︵ᠳᠥᠷᠪᠡ︶ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠯ ᠳᠤ ᠠᠭᠤᠰᠤᠯᠴᠠᠵᠤ᠂ ᠬᠥᠭᠵᠢᠯᠲᠡ ᠶᠢᠨ ᠣᠷᠣᠨ ᠵᠠᠶ ᠶᠢ ᠪᠥᠬᠦ | ᠬᠦᠴᠦᠨ ᠢᠶᠠᠷ ᠦᠷᠭᠡᠳᠬᠡᠨ᠎ᠡ᠃ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠳᠣᠲᠣᠭᠠᠳᠤ ᠬᠡᠷᠡᠭᠴᠡᠭᠡ ᠶᠢᠨ | ᠲᠣᠭᠲᠠᠯᠴᠠᠭ᠎ᠠ ᠶᠢ ᠲᠦᠷᠭᠡᠳᠬᠡᠨ ᠪᠤᠶᠢᠵᠢᠭᠤᠯᠤᠨ ᠲᠡᠭᠦᠯᠳᠡᠷᠵᠢᠭᠦᠯᠵᠦ᠂ ᠪᠡᠯᠡ ᠣᠷᠣᠭᠤᠯᠤᠯᠲᠠ᠂ ᠬᠡᠷᠡᠭᠯᠡᠭᠡ᠂ ᠭᠠᠳᠠᠭᠠᠳᠤ ᠠᠷᠠᠯᠵᠢᠶ᠎ᠠ ᠶᠢ ᠣᠷᠭᠠᠨᠢᠭ ᠢᠶᠠᠷ | ᠤᠶᠠᠯᠳᠤᠭᠤᠯᠤᠨ ᠵᠣᠬᠢᠴᠠᠩᠭᠤᠶ ᠬᠥᠭᠵᠢᠭᠦᠯᠬᠦ ᠶᠢ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠲᠣᠭᠲᠠᠭᠤᠨ ᠲᠤᠯᠭᠠᠭᠤᠷᠢᠯᠠᠯ ᠢ | ᠪᠦᠷᠢᠯᠳᠦᠭᠦᠯᠦᠨ᠎ᠡ᠃ | ᠪᠦᠲᠦᠮᠵᠢᠲᠡᠶ ᠪᠡᠯᠡ ᠣᠷᠣᠭᠤᠯᠤᠯᠲᠠ ᠶᠢ ᠴᠢᠩᠭᠠᠳᠬᠠᠨ᠎ᠠ᠃ ᠪᠠᠯᠠ ᠣᠷᠣᠭᠤᠯᠤᠯᠲᠠ ᠶᠢᠨ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠴᠢᠬᠤᠯᠠ | ᠦᠢᠯᠡᠳᠦᠯ ᠢ ᠪᠠᠳᠠᠷᠠᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠂ ᠬᠤᠲᠠ ᠶᠢᠨ ᠲᠠᠰ ᠤᠨ 252 | ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠶ ᠪᠠᠯᠠ ᠣᠷᠣᠭᠤᠯᠤᠯᠲᠠ ᠨᠢ 1048.8 ᠳ᠋ᠦᠩᠰᠢᠭᠤᠷ ᠲᠥᠭᠦᠷᠢᠭ ᠪᠠᠶᠢᠵᠤ᠂ | ᠵᠢᠯ ᠤᠨ ᠳᠣᠲᠣᠷ᠎ᠠ 315.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠥᠷᠥᠯ | ᠵᠦᠢᠯ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ᠂ ᠬᠦᠴᠦᠨ ᠵᠦᠢᠯ ᠤᠨ ᠪᠠᠲᠤᠯᠠᠭ᠎ᠠ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠵᠡᠷᠭᠡ ᠲᠠᠯ᠎ᠠ ᠶᠢᠨ ᠬᠦᠴᠦᠲᠠᠢ | ᠳᠡᠮᠵᠢᠯᠭᠡ ᠪᠠ ᠲᠦᠷᠦ ᠶᠢᠨ ᠪᠣᠳᠤᠯᠭ᠎ᠠ ᠶᠢᠨ ᠬᠡᠯᠪᠠᠶᠢᠯᠲᠡ ᠶᠢ ᠢᠳᠡᠪᠬᠢᠯᠡᠨ ᠣᠯᠵᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠠᠵᠤ ᠠᠬᠤᠢ ᠶᠢᠨ | ᠨᠡᠮᠡᠭᠳᠡᠯ ᠳᠠᠬᠢ ᠬᠥᠲᠥᠯᠦᠨ ᠵᠢᠯᠤᠭᠤᠳᠬᠤ ᠬᠦᠰᠢᠭᠦᠷᠭᠡ ᠶᠢᠨ ᠦᠢᠯᠡᠳᠦᠯ ᠢ ᠴᠢᠩᠭᠠᠷᠠᠭᠤᠯᠤᠨ᠎ᠠ᠃ ᠤᠯᠤᠰ ᠤᠨ ᠪᠡᠯᠡ ᠣᠷᠣᠭᠤᠯᠤᠯᠲᠠ ᠶᠢ ᠲᠣᠭᠲᠠᠭᠤᠨᠵᠢᠭᠤᠯᠬᠤ᠂ | ᠳᠤᠲᠠᠭᠤᠳᠠᠯ ᠢ ᠨᠥᠬᠦᠪᠥᠷᠢᠯᠡᠬᠦ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠴᠢᠩᠭ᠎ᠠ ᠠᠵᠢᠵᠤ᠂ ᠲᠦᠷᠦᠯ ᠵᠦᠢᠯ ᠢ ᠣᠨᠤᠴᠠᠲᠠᠢ ᠲᠦᠯᠦᠪᠵᠢᠭᠦᠯᠦᠨ ᠰᠡᠲᠦᠵᠦ᠂ | ︽ᠭᠤᠷᠪᠠᠨ ᠱᠠᠳᠤ ᠭᠤᠷᠪᠠᠨ ᠲᠦᠷᠦᠯ︾ ᠤᠨ ᠲᠦᠯᠦᠪᠵᠢᠭᠦᠯᠭᠡ ᠶᠢᠨ ᠲᠦᠷᠦᠯ ᠵᠦᠢᠯ ᠤᠨ ᠬᠥᠮᠥᠷᠭᠡ ᠶᠢ ᠰᠢᠯᠢᠳᠡᠭᠵᠢᠭᠦᠯᠦᠨ᠎ᠡ᠃ ᠭᠤᠤᠯᠳᠠᠯᠭ᠎ᠠ ᠲᠠᠢ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠲᠥᠷᠥᠯ ᠵᠦᠢᠯ ᠤᠨ ᠡᠮᠦᠨᠡᠬᠢ ᠬᠤᠭᠤᠴᠠᠭ᠎ᠠ ᠶᠢ ᠴᠢᠩᠭ᠎ᠠ ᠠᠳᠬᠤᠨ᠂ ᠬᠦᠴᠦᠨ ᠵᠦᠢᠯ ᠤᠨ | ᠪᠠᠲᠤᠯᠠᠭ᠎ᠠ ᠶᠢ ᠴᠢᠩᠭᠠᠳᠬᠠᠵᠤ᠂ ᠵᠠᠰᠠᠭ ᠤᠨ ᠣᠷᠳᠤᠨ ᠪᠠᠩᠬᠢ ᠠᠵᠤ ᠠᠬᠤᠶᠢᠯᠠᠯ ᠤᠨ ᠵᠣᠯᠭᠠᠯᠴᠠᠯ ᠢ ᠴᠢᠩᠭᠠᠳᠬᠠᠵᠤ᠂ ᠦᠢᠯᠡᠴᠢᠯᠡᠭᠡᠨ ᠤ ᠲᠣᠭᠲᠠᠴᠠ ᠶᠢ | ᠪᠦᠷᠢᠨᠰᠢᠭᠦᠯᠦᠨ᠂ ᠠᠵᠤ ᠠᠬᠤᠶᠢᠯᠠᠯ ᠢ ᠬᠠᠪᠰᠤᠷᠤᠨ ᠭᠠᠵᠠᠷ ᠬᠡᠷᠡᠭᠯᠡᠬᠦ᠂ ᠠᠵᠢᠯᠴᠢᠨ ᠬᠡᠷᠡᠭᠯᠡᠬᠦ᠂ ᠪᠠᠷᠠᠭᠠᠨ ᠤ ᠭᠦᠢᠯᠭᠡᠭᠡ ᠵᠡᠷᠭᠡ ᠪᠣᠳᠠᠲᠤ ᠬᠦᠴᠢᠷᠳᠡᠯ ᠢ | ᠰᠢᠢᠳᠪᠦᠷᠢᠯᠡᠵᠦ᠂ ᠴᠢᠨᠠᠷ ᠰᠠᠶᠢᠲᠠᠶ ᠲᠥᠷᠥᠯ ᠵᠦᠢᠯ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠨ᠎ᠠ᠃ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢ | ᠪᠦᠬᠦ ᠲᠠᠯ᠎ᠠ ᠪᠠᠷ ᠰᠠᠶᠢᠵᠢᠷᠠᠭᠤᠯᠤᠨ᠂ ᠬᠤᠳᠠᠯᠳᠤᠭ᠎ᠠ ᠪᠠᠷ ᠬᠤᠳᠠᠯᠳᠤᠭᠠᠴᠢᠨ ᠤᠷᠢᠬᠤ᠂ ᠪᠦᠬᠦ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ | ᠴᠢᠩᠳᠠᠯᠠᠵᠤ᠂ ᠮᠥᠷᠳᠡᠨ ᠦᠢᠯᠡᠴᠢᠯᠡᠬᠦ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠬᠤ ᠡᠷᠴᠢᠮ ᠢ ᠠᠬᠢᠭᠤᠯᠵᠤ᠂ ᠪᠦᠬᠦ ᠨᠡᠶᠢᠭᠡᠮ ᠤᠨ ᠪᠡᠯᠡ ᠣᠷᠣᠭᠤᠯᠤᠯᠲᠠ ᠶᠢᠨ | ᠠᠮᠢᠵᠢᠷᠠᠯ ᠤᠨ ᠬᠦᠴᠦᠨ ᠢ ᠪᠦᠲᠦᠮᠵᠢᠲᠡᠢ ᠬᠥᠭᠵᠢᠭᠡᠨ᠎ᠡ᠃ | ᠬᠡᠷᠡᠭᠯᠡᠭᠡ ᠶᠢ ᠪᠥᠬᠦ ᠲᠠᠯ᠎ᠠ ᠪᠠᠷ ᠠᠬᠢᠭᠤᠯᠤᠨ᠎ᠠ᠃ ᠬᠡᠷᠡᠭᠯᠡᠭᠡ ᠶᠢᠨ ᠠᠵᠤ ᠠᠬᠤᠶ ᠶᠢᠨ ᠬᠥᠭᠵᠢᠯᠲᠡ ᠳᠤ ᠦᠵᠡᠭᠦᠯᠬᠦ ᠰᠠᠭᠤᠷᠢ ᠶᠢᠨ ᠴᠢᠨᠠᠷᠲᠠᠶ ᠦᠢᠯᠡᠳᠦᠯ ᠢ | ᠨᠡᠮᠡᠭᠳᠡᠭᠦᠯᠵᠦ᠂ ᠤᠯᠠᠮᠵᠢᠯᠠᠯᠲᠤ ᠬᠡᠷᠡᠭᠯᠡᠭᠡ ᠶᠢ ᠳᠡᠭᠡᠭᠰᠢᠯᠡᠭᠦᠯᠦᠨ᠂ ᠰᠢᠨ᠎ᠡ ᠬᠡᠯᠪᠡᠷᠢ ᠶᠢᠨ ᠬᠡᠷᠡᠭᠯᠡᠭᠡ ᠶᠢ ᠪᠤᠶᠢᠵᠢᠭᠤᠯᠵᠤ᠂ ᠬᠡᠷᠡᠭᠯᠡᠭᠡ ᠶᠢᠨ ᠰᠢᠨ᠎ᠡ ᠬᠡᠪ ᠵᠠᠭᠪᠤᠷ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠬᠦ ᠶᠢ ᠵᠣᠷᠢᠭᠵᠢᠭᠤᠯᠵᠤ᠂ ᠬᠡᠷᠡᠭᠯᠡᠭᠡ ᠶᠢᠨ ᠪᠣᠬᠢᠷᠲᠤᠯ ᠦᠭᠡᠢ ᠡᠷᠡᠭᠦᠯ ᠡᠩᠬᠡ ᠠᠮᠤᠷ ᠲᠦᠪᠰᠢᠨ ᠢ ᠦᠨᠡᠨ ᠬᠦ | ᠪᠠᠲᠤᠯᠠᠨ᠎ᠠ᠃ ᠬᠥᠯᠥᠨ ᠪᠤᠶᠢᠷ ᠤᠨ ᠸᠠᠨ ᠳ᠋ᠠ ᠠᠭᠤᠳᠠᠮ ᠲᠠᠯᠠᠪᠠᠶ᠂ ᠮᠠᠰᠢᠨ ᠲᠡᠷᠭᠡᠨ ᠤ ᠠᠵᠤ ᠦᠢᠯᠡᠰ ᠤᠨ ᠬᠦᠷᠢᠶᠡᠯᠡᠩ᠂ ᠮᠠᠨᠵᠤᠤᠷ ᠤᠨ ᠣᠯᠠᠨ ᠤᠯᠤᠰ ᠤᠨ | ᠪᠠᠷᠠᠭᠠᠨ ᠤ ᠭᠦᠢᠯᠭᠡᠭᠡᠨ ᠤ ᠲᠥᠪ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠣᠳᠠᠲᠤ ᠴᠣᠭᠴᠠ ᠶᠢᠨ ᠬᠤᠳᠠᠯᠳᠤᠭᠠᠨ ᠤ ᠰᠢᠨ᠎ᠡ ᠶᠢ | ᠡᠭᠦᠳᠴᠦ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠰᠤᠷᠭᠠᠨ ᠬᠥᠮᠦᠵᠢᠯ᠂ ᠡᠮ ᠡᠮᠨᠡᠯᠭᠡ᠂ ᠵᠢᠭᠤᠯᠴᠢᠯᠠᠯ ᠵᠡᠷᠭᠡ ᠶᠢᠨ ᠰᠦᠯᠵᠢᠶᠡᠨ ᠳᠠᠬᠢ ᠪᠠ ᠰᠦᠯᠵᠢᠶᠡᠨ | ᠭᠠᠳᠠᠭᠤᠷᠬᠢ ᠭᠦᠨᠵᠡᠭᠡᠶ ᠠᠭᠤᠰᠤᠯᠴᠠᠯ ᠢ ᠲᠦᠷᠭᠡᠳᠬᠡᠵᠦ᠂ ᠵᠣᠯᠭᠠᠬᠤ ᠦᠭᠡᠢ ᠦᠢᠯᠡᠴᠢᠯᠡᠭᠡ᠂ ᠬᠦᠷᠦᠯᠴᠡᠬᠦ ᠦᠭᠡᠢ ᠰᠣᠯᠢᠯᠴᠠᠭ᠎ᠠ ᠶᠢ ᠬᠥᠭᠵᠢᠭᠦᠯᠵᠦ᠂ ᠪᠣᠬᠢᠷᠲᠤᠯ | ᠦᠭᠡᠢ᠂ ᠮᠡᠳᠡᠭᠡ ᠵᠠᠩᠭᠢᠴᠢᠯᠠᠬᠤ᠂ ᠵᠠᠬᠢᠶᠠᠯᠠᠨ ᠦᠢᠯᠡᠳᠬᠦ᠂ ᠪᠡᠶᠡᠴᠢᠯᠡᠨ ᠣᠶᠢᠯᠠᠭᠠᠬᠤ ᠵᠡᠷᠭᠡ ᠰᠢᠨ᠎ᠡ ᠬᠡᠷᠡᠭᠯᠡᠭᠡᠨ ᠤ ᠨᠡᠮᠡᠭᠳᠡᠯ ᠴᠡᠭ ᠢ ᠪᠤᠶᠢᠵᠢᠭᠤᠯᠤᠨ᠎ᠠ᠃ ︽ | ᠬᠤᠯᠢᠰᠢᠨ ᠢᠳᠡᠭᠡᠨ︾ ᠤ ᠬᠠᠩᠭᠠᠯᠭ᠎ᠠ ᠶᠢᠨ ᠢᠨᠵᠧᠨᠧᠷᠢᠩ ᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠤᠨ | ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠴᠠᠯᠢᠩ ᠲᠠᠢ ᠠᠮᠠᠷᠠᠬᠤ ᠲᠦᠷᠢᠮ ᠢ ᠨᠠᠶᠢᠳᠠᠪᠤᠷᠢᠵᠢᠭᠤᠯᠤᠨ᠂ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠬᠡᠷᠡᠭᠯᠡᠭᠡᠨ ᠤ ᠬᠡᠷᠡᠭᠴᠡᠭᠡ ᠪᠠ ᠬᠦᠰᠡᠯ ᠢ ᠳᠡᠭᠡᠭᠰᠢᠯᠡᠭᠦᠯᠦᠨ᠂ ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ | ᠂ ᠬᠡᠷᠡᠭᠯᠡᠭᠡᠨ ᠤ ᠠᠰᠤᠷᠤ ᠰᠠᠶᠢᠨ ᠣᠷᠴᠢᠨ ᠨᠥᠬᠦᠴᠡᠯ ᠢ ᠪᠤᠢ ᠪᠣᠯᠭᠠᠨ᠎ᠠ᠃ ᠬᠤᠲᠠ ᠬᠥᠳᠡᠭᠡ ᠶᠢᠨ ᠭᠦᠢᠯᠭᠡᠭᠡᠨ ᠤ ᠲᠣᠭᠲᠠᠯᠴᠠᠭ᠎ᠠ ᠶᠢ ᠪᠦᠷᠢᠨᠰᠢᠬᠦᠯᠦᠨ᠂ ᠮᠠᠯᠵᠢᠬᠤ | ᠲᠠᠷᠢᠶᠠᠯᠠᠬᠤ ᠣᠷᠣᠨ ᠤ ᠴᠠᠬᠢᠮ ᠬᠤᠳᠠᠯᠳᠤᠭᠠᠨ ᠤ ᠶᠠᠪᠤᠳᠠᠯ ᠢ ᠬᠥᠭᠵᠢᠭᠦᠯᠵᠦ᠂ ᠪᠠᠷᠠᠭᠠᠨ ᠤ ᠭᠦᠢᠯᠭᠡᠭᠡᠨ ᠤ ᠳᠣᠭᠢᠷᠠᠭᠤᠯᠤᠨ ᠬᠦᠷᠭᠡᠬᠦ ᠲᠣᠤᠷ ᠰᠦᠯᠵᠢᠶ᠎ᠡ ᠶᠢ | ᠲᠡᠭᠦᠯᠳᠡᠷᠵᠢᠭᠦᠯᠦᠨ᠂ ᠰᠢᠶᠠᠨ ᠤ ᠬᠡᠪᠴᠢᠶᠡᠨ ᠤ ᠪᠠ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡ ᠶᠢ ᠦᠷᠭᠡᠳᠬᠡᠨ᠎ᠡ᠃ | ᠨᠡᠭᠡᠭᠡᠯᠳᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ | ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠣᠷᠣᠰ ᠮᠣᠩᠭᠤᠯ ᠤᠨ ᠬᠠᠮᠲᠤᠷᠠᠯᠴᠠᠭᠠᠨ ᠤ ᠬᠤᠰᠢᠭᠤᠴᠢ ᠣᠷᠣᠨ ᠤ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ᠂ ᠡᠯ᠎ᠡ ᠪᠣᠭᠤᠮᠲᠠ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ᠎ᠡ᠃ ᠮᠠᠨᠵᠤᠤᠷ | ᠪᠣᠭᠤᠮᠲᠠ ᠪᠠᠷ ᠲᠤᠯᠭᠠᠭᠤᠷᠢ ᠪᠣᠯᠭᠠᠨ ᠲᠣᠮᠤ ᠪᠣᠭᠤᠮᠲᠠ ᠶᠢᠨ ᠠᠵᠤ ᠠᠬᠤᠶ ᠶᠢ ᠬᠥᠭᠵᠢᠭᠦᠯᠵᠦ᠂ ᠮᠠᠨᠵᠤᠤᠷ ᠤᠨ ᠤᠯᠤᠰ ᠤᠨ ᠭᠤᠣᠯᠳᠠᠯᠭ᠎ᠠ ᠲᠠᠢ ᠨᠡᠭᠡᠭᠡᠨ | ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ ᠬᠥᠭᠵᠢᠯᠲᠡ ᠶᠢ ᠳᠡᠮᠵᠢᠵᠦ᠂ ᠮᠠᠨᠵᠤᠤᠷ ᠤᠨ ᠡᠬᠡ ᠬᠠᠭᠤᠷᠠᠶ ᠶᠢᠨ ᠬᠢᠯᠢ ᠶᠢᠨ ᠪᠣᠭᠤᠮᠲᠠ ᠶᠢᠨ | ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ᠂ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ | ᠰᠦᠯᠵᠢᠶᠡᠨ ᠳᠠᠬᠢ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ ᠠᠴᠢᠶᠠᠯᠠᠨ ᠲᠡᠭᠡᠭᠡᠪᠦᠷᠢᠯᠡᠬᠦ | ᠲᠥᠪᠯᠡᠷᠡᠭᠦᠯᠦᠨ ᠲᠠᠷᠬᠠᠭᠠᠬᠤ ᠲᠥᠪ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠡᠪᠦᠳᠦᠭ ᠪᠣᠭᠤᠮᠲᠠ ᠶᠢᠨ ᠠᠮᠤ ᠪᠤᠳᠠᠭᠠᠨ ᠤ ᠲᠣᠭᠲᠠᠭᠰᠠᠨ ᠬᠢᠨᠠᠨ | ᠬᠠᠮᠢᠶᠠᠷᠬᠤ ᠲᠠᠯᠠᠪᠤᠷ ᠢ ᠵᠥᠪᠰᠢᠶᠡᠷᠡᠭᠦᠯᠬᠦ ᠪᠠ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠬ᠎ᠠ ᠶᠢᠨ ᠠᠷᠠᠯᠵᠢᠶᠠᠨ ᠤ ᠲᠣᠭᠤᠷᠢᠭ ᠢ ᠰᠢᠯᠭᠠᠨ ᠠᠪᠴᠤ | ᠠᠵᠢᠯᠯᠠᠭᠤᠯᠬᠤ ᠪᠠᠷ ᠴᠢᠷᠮᠠᠶᠢᠵᠤ᠂ ᠨᠡᠪᠲᠡᠷᠡᠯ ᠠᠵᠤ ᠠᠬᠤᠢ ᠠᠴᠠ ᠰᠠᠭᠤᠷᠢᠰᠢᠯ ᠠᠵᠤ ᠠᠬᠤᠢ ᠲᠡᠶᠢᠰᠢ ᠰᠢᠯᠵᠢᠬᠦ ᠶᠢ ᠠᠬᠢᠭᠤᠯᠤᠨ᠎ᠠ᠃ ᠠᠵᠤ ᠠᠬᠤᠶᠢᠯᠠᠯ ᠤᠨ ︽ | ᠭᠠᠳᠠᠭᠰᠢ ᠭᠠᠷᠭᠠᠬᠤ︾ ᠠᠯᠬᠤᠴᠠ ᠶᠢ ᠲᠦᠷᠭᠡᠳᠬᠡᠨ᠂ ᠳᠠᠪᠠᠭᠠᠨ ᠤ ᠵᠡᠭᠦᠨᠳᠡᠬᠢ ᠭᠠᠵᠠᠷ ᠣᠷᠣᠨ ᠤ ᠢᠳᠡᠰᠢᠨ ᠮᠥᠭᠦ ᠶᠢ ᠭᠠᠳᠠᠭᠠᠳᠤ ᠳᠤ ᠭᠠᠷᠭᠠᠬᠤ ᠰᠠᠭᠤᠷᠢᠨ | ᠭᠠᠵᠠᠷ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠣᠷᠣᠨ ᠪᠦᠰᠡ ᠪᠠ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠠᠵᠠᠷ | ᠣᠷᠣᠨ ᠤ ᠬᠤᠭᠤᠷᠤᠨᠳᠤᠬᠢ ᠬᠠᠮᠲᠤᠷᠠᠯᠴᠠᠭ᠎ᠠ ᠶᠢ ᠴᠢᠩᠭᠠᠳᠬᠠᠨ᠂ ᠬᠠᠷᠪᠢᠨ — ᠳ᠋ᠠᠴᠢᠩ — ᠴᠢᠴᠢᠬᠠᠷ — ᠬᠥᠯᠥᠨ ᠪᠤᠶᠢᠷ ᠤᠨ ᠬᠤᠭᠤᠷᠤᠨᠳᠤᠬᠢ | ᠬᠠᠮᠵᠢᠯᠴᠠᠨ ᠬᠥᠭᠵᠢᠬᠦ ᠪᠠ ᠬᠥᠯᠥᠨ ᠪᠤᠶᠢᠷ — ᠬᠢᠩᠭᠠᠨ ᠠᠶᠢᠮᠠᠭ ᠯᠤᠭ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠣᠶ ᠰᠢᠭᠤᠶ ᠶᠢᠨ ᠠᠵᠤ | ᠦᠢᠯᠡᠳᠪᠦᠷᠢ ᠶᠢᠨ ᠪᠦᠯᠦᠭᠯᠡᠯ ᠯᠦᠭᠡ ᠣᠷᠣᠨ ᠨᠤᠲᠤᠭ ᠠᠵᠤ ᠠᠬᠤᠶᠢᠯᠠᠯ ᠬᠠᠮᠲᠤᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠵᠣᠬᠢᠴᠠᠩᠭᠤᠶ | ᠬᠥᠭᠵᠢᠯᠲᠡ ᠶᠢ ᠪᠡᠶᠡᠯᠡᠭᠦᠯᠦᠨ᠎ᠡ᠃ ᠠᠷᠪᠠᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠲᠦᠮᠦᠰᠦᠨ ᠤ ᠦᠢᠯᠡᠰ ᠤᠨ | ᠦᠵᠡᠰᠬᠦᠯᠡᠩ ᠤᠨ ᠴᠤᠭᠯᠠᠭᠠᠨ᠂ ᠬᠠᠶᠢᠯᠠᠷ ᠤᠨ ᠠᠷᠪᠠᠨ ᠳᠣᠯᠣᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠨ ᠠᠵᠤ ᠠᠬᠤᠶ ᠠᠷᠠᠯᠵᠢᠶᠠᠨ ᠤ | ᠵᠥᠪᠳᠡᠯᠴᠡᠬᠡᠷ ᠤᠨ ᠬᠤᠷᠠᠯ ᠵᠢᠴᠢ ᠲᠠᠸᠠᠷ ᠤᠨ ᠦᠵᠡᠭᠦᠯᠦᠯᠭᠡ ᠶᠢ ᠰᠠᠶᠢᠲᠤᠷ ᠡᠷᠭᠢᠯᠡᠨ᠎ᠡ᠃ | ︵ᠲᠠᠪᠤ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠬᠡᠷᠡᠭᠵᠢᠭᠦᠯᠵᠦ᠂ ᠬᠥᠳᠡᠯᠭᠡᠭᠴᠢ ᠬᠦᠴᠦᠨ ᠠᠮᠢᠵᠢᠷᠠᠯ ᠤᠨ ᠬᠦᠴᠦᠨ ᠢ ᠪᠦᠬᠦ | ᠲᠠᠯ᠎ᠠ ᠪᠠᠷ ᠴᠢᠩᠭᠠᠳᠬᠠᠨ᠎ᠠ᠃ ᠣᠳᠣᠬᠢᠴᠢᠯᠠᠭᠰᠠᠨ ᠪᠥᠲᠥᠭᠡᠨ ᠪᠠᠶᠢᠭᠤᠯᠤᠯᠲᠠ ᠶᠢᠨ ᠪᠥᠬᠦ ᠲᠠᠯ᠎ᠠ ᠳᠠᠬᠢ ᠰᠢᠨ᠎ᠡ ᠶᠢ ᠡᠭᠦᠳᠬᠦ ᠶᠢᠨ ᠭᠤᠤᠯᠯᠠᠬᠤ ᠪᠠᠶᠢᠷᠢ ᠰᠠᠭᠤᠷᠢ ᠶᠢ | ᠪᠠᠷᠢᠮᠲᠠᠯᠠᠵᠤ᠂ ᠰᠢᠨ᠎ᠡ ᠶᠢ ᠡᠭᠦᠳᠬᠦ ᠪᠠ ᠥᠭᠡᠷᠡᠴᠢᠯᠡᠯᠲᠡ ᠬᠢᠬᠦ ᠬᠤᠤᠰ ᠴᠢᠭᠯᠡᠯ ᠢᠶᠠᠷ ᠬᠦᠴᠦᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠲᠥᠷᠭᠡᠳᠬᠡᠨ ᠬᠦᠭᠵᠢᠭᠡᠨ᠎ᠡ᠃ | ᠰᠢᠨ᠎ᠡ ᠶᠢ ᠡᠭᠦᠳᠬᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠳᠬᠠᠨ᠎ᠠ᠃ ︽ᠰᠢᠨᠵᠢᠯᠡᠭᠡ ᠮᠡᠷᠭᠡᠵᠢᠯ ᠢᠶᠠᠷ ᠬᠤᠳᠠ ᠪᠠᠨ ᠮᠠᠨᠳᠤᠭᠤᠯᠬᠤ︾ | ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠨᠵᠢᠯᠡᠭᠡ ᠮᠡᠷᠭᠡᠵᠢᠯ ᠢᠶᠠᠷ ᠰᠢᠨ᠎ᠡ ᠶᠢ ᠡᠭᠦᠳᠬᠦ ᠶᠢ ᠠᠬᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ | ᠨᠡᠶᠢᠲᠡᠯᠡᠨ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠲᠣᠪᠤᠶᠢᠯᠭᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠪᠠᠶᠢᠭᠤᠯᠬᠤ ᠶᠢ | ᠲᠡᠮᠵᠢᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠤ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠤᠷᠤᠨ ᠤ ᠰᠢᠨᠵᠢᠯᠡᠭᠡ | ᠮᠡᠷᠭᠡᠵᠢᠯ ᠤᠨ ᠲᠢᠩᠬᠢᠮ ᠤᠨ ᠬᠥᠯᠦᠨ ᠪᠥᠢᠷ ᠬᠤᠲᠠ ᠯᠤᠭ᠎ᠠ ᠠᠵᠢᠯ ᠵᠦᠪᠳᠡᠯᠴᠡᠬᠦ ᠳᠦᠷᠢᠮ ᠢ ᠨᠠᠶᠢᠳᠠᠪᠤᠷᠢᠵᠢᠭᠤᠯᠬᠤ ᠡᠷᠴᠢᠮ ᠢ ᠴᠢᠩᠭᠠᠷᠠᠭᠤᠯᠵᠤ᠂ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ | ᠰᠤᠳᠤᠯᠭᠠᠨ ᠤ ᠬᠦᠷᠢᠶᠡᠯᠡᠩ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠯᠦᠭᠡ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠮᠢ ᠠᠬᠤᠢ ᠡᠪᠡᠰᠦ ᠪᠡᠯᠴᠢᠭᠡᠷ ᠤᠨ ᠠᠵᠤ | ᠠᠬᠤᠢ ᠶᠢᠨ ᠰᠢᠨᠵᠢᠯᠡᠭᠡ ᠮᠡᠷᠭᠡᠵᠢᠯ ᠤᠨ ᠰᠤᠳᠤᠯᠤᠨ ᠨᠡᠭᠡᠭᠡᠬᠦ ᠲᠥᠪ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠲᠠᠷᠢᠶᠠᠯᠠᠩ ᠤᠨ ᠰᠢᠨᠵᠢᠯᠡᠭᠡ | ᠮᠡᠷᠭᠡᠵᠢᠯ ᠤᠨ ᠬᠦᠷᠢᠶᠡᠯᠡᠩ ᠲᠣᠭᠤᠷᠢᠭ᠂ ᠥᠪᠥᠷ ᠮᠣᠩᠭᠤᠯ ᠤᠨ ᠡᠪᠡᠰᠦᠨ ᠦᠷ᠎ᠡ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠤᠪᠢᠶᠠᠷᠢ ᠲᠥᠪ᠂ | ᠲᠥᠮᠥᠰᠥ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠬᠤᠪᠢᠶᠠᠷᠢ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠤᠯᠤᠰ ᠪᠠ ᠥᠪᠡᠷᠲᠡᠭᠡᠨ ᠵᠠᠰᠠᠬᠤ | ᠣᠷᠣᠨ ᠤ ᠲᠡᠰ ᠤᠨ ᠰᠢᠨ᠎ᠡ ᠶᠢ ᠡᠭᠦᠳᠬᠦ ᠲᠠᠪᠴᠠᠩ ᠢ ᠴᠢᠷᠮᠠᠶᠢᠨ ᠡᠭᠦᠳᠴᠦ᠂ ᠰᠢᠨᠵᠢᠯᠡᠭᠡ ᠮᠡᠷᠭᠡᠵᠢᠯ ᠢᠶᠠᠷ ᠪᠣᠭᠤᠮᠲᠠ ᠰᠢᠪᠲᠤᠯᠬᠤ ᠴᠢᠳᠠᠪᠤᠷᠢ ᠶᠢ ᠳᠡᠭᠡᠭᠰᠢᠯᠡᠭᠦᠯᠵᠦ | ᠂ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠲᠦᠷᠭᠡᠳᠬᠡᠨ᠎ᠡ᠃ ᠡᠯ᠎ᠡ ᠲᠥᠷᠦᠯ ᠤᠨ ᠴᠢᠳᠠᠪᠤᠷᠢᠲᠠᠨ ᠢ ᠣᠷᠢᠵᠤ᠂ | ᠬᠦᠮᠦᠵᠢᠭᠦᠯᠬᠦ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠠᠯᠢᠭᠤᠨ ᠭᠠᠯᠠᠭᠤ ᠲᠥᠯᠥᠪᠯᠡᠭᠡ︾ ︽ᠬᠥᠯᠥᠨ ᠪᠥᠢᠷ ᠤᠨ | ᠴᠢᠳᠠᠪᠤᠷᠢᠲᠠᠨ︾ ᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠭᠡ ᠮᠡᠷᠭᠡᠵᠢᠯ ᠤᠨ ᠠᠵᠢᠯ ᠤᠨ ᠵᠥᠪᠯᠡᠭᠴᠢ ᠶᠢᠨ ᠪᠦᠯᠬᠦᠮ ᠢ ᠵᠣᠬᠢᠶᠠᠨ ᠪᠠᠶᠢᠭᠤᠯᠵᠤ᠂ | ᠬᠤᠲᠠ ᠶᠢᠨ ᠬᠡᠪᠴᠢᠶᠡᠨ ᠳᠣᠲᠣᠷᠠᠬᠢ ᠲᠡᠭᠡᠳᠦ ᠰᠣᠷᠭᠠᠭᠤᠯᠢ ᠶᠢᠨ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠶᠢ ᠬᠥᠲᠦᠯᠦᠨ ᠵᠢᠯᠤᠭᠤᠳᠴᠤ᠂ | ᠣᠷᠣᠨ ᠨᠤᠲᠤᠭ ᠤᠨ ᠴᠢᠳᠠᠪᠤᠷᠢᠲᠠᠨ ᠢ ᠬᠦᠮᠦᠵᠢᠭᠦᠯᠵᠦ᠂ ᠡᠯ᠎ᠡ ᠲᠥᠷᠦᠯ ᠤᠨ ᠴᠢᠳᠠᠪᠤᠷᠢᠲᠠᠨ ᠢ ᠰᠠᠶᠢᠲᠣᠷ ᠬᠡᠷᠡᠭᠯᠡᠵᠦ᠂ ᠣᠶᠤᠨ ᠤ ᠲᠤᠯᠭᠠᠭᠤᠷᠢᠯᠠᠯ ᠬᠠᠩᠭᠠᠨ᠎ᠠ᠃ | ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠦᠮᠡᠨ ᠣᠯᠠᠨ ᠢᠶᠠᠷ ᠢᠶᠠᠨ ᠦᠢᠯᠡᠰ ᠪᠣᠰᠬᠠᠵᠤ ᠰᠢᠨ᠎ᠡ ᠶᠢ | ᠡᠭᠦᠳᠬᠦ ᠠᠰᠣᠷᠣ ᠰᠠᠶᠢᠨ ᠠᠭᠤᠷ ᠠᠮᠢᠰᠬᠤᠯ ᠢ ᠪᠣᠶ ᠪᠣᠯᠭᠠᠨ᠎ᠠ᠃ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠪᠠᠶᠢᠭᠤᠯᠤᠯ ᠢ ᠦᠭᠡᠷᠡᠴᠢᠯᠡᠵᠦ᠂ ᠲᠠᠷᠢᠶᠠᠯᠠᠩ ᠤᠨ ᠬᠠᠭᠠᠯᠪᠤᠷᠢᠯᠠᠯᠲᠠ ᠶᠢᠨ ᠪᠦᠯᠦᠭᠯᠡᠯ ᠤᠨ ᠥᠭᠡᠷᠡᠴᠢᠯᠡᠯᠲᠡ ᠶᠢᠨ ᠠᠮᠢᠵᠢᠷᠠᠯ ᠤᠨ ᠬᠦᠴᠦᠨ ᠢ ᠬᠦᠭᠵᠢᠭᠡᠵᠦ᠂ ᠥᠪᠥᠷ | ᠮᠣᠩᠭᠤᠯ ᠤᠨ ᠣᠶ ᠰᠢᠭᠤᠶ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠳᠡᠮᠵᠢᠨ᠎ᠡ᠃ ᠲᠥᠰᠦᠪ ᠤᠨ | ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠡᠳ᠋ ᠤᠨ | ᠬᠦᠴᠦᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠡᠰ ᠤᠨ ᠬᠥᠳᠡᠭᠡ ᠲᠣᠰᠬᠤᠨ ᠤ ᠰᠤᠯᠠ ᠪᠠᠶᠢᠭ᠎ᠠ ᠣᠷᠣᠨ | ᠰᠠᠭᠤᠴᠠ ᠶᠢᠨ ᠰᠠᠭᠤᠷᠢ ᠭᠠᠵᠠᠷ ᠪᠠ ᠰᠤᠯᠠ ᠪᠠᠶᠢᠭ᠎ᠠ ᠣᠷᠣᠨ ᠰᠠᠭᠤᠴᠠ ᠶᠢ ᠠᠮᠢᠳᠤᠯᠢᠭ ᠢᠶᠠᠷ ᠠᠰᠢᠭᠯᠠᠬᠤ ᠲᠤᠷᠰᠢᠯᠲᠠ ᠶᠢᠨ ᠴᠡᠭ ᠢ ᠡᠮᠬᠢ ᠵᠢᠷᠤᠮ ᠲᠠᠢ ᠪᠠᠷ | ᠥᠷᠨᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠱᠠᠲᠣᠴᠢ ᠴᠢᠨᠠᠷᠲᠠᠶ ᠡᠭᠦᠷᠭᠡ ᠶᠢ | ᠪᠡᠶᠡᠯᠡᠭᠦᠯᠦᠨ᠂ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ | ᠭᠤᠤᠯ ᠴᠣᠭᠴᠠ ᠪᠠ ᠦᠢᠯᠡᠴᠢᠯᠡᠭᠡᠨ ᠤ ᠭᠤᠤᠯ ᠴᠣᠭᠴᠠ ᠶᠢ ᠪᠤᠶᠢᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ | ᠲᠣᠭᠲᠠᠯᠴᠠᠭ᠎ᠠ ᠶᠢ ᠪᠦᠷᠢᠨᠰᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠳᠠᠭᠠᠳᠬᠠᠯ ᠤᠨ ᠬᠠᠮᠤᠷᠬᠤ ᠬᠡᠪᠴᠢᠶ᠎ᠡ ᠶᠢ | ᠥᠷᠭᠡᠳᠬᠡᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠠᠵᠢᠯ ᠦᠢᠯᠡᠰ ᠤᠨ ᠨᠢᠭᠡᠴᠢ ᠶᠢᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠡᠷᠴᠢᠮᠲᠡᠢ ᠰᠢᠯᠢᠳᠡᠭᠵᠢᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠪᠣᠯ ᠴᠢᠬᠤᠯᠠ | ᠦᠢᠯᠡᠳᠪᠦᠷᠢᠯᠡᠯ ᠤᠨ ᠬᠦᠴᠦᠨ᠂ ᠥᠷᠢᠰᠥᠯᠳᠦᠬᠦ ᠬᠦᠴᠦᠨ ᠮᠥᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠠᠶᠢᠵᠢᠷᠠᠭᠤᠯᠬᠤ ᠪᠣᠯ ᠠᠵᠤ ᠠᠬᠤᠶ ᠶᠢᠨ | ᠨᠡᠮᠡᠭᠳᠡᠯ ᠢ ᠠᠬᠢᠭᠤᠯᠬᠤ᠂ ᠭᠠᠵᠠᠷ ᠣᠷᠣᠨ ᠤ ᠵᠦᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠬᠦ ᠴᠢᠬᠤᠯᠠ ᠠᠷᠭ᠎ᠠ ᠪᠠᠷᠢᠯ ᠮᠥᠨ᠃ ᠪᠢᠳᠡ ᠡᠷᠬᠡᠪᠰᠢ ᠦᠢᠯᠡᠴᠢᠯᠡᠭᠡᠨ ᠤ | ᠬᠡᠯᠪᠡᠷᠢ ᠶᠢᠨ ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ | ᠲᠡᠮᠳᠡᠭᠯᠡᠬᠦ ᠵᠡᠷᠭᠡ ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠡ ᠶᠢ ᠠᠬᠢᠭᠤᠯᠤᠨ᠂ ᠬᠢᠨᠡᠨ ᠵᠥᠪᠰᠢᠶᠡᠷᠡᠬᠦ ᠴᠠᠭ ᠤᠨ ᠬᠢᠵᠠᠭᠠᠷ ᠢ ᠶᠡᠭᠡ ᠪᠠᠷ ᠪᠣᠭᠤᠨᠢᠰᠬᠠᠵᠤ᠂ ᠬᠢᠨᠠᠨ | ᠵᠥᠪᠰᠢᠶᠡᠷᠡᠬᠦ ᠵᠦᠢᠯᠡᠰ᠂ ᠭᠤᠭᠴᠤᠭ᠎ᠠ᠂ ᠴᠠᠭ ᠤᠨ ᠬᠢᠵᠠᠭᠠᠷ ᠢ ᠬᠠᠮᠤᠭ ᠤᠨ ᠪᠠᠭ᠎ᠠ ᠪᠠᠶᠢᠯᠭᠠᠬᠤ ᠶᠢ ᠨᠠᠶᠢᠳᠠᠪᠤᠷᠢᠵᠢᠭᠤᠯᠤᠨ᠎ᠠ︔ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠠᠯᠬᠤᠮ ᠴᠢᠨᠠᠭᠰᠢᠳᠠ ᠰᠢᠯᠢᠳᠡᠭᠵᠢᠭᠦᠯᠵᠦ᠂ ︽ᠶᠡᠷᠦᠩᠬᠡᠢ ᠴᠤᠩᠬᠤᠪᠴᠢ︾ ᠶᠢᠨ ᠬᠦᠯᠢᠶᠡᠨ ᠠᠪᠴᠤ ᠰᠢᠢᠳᠪᠦᠷᠢᠯᠡᠬᠦ ᠶᠢ ᠲᠦᠷᠭᠡᠳᠬᠡᠨ | ᠥᠷᠨᠢᠭᠦᠯᠵᠦ᠂ ︽12345︾ ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤᠨ ᠤ ᠲᠠᠪᠴᠠᠩ ᠤᠨ ᠠᠵᠢᠯᠯᠠᠭᠠᠨ ᠤ ᠬᠠᠮᠢᠶᠠᠷᠤᠯᠲᠠ ᠶᠢ | ᠵᠢᠷᠤᠮᠵᠢᠭᠤᠯᠵᠤ᠂ ︽ᠨᠢᠭᠡ ᠰᠦᠯᠵᠢᠶ᠎ᠡ ᠪᠠᠷ ᠭᠦᠢᠴᠡᠳᠬᠡᠬᠦ᠂ ᠠᠯᠠᠭᠠᠨ ᠳᠡᠭᠡᠷ᠎ᠡ ᠪᠠᠨ ᠭᠦᠢᠴᠡᠳᠬᠡᠬᠦ᠂ ᠨᠢᠭᠡ ᠯᠠ ᠤᠳᠠᠭ᠎ᠠ ᠳᠤ ᠭᠦᠢᠴᠡᠳᠬᠡᠬᠦ᠂ ᠬᠠᠪᠰᠤᠷᠤᠨ | ᠭᠦᠢᠴᠡᠳᠬᠡᠬᠦ︾ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ︔ ᠬᠤᠰᠢᠭᠤ ᠬᠤᠲᠠ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ | ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠲᠥᠪ ᠢ ᠵᠢᠷᠤᠮᠵᠢᠭᠤᠯᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠥᠷᠨᠢᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡ︾ ᠶᠢ ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠠᠬᠢᠭᠤᠯᠤᠨ᠎ᠠ᠃ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠤ ᠪᠠᠶᠢᠭᠤᠯᠤᠯᠲᠠ ᠶᠢ | ᠴᠢᠩᠭᠠᠳᠬᠠᠵᠤ᠂ ︽ᠵᠠᠰᠠᠭ ᠤᠨ ᠣᠷᠳᠣᠨ ᠤ ᠠᠮᠠᠯᠠᠯᠲᠠ + ᠨᠡᠶᠢᠭᠡᠮ ᠤᠨ ᠬᠢᠨᠠᠯᠲᠠ + ᠢᠲᠡᠭᠡᠯ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠨᠡᠶᠢᠭᠡᠮ ᠤᠨ ᠢᠲᠡᠭᠡᠮᠵᠢ ᠶᠢᠨ ᠲᠤᠭᠲᠠᠯᠴᠠᠭ᠎ᠠ ᠢ ᠲᠡᠭᠦᠯᠳᠡᠷᠵᠢᠭᠦᠯᠦᠨ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠡᠷᠬᠡ | ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃ ᠲᠥᠪ ᠭᠤᠣᠯᠴᠢ ᠬᠠᠤᠯᠢ ᠪᠠᠷ ᠵᠠᠰᠠᠬᠤ ᠣᠷᠴᠢᠨ ᠨᠦᠭᠦᠴᠡᠯ ᠢ ᠪᠤᠶ ᠪᠣᠯᠭᠠᠵᠤ᠂ ᠲᠣᠳᠣᠨᠣᠰᠤᠭ ᠴᠢᠭᠡᠴᠢ ᠵᠠᠰᠠᠭ ᠪᠠ | ᠬᠤᠳᠠᠯᠳᠤᠭᠠᠴᠢᠨ ᠤ ᠬᠠᠷᠢᠴᠠᠭ᠎ᠠ ᠶᠢ ᠭᠦᠨᠵᠡᠭᠡᠶᠢᠷᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠦᠢᠯᠡᠴᠢᠯᠡᠬᠦ ᠠᠷᠭ᠎ᠠ ᠪᠠᠷᠢᠯ ᠢ ᠨᠠᠷᠢᠯᠢᠬᠵᠢᠭᠤᠯᠤᠨ | ᠪᠣᠳᠠᠲᠠᠶᠢᠵᠢᠭᠤᠯᠵᠤ᠂ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠦᠢᠯᠡᠳᠦᠯ ᠢ ᠪᠠᠳᠠᠷᠠᠭᠤᠯᠤᠨ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠬᠥᠭᠵᠢᠯᠲᠡ ᠶᠢᠨ ᠠᠮᠢᠳᠤᠯᠢᠭ ᠬᠦᠴᠦᠨ ᠢ ᠬᠥᠭᠵᠢᠭᠡᠨ᠎ᠡ᠃ ᠨᠡᠭᠡᠭᠡᠯᠲᠡ ᠲᠠᠢ ᠪᠥᠭᠡᠳ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ | ᠨᠥᠭᠦᠴᠡᠯ ᠢ ᠰᠢᠯᠢᠳᠡᠭᠵᠢᠭᠦᠯᠵᠦ᠂ ︽ᠬᠤᠷᠢᠭ᠎ᠠ ᠥᠬᠡᠶ ᠪᠣᠯ ᠵᠦᠪᠰᠢᠶᠡᠷᠡᠨ ᠣᠷᠣᠭᠤᠯᠬᠤ︾ ᠶᠢ ᠨᠡᠶᠢᠳᠡᠮ ᠨᠠᠶᠢᠳᠠᠪᠤᠷᠢᠵᠢᠭᠤᠯᠬᠤ ᠶᠢ ᠠᠬᠢᠭᠤᠯᠵᠤ᠂ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠠᠯᠬᠤᠮ ᠴᠢᠨᠠᠭᠰᠢᠳᠠ ᠵᠢᠷᠤᠮᠵᠢᠭᠤᠯᠤᠨ᠂ ᠪᠡᠯᠡ | ᠲᠤᠬᠢᠷᠠᠭᠤᠯᠭ᠎ᠠ ᠶᠢᠨ ᠲᠥᠬᠦᠮ ᠦᠵᠡᠭᠦᠯᠬᠦ ᠬᠡᠮᠵᠢᠶ᠎ᠡ ᠪᠠ ᠬᠦᠷᠲᠡᠮᠵᠢ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠵᠠᠬ᠎ᠠ ᠳᠤ ᠭᠠᠷᠴᠤ ᠫᠠᠶᠢᠰᠠ | ᠡᠯᠭᠦᠬᠦ ᠠᠵᠢᠯᠯᠠᠭᠠᠨ ᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠱᠧᠩ ᠲᠦᠩ ᠰᠢᠬᠢᠷ ᠤᠨ ᠦᠢᠯᠡᠰ ᠵᠡᠷᠭᠡ ᠠᠵᠤ ᠠᠬᠤᠶᠢᠯᠠᠯ ᠤᠨ ᠵᠠᠬ᠎ᠠ ᠳᠤ ᠭᠠᠷᠴᠤ | ᠪᠡᠯᠡ ᠲᠣᠬᠢᠷᠠᠭᠤᠯᠬᠤ ᠶᠢ ᠳᠡᠮᠵᠢᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠦᠨᠡᠯᠡᠯᠲᠡ ᠶᠢᠨ ᠪᠠᠷᠢᠮᠵᠢᠶ᠎ᠡ ᠶᠢᠨ ᠲᠣᠭᠲᠠᠯᠴᠠᠭ᠎ᠠ ᠪᠠ ᠠᠷᠭ᠎ᠠ ᠶᠢ | ᠲᠡᠭᠦᠯᠳᠡᠷᠵᠢᠭᠦᠯᠦᠨ᠎ᠡ᠃ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠪᠠᠶᠢᠷᠢᠯᠠᠭᠤᠯᠤᠯᠲᠠ | ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠂ | ᠵᠠᠰᠠᠯᠲᠠ ᠶᠢᠨ ᠦᠷ᠎ᠡ ᠪᠦᠳᠦᠮᠵᠢ ᠶᠢ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠲᠤᠰᠬᠠᠶ | ᠲᠥᠷᠦᠯ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠪᠦᠬᠦ ᠬᠤᠲᠠ ᠶᠢᠨ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠤᠨ ᠰᠢᠯᠢᠳᠡᠭᠵᠢᠭᠦᠯᠬᠦ ᠶᠢ ᠠᠬᠢᠭᠤᠯᠤᠨ᠎ᠠ᠃ | ︵ᠵᠢᠷᠭᠤᠭ᠎ᠠ︶ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠬᠥᠳᠡᠭᠡ ᠶᠢᠨ ᠨᠢᠭᠡ | ᠴᠤᠭᠴᠠᠵᠢᠭᠤᠯᠤᠭᠰᠠᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠎ᠡ᠃ ᠬᠤᠳᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠪᠠᠷᠢᠮᠲᠠᠯᠠᠵᠤ᠂ ᠠᠮᠢ | ᠠᠬᠤᠢ ᠦᠢᠯᠡᠳᠪᠦᠷᠢᠯᠡᠯ ᠠᠮᠢᠳᠤᠷᠠᠯ ᠤᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠦᠯᠦᠪᠯᠡᠵᠦ᠂ ᠬᠤᠳᠠ ᠬᠥᠳᠡᠭᠡ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ | ᠬᠤᠳᠠ ᠬᠥᠳᠡᠭᠡ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠬᠢᠷᠢ ᠲᠦᠪᠰᠢᠨ ᠢ ᠲᠠᠰᠤᠷᠠᠯᠲᠠ | ᠦᠬᠡᠢ ᠳᠡᠭᠡᠭᠰᠢᠯᠡᠭᠦᠯᠦᠨ᠎ᠡ᠃ | ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠭᠤᠣᠯ ᠴᠣᠭᠴᠠ ᠶᠢᠨ ᠴᠢᠳᠠᠮᠵᠢᠳᠤ ᠣᠷᠣᠨ ᠤ | ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠡᠬᠢ ᠪᠠᠶᠠᠯᠢᠭ ᠣᠷᠴᠢᠨ ᠠᠬᠤᠶ ᠶᠢᠨ ᠳᠠᠭᠠᠭᠠᠴᠠ ᠶᠢᠨ ᠴᠢᠳᠠᠪᠤᠷᠢ ᠳᠤ ᠰᠠᠭᠤᠷᠢᠯᠠᠨ᠂ ᠠᠮᠢ ᠠᠬᠤᠶ ᠶᠢᠨ ᠣᠷᠣᠨ | ᠵᠠᠶ᠂ ᠲᠠᠷᠢᠶᠠᠯᠠᠩ ᠮᠠᠯ ᠠᠵᠤ ᠠᠬᠤᠶ ᠶᠢᠨ ᠣᠷᠣᠨ ᠵᠠᠶ ᠪᠠ ᠬᠤᠲᠠ ᠪᠠᠯᠭᠠᠰᠤᠨ ᠤ ᠣᠷᠣᠨ ᠵᠠᠶ ᠶᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠭᠤᠣᠯ | ᠴᠣᠭᠴᠠ ᠶᠢᠨ ᠴᠢᠳᠠᠮᠵᠢ ᠪᠠᠷ ᠢᠯᠡᠷᠬᠡᠶ᠂ ᠳᠠᠪᠠᠭᠤᠯᠢᠭ ᠢ ᠬᠠᠷᠢᠯᠴᠠᠨ ᠨᠥᠬᠦᠪᠥᠷᠢᠯᠡᠭᠰᠡᠨ᠂ ᠴᠢᠨᠠᠷ ᠰᠠᠶᠢᠲᠠᠢ ᠬᠦᠭᠵᠢᠬᠦ ᠤᠯᠤᠰ ᠤᠨ ᠨᠣᠲᠤᠭ ᠳᠡᠪᠢᠰᠬᠡᠷ ᠤᠨ ᠣᠷᠣᠨ | ᠵᠠᠢ ᠶᠢ ᠨᠡᠭᠡᠭᠡᠨ ᠠᠰᠢᠭᠯᠠᠵᠤ ᠬᠠᠮᠠᠭᠠᠯᠠᠬᠤ ᠰᠢᠨ᠎ᠡ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ | ᠴᠢᠩᠭᠠᠳᠬᠠᠵᠤ᠂ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ᠂ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ᠂ ᠭᠤᠷᠪᠠᠨ ᠶᠡᠭᠡ ᠣᠷᠣᠨ ᠵᠠᠶ ᠶᠢ ᠤᠷᠢᠳᠠᠪᠠᠷ ᠲᠥᠯᠥᠪᠵᠢᠭᠦᠯᠬᠦ᠂ ᠤᠷᠢᠳᠠᠪᠠᠷ ᠪᠠᠶᠢᠷᠢᠰᠢᠭᠤᠯᠵᠤ᠂ ᠤᠷᠢᠳᠠᠪᠠᠷ ᠬᠥᠭᠵᠢᠭᠦᠯᠬᠦ ᠶᠢ ᠰᠢᠨᠵᠢᠯᠡᠬᠦ | ᠤᠬᠠᠭᠠᠨᠴᠢ ᠪᠠᠷ ᠨᠢᠭᠡᠳᠦᠯᠲᠡᠶ ᠲᠥᠯᠥᠪᠯᠡᠵᠦ᠂ ᠲᠠᠷᠢᠶᠠᠯᠠᠬᠤ ᠮᠠᠯᠵᠢᠬᠤ ᠰᠢᠭᠤᠶᠢᠲᠤ ᠣᠷᠣᠨ ᠤ ᠵᠦᠷᠢᠶᠡᠵᠢᠭᠰᠡᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃ | ᠳᠠᠪᠠᠭᠠᠨ ᠤ ᠵᠡᠭᠦᠨᠳᠡᠬᠢ ᠭᠠᠵᠠᠷ ᠣᠷᠣᠨ ᠤ ᠬᠡᠯᠪᠡᠷᠢ ᠬᠤᠪᠢᠷᠠᠭᠤᠯᠬᠤ ᠶᠢ ᠲᠦᠷᠭᠡᠳᠬᠡᠬᠦ ᠶᠢ ᠳᠡᠮᠵᠢᠵᠦ᠂ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ᠂ ᠠᠮᠢ | ᠠᠬᠤᠶ ᠶᠢᠨ ᠲᠠᠷᠢᠶᠠᠯᠠᠩ ᠮᠠᠯ ᠠᠵᠤ ᠠᠬᠤᠶ᠂ ᠨᠢᠰᠭᠡᠯ ᠤᠨ ᠪᠠᠭᠤᠳᠠᠯ ᠤᠨ ᠲᠣᠭᠤᠷᠢᠨ ᠳᠠᠬᠢ ᠠᠵᠤ ᠦᠢᠯᠡᠰ᠂ ᠴᠡᠪᠡᠷ ᠡᠨᠧᠷᠭᠢ ᠵᠡᠷᠭᠡ ᠠᠵᠤ ᠦᠢᠯᠡᠰ ᠢ | ᠭᠤᠤᠯᠳᠠᠯᠭ᠎ᠠ ᠲᠠᠢ ᠬᠥᠭᠵᠢᠭᠦᠯᠵᠦ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠢᠯᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠴᠤᠭᠴᠠᠯᠠᠨ ᠪᠠᠶᠢᠭᠤᠯᠤᠨ᠎ᠠ︔ | ᠳᠠᠪᠠᠭᠠᠨ ᠤ ᠪᠠᠷᠭᠤᠨᠳᠡᠬᠢ ᠭᠠᠵᠠᠷ ᠣᠷᠣᠨ ᠤ ᠲᠦᠷᠭᠡᠨ ᠬᠥᠭᠵᠢᠬᠦ ᠶᠢ ᠳᠡᠮᠵᠢᠵᠦ᠂ ᠪᠣᠭᠤᠮᠲᠠ ᠶᠢᠨ ᠠᠵᠤ ᠠᠬᠤᠶ᠂ ᠠᠮᠢ ᠠᠬᠤᠶ ᠶᠢᠨ ᠵᠢᠭᠤᠯᠴᠢᠯᠠᠯ᠂ ᠠᠮᠢ | ᠠᠬᠤᠶ ᠶᠢᠨ ᠡᠪᠡᠰᠦᠨ ᠤ ᠦᠢᠯᠡᠰ᠂ ᠤᠶᠤᠨᠲᠤ ᠮᠠᠯ ᠠᠵᠤ ᠠᠬᠤᠶ ᠵᠡᠷᠭᠡ ᠠᠵᠤ ᠦᠢᠯᠡᠰ ᠢ ᠭᠤᠤᠯᠳᠠᠯᠭ᠎ᠠ ᠲᠠᠢ ᠬᠥᠭᠵᠢᠭᠦᠯᠵᠦ᠂ ᠨᠡᠭᠡᠭᠡᠯᠲᠡᠲᠦ ᠬᠡᠯᠪᠡᠷᠢ ᠶᠢᠨ ᠠᠵᠤ | ᠠᠬᠤᠶ ᠶᠢᠨ ᠬᠥᠲᠦᠯᠦᠭᠴᠢ ᠣᠷᠣᠨ ᠢ ᠴᠤᠭᠴᠠᠯᠠᠨ ᠪᠠᠶᠢᠭᠤᠯᠤᠨ᠎ᠠ︔ ᠳᠠᠪᠠᠭᠠᠨ ᠳᠡᠭᠡᠷᠡᠬᠢ ᠭᠠᠵᠠᠷ ᠣᠷᠣᠨ ᠢ ᠲᠦᠷᠬᠡᠨ ᠬᠥᠭᠵᠢᠭᠦᠯᠦᠨ ᠮᠠᠨᠳᠤᠭᠤᠯᠬᠤ ᠶᠢ ᠲᠡᠮᠵᠢᠵᠤ᠂ | ᠠᠮᠢ ᠠᠬᠤᠶ ᠶᠢᠨ ᠤᠢ ᠰᠢᠭᠤᠶ᠂ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠠᠵᠤ ᠠᠬᠤᠶ᠂ ᠤᠢ ᠰᠢᠭᠤᠶ ᠶᠢᠨ ᠡᠷᠡᠭᠦᠯᠵᠢᠯ ᠰᠣᠪᠢᠯᠠᠯᠲᠠ᠂ ᠬᠠᠬᠢᠷ ᠬᠦᠢᠲᠡᠨ | ᠮᠥᠰᠥ ᠴᠠᠰᠤ ᠵᠡᠷᠭᠡ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠬᠠᠮᠲᠤ ᠣᠷᠣᠰᠢᠬᠤ ᠨᠡᠶᠢᠲᠡᠯᠢᠭ | ᠵᠢᠱᠢᠶᠡᠴᠢ ᠣᠷᠣᠨ ᠢ ᠴᠤᠭᠴᠠᠯᠠᠨ ᠪᠠᠶᠢᠭᠤᠯᠤᠨ᠎ᠠ᠃ | ᠬᠤᠲᠠ ᠬᠥᠳᠡᠭᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ︽ᠴᠢᠴᠢᠬᠠᠷ— ᠬᠠᠶᠢᠯᠠᠷ—ᠮᠠᠨᠵᠤᠤᠷ︾ ᠤᠨ | ᠳᠡᠭᠡᠳᠦ ᠬᠤᠷᠳᠤ ᠶᠢᠨ ᠲᠡᠮᠦᠷ ᠵᠠᠮ ᠢ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠡᠮᠦᠷ ᠵᠠᠮ ᠤᠨ ᠲᠥᠯᠥᠪᠵᠢᠭᠦᠯᠭᠡ ᠳᠤ ᠣᠷᠣᠭᠤᠯᠬᠤ ᠶᠢ | ᠢᠳᠡᠪᠬᠢᠲᠡᠢ ᠠᠬᠢᠭᠤᠯᠵᠤ᠂ ᠬᠠᠶᠢᠯᠠᠷ—ᠢᠷᠱᠢ ᠬᠦᠷᠬᠦ ᠲᠡᠮᠦᠷ ᠵᠠᠮ ᠢ ᠳᠡᠰ ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠨ᠎ᠡ᠃ ᠴᠠᠶᠢᠾᠧ᠂ ᠮᠣᠷᠳᠠᠭ᠎ᠠ᠂ ᠪᠢᠯᠠᠷ | ᠭᠤᠣᠯ ᠵᠡᠷᠭᠡ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠶ ᠪᠠᠷ ᠠᠬᠢᠭᠤᠯᠵᠤ᠂ ᠬᠠᠶᠢᠯᠠᠷ ᠤᠨ ᠨᠢᠰᠬᠡᠯ ᠤᠨ | ᠪᠠᠭᠤᠳᠠᠯ ᠤᠨ ᠨᠢᠰᠬᠡᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠨᠢᠷᠬᠢ— ᠲᠠᠩᠭᠡ᠂ ᠠᠯᠢ ᠭᠤᠣᠯ— ᠬᠥᠪᠴᠢ ᠤᠢ ᠰᠢᠭᠤᠢ ᠶᠢᠨ | ᠲᠠᠯᠠᠪᠠᠢ ᠵᠡᠷᠭᠡ 2 ᠵᠠᠰᠠᠮᠠᠯ ᠵᠠᠮ ᠤᠨ ᠲᠦᠷᠦᠯ ᠵᠦᠢᠯ ᠢ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠬᠦ ᠶᠢ ᠠᠬᠢᠭᠤᠯᠵᠤ᠂ ᠬᠠᠶᠢᠯᠠᠷ —ᠮᠠᠨᠵᠤᠤᠷ ᠵᠡᠷᠭᠡ 4 | ᠦᠷᠭᠦᠯᠵᠢᠯᠡᠨ ᠪᠦᠳᠦᠭᠡᠨ ᠪᠠᠶᠢᠭᠤᠯᠬᠤ ᠪᠠ ᠭᠡᠭᠡᠨ ᠭᠤᠣᠯ— ᠶᠠᠭᠰᠢ᠂ ᠵᠠᠭᠳᠠ— ᠴᠠᠩ ᠴᠢᠩ ᠤᠨ ᠤᠢ ᠰᠢᠭᠤᠢ ᠶᠢᠨ ᠲᠠᠯᠠᠪᠠᠢ ᠬᠦᠷᠬᠦ 2 ᠰᠢᠨ᠎ᠡ ᠪᠠᠷ ᠪᠦᠳᠦᠭᠡᠨ | ᠪᠠᠶᠢᠭᠤᠯᠬᠤ ᠵᠠᠰᠠᠮᠠᠯ ᠵᠠᠮ ᠤᠨ ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ᠮᠡᠩᠭᠦᠢ —ᠭᠡᠭᠡᠨ ᠭᠤᠣᠯ᠂ ᠷᠠᠰᠢᠶᠠᠨ— ᠴᠠᠶᠢᠾᠧ— ᠮᠥᠭᠦᠴᠢ ᠬᠦᠷᠬᠦ ᠵᠠᠰᠠᠮᠠᠯ | ᠵᠠᠮ ᠢ ᠲᠡᠰ ᠳᠡᠪᠰᠢᠭᠦᠯᠦᠨ ᠥᠭᠡᠷᠡᠴᠢᠯᠡᠨ ᠪᠠᠶᠢᠭᠤᠯᠬᠤ ᠡᠮᠦᠨᠡᠬᠢ ᠬᠤᠭᠤᠴᠠᠭᠠᠨ ᠤ ᠠᠵᠢᠯ ᠢ ᠡᠮᠬᠢ ᠵᠢᠷᠤᠮ ᠲᠠᠢ ᠪᠠᠷ ᠠᠬᠢᠭᠤᠯᠵᠤ᠂ ︽ᠲᠦᠷᠪᠡᠨ ᠰᠠᠶᠢᠨ ᠬᠥᠳᠡᠭᠡ | ᠲᠣᠰᠬᠤᠨ ᠤ ᠵᠠᠮ︾ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠵᠠᠳᠤᠨ ᠤᠰᠤᠨ ᠠᠰᠢᠭᠯᠠᠯᠲᠠ ᠶᠢᠨ ᠬᠦᠢᠰᠦ᠂ ᠨᠢᠷᠬᠢ ᠤᠰᠤᠨ | ᠠᠰᠢᠭᠯᠠᠯᠲᠠ ᠶᠢᠨ ᠬᠦᠢᠰᠦ ᠶᠢᠨ ᠳᠣᠤᠷᠠᠳᠤ ᠤᠷᠤᠰᠬᠠᠯ ᠤᠨ ᠥᠪᠥᠷ ᠮᠣᠩᠭᠤᠯ ᠤᠨ ᠤᠰᠤᠯᠠᠯᠲᠠ ᠶᠢᠨ ᠣᠷᠣᠨ ᠵᠡᠷᠭᠡ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠎ᠡ᠃ ᠳᠤᠮᠳᠠᠳᠤ ᠣᠷᠣᠰ ᠤᠨ ᠵᠡᠭᠦᠨ ᠱᠤᠭᠤᠮ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠳᠠᠮᠵᠢᠭᠤᠯᠬᠤ ᠬᠤᠭᠤᠯᠠᠢ ᠶᠢᠨ ᠬᠥᠯᠥᠨ | ᠪᠥᠢᠷ ᠲᠠᠬᠢ ᠰᠠᠯᠪᠤᠷᠢ ᠱᠤᠭᠤᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠃ | ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠲᠠ ᠶᠢᠨ ᠠᠬᠢᠴᠠ ᠶᠢ ᠠᠬᠢᠭᠤᠯᠤᠨ᠎ᠠ᠃ ᠬᠥᠮᠦᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠤᠲᠠ ᠶᠢᠨ | ᠴᠢᠳᠠᠮᠵᠢ ᠶᠢ ᠲᠡᠭᠦᠯᠳᠡᠷᠵᠢᠭᠦᠯᠵᠦ᠂ ᠣᠷᠤᠰᠢᠨ ᠰᠠᠭᠤᠷᠢᠰᠢᠬᠤ ᠳᠤ ᠲᠠᠭᠠᠯᠠᠮᠵᠢᠲᠠᠢ ᠬᠤᠲᠠ᠂ ᠪᠣᠬᠢᠷᠲᠤᠯ ᠦᠭᠡᠶ ᠬᠤᠲᠠ᠂ ᠰᠣᠶᠣᠯ ᠢᠷᠭᠡᠨᠰᠢᠯ ᠤᠨ ᠬᠤᠲᠠ᠂ | ᠲᠣᠭᠠᠴᠢᠯᠠᠭᠰᠠᠨ ᠬᠤᠲᠠ᠂ ᠤᠶᠠᠨ ᠬᠠᠲᠠᠨ ᠴᠢᠨᠠᠷᠲᠠᠶ ᠬᠤᠲᠠ ᠶᠢ ᠲᠦᠷᠭᠡᠳᠬᠡᠨ ᠪᠠᠶᠢᠭᠤᠯᠵᠤ᠂ ᠲᠥᠪ ᠬᠤᠲᠠ ᠶᠢᠨ ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠬᠤ | ᠴᠢᠳᠠᠪᠤᠷᠢ ᠶᠢ ᠳᠡᠭᠡᠭᠰᠢᠯᠡᠭᠦᠯᠦᠨ᠂ ᠬᠤᠰᠢᠭᠤ ᠬᠤᠲᠠ ᠲᠣᠭᠤᠷᠢᠭ ᠤᠨ ᠪᠠᠶᠢᠭᠤᠯᠤᠯᠲᠤ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠮᠵᠢ ᠶᠢ | ᠨᠡᠮᠡᠭᠳᠡᠭᠦᠯᠵᠦ᠂ ᠵᠠᠯᠠᠨ ᠠᠶᠢᠯ ᠬᠤᠲᠠ ᠶᠢᠨ ᠤᠯᠤᠰ ᠤᠨ ᠲᠡᠤᠬᠡ ᠰᠣᠶᠣᠯ ᠤᠨ ᠨᠠᠷᠠᠲᠤ ᠬᠤᠲᠠ ᠶᠢ ᠭᠤᠶᠤᠴᠢᠯᠠᠨ ᠮᠡᠳᠡᠭᠦᠯᠬᠦ ᠠᠵᠢᠯ ᠢ ᠠᠬᠢᠭᠤᠯᠤᠨ᠂ ᠲᠥᠪ | ᠬᠤᠲᠠ ᠶᠢᠨ ᠲᠣᠭᠤᠷᠢᠭ ᠢᠶᠠᠷ ᠨᠥᠯᠦᠭᠡᠯᠡᠭᠰᠡᠨ᠂ ᠬᠤᠲᠠ ᠶᠢᠨ ᠲᠡᠭᠦᠷᠭᠡ ᠳᠠᠬᠢ ᠪᠠᠯᠭᠠᠰᠤ᠂ ᠤᠨᠴᠠᠯᠢᠬᠳᠤ ᠵᠢᠵᠢᠭ ᠪᠠᠯᠭᠠᠰᠤ ᠪᠠᠷ ᠲᠤᠯᠭᠠᠭᠤᠷᠢᠯᠠᠭᠰᠠᠨ ᠰᠢᠨ᠎ᠡ | ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠷᠢᠰᠢᠯ ᠢ ᠲᠦᠷᠭᠡᠳᠬᠡᠨ ᠪᠦᠷᠢᠯᠳᠦᠭᠦᠯᠦᠨ᠎ᠡ᠃ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠵᠦ᠂ | 33 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠬᠤᠲᠠ ᠶᠢᠨ ᠶᠠᠪᠤᠳᠠᠯ ᠤᠨ 110 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠬᠤᠸᠠ ᠨᠧᠩ | ᠢᠮᠢᠨ ᠨᠡᠭᠦᠷᠡᠰᠦ ᠴᠠᠬᠢᠯᠭᠠᠨ ᠤ ᠺᠣᠮᠫᠠᠨᠢ ᠶᠢᠨ ᠤᠷᠲᠤ ᠵᠠᠶ ᠳᠤ ᠢᠯᠴᠢ ᠬᠠᠩᠭᠠᠬᠤ᠂ ᠲᠥᠪ ᠬᠤᠲᠠ ᠶᠢᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ | ᠤᠰᠤᠨ ᠤ ᠰᠤᠷᠪᠤᠯᠵᠢ ᠪᠠ ᠭᠤᠤᠯᠳᠠᠯᠭ᠎ᠠ ᠲᠠᠢ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠭᠠᠵᠠᠷ ᠣᠷᠣᠨ ᠤ | ᠪᠠᠶᠢᠳᠠᠯ ᠳᠤᠨᠢ ᠳᠣᠭᠢᠷᠠᠭᠤᠯᠤᠨ ᠬᠠᠭᠤᠴᠢᠨ ᠰᠠᠭᠤᠭᠠᠯᠢ ᠲᠣᠭᠤᠷᠢᠭ᠂ ᠬᠠᠭᠤᠴᠢᠨ ᠦᠢᠯᠡᠳᠪᠦᠷᠢ ᠶᠢᠨ ᠲᠣᠭᠤᠷᠢᠭ᠂ ᠬᠠᠭᠤᠴᠢᠨ ᠵᠡᠭᠡᠯᠢ ᠲᠣᠭᠤᠷᠢᠭ ᠤᠨ | ᠥᠭᠡᠷᠡᠴᠢᠯᠡᠯᠲᠡ ᠶᠢ ᠠᠬᠢᠭᠤᠯᠵᠤ᠂ ᠬᠤᠲᠠ ᠪᠠᠯᠭᠠᠰᠤᠨ ᠤ 243 ᠬᠠᠭᠤᠴᠢᠨ ᠰᠠᠭᠤᠭᠠᠯᠢ ᠲᠣᠭᠤᠷᠢᠭ ᠤᠨ 1.64 ᠲᠦᠮᠡᠨ ᠡᠷᠦᠬᠡ ᠶᠢ ᠥᠭᠡᠷᠡᠴᠢᠯᠡᠨ ᠰᠢᠨᠡᠳᠬᠡᠵᠦ | ᠂ ᠬᠤᠲᠠ ᠶᠢᠨ ᠠᠮᠢ ᠠᠬᠤᠶ ᠶᠢ ᠰᠡᠷᠭᠦᠭᠡᠬᠦ᠂ ᠴᠢᠳᠠᠮᠵᠢ ᠶᠢ ᠲᠡᠭᠦᠯᠳᠡᠷᠵᠢᠭᠦᠯᠬᠦ ᠶᠢ ᠠᠬᠢᠭᠤᠯᠤᠨ᠎ᠠ᠃ ᠭᠡᠷ ᠭᠠᠵᠠᠷ ᠬᠥᠷᠦᠩᠭᠡ ᠶᠢᠨ ᠬᠦᠷᠢᠶ᠎ᠡ ᠴᠠᠷᠠᠭᠠᠨ ᠳᠠᠬᠢ | ᠥᠩᠭᠡᠷᠡᠭᠰᠡᠨ ᠤ ᠦᠯᠡᠳᠡᠭᠳᠡᠯ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠨ᠎ᠡ᠃ ᠬᠤᠲᠠ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠶᠢ | ᠨᠢᠭᠡᠳᠦᠯᠲᠡᠶ ᠲᠥᠯᠥᠪᠯᠡᠵᠦ᠂ ᠬᠤᠲᠠ ᠶᠢᠨ ᠨᠠᠷᠢᠯᠢᠬᠵᠢᠭᠤᠯᠬᠤ᠂ ᠤᠶᠤᠨᠴᠢᠯᠠᠬᠤ ᠵᠠᠰᠠᠯᠲᠠ ᠶᠢ ᠴᠢᠩᠭᠠᠳᠬᠠᠨ᠎ᠠ᠃ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ | ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠬᠤᠳᠠ ᠶᠢᠨ ᠬᠠᠮᠢᠶᠠᠷᠤᠯᠲᠠ ᠶᠢ ᠨᠡᠶᠢᠭᠡᠮ ᠲᠣᠭᠤᠷᠢᠭ ᠰᠠᠭᠤᠭᠠᠯᠢ ᠲᠣᠭᠤᠷᠢᠭ ᠲᠤ ᠣᠷᠣᠭᠤᠯᠬᠤ ᠶᠢ ᠠᠬᠢᠭᠤᠯᠵᠤ᠂ ᠠᠳᠠᠯ | ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠶᠠᠰᠤ ᠴᠢᠨᠠᠷ ᠦᠷ᠎ᠡ ᠠᠰᠢᠭ ᠪᠠ ᠠᠳᠠᠯ ᠠᠬᠤᠶ ᠶᠢᠨ ᠬᠠᠮᠢᠶᠠᠷᠤᠯᠲᠠ ᠶᠢᠨ ᠪᠦᠷᠭᠦᠯᠲᠡ | ᠶᠢᠨ ᠨᠣᠷᠮ᠎ᠠ ᠶᠢ ᠳᠡᠭᠡᠭᠰᠢᠯᠡᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠶᠢ ᠬᠡᠷᠡᠭᠵᠢᠭᠦᠯᠵᠦ᠂ ᠬᠤᠲᠠ ᠶᠢᠨ ᠶᠡᠷᠦᠩᠬᠡᠶᠢᠯᠡᠨ ᠵᠠᠰᠠᠬᠤ | ᠴᠢᠳᠠᠪᠤᠷᠢ ᠶᠢ ᠳᠡᠭᠡᠭᠰᠢᠯᠡᠭᠦᠯᠵᠦ᠂ ᠬᠤᠳᠠ ᠪᠠᠨ ᠣᠷᠣᠰᠢᠨ ᠰᠠᠭᠤᠬᠤ ᠳᠤ ᠨᠡᠩ ᠲᠠᠭᠠᠯᠠᠮᠵᠢᠲᠠᠢ᠂ ᠠᠮᠢᠵᠢᠷᠠᠯ ᠤᠨ ᠬᠦᠴᠦᠨ ᠲᠠᠢ᠂ ᠨᠡᠩ ᠦᠵᠡᠰᠬᠦᠯᠡᠩᠲᠦ ᠰᠠᠶᠢᠬᠠᠨ | ᠪᠣᠯᠭᠠᠨ᠎ᠠ᠃ | ︵ᠳᠤᠯᠤᠭ᠎ᠠ︶ ᠠᠷᠠᠳ ᠣᠯᠠᠨ ᠤ ᠠᠮᠢᠳᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ | ᠨᠡᠮᠡᠭᠳᠡᠭᠦᠯᠦᠨ᠎ᠡ᠃ ᠠᠷᠠᠳ ᠲᠦᠮᠡᠨ ᠢᠶᠠᠷ ᠭᠤᠤᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ | ᠲᠣᠭᠲᠠᠯᠴᠠᠭ᠎ᠠ ᠶᠢᠨ ᠪᠠᠶᠢᠭᠤᠯᠤᠯᠲᠠ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠰᠠᠶᠢᠵᠢᠷᠠᠭᠤᠯᠤᠯᠲᠠ ᠶᠢᠨ ᠡᠷᠴᠢᠮ ᠢ ᠦᠷᠭᠦᠯᠵᠢᠯᠡᠨ ᠶᠡᠬᠡᠳᠬᠡᠵᠦ᠂ ᠣᠯᠠᠨ | ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠠᠩ ᠪᠦᠷᠢᠨ᠂ ᠵᠣᠯ ᠵᠢᠷᠭᠠᠯ ᠤᠨ ᠲᠥᠷᠥᠭᠳᠡᠯ ᠢ ᠨᠠᠩ ᠪᠣᠳᠠᠲᠠᠶ᠂ ᠠᠮᠤᠷ ᠲᠦᠪᠰᠢᠨ ᠤ ᠲᠥᠷᠥᠭᠳᠡᠯ ᠢ ᠨᠠᠩ ᠪᠠᠲᠤᠲᠠᠶ | ᠪᠣᠯᠭᠠᠨ᠎ᠠ᠃ | ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠢᠯ ᠣᠯᠭᠤᠯᠲᠠ ᠶᠢ ᠥᠷᠭᠡᠳᠬᠡᠵᠦ᠂ ᠠᠵᠤ | ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠ ᠠᠵᠢᠯ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠦᠢᠯᠡᠰ ᠪᠣᠰᠬᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠦᠨ ᠠᠬᠢᠭᠤᠯᠵᠤ᠂ ᠠᠵᠢᠯ ᠣᠯᠭᠤᠯᠲᠠ ᠶᠢᠨ | ᠪᠠᠭᠲᠠᠭᠠᠮᠵᠢ ᠶᠢ ᠥᠷᠭᠡᠳᠬᠡᠨ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠤᠲᠠ ᠪᠠᠯᠭᠠᠰᠤ ᠶᠢᠨ 1.9 ᠲᠦᠮᠡᠨ ᠬᠦᠮᠦᠨ ᠳᠤ ᠰᠢᠨ᠎ᠡ ᠪᠠᠷ | ᠠᠵᠢᠯ ᠣᠯᠭᠤᠬᠤ ᠶᠢ ᠪᠡᠶᠡᠯᠡᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠡᠮᠴᠢᠯᠡᠭᠡᠨ ᠤ | ᠠᠪᠤᠷᠠᠨ ᠲᠤᠰᠠᠯᠠᠯᠲᠠ ᠶᠢ ᠬᠤᠲᠠ ᠶᠢᠨ ᠱᠠᠲᠤᠨ ᠳᠤ ᠨᠢᠭᠡᠳᠦᠯᠲᠡᠢ ᠲᠥᠯᠦᠪᠯᠡᠬᠦ ᠶᠢ ᠪᠦᠬᠦ ᠬᠦᠴᠦᠨ ᠢᠶᠠᠷ ᠠᠬᠢᠭᠤᠯᠵᠤ᠂ ᠦᠨᠳᠦᠰᠦᠨ ᠡᠮᠨᠡᠯᠭᠡ ᠶᠢᠨ ᠳᠠᠭᠠᠳᠬᠠᠯ ᠳᠤ | ᠣᠷᠣᠯᠴᠠᠬᠤ ᠨᠣᠷᠮ᠎ᠠ ᠶᠢ 95% ᠠᠴᠠ ᠳᠡᠭᠡᠭᠰᠢ ᠳᠤ ᠬᠦᠷᠭᠡᠨ᠎ᠡ᠃ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠣᠷᠠᠯ ᠤᠨ ᠪᠠᠲᠤᠯᠠᠭ᠎ᠠ᠂ ᠣᠨᠴᠠ | ᠬᠦᠴᠢᠷᠳᠡᠯᠲᠡᠢ ᠠᠰᠠᠷᠠᠨ ᠲᠡᠳᠭᠦᠭᠦᠯᠦᠭᠰᠡᠳ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠲᠦᠷ ᠴᠠᠭ ᠤᠨ ᠠᠪᠤᠷᠠᠨ ᠲᠤᠰᠠᠯᠠᠬᠤ᠂ ᠠᠰᠠᠷᠠᠨ ᠬᠠᠷᠠᠭᠠᠯᠵᠠᠬᠤ᠂ | ᠨᠡᠶᠢᠭᠡᠮ ᠤᠨ ᠠᠪᠤᠷᠠᠨ ᠲᠤᠰᠠᠯᠠᠬᠤ ᠵᠡᠷᠭᠡ ᠳᠦᠷᠢᠮ ᠢ ᠲᠡᠭᠦᠯᠳᠡᠷᠵᠢᠭᠦᠯᠦᠨ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ ᠭᠡᠷ ᠪᠦᠯᠢ | ᠪᠠ ᠨᠡᠶᠢᠭᠡᠮ ᠲᠣᠭᠤᠷᠢᠭ ᠢ ᠬᠠᠷᠢᠯᠴᠠᠨ ᠵᠣᠬᠢᠴᠠᠭᠤᠯᠤᠭᠰᠠᠨ᠂ ᠡᠮᠴᠢᠯᠡᠭᠡ ᠰᠤᠪᠢᠯᠠᠯᠲᠠ ᠪᠠ ᠡᠷᠡᠭᠦᠯᠵᠢᠯ ᠰᠤᠪᠢᠯᠠᠯᠲᠠ ᠶᠢ ᠬᠠᠷᠢᠯᠴᠠᠨ ᠤᠶᠠᠯᠳᠤᠭᠤᠯᠤᠭᠰᠠᠨ | ᠨᠠᠰᠤᠵᠢᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ᠎ᠠ᠃ | ᠨᠡᠶᠢᠭᠡᠮ ᠤᠨ ᠦᠢᠯᠡᠰ ᠢ ᠴᠡᠴᠡᠭᠯᠡᠨ ᠬᠦᠭᠵᠢᠭᠦᠯᠦᠨ᠎ᠡ᠃ ᠡᠷᠡᠭᠦᠯ ᠡᠩᠬᠡ ᠬᠥᠯᠥᠨ ᠪᠦᠢᠷ ᠤᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠡᠷᠡᠭᠦᠯ ᠬᠠᠮᠠᠭᠠᠯᠠᠯ ᠤᠨ | ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ | ᠳᠣᠲᠣᠭᠠᠳᠤ ᠳᠤ ᠪᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ︾ ︽ᠬᠦᠮᠦᠨ᠂ ᠪᠣᠳᠠᠰ᠂ ᠣᠷᠴᠢᠨ ᠲᠣᠭᠤᠷᠢᠨ︾ ᠢ ᠬᠠᠮᠲᠤ ᠳᠤ ᠨᠢ ᠰᠡᠷᠭᠡᠶᠢᠯᠡᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠣᠨᠣᠴᠠᠲᠠᠢ ᠰᠡᠷᠭᠡᠶᠢᠯᠡᠨ ᠡᠵᠡᠮᠳᠡᠬᠦ ᠪᠠ ᠬᠡᠰᠡᠭ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠣᠷᠭᠠᠨᠢᠭ ᠢᠶᠠᠷ | ᠤᠶᠠᠯᠳᠤᠭᠤᠯᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ | ᠠᠳᠬᠤᠨ᠎ᠠ᠃ ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠱᠠᠳᠤ ᠬᠤᠪᠢᠶᠠᠨ ᠣᠨᠣᠰᠢᠯᠠᠨ ᠡᠮᠨᠡᠬᠦ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠠᠬᠢᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠬᠤᠲᠠ ᠶᠢᠨ ᠬᠠᠯᠳᠠᠪᠤᠷᠢᠲᠤ | ᠡᠪᠡᠳᠴᠢᠨ ᠤ ᠡᠮᠨᠡᠯᠭᠡ ᠶᠢᠨ ᠬᠤᠷᠢᠶ᠎ᠠ ᠶᠢ ᠪᠦᠲᠦᠭᠡᠨ ᠪᠠᠶᠢᠭᠤᠯᠬᠤ ᠪᠠ ᠬᠠᠶᠢᠯᠠᠷ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠵᠦ | ᠥᠷᠭᠡᠳᠬᠡᠨ ᠪᠠᠶᠢᠭᠤᠯᠬᠤ ᠪᠠᠷᠢᠯᠭ᠎ᠠ ᠶᠢ ᠲᠦᠷᠭᠡᠳᠬᠡᠵᠦ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠪᠤᠳᠠᠷ ᠢ ᠡᠮᠨᠡᠨ ᠵᠠᠰᠠᠬᠤ ᠲᠥᠪ ᠤᠨ | ᠡᠮᠴᠢᠯᠡᠭᠡ ᠶᠢᠨ ᠮᠡᠷᠭᠡᠵᠢᠯ ᠤᠨ ᠡᠪᠡᠳᠴᠢᠲᠡᠨ ᠤ ᠥᠷᠥᠭᠡ ᠶᠢᠨ ᠶᠡᠷᠦᠩᠬᠡᠶᠢᠯᠡᠭᠰᠡᠨ ᠠᠰᠠᠷ ᠢ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ ᠪᠡᠶᠡᠯᠡᠭᠦᠯᠦᠨ᠎ᠡ᠃ ᠰᠢᠨ᠎ᠡ | ᠴᠠᠭ ᠦᠶ᠎ᠡ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ | ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠲᠦᠷᠭᠡᠳᠬᠡᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ | ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠡᠰ ᠬᠤᠪᠢᠶᠠᠨ ᠵᠢᠭᠠᠨ ᠰᠣᠷᠭᠠᠬᠤ ᠲᠤᠷᠰᠢᠯᠲᠠ ᠶᠢ ᠬᠡᠷᠡᠭᠵᠢᠭᠦᠯᠦᠨ᠂ ᠦᠨᠳᠦᠰᠦᠲᠡᠨ ᠤ ᠰᠤᠷᠭᠠᠨ | ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠣᠨᠴᠠᠭᠠᠢ ᠰᠤᠷᠭᠠᠨ ᠬᠥᠮᠦᠵᠢᠯ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠨᠢᠭᠡᠳᠦᠯᠲᠡᠢ | ᠲᠥᠯᠥᠪᠯᠡᠨ ᠰᠠᠶᠢᠲᠤᠷ ᠡᠷᠬᠢᠯᠡᠵᠦ᠂ ᠰᠣᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠳᠠ ᠶᠢ ᠴᠢᠩᠭᠠᠳᠬᠠᠵᠤ᠂ | ᠲᠤᠰᠬᠠᠢ ᠪᠡᠯᠡ ᠮᠥᠩᠭᠦ ᠲᠣᠬᠢᠷᠠᠭᠤᠯᠵᠤ ᠬᠥᠯᠥᠨ ᠪᠥᠢᠷ ᠳᠡᠭᠡᠳᠦ ᠰᠤᠷᠭᠠᠭᠤᠯᠢ ᠶᠢᠨ ᠬᠥᠭᠵᠢᠯᠲᠡ ᠶᠢ ᠳᠠᠮᠵᠢᠨ᠎ᠠ᠃ ᠬᠤᠲᠠ ᠶᠢᠨ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ ᠶᠢ ᠨᠡᠭᠦᠯᠭᠡᠨ ᠪᠠᠶᠢᠭᠤᠯᠬᠤ ᠲᠥᠷᠦᠯ ᠵᠦᠢᠯ ᠢ ᠡᠬᠢᠯᠡᠭᠦᠯᠵᠦ᠂ ᠰᠢᠨ᠎ᠡ ᠬᠤᠲᠠ ᠶᠢᠨ ᠲᠣᠭᠤᠷᠢᠭ ᠤᠨ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ᠂ ᠦᠨᠳᠦᠰᠦᠲᠡᠨ ᠤ ᠪᠠᠭᠠᠴᠤᠳ ᠤᠨ ᠣᠷᠳᠣᠨ ᠤ | ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠬᠤᠣᠰ ᠬᠡᠯᠡᠨ ᠤ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠪᠠᠷ ᠠᠬᠢᠭᠤᠯᠵᠤ᠂ | ᠶᠡᠷᠦᠩᠬᠡᠶᠢᠯᠡᠨ ᠲᠥᠷᠥ ᠶᠢᠨ ᠪᠣᠳᠣᠯᠭ᠎ᠠ ᠬᠡᠷᠡᠭᠵᠢᠭᠦᠯᠬᠦ᠂ ᠨᠢᠭᠡᠳᠦᠯᠲᠡᠶ ᠲᠥᠯᠥᠪᠯᠡᠨ ᠠᠬᠢᠭᠤᠯᠬᠤ᠂ ᠳᠡᠭᠡᠳᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ | ᠬᠦᠴᠦ ᠪᠠᠨ ᠬᠠᠮᠲᠤᠳᠬᠠᠨ ᠬᠠᠮᠵᠢᠯᠴᠠᠬᠤ ᠶᠢ ᠪᠠᠷᠢᠮᠲᠠᠯᠠᠵᠤ᠂ ︽ᠲᠠᠪᠤ ᠶᠢ ᠪᠣᠳᠠᠲᠠᠶᠢᠵᠢᠭᠤᠯᠬᠤ︾ ᠱᠠᠭᠠᠷᠳᠠᠯᠭ᠎ᠠ ᠶᠣᠰᠣᠭᠠᠷ ᠠᠵᠢᠯ ᠢᠶᠠᠨ ᠢᠳᠡᠪᠬᠢᠲᠡᠶ ᠪᠥᠭᠡᠳ | ᠯᠠᠪᠳᠠᠭᠤᠨ ᠢᠶᠠᠷ ᠰᠠᠶᠢᠲᠤᠷ ᠬᠢᠵᠦ᠂ ᠣᠯᠣᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠬᠦ ᠠᠵᠢᠯ ᠤᠨ ᠡᠭᠦᠷᠭᠡ ᠶᠢ ᠤᠷᠤᠭᠰᠢᠲᠠᠶ | ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠮᠥᠰᠥ ᠴᠠᠰᠤᠨ ᠤ ᠲᠠᠮᠢᠷ ᠤᠨ ᠬᠦᠳᠡᠯᠭᠡᠭᠡᠨ ᠢ ᠭᠦᠨᠵᠡᠭᠡᠢ ᠥᠷᠨᠢᠭᠦᠯᠵᠦ | ᠂ ᠬᠥᠯᠥᠨ ᠪᠥᠢᠷ ᠬᠤᠲᠠ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠠᠷᠪᠠᠳᠤᠭᠠᠷ ᠬᠤᠭᠤᠴᠠᠭᠠᠨ ᠤ ᠪᠦᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠪᠠ ᠥᠪᠡᠷᠲᠡᠭᠡᠨ ᠵᠠᠰᠠᠬᠤ | ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠪᠦᠬᠦ ᠬᠦᠴᠦᠨ ᠢᠶᠠᠷ ᠢᠶᠠᠨ ᠪᠡᠯᠡᠳᠬᠡᠯ ᠬᠢᠨ᠎ᠡ᠃ | ᠨᠡᠶᠢᠭᠡᠮ ᠤᠨ ᠪᠣᠯᠪᠠᠰᠤᠨ ᠢ ᠳᠡᠭᠡᠭᠰᠢᠯᠡᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠭᠤᠤᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠰᠢᠨ᠎ᠡ ᠪᠠᠷᠭᠤ ᠪᠠᠷᠠᠭᠤᠨ ᠬᠤᠰᠢᠭᠤ᠂ | ᠬᠠᠶᠢᠯᠠᠷ ᠲᠣᠭᠤᠷᠢᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ ᠡᠭᠦᠳᠬᠦ ᠶᠢ ᠳᠡᠮᠵᠢᠵᠦ᠂ | ᠣᠷᠴᠣᠨ ᠤ ᠥᠪᠡᠷᠲᠡᠭᠡᠨ ᠵᠠᠰᠠᠬᠤ ᠬᠤᠰᠢᠭᠤ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠠᠵᠢᠯᠯᠠᠭ᠎ᠠ ᠶᠢ ᠰᠠᠶᠢᠲᠤᠷ ᠡᠷᠭᠢᠯᠡᠨ᠎ᠡ᠃ ᠪᠣᠯᠪᠠᠰᠤᠨ ᠢ | ᠡᠭᠦᠳᠦᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠪᠦᠬᠦ ᠨᠡᠶᠢᠭᠡᠮ ᠤᠨ | ᠪᠣᠯᠪᠠᠰᠤᠨ ᠤ ᠲᠦᠪᠰᠢᠨ ᠢ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠲᠤᠭᠲᠠᠯᠴᠠᠭ᠎ᠠ ᠶᠢᠨ ᠪᠠᠶᠢᠭᠤᠯᠤᠯᠲᠠ ᠶᠢ | ᠴᠢᠩᠭᠠᠳᠬᠠᠵᠤ᠂ ︽ᠤᠯᠠᠭᠠᠨᠮᠥ᠋ᠴᠢᠷ︾ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠷᠠᠳᠢᠣ᠋ ᠲᠧᠯᠸᠢᠰ᠂ ᠤᠳᠬ᠎ᠠ ᠵᠣᠬᠢᠶᠠᠯ ᠤᠷᠠᠯᠢᠭ᠂ ᠤᠷᠠᠨ ᠰᠠᠶᠢᠬᠠᠨ ᠤ | ᠲᠣᠭᠯᠠᠯᠲᠠ ᠵᠡᠷᠭᠡ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠣᠳᠣ ᠦᠶ᠎ᠡ ᠶᠢᠨ ᠰᠣᠶᠣᠯ ᠤᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ | ᠪᠠᠶᠢᠭᠤᠯᠵᠤ᠂ ᠬᠥᠯᠥᠨ ᠪᠥᠢᠷ ᠤᠨ ᠲᠡᠦᠬᠡ ᠶᠢᠨ ᠮᠦᠽᠧᠢ᠂ ᠰᠣᠨᠢᠨ ᠮᠡᠳᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠰᠣᠶᠣᠯ ᠤᠨ | ᠥᠪ ᠤᠨ ᠬᠠᠮᠠᠭᠠᠯᠠᠯᠲᠠ ᠶᠢ ᠴᠢᠩᠭᠠᠳᠬᠠᠵᠤ᠂ ᠡᠸᠡᠩᠬᠢ ᠬᠡᠯᠡᠨ ᠤ ᠪᠠᠶᠢᠩᠭᠤ ᠬᠡᠷᠡᠭᠯᠡᠭᠳᠡᠬᠦ ᠦᠭᠡᠨ ᠤ ᠠᠪᠢᠶᠠᠨ ᠤ ᠲᠤᠯᠢ ᠪᠢᠴᠢᠭ ᠢ ᠬᠡᠪᠯᠡᠨ ᠲᠠᠷᠬᠠᠭᠠᠨ᠎ᠠ᠃ | ᠨᠡᠶᠢᠭᠡᠮ ᠤᠨ ᠵᠠᠰᠠᠯᠲᠠ ᠶᠢ ᠴᠢᠩᠭᠠᠳᠬᠠᠨ᠎ᠠ᠃ ᠪᠥᠬᠦ ᠤᠯᠤᠰ ᠤᠨ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠭᠰᠠᠨ | ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠵᠥᠷᠢᠴᠡᠯ ᠵᠢᠭᠤᠷᠠᠯᠳᠤᠭᠠᠨ ᠤ ᠬᠤᠯᠪᠤᠭᠠᠯᠠᠨ ᠪᠠᠶᠢᠭᠤᠯᠬᠤ ᠬᠤᠯᠪᠤᠭᠠᠯᠠᠨ | ᠬᠥᠳᠡᠯᠦᠯᠴᠡᠬᠦ ᠬᠤᠯᠪᠤᠭᠠᠯᠠᠨ ᠵᠠᠰᠠᠬᠤ ᠬᠤᠯᠪᠤᠭᠠᠯᠠᠨ ᠲᠣᠬᠢᠷᠠᠭᠤᠯᠬᠤ ᠠᠵᠢᠯ ᠤᠨ ᠲᠣᠭᠲᠠᠯᠴᠠᠭ᠎ᠠ ᠶᠢ ᠪᠦᠷᠢᠨᠰᠢᠬᠦᠯᠵᠦ᠂ ᠡᠬᠢ ᠡᠭᠦᠰᠦᠯ ᠠᠴᠠ ᠨᠢ ᠰᠡᠷᠭᠡᠶᠢᠯᠡᠨ | ᠡᠵᠡᠮᠳᠡᠬᠦ᠂ ᠵᠢᠭᠰᠠᠭᠠᠨ ᠪᠠᠶᠢᠴᠠᠭᠠᠵᠤ ᠡᠮᠬᠢᠳᠬᠡᠬᠦ᠂ ᠵᠢᠭᠤᠷᠠᠯᠳᠤᠭᠠᠨ ᠢ ᠠᠷᠢᠯᠭᠠᠬᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠥᠷᠢᠴᠡᠯ ᠵᠢᠭᠤᠷᠠᠯᠳᠤᠭᠠᠨ ᠤ | ᠶᠡᠷᠦᠩᠬᠡᠶᠢᠯᠡᠨ ᠵᠠᠰᠠᠬᠤ ᠲᠣᠭᠲᠠᠴᠠ ᠶᠢ ᠪᠠᠶᠢᠭᠤᠯᠤᠨ᠂ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠨᠠᠢᠮᠠᠳᠤᠭᠠᠷ ᠲᠠᠪᠤᠨ ᠵᠢᠯ︾ ᠤᠨ | ᠬᠠᠤᠯᠢ ᠲᠦᠭᠡᠮᠡᠯᠵᠢᠭᠦᠯᠬᠦ ᠠᠵᠢᠯ ᠢ ᠥᠷᠨᠢᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠬᠥᠮᠦᠵᠢᠯ ᠪᠠ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠠᠵᠢᠯ ᠢ ᠴᠢᠩᠭᠠᠳᠬᠠᠨ᠎ᠠ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ | ᠲᠣᠭᠲᠠᠭᠠᠯ ᠠᠴᠠ ᠵᠥᠷᠢᠴᠡᠭᠰᠡᠨ ᠠᠰᠠᠭᠤᠳᠠᠯ᠂ ᠠᠷᠠᠳ ᠤᠨ ᠠᠭᠠᠷ ᠤᠨ ᠰᠡᠷᠭᠡᠶᠢᠯᠡᠯᠲᠡ ᠪᠠ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠢᠯᠵᠢᠷᠠᠯ ᠤᠨ | ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠡᠩᠨᠡᠭᠡᠨ ᠤ ᠪᠠᠶᠢᠭᠤᠯᠤᠯᠲᠠ | ᠬᠥᠮᠦᠵᠢᠯ ᠴᠡᠭᠴᠡᠯᠡᠯᠲᠡ ᠶᠢ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠬᠠᠤᠯᠢ ᠠᠴᠠ ᠵᠥᠷᠢᠴᠡᠭᠰᠡᠨ ᠡᠯ᠎ᠡ ᠵᠦᠢᠯ ᠤᠨ ᠶᠠᠯᠠᠲᠤ | ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ᠂ | ᠭᠠᠮᠰᠢᠭ ᠢ ᠡᠰᠡᠷᠭᠦᠴᠡᠬᠦ ᠭᠠᠮᠰᠢᠭ ᠠᠴᠠ ᠠᠪᠤᠷᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠶ ᠦᠢᠯᠡᠳᠪᠦᠷᠢᠯᠡᠯ ᠢ ᠲᠤᠰᠬᠠᠶᠢᠯᠠᠨ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠨ᠎ᠠ᠃ | ᠠᠷᠠᠳ ᠤᠨ ᠠᠭᠠᠷ ᠤᠨ ᠰᠡᠷᠭᠡᠶᠢᠯᠡᠯᠲᠡ᠂ ᠭᠠᠵᠠᠷ ᠬᠥᠳᠡᠯᠦᠯᠲᠡ᠂ ᠴᠠᠭ ᠠᠭᠤᠷ ᠵᠡᠷᠭᠡ ᠠᠵᠢᠯ ᠢ ᠪᠠᠲᠤᠲᠠᠶ ᠰᠠᠶᠢᠲᠤᠷ ᠬᠢᠵᠦ᠂ ᠲᠠᠩᠰᠠ ᠡᠪᠬᠡᠮᠡᠯ᠂ | ᠨᠠᠰᠤᠲᠠᠶᠢᠴᠤᠳ ᠤᠨ ᠠᠵᠢᠯ ᠤᠨ ᠵᠦᠪᠯᠡᠯ᠂ ᠠᠵᠢᠯᠴᠢᠨ ᠵᠠᠯᠠᠭᠤᠴᠤᠳ ᠡᠮᠡᠭᠲᠡᠶᠢᠴᠦᠳ᠂ ᠵᠡᠮᠳᠡᠭᠴᠦᠳ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠤᠯᠠᠭᠠᠨ | ᠵᠠᠭᠠᠯᠮᠠᠶᠢᠳᠠᠨ ᠤ ᠨᠡᠶᠢᠭᠡᠮᠯᠢᠭ᠂ ᠬᠤᠶᠢᠴᠢ ᠦᠶ᠎ᠡ ᠶᠢ ᠬᠠᠯᠠᠮᠵᠢᠯᠠᠬᠤ ᠠᠵᠢᠯ ᠤᠨ ᠵᠦᠪᠯᠡᠯ ᠵᠡᠷᠭᠡ ᠠᠵᠢᠯ ᠦᠢᠯᠡᠰ ᠤᠨ ᠬᠥᠭᠵᠢᠯᠲᠡ ᠶᠢ ᠢᠳᠡᠪᠬᠢᠲᠡᠶ ᠲᠡᠮᠵᠢᠨ᠎ᠠ᠃ | ︵ᠨᠠᠢᠮᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠰᠢᠨ᠎ᠡ ᠬᠥᠭᠵᠢᠯᠲᠡ ᠶᠢᠨ ᠱᠠᠲᠣ ᠦᠶ᠎ᠡ ᠶᠢᠨ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠳᠤ ᠴᠢᠭᠯᠡᠭᠦᠯᠵᠦ᠂ ᠨᠠᠮ ᠤᠨ ᠤᠯᠤᠰ ᠲᠥᠷᠥ ᠶᠢᠨ | ᠪᠠᠶᠢᠭᠤᠯᠤᠯᠲᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ ᠴᠠᠷᠠᠭᠠᠨ ᠤ ᠪᠦᠬᠦ ᠶᠠᠪᠤᠴᠠ ᠳᠤ ᠲᠤᠭᠤᠰᠢᠯᠠᠭᠤᠯᠵᠤ᠂ ᠵᠠᠰᠠᠭ ᠤᠨ ᠣᠷᠳᠣᠨ ᠤ | ᠵᠠᠰᠠᠯᠲᠠ ᠶᠢᠨ ᠲᠣᠭᠲᠠᠯᠴᠠᠭ᠎ᠠ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠠᠷᠠᠳ ᠲᠦᠮᠡᠨ ᠳᠤ | ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ᠵᠠᠰᠠᠭ ᠢ ᠴᠢᠩᠭ᠎ᠠ ᠵᠠᠰᠠᠬᠤ ᠶᠢ ᠪᠠᠷᠢᠮᠲᠠᠯᠠᠨ᠎ᠠ᠃ ᠲᠤᠭ ᠲᠡᠮᠳᠡᠭ ᠲᠣᠳᠣᠷᠬᠠᠢ ᠪᠠᠷ ᠤᠯᠤᠰ ᠲᠥᠷᠦ ᠶᠢ ᠡᠷᠬᠢᠮᠯᠡᠵᠦ᠂ ᠦᠨᠡᠨᠴᠢ ᠰᠡᠳᠬᠢᠯ ᠢᠶᠠᠷ᠂ ᠰᠢᠳᠤᠷᠭᠤ | ᠠᠵᠢᠯᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠣᠳᠣᠷᠢᠳᠣᠮᠵᠢ | ᠪᠣᠯᠭᠠᠵᠤ᠂ ︽ᠳᠥᠷᠪᠡᠨ ᠦᠵᠡᠯ ᠤᠬᠠᠮᠰᠠᠷ︾ ᠢ ᠴᠢᠩᠭᠠᠷᠠᠭᠤᠯᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠣᠷᠢ ᠶᠢ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠪᠠ ᠴᠢᠩᠭ᠎ᠠ ᠪᠣᠳᠠᠲᠠᠶ ᠠᠵᠢᠯ ᠤᠨ ᠱᠠᠭᠠᠷᠳᠠᠯᠭ᠎ᠠ ᠪᠠᠷ᠂ ᠨᠠᠮ ᠤᠨ ᠲᠥᠪ ᠬᠤᠷᠢᠶ᠎ᠠ | ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠵᠢᠴᠢ ᠬᠤᠳᠠ ᠶᠢᠨ ᠨᠠᠮ ᠤᠨ ᠬᠤᠷᠢᠶᠠᠨ ᠤ ᠴᠢᠬᠤᠯᠠ ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠬᠠᠣᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠵᠦ᠂ ᠤᠯᠠᠨ | ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠬᠠᠤᠯᠢ ᠶᠣᠰᠣᠭᠠᠷ ᠬᠢᠨᠠᠨ ᠪᠠᠶᠢᠴᠠᠭᠠᠬᠤ᠂ ᠬᠠᠮᠲᠤ ᠪᠠᠷ ᠵᠦᠪᠯᠡᠬᠦ ᠵᠡᠷᠭᠡ ᠴᠢᠬᠤᠯᠠ | ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ ᠢ ᠬᠢᠨᠠᠮᠠᠭᠠᠢ ᠭᠦᠢᠴᠡᠳᠬᠡᠵᠦ᠂ ᠬᠠᠤᠯᠢ ᠶᠣᠰᠣᠭᠠᠷ | ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠲᠤᠰᠢᠶᠠᠯ ᠢᠶᠠᠨ ᠭᠦᠢᠴᠡᠳᠬᠡᠬᠦ᠂ ᠲᠥᠪ ᠭᠤᠣᠯᠴᠢ ᠪᠠᠷ ᠬᠠᠤᠯᠢ ᠬᠡᠷᠡᠭᠵᠢᠭᠦᠯᠬᠦ ᠪᠦᠲᠦᠮᠵᠢᠲᠦ ᠲᠣᠭᠲᠠᠴᠠ ᠶᠢ | ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠠᠷ ᠪᠣᠳᠣᠯᠭ᠎ᠠ ᠲᠣᠭᠲᠠᠭᠠᠵᠤ᠂ ᠣᠨᠣᠴᠠᠲᠠᠢ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠡᠶᠡᠯᠡᠭᠦᠯᠦᠨ᠎ᠡ︔ ᠵᠠᠰᠠᠭ ᠤᠨ | ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠪᠠᠷ ᠬᠢᠨᠠᠯᠲᠠ ᠲᠠᠯᠪᠢᠬᠤ᠂ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ | ᠬᠦᠯᠢᠶᠡᠵᠦ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠪᠠ ᠬᠢᠨᠠᠨ ᠪᠤᠳᠤᠯᠳᠠ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠬᠠᠤᠯᠢᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠰᠢᠨ᠎ᠡ ᠶᠢ ᠡᠭᠦᠳᠴᠦ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠰᠢᠨ᠎ᠡ ᠶᠢ ᠡᠭᠦᠳᠴᠦ ᠰᠢᠯᠢᠳᠡᠭ ᠢ ᠡᠭᠦᠳᠬᠦ ᠶᠢ ᠵᠠᠰᠠᠭ ᠤᠨ ᠣᠷᠳᠣᠨ ᠤ ᠠᠵᠢᠯ ᠢ ᠰᠠᠶᠢᠲᠤᠷ | ᠬᠢᠬᠦ ᠴᠢᠬᠤᠯᠠ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠡᠭᠡᠭᠡᠯᠲᠡᠲᠦ ᠴᠢᠨᠠᠷ ᠪᠦᠲᠦᠭᠡᠯᠴᠢ ᠴᠢᠨᠠᠷ ᠢ ᠲᠠᠰᠤᠷᠠᠯᠲᠠ | ᠦᠭᠡᠶ ᠴᠢᠩᠭᠠᠳᠬᠠᠬᠤ ᠶᠢ ᠤᠷᠮᠠᠰᠢᠭᠤᠯᠤᠨ ᠵᠣᠷᠢᠭᠵᠢᠭᠤᠯᠵᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠠᠷᠠᠳ ᠤᠨ ᠪᠠᠶᠢᠳᠠᠯ ᠠᠷᠠᠳ ᠤᠨ | ᠰᠠᠨᠠᠭ᠎ᠠ ᠶᠢ ᠦᠨᠡᠨ ᠰᠡᠳᠬᠢᠯ ᠠᠴᠠ ᠪᠠᠨ ᠰᠣᠨᠣᠰᠴᠤ᠂ ᠰᠡᠳᠬᠢᠬᠦᠢ ᠬᠠᠷᠠᠭ᠎ᠠ ᠪᠠᠨ ᠲᠡᠯᠡᠵᠦ᠂ ᠬᠡᠪᠰᠢᠮᠡᠯ ᠰᠡᠳᠬᠢᠬᠦᠢ ᠶᠢ ᠳᠠᠪᠠᠵᠤ᠂ ᠥᠨᠢ ᠣᠳᠠᠭᠠᠨ ᠤ ᠶᠠᠪᠤᠳᠠᠯ᠂ | ᠦᠨᠡᠨ ᠪᠣᠳᠠᠲᠠᠢ ᠶᠢ ᠡᠷᠬᠢᠮᠯᠡᠬᠦ ᠠᠵᠢᠯᠯᠠᠭ᠎ᠠ ᠶᠢ ᠦᠷᠭᠦᠯᠵᠢ ᠰᠡᠳᠬᠢᠨ ᠪᠣᠳᠣᠯᠬᠢᠯᠠᠵᠣ᠂ ᠵᠣᠷᠢᠭᠲᠠᠢ ᠪᠠᠷ ᠰᠢᠨ᠎ᠡ ᠶᠢ ᠡᠭᠦᠳᠬᠦ ᠶᠢ ᠲᠤᠷᠰᠢᠵᠤ᠂ ᠵᠠᠰᠠᠯᠲᠠ ᠶᠢᠨ | ᠴᠢᠳᠠᠪᠤᠷᠢ ᠪᠠᠨ ᠳᠡᠭᠡᠭᠰᠢᠯᠡᠭᠦᠯᠵᠦ᠂ ᠴᠤᠭ ᠰᠦᠯᠳᠡ ᠪᠠᠳᠠᠷᠠᠩᠭᠤᠢ ᠥᠭᠡᠳᠡᠯᠡᠨ ᠲᠠᠪᠰᠢᠬᠤ ᠠᠵᠢᠯ ᠤᠨ ᠣᠪᠣᠷ ᠪᠠᠶᠢᠳᠠᠯ ᠢᠶᠠᠨ ᠪᠠᠲᠤᠯᠠᠵᠤ᠂ ᠠᠵᠢᠯ ᠬᠢᠵᠦ ᠦᠢᠯᠡᠰ | ᠪᠤᠰᠬᠠᠬᠤ ᠴᠤᠭ ᠵᠢᠪᠬᠤᠭ᠎ᠠ ᠪᠠᠷ᠂ ᠬᠥᠭᠵᠢᠯᠲᠡ ᠶᠢ ᠠᠬᠢᠭᠤᠯᠬᠤ ᠢᠳᠡᠪᠬᠢ ᠬᠦᠴᠦᠨ ᠢ ᠪᠦᠷᠢᠯᠳᠦᠭᠦᠯᠵᠦ᠂ ᠬᠦᠴᠦ ᠪᠠᠨ ᠬᠠᠮᠲᠤᠳᠬᠠᠨ ᠵᠠᠰᠠᠭ ᠤᠨ ᠣᠷᠳᠣᠨ ᠤ | ᠠᠵᠢᠯ ᠤᠨ ᠰᠢᠨ᠎ᠡ ᠶᠢ ᠡᠭᠦᠳᠴᠦ ᠬᠦᠭᠵᠢᠬᠦ ᠶᠢ ᠠᠬᠢᠭᠤᠯᠤᠨ᠎ᠠ᠃ | ᠡᠭᠦᠷᠭᠡᠯᠡᠯ ᠲᠠᠢ ᠠᠵᠢᠯᠴᠢ ᠠᠷᠪᠢᠴᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠪᠣᠳᠠᠲᠠᠶ ᠪᠠᠷ ᠠᠵᠢᠯᠯᠠᠬᠤ ᠣᠨᠣᠯᠵᠢᠬᠤᠨ ᠢ ᠴᠢᠩᠭᠠᠳᠬᠠᠵᠤ᠂ ᠠᠵᠢᠯ | ᠦᠢᠯᠡᠰ ᠤᠨ ᠣᠷᠮ᠎ᠠ ᠵᠣᠷᠢᠭ ᠢ ᠪᠠᠲᠤᠯᠠᠵᠤ᠂ ᠦᠨᠡᠨᠴᠢ ᠪᠠᠲᠤᠲᠠᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ | ᠠᠵᠢᠯᠯᠠᠵᠤ᠂ ᠦᠨᠡᠨ ᠬᠦ ᠠᠳᠬᠤᠬᠤ ᠪᠣᠳᠠᠲᠤ ᠬᠦᠴᠦ᠂ ᠵᠣᠷᠢᠭᠲᠠᠶ ᠠᠳᠬᠤᠬᠤ ᠡᠷᠡᠮᠡᠬᠡᠢ ᠬᠦᠴᠦ᠂ ᠴᠢᠳᠠᠮᠠᠭᠠᠶ ᠠᠳᠬᠤᠬᠤ ᠤᠷ᠎ᠠ ᠳᠡᠮ᠂ ᠪᠠᠶᠢᠩᠭᠤ ᠠᠳᠬᠤᠬᠤ | ᠬᠠᠳᠠᠨ ᠵᠣᠷᠢᠭ ᠢᠶᠠᠷ ᠦᠢᠯᠡᠰ ᠪᠦᠲᠦᠭᠡᠵᠦ᠂ ᠵᠣᠷᠢᠭᠲᠠᠶ ᠪᠠᠷ ᠲᠡᠮᠡᠴᠡᠬᠦ ᠪᠠ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠵᠤ᠂ ᠡᠯ᠎ᠡ ᠲᠥᠷᠦᠯ ᠤᠨ ᠠᠵᠢᠯ ᠢ ᠪᠤᠲᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ | ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ︽ | ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ | ᠴᠢᠬᠤᠯᠠ ᠶᠡᠭᠡ ᠲᠦᠷᠦᠯ ᠵᠦᠢᠯ᠂ ᠭᠤᠣᠯᠳᠠᠯᠭ᠎ᠠ ᠲᠠᠢ ᠠᠵᠢᠯ ᠢ ᠰᠠᠶᠢᠲᠣᠷ ᠠᠩᠬᠠᠷᠴᠤ᠂ ︽ᠱᠠᠯᠠᠪᠳᠠᠭᠤᠯᠬᠤ ᠬᠠᠪᠰᠤᠷᠬᠤ ᠶᠢ ᠨᠢᠭᠡ ᠴᠤᠭᠴᠠᠵᠢᠭᠤᠯᠬᠤ︾ ᠡᠷᠴᠢᠮ ᠢ | ᠴᠢᠩᠭᠠᠷᠠᠭᠤᠯᠵᠤ᠂ ᠱᠠᠯᠠᠪᠳᠠᠭᠤᠯᠤᠨ ᠵᠢᠯᠣᠭᠤᠳᠬᠤ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠷᠮᠠᠰᠢᠭᠤᠯᠤᠨ ᠵᠣᠷᠢᠭᠵᠢᠭᠤᠯᠬᠤ ᠪᠠᠷ ᠪᠣᠳᠠᠲᠤ ᠦᠷ᠎ᠡ ᠪᠦᠲᠦᠮᠵᠢ | ᠣᠯᠵᠤ᠂ ᠵᠠᠰᠠᠭ ᠵᠠᠬᠢᠷᠭᠠᠨ ᠤ ᠦᠢᠯᠡᠳᠦᠯ ᠤᠨ ᠳᠡᠭᠡᠭᠰᠢᠯᠡᠯᠲᠡ ᠶᠢ ᠪᠠᠲᠤᠯᠠᠨ᠎ᠠ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠰᠠᠬᠢᠯᠭ᠎ᠠ ᠪᠠᠲᠤ ᠪᠠ ᠶᠣᠰᠣ ᠳᠦᠷᠢᠮ ᠢ ᠢᠮᠠᠭᠲᠠ ᠲᠡᠷᠢᠭᠦᠨ ᠳᠤ ᠲᠠᠯᠪᠢᠵᠤ᠂ ᠤᠯᠤᠰ | ᠲᠦᠷᠦ ᠶᠢᠨ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠶᠢ ᠲᠤᠪᠤᠶᠢᠯᠭᠠᠨ᠂ ᠴᠢᠬᠤᠯᠠ ᠭᠤᠭᠴᠤᠭ᠎ᠠ ᠳᠤ | ᠠᠩᠬᠠᠷᠣᠯ ᠲᠠᠯᠪᠢᠵᠤ᠂ ᠵᠠᠩᠭᠢᠯᠠᠭ᠎ᠠ ᠶᠢᠨ ᠴᠥᠭᠡᠨ ᠲᠣᠭᠠᠲᠠᠨ ᠢ ᠠᠳᠬᠤᠵᠤ᠂ ᠳᠦᠷᠢᠮ ᠢᠶᠠᠷ ᠡᠷᠬᠡ ᠶᠢ ᠬᠠᠮᠢᠶᠠᠷᠬᠤ ᠬᠡᠷᠡᠭ ᠶᠠᠪᠤᠳᠠᠯ ᠢ ᠬᠠᠮᠢᠶᠠᠷᠬᠤ ᠬᠥᠮᠦᠨ ᠢ | ᠬᠠᠮᠢᠶᠠᠷᠬᠤ ᠶᠢ ᠪᠠᠷᠢᠮᠲᠠᠯᠠᠵᠤ᠂ ᠰᠠᠬᠢᠯᠭ᠎ᠠ ᠳᠦᠷᠢᠮ ᠢ ᠰᠠᠬᠢᠵᠤ ᠵᠢᠷᠤᠮᠵᠢᠯ ᠲᠠᠢ ᠪᠠᠷ ᠡᠷᠬᠡ ᠪᠠᠨ ᠬᠡᠷᠡᠭᠯᠡᠵᠦ᠂ ᠣᠪᠤᠷ ᠰᠤᠷᠲᠠᠯ ᠢ ᠲᠥᠪ ᠪᠣᠯᠭᠠᠵᠤ ᠰᠠᠬᠢᠯᠭ᠎ᠠ | ᠪᠠᠲᠤ ᠶᠢ ᠴᠢᠩᠳᠠᠯᠠᠨ ᠰᠢᠨᠲᠠᠷᠠᠰᠢ ᠦᠭᠡᠶ ᠴᠢᠷᠮᠠᠶᠢᠵᠤ᠂ ︽ᠲᠦᠷᠪᠡᠨ ᠰᠤᠷᠲᠠᠯ︾ ᠢ ᠥᠴᠦᠬᠡᠨ ᠴᠦ ᠰᠤᠯᠠᠷᠠᠭᠤᠯᠤᠯ ᠦᠭᠡᠢ ᠪᠠᠷ ᠵᠠᠯᠠᠷᠠᠭᠤᠯᠤᠨ ᠵᠠᠰᠠᠨ᠎ᠠ᠃ | ᠠᠷᠪᠢᠯᠠᠨ ᠭᠠᠮᠨᠠᠬᠤ ᠶᠢ ᠪᠠᠷᠢᠮᠲᠠᠯᠠᠵᠤ᠂ ᠡᠩ ᠤᠨ ᠴᠢᠨᠠᠷᠲᠠᠶ ᠵᠠᠷᠤᠯᠭ᠎ᠠ ᠶᠢ ᠶᠡᠭᠡ ᠪᠠᠷ ᠪᠠᠭᠠᠰᠬᠠᠨ᠂ ᠤᠯᠠᠨ ᠲᠦᠮᠡᠨ ᠤ ᠪᠠᠴᠢᠮ ᠶᠠᠪᠤᠳᠠᠯ᠂ ᠬᠦᠴᠢᠷ ᠶᠠᠪᠤᠳᠠᠯ᠂ | ᠵᠣᠪᠠᠨᠢᠯ ᠲᠠᠢ ᠶᠠᠪᠤᠳᠠᠯ ᠢ ᠠᠩᠬᠠᠷᠤᠨ ᠰᠢᠢᠳᠪᠦᠷᠢᠯᠡᠵᠦ᠂ ᠦᠨᠡᠨ ᠪᠣᠳᠠᠲᠠᠢ ᠥᠨᠳᠥᠷ ᠪᠦᠲᠦᠮᠵᠢᠲᠡᠶ ᠠᠷᠢᠭᠤᠨ ᠴᠢᠬᠡᠴᠢ ᠵᠠᠰᠠᠭ ᠤᠨ ᠣᠷᠳᠣᠨ ᠤ ᠲᠦᠷᠢ ᠲᠥᠷᠬᠦ ᠶᠢ | ᠱᠤᠭᠤᠨ᠎ᠠ᠃ | ᠲᠥᠯᠥᠭᠡᠯᠡᠭᠴᠢᠳ ᠡ︕ ᠰᠢᠷᠭᠠᠭᠤ ᠲᠡᠮᠡᠴᠡᠯ ᠢᠶᠠᠷ ᠲᠡᠤᠬᠡ ᠶᠢ ᠡᠭᠦᠳᠴᠦ᠂ ᠬᠠᠷᠠᠮ ᠦᠭᠡᠢ ᠵᠢᠳᠬᠦᠯ ᠢᠶᠠᠷ ᠢᠷᠡᠭᠡᠳᠦᠢ ᠳᠡᠭᠡᠨ ᠠᠮᠵᠢᠯᠲᠠ ᠪᠦᠲᠦᠭᠡᠶ᠎ᠡ︕ | ᠪᠢᠳᠡ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠤᠨ ᠪᠠ ᠬᠥᠯᠦᠨ ᠪᠥᠢᠷ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠤᠷᠢᠳᠤᠬᠢ ᠶᠢ ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠵᠦ᠂ ᠡᠷᠡᠮᠡᠬᠡᠶᠢᠯᠡᠨ ᠤᠷᠤᠭᠰᠢᠯᠠᠵᠤ᠂︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠦᠯᠦᠪᠵᠢᠭᠦᠯᠭᠡ ᠶᠢᠨ ᠠᠰᠤᠷᠤ ᠰᠠᠶᠢᠨ ᠡᠬᠢᠯᠡᠯᠲᠡ ᠶᠢ ᠪᠡᠶᠡᠯᠡᠭᠦᠯᠵᠦ᠂ ᠦᠵᠡᠰᠬᠦᠯᠡᠩᠲᠦ ᠰᠠᠶᠢᠬᠠᠨ ᠦᠨᠢᠷ ᠪᠠᠶᠠᠯᠢᠭ ᠡᠶ᠎ᠡ ᠵᠣᠬᠢᠴᠠᠩᠭᠤᠢ ᠠᠮᠤᠷ ᠠᠮᠤᠭᠤᠯᠠᠩ | ᠬᠥᠯᠥᠨ ᠪᠤᠶᠢᠷ ᠤᠨ ᠪᠦᠳᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠰᠢᠯᠢᠳᠡᠭ ᠬᠢᠷᠢ ᠪᠦᠲᠦᠮᠵᠢ ᠪᠠᠷ ᠳᠤᠮᠳᠠᠳᠤ ᠤᠯᠤᠰ ᠤᠨ ᠡᠪ | ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠠᠶᠠᠷᠯᠠᠨ ᠪᠡᠯᠭᠡᠯᠡᠶ᠎ᠡ︕ |