ᠣᠳᠣᠬᠠᠨ ᠳᠤ ᠬᠡᠷᠡᠭᠯᠡᠵᠦ ᠪᠠᠶᠢᠭ᠎ᠠ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠶᠠᠮᠠᠷ ᠬᠡᠳᠦᠨ ᠵᠦᠢᠯ ᠪᠠᠶᠢᠬᠤ ᠪᠣᠶ︖ ᠲᠠᠷᠢᠯᠭ᠎ᠠ ᠶᠢᠨ ᠲᠠᠯ᠎ᠠ ᠪᠠᠷ ᠶᠠᠮᠠᠷ | ᠢᠯᠭᠠᠭ᠎ᠠ ᠲᠠᠢ ᠪᠣᠶ︖ | ᠣᠳᠣᠬᠠᠨ ᠳᠤ ᠮᠠᠨ ᠤ ᠤᠯᠤᠰ ᠤᠨ ᠬᠡᠷᠡᠭᠯᠡᠵᠦ ᠪᠠᠶᠢᠭ᠎ᠠ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠳᠤᠤᠷᠠᠬᠢ ᠬᠡᠳᠦᠨ ᠵᠦᠢᠯ ᠪᠠᠭᠲᠠᠨ᠎ᠠ᠄ | ︵1︶ ᠸᠢᠷᠦ᠋ᠰ ᠠᠷᠭᠠᠴᠠᠬᠤ ᠸᠠᠺᠼᠢᠨ ︵Vero ᠡᠰ︶᠃ ᠳᠠᠭᠠᠯᠳᠤᠭᠤᠯᠤᠯ ᠨᠥᠬᠦᠴᠡᠯ ᠲᠠᠢ ᠵᠥᠪᠰᠢᠶᠡᠷᠡᠭᠰᠡᠨ ᠵᠠᠬ᠎ᠠ ᠳᠡᠯᠭᠡᠭᠦᠷ ᠲᠤ ᠭᠠᠷᠭᠠᠬᠤ | ᠭᠤᠷᠪᠠᠨ ᠰᠢᠨ᠎ᠡ ᠲᠢᠲᠢᠮᠯᠢᠭ ᠸᠢᠷᠦ᠋ᠰ ᠤᠨ ᠸᠢᠷᠦ᠋ᠰ ᠠᠷᠭᠠᠴᠠᠬᠤ ᠸᠠᠺᠼᠢᠨ ᠤ ᠦᠢᠯᠡᠳᠬᠦᠨ ᠢ ᠳᠤᠰᠪᠦᠷᠢ ᠤᠯᠤᠰ ᠤᠨ ᠡᠮ ᠤᠨ ᠪᠦᠯᠦᠭᠯᠡᠯ ᠤᠨ ᠳᠤᠮᠳᠠᠳᠤ | ᠤᠯᠤᠰ ᠤᠨ ᠠᠮᠢᠳᠤ ᠪᠣᠳᠠᠰ ᠤᠨ ᠪᠡᠭᠡᠵᠢᠩ ᠤᠨ ᠠᠮᠢᠳᠤ ᠪᠣᠳᠠᠰ ᠤᠨ ᠦᠢᠯᠡᠳᠬᠦᠨ ᠤ ᠰᠤᠳᠤᠯᠬᠤ ᠭᠠᠵᠠᠷ ᠤᠨ ᠬᠢᠵᠠᠭᠠᠷᠲᠤ ᠬᠠᠷᠢᠭᠤᠴᠠᠯᠭᠠᠳᠤ ᠺᠣᠮᠫᠠᠨᠢ ︵ᠪᠡᠭᠡᠵᠢᠩ | ᠦᠷᠲᠡᠭᠡ︶᠂ ᠦᠬᠠᠨ ᠤ ᠠᠮᠢᠳᠤ ᠪᠣᠳᠠᠰ ᠤᠨ ᠦᠢᠯᠡᠳᠬᠦᠨ ᠤ ᠰᠤᠳᠤᠯᠬᠤ ᠭᠠᠵᠠᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︵ᠦᠬᠠᠨ ᠦᠷᠲᠡᠭᠡ︶ ᠪᠣᠯᠤᠨ | ᠪᠡᠭᠡᠵᠢᠩ ᠤᠨ ᠺᠧ ᠰᠢᠩ ᠵᠦᠩ ᠸᠧᠢ ᠠᠮᠢᠳᠤ ᠪᠣᠳᠠᠰ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ︵ᠺᠧ ᠰᠢᠩ ᠵᠦᠩ ᠸᠧᠢ︶ ᠦᠢᠯᠡᠳᠪᠦᠷᠢᠯᠡᠨ᠎ᠡ᠃ | ᠰᠢᠨ᠎ᠡ ᠲᠢᠲᠢᠮᠯᠢᠭ ᠸᠢᠷᠦ᠋ᠰ ᠤᠨ ᠸᠢᠷᠦ᠋ᠰ ᠠᠷᠭᠠᠴᠠᠬᠤ ᠸᠠᠺᠼᠢᠨ ᠤ ᠲᠠᠷᠢᠯᠭ᠎ᠠ ᠶᠢ 2 ᠤᠳᠠᠭ᠎ᠠ ᠬᠢᠨ᠎ᠠ᠂ 2 ᠤᠳᠠᠭᠠᠨ ᠤ ᠲᠠᠷᠢᠯᠭ᠎ᠠ ᠶᠢᠨ ᠬᠤᠭᠤᠷᠤᠨᠳᠤ | ᠪᠠᠨ ≥ 3 ᠭᠠᠷᠠᠭ ᠠᠯᠤᠰᠯᠠᠵᠤ᠂ 2 ᠳ᠋ᠤᠭᠠᠷ ᠤᠳᠠᠭᠠᠨ ᠤ ᠲᠠᠷᠢᠯᠭ᠎ᠠ ᠶᠢ 8 ᠭᠠᠷᠠᠭ ᠤᠨ ᠳᠣᠲᠣᠷ᠎ᠠ ᠡᠷᠲᠡᠬᠡᠨ ᠪᠡᠶᠡᠯᠡᠭᠦᠯᠬᠦ ᠬᠡᠷᠡᠭᠲᠡᠶ᠃ | ︵2︶ ᠪᠤᠯᠴᠢᠷᠬᠠᠢ ᠶᠢᠨ ᠸᠢᠷᠦ᠋ᠰ ᠠᠴᠢᠶᠠᠯᠠᠪᠤᠷᠢ ᠸᠠᠺᠼᠢᠨ᠃ ᠳᠠᠭᠠᠯᠳᠤᠭᠤᠯᠤᠯ ᠨᠥᠬᠦᠴᠡᠯ ᠲᠠᠢ ᠵᠥᠪᠰᠢᠶᠡᠷᠡᠭᠰᠡᠨ ᠵᠠᠬ᠎ᠠ ᠳᠡᠯᠭᠡᠬᠦᠷ ᠲᠤ ᠭᠠᠷᠭᠠᠬᠤ | ᠪᠤᠯᠴᠢᠷᠬᠠᠶ ᠶᠢᠨ ᠸᠢᠷᠦ᠋ᠰ ᠠᠴᠢᠶᠠᠯᠠᠪᠤᠷᠢ ︵5 ᠬᠡᠯᠪᠡᠷᠢ ᠶᠢᠨ ᠪᠤᠯᠴᠢᠷᠬᠠᠶ ᠶᠢᠨ ᠸᠢᠷᠦ᠋ᠰ ᠠᠴᠢᠶᠠᠯᠠᠪᠤᠷᠢ︶ ᠸᠠᠺᠼᠢᠨ ᠢ ᠺᠠᠩᠰᠢᠨᠤ᠋ ᠠᠮᠢᠳᠤ ᠪᠣᠳᠠᠰ ᠤᠨ ᠬᠤᠪᠢᠴᠠᠭᠠᠳᠤ | ᠺᠣᠮᠫᠠᠨᠢ ︵ᠺᠠᠩᠰᠢᠨᠤ᠋︶ ᠰᠤᠳᠤᠯᠤᠨ ᠦᠢᠯᠡᠳᠪᠦᠷᠢᠯᠡᠪᠡ᠃ | ᠪᠤᠯᠴᠢᠷᠬᠠᠶ ᠶᠢᠨ ᠸᠢᠷᠦ᠋ᠰ ᠠᠴᠢᠶᠠᠯᠠᠪᠤᠷᠢ ᠸᠠᠺᠼᠢᠨ ᠤ ︵5 ᠬᠡᠯᠪᠡᠷᠢ ᠶᠢᠨ ᠪᠤᠯᠴᠢᠷᠬᠠᠶ ᠶᠢᠨ ᠸᠢᠷᠦ᠋ᠰ ᠠᠴᠢᠶᠠᠯᠠᠪᠤᠷᠢ︶ ᠲᠠᠷᠢᠯᠭ᠎ᠠ ᠶᠢ 1 ᠤᠳᠠᠭ᠎ᠠ ᠬᠢᠨ᠎ᠠ᠃ | ︵3︶ ᠳᠠᠬᠢᠨ ᠲᠤᠬᠢᠷᠠᠭᠤᠯᠬᠤ ᠳᠤᠲᠠᠭᠤ ᠨᠢᠭᠡᠴᠢᠲᠤ ᠸᠠᠺᠼᠢᠨ᠃ ᠵᠥᠪᠰᠢᠶᠡᠷᠡᠯ ᠢᠶᠠᠷ ᠪᠠᠴᠢᠮ ᠬᠡᠷᠡᠭᠯᠡᠭᠳᠡᠵᠦ ᠪᠠᠶᠢᠭ᠎ᠠ ᠳᠠᠬᠢᠨ ᠲᠤᠬᠢᠷᠠᠭᠤᠯᠬᠤ ᠳᠤᠲᠠᠭᠤ | ᠨᠢᠭᠡᠴᠢᠲᠤ ᠸᠠᠺᠼᠢᠨ ᠪᠣᠯ ᡁᠢ ᠠᠨ ᠾᠦᠢ ᠹᠸᠢ ᠯᠦᠩ ᠺᠧ ᠮᠠ ᠠᠮᠢᠳᠤ ᠪᠣᠳᠠᠰ ᠤᠨ ᠡᠮ ᠦᠢᠯᠡᠳᠬᠦ ᠬᠢᠵᠠᠭᠠᠷᠲᠤ ᠺᠣᠮᠫᠠᠨᠢ ︵ᡁᠢ ᠹᠸᠢ ᠯᠦᠩ ᠺᠧ ᠮᠠ︶ ᠶᠢᠨ | ᠦᠢᠯᠡᠳᠪᠦᠷᠢᠯᠡᠭᠰᠡᠨ ᠳᠠᠬᠢᠨ ᠲᠤᠬᠢᠷᠠᠭᠤᠯᠬᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ︵ CHO ᠡᠰ︶ ᠪᠣᠯᠤᠨ᠎ᠠ᠃ | ᠳᠠᠬᠢᠨ ᠲᠤᠬᠢᠷᠠᠭᠤᠯᠬᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ︵CHO ᠡᠰ︶ ᠤ ᠲᠠᠷᠢᠯᠭ᠎ᠠ ᠶᠢ 3 ᠤᠳᠠᠭ᠎ᠠ ᠬᠢᠬᠦ ᠴᠢᠬᠤᠯᠠᠳᠠᠢ᠂ ᠵᠡᠷᠭᠡᠯᠡᠳᠡᠭᠰᠡᠨ | 2 ᠤᠳᠠᠭ᠎ᠠ ᠶᠢᠨ ᠲᠠᠷᠢᠯᠭ᠎ᠠ ᠶᠢᠨ ᠬᠤᠭᠤᠷᠤᠨᠳᠤ ᠪᠠᠨ ≥ 4 ᠭᠠᠷᠠᠭ ᠠᠯᠤᠰᠯᠠᠭᠰᠠᠨ ᠪᠠᠶᠢᠬᠤ ᠬᠡᠷᠡᠭᠳᠡᠢ᠃ ᠬᠤᠶᠠᠳᠤᠭᠠᠷ ᠤᠳᠠᠭᠠᠨ ᠤ ᠲᠠᠷᠢᠯᠭ᠎ᠠ ᠶᠢ ᠠᠯᠢ | ᠴᠢᠳᠠᠬᠤ ᠪᠠᠷ ᠨᠢᠭᠡᠳᠦᠭᠡᠷ ᠤᠳᠠᠭ᠎ᠠ ᠲᠠᠷᠢᠭᠰᠠᠨ ᠤ ᠳᠠᠷᠠᠭᠠᠬᠢ 8 ᠭᠠᠷᠠᠭ ᠤᠨ ᠳᠣᠲᠣᠷ᠎ᠠ ᠳᠠᠭᠤᠰᠬᠠᠵᠤ᠂ ᠭᠤᠷᠪᠠᠳᠤᠭᠠᠷ ᠤᠳᠠᠭᠠᠨ ᠤ ᠳᠠᠷᠢᠯᠭ᠎ᠠ ᠶᠢ ᠠᠯᠢ | ᠴᠢᠳᠠᠬᠤ ᠪᠠᠷ ᠨᠢᠭᠡᠳᠦᠭᠡᠷ ᠤᠳᠠᠭ᠎ᠠ ᠲᠠᠷᠢᠭᠰᠠᠨ ᠤ ᠳᠠᠷᠠᠭᠠᠬᠢ 6 ᠰᠠᠷ᠎ᠠ ᠶᠢᠨ ᠳᠣᠲᠣᠷ᠎ᠠ ᠲᠠᠷᠢᠯᠭ᠎ᠠ ᠶᠢ ᠳᠠᠭᠤᠰᠬᠠᠨ᠎ᠠ᠃ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠲᠠᠷᠢᠭᠤᠯᠬᠤ ᠴᠢᠬᠤᠯᠠᠲᠠᠶ ᠦᠦ︖ | ᠮᠠᠰᠢ ᠴᠢᠬᠤᠯᠠᠳᠠᠢ᠃ ᠨᠢᠭᠡ ᠲᠠᠯ᠎ᠠ ᠪᠠᠷ᠂ ᠮᠠᠨ ᠤ ᠤᠯᠤᠰ ᠤᠨ ᠵᠣᠩᠬᠢᠯᠠᠬᠤ ᠲᠣᠭᠠᠨ ᠤ ᠬᠥᠮᠦᠰ ᠴᠥᠮ ᠰᠢᠨ᠎ᠡ ᠲᠢᠲᠢᠮᠯᠢᠭ ᠸᠢᠷᠦ᠋ᠰ ᠲᠤ ᠴᠢᠭᠯᠡᠭᠦᠯᠦᠭᠰᠡᠨ | ᠦᠯᠦ ᠬᠠᠯᠳᠠᠭᠠᠬᠤ ᠴᠢᠳᠠᠪᠤᠷᠢ ᠥᠬᠡᠶ᠂ ᠰᠢᠨ᠎ᠡ ᠲᠢᠲᠢᠮᠯᠢᠭ ᠸᠢᠷᠦ᠋ᠰ ᠲᠤ ᠠᠮᠠᠷᠬᠠᠨ ᠬᠠᠯᠳᠠᠪᠤᠷᠢᠯᠠᠭᠳᠠᠳᠠᠭ᠂ ᠬᠠᠯᠳᠠᠪᠤᠷᠢᠯᠠᠭᠳᠠᠭᠰᠠᠨ ᠤ ᠳᠠᠷᠠᠭ᠎ᠠ᠂ ᠵᠠᠷᠢᠮ ᠬᠥᠮᠦᠨ | ᠪᠠᠰᠠ ᠬᠦᠨᠳᠦ ᠡᠪᠡᠳᠴᠢᠯᠡᠵᠦ᠂ ᠴᠢᠨᠠᠭᠰᠢᠯᠠᠪᠠᠯ ᠥᠭᠦᠬᠦ ᠠᠶᠤᠯ ᠲᠠᠢ ᠪᠣᠯᠤᠨ᠎ᠠ᠂ ᠭᠡᠲᠡᠯ᠎ᠡ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ᠂ ᠣᠯᠠᠩᠬᠢ ᠬᠥᠮᠦᠨ ᠦᠯᠦ | ᠬᠠᠯᠳᠠᠭᠠᠬᠤ ᠴᠢᠳᠠᠪᠤᠷᠢ ᠲᠠᠢ ᠪᠤᠯᠵᠤ᠂ ᠡᠪᠡᠳᠴᠢᠨ ᠡᠭᠦᠰᠬᠦ᠂ ᠬᠦᠨᠳᠦ ᠡᠪᠡᠳᠴᠢᠯᠡᠬᠦ ᠪᠠ ᠥᠭᠦᠬᠦ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ ᠪᠣᠯᠤᠨ᠎ᠠ︔ | ᠨᠥᠭᠦᠭᠡ ᠲᠠᠯ᠎ᠠ ᠪᠠᠷ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠡᠮᠬᠢ ᠵᠢᠷᠤᠮ ᠲᠠᠢ ᠪᠠᠷ ᠳᠠᠷᠢᠬᠤ ᠪᠠᠷ ᠳᠡᠮᠵᠢᠨ᠂ ᠬᠥᠮᠦᠰ ᠤᠨ ᠳᠤᠮᠳᠠ ᠦᠯᠦ ᠬᠠᠯᠳᠠᠭᠠᠬᠤ | ᠬᠠᠯᠬᠠᠪᠴᠢ ᠶᠢ ᠠᠯᠬᠤᠮ ᠠᠯᠬᠤᠮ ᠢᠶᠠᠷ ᠪᠠᠶᠢᠭᠤᠯᠵᠤ᠂ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠬᠤ ᠶᠢ ᠬᠤᠷᠢᠭᠯᠠᠵᠤ᠂ ᠮᠠᠨ ᠤ ᠤᠯᠤᠰ ᠤᠨ ᠨᠡᠶᠢᠭᠡᠮ ᠠᠵᠤ | ᠠᠬᠤᠶ᠂ ᠰᠠᠭᠤᠭᠠᠯᠢ ᠠᠷᠠᠳ ᠤᠨ ᠠᠮᠢᠳᠤᠷᠠᠯ ᠤᠨ ᠬᠡᠪ ᠤᠨ ᠠᠵᠢᠯᠯᠠᠭᠠᠨ ᠢ ᠠᠯᠢ ᠲᠦᠷᠭᠡᠨ ᠢᠶᠠᠷ ᠰᠡᠷᠭᠦᠭᠡᠬᠦ ᠪᠣᠯᠤᠨ᠎ᠠ᠃ |