯᠠᠯ ᠤᠨ ᠭᠠᠯᠲᠤ ᠲᠡᠷᠭᠡᠨ ᠤ ᠲᠡᠭᠡᠭᠡᠪᠦᠷᠢᠯᠡᠨ ᠡᠵᠡᠩᠨᠡᠬᠦ ᠬᠢᠷᠢ ᠲᠦᠪᠰᠢᠨ ᠢ | ᠳᠡᠭᠡᠭᠰᠢᠯᠡᠭᠦᠯᠦᠨ᠂ ᠨᠢᠭᠡ ᠪᠦᠯᠦᠭ ᠦᠨᠳᠦᠷ ᠵᠡᠷᠭᠡᠯᠡᠯ ᠤᠨ ᠵᠢᠭᠤᠯᠴᠢᠯᠠᠯ ᠤᠨ ᠪᠦᠲᠦᠭᠡᠭᠳᠡᠬᠦᠨ ᠢ ᠰᠢᠨ᠎ᠡ ᠪᠠᠷ ᠡᠭᠦᠳᠴᠦ᠂ ᠠᠶᠠᠯᠠᠨ ᠵᠤᠭᠠᠴᠠᠬᠤ ᠠᠴᠠ ᠪᠡᠶᠡᠴᠢᠯᠡᠨ | ᠵᠤᠭᠠᠴᠠᠬᠤ᠂ ᠠᠮᠠᠷᠠᠨ ᠵᠤᠭᠠᠴᠠᠬᠤ᠂ ᠰᠡᠯᠡᠭᠦᠴᠡᠨ ᠵᠤᠭᠠᠴᠠᠬᠤ᠂ ᠡᠷᠡᠭᠦᠯᠵᠢᠨ ᠵᠤᠭᠠᠴᠠᠬᠤ ᠲᠡᠰᠢ ᠬᠤᠪᠢᠷᠠᠭᠤᠯᠬᠤ ᠶᠢ ᠠᠬᠢᠭᠤᠯᠤᠨ᠎ᠠ᠃ ᠦᠵᠡᠮᠵᠢ ᠶᠢᠨ ᠣᠷᠣᠨ ᠤ | ᠢᠵᠢ ᠪᠦᠷᠢᠳᠦᠭᠦᠯᠦᠭᠰᠡᠨ ᠦᠶᠯᠡᠴᠢᠯᠡᠭᠡᠨ ᠤ ᠪᠡᠯᠡᠳᠬᠡᠮᠵᠢ ᠶᠢ ᠪᠦᠷᠢᠨᠰᠢᠭᠦᠯᠵᠦ᠂ ᠵᠢᠭᠤᠯᠴᠢᠯᠠᠯ ᠤᠨ ᠥᠷᠲᠡᠭᠡ ᠪᠠ ᠤᠶᠤᠨᠲᠤ ᠰᠣᠶᠣᠯ ᠵᠢᠭᠤᠯᠴᠢᠯᠠᠯ ᠤᠨ ᠰᠢᠰᠲ᠋ᠧᠮ ᠢ | ᠪᠠᠶᠢᠭᠤᠯᠵᠤ᠂ ᠵᠣᠷᠯᠣᠩ ᠳᠤ ᠤᠷᠤᠬᠤ ᠳᠤ ᠬᠦᠴᠢᠷ᠂ ᠲᠡᠷᠭᠡ ᠵᠤᠭᠰᠤᠭᠠᠬᠤ ᠳᠤ ᠬᠦᠴᠢᠷ᠂ ᠲᠣᠰᠣ ᠨᠡᠮᠡᠬᠦ ᠳᠤ ᠬᠦᠴᠢᠷ᠂ ᠴᠠᠬᠢᠯᠭᠠᠨ ᠴᠡᠨᠡᠭᠯᠡᠬᠦ ᠳᠤ ᠬᠦᠴᠢᠷ᠂ | ᠴᠢᠮᠡᠭᠡ ᠨᠡᠪᠲᠡᠷᠡᠯᠭᠡ ᠶᠢᠨ ᠳᠣᠬᠢᠶ᠎ᠠ ᠰᠠᠭᠠᠳ ᠲᠠᠢ ᠵᠡᠷᠭᠡ ᠠᠰᠠᠭᠤᠳᠠᠯ ᠢ ᠬᠦᠴᠦᠯᠡᠨ ᠰᠢᠶᠳᠪᠦᠷᠢᠯᠡᠨ᠎ᠡ᠃ ᠵᠦᠩ ᡁᠢ᠂ ᠲᠦᠩ ᠴᠧᠩ ᠵᠢᠭᠤᠯᠴᠢᠯᠠᠯ ᠵᠡᠷᠭᠡ ᠠᠵᠤ | ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠵᠢᠭᠤᠯᠴᠢᠯᠠᠯ ᠢ ᠰᠦᠯᠵᠢᠶ᠎ᠡ ᠪᠠᠷ ᠡᠵᠡᠩᠨᠡᠨ ᠪᠤᠷᠤᠯᠠᠭᠤᠯᠬᠤ ᠶᠢ ᠴᠢᠩᠳᠠᠯᠠᠵᠤ᠂ ᠵᠢᠭᠤᠯᠴᠢᠯᠠᠯ ᠤᠨ | ᠬᠡᠷᠡᠭᠯᠡᠭᠡ ᠶᠢ ᠳᠡᠰ ᠳᠡᠪᠰᠢᠭᠦᠯᠬᠦ ᠶᠢ ᠠᠬᠢᠭᠤᠯᠤᠨ᠎ᠠ᠃ ᠵᠢᠭᠤᠯᠴᠢᠯᠠᠯ ᠤᠨ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠤᠨ ᠳᠦᠷᠢᠮ ᠠᠴᠠ ᠵᠥᠷᠢᠴᠡᠨ ᠡᠵᠡᠩᠨᠡᠬᠦ | ᠪᠠ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢ ᠦᠷᠬᠦᠯᠵᠢᠯᠡᠨ ᠥᠷᠨᠢᠭᠦᠯᠦᠨ᠎ᠡ᠃ ᠡᠪᠦᠯ ᠤᠨ | ᠤᠯᠠᠷᠢᠯ ᠤᠨ ᠵᠢᠭᠤᠯᠴᠢᠯᠠᠯ ᠢ ᠲᠦᠷᠭᠡᠳᠬᠡᠨ ᠬᠥᠭᠵᠢᠭᠦᠯᠵᠦ᠂ ︽ᠮᠦᠰᠦ ᠴᠠᠰᠤ +︾ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠡᠪᠦᠯ ᠤᠨ ᠤᠯᠠᠷᠢᠯ ᠤᠨ | ᠵᠢᠭᠤᠯᠴᠢᠯᠠᠯ ᠤᠨ ᠪᠦᠲᠦᠭᠡᠭᠳᠡᠬᠦᠨ ᠢ ᠪᠠᠶᠠᠯᠢᠭᠵᠢᠭᠤᠯᠤᠨ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠵᠠᠮ ᠱᠤᠭᠤᠮ ᠢ ᠨᠠᠷᠢᠯᠢᠭᠵᠢᠭᠤᠯᠵᠤ᠂ ᠡᠪᠦᠯ ᠤᠨ ᠤᠯᠠᠷᠢᠯ ᠤᠨ | ᠵᠢᠭᠤᠯᠴᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠮᠥᠰᠥ ᠴᠠᠰᠤᠨ ᠤ ᠵᠢᠭᠤᠯᠴᠢᠯᠠᠯ ᠬᠢᠭᠡᠳ ᠠᠮᠢ ᠠᠬᠤᠶ᠂ ᠰᠣᠶᠣᠯ ᠤᠨ ᠦᠵᠡᠰᠬᠦᠯᠡᠩ᠂ ᠠᠷᠠᠳ ᠤᠨ ᠵᠠᠩ | ᠠᠭᠠᠯᠢ ᠶᠢᠨ ᠭᠦᠨ ᠠᠭᠤᠰᠤᠯᠴᠠᠯ ᠢ ᠠᠬᠢᠭᠤᠯᠵᠤ᠂ ᠣᠯᠠᠨ ᠤᠯᠤᠰ ᠤᠨ ᠴᠠᠭ ᠤᠨ ᠦᠩᠭᠡᠲᠦ ᠮᠥᠰᠥ ᠴᠠᠰᠤᠨ ᠤ ᠵᠢᠭᠤᠯᠴᠢᠯᠠᠯ ᠤᠨ ᠦᠵᠡᠮᠵᠢᠲᠦ ᠣᠷᠣᠨ ᠢ ᠪᠥᠬᠦ | ᠬᠦᠴᠦᠨ ᠢᠶᠠᠷ ᠴᠤᠭᠴᠠᠯᠠᠨ ᠪᠠᠶᠢᠭᠤᠯᠤᠨ᠎ᠠ᠃ | ᠤᠳᠤ ᠦᠶ᠎ᠡ ᠶᠢᠨ ᠦᠶᠯᠡᠴᠢᠯᠡᠭᠡᠨ ᠤ ᠦᠶᠯᠡᠰ ᠤᠨ ᠰᠢᠨ᠎ᠡ ᠶᠢ ᠡᠭᠦᠳᠴᠦ ᠬᠦᠭᠵᠢᠭᠦᠯᠬᠦ ᠶᠢ ᠠᠬᠢᠭᠤᠯᠤᠨ᠎ᠠ᠃ ᠬᠥᠯᠥᠨ ᠪᠤᠶᠢᠷ ᠤᠨ ᠸᠠᠨ ᠳ᠋ᠠ ᠠᠭᠤᠳᠠᠮ | ᠲᠠᠯᠠᠪᠠᠢ᠂ ᠮᠠᠨᠵᠤᠤᠷ ᠤᠨ ᠣᠯᠠᠨ ᠤᠯᠤᠰ ᠤᠨ ᠪᠠᠷᠠᠭᠠᠨ ᠤ ᠭᠦᠢᠯᠭᠡᠭᠡ ᠶᠢᠨ ᠲᠥᠪ᠂ ᠬᠦᠯᠦᠨ ᠪᠤᠶᠢᠷ ᠤᠨ ᠮᠠᠰᠢᠨ ᠲᠡᠷᠭᠡᠨ ᠤ ᠠᠵᠤ ᠦᠢᠯᠡᠰ ᠤᠨ ᠬᠦᠷᠢᠶᠡᠯᠡᠩ ᠵᠡᠷᠭᠡ | ᠭᠤᠣᠯᠳᠠᠯᠭ᠎ᠠ ᠲᠠᠢ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠵᠦ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠳᠤᠭᠠᠴᠢᠯᠠᠭᠰᠠᠨ ᠰᠢᠯᠵᠢᠯᠳᠡ ᠶᠢ | ᠳᠡᠮᠵᠢᠵᠤ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠠᠭᠤᠰᠤᠯᠴᠠᠨ ᠬᠥᠭᠵᠢᠬᠦ ᠶᠢ ᠵᠤᠷᠢᠭᠵᠢᠭᠤᠯᠵᠤ᠂ | ᠰᠦᠯᠵᠢᠶᠡᠨ ᠬᠡᠷᠡᠭᠯᠡᠭᠡ ᠶᠢᠨ ᠰᠢᠨ᠎ᠡ ᠬᠦᠳᠡᠯᠬᠡᠬᠦ ᠡᠨᠧᠷᠬᠢ ᠢᠯᠭᠠᠷᠠᠭᠤᠯᠬᠤ ᠶᠢ ᠲᠦᠷᠭᠡᠳᠬᠡᠨ᠎ᠡ᠃ ᠴᠠᠬᠢᠮ ᠬᠤᠳᠠᠯᠳᠤᠭ᠎ᠠ ᠶᠢ ᠬᠥᠳᠡᠭᠡ ᠲᠣᠰᠬᠤᠨ ᠤ | ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠳᠤ ᠣᠷᠣᠭᠤᠯᠬᠤ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠴᠠᠬᠢᠮ ᠬᠤᠳᠠᠯᠳᠤᠭᠠᠨ ᠤ | ᠠᠵᠤ ᠦᠶᠯᠡᠰ ᠤᠨ ᠬᠦᠷᠢᠶᠡᠯᠡᠩ ᠪᠠ ᠣᠨᠳᠣᠤ ᠭᠠᠵᠠᠷ ᠲᠤ ᠬᠥᠮᠥᠷᠭᠡᠯᠡᠨ ᠬᠠᠳᠠᠭᠠᠯᠠᠬᠤ ᠬᠦᠢᠲᠡᠨ ᠬᠡᠯᠬᠢᠶᠡᠰᠦ ᠶᠢᠨ ᠲᠥᠷᠥᠯ ᠵᠦᠶᠯ ᠤᠨ ᠪᠠᠶᠢᠭᠤᠯᠤᠯᠲᠠ ᠶᠢ | ᠲᠦᠷᠭᠡᠳᠬᠡᠨ᠂ ᠴᠠᠬᠢᠮ ᠬᠤᠳᠠᠯᠳᠤᠭ᠎ᠠ᠂ ᠪᠠᠷᠠᠭᠠᠨ ᠤ ᠭᠦᠢᠯᠭᠡᠭᠡ ᠶᠢᠨ ᠳᠣᠭᠢᠷᠠᠭᠤᠯᠤᠨ ᠬᠦᠷᠭᠡᠯᠲᠡ ᠶᠢ ᠲᠠᠷᠢᠶᠠᠯᠠᠬᠤ ᠮᠠᠯᠵᠢᠬᠤ ᠣᠷᠣᠨ ᠳᠤ ᠪᠦᠷᠬᠦᠭᠦᠯᠬᠦ ᠶᠢ | ᠠᠬᠢᠭᠤᠯᠤᠨ᠎ᠠ᠃ ᠪᠣᠳᠠᠲᠤ ᠲᠠᠸᠠᠷ ᠤᠨ ᠬᠡᠷᠡᠭᠯᠡᠭᠡ ᠶᠢ ᠥᠷᠭᠡᠳᠬᠡᠵᠦ᠂ ᠳᠦᠳᠡ ᠳᠡᠯᠭᠡᠭᠦᠷ᠂ ᠨᠡᠶᠢᠭᠡᠮ ᠲᠣᠭᠤᠷᠢᠭ ᠤᠨ ᠢᠳᠡᠰᠢᠨ ᠨᠤᠭᠤᠭᠠᠨ ᠤ ᠵᠠᠬ᠎ᠠ ᠳᠡᠯᠭᠡᠭᠦᠷ | ᠵᠡᠷᠭᠡ ᠠᠷᠠᠳ ᠲᠤ ᠳᠥᠭᠦᠮ ᠦᠵᠡᠭᠦᠯᠬᠦ ᠬᠡᠷᠡᠭᠯᠡᠭᠡᠨ ᠤ ᠪᠡᠯᠡᠳᠭᠡᠮᠵᠢ ᠶᠢ ᠪᠦᠷᠢᠨᠰᠢᠭᠦᠯᠦᠨ᠎ᠡ᠃ ᠨᠡᠶᠢᠭᠡᠮ ᠤᠨ ᠬᠦᠴᠦᠨ ᠤ ᠦᠶᠯᠡᠳᠦᠯ ᠢ ᠪᠠᠳᠠᠷᠠᠭᠤᠯᠵᠤ᠂ | ᠨᠠᠰᠤᠵᠢᠯ ᠤᠨ ᠠᠰᠠᠷᠠᠮᠵᠢ᠂ ᠠᠰᠠᠷᠠᠨ ᠬᠦᠮᠦᠵᠢᠭᠦᠯᠭᠡ᠂ ᠬᠡᠷ ᠠᠬᠤᠶ ᠶᠢᠨ ᠦᠶᠯᠡᠴᠢᠯᠡᠭᠡᠨ ᠤ ᠬᠠᠩᠭᠠᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠵᠦ᠂ ᠡᠮᠴᠢᠯᠡᠭᠡ | ᠰᠤᠪᠢᠯᠠᠯᠲᠠ ᠡᠷᠡᠭᠦᠯᠵᠢᠯ ᠰᠤᠪᠢᠯᠠᠯᠲᠠ ᠶᠢ ᠤᠶᠠᠯᠳᠤᠭᠤᠯᠬᠤ ᠶᠢ ᠬᠦᠴᠦᠯᠡᠨ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠲᠤᠯᠠᠭ᠎ᠠ ᠶᠢᠨ | ᠲᠤᠭᠲᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠭᠡᠨ᠎ᠡ᠃ ᠦᠵᠡᠭᠦᠯᠦᠯᠭᠡ ᠶᠢᠨ ᠠᠵᠤ ᠠᠬᠤᠶ ᠶᠢ ᠡᠷᠴᠢᠮᠲᠡᠢ ᠬᠥᠭᠵᠢᠭᠦᠯᠵᠦ᠂ ᠤᠯᠠᠨ ᠤᠯᠤᠰ ᠤᠨ | ᠦᠵᠡᠭᠦᠯᠦᠯᠭᠡ ᠶᠢᠨ ᠲᠥᠪ ᠢ ᠲᠦᠷᠭᠡᠳᠭᠡᠨ ᠪᠠᠶᠢᠭᠤᠯᠤᠨ᠎ᠠ᠃ | ︵ᠳᠣᠯᠤᠭ᠎ᠠ︶ ᠬᠤᠲᠠ ᠬᠥᠳᠡᠭᠡ ᠶᠢᠨ ᠬᠥᠭᠵᠢᠯᠲᠡ ᠶᠢ ᠬᠦᠴᠦ ᠪᠠᠨ ᠲᠥᠪᠯᠡᠷᠡᠭᠦᠯᠦᠨ ᠨᠢᠭᠡᠳᠦᠯᠲᠡᠶ ᠲᠥᠯᠥᠪᠯᠡᠵᠦ᠂ ᠰᠠᠭᠤᠷᠢ ᠪᠡᠯᠡᠳᠭᠡᠮᠵᠢ ᠶᠢ ᠪᠥᠬᠦ | ᠲᠠᠯ᠎ᠠ ᠪᠠᠷ ᠰᠠᠶᠢᠵᠢᠷᠠᠭᠤᠯᠤᠨ᠎ᠠ᠃ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠶᠢ ᠪᠠᠷᠢᠮᠲᠠᠯᠠᠵᠤ᠂ ᠳᠤᠲᠠᠭᠤᠳᠠᠯ ᠢ ᠨᠥᠬᠦᠪᠥᠷᠢᠯᠡᠵᠦ᠂ ᠴᠢᠨᠠᠷ ᠳᠡᠰ ᠢ | ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ | ᠤᠷᠤᠰᠢᠨ ᠰᠠᠭᠤᠬᠤ ᠳᠤ ᠲᠠᠭᠠᠯᠠᠮᠵᠢᠲᠠᠢ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠲᠦᠪ ᠬᠤᠲᠠ ᠶᠢᠨ | ᠲᠣᠭᠤᠷᠢᠭ ᠢ ᠤᠷᠢᠳᠠᠪᠠᠷ ᠬᠥᠭᠵᠢᠭᠦᠯᠵᠦ᠂ ᠬᠤᠲᠠ ᠶᠢᠨ ᠵᠠᠮ ᠤᠨ ᠲᠣᠤᠷ ᠤᠨ ᠰᠢᠰᠲ᠋ᠧᠮ᠂ ᠬᠡᠢ ᠬᠠᠩᠭᠠᠬᠤ ᠢᠯᠴᠢ ᠬᠠᠩᠭᠠᠬᠤ᠂ ᠤᠰᠤ ᠬᠠᠩᠭᠠᠬᠤ ᠤᠰᠤ | ᠲᠠᠲᠠᠷᠠᠭᠤᠯᠬᠤ᠂ ᠴᠡᠴᠡᠷᠯᠢᠭ ᠤᠨ ᠨᠤᠭᠤᠭᠠᠷᠠᠭᠤᠯᠤᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠂ ᠲᠡᠷᠭᠡᠨ ᠵᠣᠭᠰᠣᠭᠠᠯ ᠤᠨ ᠲᠠᠯᠠᠪᠠᠢ᠂ ᠣᠯᠠᠨ ᠨᠡᠶᠢᠲᠡ ᠶᠢᠨ ᠵᠣᠷᠯᠣᠩ᠂ ᠬᠤᠲᠠ ᠶᠢᠨ ᠢᠯᠡᠷᠬᠡᠶᠢᠯᠡᠯ ᠵᠡᠷᠭᠡ ᠢᠵᠢ ᠪᠦᠷᠢᠳᠦᠭᠦᠯᠬᠦ ᠪᠡᠯᠡᠳᠬᠡᠮᠵᠢ ᠶᠢ | ᠪᠦᠷᠢᠨᠰᠢᠭᠦᠯᠵᠦ᠂ ᠲᠦᠪ ᠬᠤᠲᠠ ᠶᠢᠨ ᠲᠣᠭᠤᠷᠢᠭ᠂ ᠬᠤᠲᠠ ᠶᠢᠨ ᠲᠡᠭᠦᠷᠭᠡ ᠶᠢᠨ ᠪᠠᠯᠭᠠᠰᠤ᠂ ᠣᠨᠴᠠᠯᠢᠭᠲᠤ ᠵᠢᠵᠢᠭ ᠪᠠᠯᠭᠠᠰᠤ ᠶᠢᠨ ᠳᠠᠭᠠᠭᠠᠬᠤ ᠴᠢᠳᠠᠮᠵᠢ ᠶᠢ | ᠳᠡᠭᠡᠭᠰᠢᠯᠡᠭᠦᠯᠦᠨ᠎ᠡ᠃ ᠭᠡᠷ ᠬᠥᠷᠥᠩᠭᠡ ᠶᠢᠨ ᠬᠦᠷᠢᠶ᠎ᠡ ᠴᠠᠷᠠᠭᠠᠨ ᠳᠠᠬᠢ ︽ᠦᠨᠡᠮᠯᠡᠯ ᠭᠦᠶᠴᠡᠳᠬᠡᠬᠦ ᠳᠤ ᠬᠦᠴᠢᠷᠲᠡᠶ︾᠂ ︽ᠪᠤᠴᠠᠭᠠᠨ ᠨᠡᠭᠦᠯᠭᠡᠬᠦ ᠳᠤ ᠬᠦᠴᠢᠷᠲᠡᠶ︾᠂ | ︽ᠣᠷᠣᠵᠤ ᠰᠠᠭᠤᠬᠤ ᠳᠤ ᠬᠦᠴᠢᠷᠲᠡᠶ︾ ᠠᠰᠠᠭᠤᠳᠠᠯ ᠢ ᠪᠥᠬᠦ ᠲᠠᠯ᠎ᠠ ᠪᠠᠷ ᠪᠡᠶᠡᠯᠡᠭᠦᠯᠵᠦ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ 2.4 | ᠲᠦᠮᠡᠨ ᠡᠷᠦᠬᠡ᠂ 186 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠶᠢ ᠥᠭᠡᠷᠡᠴᠢᠯᠡᠨ ᠰᠢᠨᠡᠳᠭᠡᠬᠦ ᠶᠢ ᠬᠡᠷᠡᠭᠵᠢᠭᠦᠯᠦᠨ᠎ᠡ᠃ ᠬᠠᠶᠢᠯᠠᠷ ᠲᠣᠭᠤᠷᠢᠭ ᠤᠨ ᠰᠢᠨ᠎ᠡ | ᠤᠰᠤᠨ ᠦᠶᠯᠡᠳᠪᠦᠷᠢ᠂ ᠪᠠᠴᠢᠮ ᠪᠠᠶᠢᠳᠠᠯ ᠢ ᠠᠷᠭᠠᠴᠠᠭᠠᠬᠤ ᠤᠰᠤᠨ ᠰᠤᠷᠪᠤᠯᠵᠢ ᠪᠣᠯᠤᠨ ᠤᠰᠤ ᠳᠠᠮᠵᠢᠭᠤᠯᠬᠤ ᠬᠤᠭᠤᠯᠠᠶ ᠲᠤᠤᠷ ᠤᠨ ᠪᠦᠲᠦᠭᠡᠨ ᠪᠠᠶᠢᠭᠤᠯᠤᠯᠲᠠ | ᠶᠢ ᠲᠦᠷᠭᠡᠳᠬᠡᠨ᠂ ᠬᠠᠭᠤᠴᠢᠨ ᠤᠰᠤᠨ ᠤ ᠦᠶᠯᠡᠳᠪᠦᠷᠢ ᠶᠢᠨ ᠮᠡᠷᠭᠡᠵᠢᠯ ᠢ ᠦᠭᠡᠷᠡᠴᠢᠯᠡᠨ ᠰᠢᠨᠡᠳᠭᠡᠬᠦ ᠡᠷᠴᠢᠮ ᠢ ᠴᠢᠩᠭᠠᠷᠠᠭᠤᠯᠵᠤ᠂ ᠬᠤᠲᠠ ᠶᠢᠨ ᠤᠰᠤ | ᠬᠠᠩᠭᠠᠬᠤ ᠶᠠᠰᠤ ᠴᠢᠨᠠᠷ ᠪᠣᠯᠤᠨ ᠠᠮᠤᠷ ᠲᠦᠪᠰᠢᠨ ᠢ ᠪᠠᠲᠤᠯᠠᠨ᠎ᠠ᠃ ᠤᠶᠤᠨᠴᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ | ᠠᠬᠢᠭᠤᠯᠵᠤ᠂ ᠲᠦᠪ ᠬᠤᠲᠠ ᠶᠢᠨ ᠲᠣᠭᠤᠷᠢᠭ ᠤᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠶᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ | ᠳᠡᠭᠡᠭᠰᠢᠯᠡᠭᠦᠯᠦᠨ᠎ᠡ᠃ ᠪᠥᠬᠦ ᠤᠯᠤᠰ ᠤᠨ ᠪᠣᠯᠪᠠᠰᠤᠨ ᠬᠤᠲᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠶᠢ ᠭᠦᠨᠵᠡᠭᠡᠢ | ᠠᠬᠢᠭᠤᠯᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠵᠢᠷᠤᠮᠵᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠲᠠ ᠶᠢᠨ ᠨᠢᠭᠤᠷ ᠳᠦᠷᠰᠦ ᠶᠢ ᠴᠡᠭᠴᠡᠯᠡᠨ ᠵᠠᠰᠠᠬᠤ᠂ | ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠬᠤ᠂ ᠤᠰᠤᠨ ᠴᠣᠭᠴᠠ ᠮᠠᠭᠤᠲᠠᠬᠤ ᠶᠢ ᠰᠡᠷᠭᠡᠶᠢᠯᠡᠨ ᠡᠵᠡᠮᠳᠡᠬᠦ ᠵᠡᠷᠭᠡ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ | ᠬᠤᠲᠠ ᠶᠢᠨ ᠶᠡᠷᠦᠩᠬᠡᠶᠢᠯᠡᠭᠰᠡᠨ ᠣᠷᠴᠢᠨ ᠲᠣᠭᠤᠷᠢᠨ ᠤ ᠠᠰᠠᠭᠤᠳᠠᠯ ᠢ ᠪᠥᠬᠦ ᠲᠠᠯ᠎ᠠ ᠪᠠᠷ ᠰᠡᠷᠭᠡᠶᠢᠯᠡᠨ ᠡᠵᠡᠮᠳᠡᠨ᠎ᠡ᠃ ᠤᠶᠤᠨᠲᠤ ᠬᠤᠲᠠ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠲᠤᠤᠷᠵᠢᠭᠤᠯᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠪᠦᠷᠢᠨᠰᠢᠭᠦᠯᠵᠦ᠂ ᠬᠤᠲᠠ ᠶᠢᠨ ᠬᠠᠮᠢᠶᠠᠷᠤᠯᠲᠠ ᠶᠢᠨ ᠪᠠᠶᠢᠩᠭᠤ | ᠪᠦᠲᠦᠮᠵᠢᠳᠤ ᠳᠤᠭᠲᠠᠴᠠ ᠶᠢ ᠴᠤᠭᠴᠠᠯᠠᠨ ᠪᠠᠶᠢᠭᠤᠯᠤᠨ᠎ᠠ᠃ ᠬᠤᠲᠠ ᠪᠠᠯᠭᠠᠰᠤ ᠶᠢᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ | ᠲᠣᠭᠲᠠᠴᠠ ᠶᠢ ᠪᠦᠷᠢᠨᠰᠢᠭᠦᠯᠵᠦ᠂ ᠲᠠᠷᠢᠶᠠᠯᠠᠩ ᠮᠠᠯᠵᠢᠯ ᠠᠴᠠ ᠰᠢᠯᠵᠢᠭᠰᠡᠨ ᠬᠥᠮᠦᠨ ᠠᠮᠠ ᠶᠢᠨ ᠬᠤᠲᠠᠴᠢᠯᠠᠯᠲᠠ ᠶᠢ ᠠᠬᠢᠭᠤᠯᠤᠨ᠎ᠠ᠃ | ᠬᠤᠲᠠ ᠬᠥᠳᠡᠭᠡ ᠶᠢᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠲᠠ ᠬᠥᠳᠡᠭᠡ ᠶᠢᠨ ᠠᠭᠤᠰᠤᠯᠴᠠᠨ ᠬᠦᠭᠵᠢᠬᠦ | ᠪᠠᠶᠢᠭᠤᠯᠤᠯ ᠲᠣᠭᠲᠠᠴᠠ ᠪᠣᠯᠤᠨ ᠲᠥᠷᠥ ᠶᠢᠨ ᠪᠣᠳᠣᠯᠭ᠎ᠠ ᠶᠢᠨ ᠲᠤᠭᠲᠠᠯᠴᠠᠭ᠎ᠠ ᠶᠢ ᠪᠦᠷᠢᠨᠰᠢᠭᠦᠯᠵᠦ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠲᠠᠷᠢᠶᠠᠯᠠᠬᠤ ᠮᠠᠯᠵᠢᠬᠤ ᠣᠷᠣᠨ ᠲᠡᠶᠢᠰᠢ ᠤᠷᠲᠤᠳᠬᠠᠬᠤ ᠶᠢ ᠲᠦᠷᠭᠡᠳᠬᠡᠨ᠎ᠡ᠃ ᠭᠡᠭᠡᠨ ᠭᠤᠤᠯ — ᠶᠠᠭᠰᠢ᠂ ᠲᠡᠩᠬᠡ — ᠭᠠᠨ ᠭᠤᠤᠯ ᠲᠠᠷᠢᠶᠠᠯᠠᠩ ᠤᠨ | ᠲᠠᠯᠠᠪᠠᠢ ᠵᠡᠷᠭᠡ ᠰᠢᠨ᠎ᠡ ᠪᠠᠷ ᠪᠠᠶᠢᠭᠤᠯᠬᠤ 5 ᠵᠠᠰᠠᠮᠠᠯ ᠵᠠᠮ ᠪᠠ ᠨᠢᠷᠬᠢ — ᠲᠡᠩᠭᠡ ᠵᠡᠷᠭᠡ ᠦᠷᠭᠦᠯᠵᠢᠯᠡᠨ ᠪᠠᠶᠢᠭᠤᠯᠬᠤ 3 ᠵᠠᠰᠠᠮᠠᠯ ᠵᠠᠮ ᠤᠨ ᠲᠥᠷᠥᠯ ᠵᠦᠶᠯ ᠢ | ᠪᠥᠬᠦ ᠬᠦᠴᠦᠨ ᠢᠶᠠᠷ ᠳᠦᠯᠬᠢᠨ ᠠᠬᠢᠭᠤᠯᠵᠤ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ᠬᠠᠶᠢᠯᠠᠷ — ᠢᠮᠢᠨ — ᠢᠷᠱᠢ ᠬᠦᠷᠬᠦ ᠲᠡᠮᠦᠷ ᠵᠠᠮ ᠤᠨ ᠳᠡᠰ ᠲᠡᠪᠰᠢᠭᠦᠯᠦᠨ ᠦᠭᠡᠷᠡᠴᠢᠯᠡᠨ ᠰᠢᠨᠡᠳᠭᠡᠬᠦ ᠶᠢ ᠲᠦᠷᠭᠡᠳᠬᠡᠵᠦ᠂ ᠴᠢᠴᠢᠬᠠᠷ᠂ ᠬᠠᠶᠢᠯᠠᠷ᠂ | ᠮᠠᠨᠵᠤᠤᠷ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠢ ᠱᠤᠭᠤᠮ ᠢ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠡᠮᠦᠷ ᠵᠠᠮ ᠤᠨ ᠪᠦᠲᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠳᠤ ᠣᠷᠣᠭᠤᠯᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ᠬᠠᠶᠢᠯᠠᠷ ᠤᠨ ᠨᠢᠰᠬᠡᠯ ᠤᠨ ᠪᠠᠭᠤᠳᠠᠯ ᠤᠨ ᠨᠢᠰᠬᠡᠯ ᠤᠨ | ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠮᠠᠩᠭᠦᠢ ᠶᠢᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠠᠰᠢᠭᠯᠠᠯᠲᠠ ᠳᠤ ᠣᠷᠣᠬᠤ ᠶᠢ | ᠠᠬᠢᠭᠤᠯᠵᠦ᠂ ᠱᠢᠸᠧᠢ᠂ ᠴᠠᠶᠢᠾᠧ ᠶᠢᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠨ᠎ᠡ᠃ ᠳᠤᠮᠳᠠᠳᠤ | ᠣᠷᠣᠰ ᠤᠨ ᠵᠡᠭᠦᠨ ᠱᠤᠭᠤᠮ ᠤᠨ ᠪᠠᠶᠢᠭᠠᠯᠢ ᠶᠢᠨ ᠰᠢᠲᠠᠮᠠᠬᠠᠶ ᠬᠡᠢ ᠳᠠᠮᠵᠢᠭᠤᠯᠬᠤ ᠬᠤᠭᠤᠯᠠᠶ ᠶᠢᠨ ᠬᠥᠯᠥᠨ ᠪᠤᠶᠢᠷ ᠲᠠᠬᠢ ᠰᠠᠯᠪᠤᠷᠢ ᠱᠤᠭᠤᠮ ᠤᠨ ᠲᠥᠷᠥᠯ ᠵᠦᠶᠯ ᠢ | ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ᠨᠢᠷᠬᠢ ᠤᠰᠤᠨ ᠠᠰᠢᠭᠯᠠᠯᠳᠠ ᠶᠢᠨ ᠬᠦᠢᠰᠦ ᠶᠢᠨ ᠳᠤᠤᠷᠠᠳᠤ ᠤᠷᠤᠰᠬᠠᠯ ᠤᠨ ᠤᠰᠤᠯᠠᠯᠳᠠ ᠶᠢᠨ | ᠤᠷᠤᠨ᠂ ᠵᠠᠳᠤᠨ ᠤᠰᠤᠨ ᠠᠰᠢᠭᠯᠠᠯᠲᠠ ᠶᠢᠨ ᠬᠦᠢᠰᠦ᠂ ᠣᠷᠣᠨ ᠪᠦᠰᠡ ᠶᠢᠨ ᠳᠣᠲᠣᠷᠠᠬᠢ ᠭᠤᠤᠯ ᠪᠣᠯᠬᠤ ᠰᠠᠯᠪᠤᠷᠢ ᠤᠷᠤᠰᠬᠠᠯ ᠢ ᠵᠠᠰᠠᠬᠤ᠂ ᠲᠠᠷᠢᠶᠠᠯᠠᠬᠤ | ᠮᠠᠯᠵᠢᠬᠤ ᠣᠷᠣᠨ ᠤ ᠤᠤᠭᠤᠬᠤ ᠤᠰᠤ ᠵᠡᠷᠭᠡ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠦᠨ᠎ᠡ᠃ | ︵ᠨᠠᠶᠮᠠ︶ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠦᠴᠦ ᠪᠠᠨ ᠲᠦᠪᠯᠡᠷᠡᠭᠦᠯᠦᠨ ᠴᠢᠩᠭᠠᠷᠠᠭᠤᠯᠵᠤ᠂ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠶᠡᠬᠡᠪᠡᠷ ᠰᠢᠯᠢᠳᠡᠭᠵᠢᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠪᠣᠯ ᠳᠠᠷᠤᠶ ᠦᠶᠯᠡᠳᠪᠦᠷᠢᠯᠡᠯ ᠤᠨ ᠬᠦᠴᠦᠨ᠂ | ᠥᠷᠢᠰᠥᠯᠳᠦᠬᠦ ᠬᠦᠴᠦᠨ ᠪᠣᠯᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠤᠨ ᠨᠦᠯᠦᠬᠡ ᠶᠢ ᠬᠦᠢᠴᠡᠳ ᠰᠤᠳᠤᠯᠤᠨ ᠮᠠᠭᠠᠳᠯᠠᠵᠤ᠂ ᠲᠦᠷᠥ ᠶᠢᠨ ᠪᠤᠳᠤᠯᠭ᠎ᠠ ᠠᠷᠭ᠎ᠠ | ᠠᠪᠴᠠᠯ ᠤᠨ ᠰᠢᠨ᠎ᠡ ᠶᠢ ᠡᠭᠦᠳᠦᠨ ᠪᠦᠷᠢᠨᠰᠢᠭᠦᠯᠵᠦ᠂ ᠬᠡᠷᠡᠭᠵᠢᠭᠦᠯᠬᠦ ᠲᠥᠰᠦᠯ ᠲᠣᠭᠲᠠᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ | ᠰᠠᠶᠢᠵᠢᠷᠠᠭᠤᠯᠵᠤ᠂ ᠠᠵᠤ ᠠᠬᠤᠶᠢᠯᠠᠯ ᠪᠠ ᠤᠯᠠᠨ ᠲᠦᠮᠡᠨ ᠳᠤ ᠦᠨᠡᠨ ᠪᠣᠳᠠᠲᠠᠶ ᠠᠰᠢᠭ ᠬᠦᠷᠲᠡᠯ ᠤᠨ ᠲᠦᠷᠦᠭᠳᠡᠯ ᠤᠯᠭᠤᠨ᠎ᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ᠎ᠡ᠃ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶ ᠠᠬᠢᠭᠤᠯᠵᠤ᠂ ᠬᠡᠰᠡᠭ ᠬᠦᠷᠢᠶ᠎ᠡ ᠴᠠᠷᠠᠭᠠᠨ ᠳᠠᠬᠢ ᠬᠢᠨᠠᠨ ᠵᠥᠪᠰᠢᠶᠡᠷᠡᠬᠦ ᠭᠠᠷᠳᠠᠮ ᠶᠠᠷᠰᠢᠭ ᠲᠦᠪᠡᠭᠲᠡᠶ᠂ ᠭᠦᠶᠴᠡᠳᠬᠡᠬᠦ ᠴᠠᠭ ᠨᠢ ᠬᠡᠲᠦ ᠣᠷᠳᠣ᠂ | ᠠᠵᠢᠯᠯᠠᠭᠠᠨ ᠤ ᠦᠷ᠎ᠡ ᠪᠦᠲᠦᠮᠵᠢ ᠳᠣᠤᠷ᠎ᠠ ᠵᠡᠷᠭᠡ ᠠᠰᠠᠭᠤᠳᠠᠯ ᠢ ᠰᠢᠶᠳᠪᠦᠷᠢᠯᠡᠨ᠎ᠡ᠃ ︽ᠨᠢᠭᠡ ᠰᠦᠯᠵᠢᠶ᠎ᠡ ᠨᠢᠭᠡ ᠡᠭᠦᠳᠡ ᠨᠢᠭᠡ ᠤᠳᠠᠭ᠎ᠠ︾ ᠶᠢᠨ ᠥᠭᠡᠷᠡᠴᠢᠯᠡᠯᠲᠡ | ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠢ ᠨᠢᠭᠡ ᠴᠤᠭᠴᠠᠵᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ | ︽ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ︾ ᠨᠣᠷᠮ᠎ᠠ ᠶᠢ 90% ᠠᠴᠠ ᠳᠣᠤᠷ᠎ᠠ ᠪᠠᠶᠢᠯᠭᠠᠬᠤ ᠥᠬᠡᠶ᠂ ︽ᠨᠢᠭᠡ ᠴᠤᠩᠬᠤᠪᠴᠢ ᠪᠠᠷ ᠭᠥᠯᠢᠶᠡᠨ ᠠᠪᠴᠤ | ᠰᠢᠶᠳᠪᠦᠷᠢᠯᠡᠬᠦ︾ ᠨᠣᠷᠮ᠎ᠠ ᠶᠢ 70% ᠠᠴᠠ ᠳᠣᠤᠷ᠎ᠠ ᠪᠠᠶᠢᠯᠭᠠᠬᠤ ᠥᠬᠡᠶ᠂ ︽ᠨᠢᠭᠡ ᠤᠳᠠᠭ᠎ᠠ ᠳᠤ ᠰᠠᠶᠢᠲᠤᠷ ᠭᠦᠶᠴᠡᠳᠬᠡᠬᠦ︾ ᠨᠣᠷᠮ᠎ᠠ ᠶᠢ 90% ᠠᠴᠠ | ᠳᠣᠤᠷ᠎ᠠ ᠪᠠᠶᠢᠯᠭᠠᠬᠤ ᠥᠬᠡᠶ ᠶᠢ ᠪᠡᠶᠡᠯᠡᠬᠦᠯᠦᠨ᠎ᠠ᠃ ︽ᠢᠨᠲ᠋ᠧᠷ ᠰᠦᠯᠵᠢᠶ᠎ᠡ + ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ︾ ᠶᠢ ᠬᠡᠷᠡᠭᠵᠢᠭᠦᠯᠵᠦ᠂ ᠥᠯᠥ | ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠴᠠᠭ ᠢ 5 ᠠᠵᠢᠯᠯᠠᠬᠤ ᠡᠳᠦᠷ ᠤᠨ ᠳᠣᠲᠣᠷ᠎ᠠ ᠪᠤᠯᠭᠠᠨ ᠪᠤᠭᠤᠨᠢᠰᠬᠠᠨ᠎ᠠ᠃ | ᠲᠥᠪ ᠭᠤᠤᠯᠴᠢ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠪᠤᠢ ᠪᠣᠯᠭᠠᠨ᠎ᠠ᠃ ᠠᠵᠤ ᠠᠬᠤᠶᠢᠯᠠᠯ ᠤᠨ ᠰᠢᠨᠵᠢ ᠴᠢᠨᠠᠷ ᠲᠠᠢ ᠬᠤᠯᠪᠤᠭᠳᠠᠭᠤᠯᠬᠤ | ᠭᠠᠳᠠᠭᠤᠷᠴᠢᠯᠠᠯ ᠤᠨ ᠴᠢᠨᠠᠷᠲᠠᠶ ᠲᠤᠭᠳᠠᠭᠠᠯ ᠪᠠ ᠬᠢᠳᠡᠯ ᠢ ᠢᠯᠭᠠᠷᠠᠭᠤᠯᠵᠤ᠂ ᠡᠬᠢ ᠪᠠᠶᠠᠯᠢᠭ ᠤᠨ ᠴᠢᠬᠤᠯᠠ ᠬᠦᠴᠦᠨ ᠵᠦᠢᠯ ᠢ ᠬᠠᠤᠯᠢ ᠶᠣᠰᠣᠭᠠᠷ ᠡᠷᠬᠡ ᠲᠡᠭᠰᠢ ᠪᠠᠷ | ᠬᠡᠷᠡᠭᠯᠡᠬᠦ ᠶᠢ ᠦᠨᠡᠨᠬᠦ ᠪᠠᠲᠤᠯᠠᠨ᠎ᠠ᠃ ︽ᠬᠤᠶᠠᠷ ᠢ ᠰᠤᠭᠤᠴᠢᠵᠦ ᠨᠢᠭᠡ ᠶᠢ ᠢᠯᠡ ᠪᠣᠯᠭᠠᠬᠤ︾ ᠶᠠᠪᠤᠳᠠᠯ ᠤᠨ ᠳᠤᠮᠳᠠᠬᠢ ᠪᠠ ᠶᠠᠪᠤᠳᠠᠯ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠪᠠ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ ᠴᠢᠩᠭᠠᠷᠠᠭᠤᠯᠤᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠦᠨᠡᠯᠡᠯᠲᠡ | ᠶᠢᠨ ᠲᠤᠭᠲᠠᠯᠴᠠᠭ᠎ᠠ ᠶᠢ ᠪᠦᠷᠢᠨᠰᠢᠭᠦᠯᠵᠦ᠂ ᠬᠥᠭᠵᠢᠯᠲᠡ ᠶᠢᠨ ᠣᠷᠴᠢᠨ ᠨᠥᠬᠦᠴᠡᠯ ᠢ ᠡᠪᠳᠡᠬᠦ ᠡᠯ᠎ᠡ ᠵᠦᠢᠯ ᠤᠨ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠢᠳᠭᠡᠨ᠎ᠡ᠃ | ᠢᠲᠡᠭᠡᠮᠵᠢ ᠠᠯᠳᠠᠭᠰᠠᠨ ᠠᠵᠤ ᠠᠬᠤᠶᠢᠯᠠᠯ ᠤᠨ ᠢᠲᠡᠭᠡᠮᠵᠢ ᠶᠢᠨ ︽ᠨᠡᠷ᠎ᠡ ᠶᠢᠨ ᠬᠠᠷ᠎ᠠ ᠳᠠᠩᠰᠠ︾ ᠶᠢᠨ ᠳᠦᠷᠢᠮ ᠢ ᠬᠡᠷᠡᠭᠵᠢᠭᠦᠯᠵᠦ᠂ ᠨᠡᠶᠢᠭᠡᠮ ᠤᠨ ᠢᠲᠡᠭᠡᠮᠵᠢ ᠶᠢᠨ | ᠲᠤᠭᠲᠠᠯᠴᠠᠭ᠎ᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠ ᠵᠠᠰᠠᠭ ᠤᠨ ᠣᠷᠳᠣᠨ ᠤ ᠬᠤᠳᠠᠯᠳᠤᠨ | ᠠᠪᠬᠤ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ | ᠬᠠᠮᠠᠭᠠᠯᠠᠨ᠎ᠠ᠃ | ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠳᠠᠮᠵᠢᠨ᠎ᠠ᠃ ᠡᠯ᠎ᠡ ᠱᠠᠲᠤᠨ ᠠᠴᠠ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠤᠨ | ᠨᠦᠯᠦᠬᠡ ᠶᠢ ᠠᠷᠭᠠᠴᠠᠭᠠᠬᠤ ᠶᠢ ᠳᠡᠮᠵᠢᠬᠦ ᠠᠰᠢᠭᠳᠠᠢ ᠰᠠᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠢᠯᠡᠴᠢᠯᠡᠬᠡᠨ ᠤ ᠳᠦᠷᠢᠮ ᠪᠠ | ᠠᠷᠭ᠎ᠠ ᠠᠪᠴᠠᠯ ᠢᠶᠠᠨ ᠨᠠᠷᠢᠯᠢᠭᠵᠢᠭᠤᠯᠤᠨ ᠪᠤᠳᠠᠳᠠᠶᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠠᠶᠢᠪᠤᠭᠤᠨ ᠡᠵᠡᠩᠨᠡᠯᠳᠡ ᠶᠢ ᠬᠦᠲᠦᠯᠦᠨ | ᠵᠢᠯᠣᠭᠤᠳᠴᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠦᠷᠬᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠴᠢᠨᠠᠷᠲᠠᠶ | ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠬᠢᠬᠦ ᠲᠤᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠳᠠᠭᠠᠭᠠᠯᠲᠠ ᠬᠢᠬᠦ ᠪᠠᠶᠢᠭᠤᠯᠤᠮᠵᠢ ᠶᠢᠨ ᠬᠥᠷᠥᠩᠭᠡ ᠶᠢᠨ | ᠪᠣᠳᠠᠲᠤ ᠬᠦᠴᠦᠨ ᠢ ᠪᠤᠵᠠᠭᠠᠶᠢᠷᠠᠭᠤᠯᠤᠨ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠪᠠᠭᠤᠷᠠᠶ ᠭᠤᠭᠴᠤᠭ᠎ᠠ ᠶᠢᠨ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢ | ᠴᠢᠩᠭᠠᠷᠠᠭᠤᠯᠵᠤ᠂ ᠠᠵᠤ ᠠᠬᠤᠶᠢᠯᠠᠯ ᠤᠨ ᠵᠠᠬ᠎ᠠ ᠳᠤ ᠭᠠᠷᠴᠤ ᠫᠠᠶᠢᠰᠠ ᠡᠯᠭᠦᠬᠦ ᠭᠤᠷᠪᠠᠨ ᠵᠢᠯ ᠤᠨ ᠬᠡᠷᠡᠭᠵᠢᠭᠦᠯᠬᠦ ᠲᠥᠯᠥᠪᠯᠡᠭᠡ ᠶᠢ ᠦᠷᠭᠦᠯᠵᠢᠯᠡᠨ ᠠᠬᠢᠭᠤᠯᠵᠤ᠂ | ᠪᠠᠯᠠ ᠲᠣᠬᠢᠷᠠᠭᠤᠯᠬᠤ ᠳᠤ ᠬᠦᠴᠢᠷᠲᠡᠶ ᠪᠠᠯᠠ ᠲᠣᠬᠢᠷᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠨ᠎ᠡ᠃ ᠭᠠᠶᠢᠯᠢ ᠬᠥᠩᠭᠡᠯᠡᠵᠦ | ᠰᠦᠶᠳᠬᠡᠯ ᠪᠠᠭᠤᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠵᠦ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠯᠳᠡ᠂ ᠪᠠᠷᠠᠭᠠᠨ ᠤ ᠭᠦᠶᠯᠭᠡᠭᠡ ᠵᠡᠷᠭᠡ | ᠶᠢᠨ ᠥᠪᠡᠷ ᠤᠨ ᠦᠷᠲᠡᠭ ᠢ ᠪᠠᠭᠤᠷᠠᠭᠤᠯᠤᠨ᠎ᠠ᠃ ︽ᠲᠤᠳᠤᠨᠤᠰᠤᠭ︾᠂ ︽ᠴᠢᠬᠡᠴᠢ︾ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠲᠦᠷᠭᠡᠳᠬᠡᠨ ᠪᠠᠶᠢᠭᠤᠯᠵᠤ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠦᠭᠵᠢᠯᠳᠡ ᠶᠢᠨ ᠢᠳᠡᠬᠡᠯ ᠢ ᠳᠠᠰᠤᠷᠠᠯᠳᠠ ᠦᠬᠡᠢ ᠴᠢᠩᠭᠠᠳᠬᠠᠵᠤ᠂ ᠨᠡᠶᠢᠬᠡᠮ ᠤᠨ ᠬᠦᠭᠵᠢᠯᠳᠡ ᠶᠢᠨ ᠬᠦᠳᠡᠯᠬᠡᠬᠦ | ᠬᠦᠴᠦᠨ ᠢ ᠬᠦᠭᠵᠢᠬᠡᠨ᠎ᠡ᠃ | ︵ᠶᠢᠰᠦ︶ ᠰᠢᠨ᠎ᠡ ᠶᠢ ᠡᠭᠦᠳᠬᠦ ᠬᠥᠭᠵᠢᠯᠲᠡ ᠶᠢᠨ ᠬᠦᠳᠡᠯᠭᠡᠬᠦ ᠡᠨᠧᠷᠭᠢ ᠶᠢ ᠬᠦᠴᠦ ᠪᠠᠨ ᠲᠥᠪᠯᠡᠷᠡᠭᠦᠯᠦᠨ ᠭᠦᠭᠵᠢᠭᠡᠵᠦ᠂ ᠥᠭᠡᠷᠡᠴᠢᠯᠡᠯᠲᠡ ᠨᠡᠭᠡᠭᠡᠯᠳᠡ ᠶᠢ | ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠥᠭᠵᠢᠯᠲᠡ ᠶᠢᠨ ᠪᠣᠭᠤᠮᠢ ᠶᠢ ᠰᠢᠢᠳᠪᠦᠷᠢᠯᠡᠵᠦ᠂ ᠨᠡᠬᠡᠬᠡᠯᠳᠡ ᠶᠢ ᠥᠷᠭᠡᠳᠬᠡᠬᠦ | ᠪᠠᠷ ᠬᠥᠭᠵᠢᠯᠲᠡ ᠶᠢᠨ ᠣᠷᠣᠨ ᠵᠠᠢ ᠶᠢ ᠥᠷᠭᠡᠳᠬᠡᠵᠦ᠂ ᠰᠢᠨ᠎ᠡ ᠶᠢ ᠡᠭᠦᠳᠬᠦ ᠬᠥᠳᠡᠯᠭᠡᠭᠦᠷ ᠢᠶᠠᠷ ᠬᠥᠭᠵᠢᠯᠲᠡ ᠶᠢᠨ ᠬᠥᠳᠡᠯᠭᠡᠭᠦᠷ ᠢ ᠴᠣᠭᠴᠠᠯᠠᠨ᠎ᠠ᠃ | ᠥᠭᠡᠷᠡᠴᠢᠯᠡᠯᠲᠡ ᠶᠢ ᠦᠷᠭᠦᠯᠵᠢᠯᠡᠨ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ | ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠣᠶ ᠶᠢᠨ ︽ᠭᠤᠷᠪᠠᠨ ᠡᠷᠬᠡ︾ ᠶᠢ ᠰᠠᠯᠭᠠᠬᠤ ᠠᠷᠭ᠎ᠠ | ᠶᠢ ᠨᠠᠶᠢᠳᠠᠪᠤᠷᠢᠵᠢᠭᠤᠯᠵᠤ᠂ ᠭᠠᠵᠠᠷ ᠰᠢᠷᠣᠶ ᠪᠡᠯᠴᠢᠭᠡᠷ ᠤᠨ ᠡᠷᠬᠡ ᠶᠢ ᠨᠤᠲᠠᠯᠠᠨ ᠲᠣᠭᠲᠠᠭᠠᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠠᠬᠢᠭᠤᠯᠤᠨ᠎ᠠ᠃ | ᠲᠠᠷᠢᠶᠠᠯᠠᠩ ᠤᠨ ᠬᠠᠭᠠᠯᠪᠤᠷᠢᠯᠠᠬᠤ ᠪᠦᠯᠦᠭᠯᠡᠯ ᠤᠨ ᠠᠵᠤ ᠠᠬᠤᠶᠢᠯᠠᠯ ᠤᠨ ᠨᠡᠶᠢᠭᠡᠮ ᠤᠨ ᠦᠶᠯᠡᠰ ᠡᠷᠬᠢᠯᠡᠬᠦ ᠡᠭᠦᠷᠭᠡ ᠴᠢᠳᠠᠪᠤᠷᠢ ᠶᠢ ᠰᠠᠯᠭᠠᠬᠤ ᠥᠭᠡᠷᠡᠴᠢᠯᠡᠯᠲᠡ | ᠪᠣᠯᠤᠨ ᠣᠷᠣᠨ ᠨᠤᠲᠤᠭ ᠤᠨ ᠤᠯᠤᠰ ᠤᠨ ᠦᠮᠴᠢᠯᠡᠯᠳᠦ ᠣᠢ ᠰᠢᠭᠤᠶ ᠶᠢᠨ ᠲᠠᠯᠠᠪᠠᠢ ᠶᠢᠨ ᠥᠭᠡᠷᠡᠴᠢᠯᠡᠯᠲᠡ ᠶᠢᠨ ᠵᠠᠯᠭᠠᠮᠵᠢ ᠠᠵᠢᠯ ᠢ ᠦᠷᠭᠦᠯᠵᠢᠯᠡᠨ ᠰᠠᠶᠢᠲᠤᠷ | ᠬᠢᠨ᠎ᠡ᠃ ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠳᠦᠰᠦᠨ ᠤᠯᠠᠨ ᠨᠡᠶᠢᠲᠡ ᠶᠢᠨ ᠦᠶᠯᠡᠴᠢᠯᠡᠭᠡᠨ | ᠤ ᠬᠦᠷᠢᠶ᠎ᠡ ᠴᠠᠷᠠᠭᠠᠨ ᠳᠠᠬᠢ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠪᠦᠷᠢᠨᠰᠢᠭᠦᠯᠵᠦ᠂ | ᠲᠥᠰᠦᠪ ᠤᠨ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠪᠣᠬᠢᠷᠲᠤᠯ ᠥᠬᠡᠶ ᠠᠵᠤ ᠦᠶᠯᠡᠰ ᠤᠨ ᠬᠥᠭᠵᠢᠯᠲᠡ ᠶᠢᠨ ᠰᠠᠭᠤᠷᠢ | ᠮᠥᠩᠭᠦ ᠶᠢ ᠵᠣᠬᠢᠶᠠᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠶᠠᠳᠠᠭᠤ ᠶᠢ ᠲᠡᠳᠬᠦᠬᠦ ᠬᠥᠭᠵᠢᠯᠲᠡ ᠶᠢᠨ ᠰᠠᠭᠤᠷᠢ ᠮᠥᠩᠭᠦ ᠶᠢ | ᠪᠤᠵᠠᠭᠠᠶᠢᠷᠠᠭᠤᠯᠵᠦ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠥᠲᠥᠯᠦᠨ ᠳᠠᠭᠠᠭᠤᠯᠤᠯᠲᠠ ᠶᠢ ᠲᠤᠮᠤᠷᠠᠭᠤᠯᠬᠤ ᠨᠦᠯᠦᠬᠡᠯᠡᠯ ᠢ ᠪᠠᠳᠠᠷᠠᠭᠤᠯᠤᠨ᠎ᠠ᠃ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠳᠤ ᠨᠡᠶᠢᠲᠡ ᠶᠢᠨ ᠥᠮᠴᠢᠯᠡᠯ ᠤᠨ ᠪᠤᠰᠤ ᠬᠦᠷᠦᠩᠭᠡ ᠶᠢᠨ ᠣᠷᠣᠯᠴᠠᠬᠤ ᠶᠢ ᠵᠣᠷᠢᠭᠵᠢᠭᠤᠯᠵᠤ᠂ ᠪᠡᠯᠡ | ᠣᠷᠣᠭᠤᠯᠤᠯᠲᠠ ᠶᠢᠨ ᠭᠤᠤᠯ ᠴᠣᠭᠴᠠ ᠶᠢᠨ ᠣᠯᠠᠨ ᠡᠰᠢᠵᠢᠬᠦ ᠶᠢ ᠲᠦᠯᠬᠢᠨ ᠠᠬᠢᠭᠤᠯᠤᠨ᠎ᠠ᠃ ᠬᠤᠲᠠ ᠶᠢᠨ ᠲᠣᠰ ᠱᠠᠲᠤᠨ ᠤ ᠤᠯᠤᠰ ᠤᠨ ᠦᠮᠴᠢᠯᠡᠯᠳᠦ ᠡᠳ᠋ | ᠬᠥᠷᠥᠩᠭᠡ ᠶᠢᠨ ᠲᠥᠪᠯᠡᠷᠡᠩᠭᠦᠢ ᠨᠢᠭᠡᠳᠦᠯᠲᠡᠢ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ | ᠡᠵᠡᠩᠨᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠥᠷᠲᠡᠭ ᠢ ᠪᠠᠳᠤᠯᠠᠵᠦ ᠥᠷᠲᠡᠭ ᠢ ᠨᠡᠮᠡᠭᠳᠡᠭᠦᠯᠬᠦ ᠶᠢ | ᠪᠡᠶᠡᠯᠡᠭᠦᠯᠦᠨ᠎ᠡ᠃ | ᠭᠠᠳᠠᠭᠰᠢ ᠨᠡᠭᠡᠭᠡᠯᠲᠡ ᠬᠢᠬᠦ ᠶᠢ ᠦᠷᠭᠦᠯᠵᠢᠯᠡᠨ ᠥᠷᠭᠡᠳᠬᠡᠨ᠎ᠡ᠃ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ | ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ︽ᠨᠢᠭᠡ ᠪᠦᠰᠡ ᠨᠢᠭᠡ ᠵᠠᠮ︾ ᠤᠨ ᠶᠡᠷᠦᠩᠭᠡᠶᠢᠯᠡᠭᠰᠡᠨ ᠦᠬᠡᠷᠡᠴᠢᠯᠡᠯᠳᠡ ᠶᠢᠨ ᠲᠤᠷᠰᠢᠯᠳᠠ ᠶᠢᠨ ᠤᠷᠤᠨ᠂ | ᠳᠤᠮᠳᠠᠳᠤ ᠤᠯᠤᠰ ︵ᠦᠪᠦᠷ ᠮᠤᠩᠭᠤᠯ︶ ᠤᠨ ᠴᠢᠯᠦᠭᠡᠳᠤ ᠠᠷᠠᠯᠵᠢᠶᠠᠨ ᠤ ᠳᠤᠷᠰᠢᠯᠳᠠ ᠶᠢᠨ ᠤᠷᠤᠨ ᠤ ᠭᠤᠶᠤᠴᠢᠯᠠᠨ ᠮᠡᠳᠡᠬᠦᠯᠬᠦ ᠠᠵᠢᠯ ᠢ ᠪᠦᠬᠦ ᠲᠠᠯ᠎ᠠ ᠪᠠᠷ | ᠠᠬᠢᠭᠤᠯᠤᠨ᠎ᠠ᠃ ᠮᠠᠨᠵᠤᠤᠷ ᠬᠢᠯᠢ ᠶᠢᠨ ᠪᠤᠭᠤᠮᠳᠠ ᠶᠢᠨ ᠤᠮᠠᠷᠠᠰᠢ ᠨᠡᠬᠡᠬᠡᠯᠳᠡ ᠬᠢᠬᠦ ᠪᠠᠬᠢᠯᠡᠯᠳᠡ ᠶᠢᠨ ᠦᠢᠯᠡᠳᠦᠯ ᠢ ᠪᠠᠳᠠᠷᠠᠭᠤᠯᠵᠤ᠂ ᠬᠢᠯᠢ ᠶᠢᠨ ᠠᠵᠤ ᠠᠬᠤᠢ ᠶᠢᠨ | ᠬᠠᠮᠳᠤᠷᠠᠯᠴᠠᠭᠠᠨ ᠤ ᠤᠷᠤᠨ᠂ ᠵᠠᠬ᠎ᠠ ᠶᠢᠨ ᠠᠷᠠᠯᠵᠢᠶᠠᠨ ᠤ ᠤᠷᠤᠨ᠂ ᠶᠡᠷᠦᠩᠬᠡᠶᠢᠯᠡᠭᠰᠡᠨ ᠭᠠᠶᠢᠯᠢ ᠶᠢᠨ ᠪᠠᠲᠤᠯᠠᠭᠠᠳᠤ ᠣᠷᠣᠨ ᠤ ᠪᠠᠶᠢᠭᠤᠯᠤᠯᠳᠠ ᠶᠢ | ᠬᠦᠨᠵᠡᠬᠡᠶᠢᠷᠡᠬᠦᠯᠵᠤ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶ᠎ᠠ ᠶᠢᠨ ᠡᠳ᠋ᠰᠢᠬᠦᠯᠦᠨ ᠪᠤᠯᠪᠠᠰᠤᠷᠠᠭᠤᠯᠬᠤ᠂ ᠪᠠᠯᠠ ᠣᠷᠣᠭᠤᠯᠬᠤ᠂ ᠠᠷᠠᠯᠵᠢᠶ᠎ᠠ ᠶᠢ ᠨᠢᠭᠡ | ᠴᠤᠭᠴᠠᠵᠢᠭᠤᠯᠬᠤ ᠲᠡᠰᠢ ᠬᠡᠯᠪᠡᠷᠢ ᠬᠤᠪᠢᠷᠠᠭᠤᠯᠬᠤ ᠶᠢ ᠲᠦᠷᠭᠡᠳᠬᠡᠵᠤ᠂ ᠳᠤᠮᠳᠠᠳᠤ ᠣᠷᠣᠰ ᠮᠣᠩᠭᠤᠯ ᠤᠨ ᠬᠠᠮᠳᠤᠷᠠᠯᠴᠠᠭᠠᠨ ᠤ ᠬᠤᠰᠢᠭᠤᠴᠢ ᠣᠷᠣᠨ ᠪᠠ | ᠮᠠᠨᠵᠤᠤᠷ ᠤᠨ ᠤᠯᠤᠰ ᠤᠨ ᠭᠤᠤᠯᠳᠠᠯᠭ᠎ᠠ ᠲᠠᠢ ᠨᠡᠭᠡᠭᠡᠯᠲᠡ ᠬᠢᠵᠤ ᠴᠢᠯᠦᠬᠡᠳᠡᠢ ᠶᠠᠪᠤᠯᠴᠠᠬᠤ ᠲᠤᠷᠰᠢᠯᠲᠠ ᠶᠢᠨ ᠣᠷᠣᠨ ᠤ ᠡᠯ᠎ᠡ ᠲᠦᠷᠦᠯ ᠤᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ ᠪᠤᠲᠠᠳᠠᠶᠢᠵᠢᠭᠤᠯᠬᠤ ᠶᠢ ᠠᠬᠢᠭᠤᠯᠤᠨ᠎ᠠ᠃ ᠳᠠᠪᠠᠭᠠᠨ ᠤ ᠵᠡᠭᠦᠨᠳᠡᠬᠢ ᠭᠠᠵᠠᠷ ᠣᠷᠣᠨ ᠤ ᠢᠳᠡᠰᠢᠨ ᠮᠦᠭᠦ ᠪᠣᠯᠤᠨ ᠬᠠᠶᠢᠯᠠᠷ ᠤᠨ | ᠢᠳᠡᠰᠢᠨ ᠨᠣᠭᠤᠭ᠎ᠠ ᠶᠢᠨ ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ ᠤᠨ ᠬᠥᠭᠵᠢᠯᠲᠡ ᠶᠢ ᠳᠠᠮᠵᠢᠵᠤ᠂ ᠠᠵᠤ ᠠᠬᠤᠶ ᠮᠡᠷᠭᠡᠵᠢᠯ ᠤᠨ ᠨᠡᠬᠡᠭᠡᠯᠲᠡ ᠶᠢᠨ ᠣᠷᠣᠨ ᠤ | ᠮᠣᠳᠣᠨ ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠵᠤ ᠡᠳ᠋ᠰᠢᠬᠦᠯᠦᠨ ᠪᠤᠯᠪᠠᠰᠤᠷᠠᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠡᠪᠦᠳᠦᠭ᠂ ᠾᠧᠢ | ᠱᠠᠨ ᠳᠧᠦ ᠬᠢᠯᠢ ᠶᠢᠨ ᠪᠣᠭᠤᠮᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠠᠲᠤᠲᠠᠶ ᠠᠬᠢᠭᠤᠯᠵᠤ᠂ ᠠᠮᠤ ᠪᠤᠳᠠᠭᠠᠨ ᠤ ᠭᠠᠳᠠᠭᠠᠳᠤ ᠠᠴᠠ | ᠤᠷᠤᠭᠤᠯᠬᠤ ᠪᠠᠷ ᠲᠤᠭᠲᠠᠭᠠᠭᠰᠠᠨ ᠪᠣᠭᠤᠮᠲᠠ ᠶᠢ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠠᠳᠬᠤᠵᠤ᠂ ᠠᠷᠤᠬᠠᠰᠢᠶᠠᠳᠤ ᠳᠤᠮᠳᠠᠳᠤ ᠮᠣᠩᠭᠤᠯ ᠤᠨ ᠵᠠᠬ᠎ᠠ ᠶᠢᠨ | ᠠᠷᠠᠯᠵᠢᠶᠠᠨ ᠤ ᠲᠣᠭᠤᠷᠢᠭ ᠤᠨ ᠰᠢᠯᠭᠠᠨ ᠠᠪᠤᠯᠳᠠ ᠶᠢ ᠪᠡᠶᠡᠯᠡᠭᠦᠯᠦᠨ᠎ᠡ᠃ ᠬᠢᠯᠢ ᠶᠢᠨ ᠪᠣᠭᠤᠮᠲᠠ ᠭᠠᠳᠤᠯᠬᠤ ᠮᠡᠳᠡᠭᠡ ᠵᠠᠩᠭᠢᠴᠢᠯᠠᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠵᠦ᠂ ᠴᠠᠬᠢᠮ ᠬᠢᠯᠢ ᠶᠢᠨ ᠪᠣᠭᠤᠮᠲᠠ ᠶᠢᠨ ᠬᠠᠷᠠᠭᠠᠨ ᠳᠠᠪᠲᠠᠮᠵᠢᠳᠤ ᠵᠢᠯᠣᠭᠤᠳᠬᠤ ᠲᠥᠪ ᠬᠢᠭᠡᠳ ᠡᠯ᠎ᠡ ᠬᠢᠯᠢ ᠶᠢᠨ ᠪᠣᠭᠤᠮᠲᠠ ᠯᠤᠭ᠎ᠠ ᠰᠦᠯᠵᠢᠶ᠎ᠡ | ᠬᠤᠯᠪᠣᠬᠤ ᠶᠢ ᠪᠡᠶᠡᠯᠡᠭᠦᠯᠦᠨ᠎ᠡ᠃ ᠣᠷᠣᠨ ᠪᠦᠰᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠦᠯᠦᠨ ᠪᠤᠶᠢᠷ ᠬᠢᠩᠭᠠᠨ ᠤ ᠬᠠᠮᠲᠤᠷᠠᠯᠴᠠᠭᠠᠨ ᠤ | ᠣᠷᠣᠨ ᠤ ᠪᠥᠲᠥᠭᠡᠨ ᠪᠠᠶᠢᠭᠤᠯᠤᠯᠲᠠ ᠶᠢ ᠪᠠᠲᠤᠲᠠᠶ ᠠᠬᠢᠭᠤᠯᠤᠨ᠎ᠠ᠃ ᠬᠠᠶᠢᠯᠠᠷ ᠤᠨ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠨ | ᠠᠵᠤ ᠠᠬᠤᠶ ᠠᠷᠠᠯᠵᠢᠶᠠᠨ ᠤ ᠦᠵᠡᠬᠦᠯᠦᠯᠬᠡ ᠵᠦᠪᠳᠡᠯᠴᠡᠬᠡᠷ ᠤᠨ ᠬᠤᠷᠠᠯ ᠢ ᠰᠠᠶᠢᠲᠤᠷ ᠡᠷᠬᠢᠯᠡᠨ᠎ᠡ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠦᠷᠭᠦᠯᠵᠢᠯᠡᠨ ᠬᠡᠷᠡᠭᠵᠢᠭᠦᠯᠦᠨ᠎ᠡ᠃ ︽ᠰᠢᠨᠵᠢᠯᠡᠭᠡ ᠮᠡᠷᠭᠡᠵᠢᠯ ᠢᠶᠠᠷ ᠬᠤᠲᠠ ᠪᠠᠨ ᠮᠠᠨᠳᠤᠭᠤᠯᠬᠤ︾ | ᠠᠵᠢᠯᠯᠠᠭ᠎ᠠ ᠶᠢ ᠭᠦᠨᠵᠡᠬᠡᠢ ᠲᠤᠭᠤᠰᠢᠯᠠᠭᠤᠯᠵᠤ᠂ ᠲᠢᠩᠬᠢᠮ ᠬᠤᠲᠠ ᠶᠢᠨ ᠬᠠᠮᠲᠤᠷᠠᠨ ᠵᠥᠪᠳᠡᠯᠴᠡᠬᠦ ᠪᠠ ᠬᠦᠷᠢᠶᠡᠯᠡᠩ ᠭᠠᠵᠠᠷ ᠣᠷᠣᠨ ᠬᠠᠮᠳᠤᠪᠠᠷ ᠠᠵᠢᠯᠯᠠᠬᠤ | ᠪᠠᠶᠢᠯᠳᠤᠬᠤ ᠪᠣᠳᠣᠯᠭ᠎ᠠ ᠶᠢᠨ ᠵᠥᠪᠳᠡᠯᠴᠡᠬᠡᠷ ᠢ ᠮᠥᠷᠳᠡᠨ ᠨᠠᠶᠢᠳᠠᠪᠤᠷᠢᠵᠢᠭᠤᠯᠵᠤ᠂ ᠤᠶᠤᠨᠲᠤ ᠲᠠᠷᠢᠶᠠᠯᠠᠩ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠲᠤᠰᠬᠠᠶ | ᠲᠤᠷᠰᠢᠯᠲᠠ ᠶᠢᠨ ᠴᠡᠭ ᠤᠨ ᠲᠥᠷᠥᠯ ᠵᠦᠶᠯ ᠢ ᠡᠬᠢᠯᠡᠭᠦᠯᠦᠨ᠎ᠡ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠬᠦᠳᠬᠦ ᠦᠷ᠎ᠡ ᠪᠦᠲᠦᠭᠡᠯ ᠤᠨ ᠬᠠᠩᠭᠠᠯᠭ᠎ᠠ | ᠬᠡᠷᠡᠭᠴᠡᠭᠡ ᠶᠢᠨ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠦᠷ᠎ᠡ ᠪᠦᠲᠦᠭᠡᠯ ᠤᠨ ᠠᠷᠠᠯᠵᠢᠶᠠᠨ ᠤ ᠲᠠᠪᠴᠠᠩ᠂ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ | ᠬᠦᠷᠢᠶᠡᠯᠡᠩ ᠲᠣᠭᠤᠷᠢᠭ ᠵᠢᠴᠢ ᠣᠨᠴᠠᠯᠢᠭᠲᠤ ᠰᠢᠨᠵᠢᠯᠡᠭᠡ ᠮᠡᠷᠭᠡᠵᠢᠯ ᠤᠨ ᠠᠵᠤ ᠦᠢᠯᠡᠰᠴᠢᠯᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠤᠨ ᠬᠡᠷᠡᠭᠯᠡᠬᠦ ᠶᠢ ᠲᠦᠷᠭᠡᠳᠬᠡᠨ᠎ᠡ᠃ ᠠᠮᠢ ᠠᠬᠤᠢ ᠶᠢᠨ ᠠᠵᠤ ᠦᠢᠯᠡᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ ᠪᠣᠳᠣᠯᠭ᠎ᠠ ᠶᠢᠨ ᠬᠤᠯᠪᠤᠭ᠎ᠠ ᠪᠠᠶᠢᠭᠤᠯᠬᠤ ᠶᠢ ᠳᠠᠮᠵᠢᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠢ | ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠴᠢᠳᠠᠪᠤᠷᠢᠲᠠᠨ ᠤᠷᠢᠵᠤ ᠪᠤᠶᠢᠵᠢᠭᠤᠯᠬᠤ ᠬᠡᠷᠡᠭᠵᠢᠭᠦᠯᠦᠯᠲᠡ ᠶᠢᠨ ᠠᠷᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠠᠺᠠᠳᠧᠮᠢᠴᠢ ᠶᠢᠨ ᠠᠵᠢᠯ ᠤᠨ ᠥᠷᠲᠡᠭᠡ᠂ ᠪᠣᠬᠢᠷᠲᠤᠯ ᠥᠬᠡᠶ ᠬᠥᠭᠵᠢᠯᠲᠡ ᠶᠢᠨ ᠣᠶᠤᠨ ᠤ ᠬᠥᠮᠥᠷᠭᠡ ᠵᠡᠷᠭᠡ ᠦᠶᠯᠡᠳᠦᠯ ᠢ ᠪᠠᠳᠠᠷᠠᠭᠤᠯᠤᠨ᠂ ᠡᠯ᠎ᠡ ᠵᠦᠢᠯ ᠤᠨ | ᠴᠢᠳᠠᠪᠤᠷᠢᠲᠠᠨ ᠢ ᠰᠠᠶᠢᠲᠤᠷ ᠬᠡᠷᠡᠭᠯᠡᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠬᠥᠲᠥᠯᠦᠨ ᠳᠠᠭᠠᠭᠤᠯᠤᠨ᠎ᠠ᠃ | ︵ᠠᠷᠪᠠ︶ ᠠᠷᠠᠳ ᠣᠯᠠᠨ ᠤ ᠠᠵᠠ ᠵᠢᠷᠭᠠᠯ ᠢ ᠬᠦᠴᠦ ᠪᠠᠨ ᠲᠥᠪᠯᠡᠷᠡᠭᠦᠯᠦᠨ ᠨᠡᠮᠡᠭᠳᠡᠭᠦᠯᠵᠦ᠂ ᠠᠷᠠᠳ ᠤᠨ ᠠᠮᠢᠳᠤᠷᠠᠯ ᠢ ᠪᠥᠬᠦ ᠬᠦᠴᠦᠨ ᠢᠶᠠᠷ ᠪᠠᠲᠤᠯᠠᠨ | ᠰᠠᠶᠢᠵᠢᠷᠠᠭᠤᠯᠤᠨ᠎ᠠ᠃ ᠴᠢᠳᠠᠯ ᠤᠨ ᠢᠶᠠᠨ ᠬᠢᠷᠢ ᠪᠠᠷ ᠬᠢᠬᠦ᠂ ᠴᠢᠳᠠᠯ ᠤᠨ ᠢᠶᠠᠨ ᠬᠢᠷᠢ ᠪᠠᠷ ᠴᠢᠷᠮᠠᠶᠢᠬᠤ ᠶᠢ ᠪᠠᠷᠢᠮᠲᠠᠯᠠᠵᠤ᠂ ᠣᠯᠠᠨ ᠨᠡᠶᠢᠲᠡ ᠶᠢᠨ ᠦᠶᠯᠡᠴᠢᠯᠡᠭᠡᠨ ᠤ | ᠲᠤᠭᠲᠠᠯᠴᠠᠭ᠎ᠠ ᠶᠢᠨ ᠪᠠᠶᠢᠭᠤᠯᠤᠯᠲᠠ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠷᠠᠳ ᠣᠯᠠᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠨ᠎ᠠ᠃ | ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠴᠢᠬᠤᠯᠠ ᠠᠴᠠ ᠴᠢᠬᠤᠯᠠ | ᠪᠣᠯᠭᠠᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠳ᠂ | ᠲᠠᠷᠢᠶᠠᠯᠠᠬᠤ ᠮᠠᠯᠵᠢᠬᠤ ᠣᠷᠣᠨ ᠠᠴᠠ ᠰᠢᠯᠵᠢᠭᠰᠡᠨ ᠬᠦᠳᠡᠯᠮᠦᠷᠢᠯᠡᠭᠴᠢᠳ᠂ ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ ᠭᠤᠤᠯᠳᠠᠯᠭ᠎ᠠ ᠲᠠᠢ ᠬᠠᠮᠲᠤᠯᠢᠭ ᠢ ᠣᠯᠠᠨ | ᠠᠷᠭ᠎ᠠ ᠵᠠᠮ ᠢᠶᠠᠷ ᠠᠵᠢᠯ ᠣᠯᠭᠤᠵᠤ᠂ ᠠᠵᠢᠯ ᠲᠠᠢ ᠬᠥᠮᠦᠨ ᠦᠬᠡᠢ ᠬᠡᠷ ᠪᠦᠯᠢ ᠶᠢ ᠬᠥᠳᠡᠯᠦᠩᠭᠦᠶ ᠪᠠᠷ ᠦᠭᠡᠶᠢᠰᠬᠡᠬᠦ ᠶᠢ ᠦᠨᠡᠨᠬᠦ ᠪᠠᠲᠤᠯᠠᠨ᠎ᠠ᠃ ᠨᠡᠶᠢᠭᠡᠮ ᠤᠨ | ᠪᠠᠲᠤᠯᠠᠭ᠎ᠠ ᠶᠢᠨ ᠲᠤᠭᠲᠠᠯᠴᠠᠭ᠎ᠠ ᠶᠢ ᠪᠦᠷᠢᠨᠰᠢᠭᠦᠯᠵᠦ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠪᠠᠲᠤᠲᠠᠶ ᠠᠬᠢᠭᠤᠯᠵᠤ᠂ ᠨᠡᠶᠢᠭᠡᠮ | ᠤᠨ ᠪᠠᠲᠤᠯᠠᠭ᠎ᠠ ᠶᠢᠨ ᠴᠠᠬᠢᠮ ᠺᠠᠷᠲ ᠢ ᠬᠡᠷᠡᠭᠯᠡᠨ ᠳᠡᠯᠬᠡᠷᠡᠬᠦᠯᠵᠤ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ | ᠠᠰᠠᠷᠠᠮᠵᠢ᠂ ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠥᠪᠬᠢᠨᠡᠭᠦᠯᠬᠦ ᠵᠡᠷᠭᠡ ᠳᠦᠷᠢᠮ ᠢ ᠪᠦᠷᠢᠨᠰᠢᠭᠦᠯᠵᠦ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ | ᠠᠮᠢᠳᠤᠷᠠᠯ ᠢ ᠪᠠᠲᠤᠯᠠᠨ᠎ᠠ᠃ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠦᠨᠳᠦᠰᠦᠨ ᠠᠴᠠ ᠨᠢ ᠵᠠᠰᠠᠨ᠎ᠠ᠃ | ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠦᠶᠯᠡᠴᠢᠯᠡᠭᠡᠨ ᠤ ᠠᠵᠢᠯ ᠢ | ᠰᠠᠶᠢᠲᠤᠷ ᠬᠢᠨ᠎ᠡ᠃ | ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠨ᠎ᠠ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠰᠠᠭᠤᠷᠢ ᠰᠤᠷᠭᠠᠨ ᠬᠥᠮᠦᠵᠢᠯ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠣᠨᠴᠠᠭᠠᠶ ᠰᠤᠷᠭᠠᠨ ᠬᠥᠮᠦᠵᠢᠯ᠂ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠶᠢ ᠨᠢᠭᠡᠳᠦᠯᠲᠡᠶ | ᠲᠦᠯᠦᠪᠯᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠳᠠᠷᠠᠭᠠᠬᠢ ᠦᠶᠯᠡᠴᠢᠯᠡᠭᠡ ᠶᠢ ᠣᠯᠠᠨ ᠡᠰᠢᠵᠢᠭᠦᠯᠬᠦ᠂ ᠵᠢᠷᠤᠮᠵᠢᠭᠤᠯᠬᠤ ᠶᠢ | ᠠᠬᠢᠭᠤᠯᠵᠤ᠂ ᠬᠤᠲᠠ ᠪᠠᠯᠭᠠᠰᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠤᠯᠠᠨᠳᠠᠢ ᠠᠩᠭᠢ ᠶᠢ ᠴᠢᠷᠮᠠᠶᠢᠨ ᠦᠭᠡᠶᠢᠰᠬᠡᠵᠤ᠂ ᠲᠦᠭᠡᠮᠡᠯ ᠬᠠᠷᠠᠭᠠᠯᠵᠠᠯ | ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠪᠦᠷᠬᠦᠯᠲᠡ ᠶᠢᠨ ᠨᠣᠷᠮ᠎ᠠ ᠶᠢ 80% ᠳᠤ ᠬᠦᠷᠭᠡᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠱᠠᠲᠤᠨ ᠤ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠵᠢᠴᠢ ᠪᠠᠬᠢᠯᠡᠯᠲᠡ ᠰᠢᠪᠳᠤᠯᠬᠤ ᠲᠥᠯᠥᠪᠯᠡᠭᠡ ᠶᠢ ᠪᠡᠶᠡᠯᠡᠭᠦᠯᠦᠨ᠎ᠡ᠃ ᠬᠥᠯᠥᠨ ᠪᠤᠶᠢᠷ ᠲᠡᠭᠡᠳᠦ ᠰᠤᠷᠭᠠᠭᠤᠯᠢ ᠶᠢᠨ | ᠮᠠᠰᠲ᠋ᠧᠷ ᠴᠣᠯᠠ ᠣᠯᠭᠤᠬᠤ ᠨᠢᠭᠡᠴᠢ ᠪᠣᠯᠤᠨ ᠮᠠᠰᠲ᠋ᠧᠷ ᠴᠣᠯᠠ ᠣᠯᠭᠤᠬᠤ ᠴᠡᠭ ᠤᠨ ᠭᠤᠶᠤᠴᠢᠯᠠᠨ ᠮᠡᠳᠡᠭᠦᠯᠬᠦ ᠠᠵᠢᠯ ᠢ ᠳᠠᠮᠵᠢᠵᠤ᠂ ᠥᠪᠡᠷᠲᠡᠭᠡᠨ ᠵᠠᠰᠠᠬᠤ ᠣᠷᠣᠨ | ᠤ ᠲᠡᠰ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠵᠢᠱᠢᠶ᠎ᠡ ᠦᠵᠡᠭᠦᠯᠬᠦ ᠰᠤᠷᠭᠠᠭᠤᠯᠢ ᠶᠢ | ᠡᠭᠦᠳᠦᠨ ᠪᠠᠶᠢᠭᠤᠯᠤᠨ᠎ᠠ᠃ ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ᠂ ᠬᠤᠲᠠ ᠶᠢᠨ ᠪᠡᠶ᠎ᠡ ᠶᠢᠨ ᠳᠠᠮᠢᠷ ᠤᠨ ᠰᠤᠷᠭᠠᠭᠤᠯᠢ᠂ ᠦᠨᠳᠦᠰᠦᠲᠡᠨ ᠤ | ᠪᠠᠭᠠᠴᠤᠳ ᠤᠨ ᠣᠷᠳᠣᠨ ᠢ ᠨᠡᠭᠦᠯᠭᠡᠨ ᠪᠠᠶᠢᠭᠤᠯᠬᠤ ᠪᠠ ᠲᠥᠪ ᠬᠤᠳᠠ ᠶᠢᠨ ᠰᠢᠨ᠎ᠡ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠦᠳᠦᠭᠡᠨ | ᠪᠠᠶᠢᠭᠤᠯᠤᠯᠲᠠ ᠶᠢ ᠲᠦᠷᠭᠡᠳᠭᠡᠨ ᠠᠬᠢᠭᠤᠯᠤᠨ᠎ᠠ᠃ ᠦᠷᠬᠦᠯᠵᠢᠯᠡᠯ ᠰᠤᠷᠭᠠᠨ ᠬᠥᠮᠦᠵᠢᠯ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ᠂ ᠨᠠᠰᠤᠲᠠᠶᠢᠴᠤᠳ ᠤᠨ | ᠰᠤᠷᠭᠠᠨ ᠬᠥᠮᠦᠵᠢᠯ ᠢ ᠬᠥᠭᠵᠢᠭᠦᠯᠵᠦ᠂ ᠨᠠᠰᠤᠨ ᠲᠤᠷᠰᠢᠳᠠ ᠪᠠᠨ ᠰᠤᠷᠤᠯᠴᠠᠬᠤ ᠰᠤᠷᠭᠠᠨ ᠬᠥᠮᠦᠵᠢᠯ ᠤᠨ ᠲᠤᠭᠲᠠᠯᠴᠠᠭ᠎ᠠ ᠶᠢ ᠪᠠᠶᠢᠭᠤᠯᠤᠨ᠎ᠠ᠃ | ᠡᠷᠡᠭᠦᠯ ᠡᠩᠬᠡ ᠬᠥᠯᠥᠨ ᠪᠤᠶᠢᠷ ᠤᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠢᠵᠢᠭ ᠢ ᠰᠡᠷᠬᠡᠶᠢᠯᠡᠨ ᠡᠵᠡᠮᠳᠡᠬᠦ ᠪᠠᠶᠢᠩᠭᠤᠵᠢᠭᠰᠠᠨ ᠠᠷᠭ᠎ᠠ ᠠᠪᠴᠠᠯ ᠢ | ᠨᠠᠶᠢᠳᠠᠪᠤᠷᠢᠵᠢᠭᠤᠯᠤᠨ ᠪᠦᠷᠢᠨᠰᠢᠬᠦᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠂ ᠬᠤᠯᠤᠭᠠᠨ᠎ᠠ ᠬᠢᠵᠢᠭ ᠵᠡᠷᠬᠡ ᠬᠦᠨᠳᠤ ᠶᠡᠭᠡ ᠬᠠᠯᠳᠠᠪᠤᠷᠢᠳᠤ ᠴᠢᠨᠠᠷᠳᠠᠢ ᠬᠢᠵᠢᠭ | ᠡᠪᠡᠳᠴᠢᠨ ᠢ ᠡᠷᠡᠰ ᠰᠡᠷᠬᠡᠶᠢᠯᠡᠨ ᠡᠵᠡᠮᠳᠡᠨ᠎ᠡ᠃ ᠡᠪᠡᠳᠴᠢᠨ ᠲᠠᠬᠤᠯ ᠢ ᠰᠡᠷᠬᠡᠶᠢᠯᠡᠨ ᠡᠵᠡᠮᠳᠡᠬᠦ ᠲᠤᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠦᠯᠦᠨ | ᠪᠤᠶᠢᠷ ᠬᠤᠳᠠ ᠶᠢᠨ ᠬᠠᠯᠳᠠᠪᠤᠷᠢᠳᠤ ᠡᠪᠡᠳᠴᠢᠨ ᠤ ᠡᠮᠨᠡᠯᠬᠡ ᠶᠢᠨ ᠬᠤᠷᠢᠶ᠎ᠡ᠂ ᠬᠦᠯᠦᠨ ᠪᠤᠶᠢᠷ ᠤᠨ ᠡᠪᠡᠳᠴᠢᠨ ᠲᠠᠬᠤᠯ ᠢ ᠰᠡᠷᠬᠡᠶᠢᠯᠡᠨ ᠡᠵᠡᠮᠳᠡᠬᠦ ᠳᠦᠪ ᠤᠨ | ᠳᠠᠪᠠᠭᠠᠨ ᠤ ᠵᠡᠬᠦᠨᠳᠡᠬᠢ ᠰᠠᠯᠪᠤᠷᠢ ᠲᠦᠪ ᠤᠨ ᠲᠦᠷᠦᠯ ᠵᠦᠢᠯ ᠢ ᠢᠳᠡᠪᠬᠢᠳᠠᠢ ᠰᠦᠪᠡᠭᠴᠢᠯᠡᠵᠦ᠂ ᠬᠦᠯᠦᠨ ᠪᠤᠶᠢᠷ ᠬᠤᠳᠠ ᠶᠢᠨ ᠡᠪᠡᠳᠴᠢᠨ ᠲᠠᠬᠤᠯ ᠢ ᠰᠡᠷᠬᠡᠶᠢᠯᠡᠨ ᠢ | ᠡᠵᠡᠮᠳᠡᠬᠦ ᠳᠦᠪ ᠤᠨ ᠳᠤᠷᠰᠢᠯᠳᠠ ᠶᠢᠨ ᠳᠠᠰᠤᠭ ᠤᠨ ᠴᠢᠳᠠᠮᠵᠢ ᠶᠢ ᠳᠡᠭᠡᠭᠰᠢᠯᠡᠬᠦᠯᠦᠨ᠂ ᠬᠢᠵᠢᠭ ᠢ ᠡᠵᠡᠮᠳᠡᠬᠦ ᠳᠤᠭᠳᠠᠯᠴᠠᠭᠠᠨ ᠤ ᠤᠳᠤᠬᠢᠴᠢᠯᠠᠭᠰᠠᠨ | ᠪᠠᠶᠢᠭᠤᠯᠤᠯᠳᠠ ᠶᠢ ᠠᠬᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠠᠵᠢᠯᠯᠠᠭ᠎ᠠ ᠶᠢ ᠭᠦᠨᠵᠡᠭᠡᠢ ᠦᠷᠨᠢᠬᠦᠯᠵᠤ᠂ ᠤᠯᠠᠨ ᠨᠡᠶᠢᠲᠡ ᠶᠢᠨ ᠡᠷᠡᠬᠦᠯ | ᠬᠠᠮᠠᠭᠠᠯᠠᠯ ᠤᠨ ᠲᠤᠭᠳᠠᠯᠴᠠᠭ᠎ᠠ ᠶᠢ ᠳᠠᠰᠤᠷᠠᠯᠳᠠ ᠦᠬᠡᠢ ᠪᠦᠷᠢᠨᠰᠢᠬᠦᠯᠵᠤ᠂ ᠬᠦᠨᠳᠦ ᠶᠡᠭᠡ ᠭᠡᠨᠡᠳᠲᠡ ᠶᠢᠨ ᠤᠯᠠᠨ ᠨᠡᠶᠢᠲᠡ ᠶᠢᠨ ᠡᠷᠡᠬᠦᠯ ᠬᠠᠮᠠᠭᠠᠯᠠᠯ ᠤᠨ ᠬᠡᠷᠡᠭ | ᠶᠠᠪᠤᠳᠠᠯ ᠢ ᠠᠷᠭᠠᠴᠠᠭᠠᠬᠤ ᠴᠢᠳᠠᠪᠤᠷᠢ ᠪᠠ ᠬᠢᠷᠢ ᠲᠦᠪᠰᠢᠨ ᠢᠶᠠᠨ ᠦᠨᠡᠨᠬᠦ ᠳᠡᠭᠡᠭᠰᠢᠯᠡᠬᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠪᠣᠯᠤᠨ ᠮᠣᠩᠭᠤᠯ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ | ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠵᠤ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ᠬᠤᠯᠪᠤᠭᠠᠯᠠᠨ ᠬᠥᠳᠡᠯᠦᠯᠴᠡᠬᠦ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠳᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠰᠠᠶᠢᠳᠤᠷ ᠬᠢᠨ᠎ᠠ᠃ | ᠪᠡᠶ᠎ᠡ ᠶᠢᠨ ᠲᠠᠮᠢᠷ ᠤᠨ ᠦᠶᠯᠡᠰ ᠢ ᠶᠡᠬᠡᠪᠡᠷ ᠬᠥᠭᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠤ ᠶᠢᠨ | ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ | ᠴᠤᠭᠯᠠᠭᠠᠨ ᠢ ᠰᠠᠶᠢᠲᠤᠷ ᠡᠷᠬᠢᠯᠡᠨ᠎ᠡ᠃ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ | ︾ ᠤ ᠨᠦᠯᠦᠭᠡᠯᠡᠯ ᠢ ᠶᠡᠬᠡᠰᠬᠡᠵᠦ᠂ ᠮᠥᠰᠥ ᠴᠠᠰᠤᠨ ᠤ ᠲᠠᠮᠢᠷ ᠤᠨ ᠴᠤᠭᠯᠠᠭᠠᠨ ᠤ ᠬᠥᠭᠵᠢᠯᠲᠡ ᠶᠢᠨ ᠵᠢᠯᠣᠭᠤᠳᠬᠤ ᠰᠠᠨᠠᠯ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ ᠶᠢ ᠵᠣᠬᠢᠶᠠᠨ ᠪᠠᠶᠢᠭᠤᠯᠵᠤ᠂ ᠤᠷᠤᠯᠳᠤᠭᠠᠨ ᠤ | ᠠᠵᠢᠯᠯᠠᠭ᠎ᠠ ᠶᠢᠨ ᠨᠡᠷᠡᠳᠤ ᠳᠡᠮᠳᠡᠭ ᠢ ᠢᠳᠡᠪᠬᠢᠳᠡᠢ ᠡᠭᠦᠳᠴᠦ᠂ ᠤᠯᠠᠨ ᠳᠦᠮᠡᠨᠴᠢ ᠴᠢᠨᠠᠷᠳᠠᠢ ᠮᠦᠰᠦ ᠴᠠᠰᠤᠨ ᠤ ᠴᠤᠭᠯᠠᠭᠠᠨ ᠤ ᠲᠦᠭᠡᠮᠡᠯᠵᠢᠯᠳᠡ ᠶᠢ ᠳᠦᠷᠭᠡᠳᠭᠡᠵᠤ | ᠂ ᠮᠥᠰᠥ ᠴᠠᠰᠤᠨ ᠤ ᠲᠠᠮᠢᠷ ᠤᠨ ᠴᠤᠭᠯᠠᠭᠠᠨ ᠤ ᠲᠠᠯᠠᠪᠠᠶ ᠣᠷᠳᠣᠨ ᠢ ᠬᠥᠯᠥᠨ ᠪᠣᠶᠢᠷ ᠤᠨ ᠡᠷᠦᠬᠡ ᠠᠮᠠ ᠶᠢᠨ ᠲᠠᠩᠰᠠ ᠲᠠᠢ 16 ᠨᠠᠰᠤᠨ ᠠᠴᠠ ᠳᠤᠭᠤᠭᠰᠢᠬᠢ | ᠵᠠᠯᠠᠭᠤᠴᠤᠳ ᠪᠠᠭᠠᠴᠤᠳ ᠲᠤ ᠰᠦᠶᠳᠬᠡᠯ ᠬᠤᠷᠢᠶᠠᠬᠤ ᠥᠬᠡᠶ ᠪᠠᠷ ᠨᠡᠭᠡᠭᠡᠬᠦ ᠶᠢ ᠪᠡᠶᠡᠯᠡᠭᠦᠯᠦᠨ᠂ ᠣᠯᠠᠨ ᠤᠯᠤᠰ ᠤᠨ ᠮᠥᠰᠥ ᠴᠠᠰᠤᠨ ᠤ ᠲᠠᠮᠢᠷ ᠤᠨ ᠨᠠᠷᠠᠲᠤ | ᠬᠤᠲᠠ ᠶᠢ ᠪᠥᠬᠦ ᠬᠦᠴᠦᠨ ᠢᠶᠠᠷ ᠴᠣᠭᠴᠠᠯᠠᠨ᠎ᠠ᠃ | ᠰᠣᠶᠣᠯ ᠤᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ ᠣᠳᠣ ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ | ᠲᠤᠭᠲᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠭᠡᠵᠦ᠂ ᠡᠷᠡᠬᠦᠯ ᠡᠩᠭᠡ ᠦᠭᠡᠳᠡᠷᠡᠭ ᠤᠯᠠᠨ ᠲᠦᠮᠡᠨ ᠤ ᠰᠤᠶᠤᠯ ᠤᠨ ᠠᠵᠢᠯᠯᠠᠭ᠎ᠠ ᠶᠢ ᠢᠳᠡᠪᠬᠢᠳᠡᠢ ᠦᠷᠨᠢᠬᠦᠯᠵᠤ᠂ | ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠦᠵᠡᠬᠦᠯᠦᠯᠬᠡ ᠶᠢᠨ ᠲᠣᠭᠯᠠᠯᠲᠠ ᠶᠢ 1000 ᠲᠠᠯᠠᠪᠤᠷ ᠤᠳᠠᠭ᠎ᠠ ᠠᠴᠠ ᠳᠡᠭᠡᠭᠰᠢ | ᠪᠡᠶᠡᠯᠡᠭᠦᠯᠦᠨ᠎ᠡ᠃ ︽ᠤᠶᠤᠨᠲᠤ ᠰᠣᠶᠣᠯ ᠵᠢᠭᠤᠯᠴᠢᠯᠠᠯ︾ ᠤᠨ ᠢᠨᠵᠧᠨᠧᠷᠢᠩ ᠢ ᠬᠡᠷᠡᠭᠵᠢᠭᠦᠯᠵᠦ᠂ ᠷᠠᠳᠢᠣ᠋ ᠲᠧᠯᠸᠢᠰ᠂ ᠤᠳᠬ᠎ᠠ ᠵᠣᠬᠢᠶᠠᠯ ᠵᠣᠬᠢᠶᠠᠨ ᠪᠦᠲᠦᠬᠡᠯ᠂ | ᠤᠷᠠᠨ ᠰᠠᠶᠢᠬᠠᠨ ᠤ ᠲᠣᠭᠯᠠᠯᠲᠠ ᠵᠡᠷᠭᠡ ᠦᠶᠯᠡᠰ ᠢ ᠴᠡᠴᠡᠭᠯᠡᠭᠦᠯᠦᠨ ᠬᠦᠭᠵᠢᠭᠦᠯᠵᠦ᠂ ᠰᠤᠶᠤᠯ ᠵᠢᠭᠤᠯᠴᠢᠯᠠᠯ ᠤᠨ ᠰᠤᠪᠠᠭ ᠪᠠ ᠮᠤᠩᠭᠤᠯ ᠬᠡᠯᠡᠨ ᠤ ᠫᠷᠦᠭᠷᠠᠮ ᠢ | ᠰᠠᠶᠢᠳᠤᠷ ᠡᠷᠬᠢᠯᠡᠵᠤ᠂ ᠦᠨᠳᠦᠰᠦᠳᠡᠨ ᠤ ᠤᠨᠴᠠᠯᠢᠭᠳᠤ ᠵᠢᠭᠤᠯᠴᠢᠯᠠᠯ ᠤᠨ ᠪᠦᠲᠦᠬᠡᠭᠳᠡᠭᠦᠨ ᠢ ᠡᠭᠦᠳᠴᠦ᠂ ᠰᠣᠶᠣᠯ ᠤᠨ ᠵᠥᠭᠡᠯᠡᠨ ᠪᠣᠳᠠᠲᠤ ᠬᠦᠴᠦᠨ ᠢ | ᠳᠡᠭᠡᠭᠰᠢᠯᠡᠭᠦᠯᠦᠨ᠎ᠡ᠃ ᠭᠤᠷᠪᠠᠨ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠠᠪᠢᠶᠠᠨ ᠤ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠪᠠ ᠪᠣᠳᠠᠰ ᠤᠨ ᠪᠤᠰᠤ | ᠰᠣᠶᠣᠯ ᠤᠨ ᠥᠪ ᠢ ᠰᠢᠩᠭᠡᠭᠡᠨ ᠦᠶᠯᠡᠳᠬᠦ ᠶᠢ ᠳᠠᠮᠵᠢᠵᠤ᠂ ᠳᠠᠭᠤᠷ ᠬᠡᠯᠡ᠂ ᠡᠸᠡᠩᠬᠢ ᠬᠡᠯᠡᠨ ᠤ ᠲᠣᠯᠢ ᠪᠢᠴᠢᠭ ᠢ ᠨᠠᠶᠢᠷᠠᠭᠤᠯᠬᠤ ᠠᠵᠢᠯ ᠢ ᠴᠢᠷᠮᠠᠶᠢᠨ | ᠪᠡᠶᠡᠯᠡᠭᠦᠯᠦᠨ᠎ᠡ᠃ ᠪᠤᠳᠠᠰ ᠤᠨ ᠪᠤᠰᠤ ᠰᠤᠶᠤᠯ ᠤᠨ ᠦᠪ᠂ ᠦᠨᠳᠦᠰᠦᠳᠡᠨ ᠤ ᠵᠠᠩ ᠦᠢᠯᠡ ᠶᠢᠨ ᠰᠤᠶᠤᠯ ᠪᠠ ᠤᠯᠠᠮᠵᠢᠯᠠᠯᠳᠤ ᠭᠠᠷ ᠤᠷᠠᠯᠠᠯ ᠢ ᠠᠭᠤᠳᠠᠯᠤᠨ | ᠡᠮᠬᠢᠳᠬᠡᠨ ᠠᠮᠢᠯᠠᠭᠤᠯᠤᠨ᠎ᠠ᠃ ᠬᠦᠯᠦᠨ ᠪᠤᠶᠢᠷ ᠤᠨ ᠳᠡᠤᠬᠡ ᠶᠢᠨ ᠮᠦᠽᠧᠢ᠂ ᠰᠤᠨᠢᠨ ᠮᠡᠳᠡᠭᠡᠨ ᠤ ᠲᠦᠪ ᠤᠨ ᠲᠦᠷᠦᠯ ᠵᠦᠢᠯ ᠤᠨ ᠪᠠᠶᠢᠭᠤᠯᠤᠯᠳᠠ ᠶᠢ | ᠳᠦᠷᠬᠡᠳᠬᠡᠨ᠎ᠡ᠃ | ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶᠯᠡᠰ ᠢ ᠯᠠᠪᠳᠠᠭᠤᠨ | ᠪᠠᠲᠤᠲᠠᠶ ᠠᠬᠢᠭᠤᠯᠵᠤ᠂ ᠰᠢᠨ᠎ᠡ ᠪᠠᠷᠭᠤ ᠬᠤᠰᠢᠭᠤ᠂ ᠣᠷᠴᠣᠨ ᠬᠤᠰᠢᠭᠤ ᠪᠣᠯᠤᠨ ᠭᠡᠭᠡᠨ ᠭᠤᠤᠯ ᠬᠤᠲᠠ᠂ ᠵᠠᠯᠠᠶᠢᠨᠠᠭᠤᠷ ᠲᠣᠭᠤᠷᠢᠭ ᠤᠨ ᠪᠦᠬᠦ ᠣᠯᠣᠰ ᠪᠣᠯᠤᠨ | ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠤᠷᠤᠨ ᠢ ᠴᠢᠷᠮᠠᠶᠢᠨ ᠡᠭᠦᠳᠬᠦ ᠶᠢ ᠳᠡᠮᠵᠢᠨ᠎ᠡ᠃ ᠤᠯᠤᠰ ᠤᠨ ᠪᠠᠲᠤᠯᠠᠨ | ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠪᠦᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ | ᠬᠤᠲᠠ ᠶᠢᠨ ︽ᠲᠠᠪᠤᠨ ᠵᠢᠯ ᠳᠠᠷᠠᠭᠠᠯᠠᠨ ᠲᠡᠷᠢᠭᠦᠯᠡᠬᠦ︾ ᠶᠢ ᠴᠢᠷᠮᠠᠶᠢᠨ ᠡᠭᠦᠳᠦᠨ᠎ᠡ᠃ ᠪᠦᠬᠦ ᠤᠯᠤᠰ ᠤᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ | ᠤᠳᠤᠬᠢᠴᠢᠯᠠᠭᠰᠠᠨ ᠲᠤᠷᠰᠢᠯᠲᠠ ᠶᠢᠨ ᠴᠡᠭ ᠢ ᠦᠷᠨᠢᠭᠦᠯᠵᠦ᠂ ᠵᠠᠬᠢᠳᠠᠯ ᠰᠤᠷᠪᠤᠯᠵᠢᠯᠠᠯ ᠤᠨ ᠬᠠᠤᠯᠢᠵᠢᠯ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠭᠠᠮᠰᠢᠭ ᠢ | ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠲᠤᠭᠲᠠᠯᠴᠠᠭ᠎ᠠ ᠶᠢᠨ ᠪᠠᠶᠢᠭᠤᠯᠤᠯᠲᠠ ᠶᠢ | ᠴᠢᠩᠭᠠᠳᠬᠠᠵᠤ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠬᠦᠨᠳᠦ ᠣᠨᠴᠠ ᠶᠡᠭᠡ ᠠᠳᠡᠯ ᠢ | ᠰᠡᠷᠭᠡᠶᠢᠯᠡᠨ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠤᠨ ᠢᠯᠠᠯᠲᠠ ᠶᠢ ᠡᠷᠡᠰ ᠲᠡᠮᠡᠴᠡᠨ ᠣᠯᠵᠤ᠂ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠮᠡᠬᠡᠯᠡᠬᠦ᠂ ᠬᠠᠤᠯᠢ ᠪᠤᠰᠤ ᠪᠠᠷ ᠪᠡᠯᠡ ᠮᠥᠩᠭᠦ | ᠴᠤᠭᠯᠠᠭᠤᠯᠬᠤ ᠵᠡᠷᠭᠡ ᠣᠯᠠᠨ ᠲᠦᠮᠡᠨ ᠳᠤ ᠬᠤᠯᠪᠤᠭᠳᠠᠭᠰᠠᠨ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠨ᠎ᠡ᠃ ︽ᠳᠤᠯᠤᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠬᠦ ᠠᠵᠢᠯ ᠢ ᠳ᠋ᠦᠩᠨᠡᠨ ᠰᠢᠯᠭᠠᠨ ᠠᠪᠬᠤ ᠠᠵᠢᠯ ᠢ ᠰᠠᠶᠢᠲᠤᠷ ᠬᠢᠨ᠎ᠡ᠃ ᠭᠠᠵᠠᠷ ᠬᠥᠳᠡᠯᠦᠯᠲᠡ᠂ ᠴᠠᠭ ᠠᠭᠤᠷ᠂ ᠦᠳᠡᠭᠦᠰ ᠨᠠᠰᠤᠲᠠᠶᠢᠴᠤᠳ᠂ | ᠠᠵᠢᠯᠴᠢᠳ ᠵᠠᠯᠠᠭᠤᠴᠤᠳ ᠡᠮᠡᠭᠲᠠᠶᠢᠴᠤᠳ᠂ ᠵᠡᠮᠳᠡᠭᠴᠦᠳ᠂ ᠬᠤᠶᠢᠴᠢ ᠦᠶ᠎ᠡ ᠶᠢ ᠬᠠᠯᠠᠮᠵᠢᠯᠠᠬᠤ ᠵᠡᠷᠭᠡ ᠠᠵᠢᠯ ᠦᠢᠯᠡᠰ ᠤᠨ ᠬᠥᠭᠵᠢᠯᠲᠡ ᠶᠢ ᠢᠳᠡᠪᠬᠢᠲᠠᠢ | ᠳᠠᠮᠵᠢᠨ᠎ᠠ᠃ |