︽ᠬᠦᠯᠦᠨ ᠪᠤᠶᠢᠷ ︵ᠶᠠᠭᠰᠢ︶ ᠤᠨ ᠳᠡᠭᠡᠳᠤ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠤᠭᠤᠷᠢᠭ ᠤᠨ ᠴᠢᠨᠠᠷ ᠰᠠᠶᠢᠳᠠᠢ ᠬᠦᠭᠵᠢᠯᠳᠡ ᠶᠢ ᠳᠡᠮᠵᠢᠬᠦ ᠲᠤᠬᠠᠢ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠡᠷᠡᠭᠵᠢᠭᠦᠯᠬᠦ ᠰᠠᠨᠠᠯ︾ ᠤᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/1/6
      ᠨᠢᠭᠡ᠂ ᠠᠬᠤᠢ ᠪᠠᠶᠢᠳᠠᠯ ᠪᠠ ᠭᠤᠤᠯ ᠬᠠᠷᠠᠯᠳᠠ       ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ︽ᠶᠠᠭᠰᠢ ᠶᠢᠨ ᠠᠽᠢᠶ᠎ᠠ ᠨᠤᠮᠤᠬᠠᠨ ᠳᠠᠯᠠᠢ ᠶᠢᠨ ᠭᠠᠵᠠᠷ ᠤᠷᠤᠨ ᠤ ᠡᠪᠦᠯ ᠤᠨ ᠤᠯᠠᠷᠢᠯ ᠤᠨ ᠮᠠᠰᠢᠨ ᠲᠡᠷᠭᠡ ᠶᠢ ᠬᠡᠮᠵᠢᠨ ᠲᠤᠷᠰᠢᠬᠤ ᠳᠡᠭᠡᠳᠤ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠤᠭᠤᠷᠢᠭ ᠢ ᠶᠠᠭᠰᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠲᠤ ᠨᠡᠶᠢᠯᠡᠭᠦᠯᠬᠦ ᠶᠢ ᠵᠦᠪᠰᠢᠶᠡᠷᠡᠬᠦ ᠲᠤᠬᠠᠢ ᠴᠤᠬᠤᠯᠠᠪᠤᠷᠢ︾ ︵ᠬᠦᠯᠦᠨ ᠵᠠᠰᠠᠭ ᠦᠰᠦᠭ〔2020〕75 ᠳ᠋ᠤᠭᠠᠷ ᠲᠤᠭᠠᠳᠤ︶ ᠶᠢ ᠦᠨᠳᠦᠰᠦᠯᠡᠨ᠂ ᠨᠡᠶᠢᠯᠡᠭᠰᠡᠨ ᠤ ᠳᠠᠷᠠᠭᠠᠬᠢ ᠬᠦᠷᠢᠶᠡᠯᠡᠩ ᠲᠤᠭᠤᠷᠢᠭ ᠤᠨ ᠨᠡᠷᠡᠶᠢᠳᠦᠯ᠄ ᠬᠦᠯᠦᠨ ᠪᠤᠶᠢᠷ ︵ᠶᠠᠭᠰᠢ︶ ᠤᠨ ᠳᠡᠭᠡᠳᠤ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠤᠭᠤᠷᠢᠭ ︵ᠳᠤᠷᠤᠭᠰᠢ ︽ᠶᠠᠭᠰᠢ ᠶᠢᠨ ᠳᠡᠭᠡᠳᠤ ᠰᠢᠨ᠎ᠡ ᠲᠤᠭᠤᠷᠢᠭ︾ ᠭᠡᠵᠦ ᠲᠤᠪᠴᠢᠯᠠᠨ᠎ᠠ︶᠃ ᠶᠠᠭᠰᠢ ᠶᠢᠨ ᠳᠡᠭᠡᠳᠤ ᠰᠢᠨ᠎ᠡ ᠲᠤᠭᠤᠷᠢᠭ ᠨᠢ ᠦᠢᠯᠡᠳᠪᠦᠷᠢᠯᠡᠬᠦ ᠰᠤᠷᠤᠯᠴᠠᠬᠤ ᠰᠤᠳᠤᠯᠬᠤ ᠪᠠᠷ ᠬᠠᠮᠳᠤᠷᠠᠯᠴᠠᠵᠤ᠂ ᠮᠦᠩᠭᠦᠨ ᠭᠦᠢᠯᠭᠡᠭᠡ ᠪᠠ ᠪᠡᠯᠡ ᠤᠷᠤᠭᠤᠯᠤᠯᠳᠠ ᠶᠢ ᠵᠤᠯᠭᠠᠭᠤᠯᠤᠨ᠂ ᠮᠡᠷᠭᠡᠵᠢᠯ ᠤᠨ ᠦᠢᠯᠡᠴᠢᠯᠡᠭᠡ ᠪᠠ ᠳᠡᠭᠡᠳᠤ ᠳᠤᠤᠷᠠᠳᠤ ᠬᠡᠯᠬᠢᠶ᠎ᠡ ᠶᠢᠨ ᠠᠵᠤ ᠦᠢᠯᠡᠰ ᠢ ᠴᠢᠩᠭ᠎ᠠ ᠠᠪᠴᠠᠯᠳᠤᠭᠤᠯᠵᠤ᠂ ᠤᠳᠤ ᠨᠢᠭᠡᠨᠳᠡ ᠮᠠᠰᠢᠨ ᠲᠡᠷᠭᠡ ᠪᠠ ᠠᠵᠤ ᠦᠢᠯᠡᠳᠪᠦᠷᠢ ᠶᠢᠨ ᠪᠦᠲᠦᠭᠡᠭᠳᠡᠬᠦᠨ ᠤ ᠬᠦᠢᠳᠡᠨ ᠳᠤ ᠳᠠᠭᠠᠭᠠᠮᠠᠭᠠᠢ ᠴᠢᠨᠠᠷ ᠤᠨ ᠬᠡᠮᠵᠢᠨ ᠲᠤᠷᠰᠢᠯᠳᠠ᠂ ᠪᠤᠬᠢᠷᠳᠤᠯ ᠦᠭᠡᠢ ᠢᠳᠡᠭᠡᠨ᠂ ᠠᠮᠢᠳᠤ ᠪᠤᠳᠠᠰ ᠤᠨ ᠡᠮ᠂ ᠤᠳᠤ ᠦᠶ᠎ᠡ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠡᠳ᠋ᠰᠢᠭᠦᠯᠦᠯᠳᠡ ᠵᠡᠷᠭᠡ ᠳᠠᠪᠠᠭᠤᠯᠢᠭ ᠠᠵᠤ ᠦᠢᠯᠡᠰ ᠤᠨ ᠪᠦᠯᠦᠭᠵᠢᠯ ᠪᠠ ᠲᠦᠷᠦᠯ ᠵᠦᠢᠯ ᠤᠨ ᠲᠦᠪᠯᠡᠷᠡᠯ ᠤᠨ ᠤᠷᠤᠨ ᠢ ᠪᠦᠷᠢᠯᠳᠦᠭᠦᠯᠵᠦ᠂ ᠮᠠᠨ ᠤ ᠬᠤᠲᠠ ᠶᠢᠨ ᠤᠷᠤᠨ ᠪᠦᠰᠡ ᠶᠢᠨ ᠠᠵᠤ ᠠᠬᠤᠢ ᠶᠢᠨ ᠬᠦᠭᠵᠢᠯᠳᠡ ᠶᠢᠨ ᠴᠢᠬᠤᠯᠠ ︽ᠲᠦᠯᠬᠢᠭᠴᠢ︾ ᠪᠤᠯᠵᠠᠢ᠃       ᠲᠤᠰ ᠬᠦᠷᠢᠶᠡᠯᠡᠩ ᠲᠤᠭᠤᠷᠢᠭ ᠢᠶᠠᠨ ᠨᠡᠩ ᠰᠠᠶᠢᠨ ᠪᠤᠶᠢᠵᠢᠭᠤᠯᠬᠤ ᠪᠠ ᠬᠦᠭᠵᠢᠭᠦᠯᠬᠦ ᠶᠢᠨ ᠳᠦᠯᠦᠭᠡ᠂ ︽ᠬᠦᠯᠦᠨ ᠪᠤᠶᠢᠷ ︵ᠶᠠᠭᠰᠢ︶ ᠤᠨ ᠳᠡᠭᠡᠳᠤ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠤᠭᠤᠷᠢᠭ ᠤᠨ ᠴᠢᠨᠠᠷ ᠰᠠᠶᠢᠳᠠᠢ ᠬᠦᠭᠵᠢᠯᠳᠡ ᠶᠢ ᠳᠡᠮᠵᠢᠬᠦ ᠲᠤᠬᠠᠢ ᠬᠡᠷᠡᠭᠵᠢᠭᠦᠯᠬᠦ ᠰᠠᠨᠠᠯ︾ ︵ᠳᠤᠷᠤᠭᠰᠢ ︽ᠬᠡᠷᠡᠭᠵᠢᠬᠦᠯᠬᠦ ᠰᠠᠨᠠᠯ︾ ᠭᠡᠵᠦ ᠲᠤᠪᠴᠢᠯᠠᠨ᠎ᠠ︶ ᠢ ᠤᠨᠴᠠᠭᠠᠶᠢᠯᠠᠨ ᠰᠤᠳᠤᠯᠤᠨ ᠲᠤᠭᠳᠠᠭᠠᠪᠠ᠃ ᠭᠤᠤᠯ ᠬᠠᠷᠠᠯᠳᠠ ᠨᠢ ᠲᠦᠷᠦ ᠶᠢᠨ ᠪᠤᠳᠤᠯᠭ᠎ᠠ ᠪᠠᠷ ᠵᠢᠯᠤᠭᠤᠳᠬᠤ ᠪᠠ ᠳᠡᠮᠵᠢᠬᠦ ᠪᠠᠷ ᠳᠠᠮᠵᠢᠨ᠂ ᠠᠮᠢᠳᠤ ᠪᠤᠳᠠᠰ ᠤᠨ ᠡᠮ᠂ ᠬᠠᠬᠢᠷ ᠬᠦᠢᠳᠡᠨ ᠭᠠᠵᠠᠷ ᠤᠨ ᠬᠡᠮᠵᠢᠨ ᠳᠤᠷᠰᠢᠯᠳᠠ᠂ ᠪᠤᠬᠢᠷᠳᠤᠯ ᠦᠭᠡᠢ ᠢᠳᠡᠭᠡᠨ ᠵᠡᠷᠬᠡ ᠳᠡᠭᠡᠳᠤ ᠰᠢᠨ᠎ᠡ ᠠᠵᠤ ᠦᠢᠯᠡᠰ ᠤᠨ ᠪᠦᠯᠦᠭᠵᠢᠯ ᠢ ᠬᠦᠴᠦᠯᠡᠨ ᠪᠤᠶᠢᠵᠢᠭᠤᠯᠵᠤ᠂ ᠪᠦᠲᠦᠴᠡ ᠨᠢ ᠳᠤᠬᠢᠷᠠᠮᠵᠢᠳᠠᠢ᠂ ᠴᠢᠳᠠᠮᠵᠢ ᠨᠢ ᠳᠡᠭᠦᠯᠳᠡᠷ᠂ ᠤᠨᠴᠠᠯᠢᠭ ᠨᠢ ᠲᠤᠪᠤᠶᠢᠮ᠎ᠠ᠂ ᠦᠨᠳᠦᠷ ᠦᠷ᠎ᠡ ᠪᠦᠲᠦᠮᠵᠢᠳᠡᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠬᠡᠨ ᠤ ᠲᠤᠭᠳᠠᠯᠴᠠᠭ᠎ᠠ ᠶᠢ ᠪᠤᠳᠠᠳᠠᠶᠢᠵᠢᠭᠤᠯᠵᠤ᠂ ᠤᠳᠤᠬᠢᠴᠢᠯᠠᠭᠰᠠᠨ ᠳᠡᠭᠡᠳᠤ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠤᠭᠤᠷᠢᠭ ᠢ ᠪᠦᠲᠦᠭᠡᠨ ᠪᠠᠶᠢᠭᠤᠯᠬᠤ ᠶᠢᠨ ᠬᠠᠮᠳᠤ ᠡᠭᠦᠨ ᠢᠶᠠᠷ ᠠᠴᠢᠶᠠᠯᠠᠭᠴᠢ ᠪᠤᠯᠭᠠᠨ ᠮᠠᠨ ᠤ ᠬᠤᠲᠠ ᠶᠢᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠲᠦᠯᠬᠢᠨ ᠠᠬᠢᠭᠤᠯᠤᠨ᠎ᠠ᠃       ᠬᠤᠶᠠᠷ᠂ ᠭᠤᠤᠯ ᠠᠭᠤᠯᠭ᠎ᠠ       ︽ᠬᠡᠷᠡᠭᠵᠢᠬᠦᠯᠬᠦ ᠰᠠᠨᠠᠯ︾ ᠳᠤ ᠨᠡᠶᠢᠳᠡ ᠳᠦᠷᠪᠡᠨ ᠲᠠᠯ᠎ᠠ ᠶᠢᠨ ᠭᠤᠤᠯ ᠠᠭᠤᠯᠭ᠎ᠠ ᠲᠠᠢ᠄       ︵ᠨᠢᠭᠡ︶ ᠵᠢᠯᠤᠭᠤᠳᠬᠤ ᠦᠵᠡᠯ ᠰᠠᠨᠠᠭ᠎ᠠ ᠪᠠ ᠠᠵᠢᠯᠯᠠᠬᠤ ᠬᠠᠷᠠᠯᠳᠠ       ᠵᠢᠯᠤᠭᠤᠳᠬᠤ ᠦᠵᠡᠯ ᠰᠠᠨᠠᠭ᠎ᠠ ᠪᠠ ᠠᠵᠢᠯᠯᠠᠬᠤ ᠬᠠᠷᠠᠯᠳᠠ ᠶᠢ ᠭᠤᠤᠯᠴᠢᠯᠠᠨ ᠳᠤᠳᠤᠷᠬᠠᠶᠢᠯᠠᠵᠤ᠂ ᠳᠡᠭᠡᠳᠤ ᠰᠢᠨ᠎ᠡ ᠮᠡᠷᠬᠡᠵᠢᠯ ᠤᠨ ᠠᠵᠤ ᠦᠢᠯᠡᠰ ᠢ ᠬᠦᠭᠵᠢᠭᠦᠯᠬᠦ ᠪᠠ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠳᠬᠠᠬᠤ ᠪᠠᠷ ᠭᠤᠤᠯᠳᠠᠯᠭ᠎ᠠ ᠪᠤᠯᠭᠠᠨ᠂ ᠠᠵᠤ ᠦᠢᠯᠡᠰ ᠤᠨ ᠬᠡᠯᠬᠢᠶ᠎ᠡ ᠶᠢᠨ ᠲᠤᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠰᠢᠨ᠎ᠡ ᠶᠢ ᠡᠬᠦᠳᠬᠦ ᠬᠡᠯᠬᠢᠶ᠎ᠡ ᠶᠢᠨ ᠲᠤᠭᠤᠷᠢᠨ ᠳᠤ ᠠᠵᠤ ᠦᠢᠯᠡᠰ ᠤᠨ ᠬᠡᠯᠬᠢᠶ᠎ᠡ ᠶᠢ ᠲᠤᠬᠢᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠡ ᠶᠢ ᠡᠭᠦᠳᠬᠦ ᠦᠢᠯᠡᠴᠢᠯᠡᠬᠡᠨ ᠤ ᠲᠤᠭᠳᠠᠯᠴᠠᠭ᠎ᠠ ᠶᠢ ᠳᠦᠷᠭᠡᠳᠬᠡᠨ ᠪᠠᠶᠢᠭᠤᠯᠵᠤ᠂ ᠤᠳᠤᠬᠢᠴᠢᠯᠠᠭᠰᠠᠨ ᠳᠡᠭᠡᠳᠤ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠤᠭᠤᠷᠢᠭ ᠢ ᠪᠦᠲᠦᠭᠡᠨ ᠪᠠᠶᠢᠭᠤᠯᠤᠨ᠎ᠠ ᠭᠡᠵᠦ ᠱᠠᠭᠠᠷᠳᠠᠪᠠ᠃       ︵ᠬᠤᠶᠠᠷ︶ ᠠᠵᠢᠯᠯᠠᠬᠤ ᠵᠠᠷᠴᠢᠮ       ᠠᠮᠢ ᠠᠬᠤᠢ ᠶᠢ ᠤᠷᠢᠳ ᠢᠶᠠᠷ ᠪᠤᠳᠤᠯᠬᠢᠯᠠᠨ᠂ ᠪᠤᠬᠢᠷᠳᠤᠯ ᠦᠭᠡᠢ ᠬᠦᠭᠵᠢᠬᠦᠯᠬᠦ ᠶᠢ ᠪᠠᠷᠢᠮᠳᠠᠯᠠᠨ᠎ᠠ︔ ᠳᠡᠭᠡᠳᠤ ᠰᠢᠨ᠎ᠡ ᠮᠡᠷᠭᠡᠵᠢᠯ ᠢᠶᠠᠷ ᠤᠷᠤᠨ ᠲᠤᠭᠲᠠᠭᠠᠯᠳᠠ ᠬᠢᠵᠤ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠤᠯᠭᠠᠬᠤ ᠶᠢ ᠪᠠᠷᠢᠮᠳᠠᠯᠠᠨ᠎ᠠ︔ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠤᠨᠴᠠᠯᠢᠭ ᠢ ᠲᠤᠪᠤᠶᠢᠯᠭᠠᠬᠤ ᠶᠢ ᠪᠠᠷᠢᠮᠳᠠᠯᠠᠨ᠎ᠠ︔ ᠦᠭᠡᠷᠡᠴᠢᠯᠡᠯᠳᠡ ᠶᠢ ᠬᠦᠨᠵᠡᠭᠡᠶᠢᠷᠡᠬᠦᠯᠵᠤ᠂ ᠠᠮᠢᠵᠢᠷᠠᠯ ᠤᠨ ᠬᠦᠴᠦᠨ ᠢ ᠬᠦᠭᠵᠢᠭᠡᠬᠦ ᠶᠢ ᠪᠠᠷᠢᠮᠳᠠᠯᠠᠬᠤ ᠳᠦᠷᠪᠡᠨ ᠲᠠᠯ᠎ᠠ ᠪᠠᠭᠲᠠᠨ᠎ᠠ᠃       ︵ᠭᠤᠷᠪᠠ︶ ᠪᠤᠳᠠᠳᠠᠢ ᠠᠷᠭ᠎ᠠ ᠠᠪᠴᠠᠯ       ᠲᠤᠰ ᠠᠭᠤᠯᠭ᠎ᠠ ᠪᠤᠯ ︽ᠬᠡᠷᠡᠭᠵᠢᠭᠦᠯᠬᠦ ᠰᠠᠨᠠᠯ︾ ᠤᠨ ᠭᠤᠤᠯᠯᠠᠬᠤ ᠬᠡᠰᠡᠭ᠂ ︽︿ᠭᠤᠷᠪᠠ ᠶᠢ ᠤᠷᠢᠳ ᠢᠶᠠᠷ ᠪᠤᠳᠤᠯᠬᠢᠯᠠᠵᠤ﹀᠂ ᠪᠦᠬᠦ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠯᠳᠡ ᠪᠠᠷ ᠵᠢᠱᠢᠶ᠎ᠡ ᠦᠵᠡᠭᠦᠯᠬᠦ ᠲᠤᠭᠤᠷᠢᠭ ᠢ ᠬᠦᠲᠦᠯᠦᠨ ᠳᠠᠭᠠᠭᠤᠯᠬᠤ ᠶᠢ ᠡᠭᠦᠳᠬᠦ ᠶᠢ ᠬᠡᠷᠡᠭᠵᠢᠬᠦᠯᠬᠦ︾᠂ ︽ᠡᠵᠡᠨ ᠮᠡᠳᠡᠬᠦ ᠡᠷᠬᠡ ᠶᠢ ᠦᠷᠭᠡᠳᠬᠡᠵᠦ᠂ ᠳᠡᠭᠡᠳᠤ ᠰᠢᠨ᠎ᠠ ᠲᠤᠭᠤᠷᠢᠭ ᠤᠨ ᠬᠠᠮᠢᠶᠠᠷᠤᠯᠳᠠ ᠶᠢᠨ ᠵᠦᠪᠯᠡᠯ ᠳᠤ ᠵᠤᠬᠢᠬᠤ ᠬᠠᠮᠢᠶᠠᠷᠤᠯᠳᠠ ᠶᠢᠨ ᠡᠷᠬᠡ ᠤᠯᠭᠤᠬᠤ︾ ︽ᠰᠠᠭᠤᠷᠢ ᠶᠢ ᠪᠠᠲᠤᠵᠢᠭᠤᠯᠵᠤ᠂ ᠳᠡᠭᠡᠳᠤ ᠰᠢᠨ᠎ᠡ ᠲᠤᠭᠤᠷᠢᠭ ᠤᠨ ᠬᠠᠮᠢᠶᠠᠷᠤᠯᠳᠠ ᠶᠢᠨ ᠬᠢᠷᠢ ᠲᠦᠪᠰᠢᠨ ᠪᠠ ᠦᠢᠯᠡᠴᠢᠯᠡᠬᠡᠨ ᠤ ᠴᠢᠳᠠᠪᠤᠷᠢ ᠶᠢ ᠳᠡᠭᠡᠭᠰᠢᠯᠡᠭᠦᠯᠬᠦ︾ ᠭᠡᠬᠦ ᠭᠤᠷᠪᠠᠨ ᠬᠡᠰᠡᠭ ᠬᠤᠪᠢᠶᠠᠵᠤ᠂ ᠨᠡᠶᠢᠳᠡ 10 ᠵᠤᠷᠪᠤᠰ᠃ ᠡᠭᠦᠨ ᠳᠤ᠄ ︽︿ᠭᠤᠷᠪᠠ ᠶᠢ ᠤᠷᠢᠳ ᠢᠶᠠᠷ ᠪᠤᠳᠤᠯᠬᠢᠯᠠᠵᠤ﹀᠂ ᠪᠦᠬᠦ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠯᠳᠡ ᠪᠠᠷ ᠵᠢᠱᠢᠶ᠎ᠡ ᠦᠵᠡᠭᠦᠯᠬᠦ ᠲᠤᠭᠤᠷᠢᠭ ᠢ ᠬᠦᠲᠦᠯᠦᠨ ᠳᠠᠭᠠᠭᠤᠯᠬᠤ ᠶᠢ ᠡᠭᠦᠳᠬᠦ ᠶᠢ ᠬᠡᠷᠡᠭᠵᠢᠬᠦᠯᠬᠦ︾ ᠬᠡᠰᠡᠭ ᠲᠤ ᠨᠡᠶᠢᠳᠡ 3 ᠵᠤᠷᠪᠤᠰ᠃ ᠨᠢᠭᠡ ᠳᠤ ᠭᠤᠤᠯᠯᠠᠭᠴᠢ ᠠᠵᠤ ᠦᠢᠯᠡᠰ ᠢ ᠤᠷᠢᠳ ᠢᠶᠠᠷ ᠳᠡᠳᠬᠦᠨ ᠳᠡᠮᠵᠢᠨ᠎ᠡ᠃ ᠳᠡᠭᠡᠳᠤ ᠰᠢᠨ᠎ᠡ ᠲᠤᠭᠤᠷᠢᠭ ᠤᠨ ᠤᠳᠤ ᠪᠠᠶᠢᠭ᠎ᠠ ᠭᠤᠤᠯᠯᠠᠭᠴᠢ ᠠᠵᠤ ᠦᠢᠯᠡᠰ ᠢ ᠤᠷᠢᠳ ᠢᠶᠠᠷ ᠳᠡᠮᠵᠢᠵᠤ᠂ ᠭᠤᠤᠯᠳᠠᠯᠭᠠᠳᠤ ᠳᠦᠷᠦᠯ ᠵᠦᠢᠯ ᠢ ᠳᠦᠷᠭᠡᠳᠬᠡᠨ ᠪᠠᠶᠢᠭᠤᠯᠵᠤ᠂ ᠬᠦᠢᠳᠡᠨ ᠳᠤ ᠳᠠᠭᠠᠭᠠᠮᠠᠭᠠᠢ ᠴᠢᠨᠠᠷ ᠢ ᠰᠢᠯᠭᠠᠨ ᠲᠤᠷᠰᠢᠬᠤ ᠠᠵᠤ ᠦᠢᠯᠡᠰ ᠤᠨ ᠬᠡᠯᠬᠢᠶ᠎ᠡ᠂ ᠲᠠᠷᠢᠶᠠᠯᠠᠩ ᠮᠠᠯᠵᠢᠯ ᠤᠢ ᠰᠢᠭᠤᠢ ᠶᠢᠨ ᠪᠤᠬᠢᠷᠳᠤᠯ ᠦᠭᠡᠢ ᠤᠷᠭᠠᠨᠢᠭ ᠢᠳᠡᠭᠡᠨ ᠤ ᠦᠷ᠎ᠡ ᠡᠭᠦᠯᠳᠡᠷ ᠪᠤᠶᠢᠵᠢᠭᠤᠯᠬᠤ᠂ ᠳᠠᠷᠢᠵᠤ ᠤᠷᠭᠤᠭᠤᠯᠬᠤ᠂ ᠪᠤᠯᠪᠠᠰᠤᠷᠠᠭᠤᠯᠵᠤ ᠡᠳ᠋ᠰᠢᠭᠦᠯᠬᠦ᠂ ᠬᠦᠮᠦᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠡᠯᠬᠢᠶ᠎ᠡ ᠶᠢ ᠭᠤᠤᠯᠳᠠᠯᠭ᠎ᠠ ᠲᠠᠢ ᠳᠡᠳᠬᠦᠨ ᠳᠡᠮᠵᠢᠵᠤ᠂ ᠠᠮᠢᠳᠤ ᠪᠤᠳᠠᠰ ᠤᠨ ᠡᠮ ᠪᠠ ᠶᠡᠭᠡ ᠬᠢᠩᠭᠠᠨ ᠳᠠᠪᠠᠭᠠᠨ ᠤ ᠡᠮ ᠤᠨ ᠵᠢᠩᠭᠢᠨᠢ ᠮᠠᠲ᠋ᠧᠷᠢᠶᠠᠯ ᠢ ᠳᠠᠷᠢᠵᠤ ᠤᠷᠭᠤᠭᠤᠯᠵᠤ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠦᠨ ᠪᠤᠵᠠᠭᠠᠶᠢᠷᠠᠭᠤᠯᠤᠨ᠎ᠠ᠃ ᠬᠤᠶᠠᠷ ᠲᠤ ᠰᠢᠨ᠎ᠡ ᠶᠢ ᠡᠭᠦᠳᠬᠦ ᠡᠯᠧᠮᠧᠨ᠋ᠲ ᠢ ᠤᠷᠢᠳ ᠢᠶᠠᠷ ᠪᠠᠶᠢᠷᠢᠯᠠᠭᠤᠯᠤᠨ᠎ᠠ᠃ ᠳᠡᠭᠡᠳᠤ ᠰᠢᠨ᠎ᠡ ᠲᠤᠭᠤᠷᠢᠭ ᠲᠤ ᠭᠤᠤᠯᠯᠠᠭᠴᠢ ᠠᠵᠤ ᠦᠢᠯᠡᠰ ᠲᠠᠢ ᠬᠤᠯᠪᠤᠭᠳᠠᠭᠰᠠᠨ ᠲᠦᠭᠦᠭᠡᠷᠦᠮᠵᠢ ᠶᠢ ᠲᠦᠯᠦᠪᠵᠢᠭᠦᠯᠵᠤ ᠪᠦᠲᠦᠭᠡᠨ ᠪᠠᠶᠢᠭᠤᠯᠬᠤ ᠶᠢ ᠳᠡᠮᠵᠢᠨ᠎ᠠ᠃ ᠶᠡᠭᠡ ᠳᠡᠭᠡᠳᠤ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠰᠢᠨ᠎ᠡ ᠶᠢ ᠡᠭᠦᠳᠴᠤ ᠬᠠᠮᠳᠤᠷᠠᠯᠴᠠᠬᠤ ᠶᠢ ᠳᠡᠮᠵᠢᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠳᠠᠪᠴᠠᠩ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠬᠡᠨ᠎ᠡ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠴᠠᠩ ᠢ ᠦᠪᠡᠷᠳᠡᠬᠡᠨ ᠪᠠᠶᠢᠭᠤᠯᠬᠤ ᠪᠠ ᠬᠠᠮᠳᠤᠷᠠᠨ ᠪᠠᠶᠢᠭᠤᠯᠬᠤ ᠶᠢ ᠳᠡᠮᠵᠢᠬᠦ ᠶᠢᠨ ᠬᠠᠮᠳᠤ ᠡᠯ᠎ᠡ ᠲᠦᠷᠦᠯ ᠤᠨ ᠲᠠᠪᠴᠠᠩ ᠤᠨ ᠠᠴᠢᠶᠠᠯᠠᠭᠴᠢ ᠶᠢ ᠦᠷᠬᠦᠯᠵᠢᠯᠡᠨ ᠳᠡᠰ ᠳᠡᠭᠡᠭᠰᠢᠯᠡᠭᠦᠯᠬᠦ ᠶᠢ ᠵᠤᠷᠢᠭᠵᠢᠭᠤᠯᠤᠨ᠎ᠠ᠃ ᠨᠢᠷᠤᠭᠤᠪᠴᠢ ᠬᠦᠲᠦᠴᠢ ᠠᠵᠤ ᠠᠬᠤᠶᠢᠯᠠᠯ ᠤᠨ ᠲᠠᠪᠴᠠᠩᠵᠢᠭᠰᠠᠨ ᠰᠢᠯᠵᠢᠯᠳᠡ ᠶᠢ ᠲᠦᠷᠭᠡᠳᠬᠡᠵᠦ᠂ ᠲᠤᠮᠤ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠦᠢᠯᠡᠰ ᠴᠤᠭᠴᠠᠯᠠᠬᠤ ᠠᠮᠢ ᠠᠬᠤᠢ ᠶᠢᠨ ᠴᠠᠭᠠᠷᠢᠭ ᠢ ᠪᠠᠶᠢᠭᠤᠯᠤᠨ᠎ᠠ᠃ ᠳᠡᠭᠡᠳᠤ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠴᠢᠳᠠᠪᠤᠷᠢ ᠶᠢᠨ ᠪᠠᠶᠢᠭᠤᠯᠤᠯᠳᠠ ᠶᠢ ᠳᠡᠮᠵᠢᠵᠦ᠂ ᠦᠨᠳᠦᠷ ᠦᠰᠦᠯᠲᠡ ᠶᠢᠨ ᠴᠢᠨᠠᠷᠳᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠤᠨ᠎ᠠ᠃ ᠭᠤᠷᠪᠠ ᠳᠤ ᠳᠡᠭᠡᠳᠤ ᠰᠢᠨ᠎ᠡ ᠠᠵᠤ ᠠᠬᠤᠶᠢᠯᠠᠯ ᠢ ᠤᠷᠢᠳ ᠢᠶᠠᠷ ᠪᠠᠶᠢᠭᠤᠯᠤᠨ᠎ᠠ᠃ ᠰᠢᠨ᠎ᠡ ᠪᠠᠷ ᠳᠠᠳᠠᠨ ᠤᠷᠤᠭᠤᠯᠤᠭᠰᠠᠨ ᠮᠠᠨ ᠤ ᠬᠤᠲᠠ ᠶᠢᠨ ᠳᠠᠩᠰᠠᠯᠠᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ᠂ ᠳᠡᠭᠡᠳᠤ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠠᠵᠤ ᠦᠢᠯᠡᠰ ᠤᠨ ᠲᠦᠷᠦᠯ ᠵᠦᠢᠯ ᠳᠤᠳᠤᠷ᠎ᠠ ᠠᠴᠠ ᠳᠡᠭᠡᠳᠤ ᠰᠢᠨ᠎ᠡ ᠲᠤᠭᠤᠷᠢᠭ ᠤᠨ ᠠᠵᠤ ᠦᠢᠯᠡᠰ ᠤᠨ ᠲᠦᠯᠦᠪᠵᠢᠭᠦᠯᠭᠡ ᠶᠢᠨ ᠪᠠᠶᠢᠷᠢᠯᠠᠭᠤᠯᠤᠯᠳᠠ ᠳᠤ ᠲᠤᠬᠢᠷᠠᠬᠤ ᠶᠢ ᠨᠢ ᠤᠷᠢᠳ ᠢᠶᠠᠷ ᠪᠤᠳᠤᠯᠬᠢᠯᠠᠨ ᠰᠠᠭᠤᠷᠢᠰᠢᠭᠤᠯᠤᠨ᠎ᠠ᠃ ᠰᠢᠭᠤᠳ ᠬᠤᠷᠰᠢᠯᠴᠠᠬᠤ ᠬᠡᠪ ᠵᠠᠭᠪᠤᠷ ᠪᠠᠷ ᠳᠠᠮᠵᠢᠬᠤ ᠶᠢ ᠵᠤᠷᠢᠭᠵᠢᠭᠤᠯᠵᠤ᠂ ᠳᠡᠭᠡᠳᠤ ᠰᠢᠨ᠎ᠡ ᠲᠤᠭᠤᠷᠢᠭ ᠲᠤ ᠳᠡᠭᠡᠳᠤ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠲᠠᠲᠠᠨ ᠤᠷᠤᠭᠤᠯᠬᠤ ᠪᠠ ᠪᠤᠶᠢᠵᠢᠭᠤᠯᠬᠤ ᠬᠦᠴᠦᠯᠡᠴᠡ ᠪᠠᠨ ᠴᠢᠩᠭᠠᠳᠬᠠᠵᠤ᠂ ᠲᠤᠭᠤᠷᠢᠭ ᠲᠤ ᠤᠷᠤᠭᠰᠠᠨ ᠠᠵᠤ ᠠᠬᠤᠶᠢᠯᠠᠯ ᠳᠤ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠬᠦᠷᠳᠡᠭᠡᠨ᠎ᠡ᠃       ︽ᠡᠵᠡᠨ ᠮᠡᠳᠡᠬᠦ ᠡᠷᠬᠡ ᠶᠢ ᠦᠷᠭᠡᠳᠬᠡᠵᠤ᠂ ᠳᠡᠭᠡᠳᠤ ᠰᠢᠨ᠎ᠡ ᠲᠤᠭᠤᠷᠢᠭ ᠤᠨ ᠬᠠᠮᠢᠶᠠᠷᠤᠯᠳᠠ ᠶᠢᠨ ᠵᠦᠪᠯᠡᠯ ᠳᠤ ᠵᠤᠬᠢᠬᠤ ᠡᠷᠬᠡ ᠤᠯᠭᠤᠬᠤ︾ ᠬᠡᠰᠡᠭ ᠲᠤ ᠨᠡᠶᠢᠳᠡ 3 ᠵᠤᠷᠪᠤᠰ᠃ ᠨᠢᠭᠡ ᠳᠤ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠬᠦᠯᠦᠨ᠎ᠡ᠃ ᠳᠡᠭᠡᠳᠤ ᠰᠢᠨ᠎ᠡ ᠲᠤᠭᠤᠷᠢᠭ ᠤᠨ ᠲᠦᠬᠦᠷᠵᠢᠭᠰᠡᠨ ᠰᠢᠨ᠎ᠡ ᠶᠢ ᠡᠭᠦᠳᠬᠦ ᠦᠢᠯᠡᠴᠢᠯᠡᠬᠡᠨ ᠤ ᠲᠠᠪᠴᠠᠩ ᠤᠨ ᠪᠠᠶᠢᠭᠤᠯᠤᠯᠳᠠ ᠶᠢ ᠭᠤᠤᠯᠳᠠᠯᠭ᠎ᠠ ᠲᠠᠢ ᠳᠡᠮᠵᠢᠵᠤ᠂ ︽ᠨᠢᠭᠡ ᠡᠭᠦᠳᠡ︾ ᠪᠠᠷ ᠭᠦᠢᠴᠡᠳᠬᠡᠬᠦ ᠪᠠ ︽ᠨᠢᠭᠡ ᠦᠷᠲᠡᠭᠡᠴᠢᠯᠡᠭᠰᠡᠨ︾ ᠦᠢᠯᠡᠴᠢᠯᠡᠭᠡ ᠶᠢ ᠬᠡᠷᠡᠭᠵᠢᠭᠦᠯᠵᠦ᠂ ᠰᠢᠨ᠎ᠡ ᠪᠠᠷ ᠰᠠᠭᠤᠷᠢᠰᠢᠬᠤ ᠠᠵᠤ ᠠᠬᠤᠶᠢᠯᠠᠯ ᠳᠤ ︽ᠠᠰᠠᠷᠠᠬᠤ ᠮᠠᠶ᠋ᠢᠭ︾ ᠤᠨ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠨ᠎ᠠ᠃ ᠤᠷᠤᠨ ᠰᠠᠭᠤᠴᠠ ᠪᠠ ᠪᠦᠲᠦᠭᠡᠨ ᠪᠠᠶᠢᠭᠤᠯᠤᠯᠳᠠ᠂ ᠬᠤᠲᠠ ᠶᠢᠨ ᠬᠠᠮᠢᠶᠠᠷᠤᠯᠳᠠ ᠶᠢᠨ ᠬᠠᠤᠯᠢ ᠬᠡᠷᠡᠭᠵᠢᠭᠦᠯᠬᠦ᠂ ᠤᠷᠴᠢᠨ ᠲᠤᠭᠤᠷᠢᠨ ᠤ ᠬᠠᠮᠠᠭᠠᠯᠠᠯᠳᠠ᠂ ᠪᠠᠶᠢᠭᠠᠯᠢ ᠶᠢᠨ ᠡᠬᠢ ᠪᠠᠶᠠᠯᠢᠭ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠳᠠ ᠵᠡᠷᠭᠡ ᠬᠠᠮᠢᠶᠠᠷᠤᠯᠳᠠ ᠶᠢᠨ ᠡᠭᠦᠷᠭᠡ ᠴᠢᠳᠠᠯ ᠪᠠ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠡᠷᠬᠡ ᠶᠢ ᠡᠮᠬᠢ ᠵᠢᠷᠤᠮ ᠲᠠᠢ ᠳᠤᠷᠤᠭᠰᠢ ᠳᠠᠯᠪᠢᠬᠤ ᠪᠠ ᠳᠡᠭᠡᠳᠤ ᠰᠢᠨ᠎ᠠ ᠲᠤᠭᠤᠷᠢᠭ ᠲᠤ ᠡᠷᠬᠡ ᠤᠯᠭᠤᠵᠤ᠂ ᠳᠡᠬᠡᠳᠤ ᠰᠢᠨ᠎ᠡ ᠲᠤᠭᠤᠷᠢᠭ ᠤᠨ ᠡᠬᠦᠷᠬᠡ ᠴᠢᠳᠠᠮᠵᠢ ᠪᠠ ᠡᠬᠦᠷᠭᠡ ᠬᠠᠷᠢᠭᠤᠴᠠᠯᠭ᠎ᠠ ᠶᠢ ᠠᠯᠬᠤᠮ ᠴᠢᠨᠠᠭᠰᠢᠳᠠ ᠰᠢᠯᠤᠭᠤᠳᠬᠠᠨ᠎ᠠ᠃ ᠬᠤᠶᠠᠷ ᠲᠤ ᠪᠡᠯᠡ ᠤᠷᠤᠭᠤᠯᠬᠤ ᠬᠦᠴᠦᠯᠡᠴᠡ ᠪᠠᠨ ᠶᠡᠬᠡᠰᠬᠡᠨ᠎ᠡ᠃ ᠳᠡᠭᠡᠳᠤ ᠱᠠᠳᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠬᠤ ᠲᠦᠷᠦᠯ ᠵᠦᠢᠯ ᠪᠠ ᠰᠤᠳᠤᠯᠤᠨ ᠨᠡᠭᠡᠭᠡᠬᠦ ᠡᠳ᠋ ᠤᠨ ᠵᠠᠰᠠᠭ ᠤᠨ ᠱᠠᠩᠨᠠᠯ ᠨᠦᠬᠦᠪᠦᠷᠢ ᠶᠢᠨ ᠮᠦᠩᠭᠦ ᠶᠢ ᠢᠳᠡᠪᠬᠢᠳᠡᠢ ᠴᠢᠷᠮᠠᠶᠢᠨ ᠤᠯᠵᠤ ᠰᠢᠨ᠎ᠡ ᠪᠠᠷ ᠰᠠᠭᠤᠷᠢᠰᠢᠬᠤ ᠠᠵᠤ ᠠᠬᠤᠶᠢᠯᠠᠯ ᠢ ᠬᠦᠲᠦᠯᠦᠨ ᠵᠢᠯᠤᠭᠤᠳᠴᠤ ᠰᠤᠳᠤᠯᠤᠨ ᠨᠡᠭᠡᠭᠡᠬᠦ ᠪᠡᠯᠡ ᠤᠷᠤᠭᠤᠯᠤᠯᠳᠠ ᠶᠢ ᠶᠡᠬᠡᠰᠬᠡᠨ᠎ᠡ᠃ ᠳᠡᠭᠡᠳᠤ ᠰᠢᠨ᠎ᠡ ᠲᠤᠭᠤᠷᠢᠭ ᠲᠤ ᠳᠠᠳᠠᠨ ᠤᠷᠤᠭᠤᠯᠤᠭᠰᠠᠨ ᠲᠤᠮᠤ ᠴᠢᠬᠤᠯᠠ ᠠᠵᠤ ᠦᠢᠯᠡᠰ ᠤᠨ ᠲᠦᠷᠦᠯ ᠵᠦᠢᠯ ᠪᠠ ᠲᠤᠮᠤ ᠴᠢᠬᠤᠯᠠ ᠰᠠᠭᠤᠷᠢ ᠪᠡᠯᠡᠳᠬᠡᠮᠵᠢ ᠶᠢᠨ ᠳᠦᠷᠦᠯ ᠵᠦᠢᠯ ᠢ ᠬᠡᠷᠡᠭᠵᠢᠭᠦᠯᠬᠦ ᠳᠤ ᠭᠤᠤᠯᠳᠠᠯᠭ᠎ᠠ ᠲᠠᠢ ᠳᠡᠮᠵᠢᠯᠭᠡ ᠤᠯᠭᠤᠨ᠎ᠠ᠃ ᠬᠤᠲᠠ ᠶᠢᠨ ᠳᠡᠰ ᠤᠨ ᠡᠯ᠎ᠡ ᠲᠦᠷᠦᠯ ᠤᠨ ᠳᠡᠮᠵᠢᠨ ᠳᠡᠳᠬᠦᠬᠦ ᠪᠡᠯᠡ ᠮᠦᠩᠭᠦ ᠪᠠᠭᠤᠯᠭᠠᠬᠤ ᠬᠦᠷᠢᠶ᠎ᠡ ᠬᠡᠪᠴᠢᠶ᠎ᠡ ᠶᠢ ᠶᠡᠬᠡᠰᠬᠡᠵᠦ᠂ ᠳᠡᠭᠡᠳᠤ ᠰᠢᠨ᠎ᠡ ᠲᠤᠭᠤᠷᠢᠭ ᠲᠤ ᠨᠢᠬᠡᠳᠦᠯᠳᠡᠢ ᠲᠦᠯᠦᠪᠵᠢᠭᠦᠯᠦᠨ ᠬᠡᠷᠡᠭᠯᠡᠬᠦ ᠪᠡᠯᠡ ᠮᠦᠩᠭᠦ ᠶᠢᠨ ᠡᠵᠡᠨ ᠮᠡᠳᠡᠬᠦ ᠡᠷᠬᠡ ᠶᠢ ᠤᠯᠭᠤᠨ᠎ᠠ᠃ ᠭᠤᠷᠪᠠ ᠳᠤ ᠴᠢᠳᠠᠪᠤᠷᠢᠳᠠᠨ ᠤᠷᠢᠨ ᠤᠷᠤᠭᠤᠯᠬᠤ ᠪᠠᠨ ᠶᠡᠬᠡᠰᠬᠡᠨ᠎ᠡ᠃ ᠳᠡᠭᠡᠳᠤ ᠰᠢᠨ᠎ᠡ ᠳᠤᠭᠤᠷᠢᠭ ᠤᠨ ᠰᠢᠨ᠎ᠡ ᠶᠢ ᠡᠭᠦᠳᠬᠦ ᠴᠢᠳᠠᠪᠤᠷᠢᠳᠠᠨ ᠤ ᠬᠠᠮᠢᠶᠠᠷᠤᠯᠳᠠ ᠶᠢᠨ ᠪᠠᠶᠢᠭᠤᠯᠤᠯ ᠲᠤᠭᠳᠠᠴᠠ ᠶᠢ ᠬᠠᠶᠢᠨ ᠰᠦᠪᠡᠭᠴᠢᠯᠡᠬᠦ ᠶᠢ ᠳᠡᠮᠵᠢᠵᠦ᠂ ᠤᠷᠤᠨ ᠨᠤᠳᠤᠭ ᠤᠨ ᠴᠢᠳᠠᠪᠤᠷᠢᠳᠠᠨ ᠪᠠ ᠳᠡᠭᠡᠳᠤ ᠵᠡᠷᠭᠡᠯᠡᠯ ᠤᠨ᠂ ᠪᠠᠴᠢᠮ ᠳᠤᠲᠠᠭᠳᠠᠵᠤ ᠪᠠᠶᠢᠭ᠎ᠠ ᠴᠢᠳᠠᠪᠤᠷᠢᠳᠠᠨ ᠢ ᠬᠦᠮᠦᠵᠢᠭᠦᠯᠬᠦ ᠶᠢ ᠵᠤᠷᠢᠭᠵᠢᠭᠤᠯᠤᠨ᠎ᠠ᠃ ᠳᠡᠭᠡᠳᠤ ᠰᠢᠨ᠎ᠡ ᠲᠤᠭᠤᠷᠢᠭ ᠪᠤᠳᠠᠳᠤ ᠱᠠᠭᠠᠷᠳᠠᠯᠭ᠎ᠠ ᠪᠠᠨ ᠦᠨᠳᠦᠰᠦᠯᠡᠨ ᠠᠵᠤ ᠠᠬᠤᠶᠢᠯᠠᠯ᠂ ᠶᠡᠭᠡ ᠳᠡᠭᠡᠳᠤ ᠰᠤᠷᠭᠠᠭᠤᠯᠢ᠂ ᠰᠢᠨᠵᠢᠯᠡᠬᠦ ᠤᠬᠠᠭᠠᠨ ᠰᠤᠳᠤᠯᠬᠤ ᠬᠦᠷᠢᠶᠡᠯᠡᠩ ᠰᠠᠯᠪᠤᠷᠢ ᠵᠡᠷᠭᠡ ᠪᠠᠶᠢᠭᠤᠯᠭ᠎ᠠ ᠨᠢᠭᠡᠴᠢ ᠵᠢᠴᠢ ᠨᠡᠶᠢᠭᠡᠮ ᠤᠨ ᠵᠤᠬᠢᠶᠠᠨ ᠪᠠᠶᠢᠭᠤᠯᠤᠯᠳᠠ ᠠᠴᠠ ᠬᠦᠷᠢᠶᠡᠯᠡᠩ ᠲᠤᠭᠤᠷᠢᠭ ᠤᠨ ᠬᠦᠭᠵᠢᠯᠳᠡ ᠳᠤ ᠱᠠᠭᠠᠷᠳᠠᠭᠳᠠᠭᠰᠠᠨ ᠡᠯ᠎ᠡ ᠳᠦᠷᠦᠯ ᠤᠨ ᠲᠤᠰᠬᠠᠢ ᠮᠡᠷᠬᠡᠵᠢᠭᠰᠡᠨ ᠰᠢᠯᠢᠳᠡᠭ ᠴᠢᠳᠠᠪᠤᠷᠢᠳᠠᠨ ᠢ ᠰᠤᠩᠭᠤᠨ ᠰᠢᠯᠭᠠᠷᠠᠭᠤᠯᠵᠤ᠂ ᠳᠡᠭᠡᠳᠤ ᠰᠢᠨ᠎ᠡ ᠮᠡᠷᠭᠡᠵᠢᠯ ᠤᠨ ᠬᠦᠭᠵᠢᠯᠳᠡ ᠳᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠬᠦᠯᠦᠨ᠎ᠡ᠃       ︽ᠰᠠᠭᠤᠷᠢ ᠶᠢ ᠪᠠᠲᠤᠵᠢᠭᠤᠯᠵᠤ᠂ ᠳᠡᠭᠡᠳᠤ ᠰᠢᠨ᠎ᠡ ᠲᠤᠭᠤᠷᠢᠭ ᠤᠨ ᠬᠠᠮᠢᠶᠠᠷᠤᠯᠳᠠ ᠶᠢᠨ ᠬᠢᠷᠢ ᠲᠦᠪᠰᠢᠨ ᠪᠠ ᠦᠢᠯᠡᠴᠢᠯᠡᠬᠡᠨ ᠤ ᠴᠢᠳᠠᠪᠤᠷᠢ ᠶᠢ ᠳᠡᠭᠡᠭᠰᠢᠯᠡᠭᠦᠯᠬᠦ︾  ᠬᠡᠰᠡᠭ ᠲᠤ ᠨᠡᠶᠢᠳᠡ 4 ᠵᠤᠷᠪᠤᠰ᠃ ᠨᠢᠭᠡ ᠳᠤ ᠲᠤᠭ᠎ᠠ ᠪᠠᠷᠢᠮᠳᠠ ᠶᠢᠨ ᠪᠦᠷᠢᠳᠬᠡᠯ ᠵᠠᠳᠠᠯᠤᠯᠳᠠ ᠶᠢ ᠴᠢᠩᠭᠠᠳᠬᠠᠨ᠎ᠠ᠃ ᠶᠡᠭᠡ ᠳ᠋ᠠᠶᠢᠲ᠋ᠠ ᠶᠢᠨ ᠮᠡᠷᠭᠡᠵᠢᠯ ᠢ ᠭᠦᠢᠴᠡᠳ ᠠᠰᠢᠭᠯᠠᠨ᠂ ᠳᠦᠷᠪᠡ ᠬᠤᠪᠢᠶᠠᠭᠰᠠᠨ ᠬᠡᠪᠴᠢᠶᠡᠨ ᠳᠤᠳᠤᠷ᠎ᠠ ᠳᠡᠭᠡᠳᠤ ᠰᠢᠨ᠎ᠡ ᠲᠤᠭᠤᠷᠢᠭ ᠤᠨ ᠤᠷᠤᠨ ᠵᠠᠢ᠂ ᠭᠠᠵᠠᠷ ᠵᠦᠢ᠂ ᠬᠦᠮᠦᠨ ᠠᠮᠠ᠂ ᠬᠠᠤᠯᠢ ᠶᠢᠨ ᠡᠷᠬᠡᠳᠡᠨ ᠵᠡᠷᠭᠡ ᠲᠤᠭ᠎ᠠ ᠪᠠᠷᠢᠮᠳᠠ ᠶᠢ ᠲᠦᠪᠯᠡᠷᠡᠭᠦᠯᠦᠨ ᠴᠤᠭᠯᠠᠭᠤᠯᠵᠤ᠂ ᠡᠮᠬᠢᠯᠡᠵᠦ᠂ ᠵᠠᠳᠠᠯᠵᠤ᠂ ᠤᠶᠤᠨᠴᠢᠯᠠᠯᠳᠠ᠂ ᠮᠡᠳᠡᠭᠡ ᠵᠠᠩᠭᠢᠵᠢᠯᠳᠠ ᠶᠢᠨ ᠲᠤᠭ᠎ᠠ ᠪᠠᠷᠢᠮᠳᠠ ᠶᠢᠨ ᠪᠦᠷᠢᠳᠬᠡᠯ ᠬᠡᠷᠡᠭᠯᠡᠯᠳᠡ ᠪᠠᠷ ᠳᠠᠮᠵᠢᠨ ᠳᠡᠭᠡᠳᠤ ᠰᠢᠨ᠎ᠡ ᠠᠵᠤ ᠦᠢᠯᠡᠰ ᠤᠨ ᠪᠦᠲᠦᠴᠡ ᠪᠠ ᠬᠠᠮᠢᠶᠠᠷᠤᠯᠳᠠ ᠶᠢᠨ ᠠᠷᠭ᠎ᠠ ᠮᠠᠶ᠋ᠢᠭ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠪᠡᠶᠡᠯᠡᠭᠦᠯᠦᠨ᠎ᠡ᠃ ᠬᠤᠶᠠᠷ ᠲᠤ ᠬᠦᠷᠢᠶᠡᠯᠡᠩ ᠲᠤᠭᠤᠷᠢᠭ ᠤᠨ ᠪᠠᠶᠢᠭᠤᠯᠤᠮᠵᠢ ᠶᠢᠨ ᠲᠤᠬᠢᠷᠠᠭᠤᠯᠤᠯᠳᠠ ᠶᠢ ᠳᠡᠬᠦᠯᠳᠡᠷᠵᠢᠬᠦᠯᠦᠨ᠎ᠡ᠃ ᠪᠦᠷᠢᠨ ᠭᠦᠢᠴᠡᠳ ᠰᠢᠰᠲ᠋ᠧᠮ ᠲᠠᠢ᠂ ᠰᠢᠨᠵᠢᠯᠡᠬᠦ ᠤᠬᠠᠭᠠᠨ ᠤ ᠵᠢᠷᠤᠮᠵᠢᠯ ᠲᠠᠢ᠂ ᠦᠨᠳᠦᠷ ᠪᠦᠲᠦᠮᠵᠢᠲᠦ ᠡᠵᠡᠩᠨᠡᠯᠳᠡ ᠲᠠᠢ᠂ ᠳᠡᠭᠡᠳᠤ ᠰᠢᠨ᠎ᠡ ᠲᠤᠭᠤᠷᠢᠭ ᠤᠨ ᠪᠤᠳᠠᠳᠠᠢ ᠳᠤ ᠨᠡᠶᠢᠴᠡᠬᠦ ᠪᠠᠶᠢᠭᠤᠯᠤᠮᠵᠢ ᠶᠢᠨ ᠡᠭᠦᠷᠬᠡ ᠴᠢᠳᠠᠯ ᠤᠨ ᠲᠤᠭᠲᠠᠯᠴᠠᠭ᠎ᠠ ᠶᠢ ᠴᠤᠭᠴᠠᠯᠠᠵᠤ᠂ ᠳᠡᠭᠡᠳᠤ ᠰᠢᠨ᠎ᠡ ᠲᠤᠭᠤᠷᠢᠭ ᠤᠨ ᠬᠠᠮᠢᠶᠠᠷᠤᠯᠳᠠ ᠶᠢᠨ ᠵᠦᠪᠯᠡᠯ ᠤᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠬᠦᠯᠵᠦ᠂ ᠬᠦᠷᠢᠶᠡᠯᠡᠩ ᠲᠤᠭᠤᠷᠢᠭ ᠤᠨ ᠬᠠᠮᠢᠶᠠᠷᠤᠯᠳᠠ ᠶᠢᠨ ᠬᠢᠷᠢ ᠳᠦᠪᠰᠢᠨ ᠪᠠ ᠦᠢᠯᠡᠴᠢᠯᠡᠬᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠤᠷᠪᠠ ᠳᠤ ᠲᠦᠬᠦᠷᠵᠢᠭᠰᠡᠨ ᠦᠢᠯᠡᠴᠢᠯᠡᠬᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠤᠰᠬᠠᠢ ᠮᠡᠷᠬᠡᠵᠢᠯ ᠤᠨ ᠦᠢᠯᠡᠴᠢᠯᠡᠬᠡᠨ ᠤ ᠪᠠᠶᠢᠭᠤᠯᠤᠮᠵᠢ ᠶᠢ ᠳᠦᠷᠭᠡᠳᠬᠡᠨ ᠪᠦᠲᠦᠬᠡᠨ ᠪᠠᠶᠢᠭᠤᠯᠬᠤ ᠪᠠ ᠳᠠᠳᠠᠨ ᠤᠷᠤᠭᠤᠯᠵᠤ᠂ ᠳᠡᠭᠡᠳᠤ ᠰᠢᠨ᠎ᠡ ᠲᠤᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠰᠤᠳᠤᠯᠤᠨ ᠨᠡᠭᠡᠭᠡᠬᠦ᠂ ᠦᠢᠯᠡᠰ ᠴᠤᠭᠴᠠᠯᠠᠵᠤ ᠪᠤᠶᠢᠵᠢᠭᠤᠯᠬᠤ᠂ ᠦᠷ᠎ᠠ ᠪᠦᠲᠦᠭᠡᠯ ᠢ ᠤᠨᠳᠤᠤᠰᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠠᠰᠠᠭᠤᠨ ᠯᠠᠪᠯᠠᠯᠳᠠ ᠬᠢᠬᠦ ᠵᠡᠷᠭᠡ ᠡᠭᠦᠷᠭᠡ ᠴᠢᠳᠠᠮᠵᠢ ᠶᠢ ᠠᠴᠢᠶᠠᠯᠠᠬᠤ ᠶᠢ ᠳᠡᠮᠵᠢᠵᠤ᠂ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭ᠎ᠠ ᠶᠢᠨ ᠳᠠᠪᠴᠠᠩ ᠪᠠ ᠲᠤᠯᠭᠠᠭᠤᠷᠢᠯᠠᠬᠤ ᠪᠡᠯᠡᠳᠬᠡᠮᠵᠢ ᠶᠢᠨ ᠪᠠᠶᠢᠭᠤᠯᠤᠯᠳᠠ ᠶᠢ ᠪᠦᠷᠢᠨᠰᠢᠬᠦᠯᠬᠦ ᠶᠢ ᠵᠤᠷᠢᠭᠵᠢᠭᠤᠯᠤᠨ᠎ᠠ᠃ ᠳᠡᠭᠡᠳᠤ ᠰᠢᠨ᠎ᠡ ᠮᠡᠷᠬᠡᠵᠢᠯ ᠤᠨ ᠠᠵᠤ ᠦᠢᠯᠡᠰ ᠤᠨ ᠬᠦᠭᠵᠢᠯᠳᠡ ᠳᠤ ᠦᠢᠯᠡᠴᠢᠯᠡᠬᠦ ᠤᠶᠤᠨᠳᠤ ᠮᠦᠩᠭᠦᠨ ᠭᠦᠢᠯᠭᠡᠭᠡ ᠶᠢᠨ ᠲᠠᠪᠴᠠᠩ ᠢ ᠪᠦᠲᠦᠭᠡᠨ ᠪᠠᠶᠢᠭᠤᠯᠬᠤ ᠶᠢ ᠳᠡᠮᠵᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠩᠭᠢ᠂ ᠪᠡᠯᠡ ᠤᠷᠤᠭᠤᠯᠤᠯᠳᠠ ᠶᠢᠨ ᠪᠠᠶᠢᠭᠤᠯᠤᠮᠵᠢ᠂ ᠳᠠᠭᠠᠭᠠᠯᠳᠠ ᠶᠢᠨ ᠪᠠᠶᠢᠭᠤᠯᠤᠮᠵᠢ᠂ ᠠᠷᠠᠳ ᠤᠨ ᠳᠤᠮᠳᠠᠬᠢ ᠪᠡᠯᠡ ᠬᠦᠷᠦᠩᠭᠡ ᠵᠡᠷᠬᠡ ᠵᠤᠬᠢᠶᠠᠨ ᠪᠠᠶᠢᠭᠤᠯᠤᠯᠳᠠ ᠶᠢ ᠳᠡᠭᠡᠳᠤ ᠰᠢᠨ᠎ᠡ ᠲᠤᠭᠤᠷᠢᠭ ᠲᠤ ᠤᠷᠤᠵᠤ ᠰᠠᠯᠪᠤᠷᠢ ᠪᠠᠶᠢᠭᠤᠯᠤᠮᠵᠢ ᠪᠤᠶᠤ ᠪᠡᠯᠡ ᠤᠷᠤᠭᠤᠯᠤᠯᠳᠠ ᠶᠢᠨ ᠺᠤᠮᠫᠠᠨᠢ ᠪᠠᠶᠢᠭᠤᠯᠬᠤ ᠶᠢ ᠵᠤᠷᠢᠭᠵᠢᠭᠤᠯᠵᠤ᠂ ᠰᠢᠨ᠎ᠡ ᠬᠡᠯᠪᠡᠷᠢ ᠶᠢᠨ ᠪᠡᠯᠡ ᠲᠤᠬᠢᠷᠠᠭᠤᠯᠭ᠎ᠠ ᠶᠢᠨ ᠬᠡᠪ ᠵᠠᠭᠪᠤᠷ ᠢ ᠬᠠᠶᠢᠨ ᠰᠦᠪᠡᠭᠴᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠪᠢᠴᠢᠯ ᠠᠵᠤ ᠠᠬᠤᠶᠢᠯᠠᠯ ᠪᠠ ᠰᠢᠨᠡᠬᠡᠨ ᠠᠵᠤ ᠠᠬᠤᠶᠢᠯᠠᠯ ᠢ ᠳᠡᠮᠵᠢᠬᠦ ᠬᠦᠴᠦᠯᠡᠴᠡ ᠪᠠᠨ ᠴᠢᠩᠭᠠᠷᠠᠭᠤᠯᠤᠨ᠎ᠠ᠃ ᠳᠦᠷᠪᠡ ᠳᠤ ᠮᠡᠳᠡᠯᠬᠡ ᠶᠢᠨ ᠦᠮᠴᠢ ᠶᠢᠨ ᠡᠷᠬᠡ ᠶᠢᠨ ᠬᠠᠮᠠᠭᠠᠯᠠᠯᠳᠠ ᠶᠢ ᠴᠢᠩᠭᠠᠳᠬᠠᠨ᠎ᠠ᠃ ᠳᠡᠭᠡᠳᠤ ᠰᠢᠨ᠎ᠡ ᠲᠤᠭᠤᠷᠢᠭ ᠶᠠᠭᠰᠢ ᠶᠢᠨ ᠤᠯᠤᠰ ᠤᠨ ᠮᠡᠳᠡᠯᠭᠡ ᠶᠢᠨ ᠦᠮᠴᠢ ᠶᠢᠨ ᠡᠷᠬᠡ ᠶᠢᠨ ᠬᠦᠴᠦᠷᠭᠡᠭ ᠰᠢᠶᠠᠨ ᠢ ᠡᠭᠦᠳᠦᠨ ᠪᠠᠶᠢᠭᠤᠯᠬᠤ ᠢᠨᠵᠧᠨᠧᠷᠢᠩ ᠤᠨ ᠳᠤᠷᠰᠢᠯᠳᠠ ᠶᠢᠨ ᠴᠡᠭ ᠤᠨ ᠰᠢᠶᠠᠨ ᠳᠤ ᠲᠦᠰᠢᠭᠯᠡᠨ᠂ ᠶᠠᠭᠰᠢ ᠶᠢᠨ ᠳᠡᠭᠡᠳᠤ ᠰᠢᠨ᠎ᠡ ᠲᠤᠭᠤᠷᠢᠭ ᠤᠨ ᠬᠦᠭᠵᠢᠯᠳᠡ ᠶᠢᠨ ᠪᠤᠳᠠᠳᠠᠢ ᠳᠤ ᠵᠤᠬᠢᠴᠠᠭᠰᠠᠨ ᠮᠡᠳᠡᠯᠬᠡ ᠶᠢᠨ ᠦᠮᠴᠢ ᠶᠢᠨ ᠡᠷᠬᠡ ᠶᠢᠨ ᠬᠠᠮᠢᠶᠠᠷᠤᠯᠳᠠ᠂ ᠦᠢᠯᠡᠴᠢᠯᠡᠭᠡ ᠪᠠ ᠬᠠᠮᠠᠭᠠᠯᠠᠯᠳᠠ ᠶᠢᠨ ᠰᠢᠨ᠎ᠡ ᠲᠤᠭᠳᠠᠯᠴᠠᠭ᠎ᠠ ᠶᠢ ᠪᠠᠶᠢᠭᠤᠯᠬᠤ ᠶᠢ ᠳᠡᠮᠵᠢᠵᠦ᠂ ᠮᠡᠳᠡᠯᠭᠡ ᠶᠢᠨ ᠦᠮᠴᠢ ᠶᠢᠨ ᠡᠷᠬᠡ ᠶᠢ ᠬᠦᠨᠳᠦᠳᠬᠡᠬᠦ ᠪᠠ ᠬᠠᠮᠠᠭᠠᠯᠠᠬᠤ ᠰᠢᠯᠢᠳᠡᠭ ᠰᠠᠶᠢᠨ ᠬᠠᠤᠯᠢᠵᠢᠯ ᠤᠨ ᠤᠷᠴᠢᠨ ᠲᠤᠭᠤᠷᠢᠨ ᠪᠠ ᠨᠡᠶᠢᠬᠡᠮ ᠤᠨ ᠤᠷᠴᠢᠨ ᠲᠤᠭᠤᠷᠢᠨ ᠢ ᠪᠦᠷᠢᠯᠳᠦᠬᠦᠯᠦᠨ᠎ᠡ᠃       ︵ᠳᠦᠷᠪᠡ︶ ᠪᠠᠳᠤᠯᠠᠭ᠎ᠠ ᠶᠢᠨ ᠠᠷᠭ᠎ᠠ ᠠᠪᠴᠠᠯ        ᠨᠢᠭᠡ ᠳᠤ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠷᠠᠭᠤᠯᠤᠨ᠎ᠠ᠃ ᠬᠠᠮᠳᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠠᠵᠢᠯ ᠤᠨ ᠠᠬᠢᠯᠳᠠ ᠳᠤᠮᠳᠠᠬᠢ ᠪᠤᠳᠠᠳᠠᠢ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ ᠬᠤᠶᠠᠷ ᠲᠤ ᠬᠠᠷᠠᠯᠳᠠ ᠬᠠᠷᠢᠭᠤᠴᠠᠯᠭ᠎ᠠ ᠶᠢ ᠲᠤᠳᠤᠷᠬᠠᠶᠢᠯᠠᠨ᠎ᠠ᠃ ᠳᠡᠭᠡᠳᠤ ᠰᠢᠨ᠎ᠡ ᠠᠵᠤ ᠦᠢᠯᠡᠰ ᠢ ᠬᠦᠴᠦᠷᠬᠡᠭᠵᠢᠬᠦᠯᠵᠦ᠂ ᠳᠡᠭᠡᠳᠤ ᠰᠢᠨ᠎ᠡ ᠲᠤᠭᠤᠷᠢᠭ ᠤᠨ ᠴᠢᠨᠠᠷ ᠰᠠᠶᠢᠳᠠᠢ ᠬᠦᠭᠵᠢᠯᠳᠡ ᠶᠢᠨ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠬᠦᠯᠦᠨ᠎ᠡ᠃ ᠭᠤᠷᠪᠠ ᠳᠤ ᠲᠦᠷᠦ ᠶᠢᠨ ᠪᠤᠳᠤᠯᠭ᠎ᠠ ᠶᠢᠨ ᠲᠤᠭᠳᠠᠯᠴᠠᠭ᠎ᠠ ᠶᠢ ᠳᠡᠬᠦᠯᠳᠡᠷᠵᠢᠭᠦᠯᠦᠨ᠎ᠡ᠃ ᠳᠤᠮᠳᠠ ᠪᠢᠴᠢᠯ ᠠᠵᠤ ᠠᠬᠤᠶᠢᠯᠠᠯ ᠤᠨ ᠮᠡᠷᠬᠡᠵᠢᠯ ᠤᠨ ᠰᠢᠨ᠎ᠡ ᠶᠢ ᠡᠬᠦᠳᠴᠤ᠂ ᠲᠦᠷᠦᠯ ᠳᠡᠮᠳᠡᠭ ᠤᠨ ᠦᠷ᠎ᠡ ᠪᠦᠲᠦᠭᠡᠯ ᠤᠨ ᠨᠦᠬᠦᠪᠦᠷᠢ ᠶᠢ ᠡᠭᠦᠳᠴᠤ᠂ ᠰᠢᠨ᠎ᠡ ᠶᠢ ᠡᠭᠦᠳᠦᠨ ᠦᠢᠯᠡᠰ ᠴᠤᠭᠴᠠᠯᠠᠬᠤ ᠬᠦᠮᠦᠵᠢᠭᠦᠯᠦᠯ ᠤᠨ ᠲᠦᠷᠦ ᠶᠢᠨ ᠪᠤᠳᠤᠯᠭ᠎ᠠ ᠲᠤᠭᠳᠠᠭᠠᠵᠤ᠂ ᠤᠯᠤᠰ᠂ ᠦᠪᠡᠷᠳᠡᠬᠡᠨ ᠵᠠᠰᠠᠬᠤ ᠤᠷᠤᠨ᠂ ᠬᠤᠲᠠ ᠶᠢᠨ ᠳᠡᠰ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠲᠦᠷᠦ ᠶᠢᠨ ᠪᠤᠳᠤᠯᠭ᠎ᠠ ᠶᠢᠨ ᠪᠡᠯᠡ ᠮᠦᠩᠭᠦ ᠶᠢᠨ ᠳᠡᠮᠵᠢᠯᠭᠡ ᠶᠢ ᠴᠢᠷᠮᠠᠶᠢᠨ ᠤᠯᠤᠨ᠎ᠠ᠃ ᠳᠦᠷᠪᠡ ᠳᠤ ᠠᠵᠢᠯ ᠤᠨ ᠠᠮᠵᠢᠯᠳᠠ ᠪᠦᠲᠦᠮᠵᠢ ᠶᠢᠨ ᠬᠢᠨᠠᠨ ᠰᠢᠯᠭᠠᠯᠳᠠ ᠶᠢ ᠴᠢᠬᠤᠯᠠᠴᠢᠯᠠᠨ᠎ᠠ᠃ ᠬᠤᠯᠪᠤᠭᠳᠠᠯ ᠪᠦᠬᠦᠢ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠦᠴᠢᠷ ᠵᠢᠴᠢ ᠶᠠᠭᠰᠢ ᠶᠢᠨ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠳᠡᠭᠡᠳᠤ ᠰᠢᠨ᠎ᠡ ᠲᠤᠭᠤᠷᠢᠭ ᠤᠨ ᠬᠠᠮᠢᠶᠠᠷᠤᠯᠳᠠ ᠶᠢᠨ ᠵᠦᠪᠯᠡᠯ ᠰᠢᠯᠭᠠᠨ ᠦᠨᠡᠯᠡᠬᠦ ᠭᠦᠢᠴᠡᠳᠬᠡᠯ ᠲᠤᠭ᠎ᠠ ᠲᠤᠭᠳᠠᠭᠠᠵᠤ᠂ ᠤᠨ ᠤ ᠮᠡᠳᠡᠬᠦᠯᠦᠯᠳᠡ ᠶᠢᠨ ᠳᠦᠷᠢᠮ ᠢ ᠬᠡᠷᠡᠭᠵᠢᠭᠦᠯᠦᠨ᠎ᠡ᠃ ᠬᠤᠲᠠ ᠶᠢᠨ ᠳᠤᠰ ᠱᠠᠲᠤ ᠵᠢᠯ ᠪᠦᠷᠢ ᠲᠤᠭᠲᠠᠮᠠᠯ ᠬᠤᠭᠤᠴᠠᠭ᠎ᠠ ᠲᠠᠢ ᠠᠵᠢᠯᠯᠠᠬᠤ ᠳᠤᠭᠤᠶᠢᠯᠠᠩ ᠳᠤᠮᠢᠯᠠᠵᠤ ᠳᠡᠭᠡᠳᠤ ᠰᠢᠨ᠎ᠡ ᠲᠤᠭᠤᠷᠢᠭ ᠤᠨ ᠪᠦᠲᠦᠭᠡᠨ ᠪᠠᠶᠢᠭᠤᠯᠤᠯᠳᠠ ᠶᠢᠨ ᠬᠦᠭᠵᠢᠯᠳᠡ ᠶᠢᠨ ᠪᠠᠶᠢᠳᠠᠯ ᠳᠤ ᠦᠨᠡᠯᠡᠯᠭᠡ ᠦᠭᠴᠦ᠂ ᠦᠨᠡᠯᠡᠯᠭᠡ ᠦᠭᠭᠦᠭᠰᠡᠨ ᠪᠠᠶᠢᠳᠠᠯ ᠢ ᠦᠨᠳᠦᠰᠦᠯᠡᠨ ᠬᠠᠮᠢᠶ᠎ᠠ ᠲᠠᠢ ᠰᠢᠯᠭᠠᠨ ᠦᠨᠡᠯᠡᠬᠦ ᠠᠷᠭ᠎ᠠ ᠠᠪᠴᠠᠯ ᠢ ᠨᠠᠶᠢᠳᠠᠪᠤᠷᠢᠵᠢᠭᠤᠯᠤᠨ᠎ᠠ᠃       ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ᠄ ᠬᠦᠯᠦᠨ ᠪᠤᠶᠢᠷ ︵ᠶᠠᠭᠰᠢ︶ ᠤᠨ ᠳᠡᠭᠡᠳᠤ ᠰᠢᠨ᠎ᠡ ᠮᠡᠷᠬᠡᠵᠢᠯ ᠤᠨ ᠠᠵᠤ ᠦᠢᠯᠡᠰ ᠤᠨ ᠨᠡᠬᠡᠬᠡᠯᠳᠡ ᠶᠢᠨ ᠲᠤᠭᠤᠷᠢᠭ ᠤᠨ ᠴᠢᠨᠠᠷ ᠰᠠᠶᠢᠳᠠᠢ ᠬᠦᠭᠵᠢᠯᠳᠡ ᠶᠢ ᠳᠡᠮᠵᠢᠬᠦ ᠲᠤᠬᠠᠢ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠬᠡᠷᠡᠭᠵᠢᠬᠦᠯᠬᠦ ᠰᠠᠨᠠᠯ
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ