ᠥᠪᠥᠷ ᠵᠠᠰᠠᠭ ᠠᠯᠪᠠᠨ ᠲᠠᠷᠬᠠᠭᠠᠭᠰᠠᠨ ︹2020 ︺ 14 ᠳ᠋ᠦ᠋ᠭᠡᠷ ᠲᠣᠭᠠᠲᠤ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ | ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠬᠦᠳᠡᠭᠡ ᠲᠤᠰᠬᠤᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2019﹈ 45 ᠳ᠋ᠤᠭᠠᠷ ᠲᠣᠭᠠᠲᠤ︶ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ | ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠦᠷᠭᠡᠳᠬᠡᠨ ᠪᠠᠶᠢᠭᠤᠯᠵᠤ᠂ ︽ᠬᠥᠳᠡᠭᠡ ᠲᠣᠰᠬᠤᠨ ᠤ ᠳᠥᠷᠪᠡᠨ ᠰᠠᠶᠢᠨ ᠵᠠᠮ︾ ᠤᠨ ᠪᠦᠲᠦᠭᠡᠨ | ᠪᠠᠶᠢᠭᠤᠯᠤᠯᠲᠠ ᠶᠢᠨ ᠴᠢᠨᠠᠷ ᠰᠠᠶᠢᠲᠠᠶ ᠬᠦᠭᠵᠢᠯᠲᠡ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠶ ᠳᠣᠤᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ | ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠲᠣᠰᠬᠤᠨ ᠤ | ᠳᠥᠷᠪᠡᠨ ᠰᠠᠶᠢᠨ ᠵᠠᠮ︾ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ | ᠡᠷᠡᠮᠡᠯᠵᠡᠯ ᠢ ᠬᠠᠩᠭᠠᠬᠤ ᠪᠠᠷ ᠬᠠᠷᠠᠯᠲᠠ ᠪᠣᠯᠭᠠᠨ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ᠂ ᠪᠡᠯᠡ ᠮᠦᠩᠭᠦᠨ ᠤ ᠬᠠᠩᠭᠠᠯᠭ᠎ᠠ ᠶᠢ | ᠴᠢᠩᠭᠠᠳᠬᠠᠬᠤ ᠪᠠ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠪᠠᠷ ᠭᠤᠤᠯᠳᠠᠯᠭ᠎ᠠ ᠪᠣᠯᠭᠠᠨ᠂ ᠶᠠᠰᠤ ᠴᠢᠨᠠᠷ ᠢᠶᠠᠷ ᠭᠤᠣᠯ ᠪᠣᠯᠭᠠᠬᠤ᠂ | ᠠᠮᠤᠷ ᠲᠦᠪᠰᠢᠨ ᠢ ᠡᠷᠬᠢᠮᠯᠡᠬᠦ᠂ ᠠᠶᠠᠨᠳᠠᠭᠠᠨ ᠵᠤᠬᠢᠴᠠᠯᠳᠤᠬᠤ᠂ ᠪᠣᠬᠢᠷᠳᠤᠯ ᠦᠭᠡᠶ ᠪᠠᠷ ᠬᠥᠭᠵᠢᠭᠦᠯᠬᠦ ᠵᠠᠷᠴᠢᠮ ᠪᠠ ᠲᠤᠬᠠᠶ ᠶᠢᠨ ᠭᠠᠵᠠᠷ ᠲᠤ ᠨᠢ ᠲᠣᠬᠢᠷᠠᠭᠤᠯᠬᠤ᠂ | ᠢᠯᠭᠠᠭ᠎ᠠ ᠲᠠᠢ ᠪᠠᠷ ᠬᠠᠮᠢᠶᠠᠷᠬᠤ ᠣᠨᠣᠯᠵᠢᠬᠤᠨ ᠢ ᠪᠠᠷᠢᠮᠲᠠᠯᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠦᠷᠢᠶ᠎ᠡ ᠴᠠᠷᠠᠭᠠᠨ ᠤ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠰᠠᠯᠠᠭ᠎ᠠ ᠮᠥᠴᠢᠷ | ᠬᠠᠮᠵᠢᠯᠴᠠᠭᠰᠠᠨ᠂ ᠣᠯᠠᠨ ᠲᠦᠮᠡᠨ ᠣᠷᠣᠯᠴᠠᠭᠰᠠᠨ᠂ ᠵᠠᠬ᠎ᠠ ᠳᠡᠯᠭᠡᠭᠦᠷ ᠢᠶᠠᠷ ᠲᠣᠬᠢᠷᠠᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ | ᠠᠷᠠᠴᠢᠯᠠᠨ ᠬᠠᠮᠠᠭᠠᠯᠠᠬᠤ ᠪᠠᠶᠢᠭᠤᠯᠤᠯ ᠢ ᠬᠦᠴᠦᠯᠡᠨ ᠪᠦᠷᠢᠨᠰᠢᠭᠦᠯᠵᠦ᠂ ᠬᠥᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ | ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠪᠣᠯᠣᠨ ᠪᠠᠲᠤᠯᠠᠭ᠎ᠠ ᠬᠠᠩᠭᠠᠬᠤ ᠬᠡᠷᠩᠳᠠᠢ᠃ | ᠬᠤᠶᠠᠷ᠂ ᠠᠵᠢᠯ ᠤᠨ ᠬᠠᠷᠠᠯᠲᠠ | 2022 ᠣᠨ ᠪᠣᠯᠬᠤ ᠳᠤ᠂ ᠡᠷᠬᠡ ᠬᠠᠷᠢᠭᠤᠴᠠᠯᠭ᠎ᠠ ᠲᠣᠳᠣᠷᠬᠠᠶ᠂ ᠵᠡᠷᠭᠡ ᠳᠤ ᠨᠢ ᠠᠳᠬᠤᠵᠤ ᠬᠠᠮᠲᠤ ᠪᠠᠷ ᠬᠠᠮᠢᠶᠠᠷᠤᠭᠰᠠᠨ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠪᠠᠶᠢᠭᠤᠯᠤᠯ ᠲᠣᠭᠲᠠᠴᠠ ᠶᠢ ᠦᠨᠳᠦᠰᠦᠨ ᠳᠤ ᠪᠠᠨ ᠪᠠᠶᠢᠭᠤᠯᠵᠤ᠂ ᠡᠳ᠋ ᠤᠨ ᠵᠠᠰᠠᠭ ᠤᠨ | ᠣᠷᠣᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠲᠣᠳᠣᠷᠬᠠᠶ᠂ ᠨᠡᠶᠢᠭᠡᠮ ᠤᠨ ᠬᠦᠴᠦᠨ ᠢᠳᠡᠪᠬᠢᠲᠡᠶ ᠣᠷᠣᠯᠴᠠᠭᠰᠠᠨ ᠪᠠᠶᠢᠷᠢᠰᠢᠯ ᠢ ᠪᠣᠶ ᠪᠣᠯᠭᠠᠨ᠎ᠠ᠃ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠢ ᠵᠠᠰᠠᠬᠤ ᠴᠢᠳᠠᠪᠤᠷᠢ ᠢᠯᠡᠳᠲᠡ ᠳᠡᠭᠡᠭᠰᠢᠯᠡᠵᠦ᠂ ᠵᠠᠰᠠᠬᠤ ᠰᠢᠰᠲ᠋ᠧᠮᠴᠢ ᠶᠢ ᠠᠩᠬ᠎ᠠ ᠠᠯᠬᠤᠮ ᠪᠦᠷᠢᠯᠳᠦᠭᠦᠯᠣᠨ᠂ ᠠᠶᠠᠯᠠᠯ | ᠨᠡᠪᠳᠡᠷᠡᠯ ᠤᠨ ᠨᠥᠬᠦᠴᠡᠯ ᠪᠣᠯᠤᠨ ᠵᠠᠮ ᠳᠠᠭᠠᠤ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠵᠣ᠂ ᠵᠠᠮ ᠬᠠᠷᠢᠯᠴᠠᠭᠠᠨ ᠤ ᠪᠠᠲᠤᠯᠠᠭ᠎ᠠ ᠶᠢᠨ ᠴᠢᠳᠠᠪᠤᠷᠢ ᠶᠢ | ᠢᠯᠡᠳᠲᠡ ᠴᠢᠩᠭᠠᠷᠠᠭᠤᠯᠣᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠵᠢᠭᠰᠠᠭᠠᠨ ᠠᠷᠠᠴᠢᠯᠠᠭᠰᠠᠨ ᠨᠣᠷᠮ᠎ᠠ ᠶᠢ 100% ᠪᠣᠯᠭᠠᠵᠤ᠂ ᠵᠢᠯ ᠤᠨ | ᠳᠤᠮᠳᠠᠴᠢ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠬᠠᠷᠢᠴᠠᠯ ᠢ 5% ᠠᠴᠠ ᠳᠣᠤᠷ᠎ᠠ ᠪᠠᠶᠢᠯᠭᠠᠬᠤ ᠦᠭᠡᠶ᠂ ᠳᠤᠮᠳᠠ ᠵᠡᠷᠭᠡ ᠶᠢᠨ ᠵᠢᠴᠢ ᠲᠡᠭᠦᠨ ᠠᠴᠠ | ᠳᠡᠭᠡᠭᠰᠢᠬᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠡᠵᠡᠯᠡᠬᠦ ᠬᠠᠷᠢᠴᠠᠯ ᠢ 75% ᠠᠴᠠ ᠳᠣᠤᠷ᠎ᠠ ᠪᠠᠶᠢᠯᠭᠠᠬᠤ ᠦᠭᠡᠶ ᠪᠣᠯᠭᠠᠨ᠎ᠠ᠃ 2035 ᠣᠨ | ᠪᠣᠯᠬᠤ ᠳᠤ᠂ ᠰᠢᠰᠲ᠋ᠧᠮᠵᠢ ᠨᠢ ᠪᠦᠷᠢᠨ ᠲᠡᠭᠦᠯᠳᠡᠷ᠂ ᠪᠦᠲᠦᠴᠡ ᠨᠢ ᠰᠢᠨᠵᠢᠯᠡᠬᠦ ᠤᠬᠠᠭᠠᠨᠴᠢ᠂ ᠠᠵᠢᠯᠯᠠᠭᠠᠨ ᠨᠢ ᠤᠷᠤᠭᠰᠢᠲᠠᠢ᠂ ᠪᠠᠲᠤᠯᠠᠭ᠎ᠠ ᠰᠠᠶᠢᠲᠠᠢ ᠪᠠᠶᠢᠬᠤ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠪᠠᠶᠢᠭᠤᠯᠤᠯ ᠲᠣᠭᠲᠠᠴᠠ ᠶᠢ ᠪᠦᠬᠦ ᠲᠠᠯ᠎ᠠ ᠪᠠᠷ ᠪᠠᠶᠢᠭᠤᠯᠤᠨ᠂ ᠬᠤᠲᠠ | ᠬᠥᠳᠡᠭᠡ ᠶᠢᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢᠨ ᠲᠡᠩᠴᠡᠭᠦᠷᠢᠰᠢᠯᠲᠡ ᠶᠢ ᠦᠨᠳᠦᠰᠦᠨ ᠳᠤ ᠪᠠᠨ | ᠪᠡᠶᠡᠯᠡᠭᠦᠯᠵᠦ᠂ ᠵᠠᠮ ᠤᠨ ᠪᠠᠶᠢᠳᠠᠯ ᠤᠨ ᠬᠢᠷᠢ ᠲᠦᠪᠰᠢᠨ ᠪᠠ ᠵᠠᠮ ᠳᠠᠭᠠᠤ ᠶᠢᠨ ᠣᠷᠴᠢᠨ ᠲᠣᠭᠤᠷᠢᠨ ᠢ ᠦᠨᠳᠦᠰᠦᠨ ᠴᠢᠨᠠᠷᠲᠠᠶ ᠪᠠᠷ ᠰᠠᠶᠢᠵᠢᠷᠠᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠠᠰᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠵᠠᠰᠠᠬᠤ ᠰᠢᠰᠲ᠋ᠧᠮᠵᠢ ᠶᠢ ᠪᠥᠬᠦ ᠲᠠᠯ᠎ᠠ ᠪᠠᠷ | ᠲᠡᠭᠦᠯᠳᠡᠷᠵᠢᠭᠦᠯᠦᠨ᠎ᠡ᠃ | ᠭᠤᠷᠪᠠ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠳᠠ ᠶᠢᠨ ᠵᠣᠬᠢᠶᠠᠨ ᠪᠠᠶᠢᠭᠤᠯᠬᠤ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠭᠦ ᠬᠡᠷᠩᠳᠠᠢ | ︵ᠨᠢᠭᠡ︶ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠠᠵᠢᠯ ᠲᠥᠷᠥᠯ ᠤᠨ ᠬᠠᠮᠢᠶᠠᠷᠤᠯᠲᠠ ᠪᠠ ᠵᠣᠬᠢᠴᠠᠯᠳᠤᠭᠤᠯᠤᠨ | ᠬᠠᠮᠵᠢᠯᠴᠠᠬᠤ ᠪᠠᠨ ᠴᠢᠩᠭᠠᠳᠬᠠᠬᠤ ᠬᠡᠷᠩᠳᠠᠢ᠃ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠠᠵᠢᠯ ᠤᠨ ᠡᠭᠦᠷᠭᠡ | ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠵᠢᠯ ᠲᠥᠷᠥᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠵᠣᠬᠢᠴᠠᠯᠳᠤᠭᠤᠯᠤᠨ | ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠤᠢ ᠪᠤᠯᠭᠠᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ | ᠠᠷᠠᠴᠢᠯᠠᠠ ᠬᠠᠮᠠᠭᠠᠯᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠪᠦᠭᠡᠳ ᠡᠮᠬᠢ ᠵᠢᠷᠤᠮ ᠲᠠᠢ ᠪᠠᠷ | ᠠᠬᠢᠭᠤᠯᠬᠤ ᠬᠡᠷᠩᠳᠠᠢ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠣᠨ ᠤ ᠲᠥᠯᠥᠪᠯᠡᠭᠡ ᠶᠢ ᠬᠢᠨᠠᠨ ᠵᠥᠪᠰᠢᠶᠡᠷᠡᠵᠦ ᠳᠣᠷᠣᠭᠰᠢ ᠪᠠᠭᠤᠯᠭᠠᠬᠤ ᠠᠵᠢᠯ ᠢ | ᠬᠠᠷᠢᠭᠤᠴᠠᠵᠤ᠂ ᠠᠷᠠᠴᠢᠯᠠᠨ ᠬᠠᠮᠠᠭᠠᠯᠠᠬᠤ ᠲᠥᠯᠥᠪᠯᠡᠭᠡ ᠶᠢ ᠬᠡᠷᠡᠭᠵᠢᠭᠦᠯᠵᠣ ᠪᠠᠶᠢᠭ᠎ᠠ ᠪᠠᠶᠢᠳᠠᠯ ᠪᠠ ᠠᠷᠠᠴᠢᠯᠠᠨ ᠬᠠᠮᠠᠭᠠᠯᠠᠭᠰᠠᠨ ᠶᠠᠰᠤ ᠴᠢᠨᠠᠷ ᠲᠤ ᠬᠢᠨᠠᠯᠲᠠ ᠲᠠᠯᠪᠢᠬᠤ | ᠪᠠ ᠪᠠᠶᠢᠴᠠᠭᠠᠯᠲᠠ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠠᠵᠢᠯ ᠢ ᠵᠢᠯᠣᠭᠤᠣᠡᠬᠤ ᠪᠠ ᠬᠢᠨᠠᠯᠲᠠ | ᠲᠠᠯᠪᠢᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ | ᠬᠠᠮᠠᠭᠠᠯᠠᠬᠤ ᠳᠤ ᠬᠡᠷᠡᠭᠯᠡᠭᠰᠡᠨ ᠪᠡᠯᠡ ᠮᠦᠩᠭᠦᠨ ᠳᠤ ᠪᠦᠬᠦ ᠶᠠᠪᠤᠴᠠ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠬᠢᠨ᠎ᠡ᠃ ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ | ᠤᠰᠤᠨ ᠠᠰᠢᠭᠯᠠᠯᠲᠠ ᠶᠢᠨ ᠲᠢᠩᠬᠢᠮ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ | ᠵᠠᠮ ᠳᠤ ᠬᠡᠷᠡᠭᠯᠡᠬᠦ ᠭᠠᠵᠠᠷ᠂ ᠮᠠᠲ᠋ᠧᠷᠢᠶᠠᠯ ᠤᠨ ᠲᠠᠯᠠᠪᠠᠢ ᠶᠢ ᠪᠠᠲᠤᠯᠠᠬᠤ ᠵᠢᠴᠢ ᠡᠯ᠎ᠡ ᠭᠠᠵᠠᠷ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ | ᠢᠨᠵᠧᠨᠧᠷᠢᠩ ᠤᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢᠶᠠᠨ ᠳᠦᠭᠦᠮᠴᠢᠯᠡᠬᠦ ᠶᠢ ᠨᠢ ᠬᠠᠷᠢᠭᠤᠴᠠᠵᠤ ᠵᠢᠯᠣᠭᠤᠳᠤᠨ ᠠᠬᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ ᠨᠢ ᠡᠯ᠎ᠡ ᠭᠠᠵᠠᠷ ᠣᠷᠣᠨ ᠤ | ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ | ᠠᠵᠢᠯ ︵ᠲᠤᠰᠢᠶᠠᠬᠤ︶ ᠳᠠᠭᠤᠰᠴᠤ ᠰᠢᠯᠭᠠᠨ ᠬᠤᠷᠢᠶᠠᠵᠤ ᠠᠪᠬᠤ ᠠᠵᠢᠯ ᠳᠤ ᠣᠷᠣᠯᠴᠠᠬᠤ ᠶᠢ ᠬᠠᠷᠢᠭᠤᠴᠠᠵᠤ ᠵᠢᠯᠣᠭᠤᠳᠤᠨ ᠠᠬᠢᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ | ᠠᠷᠠᠴᠢᠯᠠᠨ ᠬᠠᠮᠠᠭᠠᠯᠠᠬᠤ ᠨᠥᠬᠦᠪᠥᠷᠢ ᠮᠥᠩᠭᠦ ᠬᠤᠷᠠᠮᠳᠤᠭᠤᠯᠤᠨ ᠴᠤᠭᠯᠠᠭᠤᠯᠬᠤ ᠶᠢ ᠬᠠᠷᠢᠭᠤᠴᠠᠬᠤ ᠶᠢᠨ ᠬᠠᠮᠲᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ | ᠠᠷᠠᠴᠢᠯᠠᠨ ᠬᠠᠮᠠᠭᠠᠯᠠᠬᠤ ᠳᠤ ᠬᠡᠷᠡᠭᠯᠡᠭᠰᠡᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠪᠡᠯᠡ ᠮᠦᠩᠭᠦᠨ ᠳᠤ ᠠᠮᠵᠢᠯᠲᠠ | ᠪᠦᠲᠦᠮᠵᠢ ᠶᠢᠨ ᠰᠢᠯᠭᠠᠨ ᠦᠨᠡᠯᠡᠬᠦ ᠠᠵᠢᠯ ᠢ ᠴᠠᠭ ᠲᠤ ᠨᠢ ᠲᠣᠬᠢᠷᠠᠭᠤᠯᠤᠨ ᠦᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠠᠮ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠠᠵᠢᠯ ᠢ ᠠᠬᠢᠭᠤᠯᠬᠤ ᠳᠤ ᠬᠠᠷᠢᠭᠤᠴᠠᠵᠤ ᠬᠠᠮᠵᠢᠯᠴᠠᠨ᠎ᠠ᠃ ᠥᠪᠡᠷᠲᠡᠭᠡᠨ ᠵᠠᠰᠠᠬᠤ ᠣᠷᠣᠨ ᠤ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠤᠰ | ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠪᠠᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ | ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠶ᠃ | ︵ᠬᠤᠶᠠᠷ︶ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠨᠢᠭᠡᠳᠦᠯᠲᠡᠶ ᠲᠥᠯᠥᠪᠯᠡᠬᠦ ᠪᠠ ᠵᠢᠯᠣᠭᠤᠳᠴᠦ ᠬᠢᠨᠠᠯᠲᠠ | ᠲᠠᠯᠪᠢᠬᠤ ᠪᠠᠨ ᠴᠢᠩᠭᠠᠳᠬᠠᠬᠤ ᠬᠡᠷᠡᠭᠲᠡᠶ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠠᠶᠢᠮᠠᠭ ᠬᠤᠲᠠ ᠶᠢᠨ ᠨᠢᠭᠡᠳᠦᠯᠲᠡᠶ | ᠲᠥᠯᠥᠪᠯᠡᠬᠦ ᠪᠠ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠬᠤᠰᠢᠭᠤ ᠰᠢᠶᠠᠨ ︵ | ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠨ ᠬᠠᠮᠠᠭᠠᠯᠠᠬᠤ ᠡᠷᠬᠡ ᠪᠠ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠭᠲᠠᠭᠠᠵᠤ᠂ ᠲᠣᠭᠲᠠᠭᠠᠯ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠠᠶᠢᠮᠠᠭ ᠬᠤᠲᠠ ᠶᠢᠨ ᠱᠠᠲᠤᠨ ᠤ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠨᠦᠬᠦᠪᠦᠷᠢ ᠪᠡᠯᠡ ᠮᠥᠩᠭᠦ ᠶᠢ ᠬᠤᠷᠠᠮᠳᠤᠭᠤᠯᠤᠨ ᠴᠤᠭᠯᠠᠭᠤᠯᠵᠤ᠂ ᠵᠠᠰᠠᠮᠠᠯ ᠵᠠᠮ ᠠᠷᠠᠴᠢᠯᠠᠨ | ᠬᠠᠮᠠᠭᠠᠯᠠᠬᠤ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ᠵᠢᠯᠣᠭᠤᠳᠤᠯᠭ᠎ᠠ ᠶᠢ ᠴᠢᠩᠭᠠᠳᠬᠠᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠣᠨ ᠳᠤ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠬᠢᠭᠦ ᠬᠡᠷᠡᠭᠲᠡᠶ᠃ ᠲᠤᠰ ᠭᠠᠵᠠᠷ ᠣᠷᠣᠨ ᠤ ᠪᠠᠨ ᠪᠣᠳᠠᠳᠠᠢ ᠲᠠᠢ | ᠤᠶᠠᠯᠳᠤᠭᠤᠯᠤᠨ᠂ ᠵᠠᠮ ᠤᠨ ᠲᠠᠷᠤᠭ᠎ᠠ ᠶᠢᠨ ᠳᠦᠷᠢᠮ᠂ ᠪᠡᠯᠡ ᠮᠦᠩᠭᠦᠨ ᠤ ᠪᠠᠲᠤᠯᠠᠭ᠎ᠠ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠠᠮ᠂ ᠠᠷᠠᠴᠢᠯᠠᠨ | ᠬᠠᠮᠠᠭᠠᠯᠠᠬᠤ ᠶᠢ ᠵᠠᠬ᠎ᠠ ᠲᠡᠯᠭᠡᠭᠦᠷᠴᠢᠯᠡᠬᠦ᠂ ᠪᠡᠯᠡ ᠣᠷᠤᠭᠤᠯᠵᠤ ᠪᠡᠯᠡ ᠲᠣᠬᠢᠷᠠᠭᠤᠯᠬᠤ ᠲᠣᠭᠲᠠᠴᠠ ᠳᠤ ᠰᠢᠨ᠎ᠡ ᠶᠢ ᠡᠭᠦᠳᠬᠦ᠂ ᠣᠯᠠᠨ ᠲᠦᠮᠡᠨ ᠣᠷᠣᠯᠴᠠᠬᠤ᠂ | ᠵᠠᠰᠠᠭ ᠤᠨ ᠣᠷᠳᠣᠨ ᠰᠢᠯᠭᠠᠨ ᠬᠢᠨᠠᠬᠤ ᠵᠡᠷᠭᠡ ᠪᠠᠷ ᠵᠢᠱᠢᠶ᠎ᠡ ᠦᠵᠡᠭᠦᠯᠬᠦ ᠭᠤᠤᠯ ᠰᠡᠳᠦᠪ ᠪᠣᠯᠭᠠᠵᠤ᠂ 1 — 2 ᠬᠤᠰᠢᠭᠤ ᠰᠢᠶᠠᠨ ︵ᠬᠤᠲᠠ᠂ ᠲᠣᠭᠤᠷᠢᠭ︶ ᠢ | ᠰᠤᠩᠭᠤᠵᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠦᠷᠨᠢᠭᠦᠯᠦᠨ᠂ ᠰᠠᠶᠢᠨ ᠲᠤᠷᠰᠢᠯᠭ᠎ᠠ ᠰᠠᠶᠢᠨ ᠬᠢᠳᠡᠯ ᠢ ᠨᠠᠷᠢᠨ ᠬᠢᠨᠠᠮᠠᠭᠠᠶ ᠳ᠋ᠦᠩᠨᠡᠨ᠂ | ᠨᠡᠶᠢᠲᠡᠯᠢᠭ ᠲᠤᠷᠰᠢᠯᠭ᠎ᠠ ᠶᠢ ᠵᠢᠷᠤᠮᠯᠠᠨ ᠳᠠᠭᠤᠷᠢᠶᠠᠵᠤ ᠳᠡᠯᠭᠡᠷᠡᠭᠦᠯᠬᠦ ᠶᠢ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ | ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠯᠤᠭ᠎ᠠ ᠣᠷᠭᠠᠨᠢᠭ ᠢᠶᠠᠷ ᠤᠶᠠᠯᠳᠤᠭᠤᠯᠵᠤ᠂ ᠥᠭᠡᠷᠡᠴᠢᠯᠡᠯᠲᠡ ᠶᠢ | ᠤᠷᠤᠭᠰᠢᠲᠠᠶ ᠶᠠᠪᠤᠭᠳᠠᠭᠤᠯᠬᠤ ᠶᠢ ᠬᠦᠳᠦᠯᠦᠨ ᠵᠢᠯᠣᠭᠤᠳᠬᠤ ᠬᠡᠷᠡᠭᠲᠡᠢ᠃ | ︵ᠭᠤᠷᠪᠠ︶ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ | ᠬᠦ ᠭᠦᠢᠴᠡᠳᠭᠡᠬᠦ ᠬᠡᠷᠡᠭᠲᠡᠶ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ︽ᠰᠢᠶᠠᠨ ᠤ ᠵᠠᠮ ᠢ ᠰᠢᠶᠠᠨ ᠠᠴᠠ | ᠬᠠᠮᠢᠶᠠᠷᠬᠤ᠂ ᠰᠢᠶᠠᠩ ᠲᠣᠰᠬᠤᠨ ᠤ ᠵᠠᠮ ᠢ ᠰᠢᠶᠠᠩ ᠲᠣᠰᠬᠤᠨ ᠠᠴᠠ ᠬᠠᠮᠢᠶᠠᠷᠬᠤ︾ ᠵᠠᠷᠴᠢᠮ ᠶᠣᠰᠣᠭᠠᠷ᠂ ᠲᠤᠰ ᠭᠠᠵᠠᠷ ᠣᠷᠣᠨ ᠤ ᠪᠣᠳᠠᠳᠠᠢ ᠲᠠᠢ ᠨᠡᠶᠢᠴᠡᠭᠰᠡᠨ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠵᠠᠮ | ᠬᠠᠷᠢᠯᠴᠠᠭ᠎ᠠ ᠲᠡᠭᠡᠭᠡᠪᠦᠷᠢ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠳᠣᠲᠣᠭᠠᠳᠤ ᠶᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠡᠷᠬᠡ | ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠳᠣᠷᠬᠠᠶᠢᠯᠠᠬᠤ ᠶᠢᠨ ᠬᠠᠮᠲᠤ᠂ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠰᠤᠮᠤ ᠰᠢᠶᠠᠩ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠵᠢᠯᠣᠭᠤᠣᠡᠴᠣ ᠬᠢᠨᠠᠯᠲᠠ ᠲᠠᠯᠪᠢᠬᠤ ᠬᠡᠷᠡᠭᠲᠡᠶ᠃ ᠲᠣᠰ ᠭᠠᠵᠠᠷ ᠣᠷᠣᠨ ᠤ ᠪᠠᠨ | ᠪᠣᠳᠠᠳᠠᠢ ᠲᠠᠢ ᠤᠶᠠᠯᠳᠤᠭᠤᠯᠤᠨ᠂ ᠵᠠᠮ ᠤᠨ ᠲᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠬᠤᠷᠴᠠ ᠴᠢᠳᠠᠮᠠᠭᠠᠶ ᠪᠦᠭᠡᠳ ᠪᠦᠲᠦᠮᠵᠢ ᠰᠠᠶᠢᠲᠠᠢ᠂ | ᠲᠤᠰᠬᠠᠶ ᠠᠵᠢᠯᠯᠠᠬᠤ ᠪᠠ ᠠᠵᠢᠯ ᠬᠠᠪᠰᠤᠷᠭᠠᠬᠤ ᠶᠢ ᠤᠶᠠᠯᠳᠤᠭᠤᠯᠬᠤ᠂ ᠲᠤᠰᠬᠠᠢ ᠠᠵᠢᠯᠯᠠᠬᠤ ᠪᠠᠷ ᠭᠤᠤᠯ ᠪᠣᠯᠭᠠᠬᠤ︾ ᠬᠠᠮᠢᠶᠠᠷᠤᠯᠲᠠ ᠶᠢᠨ ᠰᠢᠰᠲ᠋ᠧᠮᠵᠢ ᠶᠢ | ᠪᠠᠶᠢᠭᠤᠯᠵᠤ᠂ ᠵᠠᠮ ᠤᠨ ᠲᠠᠷᠤᠭ᠎ᠠ ᠶᠢᠨ ᠳᠦᠷᠢᠮ ᠤᠨ ᠬᠡᠷᠡᠭᠵᠢᠭᠦᠯᠬᠦ ᠲᠥᠰᠦᠯ ᠪᠠ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ᠂ ᠮᠡᠳᠡᠭᠡ | ᠵᠠᠩᠬᠢᠴᠢᠯᠠᠯᠳᠠ ᠶᠢᠨ ᠠᠷᠭ᠎ᠠ ᠪᠠᠷᠢᠯ ᠢ ᠠᠰᠢᠨᠨᠯᠠᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠮᠡᠳᠡᠭᠡ ᠵᠠᠩᠬᠢᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠬᠦ | ᠬᠡᠷᠡᠭᠲᠡᠶ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠭᠠᠷᠭᠠᠨ ᠨᠡᠭᠡᠭᠡᠬᠦ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠬᠥᠳᠡᠭᠡ ᠲᠣᠰᠬᠤᠨ ᠤ ᠵᠠᠮ ᠳᠤ ᠲᠤᠰᠬᠠᠶ ᠬᠠᠮᠢᠶᠠᠷᠤᠭᠴᠢ ᠲᠤᠬᠢᠷᠠᠭᠤᠯᠤᠨ᠎ᠠ᠂ ᠲᠤᠰᠬᠠᠢ ᠬᠠᠮᠢᠶᠠᠷᠤᠭᠴᠢ ᠶᠢᠨ ᠰᠣᠩᠭᠤᠨ | ᠲᠣᠮᠢᠯᠠᠬᠤ ᠶᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠲᠠᠢ ᠬᠠᠷᠢᠯᠴᠠᠨ ᠤᠶᠠᠯᠳᠤᠭᠤᠯᠵᠤ ᠶᠠᠳᠠᠭᠤ ᠬᠦᠴᠢᠷᠳᠡᠯᠲᠡᠢ ᠡᠷᠦᠬᠡ ᠳᠤ ᠠᠵᠢᠯ ᠣᠯᠭᠤᠬᠤ | ᠲᠣᠬᠢᠶᠠᠯ ᠬᠠᠩᠭᠠᠵᠣ ᠪᠣᠯᠣᠨ᠎ᠠ᠃ ︽ᠵᠠᠮ ᠪᠠᠶᠢᠪᠠᠯ ᠡᠷᠬᠡᠪᠰᠢ ᠠᠷᠠᠴᠢᠯᠠᠬᠤ᠂ ᠠᠷᠠᠴᠢᠯᠠᠪᠠᠯ ᠡᠷᠬᠡᠪᠰᠢ ᠪᠣᠳᠠᠲᠠᠶᠢᠵᠢᠭᠤᠯᠬᠤ︾ ᠱᠠᠭᠠᠷᠳᠠᠯᠭ᠎ᠠ ᠶᠣᠰᠣᠭᠠᠷ᠂ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠪᠡᠯᠡ ᠮᠥᠩᠭᠦ ᠵᠢᠴᠢ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯᠯᠠᠭᠠᠨ ᠤ ᠵᠠᠷᠤᠳᠠᠯ ᠪᠣᠯᠤᠨ | ᠠᠵᠢᠯᠲᠠᠨ ᠤ ᠵᠠᠷᠤᠯᠭ᠎ᠠ ᠶᠢ ᠣᠯᠠᠨ ᠨᠡᠶᠢᠲᠡ ᠶᠢᠨ ᠡᠩ ᠤᠨ ᠡᠳ᠋ ᠤᠨ ᠵᠠᠰᠠᠭ ᠤᠨ ᠲᠥᠰᠦᠪ ᠲᠤ ᠣᠷᠤᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ | ᠴᠢᠳᠠᠪᠤᠷᠢ ᠶᠢᠨ ᠪᠠᠶᠢᠭᠤᠯᠤᠯᠲᠠ ᠪᠠ ᠬᠠᠮᠢᠶᠠᠷᠴᠤ ᠠᠷᠠᠴᠢᠯᠠᠨ ᠬᠠᠮᠠᠭᠠᠯᠠᠬᠤ ᠳᠤ ᠣᠷᠣᠭᠤᠯᠤᠯᠲᠠ ᠬᠢᠬᠦ ᠡᠷᠴᠢᠮ ᠢ ᠴᠢᠩᠭᠠᠷᠠᠭᠤᠯᠤᠨ᠎ᠠ᠃ | ︵ᠳᠥᠷᠪᠡ︶ ᠰᠢᠶᠠᠩ ᠲᠣᠰᠬᠤᠨ ᠬᠤᠶᠠᠷ ᠱᠠᠲᠤᠨ ᠤ ᠦᠢᠯᠡᠳᠦᠯ ᠪᠣᠯᠤᠨ ᠮᠠᠯᠴᠢᠨ ᠲᠠᠷᠢᠶᠠᠴᠢᠨ ᠤ ᠢᠳᠡᠪᠬᠢᠵᠢᠯ ᠢ ᠪᠠᠳᠠᠷᠠᠭᠤᠯᠬᠤ ᠬᠡᠷᠡᠭᠲᠡᠶ᠃ ᠡᠯ᠎ᠡ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠡᠷᠴᠢᠮᠯᠢᠭ ᠪᠦᠭᠡᠳ ᠥᠨᠳᠥᠷ ᠪᠦᠲᠦᠮᠵᠢᠲᠡᠶ ᠪᠠᠶᠢᠯᠭᠠᠬᠤ ᠵᠠᠷᠴᠢᠮ ᠶᠣᠰᠤᠭᠠᠷ᠂ ᠲᠣᠰ ᠵᠠᠰᠠᠭ | ᠵᠠᠬᠢᠷᠭᠠᠨ ᠤ ᠣᠷᠣᠨ ᠤ ᠳᠣᠲᠣᠷᠠᠬᠢ ᠵᠠᠰᠠᠮᠠᠯ ᠵᠠᠮ ᠢ ᠬᠠᠮᠢᠶᠠᠷᠴᠤ ᠠᠷᠠᠴᠢᠯᠠᠨ ᠬᠠᠮᠠᠭᠠᠯᠠᠬᠤ ᠶᠢᠨ ᠵᠣᠬᠢᠴᠠᠭᠤᠯᠬᠤ ᠠᠵᠢᠯ ᠢ ᠪᠣᠳᠠᠲᠠᠶ ᠬᠠᠷᠢᠭᠤᠴᠠᠬᠤ ᠶᠢᠨ ᠬᠠᠮᠲᠤ᠂ | ᠭᠠᠴᠠᠭ᠎ᠠ ᠲᠣᠰᠬᠤᠨ ᠤ ᠠᠷᠠᠳ ᠤᠨ ᠵᠥᠪᠯᠡᠯ ᠢ ᠵᠢᠯᠣᠭᠤᠳᠴᠦ ᠪᠠᠶᠢᠭᠠᠳ ᠲᠤᠰᠬᠤᠨ ᠤ ᠵᠠᠮ ᠤᠨ ᠬᠠᠮᠢᠶᠠᠷᠤᠯᠲᠠ ᠠᠷᠠᠴᠢᠯᠠᠯᠲᠠ ᠵᠢᠴᠢ ᠵᠠᠮ ᠬᠠᠷᠢᠯᠴᠠᠭᠠᠨ ᠤ ᠠᠮᠤᠷ | ᠲᠦᠪᠰᠢᠨ ᠤ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠠᠵᠢᠯ ᠢ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠶ᠃ ᠰᠤᠮᠤ ᠰᠢᠶᠠᠩ ᠪᠠᠯᠭᠠᠰᠤᠨ ᠤ ᠵᠠᠰᠠᠮᠠᠯ ᠵᠠᠮ ᠤᠨ | ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠢᠷᠤᠮᠵᠢᠭᠤᠯᠬᠤ ᠪᠠ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠭᠠᠴᠠᠭ᠎ᠠ | ᠲᠤᠰᠬᠤᠨ ᠤ ᠠᠷᠠᠳ ᠤᠨ ᠵᠥᠪᠯᠡᠯ ᠨᠢ ︽ᠣᠯᠠᠨ ᠲᠦᠮᠡᠨ ᠰᠠᠶᠢᠨ ᠳᠤᠷ᠎ᠠ ᠶᠢᠨ ᠪᠠᠶᠢᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ︾ ᠵᠠᠷᠴᠢᠮ | ᠶᠣᠰᠣᠭᠠᠷ᠂ ᠲᠣᠰᠬᠤᠨ ᠤ ᠵᠠᠮ ᠤᠨ ᠬᠡᠷᠡᠭ ᠵᠥᠪᠯᠡᠬᠦ ᠲᠣᠭᠲᠠᠴᠠ ᠶᠢ ᠪᠠᠶᠢᠭᠤᠯᠵᠤ᠂ ᠨᠢᠭᠡ ᠨᠢᠭᠡ ᠤᠴᠢᠷ ᠢᠶᠠᠷ ᠵᠥᠪᠯᠡᠬᠦ᠂ ᠬᠦᠳᠡᠯᠮᠦᠷᠢᠯᠡᠬᠦ ᠪᠠᠷ ᠲᠡᠳᠬᠦᠮᠵᠢ ᠶᠢ | ᠣᠷᠣᠯᠠᠭᠤᠯᠬᠤ ᠵᠡᠷᠭᠡ ᠠᠷᠭ᠎ᠠ ᠶᠢ ᠠᠪᠴᠤ ᠲᠣᠰᠬᠤᠨ ᠤ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠶ᠃ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠪᠣᠳᠠᠲᠠᠶ ᠡᠭᠦᠷᠭᠡ ᠬᠠᠷᠢᠭᠤᠴᠠᠯᠭ᠎ᠠ ᠶᠢ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ ᠲᠣᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ | ᠲᠣᠭᠲᠠᠭᠠᠬᠤ ᠬᠡᠷᠡᠭᠲᠡᠶ᠃ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ ᠱᠠᠭᠠᠷᠳᠠᠯᠭ᠎ᠠ ᠶᠢ | ᠰᠢᠶᠠᠩ ᠤᠨ ᠳᠦᠷᠢᠮ ᠠᠷᠠᠳ ᠤᠨ ᠭᠡᠷ᠎ᠡ ᠪᠠ ᠭᠠᠴᠠᠭᠠᠨ ᠤ ᠳᠦᠷᠢᠮ ᠠᠷᠠᠳ ᠤᠨ ᠭᠡᠷ᠎ᠡ ᠳᠤ ᠣᠷᠣᠭᠤᠯᠬᠤ ᠬᠡᠷᠡᠭᠲᠡᠶ᠃ ᠱᠠᠩᠨᠠᠬᠤ ᠪᠠᠷ ᠨᠥᠬᠦᠪᠥᠷᠢᠯᠡᠬᠦ ᠶᠢ | ᠣᠷᠣᠯᠠᠭᠤᠯᠬᠤ ᠵᠡᠷᠭᠡ ᠠᠷᠭ᠎ᠠ ᠮᠠᠶ᠋ᠢᠭ ᠠᠪᠬᠤ ᠶᠢ ᠵᠣᠷᠢᠭᠵᠢᠭᠤᠯᠤᠨ᠂ ᠡᠳᠦᠷ ᠲᠤᠲᠤᠮ ᠤᠨ ᠠᠷᠠᠴᠢᠯᠠᠯᠳᠠ ᠬᠢᠭᠡᠳ ᠪᠠᠴᠢᠮ ᠪᠠᠶᠢᠳᠠᠯ ᠳᠤ ᠱᠠᠯᠠᠪᠳᠠᠨ ᠨᠡᠪᠲᠡᠷᠡᠭᠦᠯᠬᠦ ᠶᠢ | ᠬᠤᠯᠪᠤᠨ ᠬᠡᠷᠡᠭᠵᠢᠭᠦᠯᠬᠦ ᠶᠢᠨ ᠬᠠᠮᠲᠤ ᠮᠠᠯᠴᠢᠨ ᠲᠠᠷᠢᠶᠠᠴᠢᠨ ᠳᠤ ᠲᠤᠰᠢᠶᠠᠵᠤ ᠳᠠᠭᠠᠭᠠᠴᠢᠯᠠᠭᠤᠯᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ | ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠣᠯᠤᠨ ᠨᠡᠶᠢᠭᠡᠮ ᠤᠨ ᠬᠦᠴᠦᠨ ᠤ ᠡᠵᠡᠨ ᠮᠡᠳᠡᠨ ᠪᠡᠯᠡ ᠮᠦᠩᠭᠦ ᠬᠤᠷᠠᠮᠳᠤᠭᠤᠯᠤᠨ ᠴᠤᠭᠯᠠᠭᠤᠯᠵᠤ ᠬᠥᠳᠡᠯᠮᠦᠷᠢ ᠬᠦᠴᠦ | ᠭᠠᠷᠭᠠᠬᠤ ᠶᠢ ᠵᠣᠷᠢᠭᠵᠢᠭᠤᠯᠵᠤ ᠪᠠᠶᠢᠭᠠᠳ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠪᠠ ᠵᠠᠮ ᠬᠠᠷᠢᠯᠴᠠᠭᠠᠨ ᠤ ᠠᠮᠤᠷ | ᠲᠦᠪᠰᠢᠨ ᠤ ᠬᠠᠮᠢᠶᠠᠷᠤᠯᠲᠠ ᠶᠢᠨ ᠠᠵᠢᠯ ᠳᠤ ᠣᠷᠣᠯᠴᠠᠭᠤᠯᠬᠤ ᠬᠡᠷᠡᠭᠲᠡᠶ᠃ | ᠳᠥᠷᠪᠡ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠡᠯᠡ ᠮᠦᠩᠭᠦᠨ ᠤ ᠬᠤᠷᠠᠮᠳᠤᠭᠤᠯᠤᠨ ᠠᠰᠢᠭᠯᠠᠬᠤ ᠠᠷᠭ᠎ᠠ ᠵᠠᠮ ᠢ | ᠲᠣᠭᠲᠠᠭᠤᠨ ᠪᠠᠶᠢᠯᠭᠠᠬᠤ ᠬᠡᠷᠡᠭᠲᠡᠶ | ︵ᠨᠢᠭᠡ︶ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠠᠶᠢᠯᠢ ᠰᠦᠢᠳᠭᠡᠯ ᠤᠨ ᠥᠭᠡᠷᠡᠴᠢᠯᠡᠯᠲᠡ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠬᠤ | ᠬᠡᠷᠡᠭᠲᠡᠶ᠃ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠠᠶᠢᠯᠢ ᠰᠦᠢᠳᠬᠡᠯ ᠤᠨ ᠥᠭᠡᠷᠡᠴᠢᠯᠡᠯᠲᠡ ᠳᠠᠬᠢ ᠰᠢᠯᠵᠢᠭᠦᠯᠦᠨ ᠥᠭᠬᠦ ᠬᠤᠪᠢᠶᠠᠷᠢᠯᠠᠯᠲᠠ ᠶᠢᠨ | ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠰᠢᠯᠵᠢᠭᠦᠯᠦᠨ ᠥᠭᠬᠦ ᠬᠡᠪᠴᠢᠶ᠎ᠡ ᠶᠢ ᠵᠦᠶ ᠵᠣᠬᠢᠰᠲᠠᠶ ᠲᠣᠭᠲᠠᠭᠠᠵᠤ᠂ ᠡᠩ ᠤᠨ ᠵᠠᠰᠠᠮᠠᠯ ᠵᠠᠮ ᠤᠨ ᠠᠷᠠᠴᠢᠯᠠᠨ | ᠬᠠᠮᠠᠭᠠᠯᠠᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠠᠶᠢᠯᠢ ᠰᠦᠢᠳᠭᠡᠯ ᠤᠨ | ᠥᠭᠡᠷᠡᠴᠢᠯᠡᠯᠲᠡ ᠶᠢᠨ ᠰᠢᠨ᠎ᠡ ᠪᠠᠷ ᠨᠡᠮᠡᠭᠳᠡᠭᠰᠡᠨ ᠣᠷᠣᠯᠭ᠎ᠠ ᠪᠠᠷ ᠤᠤᠯ ᠤᠨ ᠵᠠᠰᠠᠮᠠᠯ ᠵᠠᠮ ᠠᠷᠠᠴᠢᠯᠠᠬᠤ ᠰᠦᠢᠳᠭᠡᠯ ᠢ ᠣᠷᠤᠯᠠᠭᠤᠯᠤᠭᠰᠠᠨ ᠬᠡᠰᠡᠭ ᠨᠢ | ᠥᠭᠡᠷᠡᠴᠢᠯᠡᠯᠲᠡ ᠶᠢᠨ ᠰᠠᠭᠤᠷᠢ ᠬᠤᠭᠤᠴᠠᠭ᠎ᠠ ᠶᠢᠨ ᠣᠨ ︵2009 ᠣᠨ︶ ᠤ ᠵᠠᠰᠠᠮᠠᠯ ᠵᠠᠮ ᠠᠷᠠᠴᠢᠯᠠᠬᠤ ᠰᠦᠢᠳᠭᠡᠯ ᠤᠨ ᠣᠷᠣᠯᠭ᠎ᠠ ᠶᠢᠨ ︽ᠵᠢᠷᠭᠤᠭᠠᠨ | ᠰᠦᠢᠳᠭᠡᠯ︾ ︵ᠵᠠᠰᠠᠮᠠᠯ ᠵᠠᠮ ᠠᠷᠠᠴᠢᠯᠠᠬᠤ ᠰᠦᠢᠳᠭᠡᠯ᠂ ᠠᠶᠠᠯᠠᠯ ᠤᠨ ᠵᠠᠮ ᠱᠣᠭᠤᠮ ᠠᠷᠠᠴᠢᠯᠠᠬᠤ ᠰᠦᠢᠳᠭᠡᠯ᠂ ᠵᠠᠰᠠᠮᠠᠯ ᠵᠠᠮ ᠤᠨ ᠲᠡᠭᠡᠭᠡᠪᠦᠷᠢ ᠶᠢᠨ | ᠬᠠᠮᠢᠶᠠᠷᠤᠯᠲᠠ ᠶᠢᠨ ᠰᠦᠢᠳᠭᠡᠯ᠂ ᠵᠠᠰᠠᠮᠠᠯ ᠵᠠᠮ ᠤᠨ ᠠᠶᠠᠨᠴᠢᠣᠨ ᠪᠠᠷᠠᠭ᠎ᠠ ᠵᠦᠭᠡᠭᠡᠪᠣᠷᠢ ᠶᠢᠨ ᠨᠠᠮᠠᠯᠳᠠ ᠰᠦᠢᠣᠡᠭᠡᠯ᠂ ᠤᠰᠤᠨ ᠵᠠᠮ ᠤᠨ ᠲᠡᠭᠡᠭᠡᠪᠦᠷᠢ ᠶᠢᠨ | ᠬᠠᠮᠢᠶᠠᠷᠤᠯᠲᠠ ᠶᠢᠨ ᠰᠦᠢᠳᠭᠡᠯ᠂ ᠤᠰᠤᠨ ᠲᠡᠭᠡᠭᠡᠪᠦᠷᠢ ᠶᠢᠨ ᠠᠶᠠᠨᠴᠢᠣᠨ ᠪᠠᠷᠠᠭ᠎ᠠ ᠵᠦᠭᠡᠭᠡᠪᠣᠷᠢ ᠶᠢᠨ ᠨᠡᠮᠡᠯᠲᠡ ᠰᠦᠢᠳᠭᠡᠯ︶ ᠤᠨ ᠣᠷᠣᠯᠭ᠎ᠠ ᠳᠤ ᠡᠵᠡᠯᠡᠬᠦ | ᠬᠠᠷᠢᠴᠠᠯ ᠠᠴᠠ ᠳᠣᠤᠷ᠎ᠠ ᠪᠠᠶᠢᠯᠭᠠᠵᠤ ᠪᠣᠯᠬᠤ ᠦᠭᠡᠶ᠃ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠠᠶᠢᠯᠢ ᠰᠦᠢᠳᠭᠡᠯ ᠤᠨ ᠥᠭᠡᠷᠡᠴᠢᠯᠡᠯᠲᠡ ᠶᠢᠨ ᠰᠢᠯᠵᠢᠭᠦᠯᠣᠨ | ᠦᠭᠭᠦ ᠪᠡᠯᠡ ᠮᠦᠩᠭᠦ ᠶᠢ ᠡᠩ ᠤᠨ ᠵᠠᠰᠠᠮᠠᠯ ᠵᠠᠮ ᠠᠷᠠᠴᠢᠯᠠᠬᠤ ᠳᠤ ᠬᠡᠷᠡᠭᠯᠡᠬᠦ ᠬᠠᠷᠢᠴᠠᠯ ᠢ ᠨᠢ ᠶᠡᠷᠣ ᠳᠤ ᠪᠠᠨ 80% ᠠᠴᠠ ᠳᠣᠤᠷ᠎ᠠ ᠪᠠᠶᠢᠯᠭᠠᠵᠤ ᠪᠣᠯᠬᠤ ᠦᠭᠡᠶ | ᠮᠦᠷᠲᠡᠭᠡᠨ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠳᠤ ᠬᠡᠷᠡᠭᠯᠡᠵᠦ ᠪᠣᠯᠬᠤ ᠦᠭᠡᠶ᠃ 2022 ᠣᠨ ᠠᠴᠠ ᠡᠬᠢᠯᠡᠨ᠂ ᠲᠣᠰ ᠵᠦᠢᠯ ᠤᠨ ᠪᠠᠯᠠ ᠮᠥᠩᠭᠦ ᠶᠢ | ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯᠯᠠᠭᠠᠨ ᠤ ᠵᠠᠷᠤᠳᠠᠯ ᠪᠠ ᠠᠵᠢᠯᠲᠠᠨ ᠵᠡᠷᠭᠡ ᠪᠤᠰᠤᠳ ᠵᠠᠷᠤᠯᠭ᠎ᠠ ᠳᠤ ᠳᠠᠭᠢᠵᠤ ᠵᠠᠷᠤᠯᠭ᠎ᠠ ᠪᠠᠷ ᠭᠠᠷᠭᠠᠬᠤ ᠥᠬᠡᠶ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ | ᠢᠨᠵᠧᠨᠧᠷᠢᠩ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠠᠶᠢᠯᠢ | ᠰᠦᠢᠳᠭᠡᠯ ᠤᠨ ᠥᠭᠡᠷᠡᠴᠢᠯᠡᠯᠲᠡ ᠶᠢᠨ ᠰᠢᠨ᠎ᠡ ᠪᠠᠷ ᠨᠡᠮᠡᠭᠳᠡᠭᠰᠡᠨ ᠣᠷᠤᠯᠭ᠎ᠠ ᠪᠠᠷ ᠤᠤᠯ ᠤᠨ ᠵᠠᠰᠠᠮᠠᠯ ᠵᠠᠮ ᠠᠷᠠᠴᠢᠯᠠᠬᠤ ᠰᠦᠢᠳᠭᠡᠯ ᠢ ᠣᠷᠤᠯᠠᠭᠤᠯᠤᠭᠰᠠᠨ ᠬᠡᠰᠡᠭ ᠲᠤ | ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠨᠥᠬᠦᠪᠥᠷᠢ ᠶᠢᠨ ᠪᠡᠯᠡ ᠮᠥᠩᠭᠦ ᠬᠢᠭᠡᠣᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ | ᠬᠡᠰᠡᠭᠯᠡᠭᠰᠡᠨ ᠬᠡᠰᠡᠭ ᠤᠨ ᠨᠡᠶᠢᠯᠡᠪᠦᠷᠢ ᠶᠢᠨ ᠡᠵᠡᠯᠡᠬᠦ ᠬᠠᠷᠢᠴᠠᠯ ᠢ 15% ᠠᠴᠠ ᠳᠣᠤᠷ᠎ᠠ ᠪᠠᠶᠢᠯᠭᠠᠵᠤ ᠪᠣᠯᠬᠤ ᠦᠭᠡᠶ᠂ ᠪᠣᠳᠠᠳᠠᠢ ᠪᠠᠶᠢᠳᠠᠯ ᠳᠤ ᠳᠡᠭᠡᠷ᠎ᠡ | ᠳᠤᠷᠠᠳᠤᠭᠰᠠᠨ ᠬᠠᠷᠢᠴᠠᠯ ᠠᠴᠠ ᠥᠨᠳᠥᠷ ᠪᠠᠶᠢᠪᠠᠯ ᠪᠠᠭᠤᠷᠠᠭᠤᠯᠵᠤ ᠪᠣᠯᠬᠤ ᠦᠭᠡᠶ᠃ | ︵ᠬᠤᠶᠠᠷ︶ ᠡᠳ᠋ ᠤᠨ ᠵᠠᠰᠠᠭ ᠤᠨ ᠪᠡᠯᠡ ᠮᠥᠩᠭᠦ ᠪᠠᠷ ᠳᠡᠮᠵᠢᠭᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ | ᠠᠷᠠᠴᠢᠯᠠᠬᠤ ᠨᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠳᠤ ᠬᠠᠷᠢᠶᠠᠯᠠᠭᠳᠠᠵᠣ᠂ ᠵᠠᠷᠴᠢᠮ | ᠳᠡᠭᠡᠷ᠎ᠡ ᠪᠠᠨ ᠪᠡᠯᠡ ᠮᠥᠩᠭᠦ ᠶᠢ ᠬᠤᠰᠢᠭᠤ ᠰᠢᠶᠠᠨ ︵ᠬᠤᠲᠠ᠂ ᠲᠣᠭᠤᠷᠢᠭ︶ ᠦᠪᠡᠷ ᠤᠨ ᠡᠳ᠋ ᠤᠨ ᠬᠦᠴᠦᠨ ᠢᠶᠠᠷ ᠢᠶᠠᠨ ᠲᠣᠬᠢᠷᠠᠭᠤᠯᠵᠣ᠂ ᠬᠤᠰᠢᠭᠤ ᠰᠢᠶᠠᠨ ︵ | ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠵᠠᠷᠤᠯᠭ᠎ᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠳᠤ ᠣᠷᠣᠯᠭ᠎ᠠ ᠵᠠᠷᠤᠯᠭ᠎ᠠ ᠶᠢᠨ | ᠲᠤᠳᠠᠪᠤᠷᠢ ᠣᠷᠣᠰᠢᠵᠤ ᠪᠠᠶᠢᠪᠡᠯ᠂ ᠳᠡᠭᠡᠲᠥ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠠᠳᠠᠯᠢ ᠪᠤᠰᠤ ᠴᠠᠭ ᠬᠤᠭᠤᠴᠠᠭᠠᠨ ᠤ ᠬᠥᠭᠵᠢᠯᠲᠡ ᠶᠢᠨ ᠬᠠᠷᠠᠯᠲᠠ ᠶᠢ | ᠦᠨᠳᠦᠰᠦᠯᠡᠵᠣ ᠵᠣᠬᠢᠬᠤ ᠬᠡᠮᠵᠢᠶᠡᠨ ᠤ ᠪᠡᠯᠡ ᠮᠦᠩᠭᠦᠨ ᠤ ᠳᠡᠮᠵᠢᠯᠭᠡ ᠦᠵᠡᠭᠦᠯᠵᠦ ᠪᠣᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠡᠳ᠋ ᠤᠨ | ᠵᠠᠰᠠᠭ ᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠵᠤ᠂ ᠬᠠᠮᠢᠶ᠎ᠠ ᠪᠦᠬᠦᠢ ᠭᠠᠶᠢᠯᠢ ᠲᠠᠲᠠᠪᠤᠷᠢ ᠶᠢᠨ | ᠪᠤᠴᠠᠭᠠᠯᠲᠠ ᠶᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠯᠳᠠ ᠳᠤ ᠬᠡᠷᠡᠭᠯᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠪᠡᠯᠡ ᠮᠦᠩᠭᠦ ᠶᠢ ᠮᠠᠯᠵᠢᠬᠤ ᠲᠠᠷᠢᠶᠠᠯᠠᠬᠤ ᠣᠷᠣᠨ ᠤ | ᠵᠠᠰᠠᠮᠠᠯ ᠵᠠᠮ ᠤᠨ ᠠᠷᠠᠴᠢᠯᠠᠯᠳᠠ ᠳᠤ ᠣᠷᠤᠭᠤᠯᠬᠤ ᠬᠠᠷᠢᠴᠠᠯ ᠢ ᠨᠢ 25%᠂ 25%᠂ 50% ᠪᠠᠶᠢᠯᠭᠠᠬᠤ ᠶᠢᠨ ᠬᠠᠮᠲᠤ᠂ ᠠᠷᠠᠴᠢᠯᠠᠨ ᠬᠠᠮᠠᠭᠠᠯᠠᠬᠤ ᠥᠪᠡᠷ ᠤᠨ | ᠥᠷᠲᠡᠭ ᠤᠨ ᠬᠤᠪᠢᠷᠠᠯᠲᠠ ᠵᠡᠷᠭᠡ ᠬᠦᠴᠦᠨ ᠵᠦᠢᠯ ᠯᠦᠭᠡ ᠬᠤᠯᠪᠣᠭᠰᠠᠨ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠶ︔ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠢᠯ ᠪᠦᠷᠢ ᠺᠢᠯᠣᠮᠧᠳ᠋ᠷ ᠪᠦᠷᠢ ᠶᠢᠨ ᠡᠳᠦᠷ ᠲᠤᠲᠤᠮ ᠤᠨ ᠠᠷᠠᠴᠢᠯᠠᠯᠳᠠ ᠳᠤ ᠬᠡᠷᠡᠭᠯᠡᠬᠦ ᠶᠡᠷᠦᠩᠬᠡᠶ ᠵᠤᠭᠤᠰᠤᠨ | ᠲᠤᠭ᠎ᠠ ᠶᠢ ᠳᠣᠤᠷᠠᠬᠢ ᠪᠠᠷᠢᠮᠵᠢᠶ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠶ᠄ ᠰᠢᠶᠠᠨ ᠤ ᠵᠠᠮ ᠳᠤ ᠵᠢᠯ ᠪᠦᠷᠢ ᠺᠢᠯᠤᠮᠧᠲᠷ ᠪᠦᠷᠢ ᠳᠤ 10000 ᠲᠥᠭᠦᠷᠢᠭ᠂ | ᠰᠢᠶᠠᠩ ᠤᠨ ᠵᠠᠮ ᠳᠤ ᠵᠢᠯ ᠪᠦᠷᠢ ᠺᠢᠯᠤᠮᠧᠲᠷ ᠪᠦᠷᠢ ᠳᠤ 5000 ᠲᠥᠭᠦᠷᠢᠭ᠂ ᠲᠣᠰᠬᠤᠨ ᠤ ᠵᠠᠮ ᠳᠤ ᠵᠢᠯ ᠪᠦᠷᠢ ᠺᠢᠯᠤᠮᠧᠲᠷ ᠪᠦᠷᠢ ᠳᠤ 3000 ᠲᠥᠭᠦᠷᠢᠭ᠃ | ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠠᠷᠠᠴᠢᠯᠠᠨ ᠬᠠᠮᠠᠭᠠᠯᠠᠬᠤ ᠪᠡᠯᠡ ᠮᠦᠩᠭᠦᠨ ᠤ ᠲᠥᠯᠥᠪᠯᠡᠭᠡ ᠪᠠ ᠬᠡᠷᠡᠭᠵᠢᠭᠦᠯᠬᠦ ᠲᠥᠯᠥᠪᠯᠡᠭᠡ ᠶᠢ | ᠨᠠᠶᠢᠷᠠᠭᠤᠯᠵᠣ ᠲᠣᠭᠲᠠᠭᠠᠬᠤ ᠳᠤ ᠪᠠᠨ᠂ ᠵᠠᠰᠠᠮᠠᠯ ᠵᠠᠮ ᠤᠨ ᠪᠠᠶᠢᠳᠠᠯ᠂ ᠵᠠᠮ ᠬᠠᠷᠢᠯᠴᠠᠭᠠᠨ ᠤ ᠴᠤᠪᠤᠷᠠᠯᠲᠠ᠂ ᠵᠠᠮ ᠤᠨ ᠭᠠᠵᠡᠷ ᠤᠨ ᠭᠠᠳᠠᠷᠭᠤ ᠶᠢᠨ ᠲᠥᠷᠥᠯ ᠬᠡᠯᠪᠡᠷᠢ᠂ | ᠵᠠᠮ ᠤᠨ ᠦᠷᠭᠡᠴᠡ ᠵᠡᠷᠭᠡ ᠬᠦᠴᠦᠨ ᠵᠦᠢᠯ ᠢ ᠦᠨᠳᠦᠰᠦᠯᠡᠵᠣ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠬᠡᠷᠡᠭᠲᠡᠶ᠃ | ︵ᠭᠤᠷᠪᠠ︶ ᠠᠷᠠᠴᠢᠯᠠᠨ ᠬᠠᠮᠠᠭᠠᠯᠠᠬᠤ ᠪᠡᠯᠡ ᠮᠦᠩᠭᠦᠨ ᠤ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠶ᠃ ᠥᠪᠡᠷᠲᠡᠭᠡᠨ | ᠵᠠᠰᠠᠬᠤ ᠣᠷᠣᠨ ᠠᠴᠠ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ | ᠠᠷᠠᠴᠢᠯᠠᠨ ᠬᠠᠮᠠᠭᠠᠯᠠᠬᠤ ᠶᠢ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠵᠤ᠂ ᠰᠢᠯᠭᠠᠨ ᠬᠢᠨᠠᠭᠰᠠᠨ ᠦᠷ᠎ᠡ ᠳ᠋ᠦᠩ ᠢ ᠬᠠᠮᠢᠶ᠎ᠠ ᠪᠦᠬᠦᠢ ᠪᠡᠯᠡ ᠣᠷᠣᠭᠤᠯᠤᠯᠲᠠ ᠯᠤᠭ᠎ᠠ | ᠬᠤᠯᠪᠣᠭᠳᠠᠭᠤᠯᠣᠨᠠ᠃ ᠡᠯ᠎ᠡ ᠱᠠᠲᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠯᠳᠠ ᠳᠤ | ᠬᠡᠷᠡᠭᠯᠡᠬᠦ ᠪᠡᠯᠡ ᠮᠦᠩᠬᠦᠨ ᠤ ᠬᠡᠷᠡᠭᠵᠢᠭᠦᠯᠬᠦ ᠪᠦᠬᠦ ᠶᠠᠪᠤᠴᠠ ᠳᠤ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠴᠠᠭ | ᠲᠤᠬᠠᠶ ᠳᠤ ᠨᠢ ᠲᠤᠭ᠎ᠠ ᠶᠣᠰᠣᠭᠠᠷ ᠭᠦᠢᠴᠡᠳ ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠣᠷᠣᠨ ᠨᠤᠲᠤᠭ ᠤᠨ ᠡᠯ᠎ᠡ ᠱᠠᠲᠤᠨ ᠤ | ᠡᠳ᠋ ᠤᠨ ᠵᠠᠰᠠᠭ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ | ᠠᠷᠠᠴᠢᠯᠠᠨ ᠬᠠᠮᠠᠭᠠᠯᠠᠬᠤ ᠪᠡᠯᠡ ᠮᠦᠩᠭᠦᠨ ᠤ ᠬᠡᠷᠡᠭᠯᠡᠯᠲᠡ ᠳᠤ ᠬᠢᠨᠠᠯᠲᠠ ᠳᠠᠯᠪᠢᠵᠣ ᠬᠠᠮᠢᠶᠠᠷᠬᠤ ᠪᠠᠨ ᠴᠢᠩᠭᠠᠳᠬᠠᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ | ᠵᠠᠮ ᠤᠨ ᠪᠦᠲᠦᠭᠡᠨ ᠪᠠᠶᠢᠭᠤᠯᠤᠯᠲᠠ ᠳᠤ ᠪᠦᠲᠦᠭᠡᠨ ᠪᠠᠶᠢᠭᠤᠯᠬᠤ — ᠰᠢᠯᠵᠢᠭᠦᠯᠦᠨ ᠲᠤᠰᠢᠶᠠᠬᠤ ︵BT︶ ᠵᠠᠭᠪᠤᠷ ᠢ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠂ | ᠣᠷᠣᠨ ᠨᠤᠲᠤᠭ ᠤᠨ ᠬᠢᠨ ᠤ ︽ᠪᠠᠶᠢᠭᠤᠯᠵᠣ ᠠᠷᠠᠴᠢᠯᠠᠬᠤ ᠶᠢ ᠨᠢᠭᠡ ᠴᠣᠭᠴᠠᠵᠢᠭᠤᠯᠬᠤ︾ ᠨᠡᠷ᠎ᠡ ᠪᠠᠷ ᠳᠠᠯᠳᠠ ᠥᠷᠢ ᠥᠭᠴᠡᠭᠡ ᠰᠢᠨ᠎ᠡ ᠪᠠᠷ ᠨᠡᠮᠡᠭᠳᠡᠭᠦᠯᠬᠦ ᠶᠢ | ᠴᠢᠩᠭ᠎ᠠ ᠴᠠᠭᠠᠵᠠᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠪᠡᠯᠡ ᠮᠦᠩᠭᠦᠨ ᠳᠤ ᠡᠷᠬᠡᠪᠰᠢ ᠲᠤᠰᠬᠠᠢ ᠵᠣᠭᠤᠰ ᠢ | ᠲᠤᠰᠬᠠᠶ ᠵᠦᠢᠯ ᠳᠤ ᠬᠡᠷᠡᠭᠯᠡᠵᠣ᠂ ᠡᠳ᠋ ᠤᠨ ᠵᠠᠰᠠᠭ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ | ᠬᠦᠯᠢᠶᠡᠵᠦ᠂ ᠬᠢᠨᠠᠨ ᠪᠣᠳᠣᠬᠤ ᠰᠠᠯᠠᠭ᠎ᠠ ᠮᠥᠴᠢᠷ ᠨᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠪᠡᠯᠡ ᠮᠦᠩᠭᠦ ᠶᠢ ᠬᠡᠷᠡᠭᠯᠡᠭᠰᠡᠨ | ᠪᠠᠶᠢᠳᠠᠯ ᠳᠤ ᠲᠣᠭᠲᠠᠮᠡᠯ ᠬᠤᠭᠤᠴᠠᠭ᠎ᠠ ᠲᠠᠢ ᠪᠠᠷ ᠬᠢᠨᠠᠨ ᠪᠣᠳᠣᠯᠲᠠ ᠬᠢᠬᠦ ᠬᠡᠷᠡᠭᠲᠡᠶ᠃ | ︵ᠳᠥᠷᠪᠡ︶ ᠪᠡᠯᠡ ᠣᠷᠣᠭᠤᠯᠵᠤ ᠪᠡᠯᠨ ᠲᠣᠬᠢᠷᠠᠭᠤᠯᠬᠤ ᠲᠣᠭᠲᠠᠴᠠ ᠳᠤ ᠰᠢᠨ᠎ᠡ ᠶᠢ ᠡᠭᠦᠳᠬᠦ ᠬᠡᠷᠡᠭᠲᠡᠢ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ | ᠬᠤᠲᠠ᠂ ᠲᠣᠭᠤᠷᠢᠭ︶ ᠨᠢ ᠵᠠᠰᠠᠭ ᠤᠨ ᠣᠷᠳᠣᠨ ᠤ ᠪᠡᠯᠡ ᠮᠦᠩᠭᠦᠨ ᠤ ᠬᠥᠲᠥᠯᠥᠨ ᠵᠢᠯᠣᠭᠤᠳᠬᠤ ᠦᠢᠯᠡᠳᠦᠯ ᠢ ᠪᠠᠳᠠᠷᠠᠭᠤᠯᠵᠤ᠂ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠪᠡᠯᠡ ᠮᠦᠩᠭᠦ ᠪᠠᠷ ᠨᠦᠬᠦᠪᠦᠷᠢᠯᠡᠭᠦ᠂ ᠤᠷᠢᠳ ᠢᠶᠠᠷ ᠠᠷᠠᠴᠢᠯᠠᠵᠤ ᠳᠠᠷᠠᠭ᠎ᠠ ᠳᠤ ᠨᠢ ᠨᠥᠬᠦᠪᠥᠷᠢᠯᠡᠬᠦ᠂ | ᠱᠠᠩᠨᠠᠬᠤ ᠪᠠᠷ ᠨᠦᠭᠦᠪᠦᠷᠢᠯᠡᠬᠦ ᠶᠢ ᠣᠷᠣᠯᠠᠭᠤᠯᠬᠤ᠂ ᠦᠨ᠎ᠡ ᠲᠥᠯᠥᠪᠦᠷᠢ ᠦᠭᠡᠢ ᠪᠠᠷ ᠮᠠᠲ᠋ᠧᠷᠢᠶᠠᠯ ᠤᠨ ᠲᠠᠯᠠᠪᠠᠢ ᠬᠠᠩᠭᠠᠬᠤ ᠵᠡᠷᠭᠡ ᠣᠯᠠᠨ ᠵᠦᠢᠯ ᠤᠨ ᠠᠷᠭ᠎ᠠ | ᠮᠠᠶ᠋ᠢᠭ ᠢᠶᠠᠷ ᠲᠡᠮᠵᠢᠯᠬᠡ ᠦᠵᠡᠬᠦᠯᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠬᠥᠭᠵᠢᠭᠦᠯᠭᠦ ᠶᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠳᠡᠮᠵᠢᠭᠦ ᠬᠡᠪᠴᠢᠶᠡᠨ ᠳᠤ ᠣᠷᠣᠭᠤᠯᠣᠨ᠎ᠠ᠃ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠠ ᠵᠣᠬᠢᠬᠤ ᠴᠠᠭ ᠬᠤᠭᠤᠴᠠᠭᠠᠨ ᠤ ᠠᠷᠠᠴᠢᠯᠠᠯᠲᠠ ᠬᠠᠮᠠᠭᠠᠯᠠᠯᠲᠠ ᠶᠢ ᠬᠤᠯᠪᠤᠵᠦ | ᠳᠠᠭᠠᠭᠠᠴᠢᠯᠠᠯᠲᠠ ᠵᠠᠷᠯᠠᠬᠤ ᠶᠢ ᠨᠢ ᠵᠣᠷᠢᠭᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠵᠤ ᠦᠢᠯᠡᠰ᠂ ᠬᠦᠷᠢᠶᠡᠯᠡᠩ ᠲᠣᠭᠤᠷᠢᠭ᠂ ᠬᠥᠳᠡᠭᠡ | ᠲᠤᠰᠬᠤᠨ ᠤ ᠵᠢᠭᠤᠯᠴᠢᠯᠠᠯ ᠵᠡᠷᠭᠡ ᠡᠵᠡᠩᠨᠡᠯᠲᠡ ᠶᠢᠨ ᠴᠢᠨᠠᠷᠲᠠᠢ ᠲᠥᠷᠥᠯ ᠵᠦᠢᠯ ᠯᠦᠭᠡ ᠨᠢᠭᠡ ᠴᠣᠭᠴᠠᠵᠢᠭᠤᠯᠣᠨ ᠨᠡᠬᠡᠭᠡᠭᠦ ᠶᠢ ᠬᠡᠷᠡᠭᠵᠢᠭᠦᠯᠵᠦ᠂ ᠡᠵᠡᠩᠨᠡᠯᠲᠡ ᠶᠢᠨ | ᠠᠰᠢᠭ ᠣᠯᠵᠠᠪᠤᠷᠢ ᠶᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠳᠤ ᠬᠡᠷᠡᠭᠯᠡᠬᠦ ᠬᠡᠷᠡᠭᠲᠡᠶ᠃ ᠵᠠᠰᠠᠮᠠᠯ ᠵᠠᠮ ᠤᠨ ᠨᠡᠷ᠎ᠡ ᠬᠠᠳᠠᠬᠤ | ᠡᠷᠬᠡ᠂ ᠵᠠᠷ ᠮᠡᠳᠡᠭᠡ ᠨᠠᠶᠢᠳᠡᠯᠡᠭᠦ ᠡᠷᠬᠡ ᠶᠢ ᠬᠤᠳᠠᠯᠳᠤᠭᠠᠯᠠᠬᠤ᠂ ᠠᠵᠤ ᠠᠬᠤᠶᠢᠯᠠᠯ ᠪᠣᠯᠤᠨ ᠨᠡᠶᠢᠭᠡᠮ ᠤᠨ ᠬᠢᠨ ᠤ ᠡᠳ᠋ ᠮᠥᠩᠭᠦ ᠬᠠᠨᠳᠢᠪᠯᠠᠬᠤ ᠵᠡᠷᠭᠡ ᠠᠷᠭ᠎ᠠ | ᠮᠠᠶ᠋ᠢᠭ ᠢᠶᠠᠷ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠪᠡᠯᠡ ᠮᠥᠩᠭᠦ ᠪᠠᠨ ᠬᠤᠷᠠᠮᠳᠤᠭᠤᠯᠤᠨ ᠴᠤᠭᠯᠠᠭᠤᠯᠬᠤ ᠶᠢ | ᠵᠣᠷᠢᠭᠵᠢᠭᠤᠯᠣᠨ᠎ᠠ᠃ ᠳᠠᠭᠠᠳᠬᠠᠯ ᠤᠨ ᠪᠡᠯᠡ ᠮᠦᠩᠭᠦ ᠶᠢ ᠵᠣᠷᠢᠭᠵᠢᠭᠤᠯᠵᠣ ᠪᠠᠶᠢᠭᠠᠳ ᠣᠷᠣᠨ ᠨᠤᠲᠤᠭ ᠤᠨ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ | ᠲᠡᠮᠳᠡᠭᠲᠦ ᠶᠢ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠵᠤ ᠬᠠᠤᠯᠢ ᠲᠣᠭᠲᠠᠭᠠᠯ ᠳᠤ ᠨᠡᠶᠢᠴᠡᠭᠦᠯᠦᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ | ᠬᠥᠭᠵᠢᠯᠲᠡ ᠳᠤ ᠣᠷᠤᠯᠴᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠭᠠᠮᠰᠢᠭ ᠲᠤ ᠡᠪᠳᠡᠭᠳᠡᠬᠦ ᠳᠠᠭᠠᠳᠬᠠᠯ ᠢ ᠰᠦᠪᠡᠭᠴᠢᠯᠡᠨ ᠥᠷᠨᠢᠭᠦᠯᠣᠨ᠎ᠠ᠃ | ᠲᠠᠪᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠨ ᠬᠠᠮᠠᠭᠠᠯᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠠᠶᠢᠭᠤᠯᠤᠨ ᠪᠦᠷᠢᠨᠰᠢᠭᠦᠯᠦᠨ᠎ᠡ | ︵ᠨᠢᠭᠡ︶ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠶᠢᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠲᠥᠷᠥᠯ ᠬᠤᠪᠢᠶᠠᠨ ᠡᠮᠬᠢ | ᠵᠢᠷᠤᠮ ᠲᠠᠢ ᠠᠬᠢᠭᠤᠯᠤᠨ᠎ᠠ᠃ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠤᠨ ᠠᠵᠢᠯ ᠢᠶᠠᠨ ᠵᠣᠬᠢᠰᠲᠠᠶ ᠬᠤᠪᠢᠶᠠᠷᠢᠯᠠᠭᠰᠠᠨ ᠠᠷᠠᠴᠢᠯᠠᠯᠳᠠ ᠦᠢᠯᠡᠳᠪᠦᠷᠢᠯᠡᠯ ᠤᠨ | ᠵᠣᠬᠢᠶᠠᠨ ᠪᠠᠶᠢᠭᠤᠯᠤᠯᠲᠠ ᠶᠢᠨ ᠬᠡᠪ ᠵᠠᠭᠪᠤᠷ ᠢ ᠠᠯᠬᠤᠮ ᠠᠯᠬᠤᠮ ᠢᠶᠠᠷ ᠪᠠᠶᠢᠭᠤᠯᠣᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ | ᠢᠨᠵᠧᠨᠧᠷᠢᠩ᠂ ᠣᠨᠴᠠᠭᠠᠶᠢᠯᠠᠨ ᠨᠢᠭᠡ ᠪᠦᠯᠣᠭ᠌ ᠲᠤᠰᠬᠠᠶ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ᠂ ᠮᠡᠷᠭᠡᠵᠢᠯ ᠨᠢ ᠨᠠᠷᠢᠨ ᠪᠣᠳᠣᠯᠢᠶᠠᠨᠲᠠᠢ ᠲᠤᠰᠬᠠᠶ | ᠲᠦᠷᠣᠯ ᠤᠨ ᠢᠨᠵᠧᠨᠧᠷᠢᠩ ᠢ ᠪᠣᠯ ᠵᠠᠬ᠎ᠠ ᠳᠡᠯᠭᠡᠭᠦᠷᠴᠢᠯᠡᠬᠦ ᠵᠠᠷᠴᠢᠮ ᠢᠶᠠᠷ᠂ ᠠᠷᠠᠴᠢᠯᠠᠨ ᠬᠠᠮᠠᠭᠠᠯᠠᠬᠤ ᠬᠢᠷᠢ ᠬᠡᠮ ᠲᠠᠢ ᠠᠷᠠᠴᠢᠯᠠᠯᠳᠠ ᠦᠢᠯᠡᠳᠪᠦᠷᠢᠯᠡᠯ ᠤᠨ ᠠᠵᠤ | ᠠᠬᠤᠶᠢᠯᠠᠯ ᠢ ᠰᠣᠩᠭᠤᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠡᠮᠵᠢᠶᠡᠯᠡᠵᠣ ᠵᠠᠷᠣᠳᠠᠯ ᠥᠭᠬᠦ ᠪᠠ ᠭᠡᠷ᠎ᠡ ᠪᠠᠷ ᠬᠠᠮᠢᠶᠠᠷᠬᠤ ᠶᠢ ᠬᠡᠷᠡᠭᠵᠢᠭᠦᠯᠦᠨ᠎ᠡ᠃ ᠰᠢᠶᠠᠩ ᠤᠨ | ᠵᠠᠮ ᠵᠢᠴᠢ ᠲᠣᠰᠬᠤᠨ ᠤ ᠵᠠᠮ ᠤᠨ ᠡᠳᠦᠷ ᠲᠤᠲᠤᠮ ᠤᠨ ᠠᠷᠢᠭᠤᠨ ᠴᠡᠪᠡᠷ ᠢ ᠵᠠᠮ ᠳᠠᠭᠠᠤ ᠳᠠᠬᠢ ᠣᠯᠠᠨ ᠲᠦᠮᠡᠨ ᠳᠤ ᠳᠠᠭᠠᠭᠠᠴᠢᠯᠠᠭᠤᠯᠣᠨ ᠠᠷᠠᠴᠢᠯᠠᠭᠤᠯᠬᠤ᠂ ︽ | ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ + ᠲᠦᠢᠯ ᠤᠨ ᠤᠨᠤᠪᠴᠢᠳᠠᠢ ᠪᠠᠷ ᠶᠠᠳᠠᠭᠤ ᠶᠢ ᠲᠡᠳᠬᠦᠬᠦ︾ ᠶᠢᠨ ᠠᠷᠠᠴᠢᠯᠠᠨ ᠬᠠᠮᠠᠭᠠᠯᠠᠬᠤ ᠬᠡᠪ ᠵᠠᠭᠪᠤᠷ ᠢᠶᠠᠷ | ᠳᠠᠮᠵᠢᠭᠤᠯᠵᠣ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠪᠠᠷ ᠭᠤᠣᠯ ᠴᠣᠭᠴᠠ ᠪᠣᠯᠭᠠᠵᠤ᠂ ᠵᠠᠰᠠᠮᠠᠯ ᠵᠠᠮ ᠳᠠᠭᠠᠤ ᠶᠢᠨ ᠮᠠᠯᠴᠢᠨ ᠲᠠᠷᠢᠶᠠᠴᠢᠨ ᠳᠤ | ᠲᠤᠰᠢᠶᠠᠵᠤ ᠬᠠᠷᠢᠭᠤᠴᠠᠭᠤᠯᠤᠨ᠂ ᠬᠤᠪᠢ ᠬᠥᠮᠦᠨ᠂ ᠭᠡᠷ ᠪᠦᠯᠢ ᠬᠡᠰᠡᠭᠯᠡᠨ ᠳᠠᠭᠠᠭᠠᠴᠢᠯᠠᠬᠤ ᠵᠡᠷᠭᠡ ᠠᠷᠭ᠎ᠠ ᠮᠠᠶ᠋ᠢᠭ ᠢᠶᠠᠷ ᠬᠡᠷᠡᠭᠵᠢᠭᠦᠯᠬᠦ ᠶᠢᠨ ᠬᠠᠮᠲᠤ᠂ | ᠰᠢᠯᠢᠳᠡᠭ ᠢ ᠨᠢ ᠦᠯᠡᠳᠡᠭᠡᠵᠦ ᠰᠠᠭᠠᠷᠠᠤ ᠶᠢ ᠨᠢ ᠰᠢᠭᠰᠢᠭᠳᠡᠭᠦᠯᠭᠦ ᠵᠠᠷᠴᠢᠮ ᠢᠶᠠᠷ᠂ ᠠᠷᠠᠴᠢᠯᠠᠨ ᠬᠠᠮᠠᠭᠠᠯᠠᠬᠤ ᠶᠢᠨ ᠬᠠᠷᠢᠴᠠᠩᠭᠤᠢ ᠲᠣᠭᠲᠠᠭᠤᠨ ᠪᠠᠶᠢᠬᠤ ᠣᠯᠠᠨ | ᠲᠦᠮᠡᠨᠴᠢ ᠴᠢᠨᠠᠷᠲᠠᠶ ᠡᠩᠨᠡᠭᠡ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠵᠠᠮ ᠱᠤᠭᠤᠮ ᠨᠢ ᠨᠡᠯᠢᠶᠡᠳ ᠤᠷᠲᠤ᠂ ᠵᠠᠮ ᠳᠠᠭᠠᠤ ᠳᠠᠬᠢ ᠰᠠᠭᠤᠭᠠᠯᠢ ᠠᠷᠠᠳ ᠨᠡᠯᠢᠶᠠᠣᠨ | ᠴᠥᠭᠡᠨ ᠰᠢᠶᠠᠩ ᠲᠣᠰᠬᠤᠨ ᠤ ᠬᠠᠶᠢᠷ ᠴᠢᠯᠠᠭᠤᠯᠢᠭ ᠵᠠᠮ ᠳᠤ ᠰᠤᠮᠤ ᠰᠢᠶᠠᠩ ᠪᠠᠯᠭᠠᠰᠤ ᠪᠣᠯᠤᠨ ᠭᠠᠴᠠᠭ᠎ᠠ ᠲᠣᠰᠬᠤᠨ ᠨᠢ ᠬᠠᠪᠤᠷ ᠨᠠᠮᠤᠷ ᠬᠤᠶᠠᠷ ᠤᠯᠠᠷᠢᠯ ᠳᠤ | ᠣᠶᠢᠷ᠎ᠠ ᠬᠠᠪᠢ ᠶᠢᠨ ᠣᠯᠠᠨ ᠲᠦᠮᠡᠨ ᠢ ᠵᠣᠬᠢᠶᠠᠨ ᠪᠠᠶᠢᠭᠤᠯᠤᠨ ᠬᠦᠴᠦ ᠬᠥᠳᠡᠯᠮᠦᠷᠢ ᠣᠷᠣᠭᠤᠯᠬᠤ ᠬᠡᠯᠪᠡᠷᠢ ᠪᠠᠷ ᠳᠠᠮᠵᠢᠭᠤᠯᠤᠨ ᠲᠦᠪᠯᠡᠷᠡᠭᠦᠯᠵᠦ ᠠᠷᠠᠴᠢᠯᠠᠨ | ᠬᠠᠮᠠᠭᠠᠯᠠᠵᠤ ᠪᠣᠯᠣᠨ᠎ᠠ᠃ ᠵᠠᠬ᠎ᠠ ᠳᠡᠯᠭᠡᠭᠦᠷ ᠤᠨ ᠰᠢᠨᠵᠢ ᠴᠢᠨᠠᠷ ᠲᠤ ᠨᠡᠶᠢᠴᠡᠭᠦ ᠠᠵᠢᠯ ᠦᠢᠯᠡᠰ ᠤᠨ ᠨᠢᠭᠡᠴᠢ ᠶᠢ ᠬᠦᠲᠦᠯᠦᠨ ᠵᠢᠯᠤᠭᠤᠳᠴᠤ ᠪᠠᠶᠢᠭᠠᠳ | ᠪᠠᠶᠢᠭᠤᠯᠤᠯ ᠢᠶᠠᠨ ᠬᠤᠪᠢᠷᠠᠭᠤᠯᠣᠨ ᠣᠳᠣ ᠦᠶ᠎ᠡ ᠶᠢᠨ ᠠᠵᠤ ᠠᠬᠤᠶᠢᠯᠠᠯ ᠪᠣᠯᠭᠠᠵᠤ᠂ ᠭᠤᠤᠯ ᠱᠤᠭᠤᠮ ᠤᠨ ᠵᠠᠰᠠᠮᠠᠯ ᠵᠠᠮ ᠢ ᠪᠦᠲᠦᠭᠡᠨ ᠪᠠᠶᠢᠭᠤᠯᠵᠤ ᠠᠷᠠᠴᠢᠯᠠᠠ | ᠬᠠᠮᠠᠭᠠᠯᠠᠬᠤ ᠶᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠯᠤᠭ᠎ᠠ ᠬᠤᠯᠪᠤᠵᠦ ᠳᠠᠭᠠᠭᠠᠴᠢᠯᠠᠯᠲᠠ ᠵᠠᠷᠯᠠᠬᠤ ᠶᠢ ᠵᠣᠷᠢᠭᠵᠢᠭᠤᠯᠤᠨ᠂ ᠠᠷᠠᠴᠢᠯᠠᠯᠳᠠ ᠶᠢᠨ ᠠᠵᠤ | ᠠᠬᠤᠶᠢᠯᠠᠯ ᠤᠨ ᠣᠷᠣᠨ ᠪᠦᠰᠡ ᠠᠯᠤᠰᠯᠠᠨ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠣᠷᠣᠯᠴᠠᠬᠤ ᠶᠢ ᠳᠡᠮᠵᠢᠨ᠎ᠠ᠃ ᠤᠷᠲᠤ ᠬᠤᠭᠤᠴᠠᠭᠠᠨ ᠤ ᠠᠷᠠᠴᠢᠯᠠᠨ | ᠬᠠᠮᠠᠭᠠᠯᠠᠬᠤ ᠭᠡᠷ᠎ᠡ ᠲᠣᠭᠲᠠᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠣᠯᠵᠤᠭ᠎ᠠ ᠲᠣᠭᠲᠠᠬᠤ ᠵᠡᠷᠭᠡ ᠠᠷᠭ᠎ᠠ ᠮᠠᠶ᠋ᠢᠭ ᠢᠶᠠᠷ ᠲᠤᠰᠬᠠᠶ ᠮᠡᠷᠭᠡᠵᠢᠯ ᠤᠨ | ᠠᠷᠠᠴᠢᠯᠠᠯᠳᠠ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠣᠷᠣᠭᠤᠯᠤᠯᠲᠠ ᠶᠢ ᠨᠢ ᠨᠡᠮᠡᠭᠳᠡᠭᠦᠯᠵᠦ᠂ ᠠᠷᠠᠴᠢᠯᠠᠨ ᠬᠠᠮᠠᠭᠠᠯᠠᠬᠤ ᠶᠢᠨ | ᠮᠧᠬᠠᠨᠢᠭᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠶᠡᠷᠦᠩᠬᠡᠶᠢᠯᠡᠨ ᠬᠤᠯᠪᠤᠵᠦ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢ | ᠰᠦᠪᠡᠭᠴᠢᠯᠡᠬᠦ ᠪᠠᠷ ᠳᠠᠮᠵᠢᠭᠤᠯᠵᠣ᠂ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠷ ᠨᠡᠯᠢᠶᠡᠳ ᠴᠢᠩᠭ᠎ᠠ ᠪᠠᠶᠢᠭ᠎ᠠ ᠠᠷᠠᠴᠢᠯᠠᠨ ᠬᠠᠮᠠᠭᠠᠯᠠᠬᠤ ᠲᠠᠯ᠎ᠠ ᠪᠠᠷ ᠬᠢ ᠯᠠᠪᠯᠠᠭ᠎ᠠ ᠪᠠ | ᠪᠠᠷᠢᠯᠭ᠎ᠠ ᠶᠢᠨ ᠠᠵᠢᠯ ᠢ ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ ᠢ ᠰᠤᠩᠭᠤᠨ᠂ ᠵᠠᠮ ᠤᠨ ᠪᠠᠶᠢᠳᠠᠯ ᠢ ᠪᠠᠶᠢᠴᠠᠭᠠᠨ ᠰᠢᠨᠵᠢᠬᠦ᠂ ᠠᠷᠠᠴᠢᠯᠠᠨ ᠬᠠᠮᠠᠭᠠᠯᠠᠬᠤ | ᠲᠥᠯᠦᠪᠵᠢᠭᠦᠯᠭᠡ᠂ ᠵᠢᠷᠤᠭ ᠲᠥᠯᠦᠪᠯᠡᠭᠡ᠂ ᠪᠠᠷᠢᠯᠭ᠎ᠠ ᠶᠢᠨ ᠠᠵᠢᠯ ᠵᠡᠷᠭᠡ ᠪᠦᠬᠦ ᠬᠡᠯᠬᠢᠶᠡᠨ ᠤ ᠦᠢᠯᠡᠴᠢᠯᠡᠭᠡ ᠶᠢ ᠬᠠᠩᠭᠠᠵᠤ᠂ ᠵᠠᠰᠠᠮᠠᠯ ᠵᠠᠮ ᠤᠨ ᠪᠥᠬᠦ ᠠᠮᠢ | ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠠᠷᠠᠴᠢᠯᠠᠨ ᠬᠠᠮᠠᠭᠠᠯᠠᠬᠤ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠦᠨ᠎ᠡ᠃ | ︵ᠬᠤᠶᠠᠷ︶ ᠠᠮᠤᠷ ᠲᠦᠪᠰᠢᠨ ᠪᠠ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠵᠠᠰᠠᠮᠠᠯ ᠵᠠᠮ ᠤᠨ ᠠᠮᠤᠷ ᠲᠦᠪᠰᠢᠨ ᠤ ᠪᠡᠯᠡᠣᠡᠭᠡᠮᠵᠢ ᠶᠢ ᠭᠤᠤᠯ | ᠴᠣᠭᠴᠠ ᠶᠢᠨ ᠪᠠᠷᠢᠯᠭ᠎ᠠ ᠯᠤᠭ᠎ᠠ ᠵᠡᠷᠭᠡ ᠳᠤ ᠨᠢ ᠵᠢᠷᠤᠭᠯᠠᠵᠣ ᠲᠥᠯᠥᠪᠯᠡᠨ᠂ ᠵᠡᠷᠭᠡ ᠳᠤ ᠨᠢ ᠠᠵᠢᠯᠯᠠᠭᠤᠯᠵᠣ᠂ ᠵᠡᠷᠭᠡ ᠳᠤ ᠨᠢ ᠠᠰᠢᠭᠯᠠᠯᠲᠠ ᠳᠤ ᠣᠷᠤᠭᠤᠯᠣᠨᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠵᠡᠷᠭᠡ ᠡᠭᠦᠷᠭᠡ ᠴᠢᠳᠠᠮᠵᠢᠳᠣ ᠰᠠᠯᠠᠭ᠎ᠠ ᠮᠥᠴᠢᠷ ᠢ ᠵᠣᠬᠢᠶᠠᠨ ᠪᠠᠶᠢᠭᠤᠯᠣᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠵᠢᠯ ᠳᠠᠭᠤᠰᠬᠤ ︵ | ᠲᠤᠰᠢᠶᠠᠬᠤ︶ ᠶᠢ ᠰᠢᠯᠭᠠᠨ ᠬᠤᠷᠢᠶᠠᠵᠤ ᠠᠪᠬᠤ ᠳᠤ ᠣᠷᠣᠯᠴᠠᠭᠤᠯᠬᠤ ᠬᠡᠷᠡᠭᠲᠡᠶ᠃ ᠨᠢᠭᠡᠨᠲᠡ ᠪᠠᠶᠢᠭᠤᠯᠵᠣ ᠳᠠᠭᠤᠰᠣᠭᠰᠠᠨ ᠪᠣᠯᠪᠠᠴᠤ ᠠᠶᠤᠯ ᠦᠭᠡᠢ ᠶᠢᠨ | ᠪᠡᠯᠡᠳᠬᠡᠮᠵᠢ ᠶᠢ ᠲᠥᠬᠦᠷᠵᠢᠭᠦᠯᠦᠭᠡᠳᠦᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠳᠤ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ ᠬᠡᠷᠡᠭᠲᠡᠶ᠃ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠳᠠᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠶᠠᠰᠤ ᠴᠢᠨᠠᠷ ᠢᠶᠠᠷ | ᠭᠤᠤᠯ ᠪᠣᠯᠭᠠᠭᠰᠠᠨ ᠢᠲᠡᠭᠡᠮᠵᠢ ᠶᠢᠨ ᠰᠢᠯᠭᠠᠨ ᠦᠨᠡᠯᠡᠬᠦ ᠲᠣᠭᠲᠠᠴᠠ ᠶᠢ ᠬᠦᠴᠦᠯᠡᠨ ᠪᠠᠶᠢᠭᠤᠯᠵᠤ᠂ ᠢᠲᠡᠭᠡᠮᠵᠢ ᠵᠢᠷᠤᠮᠯᠠᠭᠰᠠᠳ ᠢ ᠬᠤᠯᠪᠣᠭᠠᠯᠠᠨ ᠤᠷᠮᠠᠰᠢᠭᠤᠯᠬᠤ ᠪᠠ | ᠢᠲᠡᠭᠡᠮᠵᠢ ᠠᠯᠳᠠᠭᠰᠠᠳ ᠢ ᠬᠤᠯᠪᠣᠭᠠᠯᠠᠨ ᠵᠠᠯᠬᠠᠭᠠᠬᠤ ᠶᠢ ᠬᠡᠷᠡᠭᠵᠢᠭᠦᠯᠬᠦ ᠶᠢᠨ ᠬᠠᠮᠲᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠢᠲᠡᠭᠡᠮᠵᠢ ᠶᠢᠨ | ᠲᠡᠮᠳᠡᠭᠯᠡᠯ ᠢ ᠪᠦᠬᠦ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠭᠦᠷᠳᠡᠭᠦ ᠲᠠᠪᠴᠠᠩ ᠳᠤ ᠣᠷᠤᠭᠤᠯᠤᠨ᠂ | ᠬᠠᠤᠯᠢ ᠶᠣᠰᠣᠭᠠᠷ ᠨᠡᠶᠢᠭᠡᠮ ᠳᠤ ᠢᠯᠡ ᠪᠣᠯᠭᠠᠨ᠎ᠠ᠃ | ︵ᠭᠤᠷᠪᠠ︶ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠦᠷᠢᠮ ᠢ ᠲᠣᠭᠲᠠᠭᠠᠨ ᠨᠡᠶᠢᠲᠡᠯᠡᠬᠦ ᠶᠢ ᠠᠬᠢᠭᠤᠯᠤᠨ᠎ᠠ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ | ᠲᠣᠬᠢᠷᠠᠭᠤᠯᠬᠤ᠂ ᠬᠢᠮᠳᠠ ᠪᠥᠭᠡᠳ ᠪᠣᠳᠠᠲᠤ ᠬᠡᠷᠡᠭᠴᠡᠭᠡ ᠲᠠᠢ᠂ ᠪᠣᠬᠢᠷᠲᠤᠯ ᠦᠭᠡᠢ ᠪᠦᠭᠡᠳ ᠣᠷᠴᠢᠨ ᠲᠣᠭᠤᠷᠢᠨ ᠢ ᠬᠠᠮᠠᠭᠠᠯᠠᠬᠤ ᠣᠨᠣᠯᠵᠢᠬᠤᠨ ᠢ ᠪᠠᠷᠢᠮᠲᠠᠯᠠᠵᠤ᠂ | ᠲᠠᠷᠢᠶᠠᠯᠠᠬᠤ ᠣᠷᠣᠨ᠂ ᠮᠠᠯᠵᠢᠬᠤ ᠣᠷᠣᠨ᠂ ᠬᠠᠭᠠᠰ ᠮᠠᠯᠵᠢᠬᠤ ᠬᠠᠭᠠᠰ ᠲᠠᠷᠢᠶᠠᠯᠠᠬᠤ ᠣᠷᠣᠨ ᠤ ᠠᠳᠠᠯᠢ ᠪᠤᠰᠤ ᠣᠨᠴᠠᠯᠢᠭ ᠢᠶᠠᠷ ︽ᠦᠵᠡᠰᠬᠦᠯᠡᠩᠲᠦ ᠰᠠᠶᠢᠬᠠᠨ | ᠵᠠᠰᠠᠮᠠᠯ ᠵᠠᠮ︾ ᠢ ᠡᠭᠦᠳᠦᠨ ᠪᠠᠶᠢᠭᠤᠯᠬᠤ ᠠᠵᠢᠯ ᠢᠶᠠᠨ ᠲᠥᠷᠥᠯ ᠬᠤᠪᠢᠶᠠᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ | ᠬᠠᠮᠠᠭᠠᠯᠠᠬᠤ ᠮᠡᠷᠭᠡᠵᠢᠯ ᠤᠨ ᠵᠢᠷᠤᠮᠵᠢᠯ᠂ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠷᠭ᠎ᠠ ᠵᠡᠷᠭᠡ ᠶᠢ ᠲᠣᠭᠲᠠᠭᠠᠵᠤ᠂ ᠠᠷᠠᠴᠢᠯᠠᠨ ᠬᠠᠮᠠᠭᠠᠯᠠᠬᠤ ᠶᠢ | ᠵᠢᠷᠤᠮᠵᠢᠭᠤᠯᠵᠣ ᠪᠠᠷᠢᠮᠵᠢᠶᠠᠵᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠶᠠᠪᠤᠳᠠᠯ ᠤᠨ ᠬᠠᠮᠢᠶᠠᠷᠤᠯᠲᠠ ᠶᠢᠨ | ᠵᠢᠯᠣᠭᠤᠳᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠵᠠᠮ ᠤᠨ ᠶᠠᠪᠤᠳᠠᠯ ᠤᠨ ᠬᠠᠮᠢᠶᠠᠷᠤᠯᠲᠠ ᠶᠢ ᠨᠡᠶᠢᠳᠡᠮ ᠬᠠᠮᠣᠷᠬᠤ ᠶᠢ ᠪᠡᠶᠡᠯᠡᠭᠦᠯᠦᠨ᠎ᠡ᠃ ᠬᠤᠰᠢᠭᠤ | ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠪᠣᠯ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠵᠢᠯ ᠤᠨ ᠬᠠᠷᠢᠭᠤᠴᠠᠯᠭ᠎ᠠ ᠶᠢᠨ | ᠭᠤᠣᠯ ᠴᠣᠭᠴᠠ ᠪᠣᠯᠤᠨ᠎ᠠ᠂ ᠵᠠᠮ ᠤᠨ ᠶᠠᠪᠤᠳᠠᠯ ᠤᠨ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠪᠠ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ | ᠶᠠᠪᠤᠳᠠᠯ ᠤᠨ ᠬᠠᠮᠢᠶᠠᠷᠤᠯᠲᠠ ᠪᠠᠨ ᠴᠢᠩᠭᠠᠳᠬᠠᠵᠤ᠂ ︽ᠬᠥᠨᠳᠡᠯᠡᠨ ᠭᠤᠯᠳᠤ ᠪᠠᠷ ᠭᠦᠢᠴᠡᠳ ᠲᠦᠢᠯᠪᠦᠷᠢᠲᠡᠢ ᠪᠠᠶᠢᠯᠭᠠᠬᠤ︾ ᠰᠦᠯᠵᠢᠶᠡᠵᠢᠭᠰᠡᠨ ᠬᠠᠮᠢᠶᠠᠷᠤᠯᠲᠠ ᠶᠢᠨ | ᠪᠠᠶᠢᠷᠢᠰᠢᠯ ᠢ ᠪᠣᠢ ᠪᠣᠯᠭᠠᠨ᠎ᠠ᠃ ᠵᠠᠮ ᠤᠨ ᠲᠠᠷᠤᠭ᠎ᠠ ᠶᠢᠨ ᠳᠦᠷᠢᠮ ᠵᠢᠴᠢ ᠬᠥᠳᠡᠭᠡ ᠲᠣᠰᠬᠤᠨ ᠤ ᠵᠠᠮ ᠤᠨ ᠲᠤᠰᠬᠠᠶ ᠬᠠᠮᠢᠶᠠᠷᠤᠭᠴᠢ ᠶᠢᠨ ᠳᠦᠷᠢᠮ ᠢ | ᠤᠶᠠᠯᠳᠤᠭᠤᠯᠤᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠵᠢᠴᠢ ᠮᠠᠯᠴᠢᠨ ᠲᠠᠷᠢᠶᠠᠴᠢᠨ ᠤ ᠢᠳᠡᠪᠬᠢᠵᠢᠯ ᠢ ᠭᠦᠢᠴᠡᠳ ᠪᠠᠳᠠᠷᠠᠭᠤᠯᠵᠤ᠂ ᠬᠤᠰᠢᠭᠤ ᠰᠢᠶᠠᠨ | ︵ᠬᠤᠲᠠ᠂ ᠲᠣᠭᠤᠷᠢᠭ︶ ᠳᠤ ᠵᠠᠮ ᠤᠨ ᠶᠠᠪᠤᠳᠠᠯ ᠤᠨ ᠠᠩᠭᠢ ᠲᠠᠢ᠂ ᠰᠤᠮᠤ ᠰᠢᠶᠠᠩ ᠪᠠᠯᠭᠠᠰᠤᠨ ᠳᠤ ᠬᠢᠨᠠᠨ ᠬᠠᠮᠢᠶᠠᠷᠤᠭᠴᠢ ᠲᠠᠢ᠂ ᠭᠠᠴᠠᠭ᠎ᠠ ᠲᠣᠰᠬᠤᠨ ᠳᠤ ᠵᠠᠮ | ᠬᠠᠮᠠᠭᠠᠯᠠᠭᠴᠢ ᠲᠠᠢ ᠪᠠᠶᠢᠬᠤ ᠵᠠᠮ ᠤᠨ ᠬᠦᠷᠦᠩᠭᠡ ᠵᠠᠮ ᠤᠨ ᠡᠷᠬᠡ ᠶᠢ ᠬᠠᠮᠠᠭᠠᠯᠠᠬᠤ ᠡᠩᠨᠡᠭᠡ ᠶᠢ ᠪᠠᠶᠢᠭᠤᠯᠤᠨ᠎ᠠ᠃ | ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ | ᠠᠬᠢᠭᠤᠯᠬᠤ ᠶᠢᠨ ᠴᠢᠬᠤᠯᠠ ᠭᠠᠷᠳᠠᠴᠠ ᠪᠣᠯᠭᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ ᠬᠡᠷᠡᠭᠲᠡᠶ᠃ ᠬᠠᠮᠢᠶ᠎ᠠ ᠪᠦᠬᠦᠢ ᠬᠠᠷᠢᠭᠤᠴᠠᠯᠭᠠᠲᠤ | ᠰᠠᠯᠠᠭ᠎ᠠ ᠮᠥᠴᠢᠷ ᠨᠢ ᠭᠤᠣᠯ ᠴᠤᠭᠴᠠ ᠶᠢᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠨᠢᠭᠡᠳᠦᠯᠲᠡᠢ ᠲᠥᠯᠥᠪᠵᠢᠭᠦᠯᠵᠣ ᠵᠣᠬᠢᠴᠠᠭᠤᠯᠬᠤ ᠪᠠᠨ | ᠴᠢᠩᠭᠠᠳᠬᠠᠨ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠠᠵᠢᠯ ᠤᠨ ᠵᠠᠩᠭᠢᠯᠠᠭ᠎ᠠ ᠶᠢᠨ ᠴᠡᠭ ᠢᠶᠠᠨ ᠨᠠᠷᠢᠯᠢᠭᠵᠢᠭᠤᠯᠤᠨ᠂ ᠡᠯ᠎ᠡ ᠵᠦᠢᠯ ᠤᠨ | ᠥᠭᠡᠷᠡᠴᠢᠯᠡᠯᠲᠡ ᠶᠢᠨ ᠡᠭᠦᠷᠭᠡ ᠶᠢ ᠠᠯᠢ ᠲᠦᠷᠭᠡᠨ ᠢᠶᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠳᠠᠢ᠃ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠠᠵᠢᠯ ᠤᠨ ᠵᠢᠯᠣᠭᠤᠳᠣᠯᠭ᠎ᠠ ᠬᠢᠭᠦ ᠪᠠ ᠰᠢᠮᠳᠠᠭᠤᠯᠤᠨ ᠪᠠᠶᠢᠴᠠᠭᠠᠬᠤ ᠪᠠᠨ | ᠴᠢᠩᠭᠠᠳᠬᠠᠵᠤ᠂ ᠴᠢᠬᠤᠯᠠ ᠶᠡᠭᠡ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃ | | | 2020 ᠣᠨ ᠤ 6 ᠳ᠋ᠤᠭᠠᠷ ᠰᠠᠷ᠎ᠠ ᠶᠢᠨ 3 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |