ᠬᠦᠯᠦᠨ ᠪᠤᠶᠢᠷ ᠬᠤᠲᠠ ᠶᠢᠨ ᠭᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠦᠯ ︵ᠭᠤᠷᠪᠠ︶
ᠨᠡᠶᠢᠲᠡᠯᠡᠭᠰᠡᠨ ᠴᠠᠭ᠄
2021/7/13
      3. ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠯᠥᠪᠵᠢᠭᠦᠯᠭᠡ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠬᠤᠰᠢᠭᠤ ᠬᠤᠲᠠ ᠲᠣᠭᠤᠷᠢᠭ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠭᠠᠨ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠨᠠᠶᠢᠷᠠᠭᠤᠯᠤᠨ ᠵᠣᠬᠢᠶᠠᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠰᠬᠠᠶ ᠲᠥᠯᠥᠪᠵᠢᠭᠦᠯᠭᠡ ᠲᠠᠢ ᠭᠦᠢᠴᠡᠳ ᠵᠣᠯᠭᠠᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠠᠶᠢᠷᠢᠰᠢᠭᠤᠯᠤᠯᠲᠠ ᠶᠢᠨ ᠵᠠᠷᠴᠢᠮ ᠪᠠ ᠪᠠᠷᠢᠮᠵᠢᠶ᠎ᠠ ᠶᠢ ᠳᠤᠷᠠᠳᠴᠤ᠂ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠯᠠᠪᠤᠷ ᠤᠨ ᠪᠥᠲᠥᠭᠡᠨ ᠪᠠᠶᠢᠭᠤᠯᠤᠯᠲᠠ ᠶᠢ ᠵᠢᠯᠤᠭᠤᠳᠤᠨ᠎ᠠ᠃ ᠰᠤᠯᠠ ᠬᠠᠶᠠᠭᠳᠠᠵᠤ ᠪᠠᠶᠢᠭ᠎ᠠ ᠡᠬᠢ ᠪᠠᠶᠠᠯᠢᠭ ᠢ ᠠᠰᠢᠭᠯᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥᠯ ᠵᠦᠢᠯ ᠢ ᠬᠦᠭᠵᠢᠭᠦᠯᠵᠦ᠂ ᠨᠡᠮᠡᠵᠦ ᠪᠠᠶᠢᠭᠤᠯᠤᠭᠰᠠᠨ ᠪᠤᠶᠤ ᠦᠭᠡᠷᠡᠴᠢᠯᠡᠨ ᠰᠢᠨᠡᠳᠬᠡᠭᠰᠡᠨ ᠠᠰᠠᠷ ᠤᠨ ᠳᠣᠲᠣᠷᠠᠬᠢ ᠴᠠᠬᠢᠯᠭᠠᠨ ᠱᠠᠲᠤ ᠶᠢ ᠳᠣᠲᠣᠭᠠᠳᠤ ᠶᠢᠨ ᠥᠭᠡᠷᠡᠴᠢᠯᠡᠬᠦ ᠲᠥᠷᠥᠯ ᠤᠨ ᠪᠠᠷᠢᠯᠭ᠎ᠠ ᠶᠢᠨ ᠬᠦᠷᠢᠶ᠎ᠡ ᠬᠡᠪᠴᠢᠶ᠎ᠡ ᠳᠤ ᠣᠷᠣᠭᠤᠯᠵᠤ᠂ ᠲᠥᠯᠥᠪᠵᠢᠭᠦᠯᠭᠡ ᠳᠤ ᠲᠣᠬᠢᠷᠠᠭᠤᠯᠤᠯᠲᠠ ᠬᠢᠬᠦ ᠴᠢᠬᠤᠯᠠ ᠥᠬᠡᠶ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠳᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠨ ᠲᠡᠮᠳᠡᠭᠯᠡᠬᠦ᠂ ᠭᠠᠵᠠᠷ ᠰᠢᠷᠣᠶ ᠶᠢᠨ ᠲᠥᠯᠥᠪᠵᠢᠭᠦᠯᠭᠡ ᠵᠡᠷᠭᠡ ᠭᠠᠷᠳᠠᠮ ᠢ ᠥᠯᠥ ᠭᠦᠢᠴᠡᠳᠬᠡᠭᠰᠡᠨ ᠠᠴᠠ ᠪᠣᠯᠵᠣ ᠭᠠᠯ ᠰᠡᠷᠭᠡᠶᠢᠯᠡᠯᠲᠡ ᠶᠢᠨ ᠬᠢᠨᠠᠨ ᠰᠢᠯᠭᠠᠯᠲᠠ ᠶᠢ ᠭᠦᠢᠴᠡᠳᠬᠡᠭᠰᠡᠨ ᠦᠭᠡᠢ ᠪᠠᠶᠢᠪᠠᠯ᠂ ᠪᠠᠶᠢᠭ᠎ᠠ ᠬᠤᠰᠢᠭᠤ ᠬᠤᠲᠠ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠲᠥᠪᠯᠡᠷᠡᠭᠦᠯᠦᠨ ᠰᠢᠢᠳᠪᠦᠷᠢᠯᠡᠬᠦᠯᠬᠦ ᠪᠠᠷ ᠳᠤᠷᠠᠳᠤᠯᠭ᠎ᠠ ᠳᠡᠪᠰᠢᠬᠦᠯᠦᠨ᠎ᠡ᠃ ᠡᠯ᠎ᠡ ᠬᠤᠰᠢᠭᠤ ᠬᠤᠲᠠ ᠲᠣᠭᠤᠷᠢᠭ ᠨᠢ ᠨᠡᠶᠢᠭᠡᠮ ᠲᠣᠭᠤᠷᠢᠭ ᠤᠨ ᠬᠡᠷᠡᠭᠯᠡᠬᠦ ᠬᠡᠷ ᠪᠠᠶᠢᠰᠢᠩ ᠪᠠ ᠰᠠᠭᠤᠭᠠᠯᠢ ᠠᠷᠠᠳ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠢᠵᠢ ᠪᠥᠷᠢᠳᠦᠭᠦᠯᠬᠦ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠬᠡᠪᠴᠢᠶᠡᠨ ᠳᠤ ᠣᠷᠣᠭᠤᠯᠵᠤ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠵᠢᠵᠢᠭ ᠲᠣᠭᠤᠷᠢᠭ ᠬᠢᠭᠡᠳ ᠢᠵᠢ ᠪᠥᠷᠢᠳᠦᠭᠦᠯᠬᠦ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ᠵᠡᠷᠭᠡᠪᠡᠷ ᠲᠥᠯᠥᠪᠵᠢᠭᠦᠯᠵᠦ᠂ ᠵᠡᠷᠭᠡᠪᠡᠷ ᠪᠥᠲᠥᠭᠡᠨ ᠪᠠᠶᠢᠭᠤᠯᠵᠤ᠂ ᠵᠡᠷᠭᠡᠪᠡᠷ ᠰᠢᠯᠭᠠᠨ ᠬᠤᠷᠢᠶᠠᠵᠤ᠂ ᠵᠡᠷᠭᠡᠪᠡᠷ ᠲᠤᠰᠢᠶᠠᠬᠤ ᠬᠡᠷᠡᠭᠲᠡᠶ᠃ ᠨᠢᠭᠡᠨᠲᠡ ᠪᠠᠶᠢᠭᠤᠯᠤᠭᠰᠠᠨ ᠰᠠᠭᠤᠭᠠᠯᠢ ᠲᠣᠭᠤᠷᠢᠭ ᠲᠤ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠯᠠᠪᠤᠷ ᠥᠬᠡᠶ ᠪᠠᠶᠢᠪᠠᠯ᠂ ᠣᠲᠣ ᠶᠢᠨ ᠪᠠᠶᠢᠭ᠎ᠠ ᠨᠡᠶᠢᠭᠡᠮ ᠲᠣᠭᠤᠷᠢᠭ ᠤᠨ ᠠᠯᠪᠠᠨ ᠬᠡᠷᠡᠭᠯᠡᠭᠡᠨ ᠤ ᠬᠡᠷ ᠪᠠᠶᠢᠰᠢᠩ ᠢ ᠨᠢᠭᠡᠳᠦᠯᠲᠡᠶ ᠲᠥᠯᠥᠪᠯᠡᠬᠦ ᠪᠠᠷ ᠳᠠᠮᠵᠢᠭᠤᠯᠤᠨ ᠰᠢᠢᠳᠪᠦᠷᠢᠯᠡᠵᠦ ᠪᠣᠯᠤᠨ᠎ᠠ᠂ ᠪᠠᠰᠠ ᠬᠤᠳᠠᠯᠳᠤᠨ ᠠᠪᠬᠤ᠂ ᠲᠦᠷᠢᠶᠡᠰᠦᠯᠡᠬᠦ᠂ ᠰᠣᠯᠢᠬᠤ ᠵᠡᠷᠭᠡ ᠠᠷᠭ᠎ᠠ ᠮᠠᠶ᠋ᠢᠭ ᠢᠶᠠᠷ ᠪᠤᠶᠤ ᠰᠤᠯᠠ ᠪᠠᠶᠢᠭ᠎ᠠ ᠦᠢᠯᠡᠳᠪᠦᠷᠢ ᠶᠢᠨ ᠬᠡᠷ ᠪᠠᠶᠢᠰᠢᠩ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠠᠯᠪᠠᠨ ᠬᠡᠷᠡᠭᠯᠡᠭᠡᠨ ᠤ ᠬᠡᠷ ᠪᠠᠶᠢᠰᠢᠩ ᠢ ᠠᠰᠢᠭᠯᠠᠨ ᠰᠢᠢᠳᠪᠦᠷᠢᠯᠡᠵᠦ ᠪᠣᠯᠤᠨ᠎ᠠ᠃ ᠨᠢᠭᠡᠨᠲᠡ ᠪᠠᠶᠢᠭᠤᠯᠤᠭᠰᠠᠨ ᠪᠥᠭᠡᠳ ᠵᠣᠬᠢᠬᠤ ᠪᠠᠷᠢᠮᠵᠢᠶ᠎ᠠ ᠳᠤ ᠨᠡᠶᠢᠴᠡᠭᠰᠡᠨ ᠭᠡᠷ ᠲᠡᠭᠡᠨ ᠰᠠᠭᠤᠬᠤ ᠨᠡᠶᠢᠬᠡᠮ ᠲᠤᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢᠶᠠᠷ ᠳᠠᠮᠵᠢᠭᠤᠯᠤᠨ ᠨᠠᠰᠤᠵᠢᠯ ᠤᠨ ᠠᠰᠠᠷᠠᠮᠵᠢ  ᠶᠢᠨ ᠦᠢᠯᠡᠴᠢᠯᠡᠭᠡᠨ ᠤ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠦᠨ᠎ᠡ ᠲᠥᠯᠥᠪᠦᠷᠢ ᠦᠭᠡᠢ ᠪᠠᠷ ᠬᠠᠩᠭᠠᠨ ᠥᠭᠴᠦ ᠡᠵᠡᠩᠨᠡᠭᠦᠯᠦᠨ᠂ ᠥᠮᠴᠢᠯᠡᠬᠦ ᠡᠷᠬᠡ ᠶᠢ ᠨᠢ ᠬᠤᠪᠢᠷᠠᠭᠤᠯᠬᠤ ᠥᠬᠡᠶ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶᠃       ︵ᠬᠤᠶᠠᠷ︶ ᠣᠯᠠᠨ ᠡᠰᠢᠲᠦ ᠪᠡᠯᠡ ᠣᠷᠣᠭᠤᠯᠤᠯᠲᠠ ᠶᠢᠨ ᠵᠠᠭᠪᠤᠷ ᠢ ᠪᠠᠶᠢᠭᠤᠯᠤᠨ᠎ᠠ᠃       4. ᠡᠳ᠋ ᠤᠨ ᠵᠠᠰᠠᠭ ᠤᠨ ᠣᠷᠣᠭᠤᠯᠤᠯᠲᠠ ᠶᠢᠨ ᠡᠷᠴᠢᠮ ᠢ ᠨᠡᠮᠡᠭᠳᠡᠭᠦᠯᠦᠨ᠎ᠡ᠃ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠰᠬᠠᠶ ᠪᠠᠯᠠ ᠮᠥᠩᠭᠦ ᠶᠢ ᠴᠢᠷᠮᠠᠶᠢᠨ ᠣᠯᠵᠤ᠂ ᠬᠤᠲᠠ ᠬᠥᠳᠡᠭᠡ ᠶᠢᠨ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠭᠤᠤᠯᠳᠠᠯᠭ᠎ᠠ ᠲᠠᠢ ᠳᠡᠮᠵᠢᠨ᠎ᠡ᠃ ᠬᠤᠲᠠ ᠶᠢᠨ ᠱᠠᠲᠤᠨ ᠤ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠵᠢᠯ ᠪᠦᠷᠢ 30% ᠠᠴᠠ ᠳᠤᠤᠷ᠎ᠠ ᠪᠤᠰᠤ ᠪᠠᠯᠠ ᠮᠥᠩᠭᠦ ᠳᠣᠭᠢᠷᠠᠭᠤᠯᠵᠤ ᠬᠡᠷ ᠲᠡᠭᠡᠨ ᠰᠠᠭᠤᠬᠤ ᠨᠡᠶᠢᠬᠡᠮ ᠲᠤᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠢ ᠳᠡᠮᠵᠢᠬᠦ ᠳᠤ ᠬᠡᠷᠡᠭᠯᠡᠬᠦ ᠬᠡᠷᠡᠭᠲᠡᠶ᠃ ᠬᠤᠲᠠ᠂ ᠬᠤᠰᠢᠭᠤ ᠬᠤᠲᠠ ᠲᠣᠭᠤᠷᠢᠭ ᠤᠨ ᠡᠳ᠋ ᠤᠨ ᠵᠠᠰᠠᠭ ᠤᠨ ᠲᠥᠰᠦᠪ ᠨᠢ ᠵᠢᠯ ᠪᠦᠷᠢ ᠵᠣᠬᠢᠬᠤ ᠪᠡᠯᠡ ᠮᠥᠩᠭᠦ ᠲᠣᠬᠢᠷᠠᠭᠤᠯᠵᠤ᠂ ᠭᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠦᠬᠡᠷᠡᠴᠢᠯᠡᠨ ᠰᠢᠨᠡᠳᠬᠡᠯᠳᠡ᠂ ᠡᠵᠡᠩᠨᠡᠯᠲᠡ ᠶᠢᠨ ᠨᠥᠬᠦᠪᠥᠷᠢ ᠵᠢᠴᠢ ᠬᠤᠳᠠᠯᠳᠤᠨ ᠠᠪᠬᠤ ᠦᠢᠯᠡᠴᠢᠯᠡᠭᠡ ᠳᠤ ᠬᠡᠷᠡᠭᠯᠡᠵᠦ᠂ ᠬᠤᠲᠠ ᠶᠢᠨ ᠲᠣᠰ ᠱᠠᠲᠤᠨ ᠤ ᠪᠣᠳᠠᠲᠠᠢ ᠨᠥᠬᠦᠪᠥᠷᠢ ᠶᠢᠨ ᠪᠠᠷᠢᠮᠵᠢᠶ᠎ᠠ ᠶᠢ ᠡᠳ᠋ ᠤᠨ ᠵᠠᠰᠠᠭ ᠪᠠ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠠᠮᠲᠤᠪᠠᠷ ᠲᠣᠭᠲᠠᠭᠠᠵᠤ᠂ ᠡᠯ᠎ᠡ ᠬᠤᠰᠢᠭᠤ ᠬᠤᠲᠠ ᠲᠣᠭᠤᠷᠢᠭ ᠪᠣᠳᠠᠲᠠᠢ ᠪᠠᠶᠢᠳᠠᠯ ᠢ ᠦᠨᠳᠦᠰᠦᠯᠡᠨ ᠨᠥᠬᠦᠪᠥᠷᠢ ᠶᠢᠨ ᠪᠠᠷᠢᠮᠵᠢᠶ᠎ᠠ ᠶᠢ ᠵᠣᠬᠢᠰᠲᠠᠢ ᠲᠣᠭᠲᠠᠭᠠᠨ᠎ᠠ᠃ ᠬᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠵᠡᠩᠨᠡᠯᠲᠡ ᠶᠢᠨ ᠨᠢᠭᠡᠴᠢ ᠳᠤ ᠪᠣᠳᠠᠲᠠᠶ ᠡᠵᠡᠩᠨᠡᠯᠲᠡ ᠶᠢᠨ ᠪᠠᠶᠢᠳᠠᠯ ᠪᠠ ᠦᠢᠯᠡᠴᠢᠯᠡᠭᠡᠨ ᠤ ᠴᠢᠳᠠᠮᠵᠢ ᠶᠣᠰᠣᠭᠠᠷ ᠲᠠᠰ ᠬᠤᠪᠢᠶᠠᠨ ᠡᠵᠡᠩᠨᠡᠯᠲᠡ ᠶᠢᠨ ᠨᠥᠬᠦᠪᠥᠷᠢ ᠣᠯᠭᠤᠵᠤ ᠪᠣᠯᠤᠨ᠎ᠠ︔ ᠪᠦᠬᠦᠯᠢ 60 ᠨᠠᠰᠤᠨ ᠠᠴᠠ ᠳᠡᠭᠡᠭᠰᠢᠬᠢ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠬᠥᠮᠦᠰ᠂ ᠭᠠᠭᠴᠠ ᠬᠡᠤᠬᠡᠳ ᠢᠶᠠᠨ ᠠᠯᠳᠠᠭᠰᠠᠨ᠂ ᠬᠡᠷ ᠲᠡᠭᠡᠨ ᠬᠤᠴᠣᠷᠤᠭᠰᠠᠨ᠂ ᠵᠡᠮᠳᠡᠭ ᠪᠠᠭᠤᠷᠠᠢ᠂ ᠥᠨᠳᠥᠷ ᠨᠠᠰᠤᠲᠠᠶ ᠵᠡᠷᠭᠡ ᠨᠠᠰᠤᠲᠠᠶᠢᠴᠤᠳ ᠲᠤ ᠬᠤᠭᠤᠯᠠ ᠤᠮᠳᠠ᠂ ᠤᠬᠢᠶᠠᠯᠭ᠎ᠠ᠂ ᠴᠡᠪᠡᠷᠯᠡᠭᠡ ᠵᠡᠷᠭᠡ ᠳᠤ ᠨᠥᠬᠦᠪᠥᠷᠢ ᠣᠯᠭᠤᠨ᠎ᠠ︔ ᠭᠡᠷ  ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠯᠠᠪᠤᠷ   ᠲᠤ ᠳᠡᠰ ᠳᠡᠪᠰᠢᠭᠦᠯᠦᠨ ᠥᠭᠡᠷᠡᠴᠢᠯᠡᠨ ᠰᠢᠨᠡᠳᠬᠡᠬᠦ ᠶᠢ ᠬᠡᠷᠡᠭᠵᠢᠭᠦᠯᠦᠭᠰᠡᠨ ᠪᠠᠶᠢᠪᠠᠯ᠂ ᠠᠳᠠᠯᠢ ᠪᠤᠰᠤ ᠲᠠᠯᠠᠪᠠᠶ ᠪᠠ ᠶᠡᠷᠦᠩᠬᠡᠶᠢᠯᠡᠭᠰᠡᠨ ᠦᠢᠯᠡᠴᠢᠯᠡᠬᠡᠨ ᠤ ᠲᠦᠪᠰᠢᠨ ᠶᠣᠰᠣᠭᠠᠷ ᠨᠥᠬᠦᠪᠥᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ