ᠬᠠᠶᠢᠯᠠᠷ ᠲᠣᠭᠤᠷᠢᠭ ᠤᠨ ᠱᠧᠩ ᠯᠢ ᠵᠡᠭᠡᠯᠢ ᠶᠢᠨ ᠪᠠᠭ᠎ᠠ ᠰᠤᠷᠭᠠᠭᠤᠯᠢ ᠶᠢᠨ ᠵᠡᠭᠦᠨ ᠰᠤᠷᠭᠠᠭᠤᠯᠢ ᠲᠤᠰᠠᠭᠠᠷ ᠰᠤᠷᠭᠠᠭᠤᠯᠢ ᠡᠷᠬᠢᠯᠡᠬᠦ ᠲᠤᠬᠠᠢ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2021/4/29
                                       ᠬᠦᠯᠦᠨ ᠵᠠᠰᠠᠭ ᠦᠰᠦᠭ ﹇2021﹈ 4 ᠳ᠋ᠤᠭᠠᠷ ᠲᠣᠭᠠᠲᠤᠬᠠᠶᠢᠯᠠᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ᠄       ᠲᠠᠨ ᠤ ᠲᠤᠭᠤᠷᠢᠭ ᠤᠨ ᠳᠡᠭᠡᠭᠰᠢ ᠮᠡᠳᠡᠭᠦᠯᠦᠭᠰᠡᠨ ︽ᠱᠧᠩ ᠯᠢ ᠵᠡᠭᠡᠯᠢ ᠶᠢᠨ ᠪᠠᠭ᠎ᠠ ᠰᠤᠷᠭᠠᠭᠤᠯᠢ ᠶᠢᠨ ᠵᠡᠭᠦᠨ ᠰᠤᠷᠭᠠᠭᠤᠯᠢ ᠲᠤᠰᠠᠭᠠᠷ ᠰᠤᠷᠭᠠᠭᠤᠯᠢ ᠡᠷᠭᠢᠯᠡᠬᠦ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ︵ᠬᠠᠶᠢᠯᠠᠷ ᠵᠠᠰᠠᠭ ᠲᠠᠷᠬᠠᠭᠠᠭᠰᠠᠨ ﹇2020﹈ 92 ᠳ᠋ᠤᠭᠠᠷ ᠲᠣᠭᠠᠲᠤ︶ ᠶᠢ  ᠬᠤᠷᠢᠶᠠᠨ ᠠᠪᠤᠯ᠎ᠠ᠂ ᠬᠤᠲᠠ ᠶᠢᠨ ᠵᠠᠰᠠᠭ ᠤᠨ ᠣᠷᠳᠣᠨ ᠰᠤᠳᠤᠯᠤᠭᠠᠳ᠂ ᠡᠳᠦᠭᠡ ᠳᠤᠤᠷᠠᠬᠢ ᠮᠡᠲᠦ ᠴᠤᠬᠤᠯᠠᠪᠤᠷᠢᠯᠠᠶ᠎ᠠ᠄       ᠱᠧᠩ ᠯᠢ ᠵᠡᠭᠡᠯᠢ ᠶᠢᠨ ᠪᠠᠭ᠎ᠠ ᠰᠤᠷᠭᠠᠭᠤᠯᠢ ᠶᠢᠨ ᠵᠡᠭᠦᠨ ᠰᠤᠷᠭᠠᠭᠤᠯᠢ ᠲᠤᠰᠠᠭᠠᠷ ᠰᠤᠷᠭᠠᠭᠤᠯᠢ ᠡᠷᠬᠢᠯᠡᠬᠦ ᠶᠢ ᠵᠦᠪᠰᠢᠶᠡᠷᠡᠪᠡ᠂ ᠲᠤᠰᠠᠭᠠᠷᠯᠠᠭᠰᠠᠨ ᠤ ᠳᠠᠷᠠᠭ᠎ᠠ ᠰᠤᠷᠭᠠᠭᠤᠯᠢ ᠶᠢᠨ ᠨᠡᠷᠡᠶᠢᠳᠦᠯ ᠢ ᠵᠢᠶᠠᠨ ᠱᠧ ᠵᠡᠭᠡᠯᠢ ᠶᠢᠨ ᠪᠠᠭ᠎ᠠ ᠰᠤᠷᠭᠠᠭᠤᠯᠢ ᠭᠡᠵᠦ᠂ ᠬᠥᠯᠥᠨ ᠪᠤᠶᠢᠷ ᠬᠤᠲᠠ ᠶᠢᠨ ᠬᠠᠶᠢᠯᠠᠷ ᠲᠣᠭᠤᠷᠢᠭ ᠤᠨ ᠵᠢᠶᠠᠨ ᠱᠧ ᠬᠤᠶᠠᠳᠤᠭᠠᠷ ᠵᠠᠮ ᠤᠨ 65 ᠳ᠋ᠤᠭᠠᠷ ᠨᠣᠮᠧᠷ ᠲᠤ ᠪᠠᠶᠢᠷᠢᠯᠠᠵᠤ᠂ ᠪᠦᠲᠦᠭᠡᠨ ᠪᠠᠶᠢᠭᠤᠯᠤᠯᠲᠠ ᠶᠢᠨ ᠬᠡᠪᠴᠢᠶᠡᠵᠢᠯ ᠨᠢ 24 ᠵᠢᠭᠠᠨ ᠰᠤᠷᠭᠠᠯᠲᠠ ᠶᠢᠨ ᠠᠩᠭᠢ ᠪᠠᠶᠢᠵᠤ᠂ 1200 ᠰᠣᠷᠣᠭᠴᠢ ᠶᠢ ᠪᠠᠭᠲᠠᠭᠠᠨ᠎ᠠ᠃ ᠲᠠᠨ ᠤ ᠲᠤᠭᠤᠷᠢᠭ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠭᠠᠷᠳᠠᠮ ᠢ ᠭᠦᠢᠴᠡᠳᠭᠡᠬᠦ ᠬᠡᠷᠡᠭᠲᠡᠢ᠃       ᠡᠭᠦᠨ ᠤ ᠲᠤᠯᠠ ᠲᠤᠰᠬᠠᠶᠢᠯᠠᠨ ᠴᠤᠬᠤᠯᠠᠪᠤᠷᠢᠯᠠᠪᠠ᠃                                     2021 ᠤᠨ ᠤ 2 ᠰᠠᠷ᠎ᠠ ᠶᠢᠨ 8 ᠤ ᠡᠳᠦᠷ       ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ