ᠬᠥᠯᠥᠨ ᠪᠤᠶᠢᠷ ᠬᠤᠲᠠ ᠶᠢᠨ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠬᠠᠮᠢᠶᠠᠷᠤᠯᠲᠠ ᠶᠢᠨ ᠠᠷᠭ᠎ᠠ ︵ᠬᠤᠶᠠᠷ︶
ᠨᠡᠶᠢᠲᠡᠯᠡᠭᠰᠡᠨ ᠴᠠᠭ᠄
2021/10/25
      ᠬᠤᠶᠠᠳᠤᠭᠠᠷ ᠪᠦᠯᠦᠭ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ       ᠵᠢᠷᠭᠤᠳᠤᠭᠠᠷ ᠵᠦᠢᠯ ᠡᠯ᠎ᠡ ᠱᠠᠲᠤᠨ ᠤ ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠨᠢ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠲᠤᠰ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷᠠᠬᠢ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠬᠠᠷᠢᠶ᠎ᠠ ᠣᠷᠣᠨ ᠤ ᠳᠣᠲᠣᠷᠠᠬᠢ ᠨᠢᠭᠡᠴᠢ ᠪᠣᠯᠤᠨ ᠰᠠᠭᠤᠭᠠᠯᠢ ᠠᠷᠠᠳ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠡᠪᠡᠳᠴᠢᠨ ᠤ ᠵᠠᠭᠤᠴᠢ ᠠᠮᠢᠳᠤ ᠪᠣᠳᠠᠰ ᠢ ᠤᠰᠠᠳᠬᠠᠬᠤ ᠪᠠ ᠦᠷᠡᠵᠢᠬᠦ ᠲᠠᠯᠠᠪᠤᠷ ᠢ ᠵᠠᠰᠠᠬᠤ ᠠᠵᠢᠯᠯᠠᠭ᠎ᠠ ᠶᠢ ᠦᠷᠨᠢᠬᠦᠯᠦᠨ᠎ᠡ᠃       ᠡᠯ᠎ᠡ ᠱᠠᠲᠤᠨ ᠤ ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ ᠨᠢ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠢ ᠪᠣᠳᠠᠲᠠᠶ ᠬᠠᠷᠢᠭᠤᠴᠠᠨ᠎ᠠ᠃       ᠳᠣᠯᠣᠳᠤᠭᠠᠷ ᠵᠦᠢᠯ ᠡᠯ᠎ᠡ ᠱᠠᠲᠤᠨ ᠤ ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠪᠦᠷᠢᠯᠳᠦᠬᠦᠨ ᠨᠢᠭᠡᠴᠢ ᠨᠦᠭᠦᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠳᠤ ᠬᠤᠯᠪᠣᠭᠳᠠᠬᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠭᠦᠢᠴᠡᠳᠬᠡᠨ᠎ᠡ᠄       ︵ᠨᠢᠭᠡ︶ ᠡᠷᠡᠬᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠨᠢ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠶᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠳᠤ ᠣᠷᠣᠭᠤᠯᠵᠤ᠂ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠨᠡᠨ ᠬᠦ ᠰᠠᠶᠢᠲᠤᠷ ᠬᠢᠬᠦ ᠶᠢ ᠬᠠᠷᠢᠭᠤᠴᠠᠨ᠎ᠠ︔       ︵ᠬᠤᠶᠠᠷ︶ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠠᠷᠤᠳᠠᠯ ᠢ ᠣᠨ ᠤ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠬᠤ ᠶᠢ ᠬᠠᠷᠢᠭᠤᠴᠠᠵᠤ᠂ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠪᠠᠭᠠᠵᠢ ᠬᠡᠷᠡᠭᠰᠡᠯ᠂ ᠠᠷᠢᠭᠤᠳᠬᠠᠬᠤ ᠪᠠ ᠠᠵᠢᠯᠲᠠᠨ ᠤ ᠬᠡᠷᠡᠭᠰᠡᠬᠦ ᠵᠠᠷᠤᠳᠠᠯ ᠢ ᠪᠠᠲᠤᠯᠠᠨ᠎ᠠ︔       ︵ᠭᠤᠷᠪᠠ︶ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠨᠤᠲᠤᠭ ᠪᠡᠯᠴᠢᠭᠡᠷ᠂ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ ᠷᠠᠳᠢᠣ᠋ ᠲᠧᠯᠸᠢᠰ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠪᠦᠷᠢᠯᠳᠦᠬᠦᠨ ᠰᠠᠯᠠᠭ᠎ᠠ ᠮᠥᠴᠢᠷ  ᠨᠢᠭᠡᠴᠢ ᠨᠦᠭᠦᠳ ᠲᠤᠰ ᠲᠤᠰ ᠤᠨ ᠬᠤᠪᠢᠳᠠᠨ ᠬᠠᠮᠢᠶᠠᠷᠴᠤ ᠪᠦᠬᠦᠢ ᠨᠢᠭᠡᠴᠢ᠂ ᠠᠵᠢᠯ ᠲᠥᠷᠥᠯ᠂ ᠲᠠᠯᠠᠪᠤᠷ ᠭᠠᠵᠠᠷ ᠤᠨ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃         ᠨᠠᠢᠮᠠᠳᠤᠭᠠᠷ ᠵᠦᠢᠯ ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠨᠤᠭᠤᠳ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠳᠠᠯᠢ ᠱᠠᠲᠤᠨ ᠤ ᠡᠬᠡ ᠤᠷᠤᠨᠴᠢ ᠡᠷᠡᠭᠦᠯ ᠬᠠᠮᠠᠭᠠᠯᠠᠯ ᠤᠨ ᠬᠦᠳᠡᠯᠭᠡᠭᠡᠨ ᠤ ᠵᠦᠪᠯᠡᠯ ᠤᠨ ᠠᠯᠪᠠᠨ ᠭᠡᠷ ᠤᠨ ᠵᠣᠬᠢᠶᠠᠨ ᠪᠠᠶᠢᠭᠤᠯᠤᠯᠳᠠ ᠵᠣᠬᠢᠴᠠᠭᠤᠯᠤᠯᠲᠠ ᠶᠢᠨ ᠳᠤᠤᠷ᠎ᠠ᠂ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠦᠷᠨᠢᠬᠦᠯᠦᠨ᠎ᠡ᠃       ︵ᠨᠢᠭᠡ︶ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠲᠥᠰᠦᠯ ᠢ ᠲᠣᠭᠲᠠᠭᠠᠵᠤ᠂ ᠡᠪᠡᠳᠴᠢᠨ ᠤ ᠵᠠᠭᠤᠴᠢ ᠠᠮᠢᠳᠤ ᠪᠣᠳᠠᠰ ᠢ ᠠᠷᠢᠭᠤᠳᠬᠠᠬᠤ ᠲᠤᠰᠬᠠᠶ ︵ᠬᠠᠪᠰᠤᠷᠭᠠᠭᠰᠠᠨ︶ ᠠᠵᠢᠯ ᠤᠨ ᠵᠢᠯᠣᠭᠤᠳᠬᠤ ᠡᠩᠨᠡᠭᠡ ᠶᠢ ᠪᠠᠶᠢᠭᠤᠯᠤᠨ᠂ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ᠂ ᠡᠪᠡᠳᠴᠢᠨ ᠤ ᠵᠠᠭᠤᠴᠢ ᠠᠮᠢᠳᠤ ᠪᠣᠳᠠᠰ ᠤᠨ ᠨᠢᠭᠲᠠᠴᠠ ᠶᠢ ᠬᠢᠨᠠᠨ ᠬᠡᠮᠵᠢᠬᠦ ᠶᠢ ᠥᠷᠨᠢᠭᠦᠯᠵᠦ᠂ ᠡᠪᠡᠳᠴᠢᠨ ᠤ ᠵᠠᠭᠤᠴᠢ ᠠᠮᠢᠳᠤ ᠪᠣᠳᠠᠰ ᠤᠨ ᠨᠢᠭᠲᠠᠴᠠ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠲᠤᠤᠷ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠵᠦ᠂ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠲᠥᠯᠥᠪᠵᠢᠭᠦᠯᠭᠡ ᠶᠢ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ︔       ︵ᠬᠤᠶᠠᠷ︶ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠤᠬᠠᠭᠤᠯᠭ᠎ᠠ ᠬᠥᠮᠦᠵᠢᠯ᠂ ᠮᠡᠷᠭᠡᠵᠢᠯ ᠤᠨ ᠵᠢᠯᠣᠭᠤᠳᠣᠯᠭ᠎ᠠ ᠬᠢᠭᠡᠳ ᠪᠣᠯᠪᠠᠰᠤᠷᠠᠭᠤᠯᠤᠯ ᠵᠡᠷᠭᠡ ᠠᠵᠢᠯ ᠢ ᠰᠠᠶᠢᠲᠤᠷ ᠬᠢᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ