ᠬᠥᠯᠥᠨ ᠪᠤᠶᠢᠷ ᠬᠤᠲᠠ ᠶᠢᠨ ᠰᠤᠷᠤᠭᠴᠢᠳ ᠤᠨ ︽ᠵᠢᠵᠢᠭ ᠬᠤᠭᠤᠯᠠᠨ ᠰᠢᠷᠡᠭᠡ︾ ᠶᠢᠨ ᠢᠳᠡᠭᠡᠨ ᠤ ᠠᠮᠤᠷ ᠲᠦᠪᠰᠢᠨ ᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠠᠷᠭ᠎ᠠ ︵ᠵᠢᠷᠭᠤᠭ᠎ᠠ︶
ᠨᠡᠶᠢᠲᠡᠯᠡᠭᠰᠡᠨ ᠴᠠᠭ᠄
2021/10/22
      ᠠᠷᠪᠠᠨ ᠳᠥᠷᠪᠡᠳᠦᠭᠡᠷ ᠵᠦᠢᠯ ︽ᠵᠢᠵᠢᠭ ᠬᠤᠭᠤᠯᠠᠨ ᠰᠢᠷᠡᠭᠡ︾ ᠶᠢ ᠬᠢᠨᠠᠨ ᠬᠠᠮᠢᠶᠠᠷᠬᠤ ᠪᠠ ᠲᠣᠷᠭᠠᠬᠤ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠦᠢᠯᠡᠳᠪᠦᠷᠢᠯᠡᠵᠦ ᠡᠳ᠋ᠰᠢᠬᠦᠯᠬᠦ ᠦᠢᠯᠡᠳᠬᠡᠯ ᠤᠨ ᠭᠠᠵᠠᠷ ᠪᠠ ᠳᠡᠯᠭᠡᠭᠦᠷᠴᠢᠨ ᠤ ᠬᠠᠮᠢᠶᠠᠷᠤᠯᠲᠠ ᠶᠢᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃       ᠠᠷᠪᠠᠨ ᠲᠠᠪᠤᠳᠤᠭᠠᠷ ᠵᠦᠢᠯ ︽ᠬᠥᠯᠥᠨ ᠪᠤᠶᠢᠷ ᠬᠤᠲᠠ ᠶᠢᠨ ᠰᠤᠷᠤᠭᠴᠢᠳ ᠤᠨ ︿ᠵᠢᠵᠢᠭ ᠬᠤᠭᠤᠯᠠᠨ ᠰᠢᠷᠡᠭᠡ﹀ ᠶᠢᠨ ᠢᠳᠡᠭᠡᠨ ᠤ ᠠᠮᠤᠷ ᠲᠦᠪᠰᠢᠨ ᠤ ᠪᠦᠷᠢᠳᠬᠡᠨ ᠳᠠᠩᠰᠠᠯᠠᠭᠰᠠᠨ ᠦᠨᠡᠮᠯᠡᠯ︾ ᠣᠯᠤᠭᠠᠳᠤᠢ ᠪᠠᠷ ︽ᠵᠢᠵᠢᠭ ᠬᠤᠭᠤᠯᠠᠨ ᠰᠢᠷᠡᠭᠡ︾ ᠡᠵᠡᠩᠨᠡᠭᠰᠡᠨ ᠪᠠᠶᠢᠪᠠᠯ᠂ ᠬᠤᠰᠢᠭᠤ ᠬᠤᠲᠠ ᠲᠣᠭᠤᠷᠢᠭ ᠤᠨ ᠵᠠᠰᠠᠭ ᠤᠨ ᠣᠷᠳᠣᠨ ᠲᠦᠷᠦᠭᠦᠯᠡᠨ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠤᠯᠢ ᠶᠣᠰᠣᠭᠠᠷ ᠬᠠᠮᠲᠤᠷᠠᠨ ᠬᠦᠴᠦᠨ ᠥᠬᠡᠶ ᠪᠣᠯᠭᠠᠨ᠎ᠠ᠃       ᠨᠢᠭᠡᠨᠲᠡ ᠪᠦᠷᠢᠳᠬᠡᠨ ᠳᠠᠩᠰᠠᠯᠠᠭᠰᠠᠨ ︽ᠵᠢᠵᠢᠭ ᠬᠤᠭᠤᠯᠠᠨ ᠰᠢᠷᠡᠭᠡ︾ ᠶᠢ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠵᠦ᠂ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠤᠨ᠎ᠠ᠃ ᠴᠡᠭᠴᠡᠯᠡᠨ ᠰᠠᠶᠢᠵᠢᠷᠠᠭᠤᠯᠤᠭᠰᠠᠨ ᠨᠢ ᠬᠦᠷᠦᠯᠴᠡᠬᠦ ᠦᠭᠡᠶ ᠪᠤᠶᠤ ᠢᠳᠡᠭᠡᠨ ᠳᠤ ᠬᠤᠣᠷᠳᠠᠭᠳᠠᠭᠰᠠᠨ ᠠᠳᠡᠯ ᠭᠠᠷᠤᠭᠰᠠᠨ ᠪᠣᠯ᠂ ᠬᠦᠴᠦᠨ ᠦᠭᠡᠶ ᠪᠣᠯᠭᠠᠬᠤ ᠰᠠᠨᠠᠯ ᠭᠠᠷᠭᠠᠬᠤ ᠶᠢᠨ ᠬᠠᠮᠲᠤ 5 ᠠᠵᠢᠯᠯᠠᠬᠤ ᠡᠳᠦᠷ ᠤᠨ ᠳᠣᠲᠣᠷ᠎ᠠ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠪᠣᠯᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ᠂ ᠬᠤᠰᠢᠭᠤ ᠬᠤᠲᠠ ᠲᠣᠭᠤᠷᠢᠭ ᠤᠨ ᠵᠠᠰᠠᠭ ᠤᠨ ᠣᠷᠳᠣᠨ ᠢᠶᠠᠷ ᠲᠦᠷᠦᠭᠦᠯᠡᠭᠦᠯᠦᠨ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠤᠯᠢ ᠶᠣᠰᠣᠭᠠᠷ ᠬᠠᠮᠲᠤᠷᠠᠨ ᠬᠦᠴᠦᠨ ᠦᠭᠡᠶ ᠪᠤᠯᠭᠠᠨ᠎ᠠ᠃       ᠠᠷᠪᠠᠨ ᠵᠢᠷᠭᠤᠳᠤᠭᠠᠷ ᠵᠦᠢᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ︽ᠵᠢᠵᠢᠭ ᠬᠤᠭᠤᠯᠠᠨ ᠰᠢᠷᠡᠭᠡ︾ ᠶᠢᠨ ᠡᠷᠬᠢᠯᠡᠨ ᠬᠦᠢᠴᠡᠳᠬᠡᠭᠴᠢ ᠪᠣᠯᠤᠨ ᠠᠵᠢᠯᠯᠠᠭᠰᠠᠳ ᠬᠤᠭᠤᠯᠠᠯᠠᠬᠤ ᠰᠤᠷᠤᠭᠴᠢᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠬᠦᠯᠦᠨ᠎ᠡ᠃ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠤᠨ ᠬᠡᠷᠡᠭᠵᠢᠭᠦᠯᠬᠦ ᠲᠥᠰᠦᠯ ︵2021 ᠤᠨ ᠤ ᠬᠡᠪᠯᠡᠯ︶ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠰᠡᠷᠭᠡᠶᠢᠯᠡᠯᠲᠡ ᠵᠢᠯᠣᠭᠤᠳᠬᠤ ᠡᠮᠨᠡᠬᠦ ᠡᠵᠡᠮᠳᠡᠬᠦ ᠲᠠᠷᠬᠠᠭᠠᠭᠰᠠᠨ 〔2021〕2 ᠳ᠋ᠤᠭᠠᠷ ᠲᠣᠭᠠᠲᠤ︶ ᠶᠣᠰᠣᠭᠠᠷ᠂ ︽ᠵᠢᠵᠢᠭ ᠬᠤᠭᠤᠯᠠᠨ ᠰᠢᠷᠡᠭᠡ︾ ᠶᠢ ᠪᠠᠭᠤᠳᠠᠯ᠂ ᠬᠤᠭᠤᠯᠠᠨ  ᠭᠡᠷ ᠢᠶᠠᠷ ᠯᠠᠪᠯᠠᠯᠲᠠ ᠪᠣᠯᠭᠠᠨ ᠬᠠᠮᠢᠶᠠᠷᠴᠤ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃       ᠠᠷᠪᠠᠨ ᠳᠣᠯᠣᠳᠤᠭᠠᠷ ᠵᠦᠢᠯ ᠲᠣᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠬᠥᠯᠥᠨ ᠪᠤᠶᠢᠷ ᠬᠤᠲᠠ ᠶᠢᠨ ᠰᠤᠷᠤᠭᠴᠢᠳ ᠤᠨ ︿ᠵᠢᠵᠢᠭ ᠬᠤᠭᠤᠯᠠᠨ ᠰᠢᠷᠡᠭᠡ﹀ ᠶᠢᠨ ᠢᠳᠡᠭᠡᠨ ᠤ ᠠᠮᠤᠷ ᠲᠦᠪᠰᠢᠨ ᠤ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠬᠦᠯᠦᠨ ᠵᠠᠰᠠᠭ ᠠᠯᠪᠠᠨ ᠦᠰᠦᠭ〔2017〕245 ᠳ᠋ᠤᠭᠠᠷ ᠲᠣᠭᠠᠲᠤ︶ ᠶᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃       ᠳᠠᠭᠠᠯᠳᠤᠭᠤᠯᠤᠯ᠄       1. ᠬᠥᠯᠥᠨ ᠪᠤᠶᠢᠷ ᠬᠤᠲᠠ ᠶᠢᠨ ᠰᠤᠷᠤᠭᠴᠢᠳ ᠤᠨ ︽ᠵᠢᠵᠢᠭ ᠬᠤᠭᠤᠯᠠᠨ ᠰᠢᠷᠡᠭᠡ︾ ᠶᠢᠨ ᠢᠳᠡᠭᠡᠨ ᠤ ᠠᠮᠤᠷ ᠲᠦᠪᠰᠢᠨ ᠤ ᠳᠠᠩᠰᠠᠯᠠᠨ ᠳ᠋ᠤᠭᠠᠷᠯᠠᠬᠤ ᠳᠦᠷᠢᠮ ᠵᠢᠴᠢ ᠡᠯ᠎ᠡ ᠬᠤᠰᠢᠭᠤ ᠬᠤᠲᠠ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠲᠦᠯᠦᠭᠡᠨ ᠤ ᠳ᠋ᠤᠭᠠᠷ᠃       2. ᠬᠥᠯᠥᠨ ᠪᠤᠶᠢᠷ ᠬᠤᠲᠠ ᠶᠢᠨ ᠰᠤᠷᠤᠭᠴᠢᠳ ᠤᠨ ︽ᠵᠢᠵᠢᠭ ᠬᠤᠭᠤᠯᠠᠨ ᠰᠢᠷᠡᠭᠡ︾ ᠶᠢᠨ ᠢᠳᠡᠭᠡᠨ ᠤ ᠠᠮᠤᠷ ᠲᠦᠪᠰᠢᠨ ᠤ ᠪᠦᠷᠢᠳᠬᠡᠨ ᠳᠠᠩᠰᠠᠯᠠᠵᠤ ᠬᠢᠨᠠᠨ ᠪᠠᠶᠢᠴᠠᠭᠠᠬᠤ ᠬᠦᠰᠦᠨᠦᠭᠲᠦ᠃       3. ᠬᠥᠯᠥᠨ ᠪᠤᠶᠢᠷ ᠬᠤᠲᠠ ᠶᠢᠨ ᠰᠤᠷᠤᠭᠴᠢᠳ ᠤᠨ ︽ᠵᠢᠵᠢᠭ ᠬᠤᠭᠤᠯᠠᠨ ᠰᠢᠷᠡᠭᠡ︾ ᠶᠢᠨ ᠢᠳᠡᠭᠡᠨ ᠤ ᠠᠮᠤᠷ ᠲᠦᠪᠰᠢᠨ ᠤ ᠪᠦᠷᠢᠳᠬᠡᠨ ᠳᠠᠩᠰᠠᠯᠠᠭᠤᠯᠤᠭᠰᠠᠨ ᠦᠨᠡᠮᠯᠡᠯ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ