ᠬᠥᠯᠥᠨ ᠪᠤᠶᠢᠷ ᠬᠤᠲᠠ ᠶᠢᠨ ᠰᠤᠷᠤᠭᠴᠢᠳ ᠤᠨ ︽ᠵᠢᠵᠢᠭ ᠬᠤᠭᠤᠯᠠᠨ ᠰᠢᠷᠡᠭᠡ︾ ᠶᠢᠨ ᠢᠳᠡᠭᠡᠨ ᠤ ᠠᠮᠤᠷ ᠲᠦᠪᠰᠢᠨ ᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠠᠷᠭ᠎ᠠ ︵ᠬᠤᠶᠠᠷ︶
ᠨᠡᠶᠢᠲᠡᠯᠡᠭᠰᠡᠨ ᠴᠠᠭ᠄
2021/10/19
      ᠵᠢᠷᠭᠤᠳᠤᠭᠠᠷ ᠵᠦᠢᠯ ᠰᠤᠷᠤᠭᠴᠢᠳ ᠤᠨ ︽ᠵᠢᠵᠢᠭ ᠬᠤᠭᠤᠯᠠᠨ ᠰᠢᠷᠡᠭᠡ︾ ᠶᠢᠨ ᠡᠵᠡᠩᠨᠡᠭᠴᠢ ᠢᠳᠡᠭᠡᠨ ᠤᠮᠳᠠᠭᠠᠨ ᠤ ᠠᠵᠢᠯᠯᠠᠭ᠎ᠠ ᠡᠷᠬᠢᠯᠡᠬᠦ ᠳᠤ ᠳᠤᠤᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄       ︵ᠨᠢᠭᠡ︶ ᠢᠳᠡᠭᠡᠨ ᠡᠳ᠋ᠰᠢᠭᠦᠯᠬᠦ᠂ ᠡᠵᠡᠩᠨᠡᠬᠦ ᠲᠠᠯᠠᠪᠠᠶ ᠨᠢ ᠬᠤᠭᠤᠯᠠᠯᠠᠬᠤ ᠰᠣᠷᠣᠭᠴᠢ ᠶᠢᠨ ᠲᠤᠭ᠎ᠠ ᠯᠤᠭ᠎ᠠ ᠳᠣᠭᠢᠷᠠᠯᠴᠠᠵᠤ᠂ ᠰᠠᠯᠬᠢ ᠨᠡᠪᠲᠡᠷᠡᠬᠦ ᠣᠲᠤᠭ᠎ᠠ ᠭᠠᠳᠠᠭᠰᠢᠯᠠᠭᠤᠯᠬᠤ ᠪᠡᠯᠡᠳᠬᠡᠮᠵᠢ ᠲᠠᠢ ᠪᠠᠶᠢᠬᠤ᠃       ︵ᠬᠤᠶᠠᠷ︶ ᠢᠳᠡᠭᠡᠨ ᠡᠳ᠋ᠰᠢᠭᠦᠯᠬᠦ ᠲᠠᠯᠠᠪᠤᠷ ᠬᠢᠭᠡᠳ ᠬᠤᠭᠤᠯᠠᠯᠠᠬᠤ ᠲᠠᠯᠠᠪᠤᠷ ᠢ ᠰᠠᠯᠭᠠᠨ ᠲᠣᠬᠢᠷᠠᠭᠤᠯᠵᠤ᠂ ᠡᠭᠦᠳᠡ ᠴᠣᠩᠬᠤᠨ ᠳᠤ ᠪᠠᠨ ᠢᠯᠠᠭ᠎ᠠ ᠬᠤᠷᠣᠬᠠᠶ ᠶᠢ ᠰᠡᠷᠭᠡᠶᠢᠯᠡᠬᠦ ᠪᠡᠯᠡᠳᠬᠡᠮᠵᠢ ᠲᠤᠬᠢᠷᠠᠭᠤᠯᠤᠭᠰᠠᠨ ᠪᠠᠶᠢᠬᠤ᠃       ︵ᠭᠤᠷᠪᠠ︶ ᠢᠳᠡᠭᠡᠨ ᠢ ᠬᠦᠢᠳᠡᠨ ᠢᠶᠠᠷ ᠬᠠᠳᠠᠭᠠᠯᠠᠬᠤ᠂ ᠬᠥᠯᠳᠡᠭᠡᠬᠦ ᠴᠢᠬᠤᠯᠠ ᠪᠥᠬᠦᠶ ᠲᠥᠬᠦᠭᠡᠷᠦᠮᠵᠢ ᠪᠠ ᠢᠳᠡᠭᠡᠨ ᠤ ᠥᠯᠢᠭᠡᠷ ᠡᠳ᠋ ᠦᠯᠡᠳᠡᠭᠡᠬᠦ ᠲᠥᠬᠦᠭᠡᠷᠦᠮᠵᠢ ᠲᠤᠬᠢᠷᠠᠭᠤᠯᠤᠭᠰᠠᠨ ᠪᠠᠶᠢᠬᠤ᠃       ︵ᠳᠥᠷᠪᠡ︶ ᠲᠦᠭᠦᠬᠡᠶ ᠪᠠ ᠪᠤᠯᠭᠤᠭᠰᠠᠨ ᠢᠳᠡᠭᠡᠨ ᠳᠤ ᠬᠡᠷᠡᠭᠯᠡᠬᠦ ᠪᠠᠭᠠᠵᠢ ᠬᠡᠷᠡᠭᠰᠡᠯ᠂ ᠰᠠᠪᠠ᠂ ᠲᠡᠮᠳᠡᠭ ᠢ ᠲᠤᠰ ᠲᠤᠰ ᠢᠯᠡᠷᠬᠡᠶ ᠪᠠᠶᠢᠷᠢᠯᠠᠭᠤᠯᠬᠤ᠃       ︵ᠲᠠᠪᠤ︶ ᠡᠳ᠋ᠰᠢᠭᠦᠯᠬᠦ ᠲᠠᠯᠠᠪᠤᠷ ᠲᠤ ᠳᠡᠭᠡᠭᠰᠢ ᠳᠤᠭᠤᠭᠰᠢ ᠤᠰᠤ ᠲᠠᠲᠠᠷᠠᠭᠤᠯᠬᠤ ᠪᠡᠯᠡᠳᠬᠡᠮᠵᠢ ᠲᠠᠢ ᠪᠠᠶᠢᠵᠤ᠂ ᠡᠳ᠋ᠰᠢᠭᠦᠯᠬᠦ ᠤᠰᠤᠨ ᠤ ᠶᠠᠰᠤ ᠴᠢᠨᠠᠷ ᠨᠢ ᠤᠯᠤᠰ ᠤᠨ ︽ᠠᠮᠢᠳᠤᠷᠠᠯ ᠤᠨ ᠤᠤᠭᠤᠬᠤ ᠤᠰᠤᠨ ᠤ ᠡᠷᠡᠭᠦᠯ ᠬᠠᠮᠠᠭᠠᠯᠠᠯ ᠤᠨ ᠪᠠᠷᠢᠮᠵᠢᠶ᠎ᠠ︾ ︵GB5749—2006︶ ᠶᠢᠨ ᠲᠣᠭᠲᠠᠭᠠᠯ ᠳᠤ ᠨᠡᠶᠢᠴᠡᠭᠰᠡᠨ ᠪᠠᠶᠢᠬᠤ ᠶᠢᠨ ᠬᠠᠮᠲᠤ᠂ ᠨᠠᠭᠠᠳᠤ ᠵᠠᠬ᠎ᠠ ᠳᠠᠭᠠᠨ ᠢᠳᠡᠭᠡᠨ ᠤᠬᠢᠶᠠᠬᠤ 2 ᠲᠠᠲᠠᠭᠠᠯ ᠲᠠᠢ ᠪᠠᠶᠢᠵᠤ᠂ ᠡᠵᠡᠩᠨᠡᠯᠲᠡ ᠶᠢᠨ ᠲᠠᠯᠠᠪᠤᠷ ᠲᠤ ᠰᠤᠷᠤᠭᠴᠢᠳ ᠤᠨ ᠭᠠᠷ ᠤᠬᠢᠶᠠᠬᠤ ᠳᠤ ᠲᠤᠰᠬᠠᠶ ᠬᠡᠷᠡᠭᠯᠡᠬᠦ ᠤᠰᠤᠨ ᠤ ᠲᠠᠲᠠᠭᠠᠯ ᠲᠠᠢ ᠪᠠᠶᠢᠬᠤ᠃       ︵ᠵᠢᠷᠭᠤᠭ᠎ᠠ︶ ᠬᠡᠪ ᠤᠨ ᠶᠣᠰᠣᠭᠠᠷ ᠠᠵᠢᠯᠯᠠᠬᠤ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ  ᠪᠡᠯᠡᠳᠬᠡᠮᠵᠢ ᠲᠤᠬᠢᠷᠠᠭᠤᠯᠤᠭᠰᠠᠨ ᠪᠠᠶᠢᠬᠤ᠃       ︵ᠳᠣᠯᠤᠭ᠎ᠠ︶ ᠡᠳ᠋ᠰᠢᠭᠦᠯᠬᠦ ᠲᠠᠯᠠᠪᠤᠷ ᠤᠨ ᠭᠠᠵᠠᠷ ᠤᠨ ᠭᠠᠳᠠᠷᠭᠤ ᠳᠤ ᠤᠰᠤ ᠨᠡᠪᠲᠡᠷᠡᠬᠦ ᠥᠬᠡᠶ᠂ ᠭᠬᠢᠷ ᠬᠤᠷᠠᠬᠤ ᠥᠬᠡᠶ᠂ ᠤᠬᠢᠶᠠᠵᠤ ᠴᠡᠪᠡᠷᠯᠡᠬᠦ ᠳᠤ ᠬᠢᠯᠪᠠᠷ᠂ ᠬᠠᠯᠲᠤᠷᠢᠬᠤ ᠠᠴᠠ ᠰᠡᠷᠭᠡᠶᠢᠯᠡᠬᠦ ᠮᠠᠲ᠋ᠧᠷᠢᠶᠠᠯ ᠢ ᠳᠡᠪᠢᠰᠴᠦ᠂ ᠬᠡᠷᠡᠮ ᠳᠡᠭᠡᠷ᠎ᠡ 1.5 m ᠠᠴᠠ ᠦᠨᠳᠦᠷ᠂ ᠭᠦᠢᠬᠡᠨ ᠥᠩᠭᠡ ᠲᠠᠢ᠂ ᠤᠰᠤ ᠰᠤᠷᠤᠬᠤ ᠥᠬᠡᠶ᠂ ᠤᠬᠢᠶᠠᠵᠤ ᠴᠡᠪᠡᠷᠯᠡᠬᠦ ᠳᠤ ᠬᠢᠯᠪᠠᠷ ᠬᠠᠶᠠᠭᠠᠪᠴᠢ ᠳᠡᠪᠢᠰᠴᠦ᠂ ᠳᠡᠭᠡᠪᠦᠷ ᠲᠤ ᠸᠠᠯᠠᠬᠤ ᠠᠴᠠ ᠰᠡᠷᠭᠡᠶᠢᠯᠡᠬᠦ᠂ ᠤᠰᠤ ᠰᠡᠷᠭᠡᠶᠢᠯᠡᠬᠦ ᠮᠠᠲ᠋ᠧᠷᠢᠶᠠᠯ ᠢ ᠲᠦᠷᠬᠢᠭᠰᠡᠨ ᠪᠠᠶᠢᠬᠤ᠃       ︵ᠨᠠᠢᠮᠠ︶ ᠠᠵᠢᠯᠯᠠᠭᠰᠠᠳ ᠵᠢᠯ ᠪᠦᠷᠢ ᠡᠷᠬᠡᠪᠰᠢ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ᠂ ᠡᠷᠡᠭᠦᠯ ᠮᠡᠨᠳᠦ ᠶᠢᠨ ᠬᠢᠷᠢ ᠲᠡᠩᠴᠡᠭᠰᠡᠨ ᠭᠡᠷᠡᠴᠢ ᠣᠯᠤᠭᠰᠠᠨ ᠤ ᠳᠠᠷᠠᠭ᠎ᠠ ᠰᠠᠶ᠋ᠢ ᠠᠵᠢᠯ ᠳᠤ ᠣᠷᠣᠯᠴᠠᠵᠤ ᠪᠣᠯᠤᠨ᠎ᠠ᠃       ︵ᠶᠢᠰᠦ︶ ᠢᠳᠡᠭᠡᠨ ᠬᠤᠳᠠᠯᠳᠤᠨ ᠠᠪᠬᠤ ᠳᠤ ᠪᠠᠷᠠᠭ᠎ᠠ ᠬᠠᠩᠭᠠᠭᠴᠢ ᠶᠢᠨ ᠵᠥᠪᠰᠢᠶᠡᠷᠡᠯ ᠤᠨ ᠦᠨᠡᠮᠯᠡᠯ ᠪᠠ ᠢᠳᠡᠭᠡᠨ ᠤ ᠦᠢᠯᠡᠳᠪᠦᠷᠢ ᠠᠴᠠ ᠭᠠᠷᠬᠤ ᠳᠤ ᠬᠢᠷᠢ ᠲᠡᠩᠴᠡᠭᠰᠡᠨ ᠦᠨᠡᠮᠯᠡᠯ ᠪᠤᠶᠤ ᠪᠤᠰᠤᠳ ᠬᠢᠷᠢ ᠲᠡᠩᠴᠡᠭᠰᠡᠨ ᠭᠡᠷᠡᠴᠢ ᠶᠢ ᠪᠠᠶᠢᠴᠠᠭᠠᠨ ᠰᠢᠯᠭᠠᠨ᠎ᠠ᠃ ᠢᠳᠡᠭᠡᠨ ᠬᠤᠳᠠᠯᠳᠤᠨ ᠠᠪᠤᠭᠰᠠᠨ ᠫᠢᠶᠣᠣ ᠪᠠᠷᠢᠮᠲᠠ ᠶᠢᠨ ᠦᠯᠡᠳᠡᠭᠡᠬᠦ ᠬᠤᠭᠤᠴᠠᠭ᠎ᠠ ᠨᠢ ᠨᠢᠭᠡ ᠵᠢᠯ ᠠᠴᠠ ᠳᠤᠲᠠᠭᠤ ᠪᠠᠶᠢᠵᠤ ᠪᠣᠯᠬᠤ ᠦᠭᠡᠶ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ