ᠭᠤᠷᠪᠠᠳᠤᠭᠠᠷ ᠪᠦᠯᠦᠭ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠬᠤ | | ᠶᠢᠰᠦᠳᠦᠭᠡᠷ ᠵᠦᠢᠯ ᠪᠦᠬᠦ ᠬᠤᠲᠠ ᠶᠢᠨ ᠵᠢᠯ ᠪᠦᠷᠢ ᠶᠢᠨ ᠬᠠᠪᠤᠷ᠂ ᠨᠠᠮᠤᠷ ᠬᠤᠶᠠᠷ ᠤᠯᠠᠷᠢᠯ ᠳᠤ ᠬᠤᠯᠤᠭᠠᠨ᠎ᠠ ᠤᠰᠠᠳᠬᠠᠬᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠵᠤᠨ᠂ ᠨᠠᠮᠤᠷ ᠬᠤᠶᠠᠷ ᠤᠯᠠᠷᠢᠯ ᠳᠤ ᠢᠯᠠᠭ᠎ᠠ ᠤᠰᠠᠳᠬᠠᠬᠤ᠂ ᠪᠠᠲᠠᠭᠠᠨ᠎ᠠ ᠤᠰᠠᠳᠬᠠᠬᠤ᠂ ᠵᠣᠣᠮ᠎ᠠ ᠤᠰᠠᠳᠬᠠᠬᠤ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠦᠷᠨᠢᠬᠦᠯᠦᠨ᠎ᠡ᠃ | ᠠᠷᠪᠠᠳᠤᠭᠠᠷ ᠵᠦᠢᠯ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠨᠢᠬᠡᠴᠢ ᠶᠢᠨ ᠬᠠᠷᠢᠭᠤᠴᠠᠯᠭ᠎ᠠ ᠶᠢᠨ ᠳᠦᠷᠢᠮ ᠢ | ᠬᠡᠷᠡᠭᠵᠢᠭᠦᠯᠦᠨ᠎ᠡ᠃ ᠪᠠᠶᠢᠭᠤᠯᠭ᠎ᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠬᠡᠴᠢ᠂ ᠨᠡᠶᠢᠭᠡᠮ ᠲᠣᠭᠤᠷᠢᠭ ᠪᠣᠯᠤᠨ ᠲᠣᠰᠬᠤᠨ ᠤ ᠠᠷᠠᠳ ᠤᠨ ᠵᠥᠪᠯᠡᠯ ᠵᠡᠷᠭᠡ ᠨᠢ | ᠡᠳᠦᠷ ᠲᠤᠲᠤᠮ ᠤᠨ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠳᠦᠷᠢᠮ ᠪᠠᠶᠢᠭᠤᠯᠵᠤ᠂ ᠪᠦᠲᠦᠮᠵᠢᠲᠡᠶ ᠠᠷᠭ᠎ᠠ ᠬᠡᠮᠵᠢᠶ᠎ᠡ | ᠠᠪᠴᠤ᠂ ᠡᠪᠡᠳᠴᠢᠨ ᠤ ᠵᠠᠭᠤᠴᠢ ᠠᠮᠢᠳᠤ ᠪᠣᠳᠠᠰ ᠤᠨ ᠨᠢᠭᠲᠠᠴᠠ ᠶᠢ ᠬᠢᠵᠠᠭᠠᠷᠯᠠᠵᠤ᠂ ᠡᠪᠡᠳᠴᠢᠨ ᠤ ᠵᠠᠭᠤᠴᠢ ᠠᠮᠢᠳᠤ ᠪᠣᠳᠠᠰ ᠤᠨ ᠦᠷᠡᠵᠢᠬᠦ ᠭᠠᠵᠠᠷ ᠢ ᠠᠷᠢᠯᠭᠠᠨ | ᠂ ᠡᠪᠡᠳᠴᠢᠨ ᠤ ᠵᠠᠭᠤᠴᠢ ᠠᠮᠢᠳᠤ ᠪᠣᠳᠠᠰ ᠤᠨ ᠡᠬᠦᠰᠬᠦ᠂ ᠦᠷᠡᠵᠢᠬᠦ ᠪᠠ ᠲᠠᠷᠬᠠᠬᠤ ᠶᠢ ᠰᠡᠷᠬᠡᠶᠢᠯᠡᠨ ᠬᠤᠷᠢᠭᠯᠠᠵᠤ᠂ ᠡᠪᠡᠳᠴᠢᠨ ᠤ ᠵᠠᠭᠤᠴᠢ ᠠᠮᠢᠳᠤ ᠪᠣᠳᠠᠰ ᠤᠨ | ᠬᠥᠨᠥᠭᠡᠯ ᠭᠠᠷᠬᠤ ᠠᠴᠠ ᠵᠠᠶᠢᠯᠠᠰᠬᠢᠬᠦ ᠪᠠ ᠪᠠᠭᠠᠰᠬᠠᠨ᠎ᠠ᠃ | ᠠᠷᠪᠠᠨ ᠨᠢᠭᠡᠳᠦᠭᠡᠷ ᠵᠦᠢᠯ ᠬᠠᠷᠢᠭᠤᠴᠠᠯᠭᠠᠲᠤ ᠨᠢᠭᠡᠴᠢ ᠪᠣᠯᠤᠨ ᠬᠤᠪᠢ ᠬᠥᠮᠦᠨ ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ | ᠲᠣᠭᠲᠠᠭᠠᠯ ᠶᠣᠰᠣᠭᠠᠷ ᠣᠯᠠᠨ ᠲᠦᠮᠡᠨᠴᠢ ᠴᠢᠨᠠᠷᠲᠠᠶ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠠᠵᠢᠯᠯᠠᠭ᠎ᠠ ᠳᠤ ᠢᠳᠡᠪᠬᠢᠲᠡᠶ | ᠣᠷᠣᠯᠴᠠᠬᠤ ᠶᠢᠨ ᠬᠠᠮᠲᠤ ᠰᠢᠨᠵᠢᠯᠡᠬᠦ ᠤᠬᠠᠭᠠᠨᠴᠢ᠂ ᠠᠮᠤᠷ ᠲᠦᠪᠰᠢᠨ᠂ ᠪᠦᠲᠦᠮᠵᠢᠲᠡᠶ ᠠᠷᠭ᠎ᠠ ᠶᠢ ᠠᠪᠴᠤ ᠡᠪᠡᠳᠴᠢᠨ ᠤ ᠵᠠᠭᠤᠴᠢ ᠠᠮᠢᠳᠤ ᠪᠣᠳᠠᠰ ᠤᠨ | ᠨᠢᠭᠲᠠᠴᠠ ᠶᠢ ᠬᠢᠵᠠᠭᠠᠷᠯᠠᠬᠤ ᠪᠠ ᠪᠠᠭᠤᠷᠠᠭᠤᠯᠵᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠡᠪᠡᠳᠴᠢᠨ ᠤ ᠵᠠᠭᠤᠴᠢ ᠠᠮᠢᠳᠤ ᠪᠣᠳᠠᠰ ᠢ | ᠰᠡᠷᠭᠡᠶᠢᠯᠡᠨ ᠬᠢᠵᠠᠭᠠᠷᠯᠠᠬᠤ ᠪᠠᠷᠢᠮᠵᠢᠶ᠎ᠠ ᠳᠤ ᠬᠦᠷᠭᠡᠨ᠎ᠡ᠃ ᠠᠷᠪᠠᠨ ᠬᠤᠶᠠᠳᠤᠭᠠᠷ ᠵᠦᠢᠯ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠥᠷᠲᠡᠭᠡ᠂ ᠮᠠᠰᠢᠨ | ᠲᠡᠷᠭᠡᠨ ᠤ ᠥᠷᠲᠡᠭᠡ᠂ ᠡᠮᠴᠢᠯᠡᠭᠡᠨ ᠤ ᠪᠠᠶᠢᠭᠤᠯᠤᠮᠵᠢ᠂ ᠰᠤᠷᠭᠠᠭᠤᠯᠢ᠂ ᠦᠵᠡᠮᠵᠢ ᠶᠢᠨ ᠣᠷᠣᠨ ᠦᠵᠡᠮᠵᠢ ᠶᠢᠨ ᠴᠡᠭ᠂ ᠬᠤᠳᠠᠯᠳᠤᠭᠠᠨ ᠤ ᠲᠠᠯᠠᠪᠤᠷ᠂ ᠬᠡᠲᠦ | ᠳᠡᠯᠭᠡᠭᠦᠷ᠂ ᠵᠣᠴᠢᠳ ᠤᠨ ᠪᠠᠭᠤᠳᠠᠯ᠂ ᠬᠤᠭᠤᠯᠠᠨ ᠬᠡᠷ ᠵᠡᠷᠭᠡ ᠬᠥᠮᠦᠨ ᠣᠯᠠᠨ ᠴᠤᠭᠯᠠᠷᠠᠬᠤ ᠭᠠᠵᠠᠷ᠂ ᠢᠳᠡᠭᠡᠨ ᠦᠢᠯᠡᠳᠪᠦᠷᠢᠯᠡᠵᠦ ᠡᠵᠡᠩᠨᠡᠬᠦ ᠨᠢᠭᠡᠴᠢ᠂ | ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠠᠮᠤ ᠪᠤᠳᠠᠭᠠᠨ ᠤ ᠬᠥᠮᠥᠷᠭᠡ᠂ ᠪᠠᠷᠢᠯᠭ᠎ᠠ ᠪᠠᠷᠢᠬᠤ ᠨᠢᠬᠡᠴᠢ᠂ ᠬᠤᠭ ᠨᠣᠪᠰᠢ ᠴᠤᠭᠯᠠᠭᠤᠯᠤᠨ ᠲᠡᠭᠡᠭᠡᠪᠦᠷᠢᠯᠡᠵᠦ | ᠰᠢᠢᠳᠪᠦᠷᠢᠯᠡᠬᠦ ᠨᠢᠬᠡᠴᠢ᠂ ᠬᠠᠶᠠᠭᠳᠠᠮᠠᠯ ᠡᠳ᠋ ᠬᠤᠳᠠᠯᠳᠤᠨ ᠠᠪᠬᠤ ᠥᠷᠲᠡᠭᠡ ᠵᠡᠷᠭᠡ ᠡᠪᠡᠳᠴᠢᠨ ᠤ ᠵᠠᠭᠤᠴᠢ ᠠᠮᠢᠳᠤ ᠪᠣᠳᠠᠰ ᠠᠮᠠᠷᠬᠠᠨ ᠡᠬᠦᠰᠬᠦ ᠲᠠᠯᠠᠪᠤᠷ ᠭᠠᠵᠠᠷ | ᠲᠤ ᠳᠤᠤᠷᠠᠬᠢ ᠲᠣᠭᠲᠠᠭᠠᠯ ᠢ ᠵᠢᠷᠤᠮᠯᠠᠬᠤ ᠬᠡᠷᠡᠭᠲᠡᠶ᠄ | ︵ᠨᠢᠭᠡ︶ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ︔ | | ︵ᠬᠤᠶᠠᠷ︶ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠬᠠᠮᠢᠶᠠᠷᠤᠯᠲᠠ ᠶᠢᠨ ᠠᠵᠢᠯ ᠤᠨ ᠬᠠᠷᠢᠭᠤᠴᠠᠯᠭᠠᠲᠠᠨ ᠢ | ᠲᠣᠳᠣᠷᠬᠠᠶᠢᠯᠠᠬᠤ ᠬᠡᠷᠡᠭᠲᠡᠶ︔ | ︵ᠭᠤᠷᠪᠠ︶ ᠡᠪᠡᠳᠴᠢᠨ ᠤ ᠵᠠᠭᠤᠴᠢ ᠠᠮᠢᠳᠤ ᠪᠣᠳᠠᠰ ᠤᠨ ᠡᠬᠦᠰᠬᠦ ᠪᠠ ︽ᠳᠥᠷᠪᠡᠨ ᠬᠤᠤᠷᠲᠠᠨ︾ ᠤ ᠨᠢᠭᠲᠠᠴᠠ ᠶᠢ ᠲᠣᠭᠲᠠᠮᠠᠯ ᠬᠤᠭᠤᠴᠠᠭ᠎ᠠ ᠲᠠᠢ ᠪᠠᠷ | ᠪᠠᠶᠢᠴᠠᠭᠠᠵᠤ᠂ ᠴᠢᠩᠭ᠎ᠠ ᠬᠢᠵᠠᠭᠠᠷᠯᠠᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠬᠢᠷᠢ ᠬᠡᠮ ᠢ ᠪᠦᠷᠢᠯᠳᠦᠬᠦᠯᠦᠭᠰᠡᠨ ᠲᠤᠰᠬᠠᠶ | ᠪᠠᠶᠢᠭᠤᠯᠤᠮᠵᠢ ᠨᠢ ᠲᠡᠭᠦᠨ ᠤ ᠦᠢᠯᠡᠴᠢᠯᠡᠵᠦ ᠪᠠᠶᠢᠭ᠎ᠠ ᠨᠢᠭᠡᠴᠢ ᠪᠤᠶᠤ ᠬᠠᠷᠢᠭᠤᠴᠠᠯᠭᠠᠳᠤ ᠭᠤᠣᠯ ᠴᠣᠭᠴᠠ ᠳᠤ ᠲᠥᠯᠥᠪᠦᠷᠢᠲᠦ ᠦᠢᠯᠡᠴᠢᠯᠡᠭᠡ ᠬᠠᠩᠭᠠᠵᠤ ᠪᠣᠯᠤᠨ᠎ᠠ᠃ | | ᠠᠷᠪᠠᠨ ᠳᠥᠷᠪᠡᠳᠦᠭᠡᠷ ᠵᠦᠢᠯ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠦᠢᠯᠡᠴᠢᠯᠡᠬᠡᠨ ᠤ ᠪᠠᠶᠢᠭᠤᠯᠤᠮᠵᠢ ᠨᠢ ᠨᠢᠬᠡᠴᠢ ᠪᠠ | ᠬᠤᠪᠢ ᠬᠥᠮᠦᠨ ᠳᠤ ᠶᠠᠰᠤ ᠴᠢᠨᠠᠷ ᠤᠨ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠬᠦ᠂ ᠰᠦᠢᠳᠬᠡᠯ ᠬᠤᠷᠢᠶᠠᠬᠤ ᠨᠢ ᠵᠦᠶ ᠵᠣᠬᠢᠰᠲᠠᠶ ᠡᠪᠡᠳᠴᠢᠨ ᠤ ᠵᠠᠭᠤᠴᠢ | ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠦᠢᠯᠡᠴᠢᠯᠡᠭᠡ ᠬᠠᠩᠭᠠᠬᠤ ᠶᠢ ᠵᠤᠷᠢᠭᠵᠢᠭᠤᠯᠤᠨ᠎ᠠ᠃ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ | ᠬᠢᠵᠠᠭᠠᠷᠯᠠᠬᠤ ᠦᠢᠯᠡᠴᠢᠯᠡᠬᠡᠨ ᠤ ᠪᠠᠶᠢᠭᠤᠯᠤᠮᠵᠢ ᠨᠢ ᠡᠷᠬᠡᠪᠰᠢ ᠳᠤᠤᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ | ︵ᠨᠢᠭᠡ︶ ᠬᠠᠤᠯᠢ ᠶᠣᠰᠣᠨ ᠤ ᠬᠢᠷᠢ ᠬᠡᠮ ᠲᠠᠢ ᠪᠠᠶᠢᠬᠤ︔ | ︵ᠬᠤᠶᠠᠷ︶ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠪᠦᠷᠢᠨ ᠪᠦᠲᠦᠨ ᠠᠵᠢᠯᠯᠠᠬᠤ ᠳᠦᠷᠢᠮᠯᠡᠯ ᠲᠠᠢ ᠪᠠᠶᠢᠬᠤ︔ | ︵ᠭᠤᠷᠪᠠ︶ ᠲᠤᠬᠠᠶᠢᠯᠠᠭᠰᠠᠨ ᠠᠵᠢᠯ ᠤᠨ ᠬᠡᠮᠵᠢᠶ᠎ᠡ ᠲᠠᠢ ᠵᠣᠬᠢᠴᠠᠯᠳᠤᠭᠰᠠᠨ ᠲᠤᠰᠬᠠᠢ ᠮᠡᠷᠭᠡᠵᠢᠯ ᠤᠨ ᠮᠡᠳᠡᠯᠭᠡ ᠪᠠ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠮᠡᠷᠭᠡᠵᠢᠯ ᠤᠨ ᠠᠵᠢᠯᠳᠠᠨ ᠲᠠᠢ ᠪᠠᠶᠢᠬᠤ︔ | ︵ᠲᠦᠷᠪᠡ︶ ᠤᠯᠤᠰ ᠤᠨ ᠱᠠᠭᠠᠷᠳᠠᠯᠭ᠎ᠠ ᠳᠤ ᠨᠡᠶᠢᠴᠡᠭᠰᠡᠨ ᠲᠤᠰᠬᠠᠢ ᠬᠡᠷᠡᠭᠯᠡᠭᠡᠨ ᠤ ᠡᠮ ᠪᠠ ᠪᠠᠭᠠᠵᠢ ᠬᠡᠷᠡᠭᠰᠡᠯ ᠲᠠᠢ ᠪᠠᠶᠢᠬᠤ︔ | ︵ᠲᠠᠪᠤ︶ ᠰᠦᠢᠳᠬᠡᠯ ᠬᠤᠷᠢᠶᠠᠬᠤ ᠨᠢ ᠵᠦᠢ ᠵᠣᠬᠢᠰᠲᠠᠶ ᠪᠠᠶᠢᠬᠤ᠃ | ᠠᠷᠪᠠᠨ ᠲᠠᠪᠤᠳᠤᠭᠠᠷ ᠵᠦᠢᠯ ᠨᠢᠭᠡᠴᠢ ᠪᠠ ᠬᠤᠪᠢ ᠬᠥᠮᠦᠨ ᠡᠪᠡᠳᠴᠢᠨ ᠤ ᠵᠠᠭᠤᠴᠢ ᠠᠮᠢᠳᠤ ᠪᠣᠳᠠᠰ ᠢ ᠤᠰᠠᠳᠬᠠᠬᠤ ᠡᠮ ᠪᠠ ᠪᠠᠭᠠᠵᠢ ᠬᠡᠷᠡᠭᠰᠡᠯ ᠢ ᠦᠢᠯᠡᠳᠪᠦᠷᠢᠯᠡᠬᠦ᠂ | ᠡᠵᠡᠩᠨᠡᠬᠦ᠂ ᠬᠡᠷᠡᠭᠯᠡᠬᠦ ᠳᠡᠭᠡᠨ ᠤᠯᠤᠰ ᠤᠨ ᠲᠣᠭᠲᠠᠭᠠᠯ ᠪᠠ ᠪᠠᠷᠢᠮᠵᠢᠶ᠎ᠠ ᠳᠤ ᠨᠡᠶᠢᠴᠡᠬᠦᠯᠵᠦ᠂ ᠤᠯᠤᠰ ᠠᠴᠠ ᠴᠠᠭᠠᠵᠠᠲᠠᠢ ᠡᠮ ᠢ ᠦᠢᠯᠡᠳᠪᠦᠷᠢᠯᠡᠬᠦ᠂ ᠡᠵᠡᠩᠨᠡᠬᠦ ᠪᠠ | ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ | | | | | | | |