ᠬᠥᠯᠥᠨ ᠪᠤᠶᠢᠷ ᠬᠤᠲᠠ ᠶᠢᠨ ᠰᠤᠷᠤᠭᠴᠢᠳ ᠤᠨ ︽ᠵᠢᠵᠢᠭ ᠬᠤᠭᠤᠯᠠᠨ ᠰᠢᠷᠡᠭᠡ︾ ᠶᠢᠨ ᠢᠳᠡᠭᠡᠨ ᠤ ᠠᠮᠤᠷ ᠲᠦᠪᠰᠢᠨ ᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠠᠷᠭ᠎ᠠ ︵ᠨᠢᠭᠡ︶
ᠨᠡᠶᠢᠲᠡᠯᠡᠭᠰᠡᠨ ᠴᠠᠭ᠄
2021/10/19
      ᠨᠢᠭᠡᠳᠦᠭᠡᠷ ᠵᠦᠢᠯ ᠰᠤᠷᠤᠭᠴᠢᠳ ᠤᠨ ︽ᠵᠢᠵᠢᠭ ᠬᠤᠭᠤᠯᠠᠨ ᠰᠢᠷᠡᠭᠡ︾ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠵᠡᠩᠨᠡᠯᠲᠡ ᠶᠢᠨ ᠠᠵᠢᠯᠯᠠᠭ᠎ᠠ ᠶᠢ ᠨᠢ ᠵᠢᠷᠤᠮᠵᠢᠭᠤᠯᠵᠤ᠂ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠪᠠᠲᠤᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠦᠢᠯ ᠤᠨ ᠳᠡᠯᠭᠡᠭᠦᠷᠴᠢᠨ ᠪᠠ ᠵᠢᠵᠢᠭ ᠢᠳᠡᠭᠡᠨ ᠤᠮᠳᠠᠭᠠᠨ ᠤ  ᠪᠦᠷᠢᠳᠬᠡᠨ ᠳᠠᠩᠰᠠᠯᠠᠬᠤ ᠬᠠᠮᠢᠶᠠᠷᠤᠯᠳᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︽ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠡᠵᠡᠩᠨᠡᠯᠲᠡ ᠶᠢᠨ ᠪᠠᠶᠢᠳᠠᠯ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃       ᠬᠤᠶᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ︽ᠵᠢᠵᠢᠭ ᠬᠤᠭᠤᠯᠠᠨ ᠰᠢᠷᠡᠭᠡ︾ ᠭᠡᠳᠡᠭ ᠨᠢ ᠡᠷᠭᠡᠲᠦ ᠠᠷᠠᠳ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠰᠤᠷᠭᠠᠭᠤᠯᠢ ᠶᠢᠨ ᠭᠠᠳᠠᠨ᠎ᠠ ᠨᠡᠭᠡᠭᠡᠨ ᠡᠷᠬᠢᠯᠡᠵᠦ᠂ ᠰᠤᠷᠤᠭᠴᠢᠳ ᠤᠨ ᠬᠢᠨᠠᠨ ᠬᠠᠮᠠᠭᠠᠯᠠᠭᠴᠢ ᠶᠢᠨ ᠨᠠᠶᠢᠳᠠᠯᠭ᠎ᠠ ᠪᠠᠷ᠂ ᠠᠰᠢᠭ ᠣᠯᠵᠠᠪᠤᠷᠢ ᠣᠯᠬᠤ ᠪᠠᠷ ᠵᠣᠷᠢᠯᠭ᠎ᠠ ᠪᠣᠯᠭᠠᠵᠤ᠂ ᠰᠤᠷᠤᠭᠴᠢᠳ ᠲᠤ ᠢᠳᠡᠭᠡᠨ ᠤᠮᠳᠠᠭᠠᠨ ᠤ ᠡᠵᠡᠩᠨᠡᠯᠲᠡ ᠶᠢᠨ ᠦᠢᠯᠡᠴᠢᠯᠡᠭᠡ ᠬᠠᠩᠭᠠᠬᠤ ᠬᠤᠯᠪᠣᠭᠳᠠᠬᠤ ᠨᠢᠭᠡᠴᠢ ᠶᠢ ᠵᠢᠭᠠᠵᠤ ᠪᠣᠶ᠃       ᠭᠤᠷᠪᠠᠳᠤᠭᠠᠷ ᠵᠦᠢᠯ ᠬᠤᠰᠢᠭᠤ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠬᠠᠮᠵᠢᠨ ᠬᠠᠷᠢᠶ᠎ᠠ ᠣᠷᠣᠨ ᠤ ᠳᠣᠲᠣᠷᠠᠬᠢ ︽ᠵᠢᠵᠢᠭ ᠬᠤᠭᠤᠯᠠᠨ ᠰᠢᠷᠡᠭᠡ︾ ᠶᠢ ᠪᠠᠶᠢᠴᠠᠭᠠᠨ ᠣᠶᠢᠯᠠᠭᠠᠬᠤ ᠶᠢᠨ ᠬᠠᠮᠲᠤ᠂ ᠦᠨᠳᠦᠰᠦᠨ ᠮᠡᠳᠡᠭᠡ ᠵᠠᠩᠭᠢ ᠶᠢ ᠬᠠᠩᠭᠠᠨ᠎ᠠ᠃ ᠠᠳᠠᠯᠢ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠠᠩᠭᠠᠭᠰᠠᠨ ᠦᠨᠳᠦᠰᠦᠨ ᠮᠡᠳᠡᠭᠡ ᠵᠠᠩᠭᠢ ᠶᠢ ᠦᠨᠳᠦᠰᠦᠯᠡᠨ᠂ ᠲᠣᠰ ᠵᠠᠰᠠᠭ ᠵᠠᠬᠢᠷᠭᠠᠨ ᠤ ᠣᠷᠣᠨ ᠳᠠᠬᠢ ᠰᠤᠷᠤᠭᠴᠢᠳ ᠤᠨ ︽ᠵᠢᠵᠢᠭ ᠬᠤᠭᠤᠯᠠᠨ ᠰᠢᠷᠡᠭᠡ︾ ᠶᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠪᠠ ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠬᠤ ᠶᠢᠨ ᠬᠠᠮᠲᠤ᠂ ᠪᠦᠷᠢᠳᠬᠡᠨ ᠳᠠᠩᠰᠠᠯᠠᠭᠰᠠᠨ ︽ᠵᠢᠵᠢᠭ ᠬᠤᠭᠤᠯᠠᠨ ᠰᠢᠷᠡᠭᠡ︾ ᠶᠢᠨ ᠨᠡᠷᠡᠰ ᠵᠢᠴᠢ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ ᠶᠢ ᠠᠳᠠᠯᠢ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠳᠡᠨ᠎ᠡ᠃       ᠭᠠᠯ ᠤᠨᠲᠠᠷᠠᠭᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠤᠳ ᠢᠳᠡᠭᠡᠨ ᠤ ᠠᠮᠤᠷ ᠲᠦᠪᠰᠢᠨ ᠵᠢᠴᠢ ᠪᠤᠰᠤᠳ ᠬᠠᠤᠯᠢ ᠴᠠᠭᠠᠵᠠ ᠬᠠᠤᠯᠢ ᠲᠣᠭᠲᠠᠭᠠᠯ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠰᠤᠷᠤᠭᠴᠢᠳ ᠤᠨ ︽ᠵᠢᠵᠢᠭ ᠬᠤᠭᠤᠯᠠᠨ ᠰᠢᠷᠡᠭᠡ︾ ᠶᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃       ᠳᠥᠷᠪᠡᠳᠦᠭᠡᠷ ᠵᠦᠢᠯ ︽ᠵᠢᠵᠢᠭ ᠬᠤᠭᠤᠯᠠᠨ ᠰᠢᠷᠡᠭᠡ︾ ᠶᠢᠨ ᠡᠵᠡᠩᠨᠡᠭᠴᠢ ᠨᠢ ᠬᠠᠤᠯᠢ ᠶᠣᠰᠣᠭᠠᠷ ᠡᠵᠡᠩᠨᠡᠯᠲᠡ ᠶᠢᠨ ᠦᠨᠡᠮᠯᠡᠯ ᠣᠯᠵᠤ᠂ ᠬᠢᠨᠠᠨ ᠪᠠᠶᠢᠴᠠᠭᠠᠭᠠᠳ ᠢᠳᠡᠭᠡᠨ ᠤ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠂ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ︽ᠬᠥᠯᠥᠨ ᠪᠤᠶᠢᠷ ᠬᠤᠲᠠ ᠶᠢᠨ ᠰᠤᠷᠤᠭᠴᠢᠳ ᠤᠨ ︿ᠵᠢᠵᠢᠭ ᠬᠤᠭᠤᠯᠠᠨ ᠰᠢᠷᠡᠭᠡ﹀ ᠶᠢᠨ ᠢᠳᠡᠭᠡᠨ ᠤ ᠠᠮᠤᠷ ᠲᠦᠪᠰᠢᠨ ᠤ ᠪᠦᠷᠢᠳᠬᠡᠨ ᠳᠠᠩᠰᠠᠯᠠᠭᠤᠯᠤᠭᠰᠠᠨ ᠦᠨᠡᠮᠯᠡᠯ︾ ᠣᠯᠭᠤᠨ᠎ᠠ᠃       ᠲᠠᠪᠤᠳᠤᠭᠠᠷ ᠵᠦᠢᠯ ︽ᠬᠥᠯᠥᠨ ᠪᠤᠶᠢᠷ ᠬᠤᠲᠠ ᠶᠢᠨ ᠰᠤᠷᠤᠭᠴᠢᠳ ᠤᠨ ︿ᠵᠢᠵᠢᠭ ᠬᠤᠭᠤᠯᠠᠨ ᠰᠢᠷᠡᠭᠡ﹀ ᠶᠢᠨ ᠢᠳᠡᠭᠡᠨ ᠤ ᠠᠮᠤᠷ ᠲᠦᠪᠰᠢᠨ ᠤ ᠪᠦᠷᠢᠳᠬᠡᠨ ᠳᠠᠩᠰᠠᠯᠠᠭᠤᠯᠤᠭᠰᠠᠨ ᠦᠨᠡᠮᠯᠡᠯ︾ ᠤᠨ ᠬᠦᠴᠦᠨ ᠲᠠᠢ ᠬᠤᠭᠤᠴᠠᠭ᠎ᠠ ᠨᠢ 1 ᠵᠢᠯ ᠪᠣᠯᠤᠨ᠎ᠠ᠃ ᠶᠠᠮᠠᠷᠪᠠ ᠬᠥᠮᠦᠨ ᠴᠦ ᠬᠠᠭᠤᠷᠮᠠᠭᠯᠠᠨ ᠵᠣᠬᠢᠶᠠᠬᠤ᠂ ᠪᠠᠯᠠᠯᠤᠨ ᠵᠠᠰᠠᠬᠤ᠂ ᠰᠠᠷᠢᠭᠠᠯᠠᠬᠤ᠂ ᠲᠦᠷᠢᠶᠡᠰᠦᠯᠡᠭᠦᠯᠬᠦ᠂ ᠵᠢᠭᠡᠯᠡᠭᠦᠯᠬᠦ᠂ ᠰᠢᠯᠵᠢᠭᠦᠯᠦᠨ ᠥᠭᠴᠦ ᠪᠣᠯᠬᠤ ᠥᠬᠡᠶ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ