ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ︵ᠳᠦᠷᠪᠡ︶
ᠨᠡᠶᠢᠲᠡᠯᠡᠭᠰᠡᠨ ᠴᠠᠭ᠄
2021/8/17
      ᠳᠣᠯᠣᠳᠤᠭᠠᠷ ᠵᠦᠢᠯ  ᠡᠷᠡᠭᠦᠯ ᠬᠠᠮᠠᠭᠠᠯᠠᠯ ᠡᠷᠡᠭᠦᠯ ᠮᠡᠨᠳᠦ᠂ ᠲᠠᠷᠢᠶᠠᠯᠠᠩ ᠮᠠᠯ ᠠᠵᠤ ᠠᠬᠤᠶ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠠᠮᠢ ᠠᠬᠤᠶ ᠣᠷᠴᠢᠨ ᠲᠣᠭᠤᠷᠢᠨ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠤᠳ ᠢᠳᠡᠭᠡᠨ ᠤ ᠠᠮᠤᠷ ᠲᠦᠪᠰᠢᠨ ᠵᠢᠴᠢ ᠪᠤᠰᠤᠳ ᠬᠠᠤᠯᠢ ᠴᠠᠭᠠᠵᠠ ᠬᠠᠤᠯᠢ ᠲᠣᠭᠲᠠᠭᠠᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠶᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠶ᠃       ᠨᠠᠢᠮᠠᠳᠤᠭᠠᠷ ᠵᠦᠢᠯ  ᠲᠣᠮᠣ ᠬᠡᠯᠪᠡᠷᠢ ᠶᠢᠨ ᠢᠳᠡᠭᠡᠨ ᠤᠮᠳᠠᠭᠠᠨ ᠤ ᠦᠢᠯᠡᠴᠢᠯᠡᠬᠡᠨ ᠤ ᠨᠢᠭᠡᠴᠢ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠳᠤ ᠰᠢᠭᠤᠳ ᠦᠢᠯᠡᠴᠢᠯᠡᠭᠡ ᠬᠠᠩᠭᠠᠬᠤ ᠪᠤᠶᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠶᠢ ᠳᠠᠭᠠᠭᠠᠴᠢᠯᠠᠨ ᠭᠦᠢᠴᠡᠳᠬᠡᠭᠴᠢ ᠯᠦᠭᠡ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠶᠢ ᠬᠠᠮᠲᠤᠷᠠᠨ ᠡᠵᠡᠩᠨᠡᠬᠦ ᠶᠢ ᠵᠣᠷᠢᠭᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠡᠷᠬᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠶᠢᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃       ᠶᠢᠰᠦᠳᠦᠭᠡᠷ ᠵᠦᠢᠯ  ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠡᠷᠬᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠨᠢ ᠲᠡᠳᠡᠨ ᠤ ᠡᠳ᠋ᠰᠢᠭᠦᠯᠦᠭᠰᠡᠨ ᠢᠳᠡᠭᠡᠨ ᠤ ᠠᠮᠤᠷ ᠲᠦᠪᠰᠢᠨ ᠳᠤ ᠬᠠᠷᠢᠭᠤᠴᠠᠨ᠎ᠠ᠃       ᠡᠷᠬᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠨᠢ ᠬᠠᠤᠯᠢ ᠴᠠᠭᠠᠵᠠ ᠬᠠᠤᠯᠢ ᠲᠣᠭᠲᠠᠭᠠᠯ᠂ ᠢᠳᠡᠭᠡᠨ ᠤ  ᠠᠮᠤᠷ ᠲᠦᠪᠰᠢᠨ ᠤ ᠪᠠᠷᠢᠮᠵᠢᠶ᠎ᠠ ᠪᠣᠯᠤᠨ ᠲᠤᠰ ᠠᠷᠭ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠬᠤᠭᠤᠯᠠᠯᠠᠬᠤ ᠠᠵᠢᠯᠯᠠᠭ᠎ᠠ ᠶᠢ ᠡᠷᠬᠢᠯᠡᠵᠦ᠂ ᠢᠳᠡᠭᠡᠨ ᠤ ᠠᠮᠤᠷ ᠲᠦᠪᠰᠢᠨ ᠢ ᠪᠠᠲᠤᠯᠠᠨ᠂ ᠦᠨᠡᠨᠴᠢ ᠢᠲᠡᠭᠡᠮᠵᠢᠲᠡᠶ ᠪᠠᠷ ᠪᠡᠶ᠎ᠡ ᠪᠠᠨ ᠱᠠᠭᠠᠷᠳᠠᠵᠤ᠂ ᠨᠡᠶᠢᠭᠡᠮ ᠪᠣᠯᠤᠨ ᠣᠯᠠᠨ ᠨᠡᠶᠢᠲᠡ ᠳᠤ ᠬᠠᠷᠢᠭᠤᠴᠠᠨ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠵᠦ᠂ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ