ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠬᠤᠲᠠ ᠶᠢᠨ ᠵᠠᠰᠠᠭ ᠤᠨ ᠣᠷᠳᠣᠨ ᠬᠡᠷ ᠲᠡᠭᠡᠨ ᠰᠠᠭᠤᠬᠤ ᠪᠠ | ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠢ ᠲᠦᠷᠭᠡᠳᠬᠡᠨ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ︵ | ᠳᠠᠭᠠᠯᠳᠤᠭᠤᠯᠤᠯ ᠢ ᠦᠵᠡ︶ ᠪᠠᠶᠢᠭᠤᠯᠵᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠭᠰᠡᠨ ᠬᠡᠷ ᠲᠡᠭᠡᠨ ᠰᠠᠭᠤᠬᠤ ᠪᠠ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠠᠵᠢᠯ ᠤᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠤᠨ᠎ᠠ᠃ ᠡᠯ᠎ᠡ ᠬᠤᠰᠢᠭᠤ ᠬᠤᠲᠠ | ᠲᠣᠭᠤᠷᠢᠭ ᠤᠳᠤᠷᠢᠳᠬᠤ ᠳᠤᠭᠤᠶᠢᠯᠠᠩ ᠪᠠ ᠬᠠᠮᠲᠤᠷᠠᠭᠰᠠᠨ ᠬᠤᠷᠠᠯ ᠤᠨ ᠲᠦᠷᠢᠮ ᠢ ᠵᠣᠬᠢᠴᠠᠩᠭᠤᠶ ᠪᠠᠷ ᠪᠠᠶᠢᠭᠤᠯᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ ᠬᠤᠯᠪᠣᠭᠳᠠᠯ ᠪᠦᠬᠦᠢ | ᠰᠠᠯᠠᠭ᠎ᠠ ᠮᠥᠴᠢᠷ ︵ᠨᠢᠭᠡᠴᠢ︶ ᠨᠢ ᠭᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠠᠵᠢᠯ ᠢ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠵᠤ᠂ ᠵᠢᠯᠣᠭᠤᠳᠣᠯᠭ᠎ᠠ ᠶᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ | ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠬᠥᠭᠵᠢᠯᠲᠡ ᠶᠢ ᠠᠬᠢᠭᠤᠯᠬᠤ ᠬᠠᠮᠲᠤᠷᠠᠯ ᠬᠦᠴᠦᠨ ᠢ | ᠪᠦᠷᠢᠯᠳᠦᠭᠦᠯᠦᠨ᠎ᠡ᠃ | ︵ᠬᠤᠶᠠᠷ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠤᠨ᠎ᠠ᠃ ᠡᠯ᠎ᠡ ᠬᠤᠰᠢᠭᠤ ᠬᠤᠲᠠ ᠲᠣᠭᠤᠷᠢᠭ᠂ ᠬᠤᠯᠪᠣᠭᠳᠠᠯ ᠪᠥᠬᠦᠶ ᠰᠠᠯᠠᠭ᠎ᠠ ᠮᠥᠴᠢᠷ ︵ | ᠨᠢᠭᠡᠴᠢ︶ ᠨᠢ ᠬᠡᠷ ᠲᠡᠭᠡᠨ ᠰᠠᠭᠤᠬᠤ ᠨᠡᠶᠢᠬᠡᠮ ᠲᠤᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠠᠵᠢᠯ ᠢ ᠪᠠᠶᠢᠴᠠᠭᠠᠨ ᠵᠢᠯᠣᠭᠤᠳᠬᠤ ᠪᠠᠨ | ᠴᠢᠩᠭᠠᠳᠬᠠᠵᠤ᠂ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠷᠢᠭᠤᠴᠠᠯᠭᠠᠲᠤ ᠨᠢᠭᠡᠴᠢ ᠪᠠ ᠣᠯᠠᠨ ᠨᠡᠶᠢᠲᠡ ᠶᠢᠨ | ᠦᠢᠯᠡᠴᠢᠯᠡᠬᠡᠨ ᠤ ᠠᠵᠢᠯ ᠲᠥᠷᠥᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠦᠴᠦᠯᠡᠨ ᠠᠬᠢᠭᠤᠯᠵᠤ᠂ ᠨᠠᠰᠤᠲᠠᠶᠢᠴᠤᠳ ᠲᠤ ᠴᠢᠨᠠᠷ ᠰᠠᠶᠢᠲᠠᠶ | ᠦᠢᠯᠡᠴᠢᠯᠡᠭᠡ ᠬᠠᠩᠭᠠᠨ᠎ᠠ᠃ | ︵ᠭᠤᠷᠪᠠ︶ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠬᠦᠯᠦᠨ᠎ᠡ᠃ ᠡᠯ᠎ᠡ ᠬᠤᠰᠢᠭᠤ ᠬᠤᠲᠠ ᠲᠣᠭᠤᠷᠢᠭ᠂ ᠬᠤᠯᠪᠣᠭᠳᠠᠯ ᠪᠥᠬᠦᠶ ᠰᠠᠯᠠᠭ᠎ᠠ ᠮᠥᠴᠢᠷ ︵ | ᠨᠢᠭᠡᠴᠢ︶ ᠨᠢ ᠬᠡᠷ ᠲᠡᠭᠡᠨ ᠰᠠᠭᠤᠬᠤ ᠪᠠ ᠨᠡᠶᠢᠬᠡᠮ ᠲᠤᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ | ᠥᠷᠭᠡᠨ ᠢᠶᠠᠷ ᠤᠬᠠᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠠᠬᠢᠭᠤᠯᠤᠨ᠂ ᠬᠡᠷ ᠲᠡᠭᠡᠨ ᠰᠠᠭᠤᠬᠤ | ᠨᠡᠶᠢᠬᠡᠮ ᠲᠤᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠬᠦᠷᠢᠶᠡᠨ ᠳᠤ ᠴᠣᠯᠭᠤᠷᠠᠨ ᠭᠠᠷᠤᠭᠰᠠᠨ ᠡᠯ᠎ᠡ ᠱᠠᠲᠤᠨ ᠤ ᠡᠯ᠎ᠡ ᠲᠥᠷᠥᠯ ᠤᠨ | ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠬᠡᠪᠡᠷ ᠰᠣᠩᠭᠤᠨ ᠪᠣᠶ ᠪᠣᠯᠭᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠠᠵᠢᠯ ᠢ ᠪᠥᠬᠦ ᠨᠡᠶᠢᠭᠡᠮ ᠢᠶᠠᠷ ᠢᠶᠠᠨ | ᠬᠠᠯᠠᠮᠵᠢᠯᠠᠬᠤ᠂ ᠳᠡᠮᠵᠢᠬᠦ᠂ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠨ᠎ᠠ᠃ | ᠳᠠᠭᠠᠯᠳᠤᠭᠤᠯᠤᠯ᠄ ᠬᠥᠯᠥᠨ ᠪᠤᠶᠢᠷ ᠬᠤᠲᠠ ᠶᠢᠨ ᠬᠡᠷ ᠲᠡᠭᠡᠨ ᠰᠠᠭᠤᠬᠤ ᠪᠠ ᠨᠡᠶᠢᠬᠡᠮ ᠲᠤᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ | ᠠᠵᠢᠯ ᠢ ᠲᠦᠷᠭᠡᠳᠬᠡᠨ ᠠᠬᠢᠭᠤᠯᠬᠤ ᠤᠳᠤᠷᠢᠳᠬᠤ ᠳᠤᠭᠤᠶᠢᠯᠠᠩ |