ᠬᠥᠯᠥᠨ ᠪᠤᠶᠢᠷ ᠬᠤᠲᠠ ᠶᠢᠨ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠬᠠᠮᠢᠶᠠᠷᠤᠯᠲᠠ ᠶᠢᠨ ᠠᠷᠭ᠎ᠠ ︵ᠳᠦᠷᠪᠡ︶
ᠨᠡᠶᠢᠲᠡᠯᠡᠭᠰᠡᠨ ᠴᠠᠭ᠄
2021/10/26
      ᠳᠥᠷᠪᠡᠳᠦᠭᠡᠷ ᠪᠦᠯᠦᠭ ᠬᠢᠨᠠᠯᠲᠠ ᠬᠠᠮᠢᠶᠠᠷᠤᠯᠲᠠ         ᠠᠷᠪᠠᠨ ᠵᠢᠷᠭᠤᠳᠤᠭᠠᠷ ᠵᠦᠢᠯ ᠬᠤᠲᠠ ᠶᠢᠨ ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠪᠠᠷᠢᠮᠵᠢᠶ᠎ᠠ ᠶᠣᠰᠣᠭᠠᠷ ᠡᠯ᠎ᠡ ᠬᠤᠰᠢᠭᠤ ᠬᠤᠲᠠ ᠲᠣᠭᠤᠷᠢᠭ ᠤᠨ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠠᠵᠢᠯ ᠢ ᠬᠢᠨᠠᠨ ᠰᠢᠯᠭᠠᠵᠤ ᠦᠨᠡᠯᠡᠨ ᠵᠢᠱᠢᠨ᠎ᠠ᠃       ᠠᠷᠪᠠᠨ ᠳᠣᠯᠣᠳᠤᠭᠠᠷ ᠵᠦᠢᠯ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠳᠤᠮᠳᠠ ᠢᠯᠡᠳᠲᠡ ᠠᠮᠵᠢᠯᠲᠠ ᠣᠯᠤᠭᠰᠠᠨ ᠨᠢᠭᠡᠴᠢ ᠪᠣᠯᠤᠨ ᠬᠤᠪᠢ ᠬᠥᠮᠦᠨ ᠢ ᠬᠥᠬᠢᠭᠦᠯᠦᠨ ᠱᠠᠩᠨᠠᠨ᠎ᠠ᠃       ᠠᠷᠪᠠᠨ ᠨᠠᠢᠮᠠᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠳᠠᠬᠢ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠦᠯᠦ ᠵᠢᠷᠤᠮᠯᠠᠭᠰᠠᠨ ᠠᠴᠠ ᠪᠣᠯᠵᠤ ᠡᠪᠡᠳᠴᠢᠨ ᠤ ᠵᠠᠭᠤᠴᠢ ᠠᠮᠢᠳᠤ ᠪᠣᠳᠠᠰ ᠤᠨ ᠨᠢᠭᠲᠠᠴᠠ ᠨᠢ ᠪᠠᠷᠢᠮᠵᠢᠶ᠎ᠠ ᠠᠴᠠ ᠬᠦᠨᠳᠦ ᠨᠣᠴᠢᠲᠠᠶ ᠬᠡᠲᠦᠷᠡᠭᠰᠡᠨ ᠪᠣᠯ ᠵᠠᠷᠯᠠᠨ ᠮᠡᠳᠡᠭᠳᠡᠬᠦ ᠶᠢᠨ ᠬᠠᠮᠲᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ