ᠬᠦᠯᠦᠨ ᠪᠤᠶᠢᠷ ᠬᠤᠲᠠ ᠶᠢᠨ ᠰᠢᠭᠤᠳ ᠬᠠᠷᠢᠶ᠎ᠠ ᠣᠢ ᠰᠢᠭᠤᠢ ᠶᠢᠨ ᠵᠢᠷᠭᠤᠳᠤᠭᠠᠷ ᠲᠤᠪᠴᠢᠶᠠᠨ ᠤ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠶᠢ ᠲᠦᠯᠦᠪᠵᠢᠭᠦᠯᠦᠨ ᠲᠦᠯᠦᠪᠯᠡᠬᠦ ᠲᠤᠬᠠᠢ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠴᠤᠬᠤᠯᠠᠪᠤᠷᠢ
ᠨᠡᠶᠢᠲᠡᠯᠡᠭᠰᠡᠨ ᠴᠠᠭ᠄
2021/4/29
                                    ᠬᠦᠯᠦᠨ ᠵᠠᠰᠠᠭ ᠦᠰᠦᠭ  ﹇2021﹈ 1 ᠳ᠋ᠤᠭᠠᠷ ᠲᠣᠭᠠᠲᠤᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ᠄       ᠲᠠᠨ ᠤ ᠲᠣᠪᠴᠢᠶ᠎ᠠ ᠶᠢᠨ ︽ᠬᠤᠲᠠ ᠶᠢᠨ ᠰᠢᠭᠤᠳ ᠬᠠᠷᠢᠶ᠎ᠠ ᠵᠢᠷᠭᠤᠳᠤᠭᠠᠷ ᠲᠣᠪᠴᠢᠶ᠎ᠠ ᠶᠢᠨ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠶᠢ ᠲᠦᠯᠦᠪᠵᠢᠭᠦᠯᠦᠨ ᠲᠦᠯᠦᠪᠯᠡᠬᠦ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ︵ᠬᠥᠬᠡᠬᠤᠲᠠ ᠣᠶ ᠨᠤᠲᠤᠭ ᠲᠠᠷᠬᠠᠭᠠᠭᠰᠠᠨ  ﹇2020﹈ 484 ᠳ᠋ᠤᠭᠡᠷ ᠲᠣᠭᠠᠲᠤ ︶ ᠶᠢ ᠬᠤᠷᠢᠶᠠᠨ ᠠᠪᠤᠯ᠎ᠠ᠃ ᠰᠤᠳᠤᠯᠬᠤ ᠪᠠᠷ ᠳᠠᠮᠵᠢᠭᠠᠳ ᠤᠳᠤ ᠳᠣᠣᠷᠠᠬᠢ ᠮᠡᠲᠦ ᠴᠤᠬᠤᠯᠠᠪᠤᠷᠢᠯᠠᠶ᠎ᠠ᠄       ᠨᠢᠭᠡ᠂ ︽ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠭᠠᠷᠭᠠᠬᠤ ᠪᠠ ᠬᠠᠮᠢᠶᠠᠷᠬᠤ ᠠᠵᠢᠯ ᠢ ᠠᠯᠬᠤᠮ ᠴᠢᠨᠠᠭᠰᠢᠲᠠ ᠵᠢᠷᠤᠮᠵᠢᠭᠤᠯᠬᠤ ᠲᠤᠬᠠᠶ ᠮᠡᠳᠡᠭᠳᠡᠯ︾ ︵ᠥᠪᠥᠷ ᠣᠶ ᠰᠡᠷᠭᠡᠶᠢᠯᠡᠯᠲᠡ ᠵᠢᠯᠤᠭᠤᠳᠤᠭᠰᠠᠨ  ﹇2020﹈ 5 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠲᠠᠨ ᠤ ᠲᠣᠪᠴᠢᠶ᠎ᠠ ᠶᠢᠨ ᠲᠤᠰ ᠲᠥᠯᠥᠪᠵᠢᠭᠦᠯᠭᠡ ᠶᠢᠨ ᠶᠣᠰᠣᠭᠠᠷ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠲᠦᠯᠦᠪᠯᠡᠨ ᠲᠤᠬᠢᠷᠠᠭᠤᠯᠬᠤ ᠶᠢ ᠵᠠᠷᠴᠢᠮ ᠳᠡᠭᠡᠷ᠎ᠡ ᠪᠠᠨ ᠵᠥᠪᠰᠢᠶᠡᠷᠡᠨ᠎ᠡ᠃       ᠬᠤᠶᠠᠷ᠂ ᠲᠠᠨ ᠤ ᠲᠣᠪᠴᠢᠶ᠎ᠠ ᠰᠢᠭᠤᠳ ᠬᠠᠷᠢᠶ᠎ᠠ ᠣᠶ ᠰᠢᠭᠤᠶ ᠶᠢᠨ ᠵᠢᠷᠭᠤᠳᠤᠭᠠᠷ ᠲᠣᠪᠴᠢᠶ᠎ᠠ ᠶᠢ ᠵᠢᠯᠣᠭᠤᠳᠴᠤ ᠲᠥᠯᠥᠪᠵᠢᠭᠦᠯᠭᠡ ᠶᠢ ᠴᠢᠩᠭ᠎ᠠ ᠵᠢᠷᠤᠮᠯᠠᠨ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠭᠠᠷᠭᠠᠵᠤ᠂ ᠪᠠᠶᠢᠭᠤᠯᠬᠤ ᠪᠠᠷᠢᠮᠵᠢᠶ᠎ᠠ ᠨᠢ ︽ᠣᠶ ᠰᠢᠭᠤᠶ ᠶᠢᠨ ᠲᠤᠰᠠᠭᠠᠷᠯᠠᠬᠤ ᠰᠢᠰᠲ᠋ᠧᠮ ᠤᠨ ᠪᠠᠶᠢᠭᠤᠯᠤᠯᠲᠠ ᠶᠢᠨ ᠪᠠᠷᠢᠮᠵᠢᠶ᠎ᠠ︾ ︵LY / T 5007 —2014︶ ᠶᠢ ᠵᠢᠷᠤᠮᠯᠠᠨ ᠬᠡᠷᠡᠭᠵᠢᠭᠦᠯᠬᠦ ᠬᠡᠷᠡᠭᠲᠡᠶ᠃       ᠭᠤᠷᠪᠠ᠂ ᠲᠠᠨ ᠤ ᠲᠣᠪᠴᠢᠶ᠎ᠠ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠭᠠᠷᠭᠠᠬᠤ ᠬᠢᠭᠡᠳ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠶᠢᠨ ᠬᠠᠷᠢᠴᠠᠭ᠎ᠠ ᠶᠢ ᠬᠢᠨᠠᠮᠠᠭᠠᠶ ᠰᠠᠶᠢᠲᠤᠷ ᠰᠢᠢᠳᠪᠦᠷᠢᠯᠡᠵᠦ᠂ ᠣᠶ ᠰᠢᠭᠤᠶ᠂ ᠨᠤᠲᠤᠭ ᠪᠡᠯᠴᠢᠭᠡᠷ ᠤᠨ ᠠᠮᠢ ᠠᠬᠤᠶ ᠶᠢ ᠡᠪᠳᠡᠵᠦ ᠪᠣᠯᠬᠤ ᠥᠬᠡᠶ᠂ ᠨᠤᠲᠤᠭ ᠪᠡᠯᠴᠢᠭᠡᠷ ᠤᠨ ᠡᠯᠡᠰᠦᠷᠬᠡᠭᠵᠢᠯ ᠢ ᠴᠢᠩᠭ᠎ᠠ ᠰᠡᠷᠭᠡᠶᠢᠯᠡᠬᠦ ᠬᠡᠷᠡᠭᠲᠡᠶ᠃ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠭᠠᠷᠭᠠᠬᠤ ᠨᠡᠷ᠎ᠡ ᠪᠠᠷ ᠣᠶᠢᠲᠤ ᠭᠠᠵᠠᠷ᠂ ᠨᠤᠲᠤᠭ ᠪᠡᠯᠴᠢᠭᠡᠷ ᠬᠠᠭᠠᠯᠪᠤᠷᠢᠯᠠᠬᠤ ᠵᠡᠷᠭᠡ ᠤᠢ ᠰᠢᠭᠤᠢ ᠨᠤᠲᠤᠭ ᠪᠡᠯᠴᠢᠭᠡᠷ ᠢ ᠤᠷᠤᠮᠴᠢᠯᠠᠨ ᠬᠤᠬᠢᠷᠠᠭᠤᠯᠬᠤ ᠪᠠᠶᠢᠳᠠᠯ ᠭᠠᠷᠭᠠᠬᠤ ᠶᠢ ᠡᠷᠡᠰ ᠬᠤᠷᠢᠭᠯᠠᠬᠤ ᠬᠡᠷᠡᠭᠲᠡᠶ᠃                                  2021 ᠣᠨ ᠤ 1 ᠰᠠᠷ᠎ᠠ ᠶᠢᠨ 13 ᠤ ᠡᠳᠦᠷ       ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ