| | ᠬᠦᠯᠦᠨ ᠵᠠᠰᠠᠭ ᠦᠰᠦᠭ ︵2021︶ 16 ᠳ᠋ᠤᠭᠠᠷ ᠲᠣᠭᠠᠲᠤ | | ᠬᠦᠯᠦᠨ ᠪᠦᠢᠷ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠤᠭᠤᠯᠬᠤ ︵ᠪᠦᠯᠦᠭᠯᠡᠯᠲᠦ︶ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠄ | ᠲᠠᠨ ᠤ ᠺᠣᠮᠫᠠᠨᠢ ᠶᠢᠨ ︽ᠬᠦᠯᠦᠨ ᠪᠦᠢᠷ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢᠶᠠᠷ ᠲᠡᠳᠬᠦᠨ ᠬᠦᠭᠵᠢᠭᠦᠯᠬᠦ ᠰᠠᠭᠤᠷᠢ ᠮᠦᠩᠭᠦ ᠶᠢᠨ | ᠨᠡᠷ᠎ᠡ ᠶᠢ ᠬᠤᠪᠢᠷᠭᠠᠬᠤ ᠲᠣᠬᠠᠢ ᠡᠰᠢᠯᠡᠯᠲᠡ︾ ︵ᠬᠦᠯᠦᠨ ᠪᠦᠲᠦᠭᠡᠨ ᠣᠷᠤᠭᠤᠯᠤᠯᠲᠠ ᠦᠰᠦᠭᠲᠦ ﹇2020﹈101 ᠳ᠋ᠦ᠋ᠭᠡᠷ ᠲᠣᠭᠠᠲᠤ︶ ᠶᠢ ᠬᠤᠷᠢᠶᠠᠨ ᠠᠪᠤᠯ᠎ᠠ᠃ | ᠰᠣᠳᠤᠯᠠᠬᠤ ᠪᠠᠷ ᠳᠠᠮᠵᠢᠭᠠᠳ ᠣᠳᠤ ᠳᠣᠤᠷᠠᠬᠢ ᠮᠡᠲᠦ ᠴᠣᠬᠤᠯᠠᠪᠤᠷᠢᠯᠠᠶ᠎ᠠ᠄ | ᠬᠦᠯᠦᠨ ᠪᠦᠢᠷ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠨ ᠬᠦᠭᠵᠢᠭᠦᠯᠬᠦ ᠰᠠᠭᠤᠷᠢ ᠮᠦᠩᠭᠦ ︵ᠬᠢᠵᠠᠭᠠᠷᠲᠤ | ᠬᠤᠷᠰᠢᠯ︶ ᠶᠢᠨ ᠨᠡᠷ᠎ᠡ ᠶᠢ ᠬᠦᠯᠦᠨ ᠪᠦᠢᠷ ᠤᠨ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠦᠭᠵᠢᠭᠦᠯᠬᠦ ᠰᠠᠭᠤᠷᠢ ᠮᠦᠩᠭᠦ | ︵ᠬᠢᠵᠠᠭᠠᠷᠲᠤ ᠬᠤᠷᠰᠢᠯ︶ ᠪᠣᠯᠭᠠᠨ ᠬᠤᠪᠢᠷᠭᠠᠬᠤ ᠶᠢ ᠵᠠᠷᠴᠢᠮ ᠳᠡᠭᠡᠷ᠎ᠡ ᠪᠠᠨ ᠵᠦᠪᠰᠢᠶᠡᠷᠡᠪᠡ᠃ ᠲᠠᠨ ᠤ ᠺᠣᠮᠫᠠᠨᠢ ᠬᠠᠮᠢᠶ᠎ᠠ ᠪᠦᠬᠦᠢ ᠳᠡᠰ ᠳᠠᠷᠠᠭᠠᠯᠠᠯ ᠶᠣᠰᠤᠭᠠᠷ ᠴᠢᠩᠭ᠎ᠠ | ᠵᠢᠷᠦᠮᠯᠡᠨ ᠭᠦᠢᠴᠡᠳᠬᠡᠬᠦ ᠬᠡᠷᠡᠭᠲᠡᠢ᠃ | | | 2021ᠣᠨ ᠤ 6 ᠰᠠᠷ᠎ᠠ ᠶᠢᠨ 5 ᠤ ᠡᠳᠦᠷ | ︵ᠲᠣᠰ ᠮᠡᠲ᠋ᠧᠷᠢᠶᠠᠯ ᠢ ᠢᠯᠡ ᠨᠡᠶᠢᠲᠡᠯᠡᠪᠡ︶ | |