ᠮᠤᠷᠢᠨᠳᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠲᠠ ᠪᠠᠯᠭᠠᠰᠤᠨ ᠤ ᠲᠦᠯᠦᠪᠵᠢᠬᠦᠯᠬᠡ ᠶᠢ ᠬᠡᠷᠡᠭᠵᠢᠬᠦᠯᠭᠦ 2020 ᠤᠨ ᠤ ᠳᠦᠷᠪᠡᠳᠦᠬᠡᠷ ᠪᠦᠯᠦᠭ ᠤᠨ ᠪᠦᠲᠦᠬᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠲᠤᠬᠠᠢ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠴᠤᠬᠤᠯᠠᠪᠤᠷᠢ
ᠨᠡᠶᠢᠲᠡᠯᠡᠭᠰᠡᠨ ᠴᠠᠭ᠄
2020/8/5
ᠮᠤᠷᠢᠨᠳᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠳᠤ᠄       ᠲᠠᠨ ᠤ ᠬᠤᠰᠢᠭᠤ ᠶᠢᠨ ︽ᠮᠤᠷᠢᠨᠳᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠲᠠ ᠪᠠᠯᠭᠠᠰᠤᠨ ᠤ ᠲᠦᠯᠦᠪᠵᠢᠬᠦᠯᠬᠡ ᠶᠢ ᠬᠡᠷᠡᠭᠵᠢᠬᠦᠯᠬᠦ 2020 ᠤᠨ ᠤ ᠳᠦᠷᠪᠡᠳᠦᠬᠡᠷ ᠪᠦᠯᠦᠭ ᠤᠨ ᠪᠦᠲᠦᠬᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠲᠦᠰᠦᠯ ᠤᠨ ᠲᠤᠬᠠᠢ ᠵᠢᠭᠠᠪᠤᠷᠢ ᠠᠪᠬᠤ ᠪᠢᠴᠢᠭ︾ ︵ᠮᠤᠷᠢᠨᠳᠠᠪᠠᠭ᠎ᠠ ᠵᠠᠰᠠᠭ ᠲᠠᠷᠬᠠᠭᠠᠭᠰᠠᠨ ﹇2020﹈ 13 ᠲᠤᠭᠠᠳᠤ︶ ᠢ ᠬᠦᠯᠢᠶᠡᠨ ᠠᠪᠤᠯ᠎ᠠ᠃ ᠬᠠᠤᠯᠢ ᠶᠤᠰᠤᠭᠠᠷ ᠬᠢᠨᠠᠨ ᠪᠠᠶᠢᠴᠠᠭᠠᠭᠠᠳ ᠳᠤᠤᠷᠠᠬᠢ ᠮᠡᠲᠤ ᠴᠤᠬᠤᠯᠠᠪᠤᠷᠢᠯᠠᠪᠠ᠄       ᠨᠢᠭᠡ᠂ ᠪᠠᠶᠠᠨ ᠰᠢᠶᠠᠩ ᠤᠨ ᠫᠢᠩ ᠠᠨ ᠳᠤᠰᠬᠤᠨ ᠤ ᠬᠠᠮᠳᠤ ᠶᠢᠨ ᠭᠠᠵᠠᠷ 3.8670 ᠾᠧᠺᠲ᠋ᠡᠷ ︵ᠡᠭᠦᠨ ᠳᠤ ᠲᠠᠷᠢᠶᠠᠨ ᠭᠠᠵᠠᠷ 3.7825 ᠾᠧᠺᠲ᠋ᠡᠷ᠂ ᠬᠦᠳᠡᠭᠡ ᠶᠢᠨ ᠵᠠᠮ 0.0845 ᠾᠧᠺᠲ᠋ᠡᠷ︶᠂ ᠳ᠋ᠡᠩᠲᠡᠭᠡ ᠪᠠᠯᠭᠠᠰᠤᠨ ᠤ ᠭᠠᠩ ᠲᠢᠶᠧ ᠲᠤᠰᠬᠤᠨ ᠤ ᠬᠠᠮᠳᠤ ᠶᠢᠨ ᠭᠠᠵᠠᠷ 7.6313 ᠾᠧᠺᠲ᠋ᠡᠷ ︵ᠡᠭᠦᠨ ᠳᠤ ᠳᠠᠷᠢᠶᠠᠨ ᠭᠠᠵᠠᠷ 7.6313 ᠾᠧᠺᠲ᠋ᠡᠷ︶᠂ ᠬᠠᠳᠠᠨ ᠠᠶᠠᠷ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠤ ᠤᠯᠤᠰ ᠤᠨ ᠦᠮᠴᠢᠯᠡᠯᠳᠤ ᠭᠠᠵᠠᠷ ᠰᠢᠷᠤᠢ 3.6904 ᠾᠧᠺᠲ᠋ᠡᠷ ︵ᠡᠭᠦᠨ ᠳᠤ ᠲᠠᠷᠢᠶᠠᠨ ᠭᠠᠵᠠᠷ 3.5467 ᠾᠧᠺᠲ᠋ᠡᠷ᠂ ᠠᠰᠢᠭᠯᠠᠭᠠᠳᠤᠢ ᠭᠠᠵᠠᠷ 0.1437 ᠾᠧᠺᠲ᠋ᠡᠷ︶᠂ ᠪᠠᠶᠠᠨ ᠰᠢᠶᠠᠩ ᠤᠨ ᠠᠷᠠᠳ ᠤᠨ ᠵᠠᠰᠠᠭ ᠤᠨ ᠤᠷᠳᠤᠨ ᠤ ᠤᠯᠤᠰ ᠤᠨ ᠦᠮᠴᠢᠯᠡᠯᠳᠤ ᠭᠠᠵᠠᠷ ᠰᠢᠷᠤᠢ 8.6921 ᠾᠧᠺᠲ᠋ᠡᠷ ︵ᠡᠭᠦᠨ ᠳᠤ ᠲᠠᠷᠢᠶᠠᠨ ᠭᠠᠵᠠᠷ 5.9994 ᠾᠧᠺᠲ᠋ᠡᠷ᠂ ᠡᠪᠡᠰᠦ ᠪᠡᠯᠴᠢᠭᠡᠷ 2.4680 ᠾᠧᠺᠲ᠋ᠡᠷ᠂ ᠭᠤᠤ ᠰᠤᠪᠠᠭ 0.2247 ᠾᠧᠺᠲ᠋ᠡᠷ︶᠂ ᠮᠤᠷᠢᠨᠳᠠᠪᠠᠭ᠎ᠠ ᠬᠤᠰᠢᠭᠤᠨ ᠤ ᠤᠰᠤᠨ ᠠᠰᠢᠭᠯᠠᠯᠳᠠ ᠶᠢᠨ ᠲᠤᠪᠴᠢᠶ᠎ᠠ ᠶᠢᠨ ᠤᠯᠤᠰ ᠤᠨ ᠦᠮᠴᠢᠯᠡᠯᠳᠤ ᠭᠠᠵᠠᠷ ᠰᠢᠷᠤᠢ 0.0513 ᠾᠧᠺᠲ᠋ᠡᠷ ︵ᠡᠭᠦᠨ ᠳᠤ ᠠᠰᠢᠭᠯᠠᠭᠠᠳᠤᠢ ᠭᠠᠵᠠᠷ 0.0513 ᠾᠧᠺᠲ᠋ᠡᠷ︶᠂ ᠲᠡᠩᠭᠡ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠤ ᠤᠯᠤᠰ ᠤᠨ ᠦᠮᠴᠢᠯᠡᠯᠲᠤ ᠭᠠᠵᠠᠷ ᠰᠢᠷᠤᠢ 10.0115 ᠾᠧᠺᠲ᠋ᠡᠷ ︵ᠡᠭᠦᠨ ᠳᠤ ᠲᠠᠷᠢᠶᠠᠨ ᠭᠠᠵᠠᠷ 5.3325 ᠾᠧᠺᠲ᠋ᠡᠷ᠂ ᠡᠪᠡᠰᠦ ᠪᠡᠯᠴᠢᠭᠡᠷ 4.5805 ᠾᠧᠺᠲ᠋ᠡᠷ᠂ ᠬᠦᠳᠡᠭᠡ ᠶᠢᠨ ᠵᠠᠮ 0.0985 ᠾᠧᠺᠲ᠋ᠡᠷ︶᠂ ᠬᠤᠩ ᠶᠠᠨ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠤ ᠤᠯᠤᠰ ᠤᠨ ᠦᠮᠴᠢᠯᠡᠯᠳᠤ ᠭᠠᠵᠠᠷ ᠰᠢᠷᠤᠢ 8.1537 ᠾᠧᠺᠲ᠋ᠡᠷ ︵ᠡᠭᠦᠨ ᠳᠤ ᠲᠠᠷᠢᠶᠠᠨ ᠭᠠᠵᠠᠷ 8.1331 ᠾᠧᠺᠲ᠋ᠡᠷ᠂ ᠬᠦᠳᠡᠭᠡ ᠶᠢᠨ ᠵᠠᠮ 0.0206 ᠾᠧᠺᠲ᠋ᠡᠷ︶᠂ ᠲᠠᠪᠤᠬᠤᠪᠤᠭ᠎ᠠ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠤ ᠤᠯᠤᠰ ᠤᠨ ᠦᠮᠴᠢᠯᠡᠯᠳᠤ ᠭᠠᠵᠠᠷ ᠰᠢᠷᠤᠢ 0.3638 ᠾᠧᠺᠲ᠋ᠡᠷ ︵ᠡᠭᠦᠨ ᠳᠤ ᠲᠠᠷᠢᠶᠠᠨ ᠭᠠᠵᠠᠷ 0.3638 ᠾᠧᠺᠲ᠋ᠡᠷ︶ ᠢ ᠪᠦᠲᠦᠬᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠬᠤ ᠶᠢ ᠵᠦᠪᠰᠢᠶᠡᠷᠡᠵᠤ᠂ ᠬᠦᠳᠡᠭᠡ ᠲᠤᠰᠬᠤᠨ ᠤ ᠤᠷᠤᠨ ᠰᠠᠭᠤᠴᠠ ᠶᠢᠨ ᠭᠠᠵᠠᠷ ᠤᠨ ᠲᠦᠷᠦᠯ ᠵᠦᠢᠯ ᠳᠤ ᠪᠦᠬᠦᠨ ᠢ ᠬᠡᠷᠡᠭᠯᠡᠨ᠎ᠡ᠃       ᠳᠡᠭᠡᠷᠡᠬᠢ ᠪᠦᠲᠦᠬᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠨᠡᠶᠢᠳᠡ 42.4611 ᠾᠧᠺᠲ᠋ᠡᠷ ᠢ ᠮᠤᠷᠢᠨᠳᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠲᠠ ᠪᠠᠯᠭᠠᠰᠤᠨ ᠤ ᠲᠦᠯᠦᠪᠵᠢᠬᠦᠯᠬᠡ ᠶᠢ ᠬᠡᠷᠡᠭᠵᠢᠬᠦᠯᠬᠦ 2020 ᠤᠨ ᠤ ᠳᠦᠷᠪᠡᠳᠦᠬᠡᠷ ᠪᠦᠯᠦᠭ ᠤᠨ ᠪᠦᠲᠦᠬᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠬᠤ ᠶᠢ ᠵᠦᠪᠰᠢᠶᠡᠷᠡᠪᠡ᠃       ᠬᠤᠶᠠᠷ᠂ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠤᠷᠳᠤᠨ ᠲᠠᠷᠢᠶᠠᠨ ᠭᠠᠵᠠᠷ ᠢ ᠨᠦᠬᠦᠪᠦᠷᠢᠯᠡᠬᠦ ᠲᠦᠰᠦᠯ ᠢ ᠠᠯᠬᠤᠮ ᠴᠢᠨᠠᠭᠰᠢᠳᠠ ᠨᠠᠶᠢᠳᠠᠪᠤᠷᠢᠵᠢᠭᠤᠯᠵᠤ᠂ ᠠᠷᠭ᠎ᠠ ᠠᠪᠴᠠᠯ ᠠᠪᠴᠤ᠂ ᠨᠢᠬᠡᠨᠳᠡ ᠨᠦᠬᠦᠪᠦᠷᠢᠯᠡᠭᠰᠡᠨ 34.07893 ᠾᠧᠺᠲ᠋ᠡᠷ ᠲᠠᠷᠢᠶᠠᠨ ᠭᠠᠵᠠᠷ ᠤᠨ ᠴᠢᠨᠠᠷ ᠢ ᠳᠡᠭᠡᠭᠰᠢᠯᠡᠬᠦᠯᠦᠨ᠎ᠡ᠃       ᠭᠤᠷᠪᠠ᠂ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠤᠷᠳᠤᠨ ᠠᠴᠠ ᠵᠦᠪᠰᠢᠶᠡᠷᠡᠭᠰᠡᠨ ᠬᠡᠷᠡᠭᠴᠡᠭᠡ ᠶᠤᠰᠤᠭᠠᠷ ᠭᠠᠵᠠᠷ ᠬᠠᠩᠭᠠᠬᠤ ᠬᠡᠷᠡᠭᠳᠡᠢ᠃ ᠬᠦᠳᠡᠭᠡ ᠳᠤᠰᠬᠤᠨ ᠤ ᠤᠷᠤᠨ ᠰᠠᠭᠤᠴᠠ ᠶᠢᠨ ᠭᠠᠵᠠᠷ ᠢ ᠵᠠᠷᠴᠢᠮ ᠳᠡᠭᠡᠷ᠎ᠡ ᠪᠠᠨ ᠲᠠᠷᠢᠶᠠᠴᠢᠨ ᠡᠷᠦᠬᠡ ᠦᠪᠡᠷ ᠢᠶᠠᠨ ᠬᠡᠷᠡᠭᠯᠡᠵᠦ᠂ ᠬᠡᠷᠡᠭᠯᠡᠬᠦ ᠡᠷᠬᠡ ᠶᠢ ᠰᠢᠯᠵᠢᠬᠦᠯᠬᠦ ᠳᠤ ᠬᠤᠯᠪᠤᠭᠳᠠᠭᠰᠠᠨ ᠪᠠᠶᠢᠪᠠᠯ ᠬᠠᠤᠯᠢ ᠶᠤᠰᠤᠭᠠᠷ ᠵᠦᠪᠰᠢᠶᠡᠷᠡᠬᠦᠯᠦᠭᠰᠡᠨ ᠤ ᠳᠠᠷᠠᠭ᠎ᠠ᠂ ᠬᠤᠯᠪᠤᠭᠳᠠᠬᠤ ᠬᠠᠮᠢᠶ᠎ᠠ ᠪᠦᠬᠦᠢ ᠰᠦᠢᠳᠬᠡᠯ ᠢ ᠨᠦᠬᠦᠵᠤ ᠲᠤᠰᠢᠶᠠᠪᠠᠯ ᠵᠤᠬᠢᠨ᠎ᠠ᠃                      ᠳᠤᠰᠬᠠᠶᠢᠯᠠᠨ ᠴᠤᠬᠤᠯᠠᠪᠤᠷᠢᠯᠠᠪᠠ᠃                              2020 ᠤᠨ ᠤ 6 ᠰᠠᠷ᠎ᠠ ᠶᠢᠨ 22 ᠤ ᠡᠳᠦᠷ
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ