ᠬᠦᠯᠦᠨ ᠪᠤᠶᠢᠷ ᠬᠤᠲᠠ ᠶᠢᠨ ᠭᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠦᠯ ︵ᠬᠤᠶᠠᠷ︶
ᠨᠡᠶᠢᠲᠡᠯᠡᠭᠰᠡᠨ ᠴᠠᠭ᠄
2021/7/13
      ᠬᠤᠶᠠᠷ᠂ ᠭᠤᠣᠯ ᠡᠭᠦᠷᠭᠡ         ︵ᠨᠢᠭᠡ︶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠎ᠡ᠃       1. ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠥᠬᠦ ᠬᠤᠲᠠ ᠳᠤ ᠣᠲᠣ 26 ᠵᠡᠭᠡᠯᠢ ᠭᠤᠳᠤᠮᠵᠢ᠂ 301 ᠨᠡᠶᠢᠭᠡᠮ ᠲᠣᠭᠤᠷᠢᠭ ᠲᠠᠢ ᠪᠠᠶᠢᠵᠤ᠂ 2 ᠵᠢᠯ ᠤᠨ ᠴᠠᠭ ᠢ ᠠᠰᠢᠭᠯᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠪᠠᠷᠢᠮᠵᠢᠶ᠎ᠠ ᠳᠤ ᠬᠦᠷᠭᠡᠬᠦ ᠠᠵᠢᠯᠯᠠᠭ᠎ᠠ ᠶᠢ ᠬᠡᠷᠡᠭᠵᠢᠭᠦᠯᠵᠦ᠂ ᠬᠡᠷ ᠲᠡᠭᠡᠨ ᠰᠠᠭᠤᠬᠤ ᠨᠡᠶᠢᠬᠡᠮ ᠲᠤᠭᠤᠷᠢᠭ ᠤᠨ ᠨᠠᠰᠤᠲᠠᠶᠢᠴᠤᠳ ᠤᠨ ᠠᠰᠠᠷᠠᠮᠵᠢ ᠶᠢᠨ 15 ᠮᠢᠨᠦ᠋ᠲ ᠤᠨ ᠦᠢᠯᠡᠴᠢᠯᠡᠭᠡᠨ ᠤ ᠠᠮᠢᠳᠤᠷᠠᠯ ᠤᠨ ᠲᠣᠭᠤᠷᠢᠭ ᠢ ᠪᠠᠶᠢᠭᠤᠯᠤᠨ᠎ᠠ᠃ ᠡᠯ᠎ᠡ ᠬᠤᠰᠢᠭᠤ ᠬᠤᠲᠠ ᠲᠣᠭᠤᠷᠢᠭ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠦᠶ ᠵᠣᠬᠢᠰᠲᠠᠶ ᠪᠠᠶᠢᠷᠢᠯᠠᠭᠤᠯᠤᠨ᠂ ᠣᠨᠴᠠᠯᠢᠭ ᠢᠶᠠᠨ ᠳᠣᠪᠤᠶᠢᠯᠭᠠᠵᠤ᠂ ᠨᠢᠭᠡᠳᠦᠯᠲᠡᠶ ᠲᠥᠯᠥᠪᠯᠡᠨ ᠠᠬᠢᠭᠤᠯᠵᠤ᠂ ᠵᠡᠭᠡᠯᠢ ᠭᠤᠳᠤᠮᠵᠢ ᠶᠢᠨ ᠱᠠᠲᠤ ᠳᠤ ᠪᠦᠷᠢᠨ ᠨᠠᠶᠢᠳᠠᠬᠤ᠂ ᠡᠳᠦᠷ ᠢᠶᠠᠷ ᠨᠠᠶᠢᠳᠠᠬᠤ᠂ ᠬᠡᠷ ᠲᠤᠨᠢ ᠬᠦᠷᠴᠦ ᠦᠢᠯᠡᠴᠢᠯᠡᠬᠦ᠂ ᠳᠣᠷᠣᠭᠰᠢ ᠵᠢᠯᠣᠭᠤᠳᠬᠤ ᠵᠡᠷᠭᠡ ︽ᠶᠡᠷᠦᠩᠬᠡᠶᠢᠯᠡᠬᠦ ᠶᠢ ᠴᠢᠬᠤᠯᠠᠴᠢᠯᠠᠨ᠂ ᠨᠥᠯᠥᠭᠡᠯᠡᠬᠦ ᠶᠢ ᠴᠢᠩᠭᠠᠷᠠᠭᠤᠯᠬᠤ︾ ᠬᠡᠷ ᠲᠡᠭᠡᠨ ᠰᠠᠭᠤᠬᠤ ᠨᠡᠶᠢᠭᠡᠮ ᠲᠤᠭᠤᠷᠢᠭ ᠤᠨ ᠨᠠᠰᠤᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠪᠠᠷᠢᠯᠭ᠎ᠠ ᠶᠢᠨ ᠲᠠᠯᠠᠪᠠᠶ ᠶᠢ ᠵᠠᠷᠴᠢᠮ ᠳᠡᠭᠡᠷ᠎ᠡ ᠪᠠᠨ 1000 ᠲᠡᠭᠰᠢ ᠳᠥᠷᠪᠡᠯᠵᠢᠨ ᠮᠧᠲᠷ ᠠᠴᠠ ᠳᠤᠤᠷ᠎ᠠ ᠪᠠᠶᠢᠯᠭᠠᠬᠤ ᠥᠬᠡᠶ᠂ ᠨᠡᠶᠢᠭᠡᠮ ᠲᠣᠭᠤᠷᠢᠭ ᠤᠨ ᠱᠠᠲᠤ ᠳᠤ ︽ᠥᠪᠡᠷᠮᠢᠴᠡ ᠣᠨᠴᠠᠯᠢᠭ ᠢ ᠴᠢᠬᠤᠯᠠᠴᠢᠯᠠᠨ᠂ ᠪᠦᠷᠬᠦᠴᠡ ᠶᠢ ᠴᠢᠩᠭᠠᠳᠬᠠᠬᠤ︾ ᠰᠢᠭᠢᠳᠬᠡᠯᠳᠦ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠪᠤᠶᠤ ᠡᠳᠦᠷ ᠤᠨ ᠠᠰᠠᠷᠠᠨ ᠬᠠᠷᠠᠭᠠᠯᠵᠠᠬᠤ ᠲᠥᠪ ᠢ ᠪᠠᠶᠢᠭᠤᠯᠵᠤ᠂ ᠪᠠᠷᠢᠯᠭ᠎ᠠ ᠶᠢᠨ ᠲᠠᠯᠠᠪᠠᠶ ᠶᠢ ᠵᠠᠷᠴᠢᠮ ᠳᠡᠭᠡᠷ᠎ᠡ ᠪᠠᠨ 350 ᠲᠡᠭᠰᠢ ᠳᠥᠷᠪᠡᠯᠵᠢᠨ ᠮᠧᠲᠷ ᠠᠴᠠ ᠳᠤᠤᠷ᠎ᠠ ᠪᠠᠶᠢᠯᠭᠠᠬᠤ ᠥᠬᠡᠶ᠃ 2021 ᠣᠨ ᠤ ᠡᠴᠦᠰ ᠪᠣᠯᠬᠤ ᠳᠤ᠂ ᠪᠥᠬᠦ ᠬᠤᠲᠠ ᠳᠤ ᠵᠡᠭᠡᠯᠢ ᠭᠤᠳᠤᠮᠵᠢ ᠶᠢᠨ ᠲᠠᠰ ᠤᠨ ᠬᠡᠷ ᠲᠡᠭᠡᠨ ᠰᠠᠭᠤᠬᠤ ᠨᠡᠶᠢᠬᠡᠮ ᠲᠤᠭᠤᠷᠢᠭ ᠤᠨ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ 14 ᠪᠠᠶᠢᠭᠤᠯᠵᠤ᠂ ᠨᠡᠶᠢᠭᠡᠮ ᠲᠣᠭᠤᠷᠢᠭ ᠤᠨ ᠲᠠᠰ ᠤᠨ ᠬᠡᠷ ᠲᠡᠭᠡᠨ ᠰᠠᠭᠤᠬᠤ ᠨᠡᠶᠢᠬᠡᠮ ᠲᠤᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠲᠥᠪ ᠢ 62 ᠪᠠᠶᠢᠭᠤᠯᠵᠤ᠂ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠯᠠᠪᠤᠷ ᠤᠨ ᠪᠦᠷᠬᠦᠴᠡ ᠶᠢ 55 % ᠳᠤ ᠬᠦᠷᠭᠡᠵᠦ︔ 2022 ᠣᠨ ᠤ ᠡᠴᠦᠰ ᠪᠣᠯᠬᠤ ᠳᠤ᠂ ᠪᠥᠬᠦ ᠬᠤᠲᠠ ᠶᠢᠨ 26 ᠵᠡᠭᠡᠯᠢ ᠭᠤᠳᠤᠮᠵᠢ ᠳᠤ ᠴᠥᠮ ᠶᠡᠷᠦᠩᠬᠡᠶᠢᠯᠡᠭᠰᠡᠨ ᠴᠢᠳᠠᠮᠵᠢ ᠪᠥᠬᠦᠶ ᠬᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠨᠡᠶᠢᠭᠡᠮ ᠲᠣᠭᠤᠷᠢᠭ ᠤᠨ ᠲᠠᠰ ᠤᠨ ᠬᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ 101 ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ︶᠃       2. ᠰᠢᠭᠢᠳᠬᠡᠯᠳᠦ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠢ ᠥᠷᠨᠢᠭᠦᠯᠦᠨ᠎ᠡ᠃ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠦᠢᠯᠡᠴᠢᠯᠡᠭᠡ᠂ ᠵᠠᠬ᠎ᠠ ᠳᠡᠯᠭᠡᠭᠦᠷ ᠤᠨ ᠲᠥᠯᠥᠪᠦᠷᠢ ᠲᠠᠢ ᠦᠢᠯᠡᠴᠢᠯᠡᠭᠡ᠂ ᠨᠡᠶᠢᠲᠡ ᠶᠢᠨ ᠠᠰᠠᠷᠠᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡ ᠶᠢ ᠬᠠᠷᠢᠯᠴᠠᠨ ᠤᠶᠠᠯᠳᠤᠭᠤᠯᠤᠭᠰᠠᠨ ᠰᠢᠭᠢᠳᠬᠡᠯᠳᠦ ᠮᠠᠶ᠋ᠢᠭ ᠤᠨ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠨᠡᠶᠢᠭᠡᠮ ᠤᠨ ᠬᠦᠴᠦᠨ ᠢ ᠬᠥᠲᠥᠯᠥᠨ ᠵᠢᠯᠣᠭᠤᠳᠴᠤ ᠪᠠᠶᠢᠭᠠᠳ ᠭᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠳᠤ ᠥᠷᠭᠡᠨ ᠢᠶᠠᠷ ᠣᠷᠣᠯᠴᠠᠭᠤᠯᠵᠤ᠂ ᠬᠤᠳᠠᠯᠳᠤᠨ ᠠᠪᠬᠤ ᠦᠢᠯᠡᠴᠢᠯᠡᠭᠡ᠂ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ᠂ ᠠᠷᠠᠳ ᠠᠴᠠ ᠡᠷᠬᠢᠯᠡᠵᠦ ᠠᠯᠪᠠᠨ ᠠᠴᠠ ᠲᠤᠰᠠᠯᠠᠬᠤ᠂ ᠬᠤᠪᠢᠴᠠᠭᠠᠨ ᠤ ᠡᠷᠬᠡ ᠪᠠᠷ ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢ ᠬᠠᠮᠢᠶᠠᠷᠤᠨ ᠠᠵᠢᠯᠯᠠᠭᠤᠯᠵᠤ᠂ ᠨᠠᠰᠤᠲᠠᠶᠢᠴᠤᠳ ᠤᠨ ᠪᠠᠴᠢᠮ ᠬᠡᠷᠡᠭᠰᠡᠬᠦ ᠬᠤᠭᠤᠯᠠ ᠤᠮᠳᠠ᠂ ᠤᠬᠢᠶᠠᠯᠭ᠎ᠠ᠂ ᠪᠠᠴᠢᠮ ᠵᠠᠷᠤᠳᠠᠯ᠂ ᠡᠮᠴᠢᠯᠡᠭᠡ᠂ ᠠᠶᠠᠯᠠᠯ᠂ ᠴᠡᠪᠡᠷᠯᠡᠭᠡ ᠵᠡᠷᠭᠡ ᠦᠢᠯᠡᠴᠢᠯᠡᠭᠡᠨ ᠢ ᠥᠷᠨᠢᠭᠦᠯᠦᠨ᠂ ᠲᠡᠳᠡᠨ ᠤ ᠵᠦᠶ ᠵᠣᠬᠢᠰᠲᠠᠶ ᠬᠠᠷᠠᠮᠵᠢ ᠣᠯᠬᠤ ᠪᠠ ᠦᠷᠭᠦᠯᠵᠢᠯᠡᠨ ᠬᠥᠭᠵᠢᠬᠦ ᠶᠢ ᠳᠠᠮᠵᠢᠨ᠎ᠠ︔ ᠡᠯ᠎ᠡ ᠲᠥᠷᠥᠯ ᠤᠨ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠬᠢᠭᠡᠳ ᠭᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠬᠠᠮᠲᠤᠷᠠᠯᠴᠠᠨ ᠬᠠᠮᠲᠤᠪᠠᠷ ᠪᠠᠶᠢᠭᠤᠯᠬᠤ ᠶᠢ ᠵᠣᠷᠢᠭᠵᠢᠭᠤᠯᠤᠨ ᠳᠠᠮᠵᠢᠵᠤ᠂ ᠰᠡᠳᠬᠢᠴᠡ ᠶᠢᠨ ᠲᠠᠯ᠎ᠠ ᠪᠠᠷ ᠬᠠᠪᠰᠤᠷᠤᠨ ᠵᠢᠯᠣᠭᠤᠳᠬᠤ᠂ ᠣᠷᠣᠯᠠᠨ ᠬᠤᠳᠠᠯᠳᠤᠨ ᠠᠪᠬᠤ᠂ ᠡᠮᠴᠢᠯᠡᠭᠡ ᠡᠮ ᠬᠦᠷᠭᠡᠬᠦ᠂ ᠰᠣᠶᠣᠯ ᠴᠡᠩᠭᠡᠯ᠂ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠵᠡᠷᠭᠡ ᠰᠢᠭᠢᠳᠬᠡᠯᠳᠦ ᠮᠠᠶ᠋ᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠢ ᠥᠷᠨᠢᠭᠦᠯᠦᠨ᠎ᠡ᠃ 2022 ᠣᠨ ᠤ ᠰᠡᠭᠦᠯᠴᠢ ᠪᠣᠯᠲᠠᠯ᠎ᠠ᠂ ᠬᠤᠰᠢᠭᠤ ᠬᠤᠲᠠ ᠲᠣᠭᠤᠷᠢᠭ ᠨᠢᠭᠡᠪᠦᠷᠢ ᠪᠣᠳᠠᠲᠤ ᠪᠠᠶᠢᠳᠠᠯ ᠢᠶᠠᠨ ᠦᠨᠳᠦᠰᠦᠯᠡᠨ ᠬᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠤ ᠠᠬᠤᠶᠢᠯᠠᠯ ᠪᠤᠶᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠨᠠᠭᠠᠳᠤ ᠵᠠᠬ᠎ᠠ ᠳᠠᠭᠠᠨ 2 ᠬᠥᠮᠦᠵᠢᠭᠦᠯᠦᠨ ᠪᠤᠶᠢᠵᠢᠭᠤᠯᠵᠤ ᠣᠷᠣᠭᠤᠯᠤᠨ ᠠᠪᠴᠢᠷᠠᠬᠤ ᠶᠢᠨ ᠬᠠᠮᠲᠤ᠂ ᠵᠢᠷᠤᠮᠵᠢᠯ ᠲᠠᠢ ᠲᠣᠭᠲᠠᠭᠤᠨ ᠡᠵᠡᠩᠨᠡᠯᠲᠡ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ︶᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ