ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠲᠤᠬᠠᠢ ᠠᠰᠠᠭᠤᠯᠳᠠ ᠬᠠᠷᠢᠭᠤᠯᠲᠠ ︵ᠨᠢᠭᠡ︶
ᠨᠡᠶᠢᠲᠡᠯᠡᠭᠰᠡᠨ ᠴᠠᠭ᠄
2021/5/11
      ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠡᠪᠡᠳᠴᠢᠨ ᠡᠭᠦᠰᠭᠡᠭᠴᠢ ᠶᠢᠨ ᠣᠨᠴᠠᠯᠢᠭ ᠨᠢ ᠶᠠᠭᠤ ᠪᠣᠶ︖       ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠨᠢ β ᠲᠦᠷᠦᠯ ᠤᠨ ᠲᠢᠲᠢᠮᠯᠢᠭ ᠸᠢᠷᠦ᠋ᠰ ᠲᠤ ᠬᠠᠷᠢᠶᠠᠯᠠᠭᠳᠠᠨ᠎ᠠ᠂ ᠪᠦᠷᠬᠦᠭᠦᠯ ᠲᠠᠢ᠂ ᠮᠥᠬᠦᠯᠢᠭ ᠨᠢ ᠲᠣᠭᠤᠷᠢᠭ ᠪᠤᠶᠤ ᠵᠤᠤᠪᠠᠩ ᠬᠡᠯᠪᠡᠷᠢ ᠲᠠᠢ᠂ ᠦᠷᠭᠦᠯᠵᠢ ᠣᠯᠠᠨ ᠬᠡᠯᠪᠡᠷᠢᠴᠢ ᠪᠠᠶᠢᠵᠤ᠂ ᠳ᠋ᠢᠶᠠᠮᠧᠲᠷ ᠨᠢ 60 —140 nm ︵ᠨᠠᠨᠤᠮᠧᠲᠷ︶᠃ ᠬᠦᠷᠢᠨ ᠤ ᠭᠠᠳᠠᠨᠠᠬᠢ ᠲᠤᠶᠠᠭ᠎ᠠ ᠪᠣᠯᠤᠨ ᠢᠯᠴᠢ ᠳᠤ ᠰᠡᠷᠭᠡᠭ᠂ 56 ᠭᠷᠠᠳᠦ᠋ᠰ 30 ᠮᠢᠨᠦ᠋ᠲ᠂ ᠡᠲ᠋ᠢᠯ ᠡᠲ᠋ᠧᠷ᠂ 75 % ᠶᠢᠨ ᠡᠲ᠋ᠠᠨᠤᠯ᠂ ᠾᠯᠣᠷᠲᠤ ᠠᠷᠢᠭᠤᠳᠬᠠᠭᠤᠷ᠂ ᠬᠡᠲᠦ ᠬᠦᠴᠢᠯᠲᠥ᠋ᠷᠥᠭᠴᠢᠲᠦ ᠡᠲ᠋ᠠ ᠬᠦᠴᠢᠯ ᠪᠣᠯᠤᠨ ᠾᠯᠣᠷᠲᠤ ᠳᠠᠭᠤᠷᠢᠶᠠᠮᠠᠯ ᠵᠡᠷᠭᠡ ᠥᠭᠡᠬᠦᠨ ᠠᠭᠤᠰᠬᠠᠭᠤᠷ ᠴᠥᠮ ᠸᠢᠷᠦ᠋ᠰ ᠢ ᠪᠦᠲᠦᠮᠵᠢᠲᠡᠶ ᠤᠰᠠᠳᠬᠠᠵᠤ ᠪᠣᠯᠤᠨ᠎ᠠ᠃       ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠮᠴᠢᠯᠡᠭᠡᠨ ᠤ ᠢᠯᠡᠷᠡᠯ ᠨᠢ ᠶᠠᠮᠠᠷ ᠪᠠᠶᠢᠬᠤ ᠪᠣᠶ︖       ᠬᠠᠯᠠᠭᠤᠷᠠᠬᠤ᠂ ᠲᠠᠮᠢᠷᠳᠠᠬᠤ᠂ ᠬᠠᠭᠤᠷᠠᠶ ᠪᠠᠷ ᠬᠠᠨᠢᠶᠠᠯᠭᠠᠬᠤ ᠪᠠᠷ ᠭᠤᠤᠯ ᠢᠯᠡᠷᠡᠨ᠎ᠡ︔ ᠴᠥᠭᠡᠨ ᠲᠣᠭᠠᠨ ᠤ ᠡᠪᠡᠳᠴᠢᠲᠡᠨ ᠬᠠᠮᠠᠷ ᠪᠥᠭᠯᠡᠷᠡᠬᠦ᠂ ᠨᠢᠰᠤ ᠭᠤᠭᠤᠵᠢᠬᠤ᠂ ᠬᠤᠭᠤᠯᠠᠶ ᠡᠪᠡᠳᠬᠦ ᠪᠠ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠲᠠᠢ︔       ᠬᠦᠨᠳᠦ ᠡᠪᠡᠳᠴᠢᠲᠡᠨ ᠤ ᠣᠯᠠᠩᠬᠢ ᠨᠢ ᠡᠪᠡᠳᠴᠢᠨ ᠬᠥᠳᠡᠯᠦᠭᠰᠡᠨ ᠨᠢᠭᠡ ᠭᠠᠷᠠᠭ ᠤᠨ ᠳᠠᠷᠠᠭ᠎ᠠ ᠠᠮᠢᠰᠬᠤᠯ ᠴᠢᠬᠤᠯᠳᠠᠬᠤ ᠪᠤᠶᠤ ᠳᠣᠣᠷ᠎ᠠ ᠬᠦᠴᠢᠯᠲᠥ᠋ᠷᠥᠭᠴᠢᠲᠦ ᠴᠢᠰᠤᠨ ᠭᠡᠮ ᠢᠯᠡᠷᠡᠵᠦ᠂ ᠬᠦᠨᠳᠦ ᠡᠪᠡᠳᠴᠢᠲᠡᠨ ᠨᠢ ᠠᠮᠢᠰᠬᠤᠯ ᠴᠢᠬᠤᠯᠳᠠᠬᠤ ᠨᠡᠶᠢᠯᠡᠭ ᠭᠡᠮ᠂ ᠢᠳᠡᠭᠡᠲᠦ ᠬᠤᠤᠷᠳᠠᠯ ᠤᠨ ᠦᠬᠦᠳᠬᠢᠯ᠂ ᠵᠠᠰᠠᠬᠤ ᠳᠤ ᠪᠡᠷᠬᠡᠲᠡᠢ ᠰᠣᠯᠢᠯᠴᠠᠭᠠᠨ ᠤ ᠴᠢᠨᠠᠷᠲᠠᠢ ᠬᠦᠴᠢᠯ ᠤᠨ ᠬᠤᠣᠷᠳᠠᠭᠳᠠᠯ ᠪᠠ ᠴᠢᠰᠤ ᠡᠭᠡᠳᠡᠬᠦ ᠴᠢᠳᠠᠮᠵᠢ ᠶᠢᠨ ᠰᠠᠭᠠᠲᠠᠯ ᠵᠢᠴᠢ ᠣᠯᠠᠨ ᠡᠷᠬᠡᠲᠡᠨ ᠤ ᠴᠢᠳᠠᠮᠵᠢ ᠶᠢᠨ ᠳᠣᠷᠦ᠋ᠢᠲᠠᠯ ᠪᠤᠯᠵᠤ ᠲᠦᠷᠭᠡᠨ ᠬᠦᠭᠵᠢᠳᠡᠭ᠃       ᠬᠡᠷᠪᠡ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠪᠠᠯ ᠬᠤᠤᠷ ᠬᠥᠨᠥᠭᠡᠯ ᠨᠢ ᠶᠡᠭᠡ ᠦᠦ︖ ᠬᠡᠷᠬᠢᠨ ᠰᠡᠷᠭᠡᠶᠢᠯᠡᠬᠦ ᠪᠤᠢ︖       ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠪᠠᠯ ᠪᠡᠶ᠎ᠡ ᠮᠠᠬᠠᠪᠣᠳ ᠲᠤ ᠨᠡᠯᠢᠶᠡᠳ ᠶᠡᠭᠡ ᠬᠤᠤᠷ ᠬᠥᠨᠥᠭᠡᠯ ᠤᠴᠠᠷᠠᠭᠤᠯᠳᠠᠭ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠥᠩᠭᠡᠨ ᠬᠡᠯᠪᠡᠷᠢ ᠨᠢ ᠬᠠᠯᠠᠭᠤᠷᠠᠬᠤ᠂ ᠲᠠᠮᠢᠷᠳᠠᠬᠤ᠂ ᠬᠠᠭᠤᠷᠠᠶ ᠪᠠᠷ ᠬᠠᠨᠢᠶᠠᠯᠭᠠᠬᠤ ᠵᠡᠷᠭᠡ ᠪᠠᠷ ᠭᠤᠤᠯ ᠢᠯᠡᠷᠡᠳᠡᠭ᠂ ᠵᠢᠷᠤᠭ ᠳᠦᠷᠰᠦ ᠶᠢᠨ ᠤᠬᠠᠭᠠᠨ ᠳᠤ ᠠᠭᠤᠰᠬᠢᠨ ᠦᠷᠪᠢᠰᠦᠯ ᠤᠨ ᠢᠯᠡᠷᠡᠯ ᠭᠠᠷᠳᠠᠭ᠂ ᠬᠦᠨᠳᠦ ᠬᠡᠯᠪᠡᠷᠢ ᠵᠢᠴᠢ ᠬᠦᠨᠳᠦ ᠲᠦᠭᠰᠢᠭᠦᠷᠢᠲᠡᠶ ᠬᠡᠯᠪᠡᠷᠢ ᠨᠢ ᠵᠢᠷᠦᠬᠡ ᠠᠭᠤᠰᠬᠢ ᠶᠢ ᠨᠦᠯᠦᠭᠯᠡᠨ᠂ ᠡᠯᠢᠭᠡ ᠪᠦᠭᠡᠷ᠎ᠡ ᠶᠢᠨ ᠴᠢᠳᠠᠮᠵᠢ ᠪᠣᠯᠤᠨ ᠪᠡᠶ᠎ᠡ ᠮᠠᠬᠠᠪᠣᠳ ᠤᠨ ᠦᠯᠦ ᠬᠠᠯᠳᠠᠭᠠᠬᠤ ᠴᠢᠳᠠᠮᠵᠢ ᠶᠢ ᠨᠥᠯᠥᠭᠡᠯᠡᠵᠦ᠂ ᠡᠪᠡᠳᠴᠢᠨ ᠤ ᠪᠠᠶᠢᠳᠠᠯ ᠬᠦᠨᠳᠦ ᠨᠣᠴᠢᠲᠠᠶ ᠦᠶ᠎ᠡ ᠳᠤ ᠠᠮᠢ ᠨᠠᠰᠤ ᠶᠢ ᠰᠦᠷᠳᠡᠭᠦᠯᠵᠦ ᠮᠡᠳᠡᠨ᠎ᠡ︔ ᠬᠤᠪᠢ ᠬᠦᠮᠦᠨ ᠤ ᠡᠷᠡᠭᠦᠯ ᠴᠢᠭᠢᠷᠠᠭ ᠢ ᠨᠦᠯᠦᠭᠡᠯᠡᠬᠦ ᠠᠴᠠ ᠭᠠᠳᠠᠨ᠎ᠠ᠂ ᠲᠡᠷᠡ ᠨᠢ ᠬᠠᠯᠳᠠᠪᠤᠷᠢᠲᠤ ᠴᠢᠨᠠᠷᠲᠠᠶ ᠡᠪᠡᠳᠴᠢᠨ ᠪᠠᠶᠢᠵᠤ᠂  ᠬᠢᠵᠢᠭ ᠢ ᠰᠡᠷᠭᠡᠶᠢᠯᠡᠬᠦ ᠴᠢᠬᠤᠯᠠ ᠪᠦᠬᠦᠢ ᠠᠷᠭ᠎ᠠ ᠬᠡᠮᠵᠢᠶ᠎ᠡ ᠠᠪᠬᠤ ᠦᠭᠡᠢ ᠪᠣᠯ ᠨᠡᠯᠢᠶᠡᠳ ᠶᠡᠭᠡ ᠬᠡᠪᠴᠢᠶ᠎ᠡ ᠪᠠᠷ ᠳᠡᠯᠭᠡᠷᠡᠳᠡᠭ᠃ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠤᠷᠢᠳᠴᠢᠯᠠᠨ ᠰᠡᠷᠭᠡᠶᠢᠯᠡᠬᠦ ᠶᠢᠨ ᠲᠡᠷᠢᠭᠦᠨ ᠴᠢᠬᠤᠯᠠ ᠠᠷᠭ᠎ᠠ ᠪᠣᠯ ᠬᠠᠯᠳᠠᠪᠤᠷᠢᠯᠠᠬᠤ ᠵᠠᠮ ᠢ ᠲᠠᠰᠤᠯᠬᠤ ᠶᠠᠪᠤᠳᠠᠯ ᠪᠣᠯᠤᠨ᠎ᠠ᠂ ᠠᠮᠠᠪᠴᠢ ᠵᠡᠭᠦᠬᠦ ᠪᠦᠭᠡᠳ ᠪᠠᠰᠠ ᠠᠮᠠᠷᠬᠠᠨ ᠬᠠᠯᠳᠠᠪᠤᠷᠢᠯᠠᠭᠳᠠᠬᠤ ᠬᠥᠮᠦᠰ ᠢ ᠬᠠᠮᠠᠭᠠᠯᠠᠬᠤ ᠶᠠᠪᠤᠳᠠᠯ ᠪᠣᠯᠤᠨ᠎ᠠ᠂ ᠣᠳᠣᠬᠠᠨ ᠤ ᠬᠠᠮᠤᠭ ᠤᠨ ᠪᠦᠲᠦᠮᠵᠢᠲᠡᠶ ᠠᠷᠭ᠎ᠠ ᠪᠣᠯ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠳᠠᠷᠢᠬᠤ ᠶᠠᠪᠤᠳᠠᠯ ᠪᠣᠯᠤᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ