ᠬᠠᠶᠢᠯᠠᠷ ᠲᠣᠭᠤᠷᠢᠭ ᠤᠨ ᠰᠢᠶᠠᠩ ᠶᠠᠩ ᠰᠤᠷᠭᠠᠭᠤᠯᠢ᠂ ᠲᠡᠮᠦᠷ ᠵᠠᠮ ᠤᠨ ᠨᠢᠭᠡᠳᠦᠭᠡᠷ ᠪᠠᠭ᠎ᠠ ᠰᠤᠷᠭᠠᠭᠤᠯᠢ ᠶᠢ ᠬᠠᠰᠤᠵᠤ ᠨᠡᠶᠢᠯᠡᠭᠦᠯᠬᠦ ᠶᠢ ᠵᠥᠪᠰᠢᠶᠡᠷᠡᠬᠦ ᠲᠤᠬᠠᠶ ᠬᠥᠯᠦᠨ ᠪᠥᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2021/8/17
                              ᠬᠥᠯᠦᠨ ᠵᠠᠰᠠᠭ ᠦᠰᠦᠭ  ﹇2021﹈ 25 ᠳ᠋ᠤᠭᠠᠷ ᠲᠤᠭᠠᠲᠤ ᠬᠠᠶᠢᠯᠠᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ᠄       ᠲᠠᠨ ᠤ ᠲᠣᠭᠤᠷᠢᠭ ᠤᠨ ᠳᠡᠭᠡᠭᠰᠢ ᠮᠡᠳᠡᠭᠦᠯᠦᠭᠰᠡᠨ ︽ᠬᠠᠶᠢᠯᠠᠷ ᠲᠣᠭᠤᠷᠢᠭ ᠤᠨ ᠰᠢᠶᠠᠩ ᠶᠠᠩ ᠰᠤᠷᠭᠠᠭᠤᠯᠢ᠂ ᠲᠡᠮᠤᠷ ᠵᠠᠮ ᠤᠨ ᠨᠢᠭᠡᠳᠦᠭᠡᠷ ᠪᠠᠭ᠎ᠠ ᠰᠤᠷᠭᠠᠭᠤᠯᠢ ᠶᠢ ᠬᠠᠰᠤᠵᠤ ᠨᠡᠶᠢᠯᠡᠭᠦᠯᠬᠦ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ︵ᠬᠠᠶᠢᠯᠠᠷ ᠵᠠᠰᠠᠭ ᠲᠠᠷᠬᠠᠭᠠᠭᠰᠠᠨ ﹇2021﹈ 33 ᠳ᠋ᠤᠭᠠᠷ ᠲᠣᠭᠠᠲᠤ︶ ᠶᠢ ᠬᠤᠷᠢᠶᠠᠨ ᠠᠪᠤᠯ᠎ᠠ᠂ ᠬᠤᠳᠠ ᠶᠢᠨ ᠵᠠᠰᠠᠭ ᠤᠨ ᠣᠷᠳᠣᠨ ᠰᠤᠳᠤᠯᠬᠤ ᠪᠠᠷ ᠳᠠᠮᠵᠢᠨ᠂  ᠡᠳᠦᠭᠡ ᠳᠣᠣᠷᠠᠬᠢ ᠮᠡᠲᠦ ᠴᠤᠬᠤᠯᠠᠪᠤᠷᠢᠯᠠᠶ᠎ᠠ᠄       ᠲᠠᠨ ᠤ ᠲᠣᠭᠤᠷᠢᠭ ᠤᠨ ᠬᠠᠷᠢᠶᠠᠨ ᠳᠠᠬᠢ ᠰᠢᠶᠠᠩ ᠶᠠᠩ ᠰᠤᠷᠭᠠᠭᠤᠯᠢ᠂ ᠲᠡᠮᠦᠷ ᠵᠠᠮ ᠤᠨ ᠨᠢᠭᠡᠳᠦᠭᠡᠷ ᠪᠠᠭ᠎ᠠ ᠰᠤᠷᠭᠠᠭᠤᠯᠢ ᠶᠢ ᠬᠠᠰᠤᠵᠤ ᠨᠡᠶᠢᠯᠡᠭᠦᠯᠬᠦ ᠲᠥᠯᠥᠪᠵᠢᠭᠦᠯᠭᠡ ᠶᠢ ᠵᠦᠪᠰᠢᠶᠡᠷᠡᠪᠡ᠃ ᠲᠠᠨ ᠤ ᠲᠣᠭᠤᠷᠢᠭ ᠤᠨ ᠬᠢᠨ ᠬᠠᠰᠤᠵᠤ ᠨᠡᠶᠢᠯᠡᠭᠦᠯᠬᠦ ᠠᠵᠢᠯ ᠢ ᠲᠤᠭᠲᠠᠪᠤᠷᠢᠲᠠᠢ ᠡᠮᠬᠢ ᠵᠢᠷᠤᠮ ᠲᠠᠢ ᠪᠠᠷ ᠠᠬᠢᠭᠤᠯᠵᠤ᠂ ᠣᠳᠤᠬᠢ ᠰᠤᠷᠭᠠᠭᠤᠯᠢ ᠳᠤ ᠪᠠᠶᠢᠭ᠎ᠠ ᠬᠥᠮᠦᠰ ᠢ ᠲᠣᠬᠢᠲᠠᠶ ᠰᠠᠯᠭᠠᠨ ᠲᠣᠬᠢᠷᠠᠭᠤᠯᠵᠤ᠂ ᠤᠤᠯ ᠤᠨ ᠰᠤᠷᠭᠠᠨ ᠬᠥᠮᠦᠵᠢᠯ ᠤᠨ ᠡᠳ᠋ ᠬᠥᠷᠦᠩᠭᠡ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠰᠢᠢᠳᠪᠦᠷᠢᠯᠡᠵᠦ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠶᠠᠰᠤ ᠴᠢᠨᠠᠷ ᠢ ᠠᠯᠬᠤᠮ ᠴᠢᠨᠠᠭᠰᠢᠳᠠ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃       ᠡᠭᠦᠨ ᠤ ᠲᠤᠯᠠ ᠲᠤᠰᠬᠠᠶᠢᠯᠠᠨ ᠴᠤᠬᠤᠯᠠᠪᠤᠷᠢᠯᠠᠪᠠ᠃                                        2021 ᠣᠨ ᠤ 8 ᠰᠠᠷ᠎ᠠ ᠶᠢᠨ 13 ᠤ ᠡᠳᠦᠷ       ︵ᠲᠣᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ