ᠬᠦᠯᠦᠨ ᠪᠤᠶᠢᠷ ᠬᠤᠲᠠ ᠶᠢᠨ ᠭᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠦᠯ ︵ᠳᠦᠷᠪᠡ︶
ᠨᠡᠶᠢᠲᠡᠯᠡᠭᠰᠡᠨ ᠴᠠᠭ᠄
2021/7/13
      5. ᠭᠠᠶᠢᠯᠢ ᠰᠦᠢᠳᠬᠡᠯ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠪᠠᠶᠢᠭᠤᠯᠤᠭᠰᠠᠨ ᠪᠥᠭᠡᠳ ᠡᠵᠡᠩᠨᠡᠭᠰᠡᠨ ᠭᠡᠷ  ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ ᠠᠰᠢᠭ ᠣᠯᠵᠠᠪᠤᠷᠢ ᠶᠢᠨ ᠪᠤᠰᠤ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠪᠠᠶᠢᠭᠤᠯᠤᠮᠵᠢ ᠶᠢᠨ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠬᠦᠷᠲᠡᠭᠡᠵᠦ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠶᠢ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠪᠠ ᠦᠨ᠎ᠡ ᠬᠠᠩᠰᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠲᠡᠳᠡᠨ ᠤ ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ᠂ ᠢᠯᠴᠢ ᠬᠡᠷᠡᠭᠯᠡᠬᠦ᠂ ᠬᠡᠶ ᠬᠡᠷᠡᠭᠯᠡᠬᠦ ᠵᠡᠷᠭᠡ ᠰᠦᠢᠳᠬᠡᠯ ᠢ ᠰᠠᠭᠤᠭᠠᠯᠢ ᠠᠷᠠᠳ ᠤᠨ ᠦᠨ᠎ᠡ ᠬᠠᠩᠰᠢ ᠶᠣᠰᠣᠭᠠᠷ ᠬᠡᠷᠡᠭᠵᠢᠭᠦᠯᠵᠦ ᠪᠣᠯᠤᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠨᠢᠭᠡᠴᠢ ᠨᠢ ᠭᠠᠵᠠᠷ ᠰᠢᠷᠣᠶ᠂ ᠬᠡᠷ ᠪᠠᠶᠢᠰᠢᠩ ᠤᠨ ᠰᠢᠨᠵᠢ ᠴᠢᠨᠠᠷ ᠵᠡᠷᠭᠡ ᠪᠠᠷ ᠰᠢᠯᠲᠠᠭᠠᠨ ᠪᠣᠯᠭᠠᠵᠤ ᠬᠠᠮᠢᠶ᠎ᠠ ᠪᠥᠬᠦᠶ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠲᠡᠪᠴᠢᠵᠦ ᠪᠣᠯᠬᠤ ᠥᠬᠡᠶ᠃ ᠡᠯ᠎ᠡ ᠬᠤᠰᠢᠭᠤ ᠬᠤᠲᠠ ᠲᠣᠭᠤᠷᠢᠭ ᠤᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠨᠠᠩ ᠬᠠᠷᠠᠭᠠᠯᠵᠠᠯᠲᠤ ᠲᠥᠷᠥ ᠶᠢᠨ ᠪᠣᠳᠣᠯᠭ᠎ᠠ ᠨᠡᠶᠢᠲᠡᠯᠡᠬᠦ ᠶᠢ ᠵᠣᠷᠢᠭᠵᠢᠭᠤᠯᠵᠤ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠦᠪᠡᠷᠮᠢᠴᠡᠵᠢᠭᠰᠡᠨ᠂ ᠵᠦᠷᠢᠶᠡᠴᠢᠯᠡᠭᠰᠡᠨ ᠪᠠᠲᠤᠯᠠᠭ᠎ᠠ ᠶᠢᠨ ᠦᠢᠯᠡᠴᠢᠯᠡᠭᠡ ᠬᠠᠩᠭᠠᠬᠤ ᠶᠢ ᠳᠡᠮᠵᠢᠵᠦ᠂ ᠮᠥᠩᠭᠦᠨ ᠭᠦᠢᠯᠬᠡᠬᠡᠨ ᠤ ᠪᠠᠶᠢᠭᠤᠯᠤᠮᠵᠢ ᠠᠴᠠ ᠨᠥᠬᠦᠴᠡᠯ ᠳᠤ ᠨᠡᠶᠢᠴᠡᠬᠦ ᠬᠡᠷ ᠲᠡᠭᠡᠨ ᠰᠠᠭᠤᠬᠤ ᠨᠡᠶᠢᠬᠡᠮ ᠲᠤᠭᠤᠷᠢᠭ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ︶᠃       ︵ᠭᠤᠷᠪᠠ︶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠨᠠᠷ ᠠᠰᠢᠭ ᠢ ᠳᠡᠭᠡᠭᠰᠢᠯᠡᠭᠦᠯᠦᠨ᠎ᠡ᠃       6. ᠬᠡᠷ ᠲᠡᠭᠡᠨ ᠰᠠᠭᠤᠬᠤ ᠨᠡᠶᠢᠭᠡᠮ ᠲᠣᠭᠤᠷᠢᠭ ᠪᠠ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠬᠢᠭᠡᠳ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠪᠡᠯᠡᠳᠬᠡᠮᠵᠢ ᠶᠢᠨ ᠬᠠᠷᠢᠯᠴᠠᠨ ᠨᠡᠪᠲᠡᠷᠡᠯᠴᠡᠵᠦ ᠬᠠᠷᠢᠯᠴᠠᠨ ᠠᠭᠤᠰᠤᠯᠴᠠᠨ ᠬᠥᠭᠵᠢᠬᠦ ᠶᠢ ᠳᠡᠮᠵᠢᠵᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠲᠤᠰᠬᠠᠶ ᠦᠢᠯᠡᠴᠢᠯᠡᠬᠡᠨ ᠤ ᠨᠥᠯᠥᠭᠡᠯᠡᠯ ᠢ ᠨᠠᠰᠤᠲᠠᠶᠢᠴᠤᠳ ᠤᠨ ᠬᠡᠷ ᠪᠦᠯᠢ ᠳᠤ ᠬᠦᠷᠲᠡᠯ᠎ᠡ ᠤᠷᠲᠤᠳᠬᠠᠬᠤ ᠶᠢ ᠵᠣᠷᠢᠭᠵᠢᠭᠤᠯᠵᠤ᠂ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠲᠤ ᠠᠮᠢᠳᠤᠷᠠᠯ ᠤᠨ ᠬᠠᠷᠠᠭᠠᠯᠵᠠᠯ᠂ ᠠᠳᠠᠯ ᠠᠬᠤᠢ ᠶᠢᠨ ᠵᠤᠬᠢᠴᠠᠭᠤᠯᠤᠯ᠂ ᠣᠶᠤᠨ ᠰᠠᠨᠠᠭᠠᠨ ᠤ ᠲᠠᠶᠢᠳᠬᠤᠷᠠᠭᠤᠯᠤᠯ ᠵᠡᠷᠭᠡ ᠲᠤᠰᠬᠠᠶᠢᠵᠢᠭᠰᠠᠨ ᠬᠡᠷ ᠲᠤ ᠨᠢ ᠬᠦᠷᠭᠡᠬᠦ ᠦᠢᠯᠡᠴᠢᠯᠡᠭᠡ ᠬᠠᠩᠭᠠᠨ᠎ᠠ᠃ ᠨᠡᠶᠢᠭᠡᠮ ᠲᠣᠭᠤᠷᠢᠭ ᠪᠠ ᠪᠠᠶᠢᠭᠤᠯᠤᠮᠵᠢ ᠪᠠᠷ ᠲᠠᠪᠴᠠᠩ ᠪᠣᠯᠭᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠲᠥᠷᠥᠯ ᠤᠨ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠤ᠂ ᠨᠡᠶᠢᠭᠡᠮ ᠤᠨ ᠠᠵᠢᠯᠲᠠᠳ ᠢᠶᠠᠷ ᠲᠤᠯᠭᠠᠭᠤᠷᠢᠯᠠᠯ ᠪᠣᠯᠭᠠᠭᠰᠠᠨ ᠬᠠᠮᠵᠢᠯᠴᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠦᠯᠡᠳᠡᠵᠦ ᠬᠤᠴᠣᠷᠤᠭᠰᠠᠨ᠂ ᠬᠤᠭᠤᠰᠤᠷᠤᠮᠠᠯ ᠵᠡᠷᠭᠡ ᠬᠦᠴᠢᠷᠳᠡᠯᠲᠡᠶ ᠨᠠᠰᠤᠲᠠᠶᠢᠴᠤᠳ ᠢ ᠡᠷᠬᠢᠨ ᠦᠵᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠡᠳᠡᠨ ᠳᠤ ᠬᠠᠯᠠᠮᠵᠢᠯᠠᠬᠤ ᠦᠢᠯᠡᠴᠢᠯᠡᠭᠡ ᠶᠢ ᠴᠠᠭ ᠲᠤᠬᠠᠶ ᠳᠤᠨᠢ ᠪᠦᠲᠦᠮᠵᠢᠲᠡᠶ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ