ᠯᠠᠨ ᠽᠧ ᠵᠢᠤᠢ ᠰᠠᠭᠤᠭᠠᠯᠢ ᠲᠣᠭᠤᠷᠢᠭ ᠤᠨ ᠬᠤᠶᠠᠳᠤᠭᠠᠷ ᠬᠤᠭᠤᠴᠠᠭᠠᠲᠤ ︵ᠲᠦᠷ ᠰᠠᠭᠤᠬᠤ ᠭᠡᠷ︶ ᠶᠢ ᠲᠥᠯᠥᠪᠦᠷᠢ ᠦᠭᠡᠢ ᠪᠠᠷ ᠬᠤᠪᠢᠶᠠᠷᠢᠯᠠᠨ ᠰᠢᠯᠵᠢᠭᠦᠯᠬᠦ ᠶᠢ ᠵᠥᠪᠰᠢᠶᠡᠷᠡᠬᠦ ᠲᠤᠬᠠᠶ ᠬᠥᠯᠦᠨ ᠪᠥᠢᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2021/8/18
                             ᠬᠦᠯᠦᠨ ᠵᠠᠰᠠᠭ ᠦᠰᠦᠭ ︹2021︺ 22 ᠳ᠋ᠤᠭᠠᠷ ᠲᠤᠭᠠᠲᠤᠬᠥᠯᠦᠨ ᠪᠥᠢᠷ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ︵ᠪᠦᠯᠦᠭᠯᠡᠯ︶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠄       ᠲᠠᠨ ᠤ ᠺᠣᠮᠫᠠᠨᠢ ᠶᠢᠨ ︽ᠯᠠᠨ ᠽᠧ ᠵᠢᠤᠢ ᠰᠠᠭᠤᠭᠠᠯᠢ ᠲᠣᠭᠤᠷᠢᠭ ᠤᠨ ᠬᠤᠶᠠᠳᠤᠭᠠᠷ ᠬᠤᠭᠤᠴᠠᠭᠠᠲᠤ ︵ᠲᠦᠷ ᠰᠠᠭᠤᠬᠤ ᠭᠡᠷ︶ ᠶᠢ ᠲᠥᠯᠥᠪᠦᠷᠢ ᠦᠭᠡᠢ ᠪᠠᠷ ᠬᠤᠪᠢᠶᠠᠷᠢᠯᠠᠨ ᠰᠢᠯᠵᠢᠭᠦᠯᠬᠦ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ︵ᠬᠦᠯᠦᠨ ᠪᠦᠲᠦᠭᠡᠨ ᠤᠷᠤᠭᠤᠯᠤᠯᠲᠠ ᠦᠰᠦᠭᠲᠦ ﹇2021﹈ 120 ᠳ᠋ᠤᠭᠠᠷ ᠲᠣᠭᠠᠲᠤ︶ ᠶᠢ ᠬᠤᠷᠢᠶᠠᠨ ᠠᠪᠤᠯ᠎ᠠ᠂ ᠰᠤᠳᠤᠯᠬᠤ ᠪᠠᠷ ᠲᠠᠮᠵᠢᠨ ᠡᠳᠦᠭᠡ ᠳᠣᠣᠷᠠᠬᠢ ᠮᠡᠲᠦ ᠴᠤᠬᠤᠯᠠᠪᠤᠷᠢᠯᠠᠶ᠎ᠠ᠄       ᠨᠢᠭᠡ᠂ ᠯᠠᠨ ᠽᠧ ᠵᠢᠤᠢ ᠰᠠᠭᠤᠭᠠᠯᠢ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠣᠳᠠᠲᠠᠶ ᠪᠡᠯᠡ ᠤᠷᠤᠭᠤᠯᠬᠤ ᠵᠢᠴᠢ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠲᠠᠢ ᠤᠶᠠᠯᠳᠤᠭᠤᠯᠤᠨ᠂ ᠤᠯᠤᠰ ᠤᠨ ᠥᠮᠴᠢᠯᠡᠯᠲᠦ ᠡᠳ᠋ ᠬᠥᠷᠦᠩᠭᠡ ᠶᠢᠨ ᠥᠷᠲᠡᠭ ᠢ ᠪᠠᠲᠤᠯᠠᠨ ᠨᠡᠮᠡᠭᠳᠡᠭᠦᠯᠬᠦ ᠶᠢ ᠪᠠᠲᠤᠯᠠᠬᠤ ᠶᠢᠨ ᠲᠥᠯᠥᠭᠡ᠂ ᠯᠠᠨ ᠽᠧ ᠵᠢᠤᠢ ᠰᠠᠭᠤᠭᠠᠯᠢ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠭᠡᠷ ᠬᠦᠷᠦᠩᠭᠡ ᠵᠢᠴᠢ ᠭᠠᠵᠠᠷ ᠰᠢᠷᠣᠢ ᠶᠢ ᠬᠥᠯᠦᠨ ᠪᠥᠢᠷ ᠬᠤᠳᠠ ᠶᠢᠨ ᠵᠢᠶᠠᠨ ᠰᠢᠨ ᠭᠡᠷ ᠭᠠᠵᠠᠷ ᠬᠥᠷᠦᠩᠭᠡ ᠨᠡᠭᠡᠭᠡᠨ ᠬᠦᠭᠵᠢᠭᠦᠯᠦᠯᠳᠡ ᠶᠢᠨ ᠬᠢᠵᠠᠭᠠᠷᠲᠤ ᠺᠣᠮᠫᠠᠨᠢ ᠠᠴᠠ ᠬᠥᠯᠦᠨ ᠪᠥᠢᠷ ᠤᠨ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ︵ᠪᠦᠯᠦᠭᠯᠡᠯ︶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠦᠬᠦ ᠬᠥᠷᠦᠩᠭᠡ ᠶᠢᠨ ᠤᠷᠤᠭᠤᠯᠤᠯᠲᠤ ᠳᠠᠭᠠᠯᠲᠠ ᠺᠤᠮᠫᠠᠨᠢ ᠬᠥᠯᠦᠨ ᠪᠥᠢᠷ ᠤᠨ ᠬᠤᠳᠠ ᠶᠢᠨ ᠪᠦᠳᠦᠭᠡᠨ ᠪᠠᠶᠢᠭᠤᠯᠤᠯᠲᠠ ︵ᠪᠦᠯᠦᠭᠯᠡᠯ︶ ᠶᠢᠨ ᠭᠡᠷ ᠭᠠᠵᠠᠷ ᠬᠥᠷᠦᠩᠭᠡ ᠶᠢᠨ ᠨᠡᠭᠡᠭᠡᠨ ᠬᠦᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠳᠤ ᠲᠥᠯᠥᠪᠦᠷᠢ ᠦᠭᠡᠢ ᠪᠠᠷ ᠬᠤᠪᠢᠶᠠᠷᠢᠯᠠᠨ ᠰᠢᠯᠵᠢᠭᠦᠯᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃       ᠬᠤᠶᠠᠷ᠂ ᠲᠠᠨ ᠤ ᠺᠣᠮᠫᠠᠨᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠯᠴᠠᠵᠤ᠂ ᠤᠯᠤᠰ ᠤᠨ ᠥᠮᠴᠢᠯᠡᠯᠲᠦ ᠡᠳ᠋ ᠬᠥᠷᠦᠩᠭᠡ ᠶᠢ ᠬᠤᠪᠢᠶᠠᠷᠢᠯᠠᠨ ᠰᠢᠯᠵᠢᠭᠦᠯᠬᠦ ᠬᠠᠮᠢᠶ᠎ᠠ ᠪᠥᠬᠦᠶ ᠲᠠᠰ ᠳᠠᠷᠠᠭᠠᠯᠠᠯ ᠢ ᠴᠢᠩᠭ᠎ᠠ ᠭᠦᠢᠴᠡᠳᠬᠡᠬᠦ ᠶᠢᠨ ᠬᠠᠮᠲᠤ᠂ ᠥᠮᠴᠢᠯᠡᠬᠦ ᠡᠷᠬᠡ ᠶᠢᠨ ᠰᠢᠯᠵᠢᠭᠦᠯᠦᠨ ᠳᠠᠩᠰᠠᠯᠠᠭᠤᠯᠬᠤ ᠶᠢ ᠲᠦᠷᠭᠡᠬᠡᠨ ᠪᠡᠶᠡᠯᠡᠭᠦᠯᠬᠦ ᠬᠡᠷᠡᠭᠲᠡᠶ᠃       ᠭᠤᠷᠪᠠ᠂ ᠲᠣᠰ ᠤᠳᠠᠭᠠᠨ ᠤ ᠤᠯᠤᠰ ᠤᠨ ᠥᠮᠴᠢᠯᠡᠯᠲᠦ ᠡᠳ᠋ ᠬᠥᠷᠦᠩᠭᠡ ᠶᠢ ᠬᠤᠪᠢᠶᠠᠷᠢᠯᠠᠨ ᠰᠢᠯᠵᠢᠭᠦᠯᠵᠦ ᠳᠠᠭᠤᠰᠬᠠᠭᠰᠠᠨ ᠤ ᠳᠠᠷᠠᠭ᠎ᠠ᠂ ᠲᠠᠨ ᠤ ᠺᠣᠮᠫᠠᠨᠢ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠭ᠎ᠠ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠯᠠᠨ ᠽᠧ ᠵᠢᠤᠢ ᠰᠠᠭᠤᠭᠠᠯᠢ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠪᠣᠷᠣᠯᠠᠭᠤᠯᠭ᠎ᠠ ᠬᠢᠷᠢ ᠬᠡᠮ ᠢ ᠲᠦᠷᠭᠡᠨ ᠤᠯᠬᠤ ᠶᠢᠨ ᠬᠠᠮᠲᠤ᠂ ᠪᠣᠷᠣᠯᠠᠭᠤᠯᠭ᠎ᠠ ᠶᠢᠨ ᠵᠥᠪᠰᠢᠶᠡᠷᠡᠯ ᠢ ᠣᠯᠤᠭᠰᠠᠨ ᠤ ᠳᠠᠷᠠᠭ᠎ᠠ᠂ ᠴᠠᠭ ᠲᠤᠬᠠᠶ ᠳᠤᠨᠢ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠯᠦᠭᠡ ᠬᠡᠷ ᠪᠠᠶᠢᠰᠢᠩ ᠬᠤᠳᠠᠯᠳᠤᠨ ᠠᠪᠬᠤ ᠭᠡᠷ᠎ᠡ ᠲᠣᠭᠲᠠᠵᠤ᠂ ᠬᠡᠪ ᠤᠨ ᠰᠢᠯᠵᠢᠭᠦᠯᠦᠨ ᠥᠭᠬᠦ ᠳᠡᠰ ᠳᠠᠷᠠᠭᠠᠯᠠᠯ ᠢ ᠭᠦᠢᠴᠡᠳᠬᠡᠵᠦ᠂ ᠤᠯᠤᠰ ᠤᠨ ᠥᠮᠴᠢᠯᠡᠯᠲᠦ ᠡᠳ᠋ ᠬᠥᠷᠦᠩᠭᠡ ᠶᠢᠨ ᠥᠷᠲᠡᠭ ᠢ ᠪᠠᠲᠤᠯᠠᠨ ᠨᠡᠮᠡᠭᠳᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃       ᠡᠭᠦᠨ ᠤ ᠲᠤᠯᠠ ᠲᠤᠰᠬᠠᠶᠢᠯᠠᠨ ᠴᠤᠬᠤᠯᠠᠪᠤᠷᠢᠯᠠᠪᠠ᠃                                   2021 ᠣᠨ ᠤ 7 ᠰᠠᠷ᠎ᠠ ᠶᠢᠨ 15 ᠤ ᠡᠳᠦᠷ       ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ