7. ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢᠨ ᠤᠶᠠᠯᠳᠤᠯ ᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠥᠪ᠂ ᠠᠷᠠᠳ ᠠᠴᠠ ᠡᠷᠭᠢᠯᠡᠭᠰᠡᠨ ᠡᠮᠨᠡᠯᠭᠡ ᠶᠢᠨ ᠬᠤᠷᠢᠶ᠎ᠠ ᠵᠡᠷᠭᠡ | ᠡᠬᠢ ᠪᠠᠶᠠᠯᠢᠭ ᠢ ᠬᠡᠷᠡᠭᠯᠡᠬᠦ ᠨᠣᠷᠮ᠎ᠠ ᠨᠢ ᠬᠦᠷᠦᠯᠴᠡᠬᠦ ᠥᠬᠡᠶ ᠡᠮᠴᠢᠯᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠲᠣᠭᠤᠷᠢᠭ ᠲᠤ | ᠬᠠᠨᠳᠤᠭᠤᠯᠤᠨ ᠡᠮᠴᠢᠯᠡᠭᠡ ᠰᠤᠪᠢᠯᠠᠯᠲᠠ ᠶᠢᠨ ᠲᠤᠰᠬᠠᠶ ᠲᠣᠭᠤᠷᠢᠭ᠂ ᠨᠡᠶᠢᠭᠡᠮ ᠲᠣᠭᠤᠷᠢᠭ ᠤᠨ ᠡᠮᠴᠢᠯᠡᠭᠡ ᠰᠤᠪᠢᠯᠠᠯᠲᠠ ᠶᠢᠨ ᠲᠥᠪ ᠵᠡᠷᠭᠡ ᠶᠢ ᠪᠠᠶᠢᠭᠤᠯᠵᠤ᠂ | ᠨᠥᠬᠦᠴᠡᠯ ᠳᠤ ᠨᠡᠶᠢᠴᠡᠬᠦ ᠬᠡᠷ ᠲᠡᠭᠡᠨ ᠰᠠᠭᠤᠬᠤ ᠨᠡᠶᠢᠬᠡᠮ ᠲᠤᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠶᠡᠷᠦᠩᠬᠡᠶᠢᠯᠡᠭᠰᠡᠨ ᠲᠥᠪ ᠤᠨ | ᠳᠣᠲᠣᠷ᠎ᠠ ᠡᠷᠡᠭᠦᠯ ᠬᠠᠮᠠᠭᠠᠯᠠᠯ ᠤᠨ ᠲᠠᠰᠤᠭ᠂ ᠡᠷᠡᠭᠦᠯᠵᠢᠯ ᠤᠨ ᠲᠠᠰᠤᠭ᠂ ᠰᠤᠪᠢᠯᠠᠯᠲᠠ ᠶᠢᠨ ᠥᠷᠲᠡᠭᠡ ᠵᠡᠷᠭᠡ ᠶᠢ ᠪᠠᠶᠢᠷᠢᠯᠠᠭᠤᠯᠬᠤ ᠶᠢ ᠳᠡᠮᠵᠢᠬᠦ ᠬᠡᠷᠡᠭᠲᠡᠶ︔ | ᠨᠥᠬᠦᠴᠡᠯ ᠳᠤ ᠨᠡᠶᠢᠴᠡᠬᠦ ᠬᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠡᠮᠴᠢᠯᠡᠭᠡᠨ ᠤ ᠪᠠᠶᠢᠭᠤᠯᠤᠮᠵᠢ᠂ ᠨᠡᠶᠢᠭᠡᠮ ᠲᠣᠭᠤᠷᠢᠭ ᠤᠨ | ᠰᠢᠭᠢᠳᠬᠡᠯᠳᠦ ᠮᠠᠶ᠋ᠢᠭ ᠤᠨ ᠪᠢᠴᠢᠯ ᠡᠮᠴᠢᠯᠡᠭᠡ ᠰᠤᠪᠢᠯᠠᠯᠲᠠ ᠶᠢᠨ ᠲᠥᠪ ᠢ ᠡᠮᠴᠢᠯᠡᠭᠡᠨ ᠤ ᠳᠠᠭᠠᠳᠬᠠᠯ ᠤᠨ ᠲᠤᠭᠲᠠᠭᠰᠠᠨ ᠴᠡᠭᠲᠦ ᠵᠥᠪᠯᠡᠯᠴᠡᠭᠡᠷ ᠤᠨ ᠬᠠᠮᠢᠶᠠᠷᠤᠯᠳᠠ | ᠶᠢᠨ ᠬᠡᠪᠴᠢᠶᠡᠨ ᠳᠤ ᠣᠷᠣᠭᠤᠯᠬᠤ ᠶᠢ ᠳᠡᠮᠵᠢᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠬᠢᠭᠡᠳ ᠨᠠᠰᠤᠲᠠᠶᠢᠴᠤᠳ ᠤᠨ ᠬᠡᠷ | ᠪᠦᠯᠢ ᠶᠢᠨ ᠡᠮᠴᠢᠯᠡᠭᠡ ᠰᠤᠪᠢᠯᠠᠯᠲᠠ ᠶᠢᠨ ᠭᠡᠷ᠎ᠡ ᠲᠣᠭᠲᠠᠨ ᠦᠢᠯᠡᠴᠢᠯᠡᠬᠦ ᠶᠢ ᠠᠯᠬᠤᠮ ᠠᠯᠬᠤᠮ ᠢᠶᠠᠷ ᠥᠷᠨᠢᠭᠦᠯᠦᠨ᠂ ᠬᠡᠷ ᠲᠡᠭᠡᠨ ᠰᠠᠭᠤᠵᠤ ᠪᠠᠶᠢᠭ᠎ᠠ | ᠨᠠᠰᠤᠲᠠᠶᠢᠴᠤᠳ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠬᠡᠨ ᠤ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ︔ ᠭᠡᠷ ᠪᠦᠯᠢ ᠶᠢᠨ ᠨᠠᠰᠤᠵᠢᠯ ᠤᠨ | ᠰᠤᠪᠢᠯᠠᠯᠲᠠ ᠶᠢᠨ ᠬᠡᠯᠪᠡᠷᠢ ᠶᠢᠨ ᠣᠷᠣ ᠶᠢ ᠶᠡᠬᠡᠪᠡᠷ ᠬᠡᠷᠡᠭᠵᠢᠭᠦᠯᠵᠦ᠂ ᠳᠤᠮᠳᠠ ᠳᠡᠰ ᠤᠨ᠂ ᠬᠦᠨᠳᠦ ᠳᠡᠰ ᠤᠨ ᠴᠢᠳᠠᠪᠤᠷᠢ ᠪᠠᠨ ᠠᠯᠳᠠᠭᠰᠠᠨ ᠪᠤᠶᠤ ᠣᠶᠤᠨ | ᠮᠡᠳᠡᠷᠡᠯ ᠢᠶᠠᠨ ᠠᠯᠳᠠᠭᠰᠠᠨ ᠨᠠᠰᠤᠲᠠᠶᠢᠴᠤᠳ ᠤᠨ ᠭᠡᠷ ᠪᠦᠯᠢ ᠶᠢᠨ ᠪᠡᠯᠡᠳᠬᠡᠮᠵᠢ ᠪᠠ ᠣᠷᠣ ᠳᠤ ᠴᠢᠬᠤᠯᠠ ᠪᠦᠬᠦᠢ ᠨᠠᠰᠤᠵᠢᠯ ᠤᠨ ᠠᠰᠠᠷᠠᠮᠵᠢ ᠶᠢᠨ ᠥᠭᠡᠷᠡᠴᠢᠯᠡᠯᠲᠡ | ᠬᠢᠵᠦ᠂ ᠴᠢᠬᠤᠯᠠ ᠪᠦᠬᠦᠢ ᠲᠤᠤᠷ ᠰᠦᠯᠵᠢᠶ᠎ᠡ ᠶᠢᠨ ᠮᠡᠳᠡᠭᠡ ᠵᠠᠩᠭᠢ ᠶᠢᠨ ᠦᠢᠯᠡᠴᠢᠯᠡᠬᠡᠨ ᠤ ᠰᠢᠰᠲ᠋ᠧᠮ ᠪᠠ ᠡᠯᠧᠺᠲᠷᠣᠨ ᠮᠡᠳᠡᠭᠡ ᠵᠠᠩᠭᠢ ᠶᠢᠨ ᠦᠢᠯᠡᠴᠢᠯᠡᠬᠡᠨ ᠤ | ᠲᠥᠬᠦᠭᠡᠷᠦᠮᠵᠢ ᠤᠭᠰᠠᠷᠠᠵᠤ᠂ ᠭᠡᠷ ᠲᠡᠭᠡᠨ ᠰᠠᠭᠤᠬᠤ ᠨᠡᠶᠢᠬᠡᠮ ᠲᠤᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠲᠥᠪ ᠲᠤ ᠲᠦᠰᠢᠭᠯᠡᠨ᠂ ᠭᠡᠷ | ᠪᠦᠯᠢ ᠶᠢᠨ ᠰᠤᠪᠢᠯᠠᠯᠲᠠ ᠶᠢᠨ ᠬᠡᠯᠪᠡᠷᠢ ᠶᠢᠨ ᠨᠠᠰᠤᠲᠠᠶᠢᠴᠤᠳ ᠢ ᠠᠰᠠᠷᠠᠬᠤ ᠣᠷᠣ ᠳᠤ ᠠᠮᠢᠳᠤᠷᠠᠯ ᠤᠨ ᠬᠠᠷᠠᠭᠠᠯᠵᠠᠯ᠂ ᠡᠷᠡᠭᠦᠯᠵᠢᠯ ᠰᠤᠪᠢᠯᠠᠯᠲᠠ᠂ ᠠᠯᠤᠰ | ᠡᠵᠡᠮᠰᠢᠯ ᠢᠶᠠᠷ ᠬᠢᠨᠠᠨ ᠰᠢᠨᠵᠢᠬᠦ ᠵᠡᠷᠭᠡ ᠦᠢᠯᠡᠴᠢᠯᠡᠭᠡ ᠬᠠᠩᠭᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠪᠠ ᠵᠣᠬᠢᠬᠤ ᠦᠢᠯᠡᠴᠢᠯᠡᠭᠡ ᠶᠢ ᠭᠡᠷ ᠲᠡᠭᠡᠨ | ᠰᠠᠭᠤᠬᠤ ᠨᠡᠶᠢᠬᠡᠮ ᠲᠤᠭᠤᠷᠢᠭ ᠤᠨ ᠨᠠᠰᠤᠲᠠᠶᠢᠴᠤᠳ ᠲᠤ ᠦᠨᠡᠨ ᠬᠦ ᠬᠦᠷᠬᠡᠵᠦ᠂ ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ᠂ ᠭᠡᠷ ᠪᠦᠯᠢ ᠶᠢᠨ ᠮᠡᠳᠡᠭᠡ | ᠵᠠᠩᠭᠢ ᠶᠢᠨ ᠬᠠᠷᠢᠯᠴᠠᠨ ᠬᠤᠯᠪᠣᠭᠠᠯᠠᠬᠤ᠂ ᠡᠬᠢ ᠪᠠᠶᠠᠯᠢᠭ ᠢ ᠬᠠᠮᠲᠤᠪᠠᠷ ᠬᠦᠷᠲᠡᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶᠃ | |