ᠬᠥᠯᠥᠨ ᠪᠤᠶᠢᠷ ᠬᠤᠲᠠ ᠶᠢᠨ ᠰᠤᠷᠤᠭᠴᠢᠳ ᠤᠨ ︽ᠵᠢᠵᠢᠭ ᠬᠤᠭᠤᠯᠠᠨ ᠰᠢᠷᠡᠭᠡ︾ ᠶᠢᠨ ᠢᠳᠡᠭᠡᠨ ᠤ ᠠᠮᠤᠷ ᠲᠦᠪᠰᠢᠨ ᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠠᠷᠭ᠎ᠠ ︵ᠳᠦᠷᠪᠡ︶
ᠨᠡᠶᠢᠲᠡᠯᠡᠭᠰᠡᠨ ᠴᠠᠭ᠄
2021/10/21
      ᠳᠣᠯᠣᠳᠤᠭᠠᠷ ᠵᠦᠢᠯ ᠲᠤᠬᠠᠶ ᠶᠢᠨ ᠲᠠᠯᠠᠪᠠᠶ ᠳᠤ ᠬᠢᠨᠠᠨ ᠪᠠᠶᠢᠴᠠᠭᠠᠬᠤ ᠦᠶ᠎ᠡ ᠳᠤ᠂ ᠬᠠᠤᠯᠢ ᠬᠡᠷᠡᠭᠵᠢᠭᠦᠯᠬᠦ ᠠᠵᠢᠯᠲᠠᠨ ᠨᠢ 2 ᠬᠥᠮᠦᠨ ᠠᠴᠠ ᠴᠦᠬᠡᠨ ᠪᠠᠶᠢᠵᠤ ᠪᠣᠯᠬᠤ ᠥᠬᠡᠶ᠂ ᠬᠦᠴᠦᠨ ᠪᠥᠬᠦᠶ ᠭᠡᠷᠡᠴᠢ ᠦᠨᠡᠮᠯᠡᠯ ᠢᠶᠠᠨ ᠭᠠᠷᠭᠠᠨ ᠦᠵᠡᠭᠦᠯᠵᠦ᠂ ᠢᠷᠡᠭᠰᠡᠨ ᠰᠠᠨᠠᠭ᠎ᠠ ᠪᠠᠨ ᠲᠣᠳᠣᠷᠬᠠᠶᠢᠯᠠᠨ᠂ ︽ᠬᠥᠯᠥᠨ ᠪᠤᠶᠢᠷ ᠬᠤᠲᠠ ᠶᠢᠨ ᠰᠤᠷᠤᠭᠴᠢᠳ ᠤᠨ ︿ᠵᠢᠵᠢᠭ ᠬᠤᠭᠤᠯᠠᠨ ᠰᠢᠷᠡᠭᠡ﹀ ᠶᠢᠨ ᠢᠳᠡᠭᠡᠨ ᠤ ᠠᠮᠤᠷ ᠲᠦᠪᠰᠢᠨ ᠤ ᠪᠦᠷᠢᠳᠬᠡᠨ ᠳᠡᠩᠰᠡᠯᠡᠵᠦ ᠬᠢᠨᠠᠨ ᠪᠠᠶᠢᠴᠠᠭᠠᠬᠤ ᠬᠦᠰᠦᠨᠦᠭᠲᠦ︾ ︵ᠳᠠᠭᠠᠯᠳᠤᠭᠤᠯᠤᠯ 2︶ ᠶᠢ ᠲᠠᠭᠯᠠᠵᠤ᠂ ︽ᠵᠢᠵᠢᠭ ᠬᠤᠭᠤᠯᠠᠨ ᠰᠢᠷᠡᠭᠡ︾ ᠶᠢᠨ ᠡᠵᠡᠩᠨᠡᠭᠴᠢ ᠬᠠᠷᠭᠤᠭᠤᠯᠤᠭᠠᠳ ᠲᠠᠰᠢᠶ᠎ᠠ ᠥᠬᠡᠶ ᠪᠠᠶᠢᠪᠠᠯ᠂ ᠬᠤᠶᠠᠷ ᠲᠠᠯ᠎ᠠ ᠪᠠᠷ ᠢᠶᠠᠨ ︽ᠬᠦᠯᠦᠨ ᠪᠤᠶᠢᠷ ᠬᠤᠲᠠ ᠶᠢᠨ ᠰᠤᠷᠤᠭᠴᠢᠳ ᠤᠨ ︿ᠵᠢᠵᠢᠭ ᠬᠤᠭᠤᠯᠠᠨ ᠰᠢᠷᠡᠭᠡ﹀ ᠶᠢᠨ ᠢᠳᠡᠭᠡᠨ ᠤ ᠠᠮᠤᠷ ᠲᠦᠪᠰᠢᠨ ᠤ ᠪᠦᠷᠢᠳᠬᠡᠨ ᠳᠡᠩᠰᠡᠯᠡᠵᠦ ᠬᠢᠨᠠᠨ ᠪᠠᠶᠢᠴᠠᠭᠠᠬᠤ ᠬᠦᠰᠦᠨᠦᠭᠲᠦ︾ ᠳᠡᠭᠡᠷ᠎ᠡ ᠭᠠᠷ ᠤᠨ ᠥᠰᠥᠭ ᠵᠢᠷᠤᠬᠤ ᠪᠤᠶᠤ ᠲᠠᠮᠠᠭ᠎ᠠ ᠳᠠᠷᠤᠨ᠎ᠠ᠃ ︽ᠵᠢᠵᠢᠭ ᠬᠤᠭᠤᠯᠠᠨ ᠰᠢᠷᠡᠭᠡ︾ ᠶᠢᠨ ᠡᠵᠡᠩᠨᠡᠭᠴᠢ ᠭᠠᠷ ᠤᠨ ᠦᠰᠦᠭ ᠵᠢᠷᠤᠬᠤ ᠪᠤᠶᠤ ᠲᠠᠮᠠᠭ᠎ᠠ ᠪᠠᠨ ᠳᠠᠷᠤᠬᠤ ᠶᠢ ᠲᠡᠪᠴᠢᠭᠰᠡᠨ ᠪᠠᠶᠢᠪᠠᠯ᠂ ᠬᠠᠤᠯᠢ ᠬᠡᠷᠡᠭᠵᠢᠭᠦᠯᠬᠦ ᠠᠵᠢᠯᠳᠠᠨ ᠪᠠᠶᠢᠳᠠᠯ ᠢ ᠲᠣᠳᠣᠷᠬᠠᠶᠢᠯᠠᠵᠤ ᠂ ᠳᠠᠩᠰᠠᠯᠠᠭᠤᠯᠬᠤ ᠶᠢ ᠲᠡᠪᠴᠢᠭᠰᠡᠨ ᠢᠶᠠᠷ ᠦᠵᠡᠨ᠎ᠡ᠃ ︽ᠵᠢᠵᠢᠭ ᠬᠤᠭᠤᠯᠠᠨ ᠰᠢᠷᠡᠭᠡ︾ ᠶᠢᠨ ᠡᠵᠡᠩᠨᠡᠭᠴᠢ ᠨᠢ ᠬᠠᠤᠯᠢ ᠬᠡᠷᠡᠭᠵᠢᠭᠦᠯᠬᠦ ᠠᠵᠢᠯᠲᠠᠨ ᠤ ᠱᠠᠭᠠᠷᠳᠠᠯᠭ᠎ᠠ ᠶᠣᠰᠣᠭᠠᠷ᠂ ᠳᠠᠭᠠᠯᠳᠤᠭᠤᠯᠤᠯ 2 ᠤᠨ ᠳᠣᠲᠣᠷᠠᠬᠢ ᠬᠠᠮᠢᠶ᠎ᠠ ᠪᠦᠬᠦᠢ ᠮᠠᠲ᠋ᠧᠷᠢᠶᠠᠯ ᠢ ᠦᠨᠡᠨ ᠮᠦᠨ ᠢᠶᠠᠷ ᠨᠢ ᠬᠠᠩᠭᠠᠨ᠎ᠠ᠃       ᠨᠠᠢᠮᠠᠳᠤᠭᠠᠷ ᠵᠦᠢᠯ ᠬᠤᠰᠢᠭᠤ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠤᠬᠠᠶ ᠶᠢᠨ ᠲᠠᠯᠠᠪᠠᠶ ᠶᠢᠨ ᠬᠢᠨᠠᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ᠂ 7 ᠠᠵᠢᠯᠯᠠᠬᠤ ᠡᠳᠦᠷ ᠤᠨ ᠳᠣᠲᠣᠷ᠎ᠠ ᠳᠠᠩᠰᠠᠯᠠᠭᠤᠯᠬᠤ ᠶᠢ ᠵᠥᠪᠰᠢᠶᠡᠷᠡᠬᠦ ᠡᠰᠡᠬᠦ ᠶᠢᠨ ᠲᠤᠬᠠᠢ ᠲᠣᠭᠲᠠᠭᠠᠯ ᠭᠠᠷᠭᠠᠨ᠎ᠠ᠃ ᠳᠠᠩᠰᠠᠯᠠᠵᠤ ᠦᠭᠭᠦᠭᠰᠡᠨ ᠦᠭᠡᠢ ᠪᠠᠶᠢᠪᠠᠯ᠂ ᠤᠴᠢᠷ ᠰᠢᠯᠲᠠᠭᠠᠨ ᠢᠶᠠᠨ ᠪᠢᠴᠢᠭ ᠢᠶᠠᠷ ᠲᠣᠳᠣᠷᠬᠠᠶᠢᠯᠠᠨ᠎ᠠ᠃       ᠶᠢᠰᠦᠳᠦᠭᠡᠷ ᠵᠦᠢᠯ ︽ᠵᠢᠵᠢᠭ ᠬᠤᠭᠤᠯᠠᠨ ᠰᠢᠷᠡᠭᠡ︾ ᠶᠢᠨ ᠳᠠᠩᠰᠠᠯᠠᠨ ᠲᠡᠮᠳᠡᠭᠯᠡᠭᠰᠡᠨ ᠨᠡᠷᠡᠶᠢᠳᠦᠯ᠂ ᠬᠠᠷᠢᠭᠤᠴᠠᠯᠭᠠᠲᠠᠨ᠂  ᠬᠠᠶ᠋ᠢᠭ ᠡᠭᠦᠳᠡᠨ ᠨᠣᠮᠧᠷ ︵ᠪᠣᠳᠠᠲᠠᠶ ᠡᠵᠡᠩᠨᠡᠯᠲᠡ ᠶᠢᠨ ᠲᠠᠯᠠᠪᠤᠷ ᠭᠠᠵᠠᠷ ᠢᠶᠠᠨ ᠬᠤᠪᠢᠷᠠᠭᠤᠯᠤᠭᠰᠠᠨ ᠦᠭᠡᠶ︶ ᠵᠡᠷᠭᠡ ᠮᠡᠳᠡᠭᠡ ᠵᠠᠩᠭᠢ ᠳᠤ ᠬᠤᠪᠢᠷᠠᠯᠲᠠ ᠭᠠᠷᠪᠠᠯ᠂ ᠬᠤᠪᠢᠷᠠᠯᠲᠠ ᠭᠠᠷᠬᠤ ᠠᠴᠠ ᠡᠮᠦᠨᠡᠬᠢ 7 ᠠᠵᠢᠯᠯᠠᠬᠤ ᠡᠳᠦᠷ ᠤᠨ ᠳᠣᠲᠣᠷ᠎ᠠ ᠤᠤᠯ ᠤᠨ ᠳᠠᠩᠰᠠᠯᠠᠭᠤᠯᠤᠭᠰᠠᠨ ᠰᠠᠯᠠᠭ᠎ᠠ ᠮᠥᠴᠢᠷ ᠲᠤ ᠬᠤᠪᠢᠷᠠᠭᠤᠯᠬᠤ ᠪᠠᠷ ᠭᠤᠶᠤᠴᠢᠯᠠᠵᠤ᠂ ᠵᠥᠪᠰᠢᠶᠡᠷᠡᠭᠦᠯᠦᠭᠡᠳᠦᠶ ᠪᠠᠷ ᠬᠤᠪᠢᠷᠠᠭᠤᠯᠵᠤ ᠪᠣᠯᠬᠤ ᠦᠭᠡᠶ᠃ ᠤᠤᠯ ᠤᠨ ᠳᠠᠩᠰᠠᠯᠠᠭᠤᠯᠤᠭᠰᠠᠨ ᠰᠠᠯᠠᠭ᠎ᠠ ᠮᠥᠴᠢᠷ ᠨᠢ ᠬᠤᠪᠢᠷᠠᠭᠤᠯᠬᠤ ᠪᠠᠷ ᠭᠤᠶᠤᠴᠢᠯᠠᠭᠰᠠᠨ ᠠᠭᠤᠯᠭ᠎ᠠ ᠪᠠᠷ ᠭᠤᠣᠯᠳᠠᠯᠭ᠎ᠠ ᠪᠣᠯᠭᠠᠨ ᠬᠢᠨᠠᠨ ᠬᠠᠷᠭᠤᠭᠤᠯᠤᠨ᠎ᠠ᠃ ᠬᠤᠰᠢᠭᠤ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠪᠢᠷᠠᠭᠤᠯᠬᠤ ᠶᠢ ᠵᠥᠪᠰᠢᠶᠡᠷᠡᠭᠰᠡᠨ ᠪᠠᠶᠢᠪᠠᠯ᠂ ︽ᠬᠥᠯᠥᠨ ᠪᠤᠶᠢᠷ ᠬᠤᠲᠠ ᠶᠢᠨ ᠰᠤᠷᠤᠭᠴᠢᠳ ᠤᠨ ︿ᠵᠢᠵᠢᠭ ᠬᠤᠭᠤᠯᠠᠨ ᠰᠢᠷᠡᠭᠡ﹀ ᠶᠢᠨ ᠢᠳᠡᠭᠡᠨ ᠤ ᠠᠮᠤᠷ ᠲᠦᠪᠰᠢᠨ ᠤ ᠳᠠᠩᠰᠠᠯᠠᠭᠤᠯᠤᠭᠰᠠᠨ ᠦᠨᠡᠮᠯᠡᠯ︾ ᠢ ᠰᠢᠨ᠎ᠡ ᠪᠠᠷ ᠣᠯᠭᠤᠵᠤ᠂ ᠤᠤᠯ ᠤᠨ ᠳᠠᠩᠰᠠᠯᠠᠭᠤᠯᠤᠭᠰᠠᠨ ᠨᠣᠮᠧᠷ ᠪᠣᠯᠤᠨ ᠬᠦᠴᠦᠨ ᠲᠠᠢ ᠬᠤᠭᠤᠴᠠᠭ᠎ᠠ ᠶᠢ ᠨᠢ ᠬᠤᠪᠢᠷᠠᠭᠤᠯᠬᠤ ᠥᠬᠡᠶ᠃       ᠠᠷᠪᠠᠳᠤᠭᠠᠷ ᠵᠦᠢᠯ ︽ᠵᠢᠵᠢᠭ ᠬᠤᠭᠤᠯᠠᠨ ᠰᠢᠷᠡᠭᠡ︾ ᠶᠢᠨ ᠡᠵᠡᠩᠨᠡᠯᠳᠡ ᠶᠢᠨ ᠬᠤᠭᠤᠴᠠᠭ᠎ᠠ ᠨᠢ ᠲᠦᠬᠦᠷᠦᠬᠡᠳ ᠦᠷᠬᠦᠯᠵᠢᠯᠡᠨ ᠡᠵᠡᠩᠨᠡᠬᠦ ᠴᠢᠬᠤᠯᠠ ᠲᠠᠢ ᠪᠤᠯ᠂ ᠡᠵᠡᠩᠨᠡᠭᠴᠢ ᠠᠴᠠ ᠬᠦᠴᠦᠨ ᠲᠠᠢ ᠬᠤᠭᠤᠴᠠᠭ᠎ᠠ ᠳᠦᠬᠦᠷᠬᠦ ᠠᠴᠠ 30 ᠡᠳᠦᠷ ᠤᠨ ᠡᠮᠦᠨ᠎ᠡ ᠤᠤᠯ ᠤᠨ ᠳᠠᠩᠰᠠᠯᠠᠭᠤᠯᠤᠭᠰᠠᠨ ᠰᠠᠯᠠᠭ᠎ᠠ ᠮᠦᠴᠢᠷ ᠲᠤ ᠬᠦᠷᠴᠦ ᠦᠷᠬᠦᠯᠵᠢᠯᠡᠬᠦᠯᠬᠦ ᠦᠨᠡᠮᠯᠡᠯ ᠰᠤᠯᠢᠬᠤ ᠶᠢ ᠭᠦᠢᠴᠡᠳᠬᠡᠨ᠎ᠡ᠃ ᠬᠤᠭᠤᠴᠠᠭ᠎ᠠ ᠬᠡᠲᠦᠷᠡᠬᠦᠯᠦᠨ ᠦᠷᠭᠦᠯᠵᠢᠯᠡᠭᠦᠯᠬᠦ ᠭᠤᠶᠤᠴᠢᠯᠠᠯ ᠳᠤᠷᠠᠳᠤᠭᠰᠠᠨ ᠪᠠᠶᠢᠪᠠᠯ᠂ ᠰᠢᠨ᠎ᠡ ᠪᠠᠷ ᠭᠤᠶᠤᠴᠢᠯᠠᠭᠰᠠᠨ ︽ᠬᠥᠯᠥᠨ ᠪᠤᠶᠢᠷ ᠬᠤᠲᠠ ᠶᠢᠨ ᠰᠤᠷᠤᠭᠴᠢᠳ ᠤᠨ ︿ᠵᠢᠵᠢᠭ ᠬᠤᠭᠤᠯᠠᠨ ᠰᠢᠷᠡᠭᠡ﹀ ᠶᠢᠨ ᠢᠳᠡᠭᠡᠨ ᠤ ᠠᠮᠤᠷ ᠲᠦᠪᠰᠢᠨ ᠤ ᠪᠦᠷᠢᠳᠬᠡᠨ ᠳᠠᠩᠰᠠᠯᠠᠭᠤᠯᠤᠭᠰᠠᠨ ᠦᠨᠡᠮᠯᠡᠯ︾ ᠶᠣᠰᠣᠭᠠᠷ ᠭᠦᠢᠴᠡᠳᠬᠡᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ