ᠠᠷᠪᠠᠨ ᠨᠢᠭᠡᠳᠦᠭᠡᠷ ᠵᠦᠢᠯ ᠤᠤᠯ ᠤᠨ ᠳᠠᠩᠰᠠᠯᠠᠭᠤᠯᠤᠭᠰᠠᠨ ᠰᠠᠯᠠᠭ᠎ᠠ ᠮᠥᠴᠢᠷ ᠦᠷᠭᠦᠯᠵᠢᠯᠡᠬᠦ ᠭᠤᠶᠤᠴᠢᠯᠠᠯ ᠢ ᠭᠠᠷᠳᠠᠭᠰᠠᠨ ᠤ ᠳᠠᠷᠠᠭ᠎ᠠ᠂ ᠬᠦᠴᠦᠨ ᠲᠠᠢ | ᠬᠤᠭᠤᠴᠠᠭᠠᠨ ᠳᠣᠲᠣᠷ᠎ᠠ ᠲᠤᠬᠠᠶ ᠶᠢᠨ ᠲᠠᠯᠠᠪᠠᠶ ᠳᠤ ᠬᠠᠷᠭᠤᠭᠤᠯᠤᠨ ᠪᠠᠶᠢᠴᠠᠭᠠᠯᠲᠠ ᠬᠢᠵᠦ᠂ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠳᠤᠨᠢ ᠦᠷᠭᠦᠯᠵᠢᠯᠡᠬᠦ | ᠭᠠᠷᠳᠠᠮ ᠢ ᠴᠠᠭ ᠲᠤᠬᠠᠶ ᠳᠤᠨᠢ ᠭᠦᠢᠴᠡᠳᠬᠡᠵᠦ᠂ ᠳᠠᠩᠰᠠᠯᠠᠭᠤᠯᠤᠭᠰᠠᠨ ᠦᠨᠡᠮᠯᠡᠯ ᠢ ᠳᠠᠬᠢᠵᠤ ᠬᠢᠨᠠᠨ ᠤᠯᠭᠤᠨ᠎ᠠ᠃ ᠬᠤᠪᠢᠷᠠᠭᠤᠯᠬᠤ ᠦᠭᠡᠶ᠂ ᠦᠷᠭᠦᠯᠵᠢᠯᠡᠬᠦ ᠦᠭᠡᠶ᠂ | ᠳᠠᠩᠰᠠᠯᠠᠭᠤᠯᠬᠤ ᠦᠨᠡᠮᠯᠡᠯ ᠢ ᠨᠥᠬᠦᠵᠦ ᠭᠦᠢᠴᠡᠳᠬᠡᠬᠦ ᠦᠭᠡᠶ ᠪᠣᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ︽ᠵᠢᠵᠢᠭ ᠬᠤᠭᠤᠯᠠᠨ | ᠰᠢᠷᠡᠭᠡ︾ ᠶᠢᠨ ᠡᠵᠡᠩᠨᠡᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠤᠳᠤᠷᠬᠠᠶᠢᠯᠠᠨ᠎ᠠ᠃ | ᠠᠷᠪᠠᠨ ᠬᠤᠶᠠᠳᠤᠭᠠᠷ ᠵᠦᠢᠯ ︽ᠬᠥᠯᠥᠨ ᠪᠤᠶᠢᠷ ᠬᠤᠲᠠ ᠶᠢᠨ ᠰᠤᠷᠤᠭᠴᠢᠳ ᠤᠨ ︿ᠵᠢᠵᠢᠭ ᠬᠤᠭᠤᠯᠠᠨ ᠰᠢᠷᠡᠭᠡ﹀ ᠶᠢᠨ ᠢᠳᠡᠭᠡᠨ ᠤ ᠠᠮᠤᠷ ᠲᠦᠪᠰᠢᠨ ᠤ | ᠪᠦᠷᠢᠳᠬᠡᠨ ᠳᠠᠩᠰᠠᠯᠠᠭᠰᠠᠨ ᠦᠨᠡᠮᠯᠡᠯ︾ ᠢᠶᠠᠨ ᠭᠡᠭᠡᠭᠰᠡᠨ ᠪᠠᠶᠢᠪᠠᠯ᠂ ᠭᠤᠶᠤᠴᠢᠯᠠᠭᠴᠢ ᠨᠢ ᠬᠤᠰᠢᠭᠤ ᠬᠤᠲᠠ ᠲᠣᠭᠤᠷᠢᠭ ᠤᠨ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠦᠯᠵᠢᠶᠡᠨ ᠳᠡᠭᠡᠷ᠎ᠡ ᠭᠡᠭᠡᠭᠰᠡᠨ ᠠᠯᠪᠠᠨ ᠵᠠᠷ ᠨᠡᠶᠢᠳᠡᠯᠡᠭᠰᠡᠨ | ᠮᠠᠲ᠋ᠧᠷᠢᠶᠠᠯ ᠢᠶᠠᠨ ᠲᠤᠰᠢᠶᠠᠨ᠎ᠠ︔ ︽ᠬᠥᠯᠥᠨ ᠪᠤᠶᠢᠷ ᠬᠤᠲᠠ ᠶᠢᠨ ᠰᠤᠷᠤᠭᠴᠢᠳ ᠤᠨ ︿ᠵᠢᠵᠢᠭ ᠬᠤᠭᠤᠯᠠᠨ ᠰᠢᠷᠡᠭᠡ﹀ ᠶᠢᠨ ᠢᠳᠡᠭᠡᠨ ᠤ ᠠᠮᠤᠷ ᠲᠦᠪᠰᠢᠨ ᠤ | ᠳᠠᠩᠰᠠᠯᠠᠭᠤᠯᠤᠭᠰᠠᠨ ᠦᠨᠡᠮᠯᠡᠯ︾ ᠨᠢ ᠡᠪᠳᠡᠷᠡᠵᠦ ᠰᠦᠢᠳᠦᠭᠰᠡᠨ ᠪᠤᠯ᠂ ᠡᠪᠳᠡᠷᠡᠵᠦ ᠰᠦᠢᠳᠦᠭᠰᠡᠨ ︽ᠵᠢᠵᠢᠭ ᠬᠤᠭᠤᠯᠠᠨ ᠰᠢᠷᠡᠭᠡ︾ ᠶᠢᠨ ᠢᠳᠡᠭᠡᠨ ᠤ ᠠᠮᠤᠷ | ᠲᠦᠪᠰᠢᠨ ᠤ ᠳᠠᠩᠰᠠᠯᠠᠭᠤᠯᠤᠭᠰᠠᠨ ᠦᠨᠡᠮᠯᠡᠯ︾ ᠤᠨ ᠤᠭ ᠡᠬᠡ ᠶᠢ ᠲᠤᠰᠢᠶᠠᠨ᠎ᠠ᠃ ︽ᠬᠥᠯᠥᠨ ᠪᠤᠶᠢᠷ ᠬᠤᠲᠠ ᠶᠢᠨ ᠰᠤᠷᠤᠭᠴᠢᠳ ᠤᠨ ︿ᠵᠢᠵᠢᠭ ᠬᠤᠭᠤᠯᠠᠨ | ᠰᠢᠷᠡᠭᠡ﹀ ᠶᠢᠨ ᠢᠳᠡᠭᠡᠨ ᠤ ᠵᠦᠢᠯ ᠤᠨ ᠠᠮᠤᠷ ᠲᠦᠪᠰᠢᠨ ᠤ ᠳᠠᠩᠰᠠᠯᠠᠭᠤᠯᠤᠭᠰᠠᠨ ᠦᠨᠡᠮᠯᠡᠯ︾ ᠨᠢ ᠭᠡᠭᠡᠭᠳᠡᠵᠦ᠂ ᠰᠦᠢᠳᠦᠭᠰᠡᠨ ᠠᠴᠠ ᠨᠥᠬᠦᠵᠦ ᠣᠯᠭᠤᠭᠰᠠᠨ ᠪᠤᠯ | ᠳᠠᠩᠰᠠᠯᠠᠭᠤᠯᠤᠭᠰᠠᠨ ᠨᠣᠮᠧᠷ ᠨᠢ ᠬᠤᠪᠢᠷᠠᠬᠤ ᠦᠭᠡᠶ᠂ ᠳᠠᠩᠰᠠᠯᠠᠭᠤᠯᠤᠭᠰᠠᠨ ᠡᠳᠦᠷ ᠬᠤᠭᠤᠴᠠᠭ᠎ᠠ ᠪᠠ ᠬᠦᠴᠦᠨ ᠲᠠᠢ ᠬᠤᠭᠤᠴᠠᠭ᠎ᠠ ᠨᠢ ᠤᠤᠯ ᠤᠨ ᠦᠨᠡᠮᠯᠡᠯ ᠲᠠᠢ | ᠨᠢᠭᠡᠳᠦᠯᠲᠡᠶ ᠪᠠᠶᠢᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠳᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠦᠨᠡᠮᠯᠡᠯ ᠣᠯᠭᠤᠬᠤ ᠰᠠᠯᠠᠭ᠎ᠠ ᠮᠥᠴᠢᠷ ᠨᠢ ᠳᠠᠩᠰᠠᠯᠠᠭᠤᠯᠤᠭᠰᠠᠨ ᠦᠨᠡᠮᠯᠡᠯ ᠢᠶᠠᠨ | ᠬᠠᠤᠯᠢ ᠶᠣᠰᠣᠭᠠᠷ ᠬᠦᠴᠦᠨ ᠥᠬᠡᠶ ᠪᠣᠯᠭᠠᠬᠤ ᠬᠡᠷᠡᠭᠲᠡᠶ᠄ | ︵ᠨᠢᠭᠡ︶ ︽ᠬᠥᠯᠥᠨ ᠪᠤᠶᠢᠷ ᠬᠤᠲᠠ ᠶᠢᠨ ᠰᠤᠷᠤᠭᠴᠢᠳ ᠤᠨ ︿ᠵᠢᠵᠢᠭ ᠬᠤᠭᠤᠯᠠᠨ ᠰᠢᠷᠡᠭᠡ﹀ ᠶᠢᠨ ᠢᠳᠡᠭᠡᠨ ᠤ ᠠᠮᠤᠷ ᠲᠦᠪᠰᠢᠨ ᠤ | ᠳᠠᠩᠰᠠᠯᠠᠭᠤᠯᠤᠭᠰᠠᠨ ᠦᠨᠡᠮᠯᠡᠯ︾ ᠤᠨ ᠬᠦᠴᠦᠨ ᠲᠠᠢ ᠬᠤᠭᠤᠴᠠᠭ᠎ᠠ ᠨᠢ ᠲᠦᠬᠦᠷᠦᠭᠡᠳ ᠦᠷᠭᠦᠯᠵᠢᠯᠡᠬᠦ ᠪᠠᠷ ᠭᠤᠶᠤᠴᠢᠯᠠᠭᠰᠠᠨ ᠥᠬᠡᠶ ᠪᠤᠶᠤ ᠦᠷᠭᠦᠯᠵᠢᠯᠡᠬᠦ | ᠭᠤᠶᠤᠴᠢᠯᠠᠯ ᠨᠢ ᠵᠥᠪᠰᠢᠶᠡᠷᠡᠭᠳᠡᠭᠰᠡᠨ ᠥᠬᠡᠶ ᠪᠠᠶᠢᠬᠤ᠃ | ︵ᠬᠤᠶᠠᠷ︶ ︽ᠵᠢᠵᠢᠭ ᠬᠤᠭᠤᠯᠠᠨ ᠰᠢᠷᠡᠭᠡ︾ ᠶᠢᠨ ᠡᠵᠡᠩᠨᠡᠭᠴᠢ ᠨᠢ ᠨᠠᠰᠤ ᠪᠠᠷᠠᠭᠰᠠᠨ᠃ | ︵ᠭᠤᠷᠪᠠ︶ ︽ᠬᠥᠯᠥᠨ ᠪᠤᠶᠢᠷ ᠬᠤᠲᠠ ᠶᠢᠨ ᠰᠤᠷᠤᠭᠴᠢᠳ ᠤᠨ ︿ᠵᠢᠵᠢᠭ ᠬᠤᠭᠤᠯᠠᠨ ᠰᠢᠷᠡᠭᠡ﹀ ᠶᠢᠨ ᠢᠳᠡᠭᠡᠨ ᠤ ᠠᠮᠤᠷ ᠲᠦᠪᠰᠢᠨ ᠤ | ᠳᠠᠩᠰᠠᠯᠠᠭᠤᠯᠤᠭᠰᠠᠨ ᠦᠨᠡᠮᠯᠡᠯ︾ ᠨᠢ ᠬᠠᠤᠯᠢ ᠶᠣᠰᠣᠭᠠᠷ ᠬᠦᠴᠦᠨ ᠦᠭᠡᠶ ᠪᠣᠯᠭᠠᠭᠳᠠᠭᠰᠠᠨ᠂ ᠪᠤᠴᠠᠭᠠᠭᠳᠠᠭᠰᠠᠨ ᠪᠤᠶᠤ ᠬᠤᠷᠢᠶᠠᠭᠳᠠᠵᠤ ᠬᠦᠴᠦᠨ ᠦᠭᠡᠶ | ᠪᠣᠯᠭᠠᠭᠳᠠᠭᠰᠠᠨ᠃ | ︵ᠳᠥᠷᠪᠡ︶ ︽ᠵᠢᠵᠢᠭ ᠬᠤᠭᠤᠯᠠᠨ ᠰᠢᠷᠡᠭᠡ︾ ᠶᠢᠨ ᠡᠵᠡᠩᠨᠡᠭᠴᠢ ᠰᠠᠨᠠᠭᠠᠴᠢᠯᠠᠭ᠎ᠠ ᠠᠴᠠ ᠪᠠᠨ ᠬᠦᠴᠦᠨ ᠦᠭᠡᠢ ᠪᠣᠯᠭᠠᠬᠤ ᠪᠠᠷ ᠭᠤᠶᠤᠴᠢᠯᠠᠭᠰᠠᠨ᠃ | ︵ᠲᠠᠪᠤ︶ ᠡᠰᠡᠷᠭᠦᠴᠡᠰᠢ ᠥᠬᠡᠶ ᠬᠦᠴᠦᠨ ᠠᠴᠠ ᠪᠣᠯᠵᠣ ︽ᠵᠢᠵᠢᠭ ᠬᠤᠭᠤᠯᠠᠨ ᠰᠢᠷᠡᠭᠡ︾ ᠶᠢᠨ ᠳᠠᠩᠰᠠᠯᠠᠭᠤᠯᠤᠭᠰᠠᠨ ᠵᠦᠢᠯᠡᠰ ᠢ ᠬᠡᠷᠡᠭᠵᠢᠭᠦᠯᠬᠦ ᠶᠢᠨ | ᠠᠷᠭ᠎ᠠ ᠥᠬᠡᠶ ᠪᠣᠯᠤᠭᠰᠠᠨ᠃ | ︵ᠵᠢᠷᠭᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ︽ᠬᠥᠯᠥᠨ ᠪᠤᠶᠢᠷ ᠬᠤᠲᠠ ᠶᠢᠨ ᠰᠤᠷᠤᠭᠴᠢᠳ ᠤᠨ ︿ᠵᠢᠵᠢᠭ ᠬᠤᠭᠤᠯᠠᠨ | ᠰᠢᠷᠡᠭᠡ﹀ ᠶᠢᠨ ᠢᠳᠡᠭᠡᠨ ᠤ ᠠᠮᠤᠷ ᠲᠦᠪᠰᠢᠨ ᠤ ᠳᠠᠩᠰᠠᠯᠠᠭᠤᠯᠤᠭᠰᠠᠨ ᠦᠨᠡᠮᠯᠡᠯ ᠢ ᠨᠢ ᠬᠦᠴᠦᠨ ᠥᠬᠡᠶ ᠪᠣᠯᠭᠠᠬᠤ ᠬᠡᠷᠡᠭᠲᠡᠶ ᠪᠤᠰᠤᠳ ᠪᠠᠶᠢᠳᠠᠯ᠃ | ᠬᠥᠯᠥᠨ ᠪᠤᠶᠢᠷ ᠬᠤᠲᠠ ᠶᠢᠨ ᠰᠤᠷᠤᠭᠴᠢᠳ ᠤᠨ ︽ᠵᠢᠵᠢᠭ ᠬᠤᠭᠤᠯᠠᠨ ᠰᠢᠷᠡᠭᠡ︾ ᠶᠢᠨ ᠢᠳᠡᠭᠡᠨ ᠤ ᠠᠮᠤᠷ ᠲᠦᠪᠰᠢᠨ ᠤ ᠳᠠᠩᠰᠠᠯᠠᠭᠤᠯᠤᠭᠰᠠᠨ | ᠦᠨᠡᠮᠯᠡᠯ ᠨᠢ ᠬᠦᠴᠦᠨ ᠥᠬᠡᠶ ᠪᠣᠯᠭᠠᠭᠳᠠᠭᠰᠠᠨ ᠪᠠᠶᠢᠪᠠᠯ᠂ ᠳᠠᠩᠰᠠᠯᠠᠭᠤᠯᠤᠭᠰᠠᠨ ᠳ᠋ᠤᠭᠠᠷ ᠢ ᠨᠢ ᠳᠠᠭᠢᠵᠤ ᠬᠡᠷᠡᠭᠯᠡᠵᠦ ᠪᠣᠯᠬᠤ ᠥᠬᠡᠶ᠃ |