ᠬᠤᠶᠠᠳᠤᠭᠠᠷ ᠪᠦᠯᠦᠭ ᠬᠠᠮᠢᠶᠠᠷᠤᠯᠲᠠ ᠶᠢᠨ ᠳᠦᠷᠢᠮ | ᠠᠷᠪᠠᠳᠤᠭᠠᠷ ᠵᠦᠢᠯ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠶᠢ ᠡᠷᠬᠢᠯᠡᠨ ᠭᠦᠢᠴᠡᠳᠬᠡᠭᠴᠢ ᠪᠠ ᠳᠠᠭᠠᠭᠠᠴᠢᠯᠠᠨ | ᠭᠦᠢᠴᠡᠳᠬᠡᠭᠴᠢ ᠶᠢᠨ ᠬᠤᠭᠤᠷᠣᠨᠳᠣ᠂ ᠳᠠᠭᠠᠭᠠᠴᠢᠯᠠᠨ ᠭᠦᠢᠴᠡᠳᠭᠡᠭᠴᠢ ᠪᠠ ᠨᠡᠭᠦᠳᠡᠯ ᠲᠣᠭᠤᠭᠠᠴᠢ ᠵᠡᠷᠭᠡ ᠠᠵᠢᠯᠯᠠᠭᠰᠠᠳ ᠤᠨ ᠬᠤᠭᠤᠷᠣᠨᠳᠣ ᠪᠠᠨ ᠬᠤᠭᠤᠯᠠᠯᠠᠬᠤ | ᠠᠮᠤᠷ ᠲᠦᠪᠰᠢᠨ ᠤ ᠬᠠᠷᠢᠭᠤᠴᠠᠯᠭ᠎ᠠ ᠶᠢ ᠦᠨᠡᠨ ᠬᠦ ᠪᠠᠲᠤᠯᠠᠬᠤ ᠵᠡᠷᠭᠡ ᠠᠭᠤᠯᠭ᠎ᠠ ᠪᠦᠬᠦᠢ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ | ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠵᠥᠪᠯᠡᠯᠴᠡᠭᠡᠷ ᠤᠨ ᠪᠢᠴᠢᠭ︾ ︵ᠳᠠᠭᠠᠯᠳᠤᠭᠤᠯᠤᠯ | 4︶ ᠲᠣᠭᠲᠠᠵᠤ᠂ ᠲᠣᠰ ᠲᠣᠰ ᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠪᠠᠨ ᠲᠣᠳᠣᠷᠬᠠᠶᠢᠯᠠᠨ ᠨᠠᠷᠢᠯᠢᠬᠵᠢᠭᠤᠯᠬᠤ ᠶᠢ ᠵᠣᠷᠢᠭᠵᠢᠭᠤᠯᠤᠨ᠎ᠠ᠃ | ᠠᠷᠪᠠᠨ | ᠨᠢᠭᠡᠳᠦᠭᠡᠷ ᠵᠦᠢᠯ ᠡᠷᠬᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠨᠢ ᠤᠬᠠᠮᠰᠠᠷ ᠠᠴᠠ ᠪᠠᠨ ᠬᠠᠮᠲᠤ ᠶᠢᠨ ᠴᠤᠭᠯᠠᠷᠠᠨ ᠬᠤᠭᠤᠯᠠᠯᠠᠬᠤ ᠠᠴᠠ 3 | ᠡᠳᠦᠷ ᠤᠨ ᠡᠮᠦᠨ᠎ᠡ ᠲᠤᠬᠠᠢ ᠶᠢᠨ ᠰᠤᠮᠤ ᠰᠢᠶᠠᠩ ᠪᠠᠯᠭᠠᠰᠤ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠦᠯᠬᠦ ᠶᠢᠨ ᠬᠠᠮᠲᠤ ︽ | ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠭᠤᠶᠤᠴᠢᠯᠠᠨ ᠮᠡᠳᠡᠭᠦᠯᠵᠦ ᠪᠦᠷᠢᠳᠬᠡᠨ | ᠳᠠᠩᠰᠠᠯᠠᠭᠤᠯᠬᠤ ᠬᠦᠰᠦᠨᠦᠭᠲᠦ︾ ︵ᠳᠠᠭᠠᠯᠳᠤᠭᠤᠯᠤᠯ 1︶ ᠶᠢ ᠲᠠᠭᠯᠠᠬᠤ ᠬᠡᠷᠡᠭᠲᠡᠶ᠃ | ᠠᠷᠪᠠᠨ ᠬᠤᠶᠠᠳᠤᠭᠠᠷ ᠵᠦᠢᠯ ᠭᠤᠶᠤᠴᠢᠯᠠᠨ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠭᠤᠤᠯ ᠠᠭᠤᠯᠭ᠎ᠠ ᠳᠤ ᠬᠠᠮᠲᠤ ᠶᠢᠨ ᠴᠤᠭᠯᠠᠷᠠᠨ ᠬᠤᠭᠤᠯᠠᠯᠠᠬᠤ ᠶᠢ | ᠡᠷᠬᠢᠯᠡᠨ ᠭᠦᠢᠴᠡᠳᠬᠡᠭᠴᠢ ︵ᠳᠠᠭᠠᠭᠠᠴᠢᠯᠠᠨ ᠭᠦᠢᠴᠡᠳᠬᠡᠭᠴᠢ︶ ᠶᠢᠨ ᠣᠪᠣᠭ ᠨᠡᠷ᠎ᠡ᠂ ᠰᠠᠭᠤᠭ᠎ᠠ ᠭᠠᠵᠠᠷ᠂ ᠬᠠᠷᠢᠯᠴᠠᠬᠤ ᠠᠷᠭ᠎ᠠ ᠮᠠᠶ᠋ᠢᠭ᠂ ᠡᠷᠬᠢᠯᠡᠨ ᠭᠦᠢᠴᠡᠳᠬᠡᠭᠦ | ᠤᠴᠢᠷ ᠰᠢᠯᠳᠠᠭᠠᠨ᠂ ᠡᠷᠬᠢᠯᠡᠨ ᠭᠦᠢᠴᠡᠳᠬᠡᠭᠦ ᠭᠠᠵᠠᠷ᠂ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠡᠳᠦᠷ ᠬᠤᠭᠤᠴᠠᠭ᠎ᠠ᠂ ᠨᠣᠭᠤᠭ᠎ᠠ ᠵᠠᠭᠤᠰᠢ ᠶᠢᠨ | ᠨᠠᠷᠢᠨ ᠳᠠᠩᠰᠠ ︵ᠠᠷᠢᠬᠢ ᠤᠰᠤ ᠪᠠᠭᠲᠠᠨ᠎ᠠ︶᠂ ᠪᠡᠯᠡᠳᠬᠡᠮᠵᠢ ᠲᠥᠬᠦᠭᠡᠷᠦᠮᠵᠢ᠂ ᠤᠷᠢᠳᠴᠢᠯᠠᠨ ᠵᠢᠱᠢᠭᠰᠡᠨ ᠬᠠᠮᠲᠤ ᠶᠢᠨ ᠴᠤᠭᠯᠠᠷᠠᠨ ᠬᠤᠭᠤᠯᠠᠯᠠᠬᠤ ᠬᠥᠮᠦᠨ ᠤ | ᠲᠤᠭ᠎ᠠ ᠵᠢᠴᠢ ᠨᠡᠭᠦᠳᠡᠯ ᠲᠣᠭᠤᠭᠠᠴᠢ ᠶᠢᠨ ᠣᠪᠣᠭ ᠨᠡᠷ᠎ᠡ᠂ ᠰᠠᠭᠤᠭ᠎ᠠ ᠭᠠᠵᠠᠷ᠂ ᠬᠠᠷᠢᠯᠴᠠᠬᠤ ᠠᠷᠭ᠎ᠠ ᠮᠠᠶ᠋ᠢᠭ ᠵᠡᠷᠭᠡ ᠠᠭᠤᠯᠭ᠎ᠠ ᠶᠢ ᠪᠠᠭᠲᠠᠭᠠᠨ᠎ᠠ᠃ |