︵ᠳᠥᠷᠪᠡ︶ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | 10. ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠳᠦᠷᠢᠮᠵᠢᠭᠰᠡᠨ ᠪᠠᠶᠢᠭᠤᠯᠤᠯᠲᠠ ᠶᠢ ᠠᠬᠢᠭᠤᠯᠤᠨ᠎ᠠ᠃ ᠬᠡᠷ ᠲᠡᠭᠡᠨ ᠰᠠᠭᠤᠬᠤ ᠪᠠ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠨᠠᠷᠢᠨ ᠳᠠᠩᠰᠠ ᠪᠠ ᠦᠢᠯᠡᠴᠢᠯᠡᠬᠡᠨ ᠤ ᠨᠥᠬᠦᠪᠥᠷᠢ ᠶᠢᠨ ᠲᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠬᠦᠷᠢᠶ᠎ᠡ ᠬᠡᠪᠴᠢᠶ᠎ᠡ᠂ ᠠᠭᠤᠯᠭ᠎ᠠ ᠪᠠ | ᠪᠠᠷᠢᠮᠵᠢᠶ᠎ᠠ ᠶᠢ ᠵᠦᠶ ᠵᠣᠬᠢᠰᠲᠠᠶ ᠵᠠᠭᠠᠭᠯᠠᠨ ᠲᠣᠭᠲᠠᠭᠠᠵᠤ᠂ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ | ᠵᠢᠷᠤᠮᠵᠢᠭᠰᠠᠨ ᠬᠦᠭᠵᠢᠯᠲᠡ ᠶᠢ ᠠᠬᠢᠭᠤᠯᠤᠨ᠎ᠠ︔ ᠤᠨᠴᠠ ᠬᠦᠴᠢᠷᠳᠡᠯᠲᠡᠶ ᠨᠠᠰᠤᠲᠠᠶᠢᠴᠤᠳ ᠤᠨ ᠴᠢᠳᠠᠪᠤᠷᠢ ᠶᠢ ᠦᠨᠡᠯᠡᠨ ᠵᠢᠱᠢᠬᠦ ᠳᠦᠷᠢᠮ ᠢ ᠪᠠᠶᠢᠭᠤᠯᠵᠤ᠂ | ᠵᠠᠰᠠᠭ ᠤᠨ ᠣᠷᠳᠣᠨ ᠤ ᠬᠤᠳᠠᠯᠳᠤᠨ ᠠᠪᠬᠤ ᠦᠢᠯᠡᠴᠢᠯᠡᠭᠡ ᠶᠢᠨ ᠠᠷᠭ᠎ᠠ ᠮᠠᠶ᠋ᠢᠭ ᠢ ᠬᠡᠷᠡᠭᠯᠡᠨ᠂ ᠲᠤᠰᠬᠠᠶ ᠦᠨᠡᠯᠡᠨ ᠵᠢᠱᠢᠬᠦ ᠪᠠᠶᠢᠭᠤᠯᠤᠮᠵᠢ ᠶᠢ ᠣᠷᠣᠭᠤᠯᠤᠨ | ᠠᠪᠴᠢᠷᠠᠵᠤ᠂ ᠣᠨᠴᠠ ᠬᠦᠴᠢᠷᠳᠡᠯᠲᠡᠶ ᠡᠲᠡᠭᠡᠳ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠨᠠᠰᠤᠲᠠᠶᠢᠴᠤᠳ᠂ ᠣᠷᠣᠯᠭ᠎ᠠ ᠪᠠᠭᠠᠲᠠᠶ ᠭᠡᠷ | ᠪᠦᠯᠢ ᠶᠢᠨ ᠥᠨᠳᠥᠷ ᠨᠠᠰᠤᠲᠠᠶ᠂ ᠬᠦᠨᠳᠦ ᠵᠡᠮᠳᠡᠭ᠂ ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠪᠠ ᠬᠠᠭᠠᠰ ᠠᠯᠳᠠᠭᠰᠠᠨ ᠨᠠᠰᠤᠲᠠᠶᠢᠴᠤᠳ᠂ ᠲᠥᠯᠥᠪᠯᠡᠭᠡᠲᠦ | ᠦᠷᠡᠵᠢᠯ ᠤᠨ ᠤᠨᠴᠠᠭᠠᠢ ᠭᠡᠷ ᠪᠦᠯᠢ ᠶᠢᠨ ᠨᠠᠰᠤᠲᠠᠶᠢᠴᠤᠳ ᠪᠠ ᠵᠠᠰᠠᠭ ᠤᠨ ᠣᠷᠳᠣᠨ ᠤ ᠲᠣᠭᠲᠠᠭᠠᠭᠰᠠᠨ ᠪᠤᠰᠤᠳ ᠨᠠᠰᠤᠲᠠᠶᠢᠴᠤᠳ ᠲᠤ ᠬᠠᠷᠠᠭᠠᠯᠵᠠᠬᠤ ᠬᠡᠷᠡᠭᠴᠡᠭᠡ | ᠱᠠᠭᠠᠷᠳᠠᠯᠭ᠎ᠠ ᠶᠢᠨ ᠦᠨᠡᠯᠡᠨ ᠵᠢᠱᠢᠯᠲᠡ ᠥᠷᠨᠢᠭᠦᠯᠵᠦ᠂ ᠭᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ | ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ᠂ ᠤᠨᠤᠴᠠᠲᠠᠢ ᠦᠢᠯᠡᠴᠢᠯᠡᠭᠡ ᠪᠠ ᠵᠠᠰᠠᠭ ᠤᠨ ᠣᠷᠳᠣᠨ ᠤ ᠨᠥᠬᠦᠪᠥᠷᠢ ᠦᠭᠭᠦᠯᠲᠡ ᠳᠤ ᠦᠨᠳᠦᠰᠦ ᠪᠠᠷᠢᠮᠲᠠ ᠬᠠᠩᠭᠠᠨ᠎ᠠ | ︔ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠬᠢᠨᠠᠯᠲᠠ ᠬᠠᠮᠢᠶᠠᠷᠤᠯᠲᠠ ᠶᠢᠨ ᠲᠦᠷᠢᠮ ᠢ | ᠲᠡᠭᠦᠯᠳᠡᠷᠵᠢᠭᠦᠯᠵᠦ᠂ ᠵᠥᠪᠰᠢᠶᠡᠷᠡᠨ ᠣᠷᠣᠭᠤᠯᠬᠤ᠂ ᠪᠤᠴᠠᠭᠠᠨ ᠭᠠᠷᠭᠠᠬᠤ ᠪᠠ ᠬᠠᠷᠢᠭᠤᠴᠠᠯᠭ᠎ᠠ ᠶᠢᠨ ᠲᠦᠷᠢᠮ ᠢ ᠲᠣᠭᠲᠠᠭᠠᠨ ᠲᠡᠭᠦᠯᠳᠡᠷᠵᠢᠭᠦᠯᠵᠦ᠂ ᠬᠡᠷ ᠲᠡᠭᠡᠨ | ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠬᠦ ᠶᠢ ᠠᠬᠢᠭᠤᠯᠤᠨ᠎ᠠ᠃ | ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠵᠡᠮᠳᠡᠭᠴᠦᠳ ᠤᠨ ᠬᠤᠯᠪᠣᠭᠠᠲᠤ ᠬᠤᠷᠠᠯ︶᠃ | 11. ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠶᠢ | ᠪᠠᠶᠢᠭᠤᠯᠵᠤ᠂ ᠠᠵᠢᠯ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠪᠣᠯᠤᠨ ︽ᠬᠤᠶᠠᠷ ᠢ ᠲᠠᠰᠢᠷᠠᠮ ᠳᠤ ᠨᠢ ᠰᠤᠭᠤᠴᠢᠵᠤ᠂ ᠨᠢᠭᠡ ᠶᠢ ᠢᠯᠡ | ᠪᠣᠯᠭᠠᠬᠤ︾ ᠠᠵᠢᠯ ᠤᠨ ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠡᠷ ᠲᠡᠭᠡᠨ ᠰᠠᠭᠤᠬᠤ ᠨᠡᠶᠢᠬᠡᠮ ᠲᠤᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠬᠡᠨ ᠤ ᠬᠠᠮᠢᠶ᠎ᠠ ᠪᠥᠬᠦᠶ ᠪᠠᠶᠢᠭᠤᠯᠤᠮᠵᠢ ᠶᠢᠨ ᠳᠡᠩᠰᠡᠯᠡᠨ ᠲᠡᠮᠳᠡᠭᠯᠡᠭᠰᠡᠨ ᠮᠡᠳᠡᠭᠡ ᠵᠠᠩᠭᠢ ᠶᠢ ᠬᠠᠮᠲᠤᠪᠠᠷ ᠬᠦᠷᠲᠡᠨ᠎ᠡ᠃ ᠭᠡᠷ ᠲᠡᠭᠡᠨ ᠰᠠᠭᠤᠬᠤ ᠨᠡᠶᠢᠬᠡᠮ | ᠲᠤᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠵᠣᠬᠢᠶᠠᠨ ᠪᠠᠶᠢᠭᠤᠯᠤᠯᠲᠠ ᠵᠢᠴᠢ ᠠᠵᠢᠯᠯᠠᠭᠰᠠᠳ ᠤᠨ ᠢᠲᠡᠭᠡᠮᠵᠢ ᠠᠯᠳᠠᠭᠰᠠᠨ ︽ᠬᠠᠷ᠎ᠠ ᠳᠠᠩᠰᠠ︾ | ᠶᠢᠨ ᠳᠦᠷᠢᠮ ᠢ ᠪᠠᠶᠢᠭᠤᠯᠵᠤ᠂ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠥᠷᠨᠢᠭᠦᠯᠦᠨ᠎ᠡ᠃ | ᠨᠠᠰᠤᠲᠠᠶᠢᠴᠤᠳ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠪᠠ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠴᠡᠭᠴᠡᠯᠡᠨ ᠵᠠᠰᠠᠬᠤ ᠠᠵᠢᠯ ᠢ | ᠴᠢᠩᠭᠠᠳᠬᠠᠵᠤ᠂ ᠨᠠᠰᠤᠲᠠᠶᠢᠴᠤᠳ ᠤᠨ ᠮᠡᠬᠡᠯᠡᠯ ᠢ ᠲᠠᠨᠢᠵᠤ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠡᠯ᠎ᠡ | ᠲᠥᠷᠥᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠢ | ᠬᠢᠨᠠᠨ ᠰᠢᠨᠵᠢᠵᠦ ᠵᠠᠳᠠᠯᠬᠤ ᠪᠠ ᠬᠥᠭᠵᠢᠭᠦᠯᠬᠦ ᠶᠢ ᠦᠨᠡᠯᠡᠬᠦ ᠲᠣᠭᠲᠠᠴᠠ ᠶᠢ ᠪᠠᠶᠢᠭᠤᠯᠵᠤ᠂ ᠪᠦᠷᠢᠳᠬᠡᠨ ᠵᠠᠳᠠᠯᠬᠤ᠂ ᠮᠡᠳᠡᠭᠡ ᠵᠠᠩᠭᠢ ᠶᠢ ᠢᠯᠡ ᠪᠣᠯᠭᠠᠬᠤ᠂ | ᠲᠥᠷᠥ ᠶᠢᠨ ᠪᠣᠳᠣᠯᠭ᠎ᠠ ᠪᠠᠷ ᠵᠢᠯᠣᠭᠤᠳᠬᠤ ᠵᠡᠷᠭᠡ ᠠᠵᠢᠯ ᠢ ᠴᠠᠭ ᠲᠤᠬᠠᠶ ᠳᠤᠨᠢ ᠰᠠᠶᠢᠲᠤᠷ ᠬᠢᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠷᠠᠳ ᠤᠨ | ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ︶᠃ |