︽ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠢᠮᠢᠨ ᠭᠤᠤᠯ ᠪᠠᠯᠭᠠᠰᠤ ᠵᠡᠷᠭᠡ 7 ᠰᠤᠮᠤ ᠰᠢᠶᠠᠩ ᠪᠠᠯᠭᠠᠰᠤᠨ ᠤ ᠭᠠᠵᠠᠷ ᠰᠢᠷᠣᠶ ᠠᠰᠢᠭᠯᠠᠬᠤ ᠶᠡᠷᠦᠩᠬᠡᠢ ᠲᠦᠯᠦᠪᠵᠢᠬᠦᠯᠬᠡ ︵2009 — 2020 ᠣᠨ︶︾ ᠳᠤ ᠵᠠᠰᠠᠪᠤᠷᠢ ᠣᠷᠤᠭᠤᠯᠬᠤ ᠶᠢ ᠵᠦᠪᠰᠢᠶᠡᠷᠡᠬᠦ ᠲᠤᠬᠠᠶ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2020/8/6
ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ᠄               ᠲᠠᠨ ᠤ ᠬᠤᠰᠢᠭᠤᠨ ᠤ ︽ᠢᠮᠢᠨ ᠭᠤᠤᠯ ᠪᠠᠯᠭᠠᠰᠤ ᠵᠡᠷᠭᠡ 7 ᠰᠤᠮᠤ ᠰᠢᠶᠠᠩ ᠪᠠᠯᠭᠠᠰᠤᠨ ᠤ ︿ᠭᠠᠵᠠᠷ ᠰᠢᠷᠣᠶ ᠠᠰᠢᠭᠯᠠᠬᠤ ᠶᠡᠷᠦᠩᠬᠡᠢ ᠲᠦᠯᠦᠪᠵᠢᠬᠦᠯᠬᠡ ᠶᠢᠨ ᠲᠣᠬᠢᠷᠠᠭᠤᠯᠤᠯᠲᠠ ᠶᠢᠨ ᠲᠥᠰᠦᠯ﹀ ᠳᠤ ᠵᠠᠰᠠᠪᠤᠷᠢ ᠣᠷᠤᠭᠤᠯᠬᠤ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ︵ᠡᠸᠡᠩᠬᠢ ᠵᠠᠰᠠᠭ ᠲᠠᠷᠬᠠᠭᠠᠭᠰᠠᠨ [2020]16 ᠲᠣᠭᠠᠲᠤ︶ ᠶᠢ ᠬᠦᠯᠢᠶᠡᠨ ᠠᠪᠤᠯ᠎ᠠ᠃ ᠶᠠᠷᠢᠯᠴᠠᠨ ᠰᠤᠳᠤᠯᠤᠭᠠᠳ᠂ ᠤᠳᠤ ᠳᠣᠤᠷᠠᠬᠢ ᠮᠡᠲᠦ ᠴᠤᠬᠤᠯᠠᠪᠤᠷᠢᠯᠠᠶ᠎ᠠ᠄       ᠨᠢᠭᠡ᠂ ︽ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠢᠮᠢᠨ ᠭᠤᠤᠯ ᠪᠠᠯᠭᠠᠰᠤ ᠵᠡᠷᠭᠡ 7 ᠰᠤᠮᠤ ᠰᠢᠶᠠᠩ ᠪᠠᠯᠭᠠᠰᠤᠨ ᠤ ᠭᠠᠵᠠᠷ ᠰᠢᠷᠣᠶ ᠠᠰᠢᠭᠯᠠᠬᠤ ᠶᠡᠷᠦᠩᠬᠡᠢ ᠲᠦᠯᠦᠪᠵᠢᠬᠦᠯᠬᠡ ︵2009 — 2020 ᠣᠨ︶︾ ᠳᠤ ᠵᠠᠰᠠᠪᠤᠷᠢ ᠣᠷᠤᠭᠤᠯᠬᠤ ᠲᠥᠰᠦᠯ ᠢ ᠵᠠᠷᠴᠢᠮ ᠳᠡᠭᠡᠷ᠎ᠡ ᠪᠠᠨ ᠵᠦᠪᠰᠢᠶᠡᠷᠡᠪᠡ᠃       ᠬᠤᠶᠠᠷ᠂ ᠲᠥᠯᠥᠪᠵᠢᠭᠦᠯᠭᠡ ᠶᠢᠨ ᠪᠦᠬᠦᠯᠢ ᠴᠣᠭᠴᠠ ᠶᠢᠨ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠬᠤ ᠬᠡᠷᠡᠭᠲᠡᠶ᠃ ᠲᠠᠷᠢᠶᠠᠨ ᠭᠠᠵᠠᠷ ᠢ ᠬᠠᠮᠠᠭᠠᠯᠠᠬᠤ ᠪᠠ ᠠᠷᠪᠢᠯᠠᠨ ᠬᠡᠷᠡᠭᠯᠡᠬᠦ ᠳᠦᠷᠢᠮ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠯᠠᠬᠤ ᠳᠤ ᠬᠡᠷᠡᠭᠯᠡᠬᠦ ᠭᠠᠵᠠᠷ ᠢ ᠰᠢᠯᠵᠢᠭᠦᠯᠦᠨ ᠬᠡᠷᠡᠭᠯᠡᠬᠦ ᠬᠠᠮᠢᠶᠠᠷᠤᠯᠳᠠ ᠪᠠᠨ ᠴᠢᠩᠭᠠᠳᠬᠠᠵᠤ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠬᠡᠷᠡᠭᠲᠡᠢ᠃       ᠭᠤᠷᠪᠠ᠂ ᠲᠥᠯᠥᠪᠵᠢᠭᠦᠯᠭᠡ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠲᠠᠨ ᠤ ᠬᠤᠰᠢᠭᠤ ᠵᠢᠴᠢ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠲᠥᠯᠥᠪᠵᠢᠭᠦᠯᠭᠡ ᠶᠢ ᠬᠡᠷᠡᠭᠵᠢᠭᠦᠯᠬᠦ ᠡᠯ᠎ᠡ ᠲᠥᠷᠦᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨᠬᠦ ᠴᠢᠩᠭᠠᠳᠬᠠᠵᠤ᠂ ᠲᠥᠯᠥᠪᠵᠢᠭᠦᠯᠭᠡ ᠳᠤ ᠳᠤᠷᠠᠳᠤᠭᠰᠠᠨ ᠡᠯ᠎ᠡ ᠲᠥᠷᠦᠯ ᠤᠨ ᠡᠭᠦᠷᠭᠡ ᠪᠠ ᠠᠷᠭ᠎ᠠ ᠠᠪᠴᠠᠯ ᠢᠶᠠᠨ ᠬᠢᠨᠠᠮᠠᠭᠠᠶ ᠵᠣᠬᠢᠶᠠᠨ ᠪᠠᠢᠭᠤᠯᠤᠨ ᠨᠠᠶᠢᠳᠠᠪᠤᠷᠢᠵᠢᠭᠤᠯᠵᠤ᠂ ᠲᠥᠯᠥᠪᠵᠢᠭᠦᠯᠭᠡ ᠶᠢᠨ ᠬᠠᠷᠠᠯᠲᠠ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠲᠦᠯᠦᠪᠵᠢᠭᠦᠯᠭᠡ ᠬᠡᠷᠡᠭᠵᠢᠭᠦᠯᠦᠨ ᠬᠠᠮᠢᠶᠠᠷᠠᠬᠤ ᠳᠦᠷᠢᠮ ᠢ ᠪᠦᠷᠢᠨᠰᠢᠭᠦᠯᠵᠦ᠂ ᠲᠥᠯᠦᠪᠵᠢᠭᠦᠯᠭᠡ ᠶᠢᠨ ᠬᠡᠷᠡᠭᠴᠡᠭᠡ ᠶᠢᠨ ᠬᠠᠮᠢᠶᠠᠷᠤᠨ ᠡᠵᠡᠮᠳᠡᠬᠦ ᠪᠠᠨ ᠴᠢᠩᠳᠠᠯᠠᠨ᠂ ᠪᠦᠲᠦᠭᠡᠨ ᠪᠠᠢᠭᠤᠯᠤᠯᠲᠠ ᠶᠢᠨ ᠲᠦᠷᠦᠯ ᠵᠦᠢᠯ ᠤᠨ ᠬᠢᠨᠠᠨ ᠵᠦᠪᠰᠢᠶᠡᠷᠡᠯ ᠢ ᠴᠢᠩᠭᠠᠳᠬᠠᠬᠤ ᠬᠡᠷᠡᠭᠲᠡᠢ᠃       ᠳᠥᠷᠪᠡ᠂ ᠭᠠᠵᠠᠷ ᠰᠢᠷᠣᠶ ᠠᠰᠢᠭᠯᠠᠬᠤ ᠶᠡᠷᠦᠩᠬᠡᠶ ᠲᠥᠯᠥᠪᠵᠢᠭᠦᠯᠭᠡ ᠶᠢ ᠲᠣᠭᠲᠠᠭᠰᠠᠨ ᠬᠤᠭᠤᠴᠠᠭᠠᠨ ᠳᠤ ᠦᠨᠡᠯᠡᠨ ᠵᠢᠱᠢᠬᠦ ᠪᠠ ᠬᠠᠤᠯᠢ ᠶᠣᠰᠤᠭᠠᠷ ᠲᠦᠷᠢᠮᠵᠢᠭᠦᠯᠦᠨ ᠵᠠᠰᠠᠬᠤ ᠲᠤᠭᠲᠠᠴᠠ ᠶᠢ ᠲᠡᠭᠦᠯᠳᠡᠷᠵᠢᠭᠦᠯᠵᠦ᠂ ᠲᠥᠯᠥᠪᠵᠢᠭᠦᠯᠭᠡ ᠶᠢᠨ ᠬᠥᠳᠡᠯᠦᠩᠭᠦᠶ ᠬᠠᠮᠢᠶᠠᠷᠤᠯᠲᠠ ᠳᠤ ᠰᠢᠨ᠎ᠡ ᠶᠢ ᠡᠭᠦᠳᠴᠦ᠂ ᠠᠮᠢ ᠠᠬᠤᠶ ᠶᠢᠨ ᠬᠠᠮᠠᠭᠠᠯᠠᠯᠲᠠ ᠶᠢ ᠨᠠᠩ ᠴᠢᠬᠤᠯᠠᠴᠢᠯᠠᠵᠤ᠂ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠶᠢ ᠴᠢᠬᠤᠯᠠᠴᠢᠯᠠᠵᠤ᠂ ︽ᠣᠯᠠᠨ ᠲᠥᠯᠥᠪᠵᠢᠭᠦᠯᠭᠡ ᠶᠢ ᠨᠢᠭᠡᠳᠦᠭᠦᠯᠬᠦ︾ ᠶᠢ ᠴᠢᠬᠤᠯᠠᠴᠢᠯᠠᠵᠤ᠂ ᠲᠥᠯᠥᠪᠵᠢᠭᠦᠯᠭᠡ ᠶᠢᠨ ᠲᠥᠪ ᠴᠢᠩᠭ᠎ᠠ ᠴᠢᠨᠠᠷ᠂ ᠬᠢᠵᠠᠭᠠᠷᠯᠠᠬᠤ ᠴᠢᠨᠠᠷ ᠪᠠ ᠬᠡᠷᠡᠭᠵᠢᠭᠦᠯᠬᠦᠶᠢᠴᠡ ᠴᠢᠨᠠᠷ ᠢ ᠠᠯᠬᠤᠮ ᠴᠢᠨᠠᠭᠰᠢᠳᠠ ᠬᠠᠮᠠᠭᠠᠯᠠᠬᠤ ᠬᠡᠷᠡᠭᠲᠡᠢ᠃                                               2020 ᠣᠨ ᠤ 6 ᠰᠠᠷ᠎ᠠ ᠶᠢᠨ 22 ᠤᠨ ᠡᠳᠦᠷ
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ