ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ︵ᠳᠤᠯᠤᠭ᠎ᠠ︶
ᠨᠡᠶᠢᠲᠡᠯᠡᠭᠰᠡᠨ ᠴᠠᠭ᠄
2021/8/18
      ᠠᠷᠪᠠᠨ ᠲᠠᠪᠤᠳᠤᠭᠠᠷ ᠵᠦᠢᠯ  ᠡᠷᠭᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠠᠴᠠ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ  ᠶᠢ ᠡᠷᠭᠢᠯᠡᠬᠦ ᠳᠤ ᠳᠤᠤᠷᠠᠬᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠄        ︵ᠨᠢᠭᠡ︶ ᠪᠣᠷᠣᠭᠠᠨ ᠢ ᠰᠡᠷᠭᠡᠶᠢᠯᠡᠬᠦ᠂ ᠲᠣᠭᠤᠰᠣ ᠶᠢ ᠰᠡᠷᠭᠡᠶᠢᠯᠡᠬᠦ᠂ ᠬᠤᠷᠣᠬᠠᠢ ᠶᠢ ᠰᠡᠷᠭᠡᠶᠢᠯᠡᠬᠦ᠂ ᠢᠯᠠᠭ᠎ᠠ ᠶᠢ ᠰᠡᠷᠭᠡᠶᠢᠯᠡᠬᠦ᠂ ᠬᠤᠯᠤᠭᠠᠨ᠎ᠠ ᠶᠢ ᠰᠡᠷᠭᠡᠶᠢᠯᠡᠬᠦ᠂ ᠪᠣᠬᠢᠷᠲᠤᠯ ᠢ ᠰᠡᠷᠭᠡᠶᠢᠯᠡᠬᠦ ᠵᠡᠷᠭᠡ ᠲᠥᠬᠦᠭᠡᠷᠦᠮᠵᠢ ᠵᠢᠴᠢ ᠨᠢᠭᠲᠠ ᠪᠢᠲᠡᠭᠦᠮᠵᠢᠯᠡᠭᠰᠡᠨ ᠬᠠᠶᠠᠭᠳᠠᠮᠠᠯ ᠪᠣᠳᠠᠰ ᠤᠨ ᠰᠠᠪᠠ ᠲᠠᠢ ᠪᠠᠶᠢᠬᠤ︔       ︵ᠬᠤᠶᠠᠷ︶ ᠪᠣᠯᠪᠠᠰᠤᠷᠠᠭᠤᠯᠬᠤ ᠭᠡᠵᠦ ᠪᠠᠶᠢᠭ᠎ᠠ ᠢᠳᠡᠭᠡᠨ ᠪᠣᠯᠤᠨ ᠰᠢᠭᠤᠳ ᠢᠳᠡᠬᠦ ᠢᠳᠡᠭᠡᠨ᠂ ᠲᠦᠭᠦᠬᠡᠢ ᠡᠳ᠋ ᠪᠣᠯᠤᠨ ᠪᠦᠲᠦᠭᠡᠭᠳᠡᠬᠦᠨ ᠢ ᠰᠠᠯᠭᠠᠨ ᠬᠠᠳᠠᠭᠠᠯᠠᠵᠤ᠂ ᠢᠳᠡᠭᠡᠨ ᠤ ᠬᠤᠣᠷᠲᠠᠢ ᠪᠣᠳᠠᠰ᠂ ᠴᠡᠪᠡᠷ ᠪᠤᠰᠤ ᠪᠣᠳᠠᠰ ᠲᠠᠢ ᠤᠶᠢᠷᠠᠲᠤᠬᠤ ᠠᠴᠠ ᠵᠠᠶᠢᠯᠠᠰᠬᠢᠭ᠍ᠰᠡᠨ ᠪᠠᠶᠢᠬᠤ︔       ︵ᠭᠤᠷᠪᠠ︶ ᠬᠡᠷᠡᠭᠯᠡᠬᠦ ᠤᠰᠤ ᠨᠢ ᠤᠯᠤᠰ ᠠᠴᠠ ᠲᠣᠭᠲᠠᠭᠠᠭᠰᠠᠨ ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ︔       ︵ᠲᠦᠷᠪᠡ︶ ᠢᠳᠡᠭᠡᠨ ᠢ ᠬᠠᠳᠠᠭᠠᠯᠠᠬᠤ᠂ ᠲᠡᠭᠡᠭᠡᠪᠦᠷᠢᠯᠡᠬᠦ ᠪᠠ ᠠᠴᠢᠶᠠᠯᠠᠵᠤ ᠪᠠᠭᠤᠯᠭᠠᠬᠤ ᠰᠡᠪᠡ᠂ ᠪᠠᠭᠠᠵᠢ ᠪᠠ ᠲᠥᠬᠦᠭᠡᠷᠦᠮᠵᠢ ᠨᠢ ᠬᠤᠣᠷ ᠤᠢᠭᠡᠢ᠂ ᠬᠥᠨᠥᠭᠡᠯ ᠤᠢᠭᠡᠢ᠂ ᠠᠷᠢᠭᠤᠨ ᠴᠡᠪᠡᠷ ᠪᠠᠶᠢᠬᠤ︔       ︵ᠲᠠᠪᠤ︶ ᠢᠳᠡᠭᠡᠨ ᠪᠣᠯᠪᠠᠰᠤᠷᠠᠭᠤᠯᠬᠤ ᠳᠤ ᠬᠤᠣᠷ ᠦᠭᠡᠢ᠂ ᠬᠥᠨᠥᠭᠡᠯ ᠦᠭᠡᠢ᠂ ᠠᠷᠢᠭᠤᠨ ᠴᠡᠪᠡᠷ ᠪᠣᠭᠤᠳᠠᠯᠯᠠᠬᠤ ᠮᠠᠲ᠋ᠧᠷᠢᠶᠠᠯ ᠢ ᠬᠡᠷᠡᠭᠯᠡᠭᠰᠡᠨ ᠪᠠᠶᠢᠬᠤ︔       ︵ᠵᠢᠷᠭᠤᠭ᠎ᠠ︶ ᠢᠳᠡᠭᠡᠨ ᠬᠤᠳᠠᠯᠳᠤᠨ ᠠᠪᠤᠭᠰᠠᠨ ᠫᠢᠶᠣᠣ ᠪᠠᠷᠢᠮᠲᠠ ᠶᠢᠨ ᠦᠯᠡᠳᠡᠭᠡᠬᠦ ᠬᠤᠭᠤᠴᠠᠭ᠎ᠠ ᠨᠢ ᠨᠢᠭᠡ ᠵᠢᠯ ᠠᠴᠠ ᠳᠤᠲᠠᠭᠤ ᠪᠠᠶᠢᠵᠤ ᠪᠣᠯᠬᠤ ᠦᠭᠡᠶ᠃       ᠠᠷᠪᠠᠨ ᠵᠢᠷᠭᠤᠳᠤᠭᠠᠷ ᠵᠦᠢᠯ ᠡᠷᠬᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠢᠳᠡᠭᠡᠨ ᠡᠳ᠋ᠰᠢᠬᠦᠯᠬᠦ ᠶᠠᠪᠤᠴᠠ ᠳᠤ ᠲᠤᠰ ᠠᠷᠭ᠎ᠠ ᠶᠢᠨ ᠠᠷᠪᠠᠨ ᠲᠠᠪᠤᠳᠤᠭᠠᠷ ᠵᠦᠢᠯ ᠤᠨ ᠲᠣᠭᠲᠠᠭᠠᠯ ᠳᠤ ᠨᠡᠶᠢᠴᠡᠬᠦ ᠠᠴᠠ ᠭᠠᠳᠠᠨ᠎ᠠ᠂ ᠪᠠᠰᠠ ᠳᠣᠣᠷᠠᠬᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠄       ︵ᠨᠢᠭᠡ︶ ᠢᠳᠡᠭᠡᠨ ᠤ ᠠᠷᠢᠭᠤᠨ ᠴᠡᠪᠡᠷ ᠤᠨ ᠨᠥᠬᠦᠴᠡᠯ ᠳᠤ ᠨᠡᠶᠢᠴᠡᠭᠰᠡᠨ ᠢᠳᠡᠭᠡᠨ ᠤ ᠮᠤᠬᠤᠯᠠᠭ᠂ ᠫᠧᠩ᠂ ᠲᠡᠷᠭᠡ᠂ ᠲᠠᠪᠴᠠᠩ ᠵᠡᠷᠭᠡ ᠲᠥᠬᠦᠭᠡᠷᠦᠮᠵᠢ ᠲᠠᠢ ᠪᠠᠶᠢᠬᠤ︔       ︵ᠬᠤᠶᠠᠷ︶ ᠢᠳᠡᠭᠡᠨ ᠲᠠᠢ ᠤᠶᠢᠷᠠᠲᠤᠬᠤ ᠪᠠᠭᠠᠵᠢ ᠬᠡᠷᠡᠭᠰᠡᠯ᠂ ᠠᠵᠢᠯᠯᠠᠬᠤ ᠲᠠᠪᠴᠠᠩ ᠵᠢᠴᠢ ᠪᠠᠷᠠᠭᠠᠨ ᠤ ᠲᠠᠯᠪᠢᠭᠤᠷ᠂ ᠬᠤᠷᠭᠤ ᠨᠢ ᠢᠳᠡᠭᠡᠨ ᠤ ᠠᠷᠢᠭᠤᠨ ᠴᠡᠪᠡᠷ ᠤᠨ ᠨᠥᠬᠦᠴᠡᠯ ᠳᠤ ᠨᠡᠶᠢᠴᠡᠭᠰᠡᠨ ᠪᠠᠶᠢᠬᠤ︔       ︵ᠭᠤᠷᠪᠠ︶ ᠬᠡᠷᠡᠭᠯᠡᠭᠰᠡᠨ ᠬᠤᠭᠤᠯᠠᠨ ᠤ ᠰᠠᠪᠠ ᠬᠡᠷᠡᠭᠰᠡᠯ ᠢ ᠲᠦᠢᠯᠪᠤᠷᠢᠲᠠᠶ ᠤᠬᠢᠶᠠᠵᠤ᠂ ᠠᠷᠢᠭᠤᠳᠬᠠᠭᠰᠠᠨ ᠪᠠᠶᠢᠬᠤ︔       ︵ᠲᠦᠷᠪᠡ︶ ᠬᠡᠷᠡᠭᠯᠡᠬᠦ ᠤᠬᠢᠶᠠᠭᠴᠢ ᠡᠳ᠋᠂ ᠠᠷᠢᠭᠤᠳᠬᠠᠭᠴᠢ ᠡᠳ᠋ ᠨᠢ ᠬᠥᠮᠦᠨ ᠤ ᠪᠡᠶ᠎ᠡ ᠳᠤ ᠠᠮᠤᠷ ᠲᠦᠪᠰᠢᠨ᠂ ᠬᠤᠣᠷ ᠬᠥᠨᠥᠭᠡᠯ ᠦᠭᠡᠢ ᠪᠠᠶᠢᠵᠤ᠂ ᠬᠤᠷᠣᠬᠠᠢ ᠠᠯᠠᠬᠤ ᠡᠳ᠋᠂ ᠬᠤᠯᠤᠭᠠᠨ᠎ᠠ ᠠᠯᠠᠬᠤ ᠡᠳ᠋ ᠵᠡᠷᠭᠡ ᠶᠢ ᠲᠣᠬᠢᠲᠠᠢ ᠬᠠᠳᠠᠭᠠᠯᠠᠨ  ᠬᠠᠮᠢᠶᠠᠷᠴᠤ᠂ ᠢᠳᠡᠭᠡᠨ ᠤ ᠡᠵᠡᠩᠨᠡᠯᠲᠡ ᠶᠢᠨ ᠲᠤᠬᠠᠢ ᠶᠢᠨ ᠲᠠᠯᠠᠪᠤᠷ ᠲᠤ ᠬᠠᠳᠠᠭᠠᠯᠠᠨ ᠲᠠᠯᠪᠢᠵᠤ ᠪᠣᠯᠬᠤ ᠦᠭᠡᠢ︔       ︵ᠲᠠᠪᠤ︶ ᠨᠡᠭᠦᠳᠡᠯ ᠲᠣᠭᠤᠭᠠᠴᠢ ᠵᠡᠷᠭᠡ ᠢᠳᠡᠭᠡᠨ ᠤ ᠠᠵᠢᠯᠯᠠᠭᠴᠢᠳ ᠠᠷᠢᠭᠤᠨ ᠴᠡᠪᠡᠷ ᠠᠵᠢᠯ ᠤᠨ ᠬᠤᠪᠴᠠᠰᠤ ᠮᠠᠯᠠᠭᠠᠢ ᠡᠮᠦᠰᠴᠦ᠂ ᠠᠮᠠᠪᠴᠢ ᠵᠡᠭᠦᠵᠦ᠂ ᠬᠤᠪᠢ ᠬᠥᠮᠦᠨ ᠤ ᠡᠷᠡᠭᠦᠯ ᠬᠠᠮᠠᠭᠠᠯᠠᠯ ᠢ ᠪᠠᠲᠤᠯᠠᠭᠰᠠᠨ ᠪᠠᠶᠢᠬᠤ᠃       ︵ᠵᠢᠷᠭᠤᠭ᠎ᠠ︶ ᠡᠷᠬᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠳᠤ ᠳᠣᠣᠷᠠᠬᠢ ᠮᠡᠲᠦ ᠦᠢᠯᠡ ᠠᠵᠢᠯᠯᠠᠭ᠎ᠠ ᠲᠠᠢ ᠪᠠᠶᠢᠬᠤ ᠶᠢ ᠴᠢᠩᠭ᠎ᠠ ᠬᠤᠷᠢᠭᠯᠠᠨ᠎ᠠ᠄       1. ᠴᠢᠨᠠᠷ ᠢ ᠪᠠᠲᠤᠯᠠᠬᠤ ᠬᠤᠭᠤᠴᠠᠭ᠎ᠠ ᠠᠴᠠ ᠬᠡᠲᠦᠷᠡᠭᠰᠡᠨ ᠢᠳᠡᠭᠡᠨ ᠢ ᠦᠢᠯᠡᠳᠴᠦ ᠡᠵᠡᠩᠨᠡᠬᠦ︔       2. ᠲᠤᠬᠠᠶ ᠶᠢᠨ ᠭᠠᠵᠠᠷ ᠲᠤᠨᠢ ᠬᠦᠢᠲᠡᠨ ᠮᠢᠬᠠᠨ ᠢᠳᠡᠭᠡᠨ ᠬᠢᠬᠦ︔       3. ᠪᠠᠶᠢᠭᠠᠯᠢ ᠶᠢᠨ ᠬᠤᠤᠷᠲᠤ ᠪᠦᠷᠢᠯᠳᠦᠬᠦᠨ ᠲᠠᠢ ᠤᠷᠭᠤᠮᠠᠯ᠂ ᠠᠮᠢᠲᠠᠨ ᠢᠶᠠᠷ ᠢᠳᠡᠭᠡᠨ ᠬᠢᠬᠦ︔       4. ᠢᠳᠡᠭᠡᠨ ᠤ ᠨᠡᠮᠡᠯᠲᠡ ᠡᠳ᠋ ᠢ ᠬᠡᠪᠴᠢᠶ᠎ᠡ ᠪᠠ ᠬᠡᠮᠵᠢᠶ᠎ᠡ ᠠᠴᠠ ᠬᠡᠲᠦᠷᠡᠭᠦᠯᠦᠨ ᠬᠡᠷᠡᠭᠯᠡᠵᠦ ᠢᠳᠡᠭᠡᠨ ᠬᠢᠬᠦ︔       5. ᠢᠳᠡᠭᠡᠨ ᠤ ᠨᠡᠮᠡᠯᠲᠡ ᠡᠳ᠋ ᠠᠴᠠ ᠭᠠᠳᠠᠨᠠᠬᠢ ᠬᠢᠮᠢ ᠶᠢᠨ ᠪᠣᠳᠠᠰ ᠢᠶᠠᠷ ᠢᠳᠡᠭᠡᠨ ᠬᠢᠬᠦ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ