︵ᠠᠷᠪᠠ︶ ᠬᠡᠷᠡᠭᠯᠡᠬᠦ ᠤᠬᠢᠶᠠᠭᠴᠢ ᠡᠳ᠋᠂ ᠠᠷᠢᠭᠤᠳᠬᠠᠭᠴᠢ ᠡᠳ᠋ ᠨᠢ ᠬᠥᠮᠦᠨ ᠤ ᠪᠡᠶ᠎ᠡ ᠶᠢᠨ ᠠᠮᠤᠷ ᠲᠦᠪᠰᠢᠨ ᠳᠤ ᠬᠤᠣᠷ ᠦᠭᠡᠢ᠂ ᠬᠤᠷᠣᠬᠠᠢ ᠠᠯᠠᠬᠤ | ᠡᠳ᠋ ᠵᠡᠷᠭᠡ ᠶᠢ ᠲᠣᠬᠢᠲᠠᠢ ᠬᠠᠳᠠᠭᠠᠯᠠᠨ ᠬᠠᠮᠢᠶᠠᠷᠴᠤ᠂ ᠢᠳᠡᠭᠡᠨ ᠲᠠᠢ ᠬᠠᠮᠲᠤ ᠨᠢᠭᠡ ᠲᠠᠯᠠᠪᠤᠷ ᠲᠤ ᠬᠠᠳᠠᠭᠠᠯᠠᠨ ᠲᠠᠯᠪᠢᠵᠤ ᠪᠣᠯᠬᠤ ᠦᠭᠡᠢ᠃ | ︵ᠠᠷᠪᠠᠨ ᠨᠢᠭᠡ︶ ᠠᠵᠢᠯᠯᠠᠭᠰᠠᠳ ᠠᠷᠢᠭᠤᠨ ᠴᠡᠪᠡᠷ ᠠᠵᠢᠯ ᠤᠨ ᠬᠤᠪᠴᠠᠰᠤ ᠮᠠᠯᠠᠭᠠᠢ ᠡᠮᠦᠰᠴᠤ᠂ ᠠᠮᠠᠪᠴᠢ ᠵᠡᠬᠦᠵᠦ᠂ ᠢᠳᠡᠭᠡᠨ ᠪᠤᠯᠪᠠᠰᠤᠷᠠᠭᠤᠯᠬᠤ | ᠳᠠᠭᠠᠨ ᠵᠠᠰᠠᠯ ᠴᠢᠮᠡᠭᠯᠡᠯ ᠵᠡᠷᠭᠡ ᠢᠳᠡᠭᠡᠨ ᠤ ᠠᠮᠤᠷ ᠲᠦᠪᠰᠢᠨ ᠢ ᠬᠠᠷᠰᠢᠯᠠᠬᠤ ᠪᠣᠳᠠᠰ ᠢ ᠵᠡᠭᠦᠵᠦ ᠪᠣᠯᠬᠤ ᠦᠭᠡᠢ ᠪᠥᠭᠡᠳ ᠬᠤᠪᠢ ᠬᠥᠮᠦᠨ ᠤ ᠡᠷᠡᠭᠦᠯ ᠬᠠᠮᠠᠭᠠᠯᠠᠯ ᠢ | ᠪᠠᠲᠤᠯᠠᠨ᠎ᠠ᠃ | ︵ᠠᠷᠪᠠᠨ ᠬᠤᠶᠠᠷ︶ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠲᠣᠳᠣᠷᠬᠠᠶᠢᠯᠠᠨ᠂ ᠭᠠᠯ ᠤᠨᠲᠠᠷᠠᠭᠠᠬᠤ ᠠᠮᠤᠷ ᠲᠦᠪᠰᠢᠨ ᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠲᠣᠭᠲᠠᠭᠠᠨ᠂ ᠭᠠᠯ | ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠬᠥᠮᠦᠵᠢᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠵᠤᠬᠢᠶᠠᠨ | ᠪᠠᠶᠢᠭᠤᠯᠤᠨ᠎ᠠ︔ | ︵ᠠᠷᠪᠠᠨ ᠭᠤᠷᠪᠠ︶ ᠲᠣᠭᠤᠭᠠᠨ ᠭᠡᠷ ᠤᠨ ᠬᠤᠭᠤᠯᠠ ᠤᠮᠳᠠᠭᠠᠨ ᠤ ᠲᠣᠭᠤᠷᠢᠭ ᠪᠣᠯᠤᠨ ᠠᠵᠢᠯᠯᠠᠬᠤ ᠲᠠᠰᠤᠭ ᠢ ᠲᠠᠯᠠᠪᠤᠷ ᠭᠠᠵᠠᠷ ᠤᠨ ᠭᠠᠯ ᠤᠨ | ᠠᠶᠤᠯ ᠤᠨ ᠲᠦᠭᠰᠢᠭᠦᠷᠢᠲᠦ ᠴᠢᠨᠠᠷ ᠯᠤᠭ᠎ᠠ ᠲᠣᠬᠢᠷᠠᠯᠴᠠᠭᠰᠠᠨ ᠭᠠᠯ ᠰᠡᠷᠭᠡᠶᠢᠯᠡᠬᠦ᠂ ᠭᠠᠯ ᠤᠨᠲᠠᠷᠠᠭᠠᠬᠤ ᠪᠡᠯᠡᠳᠬᠡᠮᠵᠢ ᠬᠡᠷᠡᠭᠰᠡᠯ ᠲᠠᠢ ᠠᠰᠲᠠᠭᠠᠨ ᠪᠠᠶᠢᠷᠢᠯᠠᠭᠤᠯᠬᠤ ᠶᠢᠨ | ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠯᠳᠠ ᠶᠠᠪᠤᠭᠤᠯᠤᠨ᠎ᠠ︔ | ︵ᠠᠷᠪᠠᠨ ᠳᠥᠷᠪᠡ︶ ᠲᠣᠭᠤᠭᠠᠨ ᠭᠡᠷ ᠤᠨ ᠠᠵᠢᠯᠯᠠᠬᠤ ᠲᠠᠰᠤᠭ ᠤᠨ ᠭᠠᠯᠯᠠᠬᠤ ᠬᠡᠰᠡᠭ ᠢ ᠪᠤᠰᠤᠳ ᠣᠷᠣᠨ ᠬᠡᠰᠡᠭ ᠤᠨ ᠭᠠᠯ ᠰᠡᠷᠬᠡᠶᠢᠯᠡᠯᠳᠡ ᠯᠦᠭᠡ | ᠰᠠᠯᠭᠠᠵᠤ ᠵᠠᠭᠠᠭᠯᠠᠬᠤ ᠮᠥᠷᠲᠡᠭᠡᠨ ᠰᠢᠲᠠᠮᠠᠬᠠᠢ ᠮᠠᠲ᠋ᠧᠷᠢᠶᠠᠯ ᠢᠶᠠᠷ ᠵᠠᠰᠠᠵᠤ ᠴᠢᠮᠡᠵᠦ ᠪᠣᠯᠬᠤ ᠦᠭᠡᠢ︔ | ︵ᠠᠷᠪᠠᠨ ᠲᠠᠪᠤ︶ ᠰᠢᠩᠭᠡᠨ ᠪᠡᠶᠡᠲᠦ ᠲᠦᠯᠡᠰᠢ ᠬᠡᠷᠡᠭᠯᠡᠬᠦ ᠲᠣᠭᠤᠭᠠᠨ ᠭᠡᠷ ᠲᠤ ᠲᠤᠰᠠᠭᠠᠷ ᠲᠣᠰᠣ ᠬᠠᠳᠠᠭᠠᠯᠠᠬᠤ ᠲᠠᠰᠤᠭ ᠭᠠᠷᠭᠠᠨ᠎ᠠ᠃ ᠭᠠᠵᠠᠷ ᠳᠤᠤᠷᠠᠬᠢ | ᠪᠠᠷᠢᠯᠭ᠎ᠠ ᠳᠤᠳᠤᠷ᠎ᠠ ᠰᠢᠩᠭᠡᠵᠢᠯ ᠴᠢᠯᠠᠭᠤᠨ ᠲᠣᠰᠣᠨ ᠤ ᠬᠡᠶ ᠪᠠᠷ ᠲᠦᠯᠡᠰᠢ ᠬᠠᠩᠭᠠᠬᠤ ᠶᠢ ᠴᠢᠩᠭ᠎ᠠ ᠬᠤᠷᠢᠭᠯᠠᠵᠤ᠂ ᠭᠠᠵᠠᠷ ᠳᠡᠭᠡᠷ᠎ᠡ ᠰᠢᠩᠭᠡᠵᠢᠯ ᠴᠢᠯᠠᠭᠤᠨ | ᠲᠣᠰᠣᠨ ᠤ ᠬᠡᠶ ᠶᠢᠨ ᠪᠣᠯᠣᠳ ᠲᠦᠩᠰᠡ ᠶᠢ ᠬᠡᠷᠡᠭᠯᠡᠬᠦ ᠳᠤ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠬᠦᠯᠦᠨ᠎ᠡ︔ ︵ᠠᠷᠪᠠᠨ ᠵᠢᠷᠭᠤᠭ᠎ᠠ︶ | ᠲᠣᠰᠣᠨ ᠤᠲᠤᠭ᠎ᠠ ᠶᠢᠨ ᠬᠤᠭᠤᠯᠠᠶ ᠶᠢ ᠤᠯᠠᠷᠢᠯ ᠪᠦᠷᠢ ᠨᠢᠭᠡ ᠤᠳᠠᠭ᠎ᠠ ᠲᠥᠪᠯᠡᠷᠡᠭᠦᠯᠦᠨ ᠤᠬᠢᠶᠠᠬᠤ ᠶᠢ ᠵᠣᠬᠢᠶᠠᠨ ᠪᠠᠶᠢᠭᠤᠯᠵᠤ᠂ ᠴᠠᠬᠢᠯᠭᠠᠨ ᠤᠲᠠᠰᠤ᠂ | ᠴᠠᠬᠢᠯᠭᠠᠨ ᠲᠥᠬᠦᠭᠡᠷᠦᠮᠵᠢ ᠶᠢᠨ ᠬᠠᠮᠢᠶᠠᠷᠤᠯᠲᠠ ᠶᠢ ᠴᠢᠩᠭᠠᠳᠬᠠᠨ᠂ ᠳᠤᠷ᠎ᠠ ᠪᠠᠷ ᠢᠶᠠᠨ ᠲᠠᠲᠠᠵᠤ ᠳᠤᠷ᠎ᠠ ᠪᠠᠷ ᠢᠶᠠᠨ ᠵᠠᠯᠭᠠᠵᠤ ᠪᠣᠯᠬᠤ ᠦᠭᠡᠶ ᠪᠥᠭᠡᠳ ᠬᠤᠭᠤᠯᠠᠶ | ᠤᠭᠰᠠᠷᠠᠨ ᠬᠠᠮᠠᠭᠠᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠵᠤ ᠬᠠᠮᠠᠭᠠᠯᠠᠨ᠂ ᠳᠠᠭᠠᠭᠠᠴᠠ ᠠᠴᠠ ᠬᠡᠲᠦᠷᠡᠭᠦᠯᠦᠨ ᠴᠠᠬᠢᠯᠭᠠᠨ ᠬᠡᠷᠡᠭᠯᠡᠬᠦ ᠶᠢ | ᠬᠤᠷᠢᠭᠯᠠᠨ᠎ᠠ᠃ |