ᠬᠦᠯᠦᠨ ᠪᠤᠶᠢᠷ ᠬᠤᠲᠠ ᠶᠢᠨ ᠭᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠦᠯ ︵ᠵᠢᠷᠭᠤᠭ᠎ᠠ︶
ᠨᠡᠶᠢᠲᠡᠯᠡᠭᠰᠡᠨ ᠴᠠᠭ᠄
2021/7/15
      8. ︽ᠢᠨᠲ᠋ᠧᠷ ᠰᠦᠯᠵᠢᠶ᠎ᠡ + ᠨᠠᠰᠤᠵᠢᠯ ᠤᠨ ᠠᠰᠠᠷᠠᠮᠵᠢ︾ ᠶᠢᠨ ᠦᠢᠯᠡᠴᠢᠯᠡᠬᠡᠨ ᠤ ᠰᠢᠨ᠎ᠡ ᠶᠢ ᠡᠭᠦᠳᠦᠨ᠎ᠡ᠃ ︽ᠰᠡᠳᠬᠢᠯ ᠠᠮᠤᠷ ᠨᠠᠰᠤᠵᠢᠯ ᠤᠨ ᠠᠰᠠᠷᠠᠮᠵᠢ ᠶᠢ ᠨᠠᠰᠤᠲᠠᠶᠢᠴᠤᠳ ᠲᠤ ᠬᠠᠩᠭᠠᠬᠤ ᠶᠡᠷᠦᠩᠬᠡᠶᠢᠯᠡᠭᠰᠡᠨ ᠦᠢᠯᠡᠴᠢᠯᠡᠬᠡᠨ ᠤ ᠲᠠᠪᠴᠠᠩ︾᠂ ︽12345 ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ︾ ᠵᠡᠷᠭᠡ ᠤᠶᠤᠨᠲᠤ ᠰᠢᠰᠲ᠋ᠧᠮ ᠢ ᠭᠦᠢᠴᠡᠳ ᠠᠰᠢᠭᠯᠠᠨ ︽ᠢᠨᠲ᠋ᠧᠷ ᠰᠦᠯᠵᠢᠶ᠎ᠡ + ᠨᠠᠰᠤᠵᠢᠯ ᠤᠨ ᠠᠰᠠᠷᠠᠮᠵᠢ︾ ᠶᠢᠨ ᠠᠵᠤ ᠠᠬᠤᠶᠢᠯᠠᠯ ᠪᠠ ᠦᠢᠯᠡᠴᠢᠯᠡᠭᠡᠨ ᠤ ᠬᠤᠳᠠᠯᠳᠤᠭᠠᠴᠢᠨ ᠤ ᠪᠠᠶᠢᠯᠳᠤᠬᠤ ᠪᠣᠳᠣᠯᠭ᠎ᠠ ᠶᠢᠨ ᠬᠤᠯᠪᠣᠭᠠᠯᠠᠯ ᠬᠠᠮᠲᠤᠷᠠᠯᠴᠠᠭ᠎ᠠ ᠶᠢ ᠠᠬᠢᠭᠤᠯᠵᠤ᠂ ᠦᠢᠯᠡᠴᠢᠯᠡᠬᠡᠨ ᠤ ᠠᠷᠭ᠎ᠠ ᠵᠠᠮ ᠪᠠ ᠦᠢᠯᠡᠴᠢᠯᠡᠬᠡᠨ ᠤ ᠬᠦᠷᠢᠶ᠎ᠡ ᠴᠠᠷᠠᠭ᠎ᠠ ᠶᠢ ᠥᠷᠭᠡᠳᠬᠡᠨ᠂ ᠨᠠᠰᠤᠲᠠᠶᠢᠴᠤᠳ ᠤᠨ ︽ᠨᠤᠭᠤᠭ᠎ᠠ ᠵᠠᠬᠢᠶᠠᠯᠠᠬᠤ ᠮᠠᠶ᠋ᠢᠭ ᠤᠨ︾ ᠣᠶᠢᠷ᠎ᠠ ᠬᠠᠪᠢ ᠳᠤ ᠪᠠᠨ ᠳᠥᠭᠦᠮ ᠳᠥᠲᠡ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠭᠥᠷᠳᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠣᠲᠣ ᠶᠢᠨ ᠪᠠᠶᠢᠭ᠎ᠠ ᠡᠷᠡᠭᠦᠯ ᠮᠡᠨᠳᠦ ᠶᠢᠨ ᠡᠮᠴᠢᠯᠡᠭᠡᠨ ᠤ ᠦᠢᠯᠡᠴᠢᠯᠡᠭᠡ ᠶᠢᠨ ᠮᠡᠳᠡᠭᠡ ᠵᠠᠩᠭᠢᠵᠢᠯᠲᠠ ᠶᠢᠨ ᠡᠬᠢ ᠪᠠᠶᠠᠯᠢᠭ ᠢ ᠭᠦᠢᠴᠡᠳ ᠠᠰᠢᠭᠯᠠᠨ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠪᠥᠬᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢᠨ ᠦᠢᠯᠡᠴᠢᠯᠡᠬᠡᠨ ᠤ  ᠲᠤᠭᠲᠠᠯᠴᠠᠭ᠎ᠠ ᠶᠢ ᠪᠠᠶᠢᠭᠤᠯᠵᠤ᠂ ᠬᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠲᠥᠪ ᠤᠨ ᠢᠨᠲ᠋ᠧᠷ ᠰᠦᠯᠵᠢᠶ᠎ᠡ᠂ ᠪᠣᠳᠠᠰᠯᠢᠭ ᠬᠤᠯᠪᠣᠭᠠᠲᠤ ᠰᠦᠯᠵᠢᠶ᠎ᠡ᠂ ᠲᠣᠮᠣ ᠳ᠋ᠠᠶᠢᠲ᠋ᠠ ᠵᠡᠷᠭᠡ ᠮᠡᠷᠭᠡᠵᠢᠯ ᠢ ᠠᠰᠢᠭᠯᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠠᠭᠤᠯᠤᠭᠳᠠᠬᠤᠨ ᠢ ᠥᠷᠭᠡᠳᠬᠡᠬᠦ ᠶᠢ ᠳᠡᠮᠵᠢᠵᠦ᠂ ᠦᠢᠯᠡᠴᠢᠯᠡᠬᠡᠨ ᠤ  ᠴᠢᠨᠠᠷ ᠪᠦᠲᠦᠮᠵᠢ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶᠃       9. ᠡᠷᠡᠭᠦᠯᠵᠢᠯ ᠨᠠᠰᠤᠵᠢᠯ ᠤᠨ ᠠᠰᠠᠷᠠᠮᠵᠢ ᠶᠢᠨ ᠴᠢᠳᠠᠪᠤᠷᠢᠲᠠᠨ ᠤ ᠬᠦᠮᠦᠵᠢᠭᠦᠯᠦᠯ ᠢ ᠴᠢᠩᠭᠠᠳᠬᠠᠨ᠎ᠠ᠃ ᠡᠯ᠎ᠡ ᠲᠥᠷᠥᠯ ᠤᠨ ᠶᠡᠭᠡ ᠳᠡᠭᠡᠳᠦ ᠰᠤᠷᠭᠠᠭᠤᠯᠢ ᠶᠢᠨ ᠡᠷᠡᠭᠦᠯ ᠮᠡᠨᠳᠦ ᠶᠢᠨ ᠦᠢᠯᠡᠴᠢᠯᠡᠬᠡᠨ ᠤ ᠬᠠᠮᠢᠶᠠᠷᠤᠯᠲᠠ᠂ ᠬᠢᠲᠠᠳ ᠮᠣᠩᠭᠤᠯ ᠡᠮᠨᠡᠯᠭᠡ ᠶᠢᠨ ᠡᠷᠡᠭᠦᠯᠵᠢᠯ᠂ ᠨᠠᠰᠤᠵᠢᠯ ᠤᠨ ᠰᠤᠪᠢᠯᠠᠯᠲᠠ ᠵᠡᠷᠭᠡ ᠲᠤᠰᠬᠠᠶ ᠮᠡᠷᠭᠡᠵᠢᠯ ᠨᠡᠭᠡᠭᠡᠬᠦ ᠶᠢ ᠵᠣᠷᠢᠭᠵᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠪᠠᠶᠢᠭᠤᠯᠤᠮᠵᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠯᠤᠭ᠎ᠠ ᠬᠠᠮᠲᠤᠷᠠᠯᠴᠠᠬᠤ ᠶᠢ ᠬᠥᠲᠥᠯᠥᠨ ᠵᠢᠯᠣᠭᠤᠳᠴᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠲᠥᠷᠥᠯ ᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠪᠠ ᠠᠵᠢᠯ ᠣᠯᠭᠤᠯᠲᠠ ᠶᠢᠨ ᠬᠠᠪᠰᠤᠷᠤᠨ ᠵᠢᠯᠣᠭᠤᠳᠬᠤ ᠶᠢ ᠵᠣᠷᠢᠭᠵᠢᠭᠤᠯᠤᠨ᠎ᠠ︔ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠲᠤᠰᠬᠠᠶ ᠴᠢᠳᠠᠪᠤᠷᠢᠲᠠᠨ ᠤ ᠨᠥᠭᠡᠴᠡ ᠶᠢ ᠴᠢᠩᠭᠠᠳᠬᠠᠵᠤ᠂ ᠨᠢᠭᠡ ᠪᠦᠯᠦᠭ ᠨᠠᠰᠤᠲᠠᠶᠢᠴᠤᠳ ᠤᠨ ᠠᠨᠠᠭᠠᠬᠤ ᠤᠬᠠᠭᠠᠨ᠂ ᠡᠷᠡᠭᠦᠯᠵᠢᠯ᠂ ᠰᠤᠪᠢᠯᠠᠯᠲᠠ᠂ ᠰᠢᠮ᠎ᠡ ᠲᠡᠵᠢᠭᠡᠯ᠂ ᠰᠡᠳᠬᠢᠴᠡ᠂ ᠨᠡᠶᠢᠭᠡᠮ ᠤᠨ ᠠᠵᠢᠯ ᠵᠡᠷᠭᠡ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠣᠷᠣᠭᠤᠯᠤᠨ ᠠᠪᠴᠢᠷᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ  ᠴᠢᠳᠠᠪᠤᠷᠢᠲᠠᠨ ᠤ ᠡᠩᠨᠡᠭᠡ ᠶᠢᠨ ᠬᠡᠪ ᠴᠢᠨᠠᠷ ᠢ ᠦᠨᠡᠨ ᠬᠦ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ