| ᠭᠤᠷᠪᠠ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ | | ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠪᠠᠨ ᠪᠠᠲᠤ ᠴᠡᠭᠡᠵᠢᠯᠡᠵᠦ᠂ ᠤᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠨ ᠦᠶᠯᠡᠳᠦᠯᠭᠡᠵᠢᠭᠦᠯᠵᠦ᠂ ᠶᠡᠭᠡ ᠳᠠᠶᠢᠯᠠᠯᠳᠤᠭᠠᠨ ᠶᠡᠭᠡ ᠰᠢᠯᠭᠠᠯᠳᠠ ᠳᠤ ᠵᠠᠰᠠᠭ ᠤᠨ ᠤᠷᠳᠤᠨ ᠤ ᠵᠠᠰᠠᠯᠲᠠ ᠶᠢᠨ ᠴᠢᠳᠠᠪᠤᠷᠢ ᠪᠠ ᠬᠢᠷᠢ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠠᠷᠠᠳ ᠲᠦᠮᠡᠨ ᠳᠤ | ᠲᠠᠭᠠᠰᠢᠶᠠᠭᠳᠠᠭᠰᠠᠨ ᠦᠢᠯᠡᠴᠢᠯᠡᠭᠡᠨ ᠤ ᠴᠢᠨᠠᠷᠲᠠᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ᠵᠥᠪ ᠴᠢᠭᠯᠡᠯ ᠢ ᠪᠠᠷᠢᠮᠲᠠᠯᠠᠵᠤ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ ᠪᠠᠶᠢᠯᠭᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ︽ᠳᠥᠷᠪᠡᠨ ᠦᠵᠡᠯ ᠤᠬᠠᠮᠰᠠᠷ︾ | ᠢ ᠨᠡᠮᠡᠭᠳᠡᠬᠦᠯᠵᠦ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠨᠠᠶᠢᠳᠠᠪᠤᠷᠢᠵᠢᠭᠤᠯᠵᠦ᠂ ᠨᠠᠮ ᠤᠨ ᠲᠥᠪ ᠬᠤᠷᠢᠶᠠᠨ ᠤ | ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢ | ᠡᠷᠡᠰ ᠪᠤᠳᠠᠳᠠᠶᠢᠵᠢᠭᠤᠯᠵᠤ᠂ ᠵᠠᠷᠯᠢᠭ ᠴᠠᠭᠠᠵᠠ ᠶᠢ ᠳᠠᠭᠠᠬᠤ᠂ ᠵᠠᠰᠠᠭ ᠤᠨ ᠵᠠᠷᠯᠢᠭ ᠢ ᠰᠠᠭᠠᠳ ᠥᠬᠡᠶ ᠨᠡᠪᠲᠡᠷᠡᠭᠦᠯᠬᠦ᠂ ᠨᠠᠶᠢᠳᠠᠪᠤᠷᠢᠵᠢᠭᠤᠯᠤᠯᠲᠠ ᠶᠢ ᠡᠷᠴᠢᠮᠲᠡᠢ | ᠪᠠᠶᠢᠯᠭᠠᠨ᠎ᠠ᠃ ᠰᠢᠨ᠎ᠡ ᠬᠥᠭᠵᠢᠯᠲᠡ ᠶᠢᠨ ᠤᠨᠤᠯᠵᠢᠬᠤᠨ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ | ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢ ᠪᠠᠷᠢᠮᠲᠠᠯᠠᠵᠤ᠂ ︽ᠤᠭ ᠰᠠᠨᠠᠭ᠎ᠠ | ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠴᠢᠨᠠᠷ ᠰᠠᠶᠢᠲᠠᠢ ᠬᠥᠭᠵᠢᠯᠲᠡ | ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠤᠨ᠎ᠠ᠃ ᠵᠣᠷᠢᠯᠲᠠ ᠶᠢᠨ ᠤᠬᠠᠮᠰᠠᠷ ᠢᠶᠠᠨ ᠴᠢᠩᠳᠠᠯᠠᠵᠤ᠂ ᠠᠷᠠᠳ ᠲᠦᠮᠡᠨ ᠤ ᠲᠥᠯᠥᠭᠡ | ᠵᠠᠰᠠᠭ ᠶᠠᠪᠤᠭᠤᠯᠤᠨ᠎ᠠ᠃ ᠠᠷᠠᠳ ᠲᠦᠮᠡᠨ ᠢᠶᠠᠷ ᠭᠤᠤᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ | ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠨ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠡᠵᠡᠮᠰᠢᠵᠦ᠂ ᠤᠯᠠᠨ | ᠲᠦᠮᠡᠨ ᠤ ᠠᠩᠬᠠᠷᠤᠯ ᠳᠤ ᠬᠠᠷᠢᠭᠤ ᠦᠭᠴᠦ᠂ ᠣᠯᠠᠨ ᠲᠦᠮᠡᠨ ᠤ ᠬᠠᠮᠤᠭ ᠠᠴᠠ ᠰᠠᠨᠠᠭᠠᠰᠢᠷᠠᠵᠤ ᠬᠠᠮᠤᠭ ᠤᠨ ᠰᠢᠭᠤᠳ ᠬᠠᠮᠤᠭ ᠤᠨ ᠪᠣᠳᠠᠲᠠᠶ ᠠᠰᠢᠭ ᠲᠤᠰᠠ | ᠶᠢᠨ ᠠᠰᠠᠭᠤᠳᠠᠯ ᠢ ᠰᠡᠳᠬᠢᠯ ᠲᠠᠯᠪᠢᠨ ᠰᠢᠶᠳᠪᠦᠷᠢᠯᠡᠵᠦ᠂ ᠤᠨᠴᠠᠭᠠᠶᠢᠯᠠᠨ ᠡᠮᠨᠡᠭᠦᠯᠬᠦ᠂ ᠰᠤᠷᠭᠠᠭᠤᠯᠢ ᠳᠤ ᠰᠤᠷᠤᠯᠴᠠᠬᠤ᠂ ᠠᠵᠢᠯ ᠤᠯᠭᠤᠬᠤ ᠵᠡᠷᠭᠡ ᠰᠠᠨᠠᠭ᠎ᠠ | ᠰᠡᠳᠬᠢᠯ ᠵᠣᠪᠠᠭ᠋ᠤ ᠤᠴᠢᠷ ᠶᠠᠪᠤᠳᠠᠯ ᠢ ᠰᠡᠳᠬᠢᠯ ᠲᠠᠯᠪᠢᠨ ᠰᠢᠶᠳᠪᠦᠷᠢᠯᠡᠵᠦ᠂ ᠨᠢᠳᠦᠨ ᠳᠤ ᠦᠵᠡᠭᠳᠡᠬᠦ ᠦᠨᠡᠨ ᠪᠣᠳᠠᠲᠠᠶ ᠬᠤᠪᠢᠷᠠᠯᠲᠠ ᠪᠠᠷ ᠥᠷᠭᠡᠨ ᠤᠯᠠᠨ ᠠᠷᠠᠳ | ᠲᠦᠮᠡᠨ ᠤ ᠠᠰᠢᠭ ᠬᠦᠷᠳᠡᠯ ᠤᠨ ᠲᠦᠷᠦᠭᠳᠡᠯ ᠵᠤᠯ ᠵᠢᠷᠭᠠᠯ ᠤᠨ ᠲᠦᠷᠦᠭᠳᠡᠯ ᠠᠮᠤᠷ ᠲᠦᠪᠰᠢᠨ ᠲᠦᠷᠦᠭᠳᠡᠯ ᠢ ᠦᠨᠡᠨᠬᠦ ᠳᠡᠭᠡᠭᠰᠢᠯᠡᠭᠦᠯᠦᠨ᠎ᠡ᠃ | ᠬᠠᠤᠯᠢ ᠪᠠᠷ ᠵᠠᠰᠠᠬᠤ ᠰᠡᠳᠬᠢᠬᠦᠶ ᠶᠢ ᠪᠠᠲᠤ ᠪᠤᠢ ᠪᠣᠯᠭᠠᠵᠤ᠂ ᠬᠠᠤᠯᠢ ᠶᠣᠰᠣᠭᠠᠷ ᠵᠠᠰᠠᠭ ᠶᠠᠪᠤᠭᠤᠯᠤᠨ᠎ᠠ᠃ ᠠᠷᠪᠠ ᠶᠢᠰᠦᠳᠦᠭᠡᠷ ᠬᠤᠭᠤᠴᠠᠭᠠᠨ ᠤ | ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠦᠷᠢᠮ ᠤᠨ ᠲᠤᠭᠲᠠᠯᠴᠠᠭ᠎ᠠ ᠶᠢ ᠪᠦᠷᠢᠨᠰᠢᠭᠦᠯᠦᠨ | ᠂ ᠲᠦᠷᠢᠮ ᠤᠨ ᠬᠡᠷᠡᠭᠵᠢᠭᠦᠯᠦᠯᠲᠡ ᠶᠢ ᠴᠢᠩᠳᠠᠯᠠᠵᠤ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢ ᠲᠡᠭᠡᠭᠰᠢᠯᠡᠭᠦᠯᠦᠨ᠎ᠡ᠃ ᠬᠠᠤᠯᠢ ᠶᠣᠰᠣᠭᠠᠷ ᠪᠤᠳᠤᠯᠭ᠎ᠠ | ᠲᠣᠭᠲᠠᠭᠠᠬᠤ ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ᠨᠡᠶᠢᠲᠡ ᠤᠯᠠᠨ ᠢᠶᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ | ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠵᠡᠷᠭᠡ ᠴᠢᠬᠤᠯᠠ ᠶᠡᠭᠡ ᠰᠢᠢᠳᠪᠦᠷᠢᠳᠤ ᠪᠤᠳᠤᠯᠭ᠎ᠠ ᠶᠢᠨ ᠬᠠᠤᠯᠢ ᠶᠤᠰᠤᠨ ᠤ | ᠳᠡᠰ ᠳᠠᠷᠠᠭᠠᠯᠠᠯ ᠢ ᠬᠢᠨᠠᠮᠠᠭᠠᠶ ᠭᠦᠶᠴᠡᠳᠬᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠪᠠᠷ ᠬᠢᠨᠠᠯᠲᠠ ᠲᠠᠯᠪᠢᠬᠤ᠂ ᠤᠯᠤᠰ ᠲᠦᠷᠦ ᠶᠢᠨ | ᠵᠦᠪᠯᠡᠯᠭᠡᠨ ᠤ ᠠᠷᠠᠳᠴᠢᠯᠠᠭᠰᠠᠨ ᠬᠢᠨᠠᠯᠲᠠ ᠲᠠᠯᠪᠢᠬᠤ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ | ᠲᠤᠳᠤᠭᠠᠲᠤ ᠶᠢᠨ ᠬᠢᠨᠠᠯᠲᠠ ᠲᠠᠯᠪᠢᠬᠤ ᠶᠢ ᠭᠦᠨᠵᠡᠭᠡᠶ ᠥᠷᠨᠢᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ᠬᠠᠤᠯᠢ ᠬᠡᠷᠡᠭᠵᠢᠭᠦᠯᠬᠦ | ᠶᠢ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠶᠣᠰᠣᠭᠠᠷ ᠠᠮᠠᠯᠠᠭᠰᠠᠨ ᠢᠶᠠᠨ ᠬᠢᠨᠠᠮᠠᠭᠠᠶ ᠬᠦᠢᠴᠡᠳᠭᠡᠵᠦ᠂ ᠬᠠᠤᠯᠢ ᠰᠠᠬᠢᠳᠠᠭ ᠦᠨᠡᠨᠴᠢ | ᠢᠲᠡᠭᠡᠮᠵᠢᠲᠡᠶ ᠳᠦᠷᠢ ᠲᠥᠷᠬᠦ ᠶᠢ ᠪᠣᠶ ᠪᠣᠯᠭᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠥᠬᠦ ᠲᠠᠯ᠎ᠠ ᠪᠠᠷ ᠪᠠᠶᠢᠭᠤᠯᠤᠨ᠎ᠠ᠃ | ᠤᠪᠤᠷ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠡᠬᠦᠷᠬᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠵᠠᠰᠠᠭ ᠤᠨ ᠣᠷᠳᠣᠨ ᠤ ᠰᠢᠰᠲ᠋ᠧᠮ ᠤᠨ | ᠰᠤᠷᠤᠯᠴᠠᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠪᠤᠳᠤᠯᠭ᠎ᠠ ᠲᠤᠭᠲᠠᠭᠠᠬᠤ᠂ ᠠᠰᠠᠭᠤᠳᠠᠯ ᠰᠢᠶᠳᠪᠦᠷᠢᠯᠡᠬᠦ ᠴᠢᠳᠠᠪᠤᠷᠢ ᠪᠠᠨ | ᠳᠡᠭᠡᠭᠰᠢᠯᠡᠭᠦᠯᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠴᠢᠳᠠᠪᠤᠷᠢ ᠪᠠᠨ ᠲᠡᠭᠡᠭᠰᠢᠯᠡᠭᠦᠯᠦᠨ᠎ᠡ᠃ ᠲᠡᠮᠡᠴᠡᠯ ᠤᠨ ᠵᠣᠷᠢᠭ | ᠰᠠᠨᠠᠭ᠎ᠠ ᠪᠠᠨ ᠴᠢᠩᠭᠠᠳᠬᠠᠨ᠂ ᠳᠠᠶᠢᠯᠠᠯᠳᠤᠭᠠᠨ ᠤ ᠦᠶ᠎ᠡ ᠶᠢᠨ ᠪᠠᠶᠢᠳᠠᠯ ᠢᠶᠠᠷ ᠵᠤᠷᠢᠭᠳᠠᠢ ᠡᠭᠦᠷᠭᠡᠯᠡᠵᠤ᠂ ᠳᠠᠶᠢᠯᠠᠯᠳᠤᠭᠠᠨ ᠤ ᠦᠶ᠎ᠡ ᠶᠢᠨ ᠰᠠᠬᠢᠯᠭ᠎ᠠ ᠪᠠᠲᠤ ᠪᠠᠷ | ᠬᠠᠮᠢᠶᠠᠷᠤᠯᠳᠠ ᠪᠠᠨ ᠴᠢᠩᠭᠠᠳᠬᠠᠵᠤ᠂ ᠳᠠᠶᠢᠯᠠᠯᠳᠤᠭᠠᠨ ᠤ ᠦᠶ᠎ᠡ ᠶᠢᠨ ᠤᠪᠤᠷ ᠰᠤᠷᠳᠠᠯ ᠢᠶᠠᠷ ᠨᠠᠶᠢᠳᠠᠪᠤᠷᠢᠵᠢᠭᠤᠯᠤᠯᠳᠠ ᠶᠢ ᠠᠳᠬᠤᠵᠤ᠂ ᠭᠤᠣᠯᠳᠠᠯᠭ᠎ᠠ ᠲᠠᠢ ᠠᠵᠢᠯ | ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠪᠠᠷ ᠬᠦᠴᠦᠯᠡᠨ ᠠᠬᠢᠭᠤᠯᠤᠨ᠎ᠠ᠃ ᠬᠡᠯᠪᠡᠷᠢᠴᠢ ᠦᠵᠡᠯ᠂ ᠨᠣᠶᠠᠨᠴᠢ | ᠰᠤᠷᠲᠠᠯ ᠢ ᠡᠷᠡᠰ ᠠᠷᠢᠯᠭᠠᠵᠤ᠂ ︽ᠳᠥᠷᠪᠡᠨ ᠨᠣᠶᠠᠨ︾᠂ ︽ᠳᠦᠷᠪᠡᠨ ᠬᠢᠳᠡᠯ︾ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠨ᠎ᠠ᠃ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠠᠶ ᠪᠠᠷ ᠠᠵᠢᠯᠯᠠᠬᠤ ᠤᠳᠤᠷᠢᠳᠤᠮᠵᠢ ᠶᠢ | ᠪᠦᠷᠢᠯᠳᠦᠬᠦᠯᠦᠨ᠎ᠡ᠃ | ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠪᠠᠶᠢᠯᠭᠠᠨ᠎ᠠ᠃ ᠤᠯᠤᠰ ᠲᠦᠷᠦ ᠶᠢᠨ ᠰᠠᠬᠢᠯᠭ᠎ᠠ ᠪᠠᠲᠤ ᠤᠯᠤᠰ | ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠲᠥᠪ ᠬᠤᠷᠢᠶᠠᠨ ᠤ ᠨᠠᠢᠮᠠᠨ ᠲᠤᠭᠲᠠᠭᠠᠯ ᠤᠨ ᠵᠣᠷᠢᠭ ᠰᠠᠨᠠᠭ᠎ᠠ ᠪᠣᠯᠤᠨ ᠠᠷᠢᠭᠤᠨ ᠴᠢᠬᠡᠴᠢ ᠪᠠᠷ ᠵᠠᠰᠠᠭ | ᠪᠠᠷᠢᠬᠤ ᠲᠣᠭᠲᠠᠭᠠᠯ ᠢ ᠴᠥᠬᠦᠷᠡᠰᠢ ᠦᠭᠡᠢ ᠨᠠᠶᠢᠳᠠᠪᠤᠷᠢᠵᠢᠭᠤᠯᠤᠨ᠎ᠠ᠃ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠭᠦᠶᠴᠡᠳᠬᠡᠵᠦ᠂ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠠᠷᠢᠭᠤᠨ ᠴᠢᠬᠡᠴᠢ ᠪᠠᠷ ᠵᠠᠰᠠᠭ | ᠪᠠᠷᠢᠬᠤ ᠬᠥᠮᠦᠵᠢᠯ ᠢ ᠭᠦᠨᠵᠡᠭᠡᠶ ᠥᠷᠨᠢᠭᠦᠯᠵᠦ᠂ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠵᠠᠩᠭᠢᠯᠠᠭ᠎ᠠ ᠶᠢᠨ ᠬᠦᠷᠢᠶ᠎ᠠ ᠴᠠᠷᠠᠭ᠎ᠠ ᠶᠢ ᠴᠢᠩᠭ᠎ᠠ | ᠬᠠᠮᠢᠶᠠᠷᠴᠤ᠂ ᠨᠡᠬᠦᠷᠡᠰᠦᠨ ᠤ ᠠᠭᠤᠷᠬᠠᠢ ᠶᠢᠨ ᠡᠬᠢ ᠪᠠᠶᠠᠯᠢᠭ ᠤᠨ ᠬᠦᠷᠢᠶ᠎ᠠ ᠴᠠᠷᠠᠭᠠᠨ ᠤ ᠬᠠᠤᠯᠢ ᠳᠦᠷᠢᠮ ᠢ ᠵᠦᠷᠢᠴᠡᠭᠰᠡᠨ ᠠᠰᠠᠭᠤᠳᠠᠯ᠂ ᠠᠭᠤᠷᠬᠠᠢ ᠶᠢᠨ | ᠭᠠᠷᠤᠯᠳᠠ ᠶᠢᠨ ᠡᠬᠢ ᠪᠠᠶᠠᠯᠢᠭ ᠤᠨ ᠬᠦᠷᠢᠶ᠎ᠠ ᠴᠠᠷᠠᠭᠠᠨ ᠤ ᠲᠤᠪᠤᠶᠢᠮ᠎ᠠ ᠠᠰᠠᠭᠤᠳᠠᠯ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ | ᠠᠰᠠᠭᠤᠳᠠᠯ ᠢ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠶᠢ ᠬᠦᠨᠵᠡᠭᠡᠶᠢᠷᠡᠬᠦᠯᠵᠤ᠂ ᠲᠦᠷᠢᠮ ᠢᠶᠠᠷ ᠡᠷᠬᠡ ᠶᠢ ᠬᠠᠮᠢᠶᠠᠷᠴᠦ᠂ ᠤᠴᠢᠷ ᠶᠠᠪᠤᠳᠠᠯ ᠢ ᠬᠠᠮᠢᠶᠠᠷᠴᠤ᠂ | ᠬᠥᠮᠦᠨ ᠢ ᠬᠠᠮᠢᠶᠠᠷᠤᠨ᠎ᠠ᠃ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠪᠣᠳᠠᠲᠤ ᠦᠷ᠎ᠡ ᠪᠦᠲᠦᠮᠵᠢ ᠪᠠᠷ ᠺᠠᠳ᠋ᠷ ᠢ ᠬᠠᠮᠠᠭᠠᠯᠠᠵᠤ᠂ ᠬᠥᠭᠵᠢᠯᠲᠡ ᠶᠢ | ᠪᠠᠲᠤᠯᠠᠨ᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠦᠬᠦ ᠲᠠᠯ᠎ᠠ ᠪᠠᠷ ᠪᠠᠶᠢᠭᠤᠯᠤᠨ᠎ᠠ᠃ | ᠲᠥᠯᠥᠭᠡᠯᠡᠭᠴᠢᠳ ᠡ︕ ᠡᠭᠦᠷᠭᠡ ᠬᠠᠷᠢᠭᠤᠴᠠᠯᠭ᠎ᠠ ᠪᠠᠨ ᠵᠤᠷᠢᠭᠳᠠᠢ ᠪᠠᠷ ᠡᠬᠦᠷᠬᠡᠯᠡᠵᠤ᠂ ᠦᠨᠡᠨ ᠪᠣᠳᠠᠲᠠᠢ ᠠᠵᠢᠯᠯᠠᠪᠠᠯ ᠰᠠᠶ᠋ᠢ ᠤᠭ ᠰᠠᠨᠠᠭ᠎ᠠ ᠪᠠᠨ | ᠦᠢᠯᠡᠳᠦᠯᠭᠡᠵᠢᠬᠦᠯᠵᠤ ᠴᠢᠳᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠡᠷᠴᠢ ᠵᠣᠷᠢᠭ ᠢᠶᠠᠨ ᠬᠥᠪᠴᠢᠯᠡᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠥᠷᠯᠥᠭᠡ ᠦᠳᠡᠰᠢ ᠲᠠᠢ ᠤᠷᠤᠯᠳᠤᠨ᠂ ᠵᠠᠯᠠᠭᠤ ᠽᠠᠨᠳᠠᠨ | ᠨᠠᠰᠤ ᠪᠠᠨ ᠦᠯᠦ ᠬᠦᠰᠡᠷᠳᠡᠬᠦᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠦᠵᠡᠰᠬᠦᠯᠡᠩᠲᠦ ᠰᠠᠶᠢᠬᠠᠨ ᠦᠨᠢᠷ | ᠪᠠᠶᠠᠯᠢᠭ᠂ ᠡᠶ᠎ᠡ ᠵᠣᠬᠢᠴᠠᠩᠭᠤᠢ ᠠᠮᠤᠷ ᠲᠤᠭᠲᠠᠭᠤᠨ ᠬᠥᠯᠥᠨ ᠪᠤᠶᠢᠷ ᠢ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ |