ᠬᠤᠷᠢᠨ ᠬᠤᠶᠠᠳᠤᠭᠠᠷ ᠵᠦᠢᠯ ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠢᠳᠡᠭᠡᠨ ᠤ ᠠᠮᠤᠷ ᠲᠦᠪᠰᠢᠨ ᠤ ᠠᠳᠡᠯ ᠤᠨ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠪᠠᠶᠢᠭᠤᠯᠤᠨ ᠲᠡᠭᠦᠯᠳᠡᠷᠵᠢᠭᠦᠯᠵᠦ᠂ ᠮᠡᠳᠡᠭᠦᠯᠬᠦ᠂ ᠪᠠᠶᠢᠴᠠᠭᠠᠬᠤ ᠪᠠ ᠰᠢᠢᠳᠪᠦᠷᠢᠯᠡᠬᠦ ᠳᠡᠰ ᠳᠠᠷᠠᠭᠠᠯᠠᠯ ᠢ | ᠵᠢᠷᠤᠮᠵᠢᠭᠤᠯᠤᠨ᠂ ᠲᠥᠬᠦᠷ ᠳᠦᠷᠢᠮ ᠪᠠ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠠᠭ ᠲᠤᠨᠢ ᠲᠣᠬᠢᠷᠠᠭᠤᠯᠤᠨ | ᠥᠷᠨᠢᠭᠦᠯᠬᠦ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠴᠠ ᠪᠣᠯᠵᠤ ᠢᠳᠡᠭᠡᠨ ᠳᠤ ᠬᠤᠣᠷᠳᠠᠭᠳᠠᠬᠤ ᠵᠡᠷᠭᠡ | ᠢᠳᠡᠭᠡᠨ ᠠᠴᠠ ᠰᠢᠯᠲᠠᠭᠠᠯᠠᠭᠰᠠᠨ ᠡᠪᠡᠳᠴᠢᠨ ᠡᠮᠭᠡᠭ ᠡᠭᠦᠰᠪᠡᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ | ᠬᠠᠤᠯᠢ︾ ᠶᠢᠨ ᠬᠠᠮᠢᠶ᠎ᠠ ᠪᠦᠬᠦᠢ ᠲᠣᠭᠲᠠᠭᠠᠯ ᠵᠢᠴᠢ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ | ᠱᠠᠭᠠᠷᠳᠠᠯᠭ᠎ᠠ ᠶᠣᠰᠣᠭᠠᠷ᠂ ᠪᠠᠴᠢᠮ ᠪᠠᠶᠢᠳᠠᠯ ᠢ ᠠᠷᠭᠠᠴᠠᠭᠠᠬᠤ ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠠᠭ | ᠲᠤᠬᠠᠶ ᠳᠤᠨᠢ ᠠᠪᠤᠷᠠᠨ ᠵᠠᠰᠠᠵᠤ᠂ ᠴᠠᠭ ᠲᠤᠬᠠᠶ ᠳᠤᠨᠢ ᠮᠡᠳᠡᠭᠦᠯᠵᠦ᠂ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ | ᠢᠳᠡᠭᠡᠨ ᠤ ᠠᠮᠤᠷ ᠲᠦᠪᠰᠢᠨ ᠤ ᠠᠳᠡᠯ ᠢ ᠪᠠᠶᠢᠴᠠᠭᠠᠬᠤ ᠳᠤ ᠦᠨᠡᠨ ᠠᠴᠠ ᠵᠥᠪ ᠢ ᠡᠷᠢᠬᠦ᠂ ᠰᠢᠨᠵᠢᠯᠡᠬᠦ ᠤᠬᠠᠭᠠᠨ ᠢ ᠬᠦᠨᠳᠦᠳᠬᠡᠬᠦ ᠵᠠᠷᠴᠢᠮ ᠢ | ᠪᠠᠷᠢᠮᠲᠠᠯᠠᠵᠤ᠂ ᠠᠳᠡᠯ ᠤᠨ ᠰᠢᠨᠵᠢ ᠴᠢᠨᠠᠷ ᠪᠠ ᠰᠢᠯᠲᠠᠭᠠᠨ ᠢ ᠴᠠᠭ ᠲᠤᠬᠠᠢ ᠳᠤᠨᠢ ᠣᠨᠣᠪᠴᠢᠲᠠᠢ ᠪᠠᠶᠢᠴᠠᠭᠠᠨ ᠲᠣᠳᠣᠷᠬᠠᠶᠢᠯᠠᠵᠤ᠂ ᠠᠳᠡᠯ ᠤᠨ ᠬᠠᠷᠢᠭᠤᠴᠠᠯᠭ᠎ᠠ ᠶᠢ | ᠮᠠᠭᠠᠳᠯᠠᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠬᠤ ᠬᠡᠷᠡᠭᠲᠡᠢ᠃ | ᠳᠥᠷᠪᠡᠳᠦᠭᠡᠷ ᠪᠦᠯᠦᠭ ᠬᠠᠷᠢᠭᠤᠴᠠᠯᠭ᠎ᠠ ᠨᠡᠬᠡᠮᠵᠢᠯᠡᠬᠦ | ᠬᠤᠷᠢᠨ ᠭᠤᠷᠪᠠᠳᠤᠭᠠᠷ ᠵᠦᠢᠯ ᠡᠷᠬᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠪᠡᠯ᠂ | ᠬᠤᠰᠢᠭᠤ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ | ᠦᠢᠯᠡᠳᠬᠡᠯ ᠪᠠ ᠢᠳᠡᠭᠡᠨ ᠤ ᠳᠡᠯᠭᠡᠭᠦᠷᠴᠢᠨ ᠤ ᠬᠠᠮᠢᠶᠠᠷᠤᠯᠲᠠ ᠶᠢᠨ ᠳᠦᠷᠢᠮ︾ ᠶᠣᠰᠣᠭᠠᠷ ᠰᠢᠢᠳᠪᠦᠷᠢᠯᠡᠨ᠎ᠡ᠃ | ᠬᠤᠷᠢᠨ ᠳᠥᠷᠪᠡᠳᠦᠭᠡᠷ ᠵᠦᠢᠯ ᠦᠨᠳᠦᠰᠦᠨ ᠱᠠᠲᠤᠨ ᠤ ᠢᠳᠡᠭᠡᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ᠂ ᠮᠡᠳᠡᠭᠡ ᠵᠠᠩᠭᠢᠴᠢ ᠨᠢ ᠮᠡᠳᠡᠭᠡ | ᠵᠠᠩᠭᠢ ᠴᠤᠭᠯᠠᠭᠤᠯᠬᠤ᠂ ᠪᠠᠶᠢᠳᠠᠯ ᠢᠶᠠᠨ ᠳᠡᠭᠡᠭᠰᠢ ᠮᠡᠳᠡᠭᠦᠯᠬᠦ᠂ ᠲᠤᠬᠠᠶ ᠶᠢᠨ ᠭᠠᠵᠠᠷ ᠲᠤᠨᠢ ᠵᠢᠯᠣᠭᠤᠳᠬᠤ ᠵᠡᠷᠭᠡ ᠠᠵᠢᠯ ᠤᠨ ᠡᠭᠦᠷᠭᠡ ᠬᠠᠷᠢᠭᠤᠴᠠᠯᠭ᠎ᠠ ᠪᠠᠨ | ᠲᠣᠭᠲᠠᠭᠠᠯ ᠶᠣᠰᠣᠭᠠᠷ ᠭᠦᠢᠴᠡᠳᠬᠡᠭᠰᠡᠨ ᠦᠭᠡᠶ ᠠᠴᠠ ᠪᠣᠯᠵᠤ ᠢᠳᠡᠭᠡᠨ ᠤ ᠠᠮᠤᠷ ᠲᠦᠪᠰᠢᠨ ᠤ ᠠᠳᠡᠯ ᠭᠠᠷᠭᠠᠭᠰᠠᠨ ᠪᠤᠶᠤ ᠪᠤᠰᠤᠳ ᠬᠦᠨᠳᠦ ᠨᠣᠴᠢᠲᠠᠶ ᠦᠷ᠎ᠡ | ᠨᠦᠯᠦᠭᠡ ᠭᠠᠷᠭᠠᠭᠰᠠᠨ ᠪᠣᠯ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ᠬᠤᠷᠢᠨ ᠲᠠᠪᠤᠳᠤᠭᠠᠷ ᠵᠦᠢᠯ ᠬᠤᠰᠢᠭᠤ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠡᠭᠦᠨ ᠤ | ᠠᠵᠢᠯᠲᠠᠳ ᠲᠤᠰ ᠠᠷᠭ᠎ᠠ ᠶᠢᠨ ᠲᠣᠭᠲᠠᠭᠠᠯ ᠢ ᠴᠢᠩᠭ᠎ᠠ ᠵᠢᠷᠤᠮᠯᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ | ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢ ᠵᠢᠷᠤᠮᠵᠢᠭᠤᠯᠬᠤ ᠪᠠ ᠪᠠᠶᠢᠴᠠᠭᠠᠨ ᠵᠢᠯᠣᠭᠤᠳᠬᠤ ᠶᠢ ᠴᠢᠩᠭᠠᠳᠬᠠᠨ᠂ ᠬᠠᠮᠢᠶᠠᠷᠤᠯᠲᠠ ᠶᠢᠨ ᠳᠦᠷᠢᠮ ᠢ ᠠᠯᠬᠤᠮ | ᠴᠢᠨᠠᠭᠰᠢᠳᠠ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠨ᠂ ᠡᠭᠦᠷᠭᠡ ᠲᠤᠰᠢᠶᠠᠯ ᠳᠠᠭᠠᠨ ᠣᠰᠣᠯᠳᠠᠵᠤ᠂ ᠡᠭᠦᠷᠭᠡ | ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠭᠰᠡᠨ ᠦᠭᠡᠶ ᠠᠴᠠ ᠪᠣᠯᠵᠤ ᠢᠳᠡᠭᠡᠨ ᠤ ᠠᠮᠤᠷ ᠲᠦᠪᠰᠢᠨ ᠤ ᠠᠳᠠᠯ ᠭᠠᠷᠭᠠᠭᠰᠠᠨ ᠪᠠᠶᠢᠪᠠᠯ᠂ ᠰᠠᠯᠠᠭ᠎ᠠ ᠮᠥᠴᠢᠷ ᠵᠢᠴᠢ | ᠬᠠᠮᠢᠶ᠎ᠠ ᠪᠦᠬᠦᠢ ᠬᠥᠮᠦᠰ ᠤᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃ |