ᠮᠣᠷᠢᠨᠳᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠬᠤᠲᠠ ᠪᠠᠯᠭᠠᠰᠤ ᠶᠢᠨ ᠲᠥᠯᠦᠪᠵᠢᠭᠦᠯᠭᠡ ᠬᠡᠷᠡᠭᠵᠢᠭᠦᠯᠬᠦ 2020 ᠣᠨ ᠤ ᠭᠤᠷᠪᠠᠳᠤᠭᠠᠷ ᠪᠦᠯᠦᠭ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠤᠬᠠᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2020/8/6
ᠮᠣᠷᠢᠨᠳᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ᠄             ᠲᠠᠨ ᠤ ᠬᠤᠰᠢᠭᠤᠨ ᠤ ︽ᠮᠣᠷᠢᠨᠳᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠲᠠ ᠪᠠᠯᠭᠠᠰᠤ ᠶᠢᠨ ᠲᠥᠯᠦᠪᠵᠢᠭᠦᠯᠭᠡ ᠬᠡᠷᠡᠭᠵᠢᠭᠦᠯᠬᠦ 2020 ᠣᠨ ᠤ ᠭᠤᠷᠪᠠᠳᠤᠭᠠᠷ ᠪᠦᠯᠦᠭ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠰᠦᠯ ᠤᠨ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ᠶᠢ ᠬᠦᠯᠢᠶᠡᠨ ᠠᠪᠤᠯ᠎ᠠ᠃ ᠬᠠᠤᠯᠢ ᠶᠣᠰᠣᠭᠠᠷ ᠬᠢᠨᠠᠨ ᠪᠠᠶᠢᠴᠠᠭᠠᠭᠠᠳ᠂ ᠡᠳᠦᠭᠡ ᠳᠣᠣᠷᠠᠬᠢ ᠮᠡᠲᠦ ᠴᠤᠬᠤᠯᠠᠪᠤᠷᠢᠯᠠᠪᠠ᠄       ᠨᠢᠭᠡ᠂ ᠺᠦᠢᠯ ᠭᠤᠣᠯ ᠪᠠᠯᠭᠠᠰᠤᠨ ᠤ ᠹᠦ᠋ ᠴᠢᠶᠠᠩ ᠲᠣᠰᠬᠤᠨ ᠤ ᠬᠠᠮᠲᠤ ᠶᠢᠨ ᠭᠠᠵᠠᠷ ᠰᠢᠷᠣᠶ 5.0901 ᠾᠧᠺᠲ᠋ᠠᠷ ︵ᠡᠭᠦᠨ ᠲᠤ᠂ ᠲᠠᠷᠢᠶᠠᠨ ᠭᠠᠵᠠᠷ 5.0901 ᠾᠧᠺᠲ᠋ᠠᠷ︶᠂ ᠪᠧᠶ ᠰᠢᠩ ᠲᠣᠰᠬᠤᠨ ᠤ ᠬᠠᠮᠲᠤ ᠶᠢᠨ ᠭᠠᠵᠠᠷ ᠰᠢᠷᠣᠶ 2.4190 ᠾᠧᠺᠲ᠋ᠠᠷ ︵ᠡᠭᠦᠨ ᠳᠤ᠂ ᠲᠠᠷᠢᠶᠠᠨ ᠭᠠᠵᠠᠷ 2.4190 ᠾᠧᠺᠲ᠋ᠠᠷ︶ ᠢ ᠵᠥᠪᠰᠢᠶᠡᠷᠡᠪᠡ᠃ ᠺᠦᠢᠯ ᠭᠤᠣᠯ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯᠳᠦ ᠭᠠᠵᠠᠷ ᠰᠢᠷᠣᠶ 14.2716  ᠾᠧᠺᠲ᠋ᠠᠷ ︵ᠡᠭᠦᠨ ᠳᠤ᠂ ᠲᠠᠷᠢᠶᠠᠨ ᠭᠠᠵᠠᠷ 13.1771 ᠾᠧᠺᠲ᠋ᠠᠷ᠂ ᠬᠥᠳᠡᠭᠡ ᠲᠣᠰᠬᠤᠨ ᠤ ᠵᠠᠮ 0.0010 ᠾᠧᠺᠲ᠋ᠠᠷ᠂ ᠠᠰᠢᠭᠯᠠᠭᠠᠳᠤᠶ ᠭᠠᠵᠠᠷ 1.0935 ᠾᠧᠺᠲ᠋ᠠᠷ︶ ᠢ ᠵᠥᠪᠰᠢᠶᠡᠷᠡᠪᠡ᠂ ᠲᠠᠪᠤᠬᠤᠪᠤᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠦᠮᠴᠢᠯᠡᠯᠲᠦ ᠭᠠᠵᠠᠷ ᠰᠢᠷᠣᠶ 41.6606 ᠾᠧᠺᠲ᠋ᠠᠷ ︵ᠡᠭᠦᠨ ᠳᠤ᠂ ᠲᠠᠷᠢᠶᠠᠨ ᠭᠠᠵᠠᠷ 11.4110 ᠾᠧᠺᠲ᠋ᠠᠷ᠂ ᠡᠪᠡᠰᠦ ᠪᠡᠯᠴᠢᠭᠡᠷ 21.6577 ᠾᠧᠺᠲ᠋ᠠᠷ᠂ ᠣᠶᠢᠲᠤ ᠭᠠᠵᠠᠷ 0.1527 ᠾᠧᠺᠲ᠋ᠠᠷ᠂ ᠬᠥᠳᠡᠭᠡ ᠲᠣᠰᠬᠤᠨ ᠤ ᠵᠠᠮ 0.0737 ᠾᠧᠺᠲ᠋ᠠᠷ᠂ ᠠᠰᠢᠭᠯᠠᠭᠠᠳᠤᠶ ᠭᠠᠵᠠᠷ 8.3655 ᠾᠧᠺᠲ᠋ᠠᠷ︶᠂ ᠬᠤᠩ ᠶᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠦᠮᠴᠢᠯᠡᠯᠲᠦ ᠭᠠᠵᠠᠷ ᠰᠢᠷᠣᠶ 2.8666 ᠾᠧᠺᠲ᠋ᠠᠷ ︵ᠡᠭᠦᠨ ᠳᠤ᠂ ᠲᠠᠷᠢᠶᠠᠨ ᠭᠠᠵᠠᠷ 2.8666 ᠾᠧᠺᠲ᠋ᠠᠷ︶᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠵᠤ᠂ ᠪᠦᠬᠦᠨ ᠢ ᠬᠥᠳᠡᠭᠡ ᠲᠣᠰᠬᠤᠨ ᠤ ᠣᠷᠣᠨ ᠰᠠᠭᠤᠴᠠ ᠶᠢᠨ ᠰᠠᠭᠤᠷᠢᠨ ᠭᠠᠵᠠᠷ ᠤᠨ ᠲᠥᠷᠥᠯ ᠵᠦᠢᠯ ᠳᠤ ᠬᠡᠷᠡᠭᠯᠡᠨ᠎ᠡ᠃       ᠳᠡᠭᠡᠷ᠎ᠡ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠡᠶᠢᠲᠡ 66.3079 ᠾᠧᠺᠲ᠋ᠠᠷ ᠵᠦᠪᠰᠢᠶᠡᠷᠡᠵᠣ ᠮᠣᠷᠢᠨᠳᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠬᠤᠲᠠ ᠪᠠᠯᠭᠠᠰᠤ ᠶᠢᠨ ᠲᠥᠯᠦᠪᠵᠢᠭᠦᠯᠭᠡ ᠬᠡᠷᠡᠭᠵᠢᠭᠦᠯᠬᠦ 2020 ᠣᠨ ᠤ ᠭᠤᠷᠪᠠᠳᠤᠭᠠᠷ ᠪᠦᠯᠦᠭ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠪᠠ᠃       ᠬᠤᠶᠠᠷ᠂ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠲᠠᠷᠢᠶᠠᠨ ᠭᠠᠵᠠᠷ ᠢ ᠨᠥᠬᠦᠪᠥᠷᠢᠯᠡᠬᠦ ᠲᠥᠰᠦᠯ ᠢ ᠠᠯᠬᠤᠮ  ᠴᠢᠨᠠᠭᠰᠢᠳᠠ ᠨᠠᠶᠢᠳᠠᠪᠤᠷᠢᠵᠢᠭᠤᠯᠵᠤ᠂ ᠠᠷᠭ᠎ᠠ ᠠᠪᠴᠠᠯ ᠠᠪᠴᠤ᠂ ᠨᠢᠭᠡᠨᠲᠡ ᠨᠥᠬᠦᠪᠦᠷᠢᠯᠡᠭᠰᠡᠨ 34.9638 ᠾᠧᠺᠲ᠋ᠠᠷ ᠲᠠᠷᠢᠶᠠᠨ ᠭᠠᠵᠠᠷ ᠤᠨ ᠴᠢᠨᠠᠷ ᠢ ᠳᠡᠭᠡᠭᠰᠢᠯᠡᠭᠦᠯᠦᠨ᠎ᠡ᠃       ᠭᠤᠷᠪᠠ᠂ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠵᠥᠪᠰᠢᠶᠡᠷᠡᠭᠰᠡᠨ ᠬᠡᠷᠡᠭᠴᠡᠭᠡ ᠶᠢ ᠴᠢᠩᠭ᠎ᠠ ᠵᠢᠷᠤᠮᠯᠠᠨ ᠭᠠᠵᠠᠷ ᠰᠢᠷᠣᠶ ᠬᠠᠩᠭᠠᠬᠤ ᠬᠡᠷᠡᠭᠲᠡᠶ᠃ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠢ ᠵᠠᠷᠴᠢᠮ ᠳᠡᠭᠡᠷ᠎ᠡ ᠪᠠᠨ ᠲᠠᠷᠢᠶᠠᠴᠢᠨ ᠡᠷᠦᠬᠡ ᠥᠪᠡᠷ ᠢᠶᠠᠨ ᠬᠡᠷᠡᠭᠯᠡᠨ᠎ᠡ᠂ ᠬᠡᠷᠡᠭᠯᠡᠬᠦ ᠡᠷᠬᠡ ᠪᠠᠨ ᠰᠢᠯᠵᠢᠭᠦᠯᠬᠦ ᠳᠤ ᠬᠤᠯᠪᠤᠭᠳᠠᠭᠰᠠᠨ ᠪᠠᠶᠢᠪᠠᠯ ᠬᠠᠤᠯᠢ ᠶᠣᠰᠣᠭᠠᠷ ᠵᠥᠪᠰᠢᠶᠡᠷᠡᠯ ᠠᠪᠴᠣ᠂ ᠬᠤᠯᠪᠣᠭᠳᠠᠬᠤ ᠬᠠᠮᠢᠶ᠎ᠠ ᠪᠦᠬᠦᠢ ᠵᠠᠷᠤᠳᠠᠯ ᠢ ᠨᠥᠬᠦᠵᠦ ᠲᠤᠰᠢᠶᠠᠬᠤ ᠬᠡᠷᠡᠭᠲᠡᠶ᠃                 ᠡᠭᠦᠨ ᠤ ᠲᠤᠯᠠ ᠲᠤᠰᠬᠠᠶᠢᠯᠠᠨ ᠴᠤᠬᠤᠯᠠᠪᠤᠷᠢᠯᠠᠪᠠ᠃                                   2020 ᠣᠨ ᠤ 6 ᠰᠠᠷ᠎ᠠ ᠶᠢᠨ 22 ᠤᠨ ᠡᠳᠦᠷ
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ