ᠨᠢᠭᠡ᠂ ᠶᠠᠭᠤᠨ ᠳᠤ ︽ᠮᠦᠩᠭᠡ ᠰᠤᠪᠠᠭ · ᠲᠠᠨ ᠤ ᠬᠠᠪᠰᠤᠷᠤᠮᠵᠢ﹀ ᠠᠵᠢᠯ ᠢ ᠪᠥᠬᠦ ᠲᠠᠯ᠎ᠠ ᠪᠠᠷ ᠶᠠᠪᠤᠭᠳᠠᠭᠤᠯᠬᠤ ᠬᠡᠷᠡᠭᠵᠢᠭᠦᠯᠬᠦ ᠲᠥᠰᠦᠯ︾ ᠤᠨ | ᠲᠦᠷᠦ ᠶᠢᠨ ᠪᠤᠳᠤᠯᠭ᠎ᠠ ᠶᠢᠨ ᠲᠣᠪᠴᠢ ᠠᠰᠠᠭᠤᠯᠲᠠ ᠬᠠᠷᠢᠭᠤᠯᠲᠠ︾ ᠲᠥᠰᠦᠯ ᠢ ᠲᠣᠭᠲᠠᠭᠠᠭᠰᠠᠨ ᠪᠣᠶ︖ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠯᠬᠤᠮ ᠴᠢᠨᠠᠭᠰᠢᠳᠠ ᠭᠦᠨᠵᠡᠭᠡᠶᠢᠷᠡᠭᠦᠯᠵᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ | ᠪᠣᠭᠤᠮᠢ ᠶᠢ ᠪᠦᠲᠦᠮᠵᠢᠲᠡᠶ ᠲᠠᠶᠢᠯᠵᠤ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠬᠢᠭᠡᠳ ᠭᠤᠶᠤᠴᠢᠯᠠᠭᠴᠢ ᠶᠢᠨ ᠬᠤᠭᠤᠷᠣᠨᠳᠣ ᠪᠠᠨ ᠵᠠᠪᠰᠠᠷ ᠥᠬᠡᠶ ᠵᠣᠯᠭᠠᠭᠤᠯᠬᠤ ᠶᠢ | ᠪᠡᠶᠡᠯᠡᠭᠦᠯᠵᠦ᠂ ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠨᠡᠮᠡᠭᠳᠡᠭᠦᠯᠬᠦ ᠶᠢ ᠠᠬᠢᠭᠤᠯᠤᠨ᠂ ᠲᠥᠷᠥᠯ | ᠵᠦᠢᠯ ᠤᠨ ᠡᠷᠲᠡ ᠵᠦᠢᠯ ᠲᠣᠭᠲᠠᠭᠠᠬᠤ᠂ ᠡᠷᠲᠡ ᠠᠵᠢᠯ ᠡᠬᠢᠯᠡᠭᠦᠯᠬᠦ᠂ ᠡᠷᠲᠡ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠪᠥᠬᠦ ᠣᠷᠣᠨ ᠤ ᠬᠤᠳᠠᠯᠳᠤᠭ᠎ᠠ | ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠬᠦ ᠶᠢᠨ ᠳᠦᠯᠦᠬᠡ᠂ ᠥᠪᠡᠷᠲᠡᠭᠡᠨ ᠵᠠᠰᠠᠬᠤ ᠣᠷᠣᠨ ᠠᠴᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠦᠩᠭᠡ ᠰᠤᠪᠠᠭ · ᠲᠠᠨ ᠤ ᠬᠠᠪᠰᠤᠷᠤᠮᠵᠢ﹀ ᠶᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠬᠡᠷᠡᠭᠵᠢᠭᠦᠯᠬᠦ | ᠲᠥᠰᠦᠯ︾ ᠢ ᠲᠣᠭᠲᠠᠭᠠᠪᠠ᠃ | ᠬᠤᠶᠠᠷ᠂ ᠶᠠᠭᠤ ᠶᠢ ︽ᠮᠦᠩᠭᠡ ᠰᠤᠪᠠᠭ · ᠲᠠᠨ ᠤ ᠬᠠᠪᠰᠤᠷᠤᠮᠵᠢ︾ ᠭᠡᠬᠦ ᠪᠣᠶ︖ | ︽ᠮᠦᠩᠭᠡ ᠰᠤᠪᠠᠭ · ᠲᠠᠨ ᠤ ᠬᠠᠪᠰᠤᠷᠤᠮᠵᠢ︾ ᠭᠡᠳᠡᠭ ᠨᠢ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠡᠭᠡ ᠲᠢᠩᠬᠢᠮ ᠳᠤ ᠲᠦᠰᠢᠭᠯᠡᠨ᠂ | ᠣᠷᠣᠯᠠᠨ ᠭᠦᠢᠴᠡᠳᠬᠡᠭᠴᠢ ᠠᠴᠠ ᠭᠤᠤᠯᠳᠠᠯᠭ᠎ᠠ ᠲᠠᠢ ᠲᠥᠷᠥᠯ ᠵᠦᠢᠯ ᠤᠨ ᠭᠤᠶᠤᠴᠢᠯᠠᠭᠴᠢ ᠳᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠬᠠᠩᠭᠠᠬᠤ᠂ ᠵᠣᠬᠢᠴᠠᠭᠤᠯᠤᠨ | ᠠᠬᠢᠭᠤᠯᠬᠤ᠂ ᠬᠠᠮᠵᠢᠯᠴᠠᠨ ᠭᠦᠢᠴᠡᠳᠬᠡᠵᠦ ᠬᠠᠪᠰᠤᠷᠤᠨ ᠭᠦᠢᠴᠡᠳᠬᠡᠬᠦ ᠵᠡᠷᠭᠡ ᠲᠥᠯᠥᠪᠦᠷᠢ ᠥᠬᠡᠶ ᠦᠢᠯᠡᠴᠢᠯᠡᠭᠡ ᠬᠠᠩᠭᠠᠵᠤ᠂ ᠡᠬᠢ ᠪᠠᠶᠠᠯᠢᠭ ᠢ ᠪᠦᠲᠦᠮᠵᠢᠲᠡᠶ ᠪᠠᠷ | ᠡᠮᠬᠢᠯᠡᠨ ᠨᠡᠶᠢᠯᠡᠭᠦᠯᠵᠦ᠂ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ᠂ ︽ᠠᠵᠤ ᠠᠬᠤᠶᠢᠯᠠᠯ ᠤᠨ ᠭᠦᠶᠦᠬᠦ︾ ᠶᠢ ︽ᠵᠠᠰᠠᠭ ᠤᠨ ᠣᠷᠳᠣᠨ ᠤ ᠭᠦᠶᠦᠬᠦ︾ ᠪᠣᠯᠭᠠᠨ | ᠬᠤᠪᠢᠷᠠᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠬᠡᠨ ᠤ ᠴᠢᠳᠠᠮᠵᠢ ᠶᠢ ᠳᠡᠭᠡᠭᠰᠢᠯᠡᠭᠦᠯᠦᠨ᠂ ᠲᠥᠷᠥᠯ ᠵᠦᠢᠯ ᠢ ᠡᠷᠲᠡ ᠵᠦᠢᠯ ᠲᠣᠭᠲᠠᠭᠠᠬᠤ᠂ ᠡᠷᠲᠡ ᠠᠵᠢᠯ | ᠡᠬᠢᠯᠡᠭᠦᠯᠬᠦ᠂ ᠡᠷᠲᠡ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ | ᠭᠤᠷᠪᠠ᠂ ᠶᠠᠮᠠᠷ ᠭᠠᠵᠠᠷ ᠣᠷᠣᠨ ᠳᠤ ︽ᠮᠦᠩᠭᠡ ᠰᠤᠪᠠᠭ · ᠲᠠᠨ ᠤ ᠬᠠᠪᠰᠤᠷᠤᠮᠵᠢ︾ ᠶᠢ ᠥᠷᠨᠢᠭᠦᠯᠬᠦ ᠪᠣᠶ︖ ᠥᠪᠡᠷᠲᠡᠭᠡᠨ ᠵᠠᠰᠠᠬᠤ ᠣᠷᠣᠨ᠂ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠵᠢᠴᠢ ᠬᠠᠤᠯᠢ ᠶᠣᠰᠣᠭᠠᠷ ᠪᠠᠶᠢᠭᠤᠯᠤᠭᠰᠠᠨ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ︵ᠠᠵᠤ | ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ᠂ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠵᠡᠷᠭᠡ ᠪᠠᠭᠲᠠᠨ᠎ᠠ︶ ᠲᠤ ᠪᠠᠯᠠ ᠣᠷᠣᠭᠤᠯᠤᠯᠲᠠ ᠶᠢᠨ | ᠲᠥᠷᠥᠯ ᠵᠦᠢᠯ ᠤᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠶᠢ ᠬᠡᠷᠡᠭᠵᠢᠭᠦᠯᠦᠨ᠎ᠡ᠃ | ᠲᠦᠷᠪᠡ᠂ ᠪᠣᠳᠠᠲᠠᠶ ᠪᠠᠷ ᠶᠠᠮᠠᠷ ᠵᠦᠢᠯᠡᠰ ᠢ ᠣᠷᠣᠯᠠᠨ ᠭᠦᠢᠴᠡᠳᠬᠡᠬᠦ ᠪᠠ ᠬᠠᠪᠰᠤᠷᠤᠨ ᠭᠦᠢᠴᠡᠳᠬᠡᠬᠦ ᠪᠤᠢ︖ ᠰᠢᠶᠠᠨ ᠤ ᠱᠠᠲᠤ ᠵᠢᠴᠢ ᠲᠡᠭᠦᠨ ᠠᠴᠠ | ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠭᠤᠣᠯᠳᠠᠯᠭ᠎ᠠ ᠲᠠᠢ ᠪᠡᠯᠡ ᠤᠷᠤᠭᠤᠯᠤᠯᠲᠠ ᠶᠢᠨ ᠪᠦᠲᠦᠬᠡᠨ ᠪᠠᠶᠢᠭᠤᠯᠤᠯᠳᠠ | ᠶᠢᠨ ᠲᠦᠷᠦᠯ ᠵᠦᠢᠯ︔ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠴᠢᠬᠤᠯᠠ ᠶᠡᠭᠡ ᠲᠦᠷᠦᠯ ᠵᠦᠢᠯ︔ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠ | ᠤᠯᠤᠰ ᠠᠴᠠ ᠵᠣᠷᠢᠭᠵᠢᠭᠤᠯᠬᠤ ᠲᠦᠷᠦᠯ ᠵᠡᠷᠭᠡ ᠶᠢᠨ ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ᠃ | ᠲᠠᠪᠤ᠂ ᠬᠡᠷᠬᠢᠨ ︽ᠮᠦᠩᠭᠡ ᠰᠤᠪᠠᠭ · ᠲᠠᠨ ᠤ ᠬᠠᠪᠰᠤᠷᠤᠮᠵᠢ︾ ᠠᠵᠢᠯ ᠢ ᠶᠠᠪᠤᠭᠳᠠᠭᠤᠯᠵᠤ ᠬᠡᠷᠡᠭᠵᠢᠬᠦᠯᠬᠦ ᠪᠣᠶ︖ ᠨᠢᠭᠡ ᠳᠤ ᠴᠠᠭ ᠤᠨ ᠬᠦᠰᠦᠨᠦᠭᠲᠦ | ᠶᠢ ᠲᠣᠳᠣᠷᠬᠠᠶᠢᠯᠠᠨ᠎ᠠ᠃ 2021 ᠣᠨ ᠤ 5 ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠭᠠᠵᠠᠷ ᠤᠨ ᠬᠢᠨ ︽ᠲᠠᠨ ᠤ ᠬᠠᠪᠰᠤᠷᠤᠮᠵᠢ︾ ᠴᠤᠩᠬᠤᠪᠴᠢ ᠪᠠ | ᠰᠦᠯᠵᠢᠶᠡᠨ ᠳᠠᠬᠢ ᠲᠤᠰᠬᠠᠶ ᠪᠤᠯᠤᠩ ᠭᠠᠷᠭᠠᠬᠤ ᠶᠢ ᠳᠠᠭᠤᠰᠬᠠᠵᠤ᠂ ᠲᠤᠰᠬᠠᠶ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠡᠩᠨᠡᠭᠡ ᠶᠢ ᠵᠣᠬᠢᠶᠠᠨ | ᠪᠠᠶᠢᠭᠤᠯᠵᠤ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠬᠡᠪᠴᠢᠶ᠎ᠡ᠂ ᠡᠭᠦᠷᠭᠡ ᠬᠠᠷᠢᠭᠤᠴᠠᠯᠭ᠎ᠠ ᠵᠢᠴᠢ ᠴᠤᠪᠤᠷᠠᠯ ᠢ ᠨᠠᠷᠢᠯᠢᠬᠵᠢᠭᠤᠯᠵᠤ᠂ | ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠶᠢ ᠨᠡᠶᠢᠲᠡᠯᠡᠨ᠎ᠡ᠃ 2021 ᠣᠨ ᠤ 7 ᠰᠠᠷ᠎ᠠ ᠶᠢᠨ ᠰᠡᠭᠦᠯᠴᠢ ᠠᠴᠠ ᠡᠮᠦᠨ᠎ᠡ᠂ | ᠪᠥᠬᠦ ᠣᠷᠣᠨ ᠳᠤ ︽ᠭᠤᠯᠳᠤ ᠪᠠᠷ ᠭᠤᠷᠪᠠᠨ ᠱᠠᠲᠤ ᠪᠠᠷ ᠬᠤᠯᠪᠣᠭᠠᠯᠠᠨ ᠬᠥᠳᠡᠯᠦᠯᠴᠡᠬᠦ᠂ ᠬᠥᠨᠳᠡᠯᠡᠨ ᠢᠶᠠᠷ ᠰᠠᠯᠠᠭ᠎ᠠ ᠮᠥᠴᠢᠷ ᠬᠠᠮᠵᠢᠯᠴᠠᠬᠤ︾ ᠪᠠᠯᠠ | ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠠᠵᠢᠯ ᠤᠨ ᠲᠤᠭᠲᠠᠮᠵᠢ ᠶᠢ ᠦᠨᠳᠦᠰᠦᠨ ᠳᠡᠭᠡᠨ ᠪᠦᠷᠢᠯᠳᠦᠭᠦᠯᠦᠨ᠎ᠡ᠃ | | ᠬᠤᠶᠠᠷ ᠲᠤ ᠠᠵᠢᠯ ᠤᠨ ᠠᠷᠭ᠎ᠠ ᠠᠪᠴᠠᠯ ᠢᠶᠠᠨ ᠨᠠᠷᠢᠯᠢᠬᠵᠢᠭᠤᠯᠤᠨ᠎ᠠ᠃ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠲᠤᠭᠲᠠᠭᠠᠬᠤ᠂ ᠨᠡᠶᠢᠲᠡᠯᠡᠬᠦ ᠵᠦᠢᠯᠡᠰ ᠢ | ᠡᠮᠬᠢᠳᠬᠡᠬᠦ᠂ ᠲᠤᠰᠬᠠᠶ ᠮᠡᠷᠭᠡᠵᠢᠯ ᠤᠨ ᠡᠩᠨᠡᠭᠡ ᠵᠣᠬᠢᠶᠠᠨ ᠪᠠᠶᠢᠭᠤᠯᠬᠤ᠂ ᠦᠢᠯᠡᠴᠢᠯᠡᠬᠡᠨ ᠤ ᠠᠷᠭ᠎ᠠ ᠮᠠᠶ᠋ᠢᠭ ᠢ ᠥᠷᠭᠡᠳᠬᠡᠬᠦ᠂ ᠲᠤᠬᠠᠶᠢᠯᠠᠭᠰᠠᠨ ᠠᠵᠢᠯ ᠤᠨ ᠴᠤᠪᠤᠷᠠᠯ ᠢ | ᠵᠢᠷᠤᠮᠵᠢᠭᠤᠯᠬᠤ᠂ ᠨᠢᠭᠡᠳᠦᠯᠲᠡᠶ ᠲᠥᠯᠥᠪᠯᠡᠨ ᠵᠤᠬᠢᠴᠠᠭᠤᠯᠤᠨ ᠭᠦᠢᠴᠡᠳᠬᠡᠬᠦ᠂ ᠬᠢᠨᠠᠯᠲᠠ ᠲᠠᠯᠪᠢᠵᠤ ᠰᠢᠯᠭᠠᠨ ᠦᠨᠡᠯᠡᠬᠦ ᠶᠢ ᠴᠢᠩᠭᠠᠷᠠᠭᠤᠯᠬᠤ ᠵᠡᠷᠭᠡ ᠠᠷᠭ᠎ᠠ ᠠᠪᠴᠠᠯ | ᠢᠶᠠᠷ ᠳᠠᠮᠵᠢᠭᠤᠯᠤᠨ᠂ ︽ᠮᠦᠩᠭᠡ ᠰᠤᠪᠠᠭ · ᠲᠠᠨ ᠤ ᠬᠠᠪᠰᠤᠷᠤᠮᠵᠢ︾ ᠠᠵᠢᠯ ᠤᠨ ᠨᠠᠶᠢᠳᠠᠪᠤᠷᠢᠵᠢᠭᠤᠯᠤᠯᠲᠠ ᠶᠢ ᠶᠠᠪᠤᠭᠳᠠᠭᠤᠯᠤᠨ᠎ᠠ᠃ | ᠵᠢᠷᠭᠤᠭ᠎ᠠ᠂ ︽ᠮᠦᠩᠭᠡ ᠰᠤᠪᠠᠭ · ᠲᠠᠨ ᠤ ᠬᠠᠪᠰᠤᠷᠤᠮᠵᠢ︾ ᠨᠢ ᠶᠠᠮᠠᠷ ᠭᠢᠯᠠᠰ ᠴᠡᠭ ᠪᠠ ᠦᠪᠡᠷᠮᠢᠴᠡ ᠣᠨᠴᠠᠯᠢᠭ ᠲᠠᠢ ᠪᠣᠶ︖ | ᠨᠢᠭᠡ ᠳᠤ ᠭᠤᠣᠯᠳᠠᠯᠭ᠎ᠠ ᠳᠤᠪᠤᠶᠢᠮ᠎ᠠ᠂ ᠬᠠᠨᠳᠤᠯᠭᠠᠲᠤ ᠴᠢᠨᠠᠷ ᠢᠶᠠᠷ ᠴᠢᠩᠭ᠎ᠠ᠃ ᠭᠤᠣᠯᠳᠠᠭᠤ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠬᠢᠨᠠᠨ | ᠵᠥᠪᠰᠢᠶᠡᠷᠡᠬᠦ ᠬᠦᠷᠢᠶ᠎ᠡ ᠴᠠᠷᠠᠭ᠎ᠠ ᠶᠢᠨ ᠲᠤᠭᠤᠷᠢᠨ ᠳᠤ᠂ ᠬᠠᠨᠳᠤᠯᠭᠠᠲᠤ ᠬᠦᠷᠢᠶ᠎ᠡ ᠨᠡᠩ ᠪᠣᠳᠠᠲᠠᠶ᠂ ᠠᠵᠢᠯ ᠤᠨ ᠠᠷᠭ᠎ᠠ ᠠᠪᠴᠠᠯ ᠨᠡᠩ ᠨᠠᠷᠢᠯᠢᠭ ᠨᠡᠩ ᠪᠣᠳᠠᠲᠠᠶ᠂ 12 | ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠪᠣᠳᠠᠲᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ | ᠬᠤᠶᠠᠷ ᠲᠤ ᠠᠷᠭ᠎ᠠ ᠬᠡᠯᠪᠡᠷᠢ ᠡᠯᠪᠡᠭ ᠪᠠᠶᠠᠯᠢᠭ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠨ᠎ᠡ᠃ ᠪᠠᠯᠠ ᠣᠷᠣᠭᠤᠯᠤᠯᠲᠠ ᠶᠢᠨ ᠲᠥᠷᠥᠯ | ᠵᠦᠢᠯ ᠤᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠳᠤ ︽ᠱᠠᠲᠤ ᠬᠤᠪᠢᠶᠠᠨ ᠭᠦᠢᠴᠡᠳᠬᠡᠬᠦ᠂ ᠳᠡᠭᠡᠳᠦ ᠳᠣᠤᠷᠠᠳᠤ ᠱᠠᠲᠤ ᠬᠤᠯᠪᠣᠭᠠᠯᠠᠨ | ᠬᠥᠳᠡᠯᠦᠯᠴᠡᠬᠦ᠂ ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠶᠢ ᠵᠡᠷᠭᠡ ᠳᠤᠨᠢ ᠶᠠᠪᠤᠭᠳᠠᠭᠤᠯᠬᠤ︾ ᠠᠷᠭ᠎ᠠ ᠬᠡᠯᠪᠡᠷᠢ ᠶᠢ ᠬᠡᠷᠡᠭᠵᠢᠭᠦᠯᠦᠨ᠎ᠡ᠃ ᠰᠦᠯᠵᠢᠶᠡᠨ ᠭᠠᠳᠠᠨ᠎ᠠ | ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠲᠦᠰᠢᠭᠯᠡᠨ ︽ᠲᠠᠨ ᠤ ᠬᠠᠪᠰᠤᠷᠤᠮᠵᠢ︾ ᠴᠤᠩᠬᠤᠪᠴᠢ ᠭᠠᠷᠭᠠᠵᠤ᠂ | ᠰᠦᠯᠵᠢᠶᠡᠨ ᠳᠤ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ᠂ ︽ᠮᠦᠩᠭᠡ ᠰᠤᠪᠠᠭ︾ ᠰᠢᠯᠵᠢᠮᠡᠯ ᠦᠵᠦᠬᠦᠷ᠂ 12345 | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠳᠤ ᠲᠦᠰᠢᠭᠯᠡᠨ ︽ᠲᠠᠨ ᠤ ᠬᠠᠪᠰᠤᠷᠤᠮᠵᠢ︾ ᠲᠤᠰᠬᠠᠶ ᠪᠤᠯᠤᠩ ᠭᠠᠷᠭᠠᠵᠤ᠂ ᠭᠤᠶᠤᠴᠢᠯᠠᠭᠴᠢ ᠳᠤ | ᠠᠰᠠᠭᠤᠨ ᠯᠠᠪᠯᠠᠬᠤ᠂ ᠵᠢᠭᠠᠨ ᠵᠢᠯᠣᠭᠤᠳᠬᠤ᠂ ᠵᠣᠬᠢᠴᠠᠭᠤᠯᠬᠤ ᠪᠠ ᠳᠠᠭᠠᠭᠤᠯᠤᠨ ᠭᠦᠢᠴᠡᠳᠬᠡᠬᠦ ᠵᠡᠷᠭᠡ ᠰᠦᠢᠳᠬᠡᠯ ᠬᠤᠷᠢᠶᠠᠬᠤ ᠥᠬᠡᠶ ᠦᠢᠯᠡᠴᠢᠯᠡᠭᠡ ᠶᠢ ᠪᠥᠬᠦ | ᠲᠠᠯ᠎ᠠ ᠪᠠᠷ ᠬᠠᠩᠭᠠᠨ᠎ᠠ᠃ | ᠭᠤᠷᠪᠠ ᠳᠤ ᠨᠢᠭᠡᠳᠦᠯᠲᠡᠶ ᠪᠥᠭᠡᠳ ᠵᠢᠷᠤᠮᠵᠢᠭᠤᠨ᠂ ᠪᠠᠷᠢᠮᠵᠢᠶᠠᠵᠢᠭᠤᠯᠤᠯᠲᠠ ᠪᠠᠷ ᠴᠢᠩᠭ᠎ᠠ᠃ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ | ᠦᠢᠯᠡᠴᠢᠯᠡᠭᠡᠨ ᠤ 22 ᠵᠦᠢᠯᠡᠰ ᠢ ᠨᠢᠭᠡᠳᠦᠯᠲᠡᠢ ᠡᠮᠬᠢᠳᠬᠡᠨ ᠨᠡᠶᠢᠲᠡᠯᠡᠵᠦ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ | ᠴᠤᠪᠤᠷᠠᠯ ᠢ ᠵᠢᠷᠤᠮᠵᠢᠭᠤᠯᠵᠤ᠂ ᠴᠤᠪᠤᠷᠠᠯ ᠵᠢᠷᠤᠭ ᠤᠨ ᠵᠢᠱᠢᠶ᠎ᠡ ᠦᠵᠡᠭᠦᠯᠬᠦ ᠲᠣᠪᠬᠢᠮᠠᠯ᠂ ᠭᠤᠶᠤᠴᠢᠯᠠᠯ ᠤᠨ ᠬᠦᠰᠦᠨᠦᠭᠲᠦ᠂ ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ᠂ | ᠠᠮᠠᠯᠠᠯᠲᠠ ᠶᠢᠨ ᠪᠢᠴᠢᠭ᠂ ᠭᠦᠢᠴᠡᠳᠬᠡᠵᠦ ᠳᠠᠭᠤᠰᠬᠠᠬᠤ ᠬᠠᠭᠤᠳᠠᠰᠤ᠂ ᠦᠨᠡᠯᠡᠬᠦ ᠬᠦᠰᠦᠨᠦᠭᠲᠦ᠂ ᠵᠤᠭᠰᠤᠭᠠᠬᠤ ᠬᠠᠭᠤᠳᠠᠰᠤ ᠵᠡᠷᠭᠡ ᠶᠢ ᠪᠢᠴᠢᠭ ᠤᠨ ᠬᠠᠮᠳᠤ | ᠳᠠᠷᠤᠮᠠᠯᠯᠠᠨ ᠲᠠᠷᠬᠠᠭᠠᠵᠤ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠶᠢ ᠭᠤᠶᠤᠴᠢᠯᠠᠬᠤ ᠠᠴᠠ ᠠᠪᠤᠭᠠᠳ ᠭᠦᠢᠴᠡᠳᠬᠡᠵᠦ ᠳᠠᠭᠤᠰᠬᠠᠬᠤ ᠬᠦᠷᠲᠡᠯᠡᠬᠢ ᠪᠦᠬᠦ | ᠴᠤᠪᠤᠷᠠᠯ ᠳᠤ ᠬᠠᠮᠤᠷᠴᠤ᠂ ᠲᠦᠷᠦᠯ ᠵᠦᠢᠯ ᠤᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃ | |