ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠠᠶᠢᠯᠢ ᠶᠢᠨ ᠶᠠᠪᠤᠳᠠᠯ ᠤᠨ | ᠲᠤᠪᠴᠢᠶᠠᠨ ᠤ ︽ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠲᠦᠷᠭᠡᠳᠬᠡᠨ ᠠᠬᠢᠭᠤᠯᠬᠤ | ᠲᠤᠬᠠᠶ ᠵᠢᠯᠣᠭᠤᠳᠬᠤ ᠰᠠᠨᠠᠯ︾ ︵ᠥᠪᠥᠷ ᠠᠷᠠᠳ ᠶᠠᠪᠤᠳᠠᠯ ᠲᠠᠷᠬᠠᠭᠠᠭᠰᠠᠨ 〔2019〕87 ᠳ᠋ᠤᠭᠠᠷ ᠲᠣᠭᠠᠲᠤ︶ ᠪᠠ ᠥᠪᠡᠷᠲᠡᠭᠡᠨ ᠵᠠᠰᠠᠬᠤ ᠣᠷᠣᠨ ᠤ | ᠠᠷᠠᠳ ᠤᠨ ᠶᠠᠪᠤᠳᠠᠯ ᠤᠨ ᠲᠢᠩᠬᠢᠮ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠡᠳ᠋ ᠤᠨ | ᠵᠠᠰᠠᠭ ᠤᠨ ᠲᠢᠩᠬᠢᠮ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ︾ ︵ᠥᠪᠥᠷ ᠠᠷᠠᠳ ᠶᠠᠪᠤᠳᠠᠯ ᠲᠠᠷᠬᠠᠭᠠᠭᠰᠠᠨ〔2020〕100 ᠳ᠋ᠤᠭᠠᠷ ᠲᠣᠭᠠᠲᠤ︶ ᠵᠡᠷᠭᠡ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠦᠬᠦ ᠬᠤᠲᠠ ᠶᠢᠨ ᠭᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠲᠦᠷᠭᠡᠳᠬᠡᠨ ᠠᠬᠢᠭᠤᠯᠵᠤ᠂ ᠬᠥᠯᠥᠨ ᠪᠤᠶᠢᠷ ᠤᠨ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠲᠠᠯᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ | ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ᠂ ᠨᠡᠶᠢᠭᠡᠮ ᠲᠣᠭᠤᠷᠢᠭ ᠲᠤ ᠲᠦᠰᠢᠭᠯᠡᠬᠦ᠂ ᠨᠢᠭᠡᠳᠦᠯᠲᠡᠶ ᠲᠦᠯᠦᠪᠯᠡᠨ | ᠬᠥᠭᠵᠢᠭᠦᠯᠬᠦ᠂ ᠳᠤᠲᠠᠭᠤᠳᠠᠯ ᠢ ᠨᠥᠬᠦᠪᠥᠷᠢᠯᠡᠬᠦ᠂ ᠴᠢᠨᠠᠷ ᠢ ᠳᠡᠭᠡᠭᠰᠢᠯᠡᠭᠦᠯᠦᠨ ᠠᠰᠢᠭ ᠢ ᠨᠡᠮᠡᠭᠳᠡᠭᠦᠯᠬᠦ ᠠᠵᠢᠯ ᠤᠨ ᠵᠠᠷᠴᠢᠮ ᠢ ᠪᠠᠷᠢᠮᠲᠠᠯᠠᠵᠤ᠂ ᠬᠡᠷ ᠲᠡᠭᠡᠨ ᠰᠠᠭᠤᠬᠤ | ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠲᠦᠷᠭᠡᠳᠬᠡᠨ ᠠᠬᠢᠭᠤᠯᠵᠤ᠂ ᠬᠡᠷ ᠲᠡᠭᠡᠨ ᠰᠠᠭᠤᠬᠤ ᠨᠡᠶᠢᠭᠡᠮ | ᠲᠣᠭᠤᠷᠢᠭ ᠤᠨ ᠪᠠᠶᠢᠭᠤᠯᠤᠮᠵᠢ ᠬᠠᠷᠢᠯᠴᠠᠨ ᠵᠣᠬᠢᠴᠠᠯᠳᠤᠭᠰᠠᠨ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢ ᠬᠠᠷᠢᠯᠴᠠᠨ ᠤᠶᠠᠯᠳᠤᠭᠤᠯᠤᠭᠰᠠᠨ ᠰᠢᠨ᠎ᠡ | ᠬᠡᠯᠪᠡᠷᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠭᠲᠠᠯᠴᠠᠭ᠎ᠠ ᠶᠢ ᠪᠠᠶᠢᠭᠤᠯᠤᠨ᠎ᠠ᠃ ᠪᠥᠬᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠬᠠᠩᠭᠠᠯᠭ᠎ᠠ ᠶᠢᠨ ᠪᠦᠲᠦᠴᠡ ᠶᠢ ᠨᠠᠩ ᠵᠦᠶ ᠵᠣᠬᠢᠰᠲᠠᠶ ᠪᠤᠯᠭᠠᠬᠤ᠂ ᠪᠠᠯᠠ ᠮᠥᠩᠭᠦ ᠶᠢᠨ ᠣᠷᠣᠭᠤᠯᠤᠯᠲᠠ ᠶᠢ ᠨᠠᠩ ᠣᠯᠠᠨ ᠡᠰᠢᠵᠢᠭᠦᠯᠬᠦ᠂ | ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ᠂ ᠶᠡᠷᠦᠩᠬᠡᠶᠢᠯᠡᠭᠰᠡᠨ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠬᠤ ᠶᠢ | ᠠᠬᠢᠭᠤᠯᠤᠨ᠎ᠠ᠃ 2022 ᠣᠨ ᠤ ᠡᠴᠦᠰ ᠪᠣᠯᠬᠤ ᠳᠤ᠂ ᠪᠥᠬᠦ ᠬᠤᠲᠠ ᠶᠢᠨ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠠᠯᠠᠪᠤᠷ ᠤᠨ ᠪᠦᠷᠬᠦᠴᠡ ᠶᠢᠨ ᠨᠣᠷᠮ᠎ᠠ ᠶᠢ 90% ᠳᠤ ᠬᠦᠷᠭᠡᠵᠦ᠂ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠬᠡᠨ ᠤ ᠠᠵᠢᠯᠲᠠᠨ ᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠤᠨ ᠨᠣᠷᠮ᠎ᠠ ᠶᠢ 100% ᠳᠤ ᠬᠦᠷᠭᠡᠵᠦ᠂ | ᠪᠥᠬᠦ ᠬᠤᠲᠠ ᠶᠢᠨ ᠨᠠᠰᠤᠲᠠᠶᠢᠴᠤᠳ ᠤᠨ ᠣᠯᠠᠨ ᠶᠠᠩᠵᠤ ᠶᠢᠨ᠂ ᠣᠯᠠᠨ ᠲᠠᠰ ᠳᠠᠪᠬᠤᠷᠭ᠎ᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ | ᠱᠠᠭᠠᠷᠳᠠᠯᠭ᠎ᠠ ᠶᠢ ᠪᠦᠲᠦᠮᠵᠢᠲᠡᠶ ᠬᠠᠩᠭᠠᠵᠤ᠂ ᠨᠠᠰᠤᠲᠠᠶᠢᠴᠤᠳ ᠵᠢᠴᠢ ᠲᠡᠳᠡᠨ ᠤ ᠦᠷ᠎ᠡ ᠬᠡᠦᠬᠡᠳ ᠤᠨ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ | ᠠᠮᠤᠷ ᠲᠦᠪᠰᠢᠨᠲᠦ ᠲᠥᠷᠥᠭᠳᠡᠯ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | |